《2025 ᠣᠨ᠎ᠤ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ ᠶ᠋ᠢᠨ ᠠᠵᠤ ᠠᠬᠤᠢᠴᠢ᠎ᠶ᠋ᠢ ᠬᠢᠨᠠᠨ ᠲᠣᠭ᠍ᠲᠠᠭᠠᠬᠤ ᠮᠠᠲ᠋ᠧᠷᠢᠶᠠᠯ᠎ᠢ ᠭᠤᠶᠤᠴᠢᠯᠠᠨ ᠮᠡᠳᠡᠭᠦᠯᠬᠦ᠌ ᠠᠵᠢᠯ᠎ᠢ ᠰᠠᠢᠲᠤᠷ ᠬᠢᠬᠦ᠌ ᠲᠤᠬᠠᠶ ᠮᠡᠳᠡᠭ᠌ᠳᠡᠯ》 ( ᠥᠪᠥᠷ ᠬᠥᠮᠦᠨ ᠨᠡᠢᠭᠡᠮ ᠠᠯᠪᠠᠨ ᠲᠠᠷᠬᠠᠭᠠᠭ᠍ᠰᠠᠨ [ 2025 ] 87 ᠳ᠋ᠤᠭᠠᠷ ᠲᠣᠭᠠᠲᠤ ) ᠱᠠᠭᠠᠷᠳᠠᠯᠭ᠎ᠠ᠎ᠶ᠋ᠢ ᠦᠨᠳᠦᠰᠦᠯᠡᠨ᠂ ᠡᠳᠦᠭᠡ ᠮᠠᠨ᠎ᠤ ᠲᠢᠩᠬᠢᠮ ᠭᠤᠶᠤᠴᠢᠯᠠᠨ ᠮᠡᠳᠡᠭᠦᠯᠦᠭ᠌ᠰᠡᠨ 2025 ᠣᠨ᠎ᠤ ᠠᠵᠤ ᠠᠬᠤᠶ᠎ᠶ᠋ᠢᠨ ᠱᠢᠷᠢᠰ ᠳᠡᠭᠡᠳᠦ ᠵᠡᠷᠭᠡ ᠶ᠋ᠢᠨ ᠠᠵᠤ ᠠᠬᠤᠢᠴᠢ᠎ᠶ᠋ᠢᠨ ᠨᠡᠷᠡᠰ᠎ᠢ ᠵᠠᠷᠯᠠᠨ ᠨᠡᠢᠲᠡᠯᠡᠵᠦ᠍᠂ ᠵᠠᠷᠯᠠᠨ ᠨᠡᠢᠲᠡᠯᠡᠬᠦ᠌ ᠬᠤᠭᠤᠴᠠᠭ᠎ᠠ᠎ᠨᠢ 2025 ᠣᠨ᠎ᠤ 9 ᠳ᠋ᠦ᠍ᠭᠡᠷ ᠰᠠᠷ᠎ᠠ᠎ᠶ᠋ᠢᠨ 26 ᠤ ᠡᠳᠦᠷ ᠡᠴᠡ 10 ᠳ᠋ᠤᠭᠠᠷ ᠰᠠᠷ᠎ᠠ᠎ᠶ᠋ᠢᠨ 9 ᠤ ᠡᠳᠦᠷ ᠪᠣᠯᠲᠠᠯ᠎ᠠ᠃
ᠵᠠᠷᠯᠠᠨ ᠨᠡᠢᠲᠡᠯᠡᠬᠦ᠌ ᠬᠤᠭᠤᠴᠠᠭᠠᠨ᠎ᠳᠤ᠂ ᠨᠢᠭᠡᠴᠢ ᠪᠠ ᠬᠤᠪᠢ ᠬᠥᠮᠦᠨ ᠴᠥᠮ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠤᠷᠪᠤᠯᠵᠢᠯᠠᠬᠤ᠎ᠪᠠᠷ ᠢᠷᠡᠬᠦ᠌ ᠵᠡᠷᠭᠡ ᠠᠷᠭ᠎ᠠ ᠮᠠᠶᠢᠭ᠎ᠢᠶᠠᠷ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ᠎ᠲᠤ ᠲᠤᠰᠭᠠᠵᠤ ᠪᠣᠯᠤᠨ᠎ᠠ᠃ ᠲᠤᠰᠭᠠᠯᠲᠠ ᠨᠢ ᠦᠨᠡᠨ ᠪᠣᠳᠠᠲᠠᠢ ᠪᠥᠭᠡᠳ ᠪᠠᠷᠢᠮᠲᠠ ᠲᠠᠢ᠂ ᠡᠭᠦᠨ᠎ᠤ ᠬᠠᠮᠲᠤ ᠪᠢᠴᠢᠭ᠌ᠰᠡᠨ ᠮᠠᠲ᠋ᠧᠷᠢᠶᠠᠯ᠂ ᠦᠨᠡᠨ ᠪᠣᠳᠠᠲᠠᠶ ᠣᠪᠣᠭ ᠨᠡᠷ᠎ᠡ᠂ ᠬᠠᠷᠢᠯᠴᠠᠬᠤ ᠤᠲᠠᠰᠤ᠎ᠶ᠋ᠢ ᠳᠠᠭᠠᠯᠳᠤᠭᠤᠯᠵᠤ᠂ ᠲᠠᠷᠠᠭᠠᠴᠢ᠎ᠶ᠋ᠢᠨ ᠠᠯᠬᠤᠮ᠎ᠳᠤ ᠬᠢᠨᠠᠨ ᠬᠠᠷᠭᠤᠭᠤᠯᠬᠤ ᠪᠠ ᠪᠠᠢᠴᠠᠭᠠᠬᠤ ᠠᠵᠢᠯ᠎ᠢ ᠰᠠᠢᠲᠤᠷ ᠬᠢᠬᠦ᠌᠎ᠳᠤ ᠳᠥᠭᠦᠮ ᠪᠣᠯᠭᠠᠬᠤ ᠬᠡᠷᠡᠭ᠌ᠲᠡᠶ᠃ ᠵᠠᠷᠯᠠᠨ ᠨᠡᠢᠲᠡᠯᠡᠭ᠌ᠰᠡᠨ ᠮᠡᠳᠡᠭᠡ ᠵᠠᠩᠭᠢ᠎ᠨᠢ ᠪᠤᠷᠤᠭᠤ᠎ᠲᠠᠢ ᠪᠠᠢᠪᠠᠯ ᠴᠠᠭ ᠲᠤᠬᠠᠶ᠎ᠳᠤ ᠨᠢ ᠬᠠᠷᠢᠯᠴᠠᠵᠤ ᠵᠠᠰᠠᠪᠤᠷᠢ ᠣᠷᠣᠭᠤᠯᠤᠭᠠᠷᠠᠢ ᠃
ᠬᠠᠷᠢᠯᠴᠠᠬᠤ ᠤᠲᠠᠰᠤ᠄ 0471 - 4213879 4215874
ᠬᠦᠯᠢᠶᠡᠨ ᠠᠪᠴᠤ᠌ ᠱᠢᠢᠳᠪᠦᠷᠢᠯᠡᠬᠦ᠌ ᠴᠠᠭ᠄ ᠠᠵᠢᠯᠯᠠᠬᠤ ᠡᠳᠦᠷ᠎ᠤᠨ ᠦᠳᠡ᠎ᠶ᠋ᠢᠨ ᠡᠮᠦᠨ᠎ᠡ᠄ 9᠄ 00 - 12᠄ 00᠂ ᠦᠳᠡ᠎ᠶ᠋ᠢᠨ ᠬᠤᠢᠨ᠎ᠠ᠄ 14᠄ 30 - 17᠄ 30
ᠱᠢᠦᠳᠠᠨ ᠬᠠᠢᠷᠴᠠᠭ᠄ zrzyt 4215870@163.com
ᠳᠠᠭᠠᠯᠳᠣᠭᠤᠯᠥᠯ᠄ ᠵᠠᠷᠯᠠᠨ ᠨᠡᠢᠳᠡᠯᠡᠭ᠌ᠰᠡᠨ ᠨᠡᠷᠡᠰ᠎ᠤᠨ ᠳᠡᠪᠳᠡᠷ
ᠥᠪᠥᠷ ᠣᠩᠭᠣᠯ᠎ᠤ᠋ᠨ ᠥᠪᠡᠷᠲᠡᠭᠡᠨ ᠵᠠᠰᠠᠬᠤ ᠣᠷᠣᠨ᠎ᠶᠢᠨ ᠪᠠᠢᠭᠠᠯᠢ᠎ᠶᠢᠨ ᠡᠬᠢ ᠪᠠᠶᠠᠯᠢᠭ᠎ᠤ᠋ᠨ ᠲᠢᠩᠬᠢᠮᠦ᠋ᠨ ᠠᠵᠢᠯᠲᠠᠨᠤ᠋ ᠶᠠᠪᠤᠳᠠᠯ᠎ᠤ᠋ᠨ ᠭᠠᠵᠠᠷ
2025 ᠣᠨ᠎ᠤ 9 ᠳ᠋ᠤᠭᠡᠷ ᠰᠠᠷ᠎ᠠ᠎ᠶ᠋ᠢᠨ 25 ᠤ ᠡᠳᠦᠷ