ᠬᠤᠯᠪᠣᠭᠳᠠᠯ ᠪᠦᠬᠦᠢ ᠬᠤᠲᠠ ᠬᠥᠳᠡᠭᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠨᠢᠭᠡᠴᠢ᠄
《ᠬᠤᠲᠠ ᠬᠥᠳᠡᠭᠡ ᠵᠢᠨ ᠲᠥᠯᠥᠪᠵᠢᠭᠦᠯᠭᠡ ᠵᠢᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》᠂ 《ᠬᠤᠲᠠ ᠬᠥᠳᠡᠭᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠨᠢᠭᠡᠴᠢ ᠵᠢᠨ ᠬᠢᠷᠢ ᠬᠡᠮ᠎ᠤᠨ ᠬᠠᠮᠢᠶᠠᠷᠤᠯᠲᠠ ᠵᠢᠨ ᠠᠷᠭ᠎ᠠ》 (ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠵᠠᠷᠯᠢᠭ 11 ᠳ᠋ᠦ᠍ᠭᠡᠷ ᠲᠣᠭ᠋ᠠᠲᠤ)᠎ᠤᠨ ᠬᠤᠯᠪᠣᠭᠳᠠᠯ ᠪᠥᠬᠦᠶ ᠲᠣᠭᠲᠠᠭ᠋ᠠᠯ᠎ᠢ ᠦᠨᠳᠦᠰᠦᠯᠡᠨ᠂ ᠡᠳᠦᠭᠡ ᠬᠤᠲᠠ ᠬᠥᠳᠡᠭᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠨᠢᠭᠡᠴᠢ ᠵᠢᠨ ᠬᠥᠬᠡᠭᠴᠢᠨ ᠲᠠᠰ᠎ᠤᠨ ᠬᠢᠷᠢ ᠬᠡᠮ᠎ᠤᠨ ᠬᠤᠭᠤᠴᠠᠭ᠎ᠠ᠎ᠨᠢ ᠲᠤᠯᠵᠤ ᠦᠨᠡᠮᠯᠡᠯ ᠰᠣᠯᠢᠬᠤ ᠠᠵᠢᠯ᠎ᠢ ᠥᠷᠨᠢᠭᠦᠯᠬᠦ ᠲᠤᠬᠠᠶ ᠳᠣᠤᠷᠠᠬᠢ ᠮᠡᠲᠦ ᠮᠡᠳᠡᠭᠳᠡᠶ᠎ᠡ᠄
ᠨᠢᠭᠡ᠂ ᠠᠵᠢᠯ᠎ᠤᠨ ᠬᠦᠷᠢᠶ᠎ᠡ ᠬᠡᠪᠴᠢᠶ᠎ᠡ
ᠲᠣᠰ ᠤᠳᠠᠭ᠋ᠠᠨ᠎ᠤ ᠬᠤᠭᠤᠴᠠᠭ᠎ᠠ᠎ᠨᠢ ᠲᠤᠯᠵᠦ ᠦᠨᠡᠮᠯᠡᠯ ᠰᠣᠯᠢᠬᠤ ᠠᠵᠢᠯ᠎ᠤᠨ ᠬᠡᠪᠴᠢᠶ᠎ᠡ ᠪᠣᠯ᠄ ᠳᠠᠩᠰᠠᠯᠠᠨ ᠲᠡᠮᠳᠡᠭᠯᠡᠭᠰᠡᠨ ᠭᠠᠵᠠᠷ᠎ᠨᠢ ᠥᠪᠡᠷᠲᠡᠭᠡᠨ ᠵᠠᠰᠠᠬᠤ ᠣᠷᠣᠨ᠎ᠤ ᠬᠠᠷᠢᠶ᠎ᠠ ᠣᠷᠣᠨ ᠵᠢᠴᠢ ᠪᠠᠶ᠋ᠢᠭ᠎ᠠ ᠬᠥᠬᠡᠭᠴᠢᠨ ᠲᠠᠰ᠎ᠤᠨ ᠬᠢᠷᠢ ᠴᠢᠳᠠᠮᠵᠢ ᠵᠢᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ 2025 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ (ᠦᠨᠡᠮᠯᠡᠯ ᠳᠡᠭᠡᠷ᠎ᠡ ᠲᠣᠳᠣᠷᠬᠠᠶ᠋ᠢᠯᠠᠭᠰᠠᠨ ᠬᠦᠴᠦᠨ᠎ᠲᠠᠢ ᠬᠤᠭᠤᠴᠠᠭ᠎ᠠ ᠵᠢ 2023 ᠣᠨ᠎ᠤ 12 ᠳ᠋ᠤᠭ᠋ᠠᠷ ᠰᠠᠷ᠎ᠠ ᠵᠢᠨ 30᠎ᠤ ᠡᠳᠦᠷ) ᠬᠦᠷᠲᠡᠯ᠎ᠡ ᠲᠥᠯᠥᠪᠵᠢᠭᠦᠯᠪᠡ ᠨᠠᠶ᠋ᠢᠷᠠᠭᠤᠯᠤᠨ ᠵᠣᠬᠢᠶᠠᠭᠰᠠᠨ ᠨᠢᠭᠡᠴᠢ ᠪᠣᠯᠤᠨ᠎ᠠ᠃
ᠬᠣᠶᠠᠷ᠂ ᠴᠠᠭ ᠬᠤᠭᠤᠴᠠᠭ᠋ᠠᠨ᠎ᠤ ᠲᠣᠬᠢᠷᠠᠭᠤᠯᠤᠯᠲᠠ
ᠲᠣᠰ ᠤᠳᠠᠭ᠋ᠠᠨ᠎ᠤ ᠦᠨᠡᠮᠯᠡᠯ ᠰᠣᠯᠢᠬᠤ ᠠᠵᠢᠯ᠎ᠨᠢ ᠲᠣᠰ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ᠂ 2025 ᠣᠨ᠎ᠤ 10 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ ᠳᠠᠭᠤᠰᠤᠨ᠎ᠠ (ᠳᠠᠷᠤᠶ ᠭᠤᠶᠤᠴᠢᠯᠠᠭᠰᠠᠨ ᠨᠢᠭᠡᠴᠢ ᠵᠢᠨ ᠮᠡᠳᠡᠭᠦᠯᠦᠨ ᠬᠦᠷᠭᠡᠬᠦ ᠮᠠᠲ᠋ᠧᠷᠢᠶᠠᠯ᠎ᠤᠨ ᠴᠠᠭ)᠃ ᠮᠠᠲ᠋ᠧᠷᠢᠶᠠᠯ ᠬᠠᠩᠭ᠋ᠠᠬᠤ᠎ᠨᠢ ᠱᠠᠭ᠋ᠠᠷᠳᠠᠯᠭ᠎ᠠ᠎ᠳᠤ ᠨᠡᠶ᠋ᠢᠴᠡᠬᠦ ᠥᠬᠡᠶ ᠪᠤᠶᠤ ᠬᠤᠯᠪᠣᠭᠳᠠᠯ ᠪᠥᠬᠦᠶ ᠮᠠᠲ᠋ᠧᠷᠢᠶᠠᠯ᠎ᠢ ᠨᠥᠬᠦᠪᠥᠷᠢᠯᠡᠨ ᠲᠡᠭᠦᠯᠳᠡᠷᠵᠢᠭᠦᠯᠬᠦ ᠴᠢᠬᠤᠯᠠᠲᠠᠶ ᠪᠠᠶ᠋ᠢᠪᠠᠯ᠂ 2025 ᠣᠨ᠎ᠤ 11 ᠳ᠋ᠦ᠍ᠭᠡᠷ ᠰᠠᠷ᠎ᠠ ᠵᠢᠨ 15᠎ᠤ ᠡᠳᠦᠷ᠎ᠠᠴᠠ ᠡᠮᠦᠨ᠎ᠡ ᠨᠥᠬᠦᠪᠥᠷᠢᠯᠡᠬᠦ ᠮᠠᠲ᠋ᠧᠷᠢᠶᠠᠯ᠎ᠢ ᠲᠤᠰᠢᠶᠠᠬᠤ ᠬᠡᠷᠡᠭᠲᠡᠶ᠃ ᠬᠤᠭᠤᠴᠠᠭ᠎ᠠ ᠥᠩᠭᠡᠷᠡᠲᠡᠯ᠎ᠡ ᠮᠡᠳᠡᠭᠦᠯᠦᠨ ᠬᠦᠷᠭᠡᠭᠰᠡᠨ ᠦᠭᠡᠶ ᠪᠤᠶᠤ ᠳᠡᠭᠡᠷ᠎ᠡ ᠳᠤᠷᠠᠳᠤᠭᠰᠠᠨ ᠬᠤᠭᠤᠴᠠᠭ᠎ᠠ᠎ᠠᠴᠠ ᠬᠡᠲᠦᠷᠡᠭᠡᠳ ᠮᠡᠳᠡᠭᠦᠯᠦᠨ ᠬᠦᠷᠭᠡᠭᠰᠡᠨ ᠪᠣᠯ ᠳᠠᠬᠢᠵᠤ ᠬᠦᠯᠢᠶᠡᠨ ᠠᠪᠴᠤ ᠰᠢᠢ᠍ᠳᠪᠦᠷᠢᠯᠡᠬᠦ ᠦᠭᠡᠶ᠃
ᠭᠤᠷᠪᠠ᠂ ᠠᠵᠢᠯ᠎ᠤᠨ ᠳᠡᠰ ᠳᠠᠷᠠᠭ᠋ᠠᠯᠠᠯ
(ᠨᠢᠭᠡ) ᠭᠤᠶᠣᠴᠢᠯᠠᠬᠤ
1. ᠰᠦᠯᠵᠢᠶᠡᠨ᠎ᠳᠤ ᠪᠦᠷᠢᠳᠭᠡᠭᠦᠯᠭᠦ᠄ ᠰᠦᠯᠵᠢᠶᠡᠨ ᠥᠷᠲᠡᠭᠡ᠎ᠳᠤ ᠳᠠᠩᠰᠠᠯᠠᠭᠤᠯᠬᠤ᠎ᠪᠠᠷ ᠭᠤᠶᠤᠴᠢᠯᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠨᠢᠭᠡᠴᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ — ᠦᠨᠡᠮᠯᠡᠯ ᠭᠦᠢ᠍ᠴᠡᠳᠬᠡᠬᠦ — ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ — ᠬᠤᠲᠠ ᠬᠥᠳᠡᠭᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠬᠢᠷᠢ ᠬᠡᠮ᠎ᠤᠨ ᠦᠨᠡᠮᠯᠡᠯ — ᠬᠤᠲᠠ ᠬᠥᠳᠡᠭᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠨᠢᠭᠡᠴᠢ ᠵᠢᠨ ᠬᠥᠬᠡᠭᠴᠢᠨ ᠲᠠᠰ᠎ᠤᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ (ᠦᠷᠭᠦᠯᠵᠢᠯᠡᠭᠦᠯᠬᠦ)᠎ᠳᠤ ᠨᠡᠪᠲᠡᠷᠡᠪᠡ᠃
2. ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠄ ᠭᠤᠶᠤᠴᠢᠯᠠᠬᠤ ᠨᠢᠭᠡᠴᠢ᠎ᠨᠢ 《ᠪᠠᠷᠢᠮᠵᠢᠶᠠᠲᠤ ᠬᠡᠪᠯᠡᠯ᠎ᠤᠨ ᠵᠦᠭᠯᠡᠭᠦᠷ》᠎ᠤᠨ ᠨᠢᠭᠤᠷ᠎ᠤᠨ ᠳᠣᠲᠣᠷᠠᠬᠢ 《ᠭᠤᠶᠤᠴᠢᠯᠠᠬᠤ ᠮᠠᠲ᠋ᠧᠷᠢᠶᠠᠯ》᠎ᠳᠤ ᠵᠢᠭᠰᠠᠭ᠋ᠠᠭᠰᠠᠨ ᠮᠠᠲ᠋ᠧᠷᠢᠶᠠᠯ᠎ᠤᠨ ᠨᠠᠷᠢᠨ ᠬᠠᠭᠤᠳᠠᠰᠤ ᠵᠢᠨ ᠶᠣᠰᠣᠭ᠋ᠠᠷ ᠨᠢᠭᠡᠳ ᠨᠢᠭᠡ᠎ᠪᠠᠷ ᠪᠡᠯᠡᠳᠬᠡᠪᠡ᠃ ᠡᠭᠦᠨ᠎ᠳᠤ᠂ 《ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠨᠢᠭᠡᠴᠢ ᠵᠢᠨ ᠬᠢᠷᠢ ᠬᠡᠮ᠎ᠤᠨ ᠦᠨᠡᠮᠯᠡᠯ᠎ᠤᠨ ᠭᠤᠶᠤᠴᠢᠯᠠᠯ᠎ᠤᠨ ᠬᠦᠰᠦᠨᠦᠭᠲᠦ》᠂ 《ᠮᠡᠳᠡᠭᠳᠡᠬᠦ ᠪᠢᠴᠢᠭ》᠎ᠤᠨ ᠬᠤᠶᠠᠷ ᠵᠦᠢ᠍ᠯ᠎ᠤᠨ ᠮᠠᠲ᠋ᠧᠷᠢᠶᠠᠯ᠎ᠢ 《ᠮᠠᠲ᠋ᠧᠷᠢᠶᠠᠯ᠎ᠤᠨ ᠬᠡᠪ ᠵᠠᠭᠪᠤᠷ᠎ᠢ ᠪᠠᠭᠤᠯᠭ᠋ᠠᠬᠤ》᠂ ᠬᠤᠭᠤᠰᠣᠨ ᠬᠦᠰᠦᠨᠦᠭᠲᠦ ᠵᠢ ᠪᠠᠭᠤᠯᠭ᠋ᠠᠭᠰᠠᠨ᠎ᠤ ᠳᠠᠷᠠᠭ᠎ᠠ᠂ ᠲᠠᠭᠯᠠᠨ ᠮᠡᠳᠡᠭᠦᠯᠬᠦ ᠵᠢᠨ ᠬᠠᠮᠲᠤ ᠭᠤᠶᠤᠴᠢᠯᠠᠭᠰᠠᠨ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠵᠤ PDF ᠬᠡᠯᠪᠡᠷᠢ ᠶᠣᠰᠣᠭ᠋ᠠᠷ ᠳᠠᠬᠢᠨ ᠰᠢᠰᠲ᠋ᠧᠮ᠎ᠳᠤ ᠳᠠᠮᠵᠢᠭᠤᠯᠬᠤ ᠬᠡᠷᠡᠭᠲᠡᠶ᠃ ᠪᠤᠰᠤᠳ ᠮᠠᠲ᠋ᠧᠷᠢᠶᠠᠯ᠎ᠢ ᠭᠤᠶᠤᠴᠢᠯᠠᠭᠰᠠᠨ ᠨᠢᠭᠡᠴᠢ᠎ᠠᠴᠠ ᠥᠪᠡᠰᠦᠪᠡᠨ ᠪᠡᠯᠡᠳᠬᠡᠭᠰᠡᠨᠤ ᠳᠠᠷᠠᠭ᠎ᠠ ᠰᠢᠰᠲ᠋ᠧᠮ᠎ᠳᠤ ᠳᠠᠮᠵᠢᠭᠤᠯᠤᠨ᠎ᠠ᠃
3. ᠲᠠᠭᠯᠠᠨ ᠮᠡᠳᠡᠭᠦᠯᠬᠦ ᠱᠠᠭ᠋ᠠᠷᠳᠠᠯᠭ᠎ᠠ᠄ 《ᠭᠤᠶᠤᠴᠢᠯᠠᠯ᠎ᠤᠨ ᠮᠠᠲ᠋ᠧᠷᠢᠶᠠᠯ》᠎ᠳᠠᠬᠢ 《ᠲᠠᠭᠯᠠᠨ ᠮᠡᠳᠡᠭᠦᠯᠬᠦ ᠴᠢᠬᠤᠯᠠᠲᠠᠶ ᠵᠦᠢ᠍ᠯ》 ᠪᠠ 《ᠭᠥᠯᠢᠶᠡᠨ ᠠᠪᠴᠤ ᠰᠢᠢ᠍ᠳᠪᠦᠷᠢᠯᠡᠬᠦ ᠪᠠᠷᠢᠮᠵᠢᠶ᠎ᠠ》 ᠵᠢᠨ ᠠᠭᠤᠯᠭ᠎ᠠ ᠵᠢᠴᠢ 《ᠪᠠᠶ᠋ᠢᠩᠭᠤ ᠲᠣᠬᠢᠶᠠᠯᠳᠤᠬᠤ ᠠᠰᠠᠭᠤᠳᠠᠯ》᠎ᠤᠨ ᠳᠣᠲᠣᠷᠠᠬᠢ ᠬᠠᠷᠢᠭᠤᠯᠲᠠ ᠥᠭᠬᠦ ᠠᠭᠤᠯᠭ᠎ᠠ ᠵᠢ ᠬᠢᠨᠠᠮᠠᠭ᠋ᠠᠶ ᠤᠩᠰᠢᠵᠤ᠂ ᠲᠣᠭᠲᠠᠭ᠋ᠠᠭᠰᠠᠨ ᠠᠭᠤᠯᠭ᠎ᠠ ᠪᠠ ᠬᠡᠯᠪᠡᠷᠢ ᠶᠣᠰᠣᠭ᠋ᠠᠷ ᠮᠠᠲ᠋ᠧᠷᠢᠶᠠᠯ᠎ᠢ ᠳᠡᠭᠡᠭᠰᠢ ᠳᠠᠮᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
4 . ᠴᠠᠭ᠋ᠠᠰᠤᠨ ᠳᠡᠭᠡᠷ᠎ᠡ ᠮᠡᠳᠡᠭᠦᠯᠦᠨ ᠬᠦᠷᠭᠡᠬᠦ᠄ ᠭᠤᠶᠤᠴᠢᠯᠠᠬᠤ ᠨᠢᠭᠡᠴᠢ ᠰᠦᠯᠵᠢᠶᠡᠨ ᠳᠡᠭᠡᠷ᠎ᠡ ᠠᠮᠵᠢᠯᠲᠠ ᠣᠯᠤᠭᠰᠠᠨ᠎ᠤ ᠳᠠᠷᠠᠭ᠎ᠠ᠂ ᠴᠠᠭ᠋ᠠᠰᠤᠨ ᠳᠡᠭᠡᠷ᠎ᠡ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠤᠨ ᠤᠤᠯ ᠮᠠᠲ᠋ᠧᠷᠢᠶᠠᠯ᠎ᠢ ᠵᠡᠷᠭᠡ᠎ᠪᠠᠷ ᠬᠢᠨᠠᠨ ᠪᠠᠶ᠋ᠢᠴᠠᠭ᠋ᠠᠬᠤ᠎ᠳᠤ ᠮᠡᠳᠡᠭᠦᠯᠦᠨ ᠬᠦᠷᠭᠡᠵᠦ᠂ ᠬᠥᠬᠡᠬᠤᠲᠠ᠎ᠠᠴᠠ ᠭᠠᠳᠠᠨᠠᠬᠢ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠨᠢᠭᠡᠴᠢ ᠰᠢᠤᠳᠠᠨ ᠵᠶ᠋ᠠᠷ ᠢᠯᠡᠭᠡᠵᠦ ᠪᠣᠯᠤᠨ᠎ᠠ᠃ ᠮᠡᠳᠡᠭᠦᠯᠦᠨ ᠬᠦᠷᠭᠡᠭᠰᠡᠨ ᠬᠠᠶᠢᠭ ᠵᠢᠴᠢ ᠬᠠᠷᠢᠯᠴᠠᠬᠤ ᠬᠥᠮᠥᠨ᠎ᠤ ᠨᠠᠷᠢᠨ ᠵᠦᠢ᠍ᠯᠡᠰ᠎ᠢ ᠲᠣᠰ ᠮᠡᠳᠡᠭᠳᠡᠯ᠎ᠤᠨ ᠨᠠᠷᠢᠨ ᠭᠠᠵᠠᠷ᠎ᠲᠤ ᠦᠵᠡᠭᠡᠷᠡᠢ᠃
(ᠬᠤᠶᠠᠷ) ᠬᠢᠨᠠᠨ ᠪᠠᠶ᠋ᠢᠴᠠᠭ᠋ᠠᠬᠤ
ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢᠨ ᠰᠢᠨᠵᠢᠯᠡᠭᠡᠨ᠎ᠤ ᠨᠡᠶ᠋ᠢᠭᠡᠮᠯᠢᠭ ᠵᠢᠴᠢ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ᠂ ᠭᠤᠶᠤᠴᠢᠯᠠᠯ᠎ᠤᠨ ᠮᠠᠲ᠋ᠧᠷᠢᠶᠠᠯ᠎ᠨᠢ ᠬᠥᠬᠡᠭᠴᠢᠨ ᠲᠠᠰ᠎ᠤᠨ ᠬᠢᠷᠢ ᠬᠡᠮ᠎ᠤᠨ ᠱᠠᠭ᠋ᠠᠷᠳᠠᠯᠭ᠎ᠠ᠎ᠳᠤ ᠨᠡᠶ᠋ᠢᠴᠡᠬᠦ ᠡᠰᠡᠬᠦ ᠵᠢ ᠬᠢᠨᠠᠨ ᠪᠠᠶ᠋ᠢᠴᠠᠭ᠋ᠠᠨ᠎ᠠ᠃
(ᠭᠤᠷᠪᠠ) ᠢᠯᠡ ᠨᠡᠶ᠋ᠢᠲᠡᠯᠡᠬᠦ
ᠬᠢᠨᠠᠨ ᠪᠠᠶ᠋ᠢᠴᠠᠭ᠋ᠠᠭ᠋ᠠᠳ ᠬᠥᠬᠡᠭᠴᠢᠨ ᠲᠠᠰ᠎ᠤᠨ ᠬᠢᠷᠢ ᠭᠡᠮ᠎ᠤᠨ ᠨᠥᠬᠥᠴᠡᠯ᠎ᠳᠤ ᠨᠡᠶ᠋ᠢᠴᠡᠬᠦ ᠵᠢ᠎ᠨᠢ ᠲᠢᠩᠬᠢᠮ᠎ᠤᠨ ᠫᠤᠷᠲ᠋ᠧᠯ ᠰᠦᠯᠵᠢᠶᠡᠨ ᠳᠡᠭᠡᠷ᠎ᠡ ᠨᠡᠶ᠋ᠢᠲᠡᠯᠡᠬᠦ ᠬᠡᠷᠡᠭᠲᠡᠶ᠃ ᠬᠥᠬᠡᠭᠴᠢᠨ ᠲᠠᠰ᠎ᠤᠨ ᠬᠢᠷᠢ ᠬᠡᠮ᠎ᠤᠨ ᠨᠥᠬᠦᠴᠡᠯ᠎ᠳᠤ ᠨᠡᠶ᠋ᠢᠴᠡᠬᠦ ᠥᠬᠡᠶ ᠪᠠᠶ᠋ᠢᠪᠠᠯ᠂ ᠲᠢᠩᠬᠢᠮ᠎ᠳᠤ ᠭᠤᠶᠤᠴᠢᠯᠠᠭᠰᠠᠨ ᠨᠢᠭᠡᠴᠢ᠎ᠳᠤ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠬᠤ ᠵᠢ ᠨᠢᠭᠡ ᠯᠡ ᠤᠳᠠᠭ᠎ᠠ᠎ᠳᠤ ᠮᠡᠳᠡᠭᠳᠡᠵᠦ᠂ ᠴᠡᠭᠴᠡᠯᠡᠨ ᠰᠠᠶ᠋ᠢᠵᠢᠷᠠᠭᠤᠯᠤᠭᠰᠠᠨ᠎ᠤ ᠳᠠᠷᠠᠭ᠎ᠠ ᠬᠥᠬᠡᠭᠴᠢᠨ ᠲᠠᠰ᠎ᠤᠨ ᠬᠢᠷᠢ ᠬᠡᠮ᠎ᠤᠨ ᠨᠥᠬᠦᠴᠡᠯ᠎ᠳᠤ ᠨᠡᠶ᠋ᠢᠴᠡᠬᠦ ᠵᠢ᠎ᠨᠢ ᠳᠠᠬᠢᠨ ᠢᠯᠡ ᠨᠡᠶ᠋ᠢᠲᠡᠯᠡᠬᠦ ᠲᠠᠰ ᠳᠠᠷᠠᠭ᠋ᠠᠯᠠᠯ᠎ᠢ ᠭᠦᠢ᠍ᠴᠡᠳᠭᠡᠨ᠎ᠡ᠃
(ᠲᠦᠷᠪᠡ) ᠬᠢᠨᠠᠨ ᠵᠥᠪᠰᠢᠶᠡᠷᠡᠬᠦ
ᠢᠯᠡ ᠨᠡᠶ᠋ᠢᠲᠡᠯᠡᠬᠦ ᠬᠤᠭᠤᠴᠠᠭ᠋ᠠᠨ᠎ᠳᠤ ᠵᠠᠭ᠋ᠠᠯᠳᠤᠯᠭ᠎ᠠ ᠪᠤᠶᠤ ᠣᠨᠳᠣᠤ ᠰᠠᠨᠠᠯ᠎ᠢ ᠣᠯᠤᠭᠰᠠᠨ ᠥᠬᠡᠶ ᠪᠠᠶ᠋ᠢᠪᠠᠯ᠂ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ᠎ᠪᠠᠷ ᠳᠠᠮᠵᠢᠭᠤᠯᠤᠨ ᠬᠥᠬᠡᠭᠴᠢᠨ ᠲᠠᠰ᠎ᠤᠨ ᠬᠢᠷᠢ ᠬᠡᠮ᠎ᠤᠨ ᠦᠨᠡᠮᠯᠡᠯ ᠰᠣᠯᠢᠵᠤ ᠣᠯᠭᠤᠨ᠎ᠠ᠃ ᠭᠤᠶᠤᠴᠢᠯᠠᠭᠰᠠᠨ ᠨᠢᠭᠡᠴᠢ 《ᠮᠢᠨᠦ ᠭᠡᠷᠡᠴᠢ ᠦᠨᠡᠮᠯᠡᠯ》᠎ᠠᠴᠠ ᠪᠠᠭᠤᠯᠭ᠋ᠠᠨ ᠬᠡᠷᠡᠭᠯᠡᠵᠦ ᠪᠣᠯᠤᠨ᠎ᠠ᠂ ᠡᠯᠧᠺᠲᠷᠣᠨ ᠦᠨᠡᠮᠯᠡᠯ᠎ᠨᠢ ᠴᠠᠭ᠋ᠠᠰᠤᠨ ᠦᠨᠡᠮᠯᠡᠯ᠎ᠲᠠᠢ ᠠᠳᠠᠯᠢᠬᠠᠨ ᠬᠠᠤᠯᠢ ᠴᠠᠭ᠋ᠠᠵᠠ ᠵᠢᠨ ᠬᠦᠴᠦᠨ᠎ᠲᠠᠢ᠃
ᠢᠯᠡ ᠨᠡᠶ᠋ᠢᠲᠡᠯᠡᠬᠦ ᠬᠤᠭᠤᠴᠠᠭ᠋ᠠᠨ᠎ᠳᠤ ᠵᠠᠭ᠋ᠠᠯᠳᠤᠯᠭ᠎ᠠ ᠪᠤᠶᠤ ᠣᠨᠳᠣᠤ ᠰᠠᠨᠠᠯ᠎ᠲᠠᠢ ᠪᠠᠶ᠋ᠢᠵᠤ᠂ ᠬᠠᠷᠭᠤᠭᠤᠯᠤᠨ ᠪᠠᠶ᠋ᠢᠴᠠᠭ᠋ᠠᠭᠰᠠᠨ ᠪᠠᠶ᠋ᠢᠳᠠᠯ᠎ᠨᠢ ᠦᠨᠡᠨ ᠪᠣᠳᠠᠲᠠᠶ ᠪᠥᠭᠡᠳ ᠬᠥᠬᠡᠭᠴᠢᠨ ᠲᠠᠰ᠎ᠤᠨ ᠬᠢᠷᠢ ᠬᠡᠮ᠎ᠤᠨ ᠨᠥᠬᠦᠴᠡᠯ᠎ᠳᠤ ᠨᠡᠶ᠋ᠢᠴᠡᠬᠦ ᠥᠬᠡᠶ ᠪᠠᠶ᠋ᠢᠪᠠᠯ᠂ ᠲᠢᠩᠬᠢᠮ᠎ᠠᠴᠠ ᠭᠤᠶᠤᠴᠢᠯᠠᠯ᠎ᠤᠨ ᠮᠠᠲ᠋ᠧᠷᠢᠶᠠᠯ᠎ᠢ ᠪᠤᠴᠠᠭ᠋ᠠᠬᠤ ᠵᠢᠨ ᠬᠠᠮᠲᠤ ᠭᠤᠶᠤᠴᠢᠯᠠᠭᠰᠠᠨ ᠨᠢᠭᠡᠴᠢ᠎ᠳᠤ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠬᠤ ᠵᠢ ᠮᠡᠳᠡᠭᠳᠡᠬᠦ ᠬᠡᠷᠡᠭᠲᠡᠶ᠃ ᠴᠡᠭᠴᠡᠯᠡᠨ ᠰᠠᠶ᠋ᠢᠵᠢᠷᠠᠭᠤᠯᠤᠭᠰᠠᠨ᠎ᠤ ᠳᠠᠷᠠᠭ᠋ᠠᠬᠢ ᠨᠥᠬᠥᠴᠡᠯ᠎ᠳᠤ ᠨᠡᠶ᠋ᠢᠴᠡᠭᠰᠡᠨ ᠪᠠᠶ᠋ᠢᠪᠠᠯ᠂ ᠳᠠᠬᠢᠨ ᠢᠯᠡ ᠨᠡᠶ᠋ᠢᠲᠡᠯᠡᠬᠦ᠂ ᠦᠨᠡᠮᠯᠡᠯ ᠰᠣᠯᠢᠬᠤ ᠳᠡᠰ ᠳᠠᠷᠠᠭ᠋ᠠᠯᠠᠯ᠎ᠢ ᠭᠦᠢ᠍ᠴᠡᠳᠬᠡᠬᠦ ᠬᠡᠷᠡᠭᠲᠡᠶ᠃
ᠳᠥᠷᠪᠡ᠂ ᠪᠤᠰᠤᠳ ᠱᠠᠭ᠋ᠠᠷᠳᠠᠯᠭ᠎ᠠ
ᠦᠨᠡᠮᠯᠡᠯ ᠰᠣᠯᠢᠬᠤ ᠴᠢᠬᠤᠯᠠᠲᠠᠶ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠨᠢᠭᠡᠴᠢ᠎ᠨᠢ ᠭᠤᠶᠤᠴᠢᠯᠠᠯ᠎ᠤᠨ ᠮᠠᠲ᠋ᠧᠷᠢᠶᠠᠯ ᠵᠶ᠋ᠠᠨ ᠴᠠᠭ ᠲᠤᠬᠠᠶ᠎ᠳᠤᠨᠢ ᠮᠡᠳᠡᠭᠦᠯᠦᠨ ᠬᠦᠷᠭᠡᠵᠦ᠂ ᠲᠣᠭᠲᠠᠭᠰᠠᠨ ᠴᠠᠭ᠎ᠤᠨ ᠳᠣᠲᠣᠷ᠎ᠠ ᠭᠤᠶᠤᠴᠢᠯᠠᠯ ᠵᠶ᠋ᠠᠨ ᠲᠤᠰᠢᠶᠠᠭᠰᠠᠨ ᠥᠬᠡᠶ ᠪᠣᠯ ᠦᠨᠡᠮᠯᠡᠯ ᠰᠣᠯᠢᠬᠤ ᠬᠡᠷᠡᠭᠴᠡᠭᠡ ᠱᠠᠭ᠋ᠠᠷᠳᠠᠯᠭ᠎ᠠ ᠥᠬᠡᠶ᠎ᠪᠠᠷ ᠦᠵᠡᠵᠦ᠂ ᠪᠠᠶ᠋ᠢᠭ᠎ᠠ ᠬᠥᠬᠡᠭᠴᠢᠨ ᠲᠠᠰ᠎ᠤᠨ ᠬᠢᠷᠢ ᠬᠡᠮ᠎ᠤᠨ ᠦᠨᠡᠮᠯᠡᠯ᠎ᠨᠢ 2025 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ ᠬᠦᠴᠦᠨ ᠥᠬᠡᠶ ᠪᠣᠯᠤᠨ᠎ᠠ᠃
《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》᠂ 《ᠭᠤᠶᠤᠴᠢᠯᠠᠭᠴᠢ ᠵᠠᠰᠠᠭ ᠵᠠᠬᠢᠷᠭ᠋ᠠᠨ᠎ᠤ ᠵᠥᠪᠰᠢᠶᠡᠷᠡᠯ ᠠᠪᠬᠤ᠎ᠪᠠᠷ ᠭᠤᠶᠤᠴᠢᠯᠠᠬᠤ᠎ᠳᠤ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠬᠤᠯᠪᠣᠭᠳᠠᠯ ᠪᠦᠬᠦᠢ ᠮᠠᠲ᠋ᠧᠷᠢᠶᠠᠯ᠎ᠢ ᠲᠤᠰᠢᠶᠠᠬᠤ ᠪᠠ ᠦᠨᠡᠨ ᠪᠣᠳᠠᠲᠠᠶ ᠪᠠᠶ᠋ᠢᠳᠠᠯ᠎ᠢ ᠲᠤᠰᠬᠠᠬᠤ ᠬᠡᠷᠡᠭᠲᠡᠶ ᠪᠥᠭᠡᠳ ᠭᠤᠶᠤᠴᠢᠯᠠᠬᠤ ᠮᠠᠲ᠋ᠧᠷᠢᠶᠠᠯ᠎ᠤᠨ ᠮᠥᠨ ᠴᠢᠨᠠᠷ᠎ᠤᠨ ᠠᠭᠤᠯᠭ᠎ᠠ ᠵᠢᠨ ᠦᠨᠡᠨ ᠪᠣᠳᠠᠲᠤ ᠴᠢᠨᠠᠷ᠎ᠲᠤ ᠬᠠᠷᠢᠭᠤᠴᠠᠬᠤ ᠬᠡᠷᠡᠭᠲᠡᠶ》 ᠭᠡᠰᠡᠨ ᠲᠣᠭᠲᠠᠭ᠋ᠠᠯ᠎ᠢ ᠦᠨᠳᠦᠰᠦᠯᠡᠪᠡᠯ᠂ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠨᠢᠭᠡᠴᠢ᠎ᠨᠢ ᠲᠤᠰᠢᠶᠠᠬᠤ ᠮᠠᠲ᠋ᠧᠷᠢᠶᠠᠯ᠎ᠤᠨ ᠮᠥᠨ ᠴᠢᠨᠠᠷ᠎ᠤᠨ ᠠᠭᠤᠯᠭ᠎ᠠ ᠵᠢᠨ ᠦᠨᠡᠨ ᠪᠣᠳᠠᠲᠤ ᠴᠢᠨᠠᠷ᠎ᠲᠤ ᠬᠠᠷᠢᠭᠤᠴᠠᠬᠤ ᠬᠡᠷᠡᠭᠲᠡᠶ᠃ ᠬᠢᠨᠠᠨ ᠪᠠᠶ᠋ᠢᠴᠠᠭ᠋ᠠᠬᠤ ᠶᠠᠪᠤᠴᠠ᠎ᠳᠤ ᠭᠤᠶᠤᠴᠢᠯᠠᠭᠴᠢ ᠵᠢᠨ ᠬᠤᠯᠪᠣᠭᠳᠠᠯ ᠪᠦᠬᠦᠢ ᠪᠠᠶ᠋ᠢᠳᠠᠯ᠎ᠢ ᠨᠢᠭᠤᠨ ᠳᠠᠯᠳᠠᠯᠠᠭᠰᠠᠨ ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠭᠰᠠᠨ᠎ᠢ ᠣᠯᠵᠤ ᠮᠡᠳᠡᠪᠡᠯ᠂ ᠮᠠᠨ᠎ᠤ ᠲᠢᠩᠬᠢᠮ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃
ᠬᠥᠬᠡ ᠲᠠᠰ᠎ᠤᠨ ᠲᠥᠯᠥᠪᠵᠢᠭᠦᠯᠭᠡ ᠵᠢᠨ ᠬᠢᠷᠢ ᠭᠡᠮ᠎ᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠬᠠᠮᠢᠶ᠎ᠠ ᠪᠦᠬᠦᠢ ᠱᠠᠭ᠋ᠠᠷᠳᠠᠯᠭ᠎ᠠ ᠶᠣᠰᠣᠭ᠋ᠠᠷ ᠭᠦᠢ᠍ᠴᠡᠳᠬᠡᠨ᠎ᠡ᠃
ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶᠢᠭ᠄
ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠸᠧᠨ ᠲᠣᠣ 0471 – 4215815
ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢᠨ ᠨᠡᠶ᠋ᠢᠭᠡᠮᠯᠢᠭ᠎ᠤᠨ ᠸᠠᠩ ᠰᠢᠨ ᠯᠢ 15049497828
ᠴᠠᠭ᠋ᠠᠰᠤᠨ ᠮᠠᠲ᠋ᠧᠷᠢᠶᠠᠯ ᠮᠡᠳᠡᠭᠦᠯᠦᠨ ᠬᠦᠷᠭᠡᠬᠦ ᠬᠠᠶᠢᠭ᠄ ᠬᠥᠬᠡᠬᠤᠲᠠ ᠵᠢᠨ ᠰᠢᠤᠸᠠᠢ ᠶᠤᠸᠠᠨ ᠵᠡᠭᠦᠨ ᠵᠡᠭᠡᠯᠢ ᠵᠢᠨ 11 ᠳ᠋ᠤᠭᠡᠷ ᠲᠣᠭ᠋ᠠᠲᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢᠨ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢᠨ ᠤᠬᠠᠭ᠋ᠠᠨ᠎ᠤ ᠨᠡᠶ᠋ᠢᠭᠡᠮᠯᠢᠭ᠎ᠤᠨ ᠨᠠᠷᠢᠨ ᠪᠢᠴᠢᠭ᠎ᠤᠨ ᠭᠠᠵᠠᠷ (ᠬᠤᠷᠢᠶᠠᠬᠤ)᠃
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ
2025 ᠣᠨ᠎ᠤ 4 ᠳ᠋ᠦ᠍ᠭᠡᠷ ᠰᠠᠷ᠎ᠠ ᠵᠢᠨ 21᠎ᠤ ᠡᠳᠦᠷ