《ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠢ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠠᠷᠭ᠎ᠠ》 (ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠵᠠᠷᠯᠢᠭ 13 ᠳ᠋ᠤᠭ᠋ᠠᠷ ᠲᠣᠭ᠋ᠠᠲᠤ) ᠵᠢᠨ ᠬᠠᠮᠢᠶ᠎ᠠ ᠪᠥᠬᠦᠶ ᠲᠣᠭᠲᠠᠭ᠋ᠠᠯ ᠶᠣᠰᠣᠭ᠋ᠠᠷ᠂ ᠲᠦᠮᠡᠳ ᠪᠠᠷᠠᠭᠤᠨ ᠬᠤᠰᠢᠭᠤᠨ᠎ᠤ ᠰᠧ ᠳ᠋ᠤᠤ ᠭ᠋ᠸᠦ ᠠᠭᠤᠷᠬᠠᠶ ᠵᠢᠨ ᠦᠢ᠍ᠯᠡᠰ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠰᠧ ᠳ᠋ᠤᠤ ᠭᠧᠤ ᠨᠡᠭᠦᠷᠡᠰᠦᠨ ᠠᠭᠤᠷᠬᠠᠶ ᠵᠡᠷᠭᠡ 2 ᠬᠤᠪᠢ ᠠᠭᠤᠷᠬᠠᠶ ᠵᠢᠨ ᠦᠢ᠍ᠯᠡᠰ᠎ᠤᠨ ᠡᠷᠬᠡ (ᠪᠣᠳᠠᠲᠠᠶ ᠨᠡᠷᠡᠰ᠎ᠢ ᠳᠠᠭ᠋ᠠᠯᠳᠤᠭᠤᠯᠤᠯ᠎ᠳᠤ ᠦᠵᠡ) ᠵᠢᠨ ᠠᠭᠤᠷᠬᠠᠢ ᠵᠢᠨ ᠦᠢ᠍ᠯᠡᠰ᠎ᠤᠨ ᠡᠷᠬᠡᠲᠦ ᠬᠥᠮᠥᠨ᠎ᠳᠤ ᠬᠠᠤᠯᠢ᠎ᠳᠤ ᠲᠣᠭᠲᠠᠭ᠋ᠠᠭᠰᠠᠨ ᠡᠭᠦᠷᠭᠡ᠎ᠪᠠᠨ ᠭᠦᠢ᠍ᠴᠡᠳᠬᠡᠭᠰᠡᠨ ᠦᠭᠡᠢ ᠵᠡᠷᠭᠡ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠬᠤ ᠶᠣᠰᠣᠲᠠᠢ ᠪᠤᠰᠤᠳ ᠪᠠᠢ᠌ᠳᠠᠯ ᠣᠷᠣᠰᠢᠵᠤ᠂ ᠮᠠᠨ᠎ᠤ ᠲᠢᠩᠬᠢᠮ ᠲᠡᠭᠦᠨ᠎ᠢ 2024 ᠣᠨ᠎ᠤ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠵᠢ ᠢᠯᠡ ᠨᠡᠶ᠋ᠢᠲᠡᠯᠡᠭᠰᠡᠨ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠵᠤ᠂ ᠡᠳᠦᠭᠡ ᠠᠯᠪᠠᠨ ᠵᠠᠷ ᠨᠡᠶ᠋ᠢᠲᠡᠯᠡᠬᠦ᠎ᠪᠠᠷ ᠲᠣᠭᠲᠠᠪᠠ᠃
ᠳᠠᠭ᠋ᠠᠯᠳᠤᠭᠤᠯᠤᠯ᠄ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ᠎ᠳᠤ ᠤᠷᠤᠭᠤᠯᠤᠭᠰᠠᠨ ᠨᠡᠷᠡᠰ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ
2025 ᠣᠨ᠎ᠤ 5 ᠳ᠋ᠤᠭ᠋ᠠᠷ ᠰᠠᠷ᠎ᠠ ᠵᠢᠨ 26᠎ᠤ ᠡᠳᠦᠷ
ᠳᠠᠭ᠋ᠠᠯᠳᠤᠭᠤᠯᠤᠯ᠎ᠢ ᠪᠠᠭᠤᠯᠭ᠋ᠠᠬᠤ᠄ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ᠎ᠳᠤ ᠤᠷᠤᠭᠤᠯᠤᠭᠰᠠᠨ ᠨᠡᠷᠡᠰ. xls