ᠳᠠᠷᠬᠠᠨ ᠮᠤᠤᠮᠢᠩᠭᠠᠨ ᠬᠤᠯᠪᠣᠭᠠᠲᠤ ᠬᠤᠱᠢᠭᠤᠨ᠎ᠤ ᠵᠢᠩ ᠱᠢᠨ ᠠᠭᠤᠷᠬᠠᠶ᠎ᠶ᠋ᠢᠨ ᠦᠢᠯᠡᠰ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠵᠦᠩ ᠴᠠ ᠴᠠ ᠬᠤᠤ ᠲᠡᠮᠦᠷ᠎ᠤᠨ ᠠᠭᠤᠷᠬᠠᠶ᠂ ᠠᠭᠤᠷᠬᠠᠶ ᠮᠠᠯᠲᠠᠬᠤ ᠵᠥᠪᠱᠢᠶᠡᠷᠡᠯ᠎ᠤᠨ ᠨᠣᠮᠧᠷ᠄ C1500002009122110047792 ᠬᠦᠴᠦᠨ ᠲᠠᠢ ᠬᠤᠭᠤᠴᠠᠭ᠎ᠠ ᠄ 2015 ᠣᠨ᠎ᠤ 12 ᠳ᠋ᠤᠭ᠋ᠠᠷ ᠰᠠᠷ᠎ᠠ᠎ᠶ᠋ᠢᠨ 11 ᠤ ᠡᠳᠦᠷ᠎ᠠᠴᠠ 2018 ᠣᠨ᠎ᠤ 12 ᠳ᠋ᠤᠭ᠋ᠠᠷ ᠰᠠᠷ᠎ᠠ᠎ᠶ᠋ᠢᠨ 11 ᠤ ᠡᠳᠦᠷ ᠪᠣᠯᠲᠠᠯ᠎ᠠ᠂ ᠦᠨᠡᠮᠯᠡᠯ ᠣᠯᠭᠤᠭ᠍ᠰᠠᠨ ᠪᠠᠢᠭᠤᠯᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠂ ᠠᠭᠤᠷᠬᠠᠶ ᠮᠠᠯᠲᠠᠬᠤ ᠡᠷᠬᠡᠲᠦ ᠬᠥᠮᠦᠨ ᠳᠠᠷᠬᠠᠨ ᠮᠤᠤᠮᠢᠩᠭᠠᠨ ᠬᠤᠯᠪᠣᠭᠠᠲᠤ ᠬᠤᠱᠢᠭᠤᠨ᠎ᠤ ᠵᠢᠩ ᠱᠢᠨ ᠠᠭᠤᠷᠬᠠᠶ᠎ᠶ᠋ᠢᠨ ᠦᠢᠯᠡᠰ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶᠢᠨ ᠠᠭᠤᠷᠬᠠᠶ ᠮᠠᠯᠲᠠᠬᠤ ᠵᠥᠪᠱᠢᠶᠡᠷᠡᠯ᠎ᠤᠨ ᠦᠨᠡᠮᠯᠡᠯ᠎ᠤᠨ ᠵᠢᠩᠬᠢᠨᠢ ᠪᠠ ᠬᠠᠭᠤᠯᠪᠤᠷᠢ ᠳᠡᠪᠲᠡᠷ᠎ᠢᠶᠠᠨ ᠭᠡᠭᠡᠵᠦ᠍᠂ ᠣᠲᠣ ᠭᠡᠭᠡᠭ᠌ᠰᠡᠨ ᠠᠯᠪᠠᠨ ᠵᠠᠷ ᠨᠡᠢᠲᠡᠯᠡᠬᠦ᠌᠎ᠪᠠᠷ ᠭᠤᠶᠤᠴᠢᠯᠠᠪᠠ᠃
《ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠬᠠᠢᠨ ᠪᠠᠢᠴᠠᠭᠠᠵᠤ ᠨᠡᠭᠡᠭᠡᠨ ᠮᠠᠯᠲᠠᠬᠤ᠎ᠶ᠋ᠢ ᠳᠠᠩᠰᠠᠯᠠᠨ ᠬᠠᠮᠢᠶᠠᠷᠬᠤ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠌ ᠲᠤᠬᠠᠢ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠮᠡᠳᠡᠭ᠌ᠳᠡᠯ》 ( ᠪᠠᠢᠭᠠᠯᠢ᠎ᠶ᠋ᠢᠨ ᠡᠬᠢ ᠪᠠᠶᠠᠯᠢᠭ ᠲᠣᠭ᠍ᠲᠠᠭᠠᠯ [2023] 4 ᠳ᠋ᠤᠭᠡᠷ ᠲᠣᠭᠠᠲᠤ) ᠤᠨ ᠠᠷᠪᠠᠨ ᠵᠢᠷᠭᠤᠳᠤᠭᠠᠷ ᠵᠦᠢᠯ᠎ᠤᠨ ᠲᠣᠭ᠍ᠲᠠᠭᠠᠯ᠎ᠢ ᠦᠨᠳᠦᠰᠦᠯᠡᠨ᠂ ᠡᠳᠦᠭᠡ ᠠᠯᠪᠠᠨ ᠵᠠᠷ ᠨᠡᠢ᠌ᠲᠡᠯᠡᠵᠦ᠂ ᠠᠯᠪᠠᠨ ᠵᠠᠷ᠎ᠤᠨ ᠬᠤᠭᠤᠴᠠᠭ᠎ᠠ ᠨᠢ ᠨᠡᠢᠲᠡᠯᠡᠭᠰᠡᠨ ᠡᠳᠦᠷ᠎ᠡᠴᠡ ᠡᠬᠢᠯᠡᠨ 10 ᠠᠵᠢᠯᠯᠠᠬᠤ ᠡᠳᠦᠷ ᠪᠣᠯᠣᠨ᠎ᠠ᠂ ᠬᠡᠷᠪᠡ ᠠᠯᠪᠠᠨ ᠵᠠᠷ᠎ᠤᠨ ᠠᠭᠤᠯᠭ᠎ᠠ᠎ᠳᠤ ᠣᠨᠳᠣᠤ ᠰᠠᠨᠠᠯ᠎ᠲᠠᠢ ᠪᠠᠢᠪᠠᠯ᠂ ᠠᠯᠪᠠᠨ ᠵᠠᠷ᠎ᠤᠨ ᠬᠤᠭᠤᠴᠠᠭ᠎ᠠ᠎ᠨᠢ ᠳᠠᠭᠤᠰᠭᠤ᠎ᠠᠴᠠ ᠡᠮᠦᠨ᠎ᠡ ᠰᠠᠨᠠᠯ᠎ᠢᠶᠠᠨ ᠪᠢᠴᠢᠭ᠎ᠤᠨ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠳᠤ ᠲᠤᠱᠢᠶᠠᠬᠤ᠎ᠶ᠋ᠢᠨ ᠬᠠᠮᠲᠤ ᠦᠨᠡᠨ ᠪᠣᠳᠠᠲᠠᠶ ᠣᠪᠣᠭ ᠨᠡᠷ᠎ᠡ ᠪᠠ ᠪᠦᠲᠦᠮᠵᠢᠲᠡᠶ ᠬᠠᠷᠢᠯᠴᠠᠬᠤ ᠠᠷᠭ᠎ᠠ ᠮᠠᠶᠢᠭ᠎ᠢᠶᠡᠨ ᠬᠠᠩᠭᠠᠭᠠᠷᠠᠢ ᠃
ᠠᠯᠪᠠᠨ ᠵᠠᠷ᠎ᠤᠨ ᠬᠤᠭᠤᠴᠠᠭᠠᠨ᠎ᠳᠤ ᠣᠨᠳᠣᠤ ᠰᠠᠨᠠᠯ ᠦᠭᠡᠶ ᠪᠣᠯ᠂ ᠠᠯᠪᠠᠨ ᠵᠠᠷ᠎ᠤᠨ ᠬᠤᠭᠤᠴᠠᠭ᠎ᠠ ᠨᠢ ᠳᠦᠭᠦᠷᠦᠭ᠌ᠰᠡᠨ᠎ᠤ ᠳᠠᠷᠠᠭ᠎ᠠ᠂ ᠳᠡᠰ ᠳᠠᠷᠠᠭᠠᠯᠠᠯ᠎ᠤᠨ ᠶᠣᠰᠣᠭᠠᠷ ᠲᠤᠰ ᠲᠥᠷᠥᠯ ᠵᠦᠢᠯ᠎ᠳᠦ ᠠᠭᠤᠷᠬᠠᠶ ᠮᠠᠯᠲᠠᠬᠤ ᠡᠷᠬᠡ᠎ᠶ᠋ᠢᠨ ᠦᠷᠭᠦᠯᠵᠢᠯᠡᠬᠦ᠌ ᠵᠡᠷᠭᠡ ᠬᠠᠮᠢᠶ᠎ᠠ ᠪᠦᠬᠦᠢ ᠳᠠᠩᠰᠠᠯᠠᠭᠤᠯᠬᠤ ᠭᠠᠷᠳᠠᠮ᠎ᠢ ᠭᠦᠢᠴᠡᠳᠭᠡᠬᠦ᠌ ᠬᠡᠷᠡᠭ᠌ᠲᠡᠶ᠃
ᠬᠠᠷᠢᠯᠴᠠᠬᠤ ᠤᠲᠠᠰᠤ᠄ 0471 - 4215866
2025 ᠣᠨ᠎ᠤ 10 ᠳ᠋ᠤᠭ᠋ᠠᠷ ᠰᠠᠷ᠎ᠠ᠎ᠶ᠋ᠢᠨ 27 ᠤ ᠡᠳᠦᠷ