2025 ᠣᠨ᠎ᠤ ᠲᠠᠪᠤᠳᠤᠭᠠᠷ ᠪᠦᠯᠦᠭ᠎ᠦᠨ ᠳᠠᠩᠰᠠᠯᠠᠭᠤᠯᠤᠭᠰᠠᠨ ᠬᠡᠮᠵᠢᠨ ᠵᠢᠷᠤᠭ᠍ᠴᠢ᠎ᠶᠢᠨ ᠳᠠᠩᠰᠠᠯᠠᠭᠤᠯᠤᠭᠰᠠᠨ ᠦᠨᠡᠮᠯᠡᠯ ᠵᠢᠴᠢ ᠠᠵᠢᠯ ᠡᠷᠭᠢᠯᠡᠬᠦ ᠲᠠᠮᠠᠭ᠎ᠠ᠎ᠶᠢ ᠠᠪᠬᠤ ᠲᠤᠬᠠᠢ ᠮᠡᠳᠡᠭᠳᠡᠯ
2026-01-22

ᠬᠡᠮᠵᠢᠨ ᠵᠢᠷᠤᠭᠴᠢ᠎ᠶᠢᠨ ᠬᠢᠷᠢ ᠭᠡᠮ᠎ᠲᠠᠢ ᠡᠯ᠎ᠡ ᠬᠠᠮᠢᠶ᠎ᠠ ᠪᠦᠬᠦᠢ ᠨᠢᠭᠡᠴᠢ᠂ ᠳᠠᠩᠰᠠᠯᠠᠭᠤᠯᠤᠭ᠍ᠰᠠᠨ ᠬᠡᠮᠵᠢᠨ ᠵᠢᠷᠤᠭ᠍ᠴᠢ᠄

  《2025 ᠣᠨ᠎ᠤ ᠲᠠᠪᠤᠳᠤᠭᠠᠷ ᠪᠦᠯᠦᠭ᠎ᠤᠨ ᠳᠠᠩᠰᠠᠯᠠᠭᠤᠯᠤᠭ᠍ᠰᠠᠨ ᠬᠡᠮᠵᠢᠨ ᠵᠢᠷᠤᠭ᠍ᠴᠢ᠎ᠶᠢᠨ ᠳᠠᠩᠰᠠᠯᠠᠭᠤᠯᠬᠤ᠎ᠶᠢ ᠬᠢᠨᠠᠨ ᠵᠥᠪᠱᠢᠶᠡᠷᠡᠭ᠌ᠰᠡᠨ ᠦᠷ᠎ᠡ ᠳ᠋ᠦᠩ᠎ᠤᠨ ᠲᠤᠬᠠᠶ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠵᠠᠷ》 (2025 ᠣᠨ᠎ᠤ 71 ᠳ᠋ᠦ᠍ᠭᠡᠷ ᠲᠣᠭᠠᠲᠤ) ᠎ᠢ ᠦᠨᠳᠦᠰᠦᠯᠡᠨ᠂ ᠡᠳᠦᠭᠡ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠠᠩᠰᠠᠯᠠᠭᠤᠯᠤᠭ᠍ᠰᠠᠨ ᠬᠡᠮᠵᠢᠨ ᠵᠢᠷᠤᠭᠴᠢ᠎ᠶ᠋ᠢᠨ ᠳᠠᠩᠰᠠᠯᠠᠭᠤᠯᠤᠭ᠍ᠰᠠᠨ ᠦᠨᠡᠮᠯᠡᠯ ᠵᠢᠴᠢ ᠠᠵᠢᠯ ᠡᠷᠭᠢᠯᠡᠬᠦ᠌ ᠲᠠᠮᠠᠭ᠎ᠠ (ᠨᠡᠷᠡᠰ᠎ᠢ ᠠᠷᠤ᠎ᠳᠤ ᠳᠠᠭᠠᠯᠳᠤᠭᠤᠯᠪᠠ) ᠎ᠢ ᠣᠯᠭᠤᠪᠠ᠃ ᠲᠤᠰ ᠮᠡᠳᠡᠭ᠌ᠳᠡᠯ᠎ᠢ ᠨᠡᠢᠲᠡᠯᠡᠭ᠌ᠰᠡᠨ ᠡᠳᠦᠷ᠎ᠠᠴᠠ ᠡᠬᠢᠯᠡᠨ᠂ ᠳᠠᠩᠰᠠᠯᠠᠭᠤᠯᠤᠭᠰᠠᠨ ᠬᠡᠮᠵᠢᠨ ᠵᠢᠷᠤᠭ᠍ᠴᠢ ᠬᠤᠪᠢ ᠬᠥᠮᠥᠨ᠎ᠦ ᠬᠦᠴᠦᠨ ᠪᠦᠬᠦᠢ ᠪᠡᠶ᠎ᠡ᠎ᠶᠢᠨ ᠦᠨᠡᠮᠯᠡᠯ᠎ᠦᠨ ᠤᠭ ᠵᠦᠢ᠍ᠯ᠎ᠢ ᠠᠪᠴᠤ ᠲᠦᠷᠭᠡᠨ ᠣᠯᠭᠤᠨ᠎ᠠ᠂ ᠬᠡᠷᠪᠡ ᠭᠠᠷᠲᠠᠨ ᠭᠦᠢᠴᠡᠳᠭᠡᠭᠴᠢ᠎ᠳᠦ ᠨᠠᠢᠳᠠᠵᠤ ᠠᠪᠤᠭᠤᠯᠪᠠᠯ ᠂ ᠬᠤᠪᠢ ᠬᠥᠮᠥᠨ᠎ᠦ ᠪᠡᠶ᠎ᠡ᠎ᠶᠢᠨ ᠦᠨᠡᠮᠯᠡᠯ᠂ ᠦᠨᠡᠮᠯᠡᠯ ᠭᠠᠷᠳᠠᠭ᠍ᠴᠢ᠎ᠶᠢᠨ ᠪᠡᠶ᠎ᠡ᠎ᠶᠢᠨ ᠦᠨᠡᠮᠯᠡᠯ᠎ᠦᠨ ᠬᠠᠭᠤᠯᠪᠤᠷᠢ ᠵᠢᠴᠢ ᠡᠷᠬᠡ ᠣᠯᠭᠣᠭᠰᠠᠨ ᠨᠠᠶ᠋ᠢᠳᠠᠯᠭ᠎ᠠ᠎ᠶᠢᠨ ᠪᠢᠴᠢᠭ᠎ᠢᠶᠡᠨ ᠠᠪᠴᠤ ᠣᠯᠭᠤᠨ᠎ᠠ᠃

  ᠣᠯᠭᠤᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ ᠦᠳᠡ᠎ᠶ᠋ᠢᠨ ᠡᠮᠦᠨ᠎ᠡ 9᠄ 00-12᠄ 00᠂ ᠦᠳᠡ᠎ᠶ᠋ᠢᠨ ᠬᠤᠢᠨ᠎ᠠ 14᠄ 00-17᠄ 00( ᠬᠠᠤᠯᠢ᠎ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ᠎ᠶᠢᠨ ᠡᠳᠦᠷ᠎ᠡᠴᠡ ᠭᠠᠳᠠᠨ᠎ᠠ ) 

  ᠬᠠᠶᠢᠭ᠄ ᠬᠥᠬᠡᠬᠤᠲᠠ᠎ᠶ᠋ᠢᠨ ᠰᠠᠢᠬᠠᠨ ᠲᠣᠭᠤᠷᠢᠭ᠎ᠤᠨ ᠴᠡᠯᠡᠭᠡᠷ ᠲᠠᠯ᠎ᠠ ᠶᠡᠭᠡ ᠵᠡᠭᠡᠯᠢ᠎ᠶ᠋ᠢᠨ 6 ᠳ᠋ᠤᠭᠠᠷ ᠨᠤᠮᠸᠷᠲᠦ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠲᠥᠪ᠎ᠤᠨ 12 ᠳ᠋ᠤᠭᠠᠷ ᠳᠠᠪᠬᠤᠷᠯᠢᠭ᠎ᠤᠨ 45 ᠳ᠋ᠤᠭᠠᠷ ᠲᠣᠭᠠᠲᠤ ᠶᠡᠷᠦᠩᠬᠡᠢᠯᠡᠭ᠌ᠰᠡᠨ ᠴᠣᠩᠬᠤ

  ᠬᠠᠷᠢᠯᠴᠠᠬᠤ ᠤᠲᠠᠰᠤ᠄ 0471-5332393

  ᠠᠵᠢᠯᠲᠠᠨ᠎ᠤ ᠨᠡᠷᠡᠰ᠄

  1. ᠠᠩᠬ᠎ᠠ ᠲᠠᠩᠰᠠᠯᠠᠭᠣᠯᠬᠤ᠎ᠶᠢ ᠵᠥᠪᠰᠢᠶᠡᠷᠡᠬᠦ ᠬᠥᠮᠥᠰ 

  ᠲᠠᠨ ᠷᠦᠩ ᠵᠢᠶᠧ᠂  ᠰᠢᠶᠤᠤ ᠰᠢᠶᠦ᠋ᠩ᠂ ᠳᠠᠩ ᠨᠠ ᠮᠢᠩ ᠂ ᠸᠠᠩ ᠬᠣᠩ ᠴᠠᠩ᠂ ᠶᠠᠩ ᠱᠥ᠋

  2. ᠦᠷᠭᠦᠯᠵᠢᠯᠡᠨ ᠳᠠᠩᠰᠠᠯᠠᠭᠤᠯᠬᠤ᠎ᠶᠢ ᠵᠥᠪᠰᠢᠶᠡᠷᠡᠬᠦ ᠬᠥᠮᠥᠰ᠎ᠦᠨ ᠨᠡᠷᠡᠰ 

  ᠦᠭᠡᠢ

  3. ᠳᠠᠩᠰᠠᠯᠠᠭᠤᠯᠬᠤ ᠨᠡᠷᠡᠰ᠎ᠢ ᠬᠤᠪᠢᠷᠠᠭᠤᠯᠬᠤ᠎ᠶᠢ ᠵᠥᠪᠰᠢᠶᠡᠷᠡᠬᠦ ᠬᠥᠮᠥᠰ᠎ᠦᠨ ᠨᠡᠷᠡᠰ

  ᠦᠭᠡᠢ

  4. ᠳᠠᠩᠰᠠᠯᠠᠭᠤᠯᠬᠤ᠎ᠶᠢ ᠬᠦᠴᠦᠨ ᠦᠭᠡᠢ ᠪᠣᠯᠭᠠᠬᠤ᠎ᠶᠢ ᠵᠥᠪᠰᠢᠶᠡᠷᠡᠬᠦ ᠬᠥᠮᠥᠰ᠎ᠦᠨ ᠨᠡᠷᠡᠰ

  ᠦᠭᠡᠢ

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ