ᠡᠯ᠎ᠡ ᠠᠢᠮᠠᠭ ᠬᠣᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠂ ᠡᠯ᠎ᠡ ᠬᠣᠯᠪᠣᠭ᠍ᠳᠠᠯ ᠪᠦᠬᠦᠢ ᠨᠢᠭᠡᠴᠢ᠎ᠳᠦ᠄
《ᠠᠩᠬᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠱᠢᠯᠢᠳᠡᠭ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠱᠠᠩᠨᠠᠯ᠎ᠢ ᠱᠢᠯᠭᠠᠷᠠᠭᠤᠯᠬᠤ ᠠᠵᠢᠯ᠎ᠢ ᠥᠷᠨᠢᠭᠦᠯᠬᠦ᠌ ᠲᠤᠬᠠᠶ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭ᠌ᠳᠡᠯ》 ( ᠪᠠᠢᠭᠠᠯᠢ᠎ᠶ᠋ᠢᠨ ᠡᠬᠢ ᠪᠠᠶᠠᠯᠢᠭ᠎ᠤᠨ ᠠᠯᠪᠠᠨ ᠵᠠᠬᠢᠳᠠᠯ [2025] 1973 ᠳ᠋ᠤᠭ᠋ᠠᠷ ᠲᠤᠭ᠋ᠠᠲᠦ᠂ ᠳᠣᠷᠣᠭ᠍ᠰᠢ 《ᠮᠡᠳᠡᠭ᠌ᠳᠡᠯ》 ᠭᠡᠵᠦ᠍ ᠲᠣᠪᠴᠢᠯᠠᠨ᠎ᠠ ) ᠤᠨ ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠤᠰᠠᠳᠠ᠂ ᠡᠳᠦᠭᠡ ᠬᠤᠯᠪᠣᠭ᠍ᠳᠠᠯ ᠪᠥᠬᠦᠶ ᠵᠦᠢᠯᠡᠰ᠎ᠢ ᠳᠣᠤᠷᠠᠬᠢ ᠮᠡᠲᠦ ᠮᠡᠳᠡᠭ᠌ᠳᠡᠶ᠎ᠡ᠄
ᠨᠢᠭᠡ᠂ ᠱᠢᠯᠭᠠᠷᠠᠭᠤᠯᠬᠤ ᠬᠡᠪᠴᠢᠶ᠎ᠡ ᠵᠢᠴᠢ ᠮᠡᠳᠡᠭᠦᠯᠬᠦ᠌ ᠨᠥᠬᠥᠴᠡᠯ
(ᠨᠢᠭᠡ) ᠲᠦᠷᠦᠯ ᠵᠦᠢ᠍ᠯ᠎ᠦᠨ ᠬᠡᠪᠴᠢᠶ᠎ᠠ
ᠮᠡᠳᠡᠭᠦᠯᠬᠦ ᠦᠷ᠎ᠡ ᠪᠦᠲᠦᠭᠡᠯ᠎ᠨᠢ 《ᠣᠯᠠᠨ ᠵᠢᠷᠤᠮᠵᠢᠭᠤᠯᠬᠤ᠎ᠶᠢ ᠨᠡᠢ᠌ᠯᠡᠭᠦᠯᠵᠦ ᠨᠢᠭᠡ ᠪᠣᠯᠭ᠋ᠠᠬᠤ》 ᠥᠭᠡᠷᠡᠴᠢᠯᠡᠯᠲᠡ᠎ᠶ᠋ᠢᠨ ᠳᠠᠷᠠᠭ᠎ᠠ᠂ 《ᠮᠡᠳᠡᠭ᠌ᠳᠡᠯ》 ᠢ ᠳᠠᠷᠤᠮᠠᠯᠯᠠᠨ ᠲᠠᠷᠬᠠᠭᠠᠬᠤ᠎ᠠᠴᠠ ᠡᠮᠦᠨ᠎ᠡ ᠪᠡᠶᠡᠯᠡᠭᠦᠯᠦᠭ᠌ᠰᠡᠨ ᠪᠥᠭᠡᠳ ᠬᠡᠷᠡᠭ᠌ᠵᠢᠭᠦᠯᠦᠭ᠌ᠰᠡᠨ ᠲᠥᠷᠥᠯ ᠵᠦᠢᠯ ᠪᠠᠢᠬᠤ ᠬᠡᠷᠡᠭ᠌ᠲᠡᠶ᠃ ᠡᠭᠦᠨ᠎ᠳᠦ ᠪᠠᠭ᠍ᠲᠠᠬᠤ ᠨᠢ ᠄
1. ᠡᠷᠬᠡ ᠮᠡᠳᠡᠯ᠎ᠲᠠᠢ ᠪᠠᠢᠭᠤᠯᠭ᠎ᠠ᠎ᠪᠠᠷ ᠵᠥᠪᠱᠢᠶᠡᠷᠡᠭᠦᠯᠦᠭ᠌ᠰᠡᠨ ᠶᠡᠷᠦᠩᠬᠡᠶ ᠲᠥᠯᠥᠪᠵᠢᠭᠦᠯᠭᠡ᠂ ᠨᠠᠷᠢᠨ ᠲᠥᠯᠥᠪᠵᠢᠭᠦᠯᠭᠡ᠂ ᠬᠠᠮᠢᠶ᠎ᠠ ᠪᠥᠬᠦᠶ ᠲᠤᠰᠭᠠᠶ ᠲᠥᠯᠥᠪᠵᠢᠭᠦᠯᠭᠡ ᠵᠡᠷᠭᠡ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠲᠥᠷᠥᠯ᠎ᠤᠨ ᠲᠥᠷᠥᠯ ᠵᠦᠢᠯ;
2. ᠨᠢᠭᠡᠨᠲᠡ ᠲᠣᠭ᠍ᠲᠠᠭᠠᠭ᠍ᠰᠠᠨ ᠵᠢᠷᠤᠮ ᠶᠣᠰᠣᠭᠠᠷ ᠱᠢᠯᠭᠠᠨ ᠠᠪᠬᠤ ᠪᠤᠶᠤ ᠨᠢᠭᠡᠨᠲᠡ ᠳᠠᠷᠤᠮᠠᠯᠯᠠᠨ ᠲᠠᠷᠬᠠᠭᠠᠭ᠍ᠰᠠᠨ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠂ ᠮᠡᠷᠭᠡᠵᠢᠯ᠎ᠤᠨ ᠪᠠᠷᠢᠮᠵᠢᠶ᠎ᠠ ᠵᠡᠷᠭᠡ ᠲᠥᠯᠥᠪᠵᠢᠭᠦᠯᠭᠡ᠎ᠶ᠋ᠢᠨ ᠬᠠᠮᠢᠶᠠᠷᠤᠯᠲᠠ᠎ᠶ᠋ᠢᠨ ᠱᠢᠨ᠎ᠡ᠎ᠶ᠋ᠢ ᠡᠭᠦᠳᠬᠦ᠌ ᠦᠢᠯᠡᠳᠦᠯᠭᠡ᠎ᠶ᠋ᠢᠨ ᠲᠥᠷᠥᠯ᠎ᠤᠨ ᠲᠥᠷᠥᠯ ᠵᠦᠢᠯ;
3. ᠨᠢᠭᠡᠨᠲᠡ ᠲᠣᠭ᠍ᠲᠠᠭᠠᠭ᠍ᠰᠠᠨ ᠵᠢᠷᠤᠮ ᠶᠣᠰᠣᠭᠠᠷ ᠱᠢᠯᠭᠠᠨ ᠠᠪᠬᠤ ᠪᠤᠶᠤ ᠨᠢᠭᠡᠨᠲᠡ ᠬᠡᠪᠯᠡᠭᠦᠯᠬᠦ᠌᠎ᠶ᠋ᠢᠨ ᠬᠠᠮᠲᠤ ᠦᠢᠯᠡᠳᠦᠯᠭᠡ᠎ᠶ᠋ᠢᠨ ᠳᠤᠮᠳᠠ ᠬᠡᠷᠡᠭ᠌ᠯᠡᠬᠦ᠌ ᠲᠥᠯᠥᠪᠵᠢᠭᠦᠯᠭᠡ᠎ᠶ᠋ᠢᠨ ᠤᠨᠤᠯ ᠪᠠ ᠱᠢᠨᠵᠢᠯᠡᠭᠡᠨ᠎ᠤ ᠰᠠᠯᠠᠭ᠎ᠠ᠎ᠶ᠋ᠢᠨ ᠪᠠᠢᠭᠤᠯᠤᠯᠲᠠ᠎ᠶ᠋ᠢᠨ ᠱᠢᠨ᠎ᠡ᠎ᠶ᠋ᠢ ᠡᠭᠦᠳᠬᠦ᠌ ᠦᠢᠯᠡᠳᠦᠯᠭᠡ᠎ᠶ᠋ᠢᠨ ᠲᠥᠷᠥᠯ᠎ᠤᠨ ᠲᠥᠷᠥᠯ ᠵᠦᠢᠯ᠃
(ᠬᠤᠶᠠᠷ) ᠮᠡᠳᠡᠭᠦᠯᠬᠦ᠌ ᠭᠤᠣᠯ ᠴᠣᠭ᠍ᠴᠠ
ᠪᠡᠶ᠎ᠡ᠎ᠪᠠᠨ ᠳᠠᠭᠠᠭᠠᠭ᠍ᠰᠠᠨ ᠬᠠᠤᠯᠢ᠎ᠶ᠋ᠢᠨ ᠡᠷᠬᠡᠲᠡᠨ᠎ᠤ ᠬᠢᠷᠢ ᠬᠡᠮ᠎ᠲᠠᠢ ᠬᠠᠮᠢᠶ᠎ᠠ ᠪᠥᠬᠦᠶ ᠠᠵᠤ ᠠᠬᠤᠢᠯᠠᠯ ᠠᠵᠢᠯ ᠦᠶ᠋ᠯᠡᠰ᠎ᠤᠨ ᠨᠢᠭᠡᠴᠢ᠂ ᠶᠡᠭᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠂ ᠬᠤᠯᠪᠣᠭ᠍ᠳᠠᠯ ᠪᠥᠬᠦᠶ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠳ ᠮᠡᠳᠡᠭᠦᠯᠬᠦ᠌ ᠭᠤᠤᠯ ᠴᠣᠭ᠍ᠴᠠ ᠪᠣᠯᠭᠠᠵᠤ ᠪᠣᠯᠤᠨ᠎ᠠ᠃ ᠮᠡᠳᠡᠭᠦᠯᠬᠦ᠌ ᠠᠵᠢᠯ᠎ᠢ ᠲᠥᠷᠥᠯ ᠵᠦᠢᠯ᠎ᠤᠨ ᠨᠢᠭᠡᠳᠦᠭᠡᠷ ᠪᠡᠶᠡᠯᠡᠭᠦᠯᠦᠭ᠌ᠰᠡᠨ ᠨᠢᠭᠡᠴᠢ᠎ᠠᠴᠠ ᠬᠠᠷᠢᠭᠤᠴᠠᠵᠤ᠂ ᠵᠠᠷᠴᠢᠮ ᠳᠡᠭᠡᠷ᠎ᠡ᠎ᠪᠠᠨ ᠲᠥᠷᠥᠯ ᠵᠦᠢᠯ᠎ᠤᠨ ᠪᠠᠢᠭ᠎ᠠ ᠠᠢᠮᠠᠭ ᠬᠤᠲᠠ᠎ᠪᠠᠷ ᠨᠢᠭᠡᠴᠢ ᠪᠣᠯᠭᠠᠨ ᠮᠡᠳᠡᠭᠦᠯᠦᠨ᠎ᠡ᠃
(ᠭᠤᠷᠪᠠ) ᠮᠡᠳᠡᠬᠦᠯᠬᠦ᠌ ᠨᠦᠬᠦᠴᠡᠯ
ᠬᠥᠬᠡ ᠲᠠᠰ᠎ᠤᠨ ᠬᠣᠲᠠ ᠬᠥᠳᠡᠭᠡ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠬᠢᠷᠢ ᠴᠢᠳᠠᠮᠵᠢ᠎ᠶ᠋ᠢᠨ ᠨᠢᠭᠡᠴᠢ ᠨᠢ ᠨᠢᠭᠡᠳᠦᠭᠡᠷ ᠪᠡᠶᠡᠯᠡᠭᠦᠯᠦᠭ᠌ᠰᠡᠨ ᠨᠢᠭᠡᠴᠢ᠎ᠶ᠋ᠢᠨ ᠬᠤᠪᠢ᠎ᠪᠠᠷ ᠮᠡᠳᠡᠭᠦᠯᠦᠭ᠌ᠰᠡᠨ ᠲᠥᠷᠥᠯ ᠵᠦᠢᠯ᠎ᠦᠨ ᠲᠣᠭ᠎ᠠ ᠬᠡᠮᠵᠢᠶ᠎ᠡ᠎ᠶ᠋ᠢ 6 ᠵᠦᠢᠯ᠎ᠡᠴᠡ ᠬᠡᠲᠦᠷᠡᠭᠦᠯᠵᠦ᠍ ᠪᠣᠯᠬᠤ ᠦᠭᠡᠶ; ᠪᠤᠰᠤᠳ ᠨᠢᠭᠡᠴᠢ ᠨᠢ ᠨᠢᠭᠡᠳᠦᠭᠡᠷ ᠪᠡᠶᠡᠯᠡᠭᠦᠯᠦᠭ᠌ᠰᠡᠨ ᠨᠢᠭᠡᠴᠢ᠎ᠶ᠋ᠢᠨ ᠬᠤᠪᠢ᠎ᠪᠠᠷ ᠮᠡᠳᠡᠭᠦᠯᠦᠭ᠌ᠰᠡᠨ ᠲᠥᠷᠥᠯ ᠵᠦᠢᠯ᠎ᠦᠨ ᠲᠣᠭ᠎ᠠ ᠬᠡᠮᠵᠢᠶ᠎ᠡ᠎ᠶ᠋ᠢ 3 ᠵᠦᠢᠯ᠎ᠡᠴᠡ ᠬᠡᠲᠦᠷᠡᠭᠦᠯᠵᠦ᠍ ᠪᠣᠯᠬᠤ ᠦᠭᠡᠶ ᠃
ᠠᠳᠠᠯᠢ ᠨᠢᠭᠡᠨ ᠲᠥᠷᠥᠯ ᠵᠦᠢᠯ᠎ᠢ ᠵᠥᠪᠬᠡᠨ ᠨᠢᠭᠡ ᠨᠢᠭᠡᠴᠢ᠎ᠪᠠᠷ ᠳᠠᠮᠵᠢᠭᠤᠯᠤᠨ ᠨᠢᠭᠡ ᠤᠳᠠᠭ᠎ᠠ ᠮᠡᠳᠡᠭᠦᠯᠵᠦ᠍᠂ ᠠᠳᠠᠯᠢ ᠪᠤᠰᠤ ᠠᠷᠭ᠎ᠠ ᠵᠠᠮ᠎ᠢᠶᠠᠷ ᠳᠠᠬᠢᠨ ᠳᠠᠪᠲᠠᠨ ᠮᠡᠳᠡᠭᠦᠯᠵᠦ᠍ ᠪᠣᠯᠬᠤ ᠥᠬᠡᠶ᠃ ᠪᠦᠬᠦ᠌ ᠲᠥᠷᠥᠯ ᠵᠦᠢᠯ ᠢ ᠨᠢ ᠮᠡᠳᠡᠭᠦᠯᠬᠦ᠌ ᠦᠶᠡᠰ ᠂ ᠲᠡᠭᠦᠨ᠎ᠦ ᠬᠤᠪᠢᠶᠠᠷᠢ ᠲᠥᠷᠥᠯ ᠵᠦᠢᠯ ᠪᠤᠶᠤ ᠲᠥᠷᠥᠯ ᠵᠦᠢᠯ ᠬᠤᠪᠢᠶᠠᠭᠠᠳ ᠳᠠᠬᠢᠵᠤ ᠠᠰ ᠲᠤᠨᠢ ᠮᠡᠳᠡᠭᠦᠯᠵᠦ᠍ ᠪᠣᠯᠬᠤ ᠦᠭᠡᠶ ᠃
ᠬᠤᠶᠠᠷ᠂ ᠮᠡᠳᠡᠭᠦᠯᠬᠦ᠌ ᠳᠡᠰ ᠳᠠᠷᠠᠭᠠᠯᠠᠯ ᠵᠢᠴᠢ ᠴᠠᠭ᠎ᠤᠨ ᠲᠣᠬᠢᠷᠠᠭᠤᠯᠤᠯᠲᠠ
(ᠨᠢᠭᠡ) ᠮᠡᠳᠡᠭᠦᠯᠬᠦ᠌ ᠪᠡᠯᠡᠳᠭᠡᠯ ᠱᠠᠲᠤ ᠦᠶ᠎ᠡ ( 9 ᠳ᠋ᠦ᠍ᠭᠡᠷ ᠰᠠᠷ᠎ᠠ᠎ᠶ᠋ᠢᠨ 26 ᠤ ᠡᠳᠦᠷ᠎ᠠᠴᠠ ᠡᠮᠦᠨ᠎ᠡ )
ᠮᠡᠳᠡᠭᠦᠯᠬᠦ᠌ ᠨᠢᠭᠡᠴᠢ᠎ᠨᠢ 《ᠮᠡᠳᠡᠭ᠌ᠳᠡᠯ》 ᠤᠨ ᠱᠠᠭᠠᠷᠳᠠᠯᠭ᠎ᠠ ᠶᠣᠰᠤᠭᠠᠷ ᠮᠠᠲ᠋ᠧᠷᠢᠶᠠᠯ ᠪᠡᠯᠡᠳᠭᠡᠵᠦ᠍᠂ 《ᠮᠡᠳᠡᠭ᠌ᠳᠡᠯ》 ᠳᠤ ᠲᠣᠭ᠍ᠲᠠᠭᠠᠭ᠍ᠰᠠᠨ ᠢᠯᠡ ᠨᠡᠢᠲᠡᠯᠡᠬᠦ᠌ ᠵᠡᠷᠭᠡ ᠳᠡᠰ ᠳᠠᠷᠠᠭᠠᠯᠠᠯ᠎ᠢ ᠭᠦᠢᠴᠡᠳᠭᠡᠭ᠌ᠰᠡᠨᠤ ᠳᠠᠷᠠᠭ᠎ᠠ᠂ ᠲᠠᠨᠢᠯᠴᠠᠭᠤᠯᠬᠤ ᠡᠷᠬᠡ ᠮᠡᠳᠡᠯ᠎ᠲᠠᠢ ᠰᠠᠯᠠᠭ᠎ᠠ ᠮᠦᠴᠢᠷ ᠪᠣᠶᠣ ᠨᠢᠭᠡᠴᠢ᠎ᠳᠤ ᠠᠩᠬ᠎ᠠ ᠬᠢᠨᠠᠭᠤᠯᠬᠤ᠎ᠪᠠᠷ ᠲᠤᠱᠢᠶᠠᠬᠤ ᠬᠡᠷᠡᠭ᠌ᠲᠡᠢ᠃
(ᠬᠤᠶᠠᠷ) ᠠᠩᠬ᠎ᠠ ᠬᠢᠨᠠᠯᠲᠠ ᠲᠠᠯᠪᠢᠵᠤ ᠲᠠᠨᠢᠯᠴᠠᠭᠤᠯᠬᠤ ᠱᠠᠲᠤ ᠦᠶ᠎ᠡ (10 ᠳ᠋ᠤᠭᠠᠷ ᠰᠠᠷ᠎ᠠ᠎ᠶ᠋ᠢᠨ 13 ᠤ ᠡᠳᠦᠷ᠎ᠡᠴᠡ ᠡᠮᠦᠨ᠎ᠡ )
1. ᠠᠢᠮᠠᠭ ᠬᠣᠲᠠ᠎ᠶ᠋ᠢᠨ ᠬᠡᠪᠴᠢᠶᠡᠨ ᠳᠣᠲᠣᠷ᠎ᠠ ᠥᠷᠨᠢᠭᠦᠯᠬᠦ᠌ ᠲᠥᠷᠥᠯ ᠵᠦᠢᠯ᠎ᠢ ᠡᠯ᠎ᠡ ᠠᠢᠮᠠᠭ ᠬᠣᠲᠠ ᠬᠢᠭᠡᠳ ᠮᠠᠨᠵᠤᠤᠷ ᠬᠣᠲᠠ᠂ ᠡᠷᠢᠶᠡᠨ ᠬᠣᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠠᠴᠠ ᠠᠩᠬ᠎ᠠ ᠬᠢᠨᠠᠬᠤ᠎ᠶ᠋ᠢ ᠵᠣᠬᠢᠶᠠᠨ ᠪᠠᠢᠭᠤᠯᠤᠨ᠎ᠠ᠃ ᠡᠯ᠎ᠡ ᠠᠢᠮᠠᠭ ᠬᠤᠲᠠ᠎ᠶ᠋ᠢᠨ ᠲᠠᠨᠢᠯᠴᠠᠭᠤᠯᠬᠤ ᠲᠥᠷᠥᠯ ᠵᠦᠢᠯ᠎ᠤᠨ ᠲᠤᠭ᠎ᠠ ᠬᠡᠮᠵᠢᠶ᠎ᠡ᠎ᠶ᠋ᠢ 6 ᠵᠦᠢᠯ᠎ᠠᠴᠠ ᠬᠡᠲᠦᠷᠡᠭᠦᠯᠵᠦ᠍ ᠪᠣᠯᠬᠤ ᠦᠭᠡᠢ᠃
2. ᠥᠪᠡᠷᠲᠡᠭᠡᠨ ᠵᠠᠰᠠᠬᠤ ᠣᠷᠣᠨ᠎ᠤ ᠬᠤᠯᠪᠣᠭ᠍ᠳᠠᠯ ᠪᠦᠬᠦᠢ ᠰᠠᠯᠠᠭ᠎ᠠ ᠮᠥᠴᠢᠷ ᠪᠤᠶᠤ ᠨᠢᠭᠡᠴᠢ᠎ᠶ᠋ᠢᠨ ᠱᠢᠯᠢᠳᠡᠭ᠎ᠢ᠎ᠨᠢ ᠰᠣᠩᠭᠤᠨ ᠲᠣᠰ ᠠᠵᠢᠯ ᠲᠥᠷᠥᠯ᠂ ᠲᠣᠰ ᠬᠦᠷᠢᠶᠡᠨ᠎ᠳᠤ ᠬᠥᠲᠥᠯᠥᠨ ᠳᠠᠭᠠᠭᠤᠯᠬᠤ ᠴᠢᠨᠠᠷᠲᠠᠶ ᠪᠠ ᠲᠡᠷᠢᠭᠦᠨ᠎ᠤ ᠬᠢᠷᠢ ᠲᠦᠪᠱᠢᠨ᠎ᠲᠠᠢ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠲᠠᠯ᠎ᠠ᠎ᠶ᠋ᠢᠨ ᠱᠢᠯᠢᠳᠡᠭ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠭ᠍ᠰᠠᠨ ᠦᠷ᠎ᠡ ᠪᠦᠲᠦᠭᠡᠯ᠂ ᠲᠥᠯᠥᠪᠵᠢᠭᠦᠯᠭᠡ᠎ᠶ᠋ᠢᠨ ᠬᠠᠮᠢᠶᠠᠷᠤᠯᠲᠠ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠦᠭ᠌ᠰᠡᠨ ᠦᠢᠯᠡᠳᠦᠯᠭᠡ᠎ᠶ᠋ᠢᠨ ᠦᠷ᠎ᠡ ᠪᠦᠲᠦᠭᠡᠯ᠎ᠢ ᠲᠠᠨᠢᠯᠴᠠᠭᠤᠯᠵᠤ᠂ ᠶᠡᠷᠦᠩᠬᠡᠶ ᠲᠤᠭ᠎ᠠ᠎ᠶ᠋ᠢ 3 ᠵᠦᠢᠯ᠎ᠠᠴᠠ ᠬᠡᠲᠦᠷᠡᠭᠦᠯᠵᠦ᠍ ᠪᠣᠯᠬᠤ ᠥᠬᠡᠶ;
3. ᠥᠪᠡᠷᠲᠡᠭᠡᠨ ᠵᠠᠰᠠᠬᠤ ᠣᠷᠣᠨ᠎ᠤ ᠬᠤᠯᠪᠣᠭ᠍ᠳᠠᠯ ᠪᠦᠬᠦᠢ ᠶᠡᠭᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠨᠢ ᠱᠢᠯᠢᠳᠡᠭ᠎ᠢ᠎ᠨᠢ ᠰᠣᠩᠭᠤᠨ ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠢ᠎ᠶ᠋ᠢᠨ ᠲᠥᠯᠥᠪᠵᠢᠭᠦᠯᠭᠡ᠎ᠶ᠋ᠢᠨ ᠲᠠᠯ᠎ᠠ᠎ᠶ᠋ᠢᠨ ᠱᠢᠯᠢᠳᠡᠭ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠭ᠍ᠰᠠᠨ ᠦᠷ᠎ᠡ ᠪᠦᠲᠦᠭᠡᠯ᠂ ᠲᠥᠯᠥᠪᠵᠢᠭᠦᠯᠭᠡ᠎ᠶ᠋ᠢᠨ ᠤᠨᠤᠯ ᠪᠠ ᠱᠢᠨᠵᠢᠯᠡᠭᠡᠨ᠎ᠤ ᠰᠠᠯᠠᠭ᠎ᠠ᠎ᠶ᠋ᠢᠨ ᠪᠠᠢᠭᠤᠯᠤᠯᠲᠠ᠎ᠶ᠋ᠢᠨ ᠱᠢᠨ᠎ᠡ᠎ᠶ᠋ᠢ ᠡᠭᠦᠳᠦᠭ᠌ᠰᠡᠨ ᠦᠢᠯᠡᠳᠦᠯᠭᠡ᠎ᠶ᠋ᠢᠨ ᠦᠷ᠎ᠡ ᠪᠦᠲᠦᠭᠡᠯ᠎ᠢ ᠲᠠᠨᠢᠯᠴᠠᠭᠤᠯᠵᠤ᠂ ᠶᠡᠷᠦᠩᠬᠡᠢ ᠲᠤᠭ᠎ᠠ᠎ᠶ᠋ᠢ 3 ᠵᠦᠢᠯ᠎ᠠᠴᠠ ᠬᠡᠲᠦᠷᠡᠭᠦᠯᠵᠦ᠍ ᠪᠣᠯᠬᠤ ᠦᠭᠡᠢ᠃
ᠠᠩᠬᠠᠨ᠎ᠤ ᠬᠢᠨᠠᠨ ᠬᠠᠷᠭᠤᠭᠤᠯᠵᠤ ᠲᠠᠨᠢᠯᠴᠠᠭᠤᠯᠬᠤ ᠠᠵᠢᠯ᠎ᠢ 2025 ᠣᠨ᠎ᠤ 10 ᠳ᠋ᠤᠭᠠᠷ ᠰᠠᠷ᠎ᠠ᠎ᠶ᠋ᠢᠨ 11 ᠤ ᠡᠳᠦᠷ᠎ᠠᠴᠠ ᠡᠮᠦᠨ᠎ᠡ ᠪᠡᠶᠡᠯᠡᠭᠦᠯᠬᠦ᠌᠎ᠶ᠋ᠢᠨ ᠬᠠᠮᠲᠤ᠌᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠳᠤ ᠲᠠᠨᠢᠯᠴᠠᠭᠤᠯᠬᠤ ᠵᠠᠬᠢᠳᠠᠯ ᠵᠢᠴᠢ ᠮᠡᠳᠡᠭᠦᠯᠬᠦ᠌ ᠲᠥᠷᠥᠯ ᠵᠦᠢᠯ᠎ᠤᠨ ᠮᠡᠳᠡᠭᠡ ᠵᠠᠩᠭᠢ᠎ᠶ᠋ᠢᠨ ᠬᠤᠷᠢᠶᠠᠩᠭᠤᠶ ᠬᠦᠰᠦᠨᠦᠭ᠌ᠲᠦ (ᠳᠠᠭᠠᠯᠳᠤᠭᠤᠯᠤᠯ 2) ᠶ᠋ᠢ ᠮᠡᠳᠡᠭᠦᠯᠦᠨ ᠬᠦᠷᠭᠡᠬᠦ᠌ ᠬᠡᠷᠡᠭ᠌ᠲᠡᠶ᠃ ᠲᠠᠨᠢᠯᠴᠠᠭᠤᠯᠬᠤ ᠵᠠᠬᠢᠳᠠᠯ᠎ᠢᠶᠠᠷ ᠲᠥᠷᠥᠯ ᠵᠦᠢᠯ᠎ᠤᠨ ᠨᠡᠷᠡᠢᠳᠦᠯ᠂ ᠡᠭᠦᠷᠭᠡᠯᠡᠬᠦ᠌ ᠨᠢᠭᠡᠴᠢ᠎ᠶ᠋ᠢᠨ ᠨᠡᠷᠡᠢᠳᠦᠯ᠂ ᠲᠣᠪᠴᠢ ᠬᠡᠷᠡᠭ᠌ᠵᠢᠭᠦᠯᠬᠦ᠌ ᠦᠷ᠎ᠡ ᠪᠦᠲᠦᠮᠵᠢ᠂ ᠲᠠᠨᠢᠯᠴᠠᠭᠤᠯᠬᠤ ᠱᠢᠯᠲᠠᠭᠠᠨ ᠵᠡᠷᠭᠡ᠎ᠶ᠋ᠢ ᠲᠣᠳᠣᠷᠬᠠᠢᠯᠠᠬᠤ ᠬᠡᠷᠡᠭ᠌ᠲᠡᠶ᠃ ᠡᠭᠦᠨ᠎ᠳᠤ᠂ ᠠᠢᠮᠠᠭ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠲᠠᠨᠢᠯᠴᠠᠭᠤᠯᠬᠤ ᠵᠠᠬᠢᠳᠠᠯ᠎ᠨᠢ ᠪᠠᠰᠠ ᠲᠠᠨᠢᠯᠴᠠᠭᠤᠯᠬᠤ ᠲᠥᠷᠥᠯ ᠵᠦᠢᠯ᠎ᠢ ᠵᠢᠭ᠍ᠰᠠᠭᠠᠨ᠎ᠠ᠃ ᠲᠥᠷᠥᠯ ᠵᠦᠢᠯ᠎ᠤᠨ ᠮᠡᠳᠡᠭᠡ ᠵᠠᠩᠭᠢ᠎ᠶ᠋ᠢ ᠭᠤᠶᠤᠴᠢᠯᠠᠨ ᠮᠡᠳᠡᠭᠦᠯᠬᠦ᠌ ᠶᠡᠷᠦᠩᠬᠡᠶ ᠬᠦᠰᠦᠨᠦᠭ᠌ᠲᠦ (ᠲᠠᠨᠢᠯᠴᠠᠭᠤᠯᠬᠤ ᠵᠢᠭ᠍ᠰᠠᠭᠠᠯᠲᠠ᠎ᠪᠠᠷ ᠲᠠᠭ᠍ᠯᠠᠨ ᠮᠡᠳᠡᠭᠦᠯᠬᠦ᠌) ᠨᠢ ᠲᠠᠨᠢᠯᠴᠠᠭᠤᠯᠬᠤ ᠨᠢᠭᠡᠴᠢ᠎ᠶ᠋ᠢᠨ ᠠᠯᠪᠠᠨ ᠲᠠᠮᠠᠭ᠎ᠠ᠎ᠶ᠋ᠢ ᠳᠠᠷᠤᠬᠤ ᠬᠡᠷᠡᠭ᠌ᠲᠡᠶ᠃
ᠭᠤᠶᠤᠴᠢᠯᠠᠨ ᠮᠡᠳᠡᠭᠦᠯᠬᠦ᠌ ᠨᠢᠭᠡᠴᠢ᠎ᠨᠢ ᠲᠠᠨᠢᠯᠴᠠᠭᠤᠯᠬᠤ ᠵᠠᠬᠢᠳᠠᠯ ᠣᠯᠤᠭ᠍ᠰᠠᠨ᠎ᠤ ᠳᠠᠷᠠᠭ᠎ᠠ᠂ 2025 ᠣᠨ᠎ᠤ 10 ᠳ᠋ᠤᠭᠠᠷ ᠰᠠᠷ᠎ᠠ᠎ᠶ᠋ᠢᠨ 13 ᠤ ᠡᠳᠦᠷ (ᠪᠠᠭ᠍ᠲᠠᠨ᠎ᠠ) ᠠᠴᠠ ᠡᠮᠦᠨ᠎ᠡ ᠬᠤᠯᠪᠣᠭ᠍ᠳᠠᠯ ᠪᠥᠬᠦᠶ ᠮᠠᠲ᠋ᠧᠷᠢᠶᠠᠯ᠎ᠢ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠳᠤ ᠮᠡᠳᠡᠭᠦᠯᠦᠨ ᠬᠦᠷᠭᠡᠬᠦ᠌ ᠬᠡᠷᠡᠭ᠌ᠲᠡᠢ᠃ ᠬᠤᠭᠤᠴᠠᠭ᠎ᠠ ᠨᠢ ᠦᠩᠭᠡᠷᠡᠪᠡᠯ ᠬᠦᠯᠢᠶᠡᠨ ᠠᠪᠴᠤ᠌ ᠱᠢᠢᠳᠪᠦᠷᠢᠯᠡᠬᠦ᠌᠎ᠦᠭᠡᠢ᠃
(ᠭᠤᠷᠪᠠ) ᠥᠪᠡᠷᠲᠡᠭᠡᠨ ᠵᠠᠰᠠᠬᠤ ᠣᠷᠣᠨ᠎ᠤ ᠬᠢᠨᠠᠨ ᠲᠣᠭ᠍ᠲᠠᠭᠠᠬᠤ ᠱᠠᠲᠤ ᠦᠶ᠎ᠡ (10 ᠳ᠋ᠤᠭᠠᠷ ᠰᠠᠷ᠎ᠠ᠎ᠶ᠋ᠢᠨ 25 ᠤ ᠡᠳᠦᠷ ᠡᠴᠡ ᠡᠮᠦᠨ᠎ᠡ )
ᠮᠠᠨ᠎ᠤ ᠲᠢᠩᠬᠢᠮ ᠬᠤᠯᠪᠣᠭ᠍ᠳᠠᠯ ᠪᠦᠬᠦᠢ ᠲᠥᠯᠥᠪᠵᠢᠭᠦᠯᠭᠡ᠎ᠶ᠋ᠢᠨ ᠠᠵᠢᠯ ᠲᠥᠷᠥᠯ᠎ᠤᠨ ᠵᠣᠬᠢᠶᠠᠨ ᠪᠠᠢᠭᠤᠯᠤᠯᠲᠠ᠂ ᠬᠤᠯᠪᠣᠭ᠍ᠳᠠᠯ ᠪᠦᠬᠦᠢ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠵᠤ ᠲᠠᠨᠢᠯᠴᠠᠭᠤᠯᠤᠭ᠍ᠰᠠᠨ ᠲᠥᠷᠥᠯ ᠵᠦᠢᠯ᠎ᠢ ᠬᠢᠨᠠᠨ ᠪᠠᠢᠴᠠᠭᠠᠬᠤ ᠪᠠ ᠬᠢᠨᠠᠨ ᠲᠣᠭ᠍ᠲᠠᠭᠠᠨ᠎ᠠ᠃ ᠮᠡᠳᠡᠭᠦᠯᠬᠦ᠌ ᠨᠢᠭᠡᠴᠢ᠎ᠨᠢ ᠲᠤᠱᠢᠶᠠᠭ᠍ᠰᠠᠨ ᠮᠠᠲ᠋ᠧᠷᠢᠶᠠᠯ᠎ᠢ᠎ᠨᠢ ᠬᠠᠷᠢᠭᠤᠴᠠᠵᠤ᠂ ᠬᠢᠨᠠᠨ ᠲᠣᠭ᠍ᠲᠠᠭᠠᠬᠤ ᠠᠵᠢᠯ ᠡᠬᠢᠯᠡᠭ᠌ᠰᠡᠨ᠎ᠤ ᠳᠠᠷᠠᠭ᠎ᠠ ᠮᠡᠳᠡᠭᠦᠯᠬᠦ᠌ ᠮᠠᠲ᠋ᠧᠷᠢᠶᠠᠯ᠎ᠳᠤ ᠳᠠᠬᠢᠨ ᠵᠠᠰᠠᠪᠤᠷᠢ ᠣᠷᠣᠭᠤᠯᠬᠤ ᠪᠤᠶᠤ ᠲᠣᠬᠢᠷᠠᠭᠤᠯᠤᠯᠲᠠ ᠬᠢᠵᠦ᠍ ᠪᠣᠯᠬᠤ ᠥᠬᠡᠶ᠂ ᠡᠭᠦᠨ᠎ᠠᠴᠠ ᠪᠣᠯᠤᠭ᠍ᠰᠠᠨ ᠦᠷ᠎ᠡ ᠳ᠋ᠦᠩ᠎ᠢ ᠮᠡᠳᠡᠭᠦᠯᠦᠭ᠌ᠰᠡᠨ ᠨᠢᠭᠡᠴᠢ ᠡᠭᠦᠷᠭᠡᠯᠡᠨ᠎ᠡ᠃
ᠮᠠᠨ᠎ᠤ ᠲᠢᠩᠬᠢᠮ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠲᠣᠭ᠍ᠲᠠᠭᠠᠭ᠍ᠰᠠᠨ ᠲᠠᠨᠢᠯᠴᠠᠭᠤᠯᠬᠤ ᠣᠷᠣᠨ ᠲᠤᠭ᠎ᠠ᠎ᠶ᠋ᠢᠨ ᠲᠤᠭ᠎ᠠ᠎ᠶ᠋ᠢ ᠦᠨᠳᠦᠰᠦᠯᠡᠨ᠂ ᠬᠢᠨᠠᠨ ᠲᠣᠭ᠍ᠲᠠᠭᠠᠭ᠍ᠰᠠᠨ ᠦᠷ᠎ᠡ ᠳ᠋ᠦᠩ᠎ᠤᠨ ᠲᠠᠰ ᠳᠠᠷᠠᠭᠠᠯᠠᠯ᠎ᠢᠶᠠᠷ ᠲᠠᠨᠢᠯᠴᠠᠭᠤᠯᠬᠤ᠎ᠪᠠᠷ ᠪᠠᠢᠭ᠎ᠠ ᠲᠥᠷᠥᠯ ᠵᠦᠢᠯ᠎ᠢ ᠲᠣᠭ᠍ᠲᠠᠭᠠᠬᠤ᠎ᠶ᠋ᠢᠨ ᠬᠠᠮᠲᠤ ᠲᠢᠩᠬᠢᠮ᠎ᠤᠨ ᠠᠯᠪᠠᠨ᠎ᠤ ᠰᠦᠯᠵᠢᠶᠡᠨ ᠳᠡᠭᠡᠷ᠎ᠡ 5 ᠠᠵᠢᠯᠯᠠᠬᠤ ᠡᠳᠦᠷ᠎ᠢ ᠵᠠᠷᠯᠠᠨ ᠨᠡᠢᠲᠡᠯᠡᠨ᠎ᠡ᠃ ᠢᠯᠡ ᠨᠡᠢᠳᠡᠯᠡᠭᠡᠳ ᠣᠨᠳᠣᠥ ᠰᠠᠨᠠᠯ ᠦᠭᠡᠢ ᠪᠠᠢᠪᠠᠯ᠂ ᠮᠠᠨ᠎ᠤ ᠲᠢᠩᠬᠢᠮ᠎ᠠᠴᠠ ᠰᠣᠩᠭᠤᠨ ᠲᠠᠨᠢᠯᠴᠠᠭᠤᠯᠤᠭ᠍ᠰᠠᠨ ᠨᠡᠷᠡᠰ᠎ᠢ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠳᠤ ᠮᠡᠳᠡᠭᠦᠯᠦᠨ ᠬᠦᠷᠭᠡᠬᠦ᠌ ᠬᠡᠷᠡᠭ᠌ᠲᠡᠢ᠃ ᠮᠡᠳᠡᠭᠦᠯᠬᠦ᠌ ᠨᠢᠭᠡᠴᠢ᠎ᠨᠢ 《ᠮᠡᠳᠡᠭ᠌ᠳᠡᠯ》 ᠤᠨ ᠱᠠᠭᠠᠷᠳᠠᠯᠭ᠎ᠠ ᠶᠣᠰᠣᠭᠠᠷ ᠰᠦᠯᠵᠢᠶᠡᠨ ᠳᠡᠭᠡᠷ᠎ᠡ ᠮᠡᠳᠡᠭᠦᠯᠬᠦ᠌ ᠠᠵᠢᠯ᠎ᠢ ᠪᠡᠶᠡᠯᠡᠭᠦᠯᠬᠦ᠌ ᠬᠡᠷᠡᠭ᠌ᠲᠡᠶ᠃
ᠭᠤᠷᠪᠠ᠂ ᠮᠡᠳᠡᠭᠦᠯᠦᠨ ᠬᠦᠷᠭᠡᠬᠦ᠌ ᠮᠠᠲ᠋ᠧᠷᠢᠶᠠᠯ᠎ᠤᠨ ᠱᠠᠭᠠᠷᠳᠠᠯᠭ᠎ᠠ
(ᠨᠢᠭᠡ) ᠴᠠᠭᠠᠰᠤᠨ ᠬᠡᠪᠯᠡᠯ᠎ᠤᠨ ᠮᠠᠲ᠋ᠧᠷᠢᠶᠠᠯ
ᠲᠥᠷᠥᠯ ᠵᠦᠢᠯ ᠮᠡᠳᠡᠭᠦᠯᠬᠦ᠌ ᠮᠡᠳᠡᠭᠡ ᠵᠠᠩᠭᠢ᠎ᠶ᠋ᠢᠨ ᠬᠦᠰᠦᠨᠦᠭ᠌ᠲᠦ (《ᠮᠡᠳᠡᠭ᠌ᠳᠡᠯ》 ᠦᠨ ᠳᠠᠭᠠᠯᠳᠤᠭᠤᠯᠤᠯ ᠬᠦᠰᠦᠨᠦᠭ᠌ᠲᠦ᠍᠎ᠳᠦ ᠨᠠᠷᠢᠨ ᠦᠵᠡ 1- 6᠂ A4 ᠭᠠᠭᠴᠠ ᠲᠠᠯᠠᠲᠦ ᠳᠠᠷᠤᠮᠯᠠᠨ ᠦᠳᠡᠨ᠎ᠡ )᠂ ᠦᠷ᠎ᠡ ᠪᠦᠲᠦᠭᠡᠯ᠎ᠦᠨ ᠪᠢᠴᠢᠭ ᠮᠠᠲ᠋ᠧᠷᠢᠶᠠᠯ (A4 ᠬᠡᠪᠯᠡᠯ᠂ ᠬᠤᠶᠠᠷ ᠲᠠᠯᠠᠲᠦ ᠳᠠᠷᠤᠮᠯᠠᠨ ᠦᠳᠡᠨ᠎ᠡ )᠃
(ᠬᠤᠶᠠᠷ) ᠡᠯᠧᠺᠲᠷᠣᠨ ᠬᠡᠪᠯᠡᠯ᠎ᠤᠨ ᠮᠠᠲ᠋ᠧᠷᠢᠶᠠᠯ
ᠮᠡᠳᠡᠭᠦᠯᠬᠦ᠌ ᠲᠥᠷᠥᠯ ᠵᠦᠶ᠋ᠯ᠎ᠤᠨ ᠮᠡᠳᠡᠭᠡ ᠵᠠᠩᠭᠢ᠎ᠶ᠋ᠢᠨ ᠬᠤᠷᠢᠶᠠᠩᠭᠤᠶ ᠬᠦᠰᠦᠨᠦᠭ᠌ᠲᠦ (ᠳᠠᠭᠠᠯᠳᠤᠭᠤᠯᠤᠯ 2 ᠢ ᠨᠠᠷᠢᠨ ᠦᠵᠡᠭᠡᠷᠡᠶ)᠂ ᠲᠥᠷᠥᠯ ᠵᠦᠶ᠋ᠯ᠎ᠤᠨ ᠮᠡᠳᠡᠭᠦᠯᠬᠦ᠌ ᠮᠡᠳᠡᠭᠡ ᠵᠠᠩᠭᠢ᠎ᠶ᠋ᠢᠨ ᠬᠦᠰᠦᠨᠦᠭ᠌ᠲᠦ ( 《ᠮᠡᠳᠡᠭ᠌ᠳᠡᠯ》 ᠤᠨ ᠳᠠᠭᠠᠯᠳᠤᠭᠤᠯᠤᠯ᠎ᠤᠨ ᠬᠦᠰᠦᠨᠦᠭ᠌ᠲᠦ᠍1-6 ᠶ᠋ᠢ ᠨᠠᠷᠢᠨ ᠦᠵᠡᠭᠡᠷᠡᠶ)᠂ ᠦᠷ᠎ᠡ ᠪᠦᠲᠦᠭᠡᠯ᠎ᠤᠨ ᠪᠢᠴᠢᠭ ᠮᠠᠲ᠋ᠧᠷᠢᠶᠠᠯ᠂ ᠦᠷ᠎ᠡ ᠪᠦᠲᠦᠭᠡᠯ᠎ᠤᠨ ᠦᠵᠡᠭᠦᠯᠭᠡ᠎ᠶ᠋ᠢᠨ ᠪᠢᠴᠢᠭ ᠮᠠᠲ᠋ᠧᠷᠢᠶᠠᠯ ( MP4 ᠵᠠᠭ᠍ᠪᠤᠷ᠂ ᠶᠡᠭᠡ ᠪᠠᠭ᠎ᠠ᠎ᠨᠢ 200M ᠠᠴᠠ ᠬᠡᠲᠦᠷᠡᠭᠦᠯᠬᠦ᠌ ᠥᠬᠡᠶ᠂ ᠢᠯᠭ᠋ᠠᠮᠵᠢ᠎ᠶ᠋ᠢᠨ ᠨᠣᠷᠮ᠎ᠠ᠎ᠶ᠋ᠢ 1280*720 ᠠᠴᠠ ᠬᠡᠲᠦᠷᠡᠭᠦᠯᠵᠦ᠍ ᠪᠣᠯᠬᠤ ᠥᠬᠡᠶ᠂ ᠨᠡᠪᠲᠡᠷᠡᠭᠦᠯᠬᠦ᠌ ᠴᠠᠭ᠎ᠤᠨ ᠬᠢᠵᠠᠭᠠᠷ᠎ᠢ 8 ᠮᠢᠨᠦ᠋ᠲ᠎ᠠᠴᠠ ᠬᠡᠲᠦᠷᠡᠭᠦᠯᠵᠦ᠍ ᠪᠣᠯᠬᠤ ᠥᠬᠡᠶ )᠂ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ( PDF ᠬᠡᠯᠪᠡᠷᠢ ) ᠢ ᠨᠠᠷᠢᠨ ᠦᠵᠡᠭᠡᠷᠡᠶ᠃ ᠡᠯᠧᠺᠲᠷᠣᠨ ᠬᠡᠪᠯᠡᠯ᠎ᠤᠨ ᠮᠠᠲ᠋ᠧᠷᠢᠶᠠᠯ᠎ᠢ 《ᠲᠥᠷᠥᠯ ᠵᠦᠢᠯ᠎ᠤᠨ ᠨᠡᠷᠡᠢᠳᠦᠯ — ᠬᠦᠰᠦᠨᠦᠭ᠌ᠲᠦ᠍᠎ᠶ᠋ᠢᠨ ᠨᠡᠷᠡᠢᠳᠦᠯ — ᠳᠠᠭᠠᠯᠳᠤᠭᠤᠯᠤᠯ ᠨᠡᠷᠡᠢᠳᠦᠯ ( ᠬᠡᠷᠪᠡ ᠪᠠᠢ᠌ᠪᠠᠯ )》 ᠤᠨ ᠶᠣᠰᠣᠭᠠᠷ ᠨᠢᠭᠡᠳᠦᠯᠲᠡᠶ ᠨᠡᠷᠡᠢᠳᠴᠦ᠍᠂ ᠠᠪᠴᠢᠭᠤᠯᠤᠭᠰᠠᠨ ᠪᠢᠴᠢᠭ ᠮᠠᠲ᠋ᠧᠷᠢᠶᠠᠯ᠎ᠤᠨ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠱᠢᠨᠵᠢᠯᠡᠭᠡᠨ᠎ᠤ ᠨᠡᠢᠭᠡᠮᠯᠢᠭ᠎ᠤᠨ ᠱᠢᠦᠳᠠᠨ ᠬᠠᠢᠷᠴᠠᠭ nmggkhxh@163.com᠎ᠳᠤ ᠶᠠᠪᠤᠭᠤᠯᠤᠭ᠋ᠠᠷᠠᠢ᠃
ᠳᠥᠷᠪᠡ᠂ ᠪᠤᠰᠤᠳ ᠱᠠᠭᠠᠷᠳᠠᠯᠭ᠎ᠠ
ᠡᠯ᠎ᠡ ᠮᠡᠳᠡᠭᠦᠯᠬᠦ᠌ ᠨᠢᠭᠡᠴᠢ᠎ᠨᠦᠭᠦᠳ 《ᠮᠡᠳᠡᠭ᠌ᠳᠡᠯ》 ᠪᠠ ᠥᠪᠡᠷᠲᠡᠭᠡᠨ ᠵᠠᠰᠠᠬᠤ ᠣᠷᠣᠨ᠎ᠤ ᠱᠠᠭᠠᠷᠳᠠᠯᠭ᠎ᠠ ᠶᠣᠰᠣᠭᠠᠷ ᠮᠡᠳᠡᠭᠦᠯᠬᠦ᠌ ᠮᠠᠲ᠋ᠧᠷᠢᠶᠠᠯ᠎ᠢ ᠵᠣᠬᠢᠶᠠᠨ ᠪᠠᠢᠭᠤᠯᠵᠤ᠂ ᠮᠡᠳᠡᠭᠦᠯᠬᠦ᠌ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ᠎ᠢ ᠦᠨᠡᠨ ᠬᠦ᠌ ᠪᠠᠲᠤᠯᠠᠬᠤ ᠬᠡᠷᠡᠭ᠌ᠲᠡᠶ᠃ ᠢᠯᠡ ᠨᠡᠢᠲᠡᠯᠡᠬᠦ᠌ ᠳᠡᠰ ᠳᠠᠷᠠᠭᠠᠯᠠᠯ᠎ᠢ ᠴᠢᠩᠭ᠎ᠠ ᠭᠦᠢᠴᠡᠳᠭᠡᠬᠦ᠌ ᠬᠡᠷᠡᠭ᠌ᠲᠡᠶ᠃ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ᠂ 《ᠣᠯᠠᠨ ᠵᠢᠷᠤᠮᠵᠢᠭᠤᠯᠬᠤ᠎ᠶᠢ ᠨᠡᠢ᠌ᠯᠡᠭᠦᠯᠵᠦ ᠨᠢᠭᠡ ᠪᠣᠯᠭ᠋ᠠᠬᠤ》 ᠥᠭᠡᠷᠡᠴᠢᠯᠡᠯᠲᠡ᠎ᠶ᠋ᠢᠨ ᠵᠣᠷᠢᠭ ᠰᠠᠨᠠᠭ᠎ᠠ᠎ᠶ᠋ᠢ ᠵᠥᠷᠢᠴᠡᠭ᠌ᠰᠡᠨ ᠲᠥᠷᠥᠯ ᠵᠦᠢᠯ᠎ᠢ ᠮᠡᠳᠡᠭᠦᠯᠵᠦ᠍ ᠪᠣᠯᠬᠤ ᠥᠬᠡᠶ᠃ ᠨᠢᠭᠤᠴᠠ᠎ᠳᠤ ᠬᠣᠯᠪᠣᠭ᠍ᠳᠠᠬᠤ ᠲᠥᠷᠥᠯ ᠵᠦᠢᠯ᠎ᠢ ᠤᠯᠤᠰ᠎ᠤᠨ ᠬᠣᠯᠪᠣᠭ᠍ᠳᠠᠯ ᠪᠦᠬᠦᠢ ᠨᠢᠭᠤᠴᠠ᠎ᠶ᠋ᠢ ᠬᠠᠮᠠᠭᠠᠯᠠᠬᠤ ᠲᠣᠭ᠍ᠲᠠᠭᠠᠯ ᠪᠣᠯᠤᠨ ᠱᠠᠭᠠᠷᠳᠠᠯᠭ᠎ᠠ ᠶᠣᠰᠣᠭᠠᠷ ᠨᠢᠭᠤᠴᠠ ᠲᠠᠢᠯᠤᠭ᠍ᠰᠠᠨᠤ ᠳᠠᠷᠠᠭ᠎ᠠ ᠳᠠᠬᠢᠨ ᠮᠡᠳᠡᠭᠦᠯᠬᠦ᠌ ᠬᠡᠷᠡᠭ᠌ᠲᠡᠶ᠃
ᠡᠯ᠎ᠡ ᠠᠢᠮᠠᠭ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠤᠯᠪᠣᠭ᠍ᠳᠠᠯ ᠪᠥᠬᠦᠶ ᠪᠠᠲᠤᠯᠠᠨ ᠲᠠᠨᠢᠯᠴᠠᠭᠤᠯᠬᠤ ᠨᠢᠭᠡᠴᠢ᠎ᠨᠦᠭᠦᠳ ᠪᠠᠲᠤᠯᠠᠨ ᠲᠠᠨᠢᠯᠴᠠᠭᠤᠯᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠪᠠᠲᠤᠯᠠᠨ ᠲᠠᠨᠢᠯᠴᠠᠭᠤᠯᠬᠤ ᠠᠩᠬᠠᠨ᠎ᠤ ᠬᠢᠨᠠᠯᠲᠠ᠎ᠶ᠋ᠢᠨ ᠠᠵᠢᠯ᠎ᠢ ᠬᠢᠨᠠᠮᠠᠭᠠᠶ ᠰᠠᠢᠲᠤᠷ ᠬᠢᠬᠦ᠌ ᠬᠡᠷᠡᠭ᠌ᠲᠡᠶ᠃ ᠲᠠᠨᠢᠯᠴᠠᠭᠤᠯᠬᠤ ᠠᠵᠢᠯ᠎ᠳᠤ ᠢᠯᠡ᠂ ᠡᠷᠬᠡ ᠲᠡᠭ᠌ᠰᠢ᠂ ᠲᠥᠪ ᠭᠣᠤᠯᠴᠢ ᠪᠠ ᠠᠷᠢᠭᠤᠨ ᠴᠢᠬᠡᠴᠢ᠎ᠪᠡᠷ ᠪᠡᠶ᠎ᠡ᠎ᠪᠡᠨ ᠪᠠᠷᠢᠬᠤ᠂ ᠰᠠᠢᠲᠤᠷ ᠭᠠᠮᠨᠠᠨ ᠠᠷᠪᠢᠯᠠᠬᠤ ᠵᠠᠷᠴᠢᠮ ᠢ ᠪᠠᠷᠢᠮᠲᠠᠯᠠᠬᠤ᠎ᠶ᠋ᠢᠨ ᠬᠠᠮᠲᠤ᠂ ᠨᠡᠢᠭᠡᠮ᠎ᠦᠨ ᠡᠯ᠎ᠡ ᠲᠠᠯ᠎ᠠ᠎ᠶ᠋ᠢᠨ ᠬᠢᠨ᠎ᠦ ᠬᠢᠨᠠᠯᠲᠠ ᠲᠠᠯᠪᠢᠬᠤ᠎ᠶ᠋ᠢ ᠬᠦᠯᠢᠶᠡᠵᠦ᠍᠂ ᠱᠢᠯᠭᠠᠷᠠᠭᠤᠯᠤᠯᠲᠠ᠎ᠳᠤ ᠣᠷᠣᠯᠴᠠᠭ᠍ᠰᠠᠨ ᠨᠢᠭᠡᠴᠢ ᠪᠠ ᠬᠠᠮᠢᠶ᠎ᠠ ᠪᠦᠬᠦᠢ ᠬᠥᠮᠦᠰ᠎ᠡᠴᠡ ᠶᠠᠮᠠᠷᠪᠠ ᠰᠦᠢᠳᠭᠡᠯ ᠬᠤᠷᠢᠶᠠᠬᠤ᠎ᠶ᠋ᠢ ᠴᠢᠩᠭ᠎ᠠ ᠴᠠᠭᠠᠵᠠᠯᠠᠬᠤ ᠬᠡᠷᠡᠭ᠌ᠲᠡᠶ ᠃
ᠱᠠᠩᠨᠠᠯ ᠲᠣᠭ᠍ᠲᠠᠭᠠᠬᠤ ᠶᠠᠪᠤᠴᠠ᠎ᠳᠤ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠣᠯᠵᠤ ᠮᠡᠳᠡᠪᠡᠯ᠂ ᠬᠠᠮᠢᠶ᠎ᠠ ᠪᠦᠬᠦᠢ ᠬᠠᠷᠢᠭᠤᠴᠠᠯᠭ᠎ᠠ᠎ᠶ᠋ᠢ ᠴᠢᠩᠭ᠎ᠠ ᠨᠡᠬᠡᠮᠵᠢᠯᠡᠨ᠎ᠡ᠃
ᠳᠠᠭᠠᠯᠳᠤᠭᠤᠯᠤᠯ᠄ 1. ᠠᠩᠬᠠᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠤᠯᠤᠰ᠎ᠤᠨ ᠭᠠᠵᠠᠷ ᠰᠢᠷᠤᠢ᠎ᠶᠢᠨ ᠤᠷᠤᠨ ᠵᠠᠶ᠎ᠶ᠋ᠢᠨ ᠲᠥᠯᠥᠪᠵᠢᠭᠦᠯᠭᠡ᠎ᠶ᠋ᠢᠨ ᠱᠠᠩᠨᠠᠯ᠎ᠢ ᠱᠢᠯᠭᠠᠷᠠᠭᠤᠯᠬᠤ ᠠᠵᠢᠯ᠎ᠢ ᠥᠷᠨᠢᠭᠦᠯᠬᠦ᠌ ᠲᠤᠬᠠᠶ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭ᠌ᠳᠡᠯ
2. ᠮᠡᠳᠡᠭᠦᠯᠬᠦ᠌ ᠲᠥᠷᠥᠯ ᠵᠦᠢᠯ᠎ᠤᠨ ᠮᠡᠳᠡᠭᠡ ᠵᠠᠩᠭᠢ᠎ᠶ᠋ᠢᠨ ᠬᠤᠷᠢᠶᠠᠩᠭᠤᠶ ᠬᠦᠰᠦᠨᠦᠭ᠌ᠲᠦ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ
2025 ᠣᠨ᠎ᠤ 9 ᠳ᠋ᠤᠭᠡᠷ ᠰᠠᠷ᠎ᠠ᠎ᠶ᠋ᠢᠨ 15 ᠤ ᠡᠳᠦᠷ
(ᠬᠠᠷᠢᠯᠴᠠᠬᠤ ᠬᠥᠮᠦᠨ ᠵᠢᠴᠢ ᠤᠲᠠᠰᠤ᠄ ᠸᠠᠩ ᠱᠢᠨ ᠯᠢ᠂ ᠴᠢᠶᠣᠤ ᠱᠢᠶᠤᠤ ᠯᠸᠢ᠂ 0471 - 4912734᠂ 4302922; ᠴᠠᠭᠠᠰᠤᠨ ᠮᠠᠲ᠋ᠧᠷᠢᠶᠠᠯ᠎ᠢ ᠮᠡᠳᠡᠭᠦᠯᠦᠨ ᠬᠦᠷᠭᠡᠬᠦ᠄ ᠬᠥᠬᠡᠬᠤᠲᠠ᠎ᠶ᠋ᠢᠨ ᠰᠠᠢᠬᠠᠨ ᠲᠣᠭᠤᠷᠢᠭ᠎ᠤᠨ ᠱᠢᠤᠸᠠᠢ ᠶᠤᠸᠠᠨ ᠵᠡᠭᠦᠨ ᠵᠡᠭᠡᠯᠢ᠎ᠶ᠋ᠢᠨ 11 ᠳ᠋ᠦ᠍ᠭᠡᠷ ᠲᠣᠭᠠᠲᠤ᠌᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠬᠦᠷᠢᠶᠡᠯᠡᠩ᠎ᠤᠨ 3024 ᠠᠯᠪᠠᠨ ᠬᠡᠷ᠂ ᠸᠠᠩ ᠴᠢᠶᠠᠨ᠂ 18647110817
ᠳᠠᠭᠠᠯᠳᠤᠭᠤᠯᠤᠯ ᠢ ᠪᠠᠭᠤᠯᠭᠠᠬᠤ᠄
2᠄ ᠮᠡᠳᠡᠭᠦᠯᠬᠦ᠌ ᠲᠥᠷᠥᠯ ᠵᠦᠶ᠋ᠯ᠎ᠤᠨ ᠮᠡᠳᠡᠭᠡ ᠵᠠᠩᠭᠢ᠎ᠶ᠋ᠢᠨ ᠬᠤᠷᠢᠶᠠᠩᠭᠤᠶ ᠬᠦᠰᠦᠨᠦᠭ᠌ᠲᠦ. xlsx