ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠵᠡᠨ᠎ᠡ ᠬᠤᠱᠢᠭᠤᠨ᠎ᠤ ᠡᠷᠲᠡᠨ᠎ᠤ ᠠᠭᠤᠷᠬᠠᠶ᠎ᠶ᠋ᠢᠨ ᠬᠤᠳᠳᠤᠭ᠎ᠤᠨ ᠠᠯᠲᠠᠨ᠎ᠤ ᠠᠭᠤᠷᠬᠠᠢ᠎ᠶ᠋ᠢᠨ ᠭᠠᠵᠠᠷ ᠱᠢᠨᠵᠢᠯᠡᠭᠡᠨ᠎ᠤ ᠬᠠᠢᠨ ᠱᠢᠨᠵᠢᠯᠡᠯᠲᠡ᠎ᠳᠤ᠂ ᠬᠠᠢᠨ ᠪᠠᠢᠴᠠᠭᠠᠬᠤ ᠵᠥᠪᠱᠢᠶᠡᠷᠡᠯ᠎ᠤᠨ ᠦᠨᠡᠮᠯᠡᠯ᠎ᠤᠨ ᠨᠣᠮᠧᠷ᠄ T1500002008104010017469᠂ ᠬᠦᠴᠦᠨ ᠪᠦᠬᠦᠢ ᠬᠤᠭᠤᠴᠠᠭ᠎ᠠ᠄ 2021 ᠣᠨ᠎ᠤ 9 ᠳ᠋ᠦ᠍ᠭᠡᠷ ᠰᠠᠷ᠎ᠠ᠎ᠶ᠋ᠢᠨ 30 ᠤ ᠡᠳᠦᠷ᠎ᠠᠴᠠ 2026 ᠣᠨ᠎ᠤ 9 ᠳ᠋ᠦ᠍ᠭᠡᠷ ᠰᠠᠷ᠎ᠠ᠎ᠶ᠋ᠢᠨ 29 ᠤ ᠡᠳᠦᠷ᠂ ᠦᠨᠡᠮᠯᠡᠯ ᠣᠯᠭᠤᠬᠤ ᠪᠠᠢᠭᠤᠯᠭ᠎ᠠ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠪᠣᠯᠤᠨ᠎ᠠ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠣᠯᠣᠳᠤᠭᠠᠷ ᠭᠠᠵᠠᠷ ᠱᠢᠨᠵᠢᠯᠡᠭᠡᠨ᠎ᠤ ᠠᠭᠤᠷᠬᠠᠢ᠎ᠶ᠋ᠢᠨ ᠭᠠᠷᠤᠯᠲᠠ᠎ᠶ᠋ᠢᠨ ᠬᠠᠢᠨ ᠪᠠᠢᠴᠠᠭᠠᠵᠤ ᠨᠡᠭᠡᠭᠡᠨ ᠬᠥᠭ᠌ᠵᠢᠭᠦᠯᠬᠦ᠌ ᠬᠦᠷᠢᠶᠡᠯᠡᠩ᠎ᠨᠢ ᠲᠣᠰ ᠠᠭᠤᠷᠬᠠᠶ ᠡᠷᠢᠬᠦ᠌ ᠡᠷᠬᠡ᠎ᠶ᠋ᠢᠨ ᠬᠠᠢᠨ ᠪᠠᠢᠴᠠᠭᠠᠬᠤ ᠵᠥᠪᠱᠢᠶᠡᠷᠡᠯ᠎ᠤᠨ ᠦᠨᠡᠮᠯᠡᠯ᠎ᠢᠶᠠᠨ ᠭᠡᠭᠡᠵᠦ᠍᠂ ᠣᠲᠣ ᠮᠠᠨ᠎ᠤ ᠲᠢᠩᠬᠢᠮ᠎ᠳᠤ ᠭᠡᠭᠡᠭ᠌ᠰᠡᠨ ᠠᠯᠪᠠᠨ ᠵᠠᠷ᠎ᠢ ᠭᠤᠶᠤᠴᠢᠯᠠᠵᠦ᠍ ᠪᠠᠢᠨ᠎ᠠ᠃
《ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠬᠠᠢᠨ ᠪᠠᠢᠴᠠᠭᠠᠵᠤ ᠨᠡᠭᠡᠭᠡᠨ ᠮᠠᠯᠲᠠᠬᠤ᠎ᠶ᠋ᠢ ᠳᠠᠩᠰᠠᠯᠠᠨ ᠬᠠᠮᠢᠶᠠᠷᠬᠤ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠌ ᠲᠤᠬᠠᠶ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠮᠡᠳᠡᠭ᠌ᠳᠡᠯ》 ( ᠪᠠᠢᠭᠠᠯᠢ᠎ᠶ᠋ᠢᠨ ᠡᠬᠢ ᠪᠠᠶᠠᠯᠢᠭ ᠲᠣᠭ᠍ᠲᠠᠭᠠᠯ [2023] 4 ᠳ᠋ᠤᠭᠡᠷ ᠲᠣᠭᠠᠲᠤ )᠎ᠤᠨ ᠠᠷᠪᠠᠨ ᠵᠢᠷᠭᠤᠳᠤᠭᠠᠷ ᠵᠦᠢᠯ᠎ᠤᠨ ᠲᠣᠭ᠍ᠲᠠᠭᠠᠯ᠎ᠢ ᠦᠨᠳᠦᠰᠦᠯᠡᠨ᠂ ᠤᠳᠤ ᠠᠯᠪᠠᠨ ᠵᠠᠷ ᠨᠡᠢᠲᠡᠯᠡᠬᠦ᠌ ᠬᠤᠭᠤᠴᠠᠭ᠎ᠠ᠎ᠨᠢ ᠨᠡᠢᠲᠡᠯᠡᠭ᠌ᠰᠡᠨ ᠡᠳᠦᠷ᠎ᠠᠴᠠ ᠡᠬᠢᠯᠡᠨ 10 ᠠᠵᠢᠯᠯᠠᠬᠤ ᠡᠳᠦᠷ ᠪᠣᠯᠤᠨ᠎ᠠ᠂ ᠬᠡᠷᠪᠡ ᠠᠯᠪᠠᠨ ᠵᠠᠷ᠎ᠤᠨ ᠠᠭᠤᠯᠭ᠎ᠠ᠎ᠳᠤ ᠣᠨᠳᠣᠤ ᠰᠠᠨᠠᠯ᠎ᠲᠠᠢ ᠪᠠᠢᠪᠠᠯ᠂ ᠠᠯᠪᠠᠨ ᠵᠠᠷ᠎ᠤᠨ ᠬᠤᠭᠤᠴᠠᠭ᠎ᠠ᠎ᠨᠢ ᠳᠠᠭᠤᠰᠭᠤ᠎ᠠᠴᠠ ᠡᠮᠦᠨ᠎ᠡ ᠰᠠᠨᠠᠯ᠎ᠢᠶᠠᠨ ᠪᠢᠴᠢᠭ᠎ᠤᠨ ᠬᠡᠯᠪᠡᠷᠢ᠎ᠪᠠᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠳᠤ ᠲᠤᠱᠢᠶᠠᠬᠤ᠎ᠶ᠋ᠢᠨ ᠬᠠᠮᠲᠤ ᠦᠨᠡᠨ ᠪᠣᠳᠠᠲᠠᠶ ᠣᠪᠣᠭ ᠨᠡᠷ᠎ᠡ ᠪᠠ ᠪᠦᠲᠦᠮᠵᠢᠲᠡᠶ ᠬᠠᠷᠢᠯᠴᠠᠬᠤ ᠠᠷᠭ᠎ᠠ ᠮᠠᠶᠢᠭ᠎ᠢᠶᠡᠨ ᠬᠠᠩᠭᠠᠭᠠᠷᠠᠢ᠃
ᠠᠯᠪᠠᠨ ᠵᠠᠷ᠎ᠤᠨ ᠬᠤᠭᠤᠴᠠᠭᠠᠨ᠎ᠳᠤ ᠣᠨᠳᠣᠤ ᠰᠠᠨᠠᠯ ᠦᠭᠡᠶ ᠪᠣᠯ ᠠᠯᠪᠠᠨ ᠵᠠᠷ᠎ᠤᠨ ᠬᠤᠭᠤᠴᠠᠭ᠎ᠠ ᠨᠢ ᠳᠦᠭᠦᠷᠦᠭ᠌ᠰᠡᠨ᠎ᠦ ᠳᠠᠷᠠᠭ᠎ᠠ᠂ ᠳᠡᠰ ᠳᠠᠷᠠᠭᠠᠯᠠᠯ᠎ᠤᠨ ᠶᠣᠰᠣᠭᠠᠷ ᠲᠤᠰ ᠲᠥᠷᠥᠯ ᠵᠦᠢᠯ᠎ᠳᠦ ᠨᠥᠬᠥᠵᠦ᠍ ᠠᠪᠬᠤ ᠳᠠᠩᠰᠠᠯᠠᠯᠲᠠ ᠬᠢᠵᠦ᠍ ᠦᠭ᠌ᠭᠦᠨ᠎ᠡ ᠃
2025 ᠣᠨ᠎ᠤ 8 ᠳ᠋ᠤᠭᠠᠷ ᠰᠠᠷ᠎ᠠ᠎ᠶ᠋ᠢᠨ 11 ᠤ ᠡᠳᠦᠷ