ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠯᠠᠱ᠌ᠠ ᠵᠡᠭᠦᠨ ᠬᠤᠰᠢᠭᠤᠨ᠎ᠤ ᠦᠯᠵᠡᠢ ᠵᠡᠰ᠎ᠤᠨ ᠣᠯᠠᠨ ᠲᠡᠮᠦᠷᠯᠢᠭ᠎ᠤᠨ ᠠᠭᠤᠷᠬᠠᠢ ᠵᠢᠨ ᠨᠠᠷᠢᠨ ᠪᠠᠶ᠋ᠢᠴᠠᠭ᠋ᠠᠯᠲᠠ ᠬᠠᠢ᠌ᠨ ᠪᠠᠢ᠌ᠴᠠᠭ᠋ᠠᠯᠲᠠ ᠵᠢᠨ ᠵᠥᠪᠰᠢᠶᠡᠷᠡᠯ᠎ᠤᠨ ᠦᠨᠡᠮᠯᠡᠯ ᠵᠶ᠋ᠠᠨ ᠭᠡᠭᠡᠭᠰᠡᠨ ᠲᠤᠬᠠᠢ ᠠᠯᠪᠠᠨ ᠵᠠᠷ
2025-06-11

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠯᠠᠱ᠌ᠠ ᠵᠡᠭᠦᠨ ᠬᠤᠰᠢᠭᠤᠨ᠎ᠤ ᠦᠯᠵᠡᠢ ᠵᠡᠰ᠎ᠤᠨ ᠣᠯᠠᠨ ᠲᠡᠮᠦᠷᠯᠢᠭ᠎ᠤᠨ ᠠᠭᠤᠷᠬᠠᠶ ᠵᠢᠨ ᠨᠠᠷᠢᠨ ᠪᠠᠶ᠋ᠢᠴᠠᠭ᠋ᠠᠯᠲᠠ ᠬᠢᠵᠦ᠂ ᠬᠠᠶ᠋ᠢᠨ ᠪᠠᠢ᠌ᠴᠠᠭ᠋ᠠᠯᠲᠠ ᠵᠢᠨ ᠵᠥᠪᠰᠢᠶᠡᠷᠡᠯ᠎ᠤᠨ ᠦᠨᠡᠮᠯᠡᠯ᠎ᠤᠨ ᠨᠣᠮᠧᠷ᠄ T1500002010033040039609᠂ ᠬᠦᠴᠦᠨ᠎ᠲᠠᠢ ᠬᠤᠭᠤᠴᠠᠭ᠎ᠠ᠄ 2021 ᠣᠨ᠎ᠤ 3 ᠳ᠋ᠤᠭ᠋ᠠᠷ ᠰᠠᠷ᠎ᠠ ᠵᠢᠨ 11᠎ᠤ ᠡᠳᠦᠷ᠎ᠠᠴᠠ 2026 ᠣᠨ᠎ᠤ 3 ᠳ᠋ᠤᠭ᠋ᠠᠷ ᠰᠠᠷ᠎ᠠ ᠵᠢᠨ 10᠎ᠤ ᠡᠳᠦᠷ ᠪᠣᠯᠲᠠᠯ᠎ᠠ᠂ ᠦᠨᠡᠮᠯᠡᠯ ᠣᠯᠭᠤᠭᠰᠠᠨ ᠪᠠᠶ᠋ᠢᠭᠤᠯᠭ᠎ᠠ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠪᠣᠯᠤᠨ᠎ᠠ᠃ ᠠᠯᠠᠱ᠌ᠠ ᠠᠶ᠋ᠢᠮᠠᠭ᠎ᠤᠨ ᠯᠢᠨ ᠰᠢᠤᠢ ᠠᠭᠤᠷᠬᠠᠶ ᠵᠢᠨ ᠭᠠᠷᠤᠯᠲᠠ ᠵᠢᠨ ᠬᠢᠵᠠᠭ᠋ᠠᠷᠲᠤ ᠺᠣᠮᠫᠠᠨᠢ ᠲᠣᠰ ᠠᠭᠤᠷᠬᠠᠶ ᠡᠷᠢᠬᠦ ᠡᠷᠬᠡ ᠵᠢ ᠬᠠᠶ᠋ᠢᠨ ᠪᠠᠶ᠋ᠢᠴᠠᠭ᠋ᠠᠬᠤ ᠵᠥᠪᠰᠢᠶᠡᠷᠡᠯ᠎ᠤᠨ ᠦᠨᠡᠮᠯᠡᠯ ᠵᠶ᠋ᠠᠨ ᠭᠡᠭᠡᠵᠦ᠂ ᠣᠲᠣ ᠮᠠᠨ᠎ᠤ ᠲᠢᠩᠬᠢᠮ᠎ᠳᠤ ᠭᠡᠭᠡᠭᠰᠡᠨ ᠠᠯᠪᠠᠨ ᠵᠠᠷ᠎ᠢ ᠭᠤᠶᠤᠴᠢᠯᠠᠵᠠᠶ᠃

  《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠵᠢ ᠳᠠᠩᠰᠠᠯᠠᠨ ᠬᠠᠮᠢᠶᠠᠷᠬᠤ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠮᠡᠳᠡᠭᠳᠡᠯ》 (ᠪᠠᠶ᠋ᠢᠭ᠋ᠠᠯᠢ ᠵᠢᠨ ᠡᠬᠢ ᠪᠠᠶᠠᠯᠢᠭ ᠲᠣᠭᠲᠠᠭ᠋ᠠᠯ [2023] 4 ᠳ᠋ᠤᠭᠡᠷ ᠲᠣᠭ᠋ᠠᠲᠤ)᠎ᠤᠨ ᠠᠷᠪᠠᠨ ᠵᠢᠷᠭᠤᠳᠤᠭ᠋ᠠᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠨ᠂ ᠤᠳᠤ ᠠᠯᠪᠠᠨ ᠵᠠᠷ ᠨᠡᠶ᠋ᠢᠲᠡᠯᠡᠬᠦ ᠬᠤᠭᠤᠴᠠᠭ᠎ᠠ᠎ᠨᠢ ᠨᠡᠶ᠋ᠢᠲᠡᠯᠡᠭᠰᠡᠨ ᠡᠳᠦᠷ᠎ᠠᠴᠠ ᠡᠬᠢᠯᠡᠨ 10 ᠠᠵᠢᠯᠯᠠᠬᠤ ᠡᠳᠦᠷ ᠪᠣᠯᠤᠨ᠎ᠠ᠂ ᠬᠡᠷᠪᠡ ᠠᠯᠪᠠᠨ ᠵᠠᠷ᠎ᠤᠨ ᠠᠭᠤᠯᠭ᠎ᠠ᠎ᠳᠤ ᠣᠨᠳᠣᠤ ᠰᠠᠨᠠᠯ᠎ᠲᠠᠢ ᠪᠠᠶ᠋ᠢᠪᠠᠯ᠂ ᠠᠯᠪᠠᠨ ᠵᠠᠷ᠎ᠤᠨ ᠬᠤᠭᠤᠴᠠᠭ᠎ᠠ᠎ᠨᠢ ᠳᠠᠭᠤᠰᠬᠤ᠎ᠠᠴᠠ ᠡᠮᠦᠨ᠎ᠡ ᠰᠠᠨᠠᠯ ᠵᠶ᠋ᠠᠨ ᠪᠢᠴᠢᠭ᠎ᠤᠨ ᠬᠡᠯᠪᠡᠷᠢ᠎ᠪᠠᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠲᠤᠰᠢᠶᠠᠬᠤ ᠵᠢᠨ ᠬᠠᠮᠲᠤ ᠦᠨᠡᠨ ᠪᠣᠳᠠᠲᠠᠶ ᠣᠪᠣᠭ ᠨᠡᠷ᠎ᠡ ᠪᠠ ᠪᠦᠲᠦᠮᠵᠢᠲᠡᠶ ᠬᠠᠷᠢᠯᠴᠠᠬᠤ ᠠᠷᠭ᠎ᠠ ᠮᠠᠶᠢᠭ᠎ᠢ ᠬᠠᠩᠭ᠋ᠠᠭ᠋ᠠᠷᠠᠢ᠃

   ᠠᠯᠪᠠᠨ ᠵᠠᠷ᠎ᠤᠨ ᠬᠤᠭᠤᠴᠠᠭ᠋ᠠᠨ᠎ᠳᠤ ᠣᠨᠳᠣᠤ ᠰᠠᠨᠠᠯ ᠦᠭᠡᠶ ᠪᠣᠯ ᠠᠯᠪᠠᠨ ᠵᠠᠷ᠎ᠤᠨ ᠬᠤᠭᠤᠴᠠᠭ᠎ᠠ᠎ᠨᠢ ᠳᠦᠭᠦᠷᠦᠭᠰᠡᠨ᠎ᠤ ᠳᠠᠷᠠᠭ᠎ᠠ᠂ ᠳᠡᠰ ᠳᠠᠷᠠᠭ᠋ᠠᠯᠠᠯ᠎ᠤᠨ ᠶᠣᠰᠣᠭ᠋ᠠᠷ ᠲᠤᠰ ᠲᠥᠷᠥᠯ ᠵᠦᠢ᠍ᠯ᠎ᠳᠤ ᠨᠥᠬᠥᠵᠦ ᠠᠪᠬᠤ ᠳᠠᠩᠰᠠᠯᠠᠯ ᠬᠢᠯᠭᠡᠬᠦ ᠬᠡᠷᠡᠭᠲᠡᠶ᠃

   ᠬᠠᠷᠢᠯᠴᠠᠬᠤ ᠤᠲᠠᠰᠤ᠄ 0471— 4215866

  

  2025 ᠣᠨ᠎ᠤ 6 ᠳ᠋ᠤᠭ᠋ᠠᠷ ᠰᠠᠷ᠎ᠠ ᠵᠢᠨ 11᠎ᠤ ᠡᠳᠦᠷ

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ