12 ᠳ᠋ᠤᠭ᠋ᠠᠷ ᠰᠠᠷ᠎ᠠ ᠵᠢᠨ 3᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠬᠥᠬᠡᠬᠤᠲᠠ ᠪᠣᠭᠤᠮᠲᠠ ᠵᠢᠨ 2021 ᠣᠨ᠎ᠤ 《ᠬᠢᠯᠢ ᠠᠯᠤᠰᠯᠠᠭᠰᠠᠨ ᠠᠷᠠᠯᠵᠢᠶ᠎ᠠ ᠵᠢᠨ ᠳᠥᠭᠦᠮᠴᠢᠯᠡᠯᠲᠡ ᠵᠢ ᠭᠦᠨᠵᠡᠭᠡᠶ᠋ᠢᠷᠡᠭᠦᠯᠵᠦ᠂ ᠪᠣᠭᠤᠮᠲᠠ ᠵᠢᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ》 ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠪᠠ᠃ ᠬᠥᠬᠡᠬᠤᠲᠠ ᠵᠢᠨ ᠪᠣᠭᠤᠮᠲᠠ ᠵᠢᠨ ᠨᠠᠮ᠎ᠤᠨ ᠬᠤᠷᠢᠶ᠎ᠠ ᠵᠢᠨ ᠭᠡᠰᠢᠭᠦᠨ᠂ ᠤᠯᠤᠰ ᠲᠦᠷᠦ ᠵᠢᠨ ᠬᠡᠯᠲᠡᠰ᠎ᠤᠨ ᠡᠷᠬᠢᠯᠡᠭᠴᠢ ᠯᠢᠦ ᠯᠢᠩ ᠭᠤᠣᠯ ᠰᠡᠳᠦᠪᠲᠦ ᠨᠡᠶ᠋ᠢᠲᠡᠯᠡᠯ ᠬᠢᠪᠡ ᠨᠡᠶ᠋ᠢᠲᠡᠯᠡᠪᠡ᠃ ᠬᠥᠬᠡᠬᠤᠲᠠ ᠪᠣᠭᠤᠮᠲᠠ ᠵᠢᠨ ᠶᠡᠷᠦᠩᠬᠡᠶ᠋ᠢᠯᠡᠭᠰᠡᠨ ᠠᠵᠢᠯ᠎ᠤᠨ ᠭᠠᠵᠠᠷ᠎ᠤᠨ ᠳᠠᠷᠤᠭ᠎ᠠ ᠮᠠ ᠰᠢᠶᠤᠤ ᠬᠥᠩ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
ᠬᠥᠬᠡᠬᠤᠲᠠ ᠪᠣᠭᠤᠮᠲᠠ ᠵᠢᠨ 2021 ᠣᠨ᠎ᠤ 《ᠬᠢᠯᠢ ᠠᠯᠤᠰᠯᠠᠭᠰᠠᠨ ᠠᠷᠠᠯᠵᠢᠶᠠᠨ᠎ᠤ ᠳᠥᠭᠦᠮᠴᠢᠯᠡᠯᠲᠡ ᠵᠢ ᠭᠦᠨᠵᠡᠭᠡᠶ᠋ᠢᠷᠡᠭᠦᠯᠵᠦ᠂ ᠪᠣᠭᠤᠮᠲᠠ ᠵᠢᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ》 ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠤᠨ ᠨᠡᠶ᠋ᠢᠲᠡᠯᠡᠯ᠎ᠤᠨ ᠦᠭᠡ
ᠬᠥᠬᠡᠬᠤᠲᠠ ᠪᠣᠭᠤᠮᠲᠠ ᠵᠢᠨ ᠨᠠᠮ᠎ᠤᠨ ᠬᠤᠷᠢᠶ᠎ᠠ ᠵᠢᠨ ᠭᠡᠰᠢᠭᠦᠨ᠂ ᠤᠯᠤᠰ ᠲᠥᠷᠥ ᠵᠢᠨ ᠬᠡᠯᠲᠡᠰ᠎ᠤᠨ ᠡᠷᠬᠢᠯᠡᠭᠴᠢ ᠯᠢᠦ ᠯᠢᠩ
ᠥᠨᠥᠳᠦᠷ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠭᠤᠤᠯᠳᠠᠭᠤ ᠬᠥᠬᠡᠬᠤᠲᠠ ᠪᠣᠭᠤᠮᠲᠠ ᠵᠢᠨ ᠡᠨᠡ ᠵᠢᠯ᠎ᠠᠴᠠ ᠨᠠᠭ᠋ᠠᠰᠢ ᠵᠠᠯᠭ᠋ᠠᠭ᠎ᠠ᠎ᠪᠠᠷ ᠨᠡᠶ᠋ᠢᠲᠡᠯᠡᠭᠰᠡᠨ ᠬᠢᠯᠢ ᠠᠯᠤᠰᠯᠠᠭᠰᠠᠨ ᠠᠷᠠᠯᠵᠢᠶᠠᠨ᠎ᠤ ᠳᠥᠭᠦᠮᠴᠢᠯᠡᠯᠲᠡ ᠵᠢ ᠠᠬᠢᠭᠤᠯᠤᠭᠰᠠᠨ ᠰᠢᠷᠢᠰ ᠠᠷᠭ᠎ᠠ ᠬᠡᠮᠵᠢᠶ᠎ᠡ ᠵᠢᠴᠢ ᠮᠠᠨ᠎ᠤ ᠤᠯᠤᠰ᠎ᠤᠨ ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠎ᠳᠤ ᠦᠢ᠍ᠯᠡᠴᠢᠯᠡᠭᠰᠡᠨ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠦᠭᠰᠡᠨ᠂ ᠪᠣᠭᠤᠮᠲᠠ᠎ᠪᠠᠷ ᠥᠩᠭᠡᠷᠡᠭᠦᠯᠬᠦ ᠴᠤᠪᠤᠷᠠᠯ᠎ᠢ ᠰᠢᠯᠢᠳᠡᠭᠵᠢᠭᠦᠯᠦᠭᠰᠡᠨ᠂ ᠪᠣᠭᠤᠮᠲᠠ ᠵᠢᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠦᠭᠰᠡᠨ ᠵᠡᠷᠭᠡ ᠲᠠᠯ᠎ᠠ᠎ᠪᠠᠷ ᠣᠯᠤᠭᠰᠠᠨ ᠦᠷ᠎ᠡ ᠪᠦᠲᠦᠮᠵᠢ ᠵᠢ ᠲᠠᠨᠢᠯᠴᠠᠭᠤᠯᠤᠨ᠎ᠠ᠃
ᠬᠥᠬᠡᠬᠤᠲᠠ ᠪᠣᠭᠤᠮᠲᠠ 2 ᠳ᠋ᠤᠭ᠋ᠠᠷ ᠰᠠᠷ᠎ᠠ ᠵᠢᠨ 18᠎ᠤ ᠡᠳᠦᠷ᠎ᠤᠨ ᠪᠥᠬᠦ ᠣᠷᠣᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠶᠡᠭᠡ ᠬᠤᠷᠠᠯ᠎ᠤᠨ ᠵᠣᠷᠢᠭ ᠰᠠᠨᠠᠭ᠎ᠠ ᠪᠠ ᠪᠣᠭᠤᠮᠲᠠ ᠵᠢᠨ ᠶᠡᠷᠦᠩᠬᠡᠶ ᠵᠠᠬᠢᠷᠭ᠎ᠠ ᠵᠢᠨ ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠪᠣᠭᠤᠮᠲᠠ ᠵᠢᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠵᠢ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ᠂ ᠦᠷ᠎ᠡ ᠳ᠋ᠦᠩ ᠵᠶ᠋ᠠᠷ ᠤᠳᠤᠷᠢᠳᠤᠮᠵᠢ ᠪᠣᠯᠭ᠋ᠠᠬᠤ ᠵᠢ ᠳᠣᠪᠤᠶ᠋ᠢᠯᠭ᠋ᠠᠨ᠂ ᠴᠢᠩᠭ᠎ᠠ᠂ ᠪᠣᠳᠠᠲᠠᠶ ᠠᠷᠭ᠎ᠠ᠎ᠪᠠᠷ ᠪᠣᠭᠤᠮᠲᠠ ᠵᠢᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠡᠭᠡᠭᠡᠯᠲᠡ ᠵᠢᠨ ᠬᠡᠯᠪᠡᠷᠢ ᠵᠢᠨ ᠠᠵᠤ ᠠᠬᠤᠶ ᠵᠢᠨ ᠴᠢᠨᠠᠷᠯᠢᠭ ᠬᠥᠭᠵᠢᠯᠲᠡ᠎ᠳᠤ ᠬᠦᠴᠦᠨ ᠨᠡᠮᠡᠷᠢᠯᠡᠪᠡ᠃ ᠪᠣᠭᠤᠮᠲᠠ ᠵᠢᠨ ᠪᠦᠷᠢᠳᠬᠡᠯ᠎ᠢ ᠦᠨᠳᠦᠰᠦᠯᠡᠪᠡᠯ᠂ ᠲᠦᠷᠦᠭᠦᠤ 10 ᠰᠠᠷ᠎ᠠ᠎ᠳᠤ᠂ ᠬᠥᠬᠡᠬᠤᠲᠠ ᠪᠣᠭᠤᠮᠲᠠ ᠵᠢᠨ ᠬᠠᠷᠢᠶ᠎ᠠ ᠣᠷᠣᠨ᠎ᠤ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠵᠢᠨ ᠥᠷᠲᠡᠭ 860.8 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 33.5%᠎ᠪᠠᠷ ᠨᠡᠮᠡᠭᠳᠡᠪᠡ; ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ ᠠᠷᠠᠯᠵᠢᠶ᠎ᠠ ᠵᠢᠨ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠵᠢᠨ ᠥᠷᠲᠡᠭ 1004.4 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 15.7%᠎ᠪᠠᠷ ᠨᠡᠮᠡᠭᠳᠡᠪᠡ᠃ ᠡᠭᠦᠨ᠎ᠠᠴᠠ ᠭᠠᠳᠠᠨ᠎ᠠ᠂ ᠡᠨᠡ ᠵᠢᠯ᠎ᠠᠴᠠ ᠨᠠᠭ᠋ᠠᠰᠢ ᠬᠥᠬᠡᠬᠤᠲᠠ ᠪᠣᠭᠤᠮᠲᠠ ᠵᠢᠨ᠎ᠬᠢᠨ ᠬᠠᠷᠢᠶ᠎ᠠ ᠣᠷᠣᠨ᠎ᠤ᠎ᠪᠠᠨ ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠎ᠤᠨ ᠠᠩᠬᠠᠷᠴᠤ ᠪᠠᠶ᠋ᠢᠭ᠎ᠠ ᠠᠰᠠᠭᠤᠳᠠᠯ ᠪᠠ ᠪᠠᠴᠢᠮ ᠬᠡᠷᠡᠭᠴᠡᠭᠡ ᠵᠢ ᠣᠨᠢᠯᠠᠨ᠂ ᠳᠥᠭᠦᠮᠴᠢᠯᠡᠯᠲᠡ ᠵᠢᠨ ᠥᠭᠡᠷᠡᠴᠢᠯᠡᠯᠲᠡ ᠵᠢ ᠭᠦᠨᠵᠡᠭᠡᠶ ᠠᠬᠢᠭᠤᠯᠵᠤ᠂ ᠬᠢᠯᠢ ᠠᠯᠤᠰᠯᠠᠭᠰᠠᠨ ᠠᠷᠠᠯᠵᠢᠶ᠎ᠠ ᠵᠢᠨ ᠳᠦᠭᠦᠮᠴᠢᠯᠡᠯᠲᠡ ᠵᠢ ᠠᠬᠢᠭᠤᠯᠬᠤ 39 ᠵᠤᠷᠪᠤᠰ ᠠᠷᠭ᠎ᠠ ᠬᠡᠮᠵᠢᠶ᠎ᠡ᠂ ᠠᠭ᠋ᠠᠷ᠎ᠤᠨ ᠠᠶᠠᠯᠠᠯ᠎ᠤᠨ ᠪᠣᠭᠤᠮᠲᠠ᠎ᠪᠠᠷ ᠥᠩᠭᠡᠷᠡᠬᠦ ᠵᠢ ᠳᠥᠭᠦᠮᠴᠢᠯᠡᠬᠦ ᠬᠠᠮᠲᠤᠷᠠᠯᠴᠠᠨ ᠵᠣᠬᠢᠴᠠᠭᠤᠯᠬᠤ ᠲᠣᠭᠲᠠᠴᠠ ᠵᠢ ᠠᠬᠢᠭᠤᠯᠬᠤ ᠠᠷᠭ᠎ᠠ ᠬᠡᠮᠵᠢᠶ᠎ᠡ ᠵᠢ 13 ᠵᠤᠷᠪᠤᠰ ᠲᠣᠭᠲᠠᠭ᠋ᠠᠵᠤ᠂ ᠬᠢᠯᠢ ᠠᠯᠤᠰᠯᠠᠭᠰᠠᠨ ᠠᠷᠠᠯᠵᠢᠶ᠎ᠠ ᠵᠢ ᠳᠥᠭᠦᠮᠴᠢᠯᠡᠬᠦ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠦᠨ᠂ ᠪᠣᠭᠤᠮᠲᠠ ᠵᠢᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠨᠠᠷᠢᠯᠢᠬ᠍ᠵᠢᠭᠤᠯᠬᠤ ᠠᠷᠭ᠎ᠠ ᠬᠡᠮᠵᠢᠶ᠎ᠡ ᠵᠢ 52 ᠵᠤᠷᠪᠤᠰ ᠰᠢᠯᠢᠳᠡᠭᠵᠢᠭᠦᠯᠵᠦ᠂ ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠎ᠳᠤ ᠦᠢ᠍ᠯᠡᠴᠢᠯᠡᠬᠦ᠂ ᠪᠣᠭᠤᠮᠲᠠ ᠵᠢᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠲᠤᠰᠬᠠᠶ ᠵᠦᠢ᠍ᠯ᠎ᠤᠨ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠭᠠᠳᠠᠭ᠋ᠠᠳᠤ ᠠᠷᠠᠯᠵᠢᠶᠠᠨ᠎ᠤ ᠠᠵᠤ ᠦᠢ᠍ᠯᠡᠰ᠎ᠤᠨ ᠬᠡᠯᠬᠢᠶ᠎ᠡ ᠪᠠ ᠬᠠᠩᠭ᠋ᠠᠯᠭ᠎ᠠ ᠵᠢᠨ ᠬᠡᠯᠬᠢᠶ᠎ᠡ ᠵᠢᠨ ᠰᠠᠭ᠋ᠠᠳ ᠦᠭᠡᠢ ᠠᠵᠢᠯᠯᠠᠬᠤ ᠵᠢ ᠪᠠᠲᠤᠯᠠᠪᠠ᠃ ᠪᠣᠳᠠᠲᠠᠶ ᠠᠷᠭ᠎ᠠ ᠬᠡᠮᠵᠢᠶ᠎ᠡ ᠵᠢᠴᠢ ᠦᠷ᠎ᠡ ᠪᠦᠲᠦᠮᠵᠢ᠎ᠨᠢ ᠳᠣᠤᠷᠠᠬᠢ ᠮᠡᠲᠦ᠄
ᠨᠢᠭᠡ᠎ᠳᠤ᠂ ᠥᠨᠳᠥᠷ ᠪᠦᠲᠦᠮᠵᠢᠲᠡᠶ᠎ᠪᠠᠷ ᠠᠷᠠᠳ᠎ᠲᠤ ᠲᠥᠬᠦᠮ ᠦᠵᠡᠭᠦᠯᠬᠦ ᠪᠠ ᠠᠵᠤ ᠠᠬᠤᠶ᠋ᠢᠯᠠᠯ᠎ᠳᠤ ᠠᠰᠢᠭ ᠣᠯᠭᠤᠵᠤ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠪᠡ᠃ ᠨᠠᠮ᠎ᠤᠨ ᠬᠤᠷᠢᠶᠠᠨ᠎ᠤ ᠭᠡᠰᠢᠭᠦᠳ᠎ᠤᠨ 《ᠪᠠᠶ᠋ᠢᠴᠠᠭ᠋ᠠᠨ ᠰᠤᠳᠤᠯᠬᠤ ᠭᠠᠷᠠᠭ》᠎ᠤᠨ ᠠᠵᠢᠯᠯᠠᠭ᠎ᠠ ᠵᠢ ᠥᠷᠨᠢᠭᠦᠯᠵᠦ᠂ ᠲᠤᠰ ᠲᠤᠰ ᠪᠦᠯᠬᠦᠮ ᠳᠠᠭ᠋ᠠᠭᠤᠯᠤᠨ ᠪᠣᠭᠤᠮᠲᠠ ᠵᠢᠨ ᠣᠷᠣᠨ᠎ᠤ 8 ᠠᠶ᠋ᠢᠮᠠᠭ ᠬᠤᠳᠠ ᠵᠢᠨ ᠨᠠᠮ᠎ᠤᠨ ᠬᠤᠷᠢᠶ᠎ᠠ ᠵᠠᠰᠠᠭ᠎ᠤᠨ ᠣᠷᠳᠣᠨ᠎ᠳᠤ ᠬᠦᠷᠴᠦ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ 41 ᠠᠵᠤ ᠠᠬᠤᠶ᠋ᠢᠯᠠᠯ᠎ᠳᠤ ᠬᠦᠷᠴᠦ᠂ 34 ᠵᠦᠢ᠍ᠯ᠎ᠤᠨ ᠠᠰᠠᠭᠤᠳᠠᠯ ᠪᠠ ᠰᠠᠨᠠᠭᠤᠯᠭ᠎ᠠ ᠵᠢ ᠴᠤᠭᠯᠠᠭᠤᠯᠵᠤ᠂ ᠲᠤᠬᠠᠶ ᠵᠢᠨ ᠲᠠᠯᠠᠪᠤᠷ᠎ᠲᠤ ᠰᠢᠢ᠍ᠳᠪᠦᠷᠢᠯᠡᠬᠦ 21 ᠵᠦᠢ᠍ᠯ᠎ᠤᠨ ᠠᠷᠭ᠎ᠠ ᠬᠡᠮᠵᠢᠶ᠎ᠡ ᠵᠢ ᠲᠣᠭᠲᠠᠭ᠋ᠠᠪᠠ᠃ 《ᠵᠠᠭᠤᠨ ᠬᠥᠮᠦᠨ ᠮᠢᠩᠭ᠋ᠠᠨ ᠠᠵᠤ ᠠᠬᠤᠶ᠋ᠢᠯᠠᠯ ᠲᠠᠢ ᠬᠤᠯᠪᠣᠭ᠋ᠠᠯᠠᠵᠤ᠂ ᠭᠠᠳᠠᠭ᠋ᠠᠳᠤ ᠠᠷᠠᠯᠵᠢᠶ᠎ᠠ ᠵᠢ ᠬᠦᠴᠦᠯᠡᠨ ᠠᠬᠢᠭᠤᠯᠬᠤ》 ᠪᠣᠭᠤᠮᠲᠠ ᠵᠢᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠲᠤᠰᠬᠠᠶ ᠠᠵᠢᠯᠯᠠᠭ᠎ᠠ ᠵᠢ ᠥᠷᠨᠢᠭᠦᠯᠵᠦ᠂ ᠪᠣᠭᠤᠮᠲᠠ ᠵᠢᠨ ᠣᠷᠣᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠲᠤᠬᠠᠶ᠋ᠢᠯᠠᠭᠰᠠᠨ ᠠᠵᠢᠯ᠎ᠤᠨ 5994 ᠠᠵᠤ ᠠᠬᠤᠶ᠋ᠢᠯᠠᠯ᠎ᠢ ᠪᠦᠬᠦ ᠲᠠᠯ᠎ᠠ᠎ᠪᠠᠷ ᠡᠮᠬᠢᠯᠡᠨ ᠲᠢᠭᠯᠡᠵᠦ᠂ ᠠᠵᠤ ᠠᠬᠤᠶ᠋ᠢᠯᠠᠯ᠎ᠤᠨ ᠬᠡᠷᠡᠭᠴᠡᠭᠡ ᠵᠢ ᠲᠣᠳᠣᠷᠬᠠᠶ ᠣᠶ᠋ᠢᠯᠠᠭ᠋ᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠴᠢᠩᠭ᠋ᠠᠳᠬᠠᠪᠠ᠃ 《ᠠᠵᠤ ᠠᠬᠤᠶ᠋ᠢᠯᠠᠯ ᠲᠥᠷᠥ ᠵᠢᠨ ᠪᠣᠳᠣᠯᠭ᠎ᠠ ᠵᠢ ᠡᠷᠢᠬᠦ》 ᠪᠠᠶ᠋ᠢᠭᠰᠠᠨ᠎ᠢ 《ᠲᠥᠷᠥ ᠵᠢᠨ ᠪᠣᠳᠣᠯᠭ᠎ᠠ᠎ᠨᠢ ᠠᠵᠤ ᠠᠬᠤᠶ᠋ᠢᠯᠠᠯ᠎ᠢ ᠡᠷᠢᠬᠦ》 ᠪᠣᠯᠭ᠋ᠠᠨ ᠬᠤᠪᠢᠷᠠᠭᠤᠯᠵᠤ᠂ ᠴᠤᠭᠯᠠᠭᠤᠯᠤᠭᠰᠠᠨ ᠠᠵᠤ ᠠᠬᠤᠶ᠋ᠢᠯᠠᠯ᠎ᠤᠨ ᠠᠰᠠᠭᠤᠳᠠᠯ ᠵᠢᠴᠢ ᠬᠦᠴᠢᠷᠳᠡᠯ᠎ᠢ ᠦᠨᠳᠦᠰᠦᠯᠡᠨ᠂ ᠨᠢᠭᠡ ᠵᠢ ᠢᠯᠡᠷᠡᠭᠦᠯᠪᠡᠯ ᠨᠢᠭᠡ ᠵᠢ ᠰᠢᠢ᠍ᠳᠪᠦᠷᠢᠯᠡᠵᠦ᠂ ᠨᠢᠭᠡ ᠲᠥᠷᠥᠯ᠎ᠢ ᠵᠢᠷᠤᠮᠵᠢᠭᠤᠯᠤᠨ᠂ ᠨᠡᠶ᠋ᠢᠲᠡᠯᠢᠭ ᠴᠢᠨᠠᠷᠲᠠᠶ ᠠᠰᠠᠭᠤᠳᠠᠯ᠎ᠳᠤ ᠴᠢᠭᠯᠡᠭᠦᠯᠦᠨ ᠨᠢᠭᠡ᠎ᠠᠴᠠ ᠨᠦᠬᠦᠭᠡ ᠵᠢ ᠵᠦᠢ᠍ᠴᠢᠯᠡᠵᠦ᠂ ᠪᠦᠲᠦᠮᠵᠢᠲᠡᠶ ᠰᠢᠢ᠍ᠳᠪᠦᠷᠢᠯᠡᠬᠦ ᠣᠷᠳᠣ ᠬᠤᠭᠤᠴᠠᠭ᠋ᠠᠨ᠎ᠤ ᠲᠥᠰᠦᠯ᠎ᠢ ᠪᠣᠶ ᠪᠣᠯᠭ᠋ᠠᠪᠠ᠃ ᠪᠣᠭᠤᠮᠲᠠ ᠵᠢᠨ 208 ᠬᠤᠯᠪᠣᠭ᠋ᠠᠨ᠎ᠤ ᠠᠵᠢᠯᠴᠢᠨ 1114 ᠭᠤᠣᠯᠳᠠᠯᠭ᠎ᠠ᠎ᠲᠠᠢ ᠠᠵᠤ ᠠᠬᠤᠶ᠋ᠢᠯᠠᠯ᠎ᠢ ᠬᠠᠪᠰᠤᠷᠤᠨ ᠲᠡᠳᠬᠦᠵᠦ᠂ 672 ᠬᠤᠪᠢ ᠠᠰᠠᠭᠤᠨ ᠯᠠᠪᠯᠠᠯᠲᠠ᠎ᠳᠤ ᠬᠠᠷᠢᠭᠤᠯᠲᠠ ᠥᠭᠴᠦ᠂ 208 ᠤᠳᠠᠭ᠎ᠠ ᠲᠦᠷᠦ ᠵᠢᠨ ᠪᠤᠳᠤᠯᠭ᠎ᠠ ᠵᠢ ᠳᠡᠪᠰᠢᠭᠦᠯᠵᠦ᠂ 121 ᠪᠣᠳᠠᠲᠠᠢ ᠠᠰᠠᠭᠤᠳᠠᠯ᠎ᠢ ᠰᠢᠢ᠍ᠳᠪᠦᠷᠢᠯᠡᠵᠦ᠂ 32 ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠠᠭᠤᠳᠠᠯᠵᠤ ᠯᠠᠪᠯᠠᠯᠲᠠ ᠪᠣᠯᠭ᠋ᠠᠨ ᠳᠡᠯᠭᠡᠷᠡᠭᠦᠯᠬᠦ᠎ᠳᠤ ᠵᠣᠷᠢᠭᠤᠯᠪᠠ᠃
ᠬᠤᠶᠠᠷ᠎ᠲᠤ᠂ ᠥᠭᠡᠷᠡᠴᠢᠯᠡᠯᠲᠡ ᠰᠢᠨᠡᠴᠢᠯᠡᠯᠲᠡ ᠵᠢ ᠭᠦᠨᠵᠡᠭᠡᠶ᠋ᠢᠷᠡᠭᠦᠯᠵᠦ᠂ ᠪᠣᠭᠤᠮᠲᠠ᠎ᠪᠠᠷ ᠥᠩᠭᠡᠷᠡᠬᠦ ᠪᠥᠬᠦ ᠬᠡᠯᠬᠢᠶ᠎ᠡ ᠪᠥᠬᠦ ᠴᠤᠪᠤᠷᠠᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ ᠠᠬᠢᠭᠤᠯᠵᠤ᠂ ᠲᠥᠷᠥ ᠵᠢᠨ ᠪᠣᠳᠣᠯᠭ᠎ᠠ ᠵᠢᠨ ᠬᠠᠩᠭ᠋ᠠᠯᠭ᠎ᠠ ᠵᠢ ᠲᠠᠰᠤᠷᠠᠯᠲᠠ ᠥᠬᠡᠶ ᠴᠢᠩᠭ᠋ᠠᠷᠠᠭᠤᠯᠤᠨ᠂ ᠠᠯᠬᠤᠮ ᠳᠠᠷᠠᠭ᠎ᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠬᠦ᠂ ᠴᠠᠭ᠎ᠢ ᠪᠣᠭᠤᠨᠢᠰᠬᠠᠬᠤ᠂ ᠥᠪᠡᠷ᠎ᠤᠨ ᠥᠷᠲᠡᠭ᠎ᠢ ᠪᠠᠭᠤᠷᠠᠭᠤᠯᠬᠤ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠪᠠᠷ ᠬᠠᠷᠠᠯᠲᠠ ᠪᠣᠯᠭ᠋ᠠᠵᠤ᠂ 《ᠬᠤᠶᠠᠷ ᠠᠯᠬᠤᠮ ᠵᠶ᠋ᠠᠷ ᠮᠡᠳᠡᠭᠦᠯᠬᠦ》 《ᠬᠤᠶᠠᠷ ᠡᠭᠡᠯᠵᠢ᠎ᠪᠠᠷ ᠬᠥᠳᠡᠯᠭᠡᠬᠦ》 《ᠬᠤᠶᠠᠷ ᠬᠡᠰᠡᠭ ᠵᠶ᠋ᠠᠷ ᠵᠥᠪᠰᠢᠶᠡᠷᠡᠨ ᠣᠷᠣᠭᠤᠯᠬᠤ》 ᠲᠤᠬᠠᠶ᠋ᠢᠯᠠᠭᠰᠠᠨ ᠠᠵᠢᠯ᠎ᠤᠨ ᠥᠭᠡᠷᠡᠴᠢᠯᠡᠯᠲᠡ ᠵᠢ ᠵᠣᠬᠢᠴᠠᠭᠤᠯᠤᠨ ᠠᠬᠢᠭᠤᠯᠵᠤ᠂ ᠪᠦᠬᠦᠯᠢ ᠴᠣᠭᠴᠠ ᠵᠢᠨ ᠪᠣᠭᠤᠮᠲᠠ᠎ᠪᠠᠷ ᠥᠩᠭᠡᠷᠡᠬᠦ ᠴᠠᠭ ᠬᠤᠭᠤᠴᠠᠭ᠋ᠠᠨ᠎ᠤ ᠦᠷ᠎ᠡ ᠪᠦᠲᠦᠮᠵᠢ ᠵᠢ ᠦᠷᠭᠦᠯᠵᠢᠯᠡᠨ ᠪᠠᠬᠢᠵᠢᠭᠦᠯᠦᠨ ᠪᠠᠭ᠋ᠠᠰᠬᠠᠪᠠ᠃ ᠲᠦᠷᠦᠭᠦᠤ 10 ᠰᠠᠷ᠎ᠠ᠎ᠳᠤ᠂ ᠪᠣᠭᠤᠮᠲᠠ ᠵᠢᠨ ᠣᠷᠣᠨ᠎ᠤ ᠭᠠᠳᠠᠭ᠋ᠠᠳᠤ ᠣᠷᠣᠭᠤᠯᠤᠯᠲᠠ ᠵᠢᠨ ᠪᠦᠬᠦᠯᠢ ᠴᠣᠭᠴᠠ ᠵᠢᠨ ᠪᠣᠭᠤᠮᠲᠠ᠎ᠪᠠᠷ ᠥᠩᠭᠡᠷᠡᠬᠦ ᠴᠠᠭ᠎ᠨᠢ 40.95 ᠴᠠᠭ ᠪᠠᠶ᠋ᠢᠵᠤ᠂ 72.43%᠎ᠪᠠᠷ ᠪᠣᠭᠤᠨᠢᠰᠬᠠᠨ᠂ ᠭᠠᠳᠠᠭ᠋ᠠᠳᠤ ᠭᠠᠷᠭ᠋ᠠᠯᠲᠠ ᠵᠢᠨ ᠪᠦᠬᠦᠯᠢ ᠴᠣᠭᠴᠠ ᠵᠢᠨ ᠪᠣᠭᠤᠮᠲᠠ᠎ᠪᠠᠷ ᠥᠩᠭᠡᠷᠡᠬᠦ ᠴᠠᠭ᠎ᠨᠢ 0.35 ᠴᠠᠭ ᠪᠠᠶ᠋ᠢᠵᠤ᠂ 84.7%᠎ᠪᠠᠷ ᠪᠣᠭᠤᠨᠢᠰᠬᠠᠪᠠ᠃ ᠵᠠᠰᠠᠮᠠᠯ ᠵᠠᠮ᠎ᠤᠨ ᠪᠣᠭᠤᠮᠲᠠ ᠵᠢᠨ ᠤᠶᠤᠨᠲᠤ ᠪᠣᠭᠤᠮᠲᠠ ᠵᠢᠨ ᠰᠢᠰᠲ᠋ᠧᠮ᠎ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠭᠠᠳᠠᠭ᠋ᠠᠳᠤ᠎ᠠᠴᠠ ᠣᠷᠣᠭᠤᠯᠬᠤ ᠨᠡᠭᠦᠷᠡᠰᠦᠨ᠎ᠤ ᠲᠥᠪᠯᠡᠷᠡᠭᠦᠯᠦᠨ ᠮᠡᠳᠡᠭᠦᠯᠬᠦ ᠴᠠᠭ᠎ᠢ ᠳᠤᠮᠳᠠᠴᠢ᠎ᠪᠠᠷ 10 ᠮᠢᠨᠦ᠋ᠲ ᠪᠠᠶ᠋ᠢᠭᠰᠠᠨ᠎ᠠᠴᠠ 1 ᠮᠢᠨᠦ᠋ᠲ ᠪᠣᠯᠭ᠋ᠠᠨ ᠪᠣᠭᠤᠨᠢᠰᠬᠠᠪᠠ᠃ ᠣᠬ ᠭᠠᠷᠤᠯᠲᠠ ᠵᠢᠨ ᠭᠠᠵᠠᠷ᠎ᠤᠨ ᠦᠨᠡᠮᠯᠡᠯ ᠵᠡᠷᠭᠡ ᠵᠢ 《ᠭᠠᠭᠴᠠ ᠴᠣᠩᠬᠤᠪᠴᠢ》᠎ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠬᠥᠯᠢᠶᠡᠨ ᠠᠪᠴᠤ ᠰᠢᠢ᠍ᠳᠪᠦᠷᠢᠯᠡᠬᠦ᠂ ᠡᠯᠧᠺᠳ᠋ᠷᠣᠨ ᠭᠠᠷᠤᠨ ᠥᠰᠥᠭ ᠵᠢᠷᠤᠬᠤ᠂ ᠪᠠᠶ᠋ᠢᠴᠠᠭ᠋ᠠᠨ ᠯᠠᠪᠯᠠᠵᠤ ᠮᠥᠷᠳᠡᠨ ᠨᠡᠬᠡᠮᠵᠢᠯᠡᠬᠦ ᠪᠠ ᠠᠵᠤ ᠠᠬᠤᠶ᠋ᠢᠯᠠᠯ᠎ᠤᠨ ᠥᠪᠡᠰᠦᠪᠡᠨ ᠳᠠᠷᠤᠮᠠᠯᠯᠠᠬᠤ ᠵᠢ ᠠᠬᠢᠭᠤᠯᠪᠠ᠃ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠭᠤᠭᠴᠤᠭ᠎ᠠ ᠵᠢᠨ ᠬᠢᠨᠠᠨ ᠬᠠᠮᠢᠶᠠᠷᠬᠤ ᠦᠨᠡᠮᠯᠡᠯ᠎ᠤᠨ ᠲᠤᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠴᠣᠮᠬᠠᠳᠬᠠᠵᠤ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ᠎ᠳᠤ ᠬᠢᠨᠠᠨ ᠬᠠᠮᠢᠶᠠᠷᠴᠤ ᠰᠢᠯᠭ᠋ᠠᠨ ᠬᠠᠷᠭᠤᠭᠤᠯᠬᠤ ᠴᠢᠬᠤᠯᠠᠲᠠᠶ ᠦᠨᠡᠮᠯᠡᠯ ᠵᠢ 41 ᠵᠦᠢ᠍ᠯ ᠪᠣᠯᠭ᠋ᠠᠨ ᠴᠣᠮᠬᠠᠳᠬᠠᠵᠤ᠂ ᠠᠮᠤᠷ ᠲᠦᠪᠰᠢᠨ᠎ᠤ ᠨᠢᠭᠤᠴᠠ ᠵᠢ ᠬᠠᠮᠠᠭ᠋ᠠᠯᠠᠬᠤ ᠬᠡᠷᠡᠭᠴᠡᠭᠡ ᠵᠡᠷᠭᠡ 3 ᠵᠦᠢ᠍ᠯ᠎ᠤᠨ ᠪᠠᠶ᠋ᠢᠳᠠᠯ᠎ᠠᠴᠠ ᠭᠠᠳᠠᠨ᠎ᠠ᠂ ᠦᠯᠡᠳᠡᠭᠰᠡᠨ 38 ᠵᠦᠢ᠍ᠯ᠎ᠢ᠎ᠨᠢ ᠰᠦᠯᠵᠢᠶᠡᠨ ᠳᠡᠭᠡᠷ᠎ᠡ ᠭᠤᠶᠤᠴᠢᠯᠠᠨ ᠭᠦᠢ᠍ᠴᠡᠳᠬᠡᠬᠦ ᠵᠢ ᠪᠡᠶᠡᠯᠡᠭᠦᠯᠪᠡ᠃
ᠭᠤᠷᠪᠠ᠎ᠳᠤ᠂ ᠦᠢ᠍ᠯᠡᠴᠢᠯᠡᠭᠡᠨ᠎ᠤ ᠦᠷ᠎ᠡ ᠨᠥᠯᠥᠭᠡ ᠵᠢ ᠳᠡᠭᠡᠭᠰᠢᠯᠡᠭᠦᠯᠵᠦ᠂ ᠪᠣᠭᠤᠮᠲᠠ ᠵᠢᠨ ᠪᠠᠷᠠᠭ᠋ᠠᠨ᠎ᠤ ᠭᠦᠢ᠍ᠯᠭᠡᠭᠡᠨ᠎ᠤ ᠵᠠᠮ᠎ᠢ ᠴᠢᠨᠠᠭᠰᠢᠳᠠ ᠰᠢᠯᠤᠭᠤᠳᠬᠠᠪᠠ᠃ ᠪᠣᠭᠤᠮᠲᠠ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠵᠦ ᠴᠢᠳᠠᠬᠤ ᠵᠢ ᠦᠨᠡᠨ ᠬᠦ᠌ ᠪᠠᠲᠤᠯᠠᠭᠰᠠᠨ ᠰᠠᠭᠤᠷᠢᠨ ᠳᠡᠭᠡᠷ᠎ᠡ᠂ ᠥᠷᠭᠡᠨ ᠬᠡᠷᠡᠭᠴᠡᠭᠡᠨ᠎ᠤ ᠠᠭᠤᠷᠬᠠᠶ ᠡᠨᠧᠷᠭᠢ ᠵᠢᠨ ᠦᠢ᠍ᠯᠡᠳᠬᠦᠨ᠎ᠢ ᠰᠢᠯᠭ᠋ᠠᠨ ᠥᠩᠭᠡᠷᠡᠭᠦᠯᠬᠦ ᠴᠤᠪᠤᠷᠠᠯ᠎ᠢ ᠦᠷᠭᠦᠯᠵᠢᠯᠡᠨ ᠰᠢᠯᠢᠳᠡᠭᠵᠢᠭᠦᠯᠵᠦ᠂ ᠨᠡᠭᠦᠷᠡᠰᠦᠨ᠎ᠤ ᠬᠠᠩᠭ᠋ᠠᠯᠭ᠎ᠠ ᠵᠢ ᠪᠠᠲᠤᠯᠠᠬᠤ ᠲᠤᠰᠬᠠᠶ ᠵᠦᠢ᠍ᠯ᠎ᠤᠨ ᠠᠵᠢᠯ᠎ᠢ ᠪᠥᠬᠦ ᠬᠦᠴᠦᠨ ᠵᠶ᠋ᠠᠷ ᠵᠶ᠋ᠠᠨ ᠪᠠᠲᠤᠯᠠᠨ᠂ ᠣᠷᠣᠨ ᠨᠤᠲᠤᠭ᠎ᠤᠨ᠎ᠬᠢᠨ᠎ᠤ ᠨᠡᠭᠦᠷᠡᠰᠦᠨ᠎ᠤ ᠲᠡᠭᠡᠭᠡᠪᠦᠷᠢ ᠵᠢᠨ 《ᠲᠠᠷᠠᠬᠠᠶ ᠵᠢ ᠲᠦᠪᠯᠡᠷᠡᠩᠭᠦᠢ ᠪᠣᠯᠭ᠋ᠠᠨ ᠥᠭᠡᠷᠡᠴᠢᠯᠡᠬᠦ》 ᠪᠠ ᠳᠡᠭᠦᠵᠢᠯᠡᠨ ᠤᠭᠰᠠᠷᠠᠬᠤ ᠵᠠᠭᠪᠤᠷ ᠵᠶ᠋ᠠᠷ ᠲᠡᠭᠡᠭᠡᠪᠦᠷᠢᠯᠡᠬᠦ ᠵᠢ ᠰᠦᠪᠡᠭᠴᠢᠯᠡᠨ ᠠᠬᠢᠭᠤᠯᠬᠤ ᠵᠢ ᠳᠡᠮᠵᠢᠵᠦ᠂ 《ᠨᠢᠭᠡ ᠪᠣᠭᠤᠮᠲᠠ᠎ᠳᠤ ᠨᠢᠭᠡ ᠲᠥᠰᠦᠯ ᠲᠣᠭᠲᠠᠭ᠋ᠠᠬᠤ》 ᠠᠷᠭ᠎ᠠ ᠬᠡᠮᠵᠢᠶ᠎ᠡ ᠠᠪᠴᠤ᠂ ᠬᠠᠭᠤᠷᠠᠶ ᠵᠠᠮ᠎ᠤᠨ ᠪᠣᠭᠤᠮᠲᠠ ᠵᠢᠨ 《ᠠᠶᠠᠨᠴᠢᠳ᠎ᠢ ᠵᠣᠭᠰᠣᠭ᠋ᠠᠵᠤ ᠪᠠᠷᠠᠭ᠎ᠠ ᠵᠢ ᠨᠡᠪᠲᠡᠷᠡᠭᠦᠯᠬᠦ》 ᠵᠠᠭᠪᠤᠷ ᠳᠣᠤᠷᠠᠬᠢ ᠪᠠᠷᠠᠭ᠋ᠠᠨ᠎ᠤ ᠲᠡᠭᠡᠭᠡᠪᠦᠷᠢ ᠵᠢᠨ ᠰᠠᠭ᠋ᠠᠳ ᠥᠬᠡᠶ ᠨᠡᠪᠲᠡᠷᠡᠬᠦ ᠵᠢ ᠪᠠᠲᠤᠯᠠᠪᠠ᠃ ᠲᠦᠷᠦᠭᠦᠦ 10 ᠰᠠᠷ᠎ᠠ᠎ᠳᠤ᠂ ᠬᠥᠬᠡᠬᠤᠲᠠ ᠪᠣᠭᠤᠮᠲᠠ ᠵᠢᠨ ᠬᠠᠷᠢᠶ᠎ᠠ ᠣᠷᠣᠨ᠎ᠤ ᠪᠣᠭᠤᠮᠲᠠ ᠵᠢᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ 2643.8 ᠲᠦᠮᠡᠨ ᠲᠣᠨ᠎ᠳᠤ ᠬᠦᠷᠴᠡᠢ᠃ ᠡᠷᠢᠶᠡᠨ ᠬᠤᠲᠠ ᠵᠢᠨ ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡ ᠵᠢᠨ ᠪᠣᠭᠤᠮᠲᠠ ᠵᠠᠩᠭᠢᠶᠠᠰᠤ ᠵᠢᠨ ᠳᠠᠪᠠᠭᠤᠯᠢᠭ᠎ᠢ ᠴᠢᠷᠮᠠᠶ᠋ᠢᠨ ᠪᠠᠳᠠᠷᠠᠭᠤᠯᠵᠤ᠂ ᠴᠢᠩᠭᠡᠯᠢᠭ᠎ᠢ ᠪᠠᠶ᠋ᠢᠴᠠᠭ᠋ᠠᠨ ᠰᠢᠯᠭ᠋ᠠᠬᠤ᠎ᠳᠤ ᠪᠡᠯᠡᠳᠬᠡᠬᠦ ᠴᠠᠭ᠎ᠨᠢ ᠣᠷᠳᠣ᠂ ᠡᠯᠧᠺᠳ᠋ᠷᠤᠨᠴᠢᠯᠡᠭᠰᠡᠨ ᠲᠤᠭ᠎ᠠ ᠪᠠᠷᠢᠮᠲᠠ ᠵᠢ ᠵᠣᠯᠭ᠋ᠠᠭᠤᠯᠬᠤ ᠵᠡᠷᠭᠡ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠬᠦ ᠵᠢ ᠠᠬᠢᠭᠤᠯᠪᠠ᠃ ᠡᠷᠢᠶᠡᠨ ᠬᠤᠲᠠ ᠵᠢᠨ ᠲᠡᠮᠦᠷ ᠵᠠᠮ᠎ᠤᠨ ᠪᠣᠭᠤᠮᠲᠠ᠎ᠪᠠᠷ ᠳᠠᠮᠵᠢᠨ ᠬᠢᠯᠢ᠎ᠪᠠᠷ ᠣᠷᠣᠵᠤ ᠭᠠᠷᠬᠤ ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡ ᠵᠢᠨ ᠲᠣᠭᠲᠠᠭᠤᠨ ᠪᠥᠭᠡᠳ ᠰᠠᠭ᠋ᠠᠳ ᠥᠬᠡᠶ ᠨᠡᠪᠲᠡᠷᠡᠵᠦ᠂ ᠦᠷᠭᠦᠯᠵᠢᠯᠡᠨ ᠥᠨᠳᠥᠷ ᠪᠠᠶ᠋ᠢᠷᠢ᠎ᠪᠠᠷ ᠠᠶᠠᠯᠠᠬᠤ ᠵᠢ ᠪᠠᠲᠤᠯᠠᠪᠠ᠃ ᠲᠦᠷᠦᠭᠦᠤ 10 ᠰᠠᠷ᠎ᠠ᠎ᠳᠤ᠂ ᠪᠣᠭᠤᠮᠲᠠ ᠵᠢᠨ ᠬᠢᠨᠠᠨ ᠬᠠᠮᠢᠶᠠᠷᠴᠤ ᠪᠠᠶ᠋ᠢᠭ᠎ᠠ ᠡᠷᠢᠶᠡᠨ ᠬᠤᠲᠠ ᠵᠢᠨ ᠲᠡᠮᠦᠷ ᠵᠠᠮ᠎ᠤᠨ ᠪᠣᠭᠤᠮᠲᠠ᠎ᠪᠠᠷ ᠳᠠᠮᠵᠢᠨ ᠬᠢᠯᠢ᠎ᠪᠠᠷ ᠣᠷᠣᠭᠤᠯᠵᠤ ᠭᠠᠷᠭ᠋ᠠᠬᠤ ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡ 2203 ᠴᠤᠪᠤᠭ᠎ᠠ᠂ 22.9 ᠲᠦᠮᠡᠨ ᠠᠪᠳᠠᠷ᠎ᠠ ᠠᠴᠢᠶᠠᠯᠠᠵᠤ᠂ ᠪᠠᠷᠠᠭ᠋ᠠᠨ᠎ᠤ ᠶᠡᠷᠦᠩᠬᠡᠶ ᠬᠦᠨᠳᠦ᠎ᠨᠢ 192 ᠲᠦᠮᠡᠨ ᠲᠣᠨ᠂ ᠪᠠᠷᠠᠭ᠋ᠠᠨ᠎ᠤ ᠥᠷᠲᠡᠭ᠎ᠨᠢ 314.4 ᠳ᠋ᠦᠩᠰᠢᠭᠤᠷ ᠳ᠋ᠣᠯᠯᠠᠷ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 12.86%᠂ 16.09%᠂ 3.52%᠂ 42.37%᠎ᠪᠠᠷ ᠨᠡᠮᠡᠭᠳᠡᠵᠡᠶ᠃ ᠤᠯᠠᠭ᠋ᠠᠨᠴᠠᠪ᠂ ᠣᠷᠳᠣᠰ᠎ᠤᠨ ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡ ᠵᠢᠨ 《ᠪᠠᠭᠲᠠᠭ᠋ᠠᠮᠵᠢ ᠵᠢ ᠥᠷᠭᠡᠳᠬᠡᠨ ᠬᠡᠮᠵᠢᠶ᠎ᠡ ᠵᠢ ᠨᠡᠮᠡᠭᠳᠡᠭᠦᠯᠬᠦ》 ᠵᠢ ᠳᠡᠮᠵᠢᠵᠦ᠂ ᠲᠦᠷᠦᠭᠦᠤ 10 ᠰᠠᠷ᠎ᠠ᠎ᠳᠤ᠂ ᠤᠯᠠᠭ᠋ᠠᠨᠴᠠᠪ᠎ᠤᠨ ᠬᠢᠯᠢ᠎ᠪᠠᠷ ᠣᠷᠣᠭᠤᠯᠵᠤ ᠭᠠᠷᠭ᠋ᠠᠭᠰᠠᠨ ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡ ᠨᠡᠶ᠋ᠢᠲᠡ 160 ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 52.6%᠎ᠪᠠᠷ ᠨᠡᠮᠡᠭᠳᠡᠪᠡ; ᠤᠷᠳᠤᠰ ᠬᠤᠳᠠ᠎ᠳᠤ ᠳᠤᠮᠳᠠᠳᠤ ᠧᠦ᠋ᠷᠣᠫᠠ ᠵᠢᠨ 8 ᠵᠢᠰᠢᠶᠠᠨ᠎ᠤ ᠭᠠᠯᠲᠤ ᠲᠡᠷᠭᠡ ᠵᠢ ᠨᠡᠪᠲᠡᠷᠡᠭᠦᠯᠪᠡ᠃
ᠲᠦᠷᠪᠡ᠎ᠳᠤ᠂ ᠭᠠᠶ᠋ᠢᠯᠢ ᠵᠢ ᠬᠥᠩᠭᠡᠯᠡᠵᠦ ᠰᠦᠢ᠍ᠳᠬᠡᠯ᠎ᠢ ᠪᠠᠭᠤᠷᠠᠭᠤᠯᠬᠤ ᠵᠢ ᠠᠬᠢᠭᠤᠯᠵᠤ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠭᠤᠭᠴᠤᠭ᠎ᠠ ᠵᠢᠨ ᠰᠦᠢ᠍ᠳᠬᠡᠯ᠎ᠢ ᠪᠠᠭᠤᠷᠠᠭᠤᠯᠪᠠ᠃ ᠬᠢᠯᠢ ᠵᠢᠨ ᠪᠣᠭᠤᠮᠲᠠ ᠵᠢᠨ ᠰᠦᠢ᠍ᠳᠬᠡᠯ ᠬᠤᠷᠢᠶᠠᠬᠤ ᠭᠠᠷᠴᠠᠭ᠎ᠤᠨ ᠨᠠᠷᠢᠨ ᠬᠠᠭᠤᠳᠠᠰᠤ ᠵᠢᠨ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠬᠥᠳᠡᠯᠦᠩᠭᠦᠶ᠎ᠪᠠᠷ ᠳᠣᠭᠢᠷᠠᠭᠤᠯᠤᠨ ᠰᠢᠨᠡᠳᠬᠡᠬᠦ ᠵᠢ ᠴᠢᠩᠭ᠋ᠠᠷᠠᠭᠤᠯᠤᠨ᠂ ᠨᠠᠷᠢᠨ ᠬᠠᠭᠤᠳᠠᠰᠤ᠎ᠠᠴᠠ ᠭᠠᠳᠠᠨ᠎ᠠ ᠶᠠᠮᠠᠷ ᠴᠦ᠍ ᠰᠦᠢ᠍ᠳᠬᠡᠯ ᠬᠤᠷᠢᠶᠠᠵᠤ ᠪᠣᠯᠬᠤ ᠥᠬᠡᠶ ᠭᠡᠵᠦ ᠲᠣᠭᠲᠠᠭ᠋ᠠᠨ᠂ ᠪᠣᠭᠤᠮᠲᠠ ᠵᠢᠨ ᠰᠦᠢ᠍ᠳᠬᠡᠯ ᠬᠤᠷᠢᠶᠠᠬᠤ ᠵᠢ ᠵᠢᠷᠤᠮᠵᠢᠭᠤᠯᠬᠤ᠂ ᠢᠯᠡ ᠲᠣᠳᠣ ᠪᠣᠯᠭ᠋ᠠᠬᠤ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠠᠵᠤ ᠠᠬᠤᠶ᠋ᠢᠯᠠᠯ᠎ᠢ ᠵᠢᠯᠣᠭᠤᠳᠤᠨ ᠪᠠᠩᠬᠢ ᠵᠢᠨ ᠳᠠᠭ᠋ᠠᠭ᠋ᠠᠯᠲᠠ ᠵᠢᠨ ᠵᠠᠬᠢᠳᠠᠯ᠂ ᠠᠵᠤ ᠠᠬᠤᠶ᠋ᠢᠯᠠᠯ᠎ᠤᠨ ᠪᠦᠯᠦᠭᠯᠡᠯ᠎ᠤᠨ ᠡᠳ᠋᠎ᠤᠨ ᠶᠠᠪᠤᠳᠠᠯ᠎ᠤᠨ ᠳᠠᠭ᠋ᠠᠭ᠋ᠠᠯᠲᠠ ᠪᠠ ᠪᠣᠭᠤᠮᠲᠠ ᠵᠢᠨ ᠭᠠᠶ᠋ᠢᠯᠢ ᠵᠢᠨ ᠪᠠᠲᠤᠯᠠᠭ᠎ᠠ ᠵᠢᠨ ᠳᠠᠭ᠋ᠠᠳᠬᠠᠯ ᠵᠡᠷᠭᠡ 《ᠣᠯᠠᠨ ᠵᠠᠮ ᠵᠶ᠋ᠠᠷ ᠳᠠᠭ᠋ᠠᠭ᠋ᠠᠯᠲᠠ ᠬᠢᠬᠦ》 ᠵᠠᠭᠪᠤᠷ᠎ᠢ ᠬᠡᠷᠡᠭᠯᠡᠨ᠂ ᠪᠠᠷᠠᠭ᠎ᠠ ᠪᠡᠯᠡᠳᠬᠡᠬᠦ ᠦᠶᠡᠯᠡᠯ᠎ᠤᠨ ᠬᠤᠭᠤᠴᠠᠭ᠎ᠠ ᠵᠢ ᠤᠷᠲᠤᠳᠬᠠᠭᠰᠠᠨ᠎ᠠᠴᠠ ᠪᠣᠯᠤᠭᠰᠠᠨ ᠪᠠᠯᠠ ᠮᠥᠩᠭᠦ ᠵᠢᠨ ᠳᠠᠷᠤᠯᠲᠠ ᠵᠢ ᠨᠠᠮᠳᠠᠭᠤᠯᠵᠤ᠂ ᠠᠵᠤ ᠠᠬᠤᠶ᠋ᠢᠯᠠᠯ᠎ᠢ ᠬᠠᠪᠰᠤᠷᠤᠨ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠭᠦᠢ᠍ᠴᠡᠳ ᠪᠥᠭᠡᠳ ᠰᠠᠶ᠋ᠢᠲᠤᠷ ᠬᠡᠷᠡᠭᠯᠡᠭᠦᠯᠵᠦ᠂ ᠡᠵᠡᠩᠨᠡᠯᠲᠡ ᠵᠢᠨ ᠥᠪᠡᠷ᠎ᠤᠨ ᠥᠷᠲᠡᠭ᠎ᠢ ᠠᠷᠪᠢᠯᠠᠵᠤ᠂ ᠵᠢᠯ᠎ᠤᠨ ᠳᠣᠲᠣᠷᠠᠬᠢ ᠳᠠᠭ᠋ᠠᠭ᠋ᠠᠯᠲᠠ ᠬᠢᠭᠰᠡᠨ ᠲᠤᠭ᠎ᠠ ᠬᠡᠮᠵᠢᠶ᠎ᠡ᠎ᠨᠢ 3.53 ᠳ᠋ᠦᠩᠰᠢᠭᠤᠷ ᠲᠥᠭᠦᠷᠢᠭ᠎ᠲᠤ ᠬᠦᠷᠴᠦ᠂ ᠠᠵᠤ ᠠᠬᠤᠶ᠋ᠢᠯᠠᠯ᠎ᠤᠨ ᠪᠣᠭᠤᠮᠲᠠ᠎ᠪᠠᠷ ᠥᠩᠭᠡᠷᠡᠬᠦ ᠥᠪᠡᠷ᠎ᠤᠨ ᠥᠷᠲᠡᠭ᠎ᠢ 300 ᠭᠠᠷᠤᠶ ᠲᠦᠮᠡᠨ ᠲᠥᠭᠦᠷᠢᠭ ᠠᠷᠪᠢᠯᠠᠪᠠ᠃ 12 ᠳ᠋ᠤᠭ᠋ᠠᠷ ᠰᠠᠷ᠎ᠠ ᠵᠢᠨ 1᠎ᠤ ᠡᠳᠦᠷ᠂ ᠠᠵᠤ ᠠᠬᠤᠶ᠋ᠢᠯᠠᠯ ᠵᠶ᠋ᠠᠷ ᠨᠢᠭᠡᠴᠢ ᠪᠣᠯᠭ᠋ᠠᠭᠰᠠᠨ ᠭᠠᠶ᠋ᠢᠯᠢ ᠵᠢᠨ ᠵᠣᠭᠤᠰ᠎ᠤᠨ ᠳᠠᠭ᠋ᠠᠭ᠋ᠠᠯᠲᠠ ᠵᠢᠨ ᠥᠭᠡᠷᠡᠴᠢᠯᠡᠯᠲᠡ ᠵᠢ ᠬᠡᠷᠡᠭᠵᠢᠭᠦᠯᠵᠦ᠂ ᠨᠢᠭᠡ ᠳᠠᠭ᠋ᠠᠭ᠋ᠠᠯᠲᠠ ᠵᠢ ᠪᠥᠬᠦ ᠤᠯᠤᠰ᠎ᠤᠨ ᠪᠣᠭᠤᠮᠲᠠ ᠵᠢᠨ ᠣᠯᠠᠨ ᠵᠦᠢ᠍ᠯ᠎ᠤᠨ ᠭᠠᠶ᠋ᠢᠯᠢ ᠵᠢᠨ ᠵᠣᠭᠤᠰ᠎ᠤᠨ ᠳᠠᠭ᠋ᠠᠭ᠋ᠠᠯᠲᠠ ᠵᠢᠨ ᠲᠤᠬᠠᠶ᠋ᠢᠯᠠᠭᠰᠠᠨ ᠠᠵᠢᠯ᠎ᠳᠤ ᠵᠡᠷᠭᠡ᠎ᠪᠠᠷ ᠬᠡᠷᠡᠭᠯᠡᠵᠦ ᠪᠣᠯᠬᠤ᠂ ᠳᠠᠭ᠋ᠠᠭ᠋ᠠᠯᠲᠠ ᠵᠢᠨ ᠵᠠᠬᠢᠳᠠᠯ᠎ᠳᠠᠬᠢ ᠵᠣᠭᠤᠰ᠎ᠤᠨ ᠲᠤᠭ᠎ᠠ ᠵᠢ ᠬᠠᠮᠲᠤ᠎ᠪᠠᠷ ᠬᠡᠷᠡᠭᠯᠡᠵᠦ ᠪᠣᠯᠬᠤ᠂ ᠬᠦᠴᠦᠨ᠎ᠲᠠᠢ ᠬᠤᠭᠤᠴᠠᠭ᠋ᠠᠨ᠎ᠳᠤ ᠡᠷᠭᠢᠯᠳᠦᠭᠦᠯᠦᠨ ᠬᠡᠷᠡᠭᠯᠡᠬᠦ ᠵᠢ ᠪᠡᠶᠡᠯᠡᠭᠦᠯᠦᠭᠰᠡᠨ᠎ᠤ ᠬᠠᠮᠲᠤ ᠪᠥᠬᠦ ᠴᠤᠪᠤᠷᠠᠯ ᠱᠤᠭᠤᠮ ᠳᠡᠭᠡᠷ᠎ᠡ ᠭᠦᠢ᠍ᠴᠡᠳᠬᠡᠬᠦ ᠵᠢ ᠪᠡᠶᠡᠯᠡᠭᠦᠯᠵᠦ᠂ ᠠᠵᠤ ᠠᠬᠤᠶ᠋ᠢᠯᠠᠯ᠎ᠤᠨ ᠬᠡᠷ᠎ᠠᠴᠠ᠎ᠪᠠᠨ ᠭᠠᠷᠬᠤ ᠥᠬᠡᠶ᠎ᠪᠠᠷ ᠡᠯ᠎ᠡ ᠲᠥᠷᠥᠯ᠎ᠤᠨ ᠭᠠᠶ᠋ᠢᠯᠢ ᠵᠢᠨ ᠵᠣᠭᠤᠰ᠎ᠤᠨ ᠳᠠᠭ᠋ᠠᠭ᠋ᠠᠯᠲᠠ ᠵᠢᠨ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠵᠦ ᠴᠢᠳᠠᠬᠤ ᠵᠢ ᠪᠡᠶᠡᠯᠡᠭᠦᠯᠪᠡ᠃ ᠪᠣᠭᠤᠮᠲᠠ ᠵᠢᠨ ᠣᠷᠣᠨ᠎ᠤ ᠭᠠᠳᠠᠭ᠋ᠠᠳᠤ᠎ᠠᠴᠠ ᠣᠷᠣᠭᠤᠯᠬᠤ ᠮᠣᠩᠭᠤᠯ ᠤᠯᠤᠰ᠎ᠤᠨ ᠲᠠᠸᠠᠷ᠎ᠲᠤ 《ᠠᠽᠢᠶ᠎ᠠ ᠨᠣᠮᠣᠬᠠᠨ ᠲᠡᠯᠡᠶ ᠵᠢᠨ ᠣᠷᠣᠨ᠎ᠤ ᠠᠷᠠᠯᠵᠢᠶᠠᠨ᠎ᠤ ᠬᠡᠯᠡᠯᠴᠡᠭᠡᠷ》᠎ᠤᠨ ᠪᠣᠭᠤᠮᠲᠠ ᠵᠢᠨ ᠭᠠᠶ᠋ᠢᠯᠢ ᠵᠢᠨ ᠬᠥᠩᠭᠡᠯᠡᠯᠲᠡ ᠬᠢᠬᠦ ᠵᠢ ᠢᠳᠡᠪᠬᠢᠲᠡᠢ ᠪᠠᠲᠤᠯᠠᠵᠤ᠂ ᠬᠡᠯᠡᠯᠴᠡᠭᠡᠷ᠎ᠢ ᠬᠡᠷᠡᠭᠵᠢᠭᠦᠯᠦᠭᠰᠡᠨ ᠪᠠᠶ᠋ᠢᠳᠠᠯ᠎ᠢ ᠬᠥᠳᠡᠯᠦᠩᠭᠦᠶ᠎ᠪᠠᠷ ᠬᠢᠨᠠᠨ ᠡᠵᠡᠮᠳᠡᠵᠦ᠂ ᠠᠵᠤ ᠠᠬᠤᠶ᠋ᠢᠯᠠᠯ᠎ᠢ ᠬᠠᠪᠰᠤᠷᠤᠨ 257 ᠲᠦᠮᠡᠨ ᠲᠥᠭᠦᠷᠢᠭ᠎ᠤᠨ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ ᠬᠦᠷᠲᠡᠭᠡᠪᠡ᠃ ᠠᠮᠧᠷᠢᠺᠠ᠎ᠠᠴᠠ ᠪᠣᠭᠤᠮᠲᠠ ᠵᠢᠨ ᠭᠠᠶ᠋ᠢᠯᠢ ᠨᠡᠮᠡᠵᠦ ᠲᠠᠲᠠᠪᠤᠷᠢᠯᠠᠬᠤ ᠲᠠᠸᠠᠷ᠎ᠢ ᠭᠠᠳᠠᠭᠤᠷᠴᠢᠯᠠᠬᠤ ᠭᠤᠶᠤᠴᠢᠯᠠᠯ ᠵᠢᠴᠢ ᠭᠠᠳᠠᠭ᠋ᠠᠳᠤ᠎ᠠᠴᠠ ᠣᠷᠣᠭᠤᠯᠬᠤ ᠵᠢ ᠮᠡᠳᠡᠭᠦᠯᠬᠦ ᠠᠵᠢᠯ᠎ᠢ ᠨᠠᠶ᠋ᠢᠳᠠᠪᠤᠷᠢᠵᠢᠭᠤᠯᠵᠤ᠂ ᠠᠵᠤ ᠠᠬᠤᠶ᠋ᠢᠯᠠᠯ᠎ᠳᠤ 158 ᠲᠦᠮᠡᠨ ᠲᠥᠭᠦᠷᠢᠭ᠎ᠤᠨ ᠪᠡᠯᠡ ᠮᠥᠩᠭᠦ ᠠᠷᠪᠢᠯᠠᠵᠤ ᠥᠭᠪᠡ᠃
ᠲᠠᠪᠤ᠎ᠳᠤ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠵᠢ ᠦᠷᠭᠦᠯᠵᠢᠯᠡᠨ ᠥᠷᠭᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠣᠨᠴᠠᠯᠢᠭᠲᠤ ᠳᠠᠪᠠᠭᠤᠯᠢᠭ ᠠᠵᠤ ᠦᠢ᠍ᠯᠡᠰ᠎ᠤᠨ ᠲᠦᠷᠭᠡᠨ ᠬᠥᠭᠵᠢᠯᠲᠡ ᠵᠢ ᠤᠯᠠᠮ ᠨᠢᠭᠡ ᠠᠯᠬᠤᠮ ᠳᠡᠮᠵᠢᠪᠡ᠃ ᠬᠢᠵᠢᠭ ᠪᠠᠶ᠋ᠢᠴᠠᠭ᠋ᠠᠵᠤ ᠬᠢᠨᠠᠨ ᠵᠥᠪᠰᠢᠶᠡᠷᠡᠬᠦ 《ᠰᠠᠭ᠋ᠠᠳ ᠥᠬᠡᠶ ᠨᠡᠪᠲᠡᠷᠡᠬᠦ ᠵᠠᠮ》᠎ᠢ ᠪᠠᠶ᠋ᠢᠭᠤᠯᠵᠤ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠵᠢ ᠪᠣᠭᠤᠨᠢᠰᠬᠠᠨ᠂ 《ᠰᠢᠯᠢᠳᠡᠭ ᠡᠭᠦᠯᠳᠡᠷ᠎ᠲᠤ ᠬᠡᠷᠡᠭᠯᠡᠬᠦ ᠮᠠᠯ ᠵᠢᠭᠦᠷᠲᠡᠨ᠎ᠢ ᠣᠷᠣᠭᠤᠯᠤᠨ ᠠᠪᠴᠢᠷᠠᠬᠤ ᠬᠠᠭᠤᠷᠠᠶ ᠵᠠᠮ ᠪᠠ ᠠᠭ᠋ᠠᠷ᠎ᠤᠨ ᠬᠤᠩᠭᠢᠯ》᠎ᠢ ᠨᠡᠪᠲᠡᠷᠡᠭᠦᠯᠵᠦ᠂ ᠥᠪᠥᠷ ᠮᠣᠩᠭᠤᠯ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢᠴᠢ 《ᠬᠤᠨᠢ ᠵᠢᠨ ᠲᠤᠭ᠎ᠠ ᠲᠣᠯᠣᠭ᠋ᠠᠢ ᠵᠢ ᠲᠣᠭᠲᠠᠪᠤᠷᠢᠵᠢᠭᠤᠯᠤᠨ ᠦᠬᠡᠷ᠎ᠤᠨ ᠲᠤᠭ᠎ᠠ ᠲᠣᠯᠣᠭ᠋ᠠᠢ ᠵᠢ ᠨᠡᠮᠡᠭᠳᠡᠭᠦᠯᠬᠦ》 ᠪᠠᠶ᠋ᠢᠯᠳᠤᠬᠤ ᠪᠣᠳᠣᠯᠭ᠎ᠠ ᠵᠢᠨ ᠬᠥᠭᠵᠢᠯᠲᠡ ᠵᠢ ᠠᠬᠢᠭᠤᠯᠪᠠ᠃ ᠲᠦᠷᠦᠭᠦᠤ 10 ᠰᠠᠷ᠎ᠠ᠎ᠳᠤ᠂ ᠭᠠᠳᠠᠭ᠋ᠠᠳᠤ᠎ᠠᠴᠠ ᠣᠷᠣᠭᠤᠯᠤᠭᠰᠠᠨ 1029 ᠬᠤᠴᠠ᠂ 6 ᠪᠦᠯᠦᠭ ᠤᠳᠠᠭ᠎ᠠ 14 ᠲᠦᠮᠡᠨ ᠡᠷᠡᠭᠴᠢᠨ ᠲᠠᠬᠢᠶ᠎ᠠ᠂ ᠮᠣᠩᠭᠤᠯ ᠤᠯᠤᠰ᠎ᠤᠨ ᠠᠵᠢᠷᠭ᠎ᠠ 30 ᠲᠣᠯᠣᠭ᠋ᠠᠢ᠂ ᠭᠠᠳᠠᠭ᠋ᠠᠳᠤ᠎ᠠᠴᠠ ᠣᠷᠣᠭᠤᠯᠤᠭᠰᠠᠨ ᠬᠥᠯᠳᠡᠭᠡᠭᠰᠡᠨ ᠦᠬᠡᠷ᠎ᠤᠨ ᠦᠷ᠎ᠡ ᠵᠢᠨ ᠰᠢᠩᠭᠡᠨ 16 ᠪᠦᠯᠦᠭ ᠤᠳᠠᠭ᠎ᠠ 77.24 ᠲᠦᠮᠡ᠎ᠳᠤ ᠬᠦᠷᠴᠡᠶ᠃ ᠭᠠᠳᠠᠭ᠋ᠠᠳᠤ᠎ᠳᠤ ᠭᠠᠷᠭ᠋ᠠᠬᠤ ᠢᠳᠡᠭᠡᠨ᠎ᠤ ᠠᠵᠤ ᠠᠬᠤᠶ᠋ᠢᠯᠠᠯ᠎ᠢ ᠵᠢᠯᠣᠭᠤᠳᠤᠨ ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠬᠢᠯᠢ ᠵᠢᠨ ᠭᠠᠳᠠᠨᠠᠬᠢ ᠮᠡᠷᠭᠡᠵᠢᠯ᠎ᠤᠨ ᠴᠢᠨᠠᠷᠲᠠᠶ ᠠᠷᠠᠯᠵᠢᠶ᠎ᠠ ᠵᠢᠨ ᠠᠷᠭ᠎ᠠ ᠬᠡᠮᠵᠢᠶ᠎ᠡ ᠵᠢ ᠨᠠᠷᠢᠯᠢᠭ ᠣᠨᠣᠴᠠᠲᠠᠶ᠎ᠪᠠᠷ ᠬᠦᠷᠭᠡᠨ ᠥᠭᠴᠦ᠂ ᠪᠣᠭᠤᠮᠲᠠ ᠵᠢᠨ ᠣᠷᠣᠨ᠎ᠤ ᠤᠨᠴᠠᠯᠢᠭᠳᠤ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠱᠤᠷᠠᠭ ᠵᠠᠮᠠᠭ᠂ ᠦᠷ᠎ᠡ ᠵᠢᠨ ᠲᠥᠷᠥᠯ᠂ ᠤᠰᠤ ᠦᠭᠡᠶ᠋ᠢᠳᠡᠭᠦᠯᠦᠭᠰᠡᠨ ᠢᠳᠡᠰᠢᠨ ᠨᠣᠭᠤᠭ᠎ᠠ᠂ ᠴᠠᠭ᠋ᠠᠨ ᠢᠳᠡᠭᠡ ᠵᠡᠷᠭᠡ ᠵᠢ 90 ᠭᠠᠷᠤᠶ ᠤᠯᠤᠰ ᠪᠠ ᠭᠠᠵᠠᠷ ᠣᠷᠣᠨ᠎ᠳᠤ ᠪᠣᠷᠣᠯᠠᠭᠤᠯᠬᠤ ᠵᠢ ᠠᠬᠢᠭᠤᠯᠪᠠ᠃ 《ᠥᠪᠥᠷ ᠮᠣᠩᠭᠤᠯ》 ᠲᠡᠮᠳᠡᠭᠲᠦ ᠢᠳᠡᠭᠡᠨ᠎ᠤ ᠨᠠᠷᠠᠲᠤ ᠲᠡᠮᠳᠡᠭᠲᠦ ᠵᠢ ᠬᠦᠴᠦᠯᠡᠨ ᠪᠣᠶ ᠪᠣᠯᠭ᠋ᠠᠵᠤ᠂ ᠡᠭᠦᠨ᠎ᠳᠤ ᠮᠧᠩ ᠨᠢᠦ ᠺᠣᠮᠫᠠᠨᠢ ᠵᠢᠨ ᠰᠦᠨ ᠤᠮᠳᠠᠭ᠋ᠠᠨ᠎ᠢ ᠠᠩᠬ᠎ᠠ ᠤᠳᠠᠭ᠎ᠠ ᠠᠮᠧᠷᠢᠺᠠ᠎ᠳᠤ ᠭᠠᠷᠭ᠋ᠠᠪᠠ᠃ ᠲᠦᠷᠦᠭᠦᠦ 10 ᠰᠠᠷ᠎ᠠ᠎ᠳᠤ᠂ ᠬᠥᠬᠡᠬᠤᠲᠠ ᠪᠣᠭᠤᠮᠲᠠ ᠵᠢᠨ ᠬᠢᠨᠠᠨ ᠬᠠᠮᠢᠶᠠᠷᠴᠤ ᠭᠠᠳᠠᠭ᠋ᠠᠳᠤ᠎ᠳᠤ ᠭᠠᠷᠭ᠋ᠠᠭᠰᠠᠨ ᠲᠠᠷᠢᠶᠠᠯᠠᠩ᠎ᠤᠨ ᠪᠦᠲᠦᠭᠡᠭᠳᠡᠬᠦᠨ 23.7 ᠲᠦᠮᠡᠨ ᠲᠣᠨ᠎ᠳᠤ ᠬᠦᠷᠴᠡᠢ᠃
ᠵᠢᠷᠭᠤᠭ᠎ᠠ᠎ᠳᠤ᠂ ᠨᠡᠭᠡᠭᠡᠯᠲᠡ ᠵᠢᠨ ᠲᠠᠪᠴᠠᠩ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠠᠬᠢᠭᠤᠯᠵᠤ᠂ ᠥᠨᠳᠥᠷ ᠬᠢᠷᠢ ᠲᠦᠪᠰᠢᠨ ᠪᠥᠬᠦᠶ ᠭᠠᠳᠠᠭ᠋ᠠᠳᠤ ᠨᠡᠭᠡᠭᠡᠯᠲᠡ ᠵᠢ ᠤᠯᠠᠮ ᠨᠢᠭᠡ ᠠᠯᠬᠤᠮ ᠠᠬᠢᠭᠤᠯᠪᠠ᠃ ᠲᠦᠷᠤ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ᠎ᠤ ᠥᠨᠳᠥᠷ ᠲᠦᠪᠰᠢᠨ ᠪᠦᠬᠦᠢ ᠨᠡᠭᠡᠭᠡᠯᠲᠡ ᠪᠠ ᠴᠢᠨᠠᠷᠯᠢᠭ ᠬᠥᠭᠵᠢᠯᠲᠡ ᠵᠢ ᠠᠬᠢᠭᠤᠯᠬᠤ 21 ᠵᠦᠢ᠍ᠯ᠎ᠤᠨ ᠡᠭᠦᠷᠭᠡ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠣᠯᠠᠨ ᠠᠷᠭ᠎ᠠ ᠵᠠᠮ ᠵᠶ᠋ᠠᠷ ᠲᠦᠷᠤ ᠵᠢᠨ ᠪᠤᠳᠤᠯᠭ᠎ᠠ ᠵᠢᠨ ᠤᠬᠠᠭᠤᠯᠭ᠎ᠠ ᠲᠠᠶ᠋ᠢᠯᠤᠮᠵᠢ ᠪᠠ ᠪᠣᠯᠪᠠᠰᠤᠷᠠᠯ᠎ᠢ ᠤᠯᠠᠨ ᠠᠷᠭ᠎ᠠ ᠵᠠᠮ ᠵᠶ᠋ᠠᠷ ᠥᠷᠨᠢᠭᠦᠯᠵᠦ᠂ ᠨᠡᠩ ᠤᠯᠠᠨ ᠠᠵᠤ ᠠᠬᠤᠶ᠋ᠢᠯᠠᠯ᠂ ᠨᠡᠩ ᠰᠠᠶ᠋ᠢᠨ ᠲᠦᠷᠤᠯ ᠵᠦᠢ᠍ᠯ᠎ᠢ ᠭᠠᠶ᠋ᠢᠯᠢ ᠪᠠᠲᠤᠯᠠᠬᠤ ᠣᠷᠣᠨ᠎ᠳᠤ ᠣᠷᠣᠭᠤᠯᠤᠨ ᠬᠥᠭᠵᠢᠭᠦᠯᠬᠦ ᠵᠢ ᠬᠦᠳᠦᠯᠦᠨ ᠵᠢᠯᠣᠭᠤᠳᠴᠤ᠂ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ᠎ᠤ ᠭᠠᠳᠠᠭ᠋ᠠᠳᠤ ᠠᠷᠠᠯᠵᠢᠶ᠎ᠠ ᠪᠠ ᠭᠠᠳᠠᠭ᠋ᠠᠳᠤ ᠪᠡᠯᠡ ᠵᠢ ᠲᠣᠭᠲᠠᠪᠤᠷᠢᠵᠢᠭᠤᠯᠬᠤ ᠡᠨᠡ ᠬᠦ᠌ ᠴᠢᠬᠤᠯᠠ ᠠᠵᠤ ᠠᠬᠤᠢ ᠵᠢᠨ ᠨᠡᠮᠡᠭᠳᠡᠯ᠎ᠤᠨ ᠲᠠᠪᠴᠠᠩ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃ ᠴᠢᠯᠥᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠤ ᠥᠭᠡᠷᠡᠴᠢᠯᠡᠯᠲᠡ ᠵᠢᠨ ᠲᠤᠷᠰᠢᠯᠭ᠎ᠠ ᠵᠢ ᠪᠦᠬᠦ ᠲᠠᠯ᠎ᠠ᠎ᠪᠠᠷ ᠰᠤᠷᠤᠯᠴᠠᠨ ᠳᠡᠯᠭᠡᠷᠡᠭᠦᠯᠵᠦ᠂ ᠬᠠᠷᠢᠶ᠎ᠠ ᠣᠷᠣᠨ᠎ᠤ ᠬᠤᠶᠠᠷ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ᠎ᠳᠤ ᠴᠥᠮ ᠡᠩ᠎ᠤᠨ ᠭᠠᠶ᠋ᠢᠯᠢ ᠲᠤᠰᠢᠶᠠᠭᠴᠢ ᠵᠢᠨ ᠬᠢᠷᠢ ᠬᠡᠮ᠎ᠤᠨ ᠲᠤᠷᠰᠢᠯᠲᠠ᠂ AEO ᠠᠵᠤ ᠠᠬᠤᠶ᠋ᠢᠯᠠᠯ᠎ᠤᠨ ᠵᠦᠷᠢᠶᠡᠴᠢᠯᠡᠭᠰᠡᠨ ᠬᠠᠮᠢᠶᠠᠷᠤᠯᠲᠠ᠂ 《ᠲᠦᠷᠪᠡ ᠵᠢ ᠥᠪᠡᠰᠦᠪᠡᠨ ᠭᠦᠢ᠍ᠴᠡᠳᠬᠡᠵᠦ ᠨᠢᠭᠡ ᠵᠢ ᠳᠥᠭᠦᠮᠴᠢᠯᠡᠬᠦ》 ᠬᠢᠨᠠᠯᠲᠠ ᠬᠠᠮᠢᠶᠠᠷᠤᠯᠲᠠ ᠵᠢᠨ ᠰᠢᠨᠡᠴᠢᠯᠡᠯᠲᠡ ᠵᠡᠷᠭᠡ ᠠᠵᠢᠯ᠎ᠢ ᠥᠷᠨᠢᠭᠦᠯᠵᠦ᠂ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ᠎ᠤ ᠲᠦᠷᠭᠡᠨ ᠬᠥᠭᠵᠢᠯᠲᠡ ᠵᠢᠨ ᠵᠠᠮ᠎ᠳᠤ ᠣᠷᠣᠬᠤ ᠵᠢ ᠠᠬᠢᠭᠤᠯᠪᠠ᠃ ᠲᠦᠷᠦᠭᠦᠤ 10 ᠰᠠᠷ᠎ᠠ᠎ᠳᠤ᠂ ᠬᠥᠬᠡᠬᠤᠲᠠ ᠵᠢᠨ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ ᠪᠠ ᠣᠷᠳᠣᠰ᠎ᠤᠨ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ᠎ᠤ ᠭᠠᠳᠠᠭ᠋ᠠᠳᠤ ᠣᠷᠣᠭᠤᠯᠤᠯᠲᠠ ᠪᠠ ᠭᠠᠳᠠᠭ᠋ᠠᠳᠤ ᠭᠠᠷᠭ᠋ᠠᠯᠲᠠ ᠵᠢᠨ ᠥᠷᠲᠡᠭ ᠲᠣᠰ ᠲᠣᠰ 31.3 ᠳ᠋ᠦᠩᠰᠢᠭᠤᠷ ᠲᠥᠭᠦᠷᠢᠭ᠂ 10.1 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 28.9 ᠳᠠᠬᠢᠨ᠂ 51.7 ᠳᠠᠬᠢᠨ ᠵᠶ᠋ᠠᠷ ᠨᠡᠮᠡᠭᠳᠡᠵᠡᠶ᠃
ᠬᠥᠬᠡᠬᠤᠲᠠ ᠪᠣᠭᠤᠮᠲᠠ ᠵᠢᠨ 2021 ᠣᠨ᠎ᠤ 《ᠬᠢᠯᠢ ᠠᠯᠤᠰᠯᠠᠭᠰᠠᠨ ᠠᠷᠠᠯᠵᠢᠶᠠᠨ᠎ᠤ ᠳᠥᠭᠦᠮᠴᠢᠯᠡᠯᠲᠡ ᠵᠢ ᠭᠦᠨᠵᠡᠭᠡᠶ᠋ᠢᠷᠡᠭᠦᠯᠵᠦ᠂ ᠪᠣᠭᠤᠮᠲᠠ ᠵᠢᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ》 ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠤᠨ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠤᠭᠰᠠᠨ᠎ᠨᠢ
ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠰᠤᠷᠪᠤᠯᠵᠢᠯᠠᠭᠴᠢ᠄ ᠣᠶ᠋ᠢᠯᠠᠭ᠋ᠠᠭᠰᠠᠨ ᠵᠶ᠋ᠠᠷ᠂ ᠬᠥᠬᠡᠬᠤᠲᠠ ᠪᠣᠭᠤᠮᠲᠠ ᠵᠢᠨ᠎ᠬᠢᠨ ᠬᠢᠯᠢ ᠠᠯᠤᠰᠯᠠᠭᠰᠠᠨ ᠠᠷᠠᠯᠵᠢᠶᠠᠨ᠎ᠤ ᠳᠥᠭᠦᠮᠴᠢᠯᠡᠯᠲᠡ ᠵᠢᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠦᠨ ᠪᠣᠭᠤᠮᠲᠠ ᠵᠢᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ 52 ᠵᠦᠢ᠍ᠯ᠎ᠤᠨ ᠨᠠᠷᠢᠯᠢᠬ᠍ᠵᠢᠭᠤᠯᠤᠭᠰᠠᠨ ᠠᠷᠭ᠎ᠠ ᠬᠡᠮᠵᠢᠶ᠎ᠡ ᠵᠢ ᠰᠢᠨ᠎ᠡ᠎ᠪᠠᠷ ᠨᠡᠶ᠋ᠢᠲᠡᠯᠡᠪᠡ᠂ ᠡᠭᠦᠨ᠎ᠤ ᠭᠤᠤᠯ ᠠᠭᠤᠯᠭ᠎ᠠ ᠵᠢ ᠬᠤᠷᠢᠶᠠᠩᠭᠤᠶ᠋ᠢᠯᠠᠨ ᠲᠠᠨᠢᠯᠴᠠᠭᠤᠯᠤᠭ᠋ᠠᠳ ᠥᠭᠭᠦᠨ᠎ᠡ ᠦᠦ?
ᠮᠠ ᠰᠢᠶᠤᠤ ᠬᠥᠩ᠄ ᠰᠤᠷᠪᠤᠯᠵᠢᠯᠠᠭᠴᠢ ᠵᠢᠨ ᠠᠰᠠᠭᠤᠭᠰᠠᠨ᠎ᠳᠤ ᠲᠠᠯᠠᠷᠬᠠᠵᠤ ᠪᠠᠶ᠋ᠢᠨ᠎ᠠ᠂ ᠡᠨᠡ ᠠᠰᠠᠭᠤᠯᠲᠠ ᠵᠢ ᠪᠢ ᠬᠠᠷᠢᠭᠤᠯᠤᠶ᠎ᠠ᠃ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠠᠷᠠᠯᠵᠢᠶ᠎ᠠ ᠵᠢ ᠳᠥᠭᠦᠮᠴᠢᠯᠡᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠶᠡᠷᠦᠩᠬᠡᠶ ᠱᠦᠵᠢ ᠰᠢ ᠵᠢᠨ ᠫᠢᠩ ᠣᠯᠠᠨ ᠤᠳᠠᠭ᠎ᠠ ᠴᠢᠬᠤᠯᠠ ᠵᠢᠭ᠋ᠠᠪᠤᠷᠢ ᠴᠣᠬᠤᠯᠠᠪᠤᠷᠢ ᠥᠭᠴᠦ᠂ 《ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ ᠪᠠ ᠳᠡᠯᠡᠬᠡᠶ᠋ᠢᠴᠢᠯᠡᠭᠰᠡᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠲᠦᠷᠭᠡᠪᠴᠢᠯᠡᠨ ᠪᠣᠶ ᠪᠣᠯᠭ᠋ᠠᠬᠤ ᠬᠡᠷᠡᠭᠲᠡᠶ》 ᠭᠡᠵᠦ ᠴᠢᠬᠤᠯᠠᠴᠢᠯᠠᠪᠠ᠃ ᠪᠣᠭᠤᠮᠲᠠ ᠵᠢᠨ ᠶᠡᠷᠦᠩᠬᠡᠢ ᠵᠠᠬᠢᠷᠭ᠎ᠠ᠎ᠠᠴᠠ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠡᠷᠡᠰ ᠲᠤᠭᠤᠰᠢᠯᠠᠭᠤᠯᠵᠤ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ ᠵᠡᠷᠭᠡ ᠠᠷᠪᠠᠨ ᠰᠠᠯᠠᠭ᠎ᠠ ᠮᠥᠴᠢᠷ᠎ᠲᠠᠢ ᠬᠠᠮᠲᠤᠷᠠᠨ᠂ ᠬᠢᠯᠢ ᠠᠯᠤᠰᠯᠠᠭᠰᠠᠨ ᠠᠷᠠᠯᠵᠢᠶᠠᠨ᠎ᠤ ᠳᠥᠭᠦᠮᠴᠢᠯᠡᠯᠲᠡ ᠵᠢᠨ ᠥᠭᠡᠷᠡᠴᠢᠯᠡᠯᠲᠡ ᠵᠢ ᠴᠢᠨᠠᠭᠰᠢᠳᠠ ᠭᠦᠨᠵᠡᠭᠡᠶ᠋ᠢᠷᠡᠭᠦᠯᠵᠦ᠂ ᠪᠣᠭᠤᠮᠲᠠ ᠵᠢᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠲᠠᠪᠤᠨ ᠲᠠᠯ᠎ᠠ ᠵᠢᠨ ᠬᠤᠷᠢᠨ ᠲᠤᠯᠤᠭ᠋ᠠᠨ ᠵᠦᠢ᠍ᠯ᠎ᠤᠨ ᠪᠣᠳᠠᠲᠠᠢ ᠠᠭᠤᠯᠭ᠎ᠠ ᠵᠢ ᠳᠤᠷᠠᠳᠴᠠᠢ᠃ ᠮᠠᠨ᠎ᠤ ᠪᠣᠭᠤᠮᠲᠠ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ ᠠᠷᠠᠯᠵᠢᠶ᠎ᠠ ᠵᠢ ᠬᠥᠭᠵᠢᠭᠦᠯᠬᠦ ᠪᠣᠳᠠᠲᠤ ᠪᠠᠶ᠋ᠢᠳᠠᠯ᠎ᠢ ᠦᠨᠳᠦᠰᠦᠯᠡᠨ᠂ ᠤᠯᠤᠰ᠎ᠤᠨ ᠬᠢᠯᠢ ᠵᠢᠨ ᠪᠣᠭᠤᠮᠲᠠ ᠵᠢᠨ ᠬᠠᠮᠢᠶᠠᠷᠤᠯᠲᠠ ᠵᠢᠨ ᠠᠯᠪᠠᠨ ᠬᠡᠷ᠎ᠤᠨ ᠬᠢᠯᠢ ᠠᠯᠤᠰᠯᠠᠭᠰᠠᠨ ᠠᠷᠠᠯᠵᠢᠶ᠎ᠠ ᠵᠢ ᠳᠥᠭᠦᠮᠴᠢᠯᠡᠬᠦ ᠵᠢ ᠠᠬᠢᠭᠤᠯᠬᠤ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠲᠡᠷᠡ ᠬᠡᠪ ᠵᠶ᠋ᠠᠷ᠎ᠨᠢ ᠳᠡᠯᠭᠡᠷᠡᠭᠦᠯᠬᠦ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ 52 ᠵᠤᠷᠪᠤᠰ ᠨᠠᠷᠢᠯᠢᠭᠵᠢᠭᠤᠯᠤᠭᠰᠠᠨ ᠠᠷᠭ᠎ᠠ ᠬᠡᠮᠵᠢᠶ᠎ᠡ ᠵᠢ ᠳᠤᠷᠠᠳᠪᠠ᠂ ᠡᠭᠦᠨ᠎ᠳᠤ ᠭᠤᠤᠯᠳᠠᠭᠤ᠄
ᠨᠢᠭᠡ᠎ᠳᠤ᠂ ᠥᠭᠡᠷᠡᠴᠢᠯᠡᠯᠲᠡ ᠰᠢᠨᠡᠴᠢᠯᠡᠯᠲᠡ ᠵᠢ ᠭᠦᠨᠵᠡᠭᠡᠶ᠋ᠢᠷᠡᠭᠦᠯᠦᠨ᠂ ᠪᠣᠭᠤᠮᠲᠠ᠎ᠪᠠᠷ ᠥᠩᠭᠡᠷᠡᠬᠦ ᠪᠦᠬᠦ ᠬᠡᠯᠬᠢᠶ᠎ᠡ ᠪᠦᠬᠦ ᠴᠤᠪᠤᠷᠠᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ 19 ᠵᠦᠢ᠍ᠯ᠎ᠤᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃ ᠪᠠᠷᠠᠭ᠎ᠠ ᠵᠢ ᠪᠣᠭᠤᠮᠲᠠ᠎ᠪᠠᠷ ᠥᠩᠭᠡᠷᠡᠭᠦᠯᠬᠦ ᠨᠡᠩ ᠰᠢᠨᠵᠢᠯᠡᠬᠦ ᠤᠬᠠᠭ᠋ᠠᠨᠴᠢ ᠪᠥᠭᠡᠳ ᠥᠨᠳᠥᠷ ᠪᠦᠲᠦᠮᠵᠢᠲᠡᠶ ᠵᠠᠭᠪᠤᠷ᠎ᠢ ᠪᠤᠢ ᠪᠣᠯᠭ᠋ᠠᠵᠤ᠂ ᠪᠣᠭᠤᠮᠲᠠ ᠵᠢᠨ ᠪᠦᠬᠦ ᠲᠤᠬᠠᠶ᠋ᠢᠯᠠᠭᠰᠠᠨ ᠠᠵᠢᠯ᠎ᠤᠨ ᠬᠦᠷᠢᠶᠡᠨ᠎ᠳᠠᠬᠢ ᠨᠢᠭᠡ ᠴᠤᠭᠴᠠᠵᠢᠭᠤᠯᠬᠤ ᠥᠭᠡᠷᠡᠴᠢᠯᠡᠯᠲᠡ ᠵᠢ ᠠᠬᠢᠭᠤᠯᠤᠨ᠎ᠠ᠃ ᠪᠣᠭᠤᠮᠲᠠ᠎ᠳᠤ ᠮᠡᠳᠡᠭᠦᠯᠬᠦ ᠬᠠᠭᠤᠳᠠᠰᠤ᠎ᠪᠠᠷ ᠭᠤᠶᠤᠴᠢᠯᠠᠨ ᠮᠡᠳᠡᠭᠦᠯᠬᠦ ᠲᠥᠷᠥᠯ ᠵᠦᠢ᠍ᠯ᠎ᠢ ᠡᠮᠬᠢᠯᠡᠨ ᠳᠥᠭᠦᠮᠴᠢᠯᠡᠵᠦ᠂ ᠤᠯᠠᠨ ᠡᠰᠢᠴᠢᠯᠡᠭᠰᠡᠨ ᠭᠤᠶᠤᠴᠢᠯᠠᠨ ᠮᠡᠳᠡᠭᠦᠯᠬᠦ ᠵᠠᠭᠪᠤᠷ ᠪᠠ ᠭᠠᠶ᠋ᠢᠯᠢ ᠲᠠᠲᠠᠪᠤᠷᠢ ᠵᠢᠨ ᠳᠠᠭ᠋ᠠᠭ᠋ᠠᠯᠲᠠ ᠵᠢᠨ ᠵᠠᠭᠪᠤᠷ᠎ᠢ ᠬᠠᠩᠭ᠋ᠠᠵᠤ᠂ ᠠᠵᠤ ᠠᠬᠤᠶ᠋ᠢᠯᠠᠯ᠎ᠤᠨ ᠪᠡᠶ᠎ᠡ᠎ᠪᠠᠨ ᠳᠠᠭ᠋ᠠᠭ᠋ᠠᠵᠤ ᠰᠣᠩᠭᠤᠯᠲᠠ ᠬᠢᠬᠦ᠎ᠳᠤ ᠬᠠᠩᠭ᠋ᠠᠨ᠎ᠠ᠃ 《ᠰᠠᠨᠠᠭ᠋ᠠᠴᠢᠯᠠᠭ᠎ᠠ᠎ᠠᠴᠠ᠎ᠪᠠᠨ ᠢᠯᠡᠴᠢᠯᠡᠬᠦ》 ᠲᠦᠷᠢᠮ ᠪᠠ ᠠᠯᠳᠠᠭ᠎ᠠ ᠪᠤᠷᠤᠭᠤ ᠵᠢ ᠠᠭᠤᠴᠢᠯᠠᠨ ᠪᠠᠭᠲᠠᠭ᠋ᠠᠬᠤ ᠲᠣᠭᠲᠠᠴᠠ ᠵᠢᠨ ᠬᠡᠷᠡᠭᠯᠡᠬᠦ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠵᠦ᠂ ᠠᠵᠤ ᠠᠬᠤᠶ᠋ᠢᠯᠠᠯ᠎ᠤᠨ ᠤᠬᠠᠮᠰᠠᠷ᠎ᠠᠴᠠ᠎ᠪᠠᠨ ᠬᠠᠤᠯᠢ ᠵᠢ ᠰᠠᠬᠢᠬᠤ᠂ ᠰᠠᠨᠠᠭ᠋ᠠᠴᠢᠯᠠᠭ᠎ᠠ᠎ᠠᠴᠠ᠎ᠪᠠᠨ ᠠᠯᠳᠠᠭ᠎ᠠ ᠪᠤᠷᠤᠭᠤ᠎ᠪᠠᠨ ᠵᠠᠯᠠᠷᠠᠭᠤᠯᠬᠤ ᠵᠢ ᠵᠣᠷᠢᠭᠵᠢᠭᠤᠯᠤᠨ᠎ᠠ᠃
ᠬᠤᠶᠠᠷ᠎ᠲᠤ᠂ ᠰᠦᠢ᠍ᠳᠬᠡᠯ ᠬᠤᠷᠢᠶᠠᠬᠤ ᠵᠢ ᠢᠯᠭ᠋ᠠᠷᠠᠭᠤᠯᠤᠨ ᠵᠢᠷᠤᠮᠵᠢᠭᠤᠯᠵᠤ᠂ ᠭᠠᠳᠠᠭ᠋ᠠᠳᠤ᠎ᠠᠴᠠ ᠣᠷᠣᠭᠤᠯᠬᠤ ᠪᠠ ᠭᠠᠳᠠᠭ᠋ᠠᠳᠤ᠎ᠳᠤ ᠭᠠᠷᠭ᠋ᠠᠬᠤ ᠭᠤᠭᠴᠤᠭ᠎ᠠ ᠵᠢᠨ ᠰᠦᠢ᠍ᠳᠬᠡᠯ᠎ᠢ ᠤᠯᠠᠮ ᠨᠢᠭᠡ ᠠᠯᠬᠤᠮ ᠪᠠᠭᠤᠷᠠᠭᠤᠯᠬᠤ 2 ᠵᠦᠢ᠍ᠯ᠎ᠤᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃ ᠬᠢᠯᠢ ᠵᠢᠨ ᠪᠣᠭᠤᠮᠲᠠ ᠵᠢᠨ ᠰᠦᠢ᠍ᠳᠬᠡᠯ ᠬᠤᠷᠢᠶᠠᠭᠰᠠᠨ ᠦᠷ᠎ᠡ ᠪᠦᠲᠦᠭᠡᠯ᠎ᠢ ᠪᠠᠬᠢᠵᠢᠭᠦᠯᠬᠦ ᠪᠠ ᠢᠯᠭ᠋ᠠᠷᠠᠭᠤᠯᠤᠨ ᠵᠢᠷᠤᠮᠵᠢᠭᠤᠯᠵᠤ᠂ ᠪᠣᠭᠤᠮᠲᠠ ᠵᠢᠨ ᠰᠦᠢ᠍ᠳᠬᠡᠯ ᠬᠤᠷᠢᠶᠠᠬᠤ ᠵᠢ ᠵᠢᠷᠤᠮᠵᠢᠭᠤᠯᠬᠤ᠂ ᠢᠯᠡ ᠲᠣᠳᠣ ᠪᠣᠯᠭ᠋ᠠᠬᠤ ᠬᠢᠷᠢ ᠲᠦᠪᠰᠢᠨ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠢᠯᠢ ᠵᠢᠨ ᠪᠣᠭᠤᠮᠲᠠ ᠵᠢᠨ ᠰᠦᠢ᠍ᠳᠬᠡᠯ ᠬᠤᠷᠢᠶᠠᠬᠤ ᠵᠢ ᠢᠯᠡ ᠨᠡᠶ᠋ᠢᠲᠡᠯᠡᠬᠦ ᠲᠦᠷᠢᠮ ᠪᠠ ᠦᠢ᠍ᠯᠡᠴᠢᠯᠡᠭᠡᠨ᠎ᠤ ᠵᠠᠭᠪᠤᠷ᠎ᠢ ᠰᠢᠯᠢᠳᠡᠭᠵᠢᠭᠦᠯᠵᠦ᠂ ᠬᠢᠯᠢ ᠵᠢᠨ ᠪᠣᠭᠤᠮᠲᠠ ᠵᠢᠨ ᠰᠦᠢ᠍ᠳᠬᠡᠯ ᠬᠤᠷᠢᠶᠠᠬᠤ ᠭᠠᠷᠴᠠᠭ᠎ᠤᠨ ᠨᠠᠷᠢᠨ ᠬᠠᠭᠤᠳᠠᠰᠤ ᠵᠢ ᠢᠯᠡ ᠨᠡᠶ᠋ᠢᠲᠡᠯᠡᠬᠦ ᠵᠢᠨ ᠬᠠᠮᠲᠤ ᠬᠥᠳᠡᠯᠦᠩᠭᠦᠶ᠎ᠪᠠᠷ ᠰᠢᠨᠡᠳᠬᠡᠬᠦ ᠵᠢ ᠴᠢᠩᠭ᠋ᠠᠳᠬᠠᠵᠤ᠂ ᠨᠥᠬᠦᠴᠡᠯ ᠪᠥᠷᠢᠳᠦᠭᠰᠡᠨ ᠬᠢᠯᠢ ᠵᠢᠨ ᠪᠣᠭᠤᠮᠲᠠ ᠵᠢᠨ 《ᠨᠢᠭᠡ ᠥᠷᠲᠡᠭᠡᠴᠢᠯᠡᠭᠰᠡᠨ ᠮᠠᠶᠢᠭ》᠎ᠤᠨ ᠰᠦᠢ᠍ᠳᠬᠡᠯ ᠲᠤᠰᠢᠶᠠᠬᠤ ᠦᠢ᠍ᠯᠡᠴᠢᠯᠡᠭᠡ ᠬᠠᠩᠭ᠋ᠠᠬᠤ ᠵᠢ ᠳᠡᠮᠵᠢᠨ᠎ᠡ᠃
ᠭᠤᠷᠪᠠ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠴᠢᠳᠠᠪᠤᠷᠢ ᠣᠯᠭᠤᠬᠤ ᠵᠢ ᠴᠢᠩᠭ᠋ᠠᠳᠬᠠᠵᠤ᠂ ᠬᠢᠯᠢ ᠵᠢᠨ ᠪᠣᠭᠤᠮᠲᠠ ᠵᠢᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠴᠢᠳᠠᠪᠤᠷᠢ ᠵᠢ ᠣᠪᠯᠠᠮᠤ ᠨᠢᠭᠡ ᠠᠯᠬᠤᠮ ᠳᠡᠭᠡᠭᠰᠢᠯᠡᠭᠦᠯᠬᠦ 11 ᠵᠤᠷᠪᠤᠰ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃ ᠤᠯᠠᠨ ᠤᠯᠤᠰ᠎ᠤᠨ ᠠᠷᠠᠯᠵᠢᠶᠠᠨ᠎ᠤ 《ᠭᠠᠭᠴᠠ ᠴᠣᠩᠬᠤᠪᠴᠢ》 ᠵᠢᠨ ᠴᠢᠳᠠᠮᠵᠢ ᠵᠢ ᠭᠦᠨᠵᠡᠭᠡᠶ᠋ᠢᠷᠡᠭᠦᠯᠵᠦ᠂ ᠬᠢᠯᠢ ᠵᠢᠨ ᠪᠣᠭᠤᠮᠲᠠ ᠪᠠ ᠬᠢᠯᠢ ᠠᠯᠤᠰᠯᠠᠭᠰᠠᠨ ᠠᠷᠠᠯᠵᠢᠶᠠᠨ᠎ᠤ ᠲᠤᠬᠠᠶ᠋ᠢᠯᠠᠭᠰᠠᠨ ᠠᠵᠢᠯ᠎ᠢ ᠨᠢᠭᠡᠳᠦᠯᠲᠡᠶ᠎ᠪᠠᠷ 《ᠭᠠᠭᠴᠠ ᠴᠣᠩᠬᠤᠪᠴᠢ》᠎ᠪᠠᠷ ᠳᠠᠮᠵᠢᠭᠤᠯᠤᠨ ᠭᠦᠢ᠍ᠴᠡᠳᠬᠡᠬᠦ ᠵᠢ ᠠᠬᠢᠭᠤᠯᠵᠤ᠂ 《ᠭᠠᠭᠴᠠ ᠴᠣᠩᠬᠤᠪᠴᠢ》 ᠵᠢ ᠬᠢᠯᠢ ᠵᠢᠨ ᠭᠠᠳᠠᠨᠠᠬᠢ᠎ᠲᠠᠢ ᠬᠤᠯᠪᠣᠯᠳᠤᠭᠤᠯᠤᠨ ᠨᠡᠪᠲᠡᠷᠡᠯᠴᠡᠭᠦᠯᠬᠦ ᠵᠢ ᠴᠢᠩᠭ᠋ᠠᠳᠬᠠᠵᠤ᠂ ᠣᠷᠣᠨ ᠨᠤᠲᠤᠭ᠎ᠤᠨ᠎ᠬᠢᠨ᠎ᠤ 《ᠭᠠᠭᠴᠠ ᠴᠣᠩᠬᠤᠪᠴᠢ》 ᠵᠢᠨ ᠤᠨᠴᠠᠯᠢᠭᠳᠤ ᠦᠢ᠍ᠯᠡᠴᠢᠯᠡᠭᠡᠨ᠎ᠤ ᠴᠢᠳᠠᠮᠵᠢ᠎ᠪᠠᠨ ᠥᠷᠭᠡᠳᠬᠡᠬᠦ ᠵᠢ ᠳᠡᠮᠵᠢᠨ᠎ᠡ᠃ ᠤᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ ᠵᠢᠨ ᠬᠥᠭᠵᠢᠯᠲᠡ ᠵᠢ ᠲᠦᠷᠭᠡᠳᠬᠡᠵᠦ᠂ ᠤᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ ᠵᠢᠨ ᠤᠯᠠᠨ ᠨᠡᠶ᠋ᠢᠲᠡ ᠵᠢᠨ ᠮᠡᠳᠡᠭᠡ ᠵᠠᠩᠭᠢ ᠵᠢᠨ ᠰᠢᠰᠲ᠋ᠧᠮ᠎ᠢ ᠪᠠᠶ᠋ᠢᠭᠤᠯᠬᠤ ᠵᠢ ᠲᠡᠮᠵᠢᠨ᠎ᠡ᠃
ᠲᠦᠷᠪᠡ᠎ᠳᠤ᠂ ᠥᠨᠳᠥᠷ ᠪᠦᠲᠦᠮᠵᠢᠲᠡᠶ᠎ᠪᠠᠷ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠪᠠ ᠠᠷᠠᠳ᠎ᠲᠤ ᠲᠦᠬᠦᠮ ᠦᠵᠡᠭᠦᠯᠵᠦ᠂ ᠬᠢᠯᠢ ᠠᠯᠤᠰᠯᠠᠭᠰᠠᠨ ᠠᠷᠠᠯᠵᠢᠶᠠᠨ᠎ᠤ ᠪᠦᠬᠦᠯᠢ ᠴᠣᠭᠴᠠ ᠵᠢᠨ ᠦᠢ᠍ᠯᠡᠴᠢᠯᠡᠭᠡᠨ᠎ᠤ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠰᠠᠶ᠋ᠢᠵᠢᠷᠠᠭᠤᠯᠬᠤ 16 ᠵᠤᠷᠪᠤᠰ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠨᠢᠭᠡ ᠴᠤᠭᠴᠠᠵᠢᠭᠤᠯᠤᠨ ᠭᠦᠢ᠍ᠴᠡᠳᠬᠡᠬᠦ ᠵᠢ ᠠᠬᠢᠭᠤᠯᠵᠤ᠂ ᠬᠢᠯᠢ ᠵᠢᠨ ᠪᠣᠭᠤᠮᠲᠠ ᠵᠢᠨ ᠭᠤᠭᠴᠤᠭ᠎ᠠ᠎ᠳᠠᠬᠢ ᠵᠠᠰᠠᠭ᠎ᠤᠨ ᠶᠠᠪᠤᠳᠠᠯ᠎ᠤᠨ 《ᠭᠡᠷᠡᠴᠢᠯᠡᠭᠡ ᠨᠤᠲᠠᠯᠠᠯᠲᠠ ᠵᠢ ᠳᠡᠮᠵᠢᠭᠰᠡᠨ ᠡᠵᠡᠩᠨᠡᠭᠴᠢ》 (AEO) ᠵᠢᠨ ᠲᠦᠷᠢᠮ᠎ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠭᠡᠷᠡᠴᠢᠯᠡᠨ ᠨᠤᠲᠠᠯᠠᠭᠰᠠᠨ ᠠᠵᠤ ᠠᠬᠤᠶ᠋ᠢᠯᠠᠯ᠎ᠳᠤ ᠨᠠᠩ ᠣᠯᠠᠨ ᠲᠥᠬᠦᠮ ᠦᠵᠡᠭᠦᠯᠬᠦ ᠠᠷᠭ᠎ᠠ ᠬᠡᠮᠵᠢᠶ᠎ᠡ ᠵᠢ ᠬᠠᠩᠭ᠋ᠠᠨ᠎ᠠ᠃
ᠲᠠᠪᠤ᠎ᠳᠤ᠂ ᠤᠶᠤᠨᠴᠢ᠎ᠪᠠᠷ ᠬᠠᠮᠲᠤ᠎ᠳᠤ᠎ᠪᠠᠨ ᠬᠦᠷᠲᠡᠵᠦ ᠬᠤᠯᠪᠣᠭ᠋ᠠᠯᠠᠨ ᠨᠡᠪᠲᠡᠷᠡᠭᠦᠯᠬᠦ ᠵᠢ ᠠᠬᠢᠭᠤᠯᠵᠤ᠂ ᠬᠢᠯᠢ ᠵᠢᠨ ᠪᠣᠭᠤᠮᠲᠠ ᠵᠢᠨ ᠬᠢᠯᠢ ᠠᠯᠤᠰᠯᠠᠨ ᠪᠣᠭᠤᠮᠲᠠ ᠥᠩᠭᠡᠷᠡᠬᠦ ᠬᠠᠮᠲᠤᠷᠠᠯᠴᠠᠭ᠎ᠠ ᠰᠣᠯᠢᠯᠴᠠᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠬᠤ 4 ᠵᠤᠷᠪᠤᠰ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃ 《ᠤᠶᠤᠨᠲᠤ ᠪᠣᠭᠤᠮᠲᠠ᠂ ᠤᠶᠤᠨᠴᠢ ᠬᠢᠯᠢ ᠬᠢᠵᠠᠭ᠋ᠠᠷ᠂ ᠤᠶᠤᠨᠴᠢ᠎ᠪᠠᠷ ᠬᠠᠮᠲᠤ᠎ᠳᠤ᠎ᠪᠠᠨ ᠬᠦᠷᠲᠡᠵᠦ ᠬᠤᠯᠪᠣᠭ᠋ᠠᠯᠠᠨ ᠨᠡᠪᠲᠡᠷᠡᠭᠦᠯᠬᠦ》 ᠪᠥᠲᠥᠭᠡᠨ ᠪᠠᠶ᠋ᠢᠭᠤᠯᠤᠯᠲᠠ ᠵᠢᠨ ᠲᠣᠭᠤᠷᠢᠨ᠎ᠳᠤ᠂ ᠮᠠᠨ᠎ᠤ ᠤᠯᠤᠰ ᠬᠢᠭᠡᠳ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠥᠲᠥᠭᠡᠨ ᠪᠠᠶ᠋ᠢᠭᠤᠯᠬᠤ ᠤᠯᠤᠰ (ᠭᠠᠵᠠᠷ ᠣᠷᠣᠨ)᠎ᠤᠨ ᠪᠣᠭᠤᠮᠲᠠ᠎ᠪᠠᠷ ᠥᠩᠭᠡᠷᠡᠬᠦ ᠬᠢᠨᠠᠨ ᠬᠠᠮᠢᠶᠠᠷᠬᠤ ᠬᠠᠮᠲᠤᠷᠠᠯᠴᠠᠭ᠎ᠠ ᠪᠠ ᠮᠡᠳᠡᠭᠡ ᠵᠠᠩᠭᠢ ᠵᠢᠨ ᠰᠣᠯᠢᠯᠴᠠᠭ᠎ᠠ ᠵᠢ ᠢᠳᠡᠪᠬᠢᠲᠡᠶ ᠠᠬᠢᠭᠤᠯᠤᠨ᠎ᠠ᠃ ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡ ᠪᠣᠯᠣᠨ TIR ᠲᠡᠭᠡᠭᠡᠪᠦᠷᠢ᠂ ᠬᠢᠯᠢ ᠠᠯᠤᠰᠯᠠᠭᠰᠠᠨ ᠤᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ᠎ᠲᠠᠢ ᠤᠶᠠᠯᠳᠤᠭᠤᠯᠬᠤ ᠵᠢ ᠠᠬᠢᠭᠤᠯᠵᠤ᠂ ᠡᠵᠡᠩᠨᠡᠯᠲᠡ ᠵᠢᠨ ᠠᠵᠤ ᠠᠬᠤᠶ᠋ᠢᠯᠠᠯ᠎ᠢ ᠪᠤᠶ᠋ᠢᠵᠢᠭᠤᠯᠬᠤ ᠵᠢᠴᠢ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠮᠡᠳᠡᠭᠡ ᠵᠠᠩᠭᠢ ᠵᠢᠨ ᠲᠠᠪᠴᠠᠩ᠎ᠤᠨ ᠪᠠᠶ᠋ᠢᠭᠤᠯᠤᠯᠲᠠ ᠵᠢ ᠠᠬᠢᠭᠤᠯᠤᠨ᠎ᠠ᠃
ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ ᠵᠢᠨ ᠠᠵᠤ ᠠᠬᠤᠶ ᠵᠢᠨ ᠪᠤᠯᠤᠩ᠎ᠤᠨ ᠰᠤᠷᠪᠤᠯᠵᠢᠯᠠᠭᠴᠢ᠄ ᠡᠨᠡ ᠵᠢᠯ᠎ᠠᠴᠠ ᠨᠠᠭ᠋ᠠᠰᠢᠬᠢ ᠣᠯᠠᠨ ᠤᠯᠤᠰ᠎ᠤᠨ ᠠᠷᠠᠯᠵᠢᠶᠠᠨ᠎ᠤ 《ᠭᠠᠭᠴᠠ ᠴᠣᠩᠬᠤᠪᠴᠢ》 ᠵᠢᠨ ᠪᠥᠲᠥᠭᠡᠨ ᠪᠠᠶ᠋ᠢᠭᠤᠯᠤᠯᠲᠠ ᠵᠢᠨ ᠪᠠᠶ᠋ᠢᠳᠠᠯ ᠵᠢᠴᠢ ᠭᠠᠳᠠᠭ᠋ᠠᠳᠤ ᠠᠷᠠᠯᠵᠢᠶᠠᠨ᠎ᠤ ᠠᠵᠤ ᠠᠬᠤᠶ᠋ᠢᠯᠠᠯ᠎ᠳᠤ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ᠎ᠳᠤ ᠶᠠᠮᠠᠷ ᠶᠠᠮᠠᠷ ᠲᠥᠬᠦᠮ ᠦᠵᠡᠭᠦᠯᠦᠭᠰᠡᠨ᠎ᠢ ᠲᠠᠨᠢᠯᠴᠠᠭᠤᠯᠤᠭ᠋ᠠᠳ ᠥᠭᠭᠦᠨ᠎ᠡ ᠦᠦ?
ᠮᠠ ᠰᠢᠶᠤᠤ ᠬᠥᠩ ᠄ ᠲᠠᠨ᠎ᠤ ᠠᠰᠠᠭᠤᠯᠲᠠ᠎ᠳᠤ ᠪᠠᠶᠠᠷᠯᠠᠯ᠎ᠠ᠃ ᠤᠯᠠᠨ ᠤᠯᠤᠰ᠎ᠤᠨ ᠠᠷᠠᠯᠵᠢᠶᠠᠨ᠎ᠤ 《ᠭᠠᠭᠴᠠ ᠴᠣᠩᠬᠤᠪᠴᠢ》 (ᠳᠣᠷᠣᠭᠰᠢ 《ᠭᠠᠭᠴᠠ ᠴᠣᠩᠬᠤᠪᠴᠢ》 ᠭᠡᠵᠦ ᠲᠣᠪᠴᠢᠯᠠᠨ᠎ᠠ) ᠪᠣᠯ ᠤᠯᠤᠰ᠎ᠠᠴᠠ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠥᠷᠭᠡᠨ ᠤᠯᠠᠨ ᠠᠵᠤ ᠠᠬᠤᠶ᠋ᠢᠯᠠᠯ᠎ᠳᠤ ᠪᠠᠶ᠋ᠢᠭᠤᠯᠵᠤ ᠥᠭᠭᠦᠭᠰᠡᠨ ᠤᠯᠠᠨ ᠨᠡᠶ᠋ᠢᠲᠡ ᠵᠢᠨ ᠮᠡᠳᠡᠭᠡ ᠵᠠᠩᠭᠢ ᠵᠢᠨ ᠲᠠᠪᠴᠠᠩ ᠪᠣᠯᠣᠨ᠎ᠠ᠂ ᠲᠡᠷᠡ᠎ᠨᠢ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠠᠮᠢ ᠠᠬᠤᠶ ᠣᠷᠴᠢᠨ ᠲᠣᠭᠤᠷᠢᠨ᠎ᠤ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠂ ᠪᠣᠭᠤᠮᠲᠠ ᠵᠢᠨ ᠶᠡᠷᠦᠩᠬᠡᠶ ᠵᠠᠬᠢᠷᠭ᠎ᠠ ᠵᠡᠷᠭᠡ 10 ᠭᠠᠷᠤᠶ ᠶᠠᠮᠤᠨ ᠵᠥᠪᠯᠡᠯ᠎ᠤᠨ ᠰᠢᠰᠲ᠋ᠧᠮ᠎ᠲᠠᠢ 《ᠶᠡᠷᠦᠩᠬᠡᠢ ᠵᠢ ᠶᠡᠷᠦᠩᠬᠡᠢ᠎ᠳᠤ ᠵᠠᠯᠭ᠋ᠠᠯᠳᠤᠭᠤᠯᠬᠤ》 ᠵᠢ ᠪᠡᠶᠡᠯᠡᠭᠦᠯᠬᠦ ᠪᠣᠯᠣᠨ᠎ᠠ᠃ ᠭᠤᠶᠤᠴᠢᠯᠠᠨ ᠮᠡᠳᠡᠭᠦᠯᠦᠭᠴᠢ᠎ᠨᠢ 《ᠭᠠᠭᠴᠠ ᠴᠣᠩᠬᠤᠪᠴᠢ》᠎ᠪᠠᠷ ᠳᠠᠮᠵᠢᠭᠤᠯᠤᠨ ᠨᠢᠭᠡ ᠴᠡᠭ ᠵᠶ᠋ᠠᠷ ᠵᠠᠯᠭ᠋ᠠᠨ ᠣᠷᠣᠵᠤ᠂ ᠬᠢᠯᠢ ᠵᠢᠨ ᠪᠣᠭᠤᠮᠲᠠ ᠵᠢᠨ ᠬᠠᠮᠢᠶᠠᠷᠤᠯᠲᠠ ᠪᠠ ᠣᠯᠠᠨ ᠤᠯᠤᠰ᠎ᠤᠨ ᠠᠷᠠᠯᠵᠢᠶᠠᠨ᠎ᠤ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ ᠱᠠᠭ᠋ᠠᠷᠳᠠᠯᠭ᠎ᠠ ᠵᠢ ᠬᠠᠩᠭ᠋ᠠᠭᠰᠠᠨ ᠪᠠᠷᠢᠮᠵᠢᠶᠠᠵᠢᠭᠤᠯᠤᠭᠰᠠᠨ ᠬᠠᠭᠤᠳᠠᠰᠤ ᠭᠡᠷᠡᠴᠢᠯᠡᠭᠡ ᠵᠢᠨ ᠡᠯᠧᠺᠳ᠋ᠷᠣᠨ ᠮᠡᠳᠡᠭᠡ ᠵᠠᠩᠭᠢ ᠵᠢ ᠨᠢᠭᠡ ᠯᠡ ᠤᠳᠠᠭ᠎ᠠ᠎ᠳᠤ ᠲᠤᠰᠢᠶᠠᠵᠤ᠂ ᠭᠤᠶᠤᠴᠢᠯᠠᠨ ᠮᠡᠳᠡᠭᠦᠯᠬᠦ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠪᠣᠭᠤᠮᠲᠠ᠎ᠪᠠᠷ ᠥᠩᠭᠡᠷᠡᠭᠦᠯᠬᠦ ᠴᠠᠭ᠎ᠢ ᠪᠣᠭᠤᠨᠢᠰᠬᠠᠵᠤ᠂ ᠠᠵᠤ ᠠᠬᠤᠶ᠋ᠢᠯᠠᠯ᠎ᠤᠨ ᠥᠪᠡᠷ᠎ᠤᠨ ᠥᠷᠲᠡᠭ᠎ᠢ ᠪᠠᠭᠤᠷᠠᠭᠤᠯᠤᠨ᠂ ᠠᠷᠠᠯᠵᠢᠶᠠᠨ᠎ᠤ ᠳᠥᠭᠦᠮᠴᠢᠯᠡᠯᠲᠡ ᠵᠢ ᠠᠬᠢᠭᠤᠯᠵᠤ ᠪᠣᠯᠤᠨ᠎ᠠ᠃
ᠠᠵᠤ ᠠᠬᠤᠶ᠋ᠢᠯᠠᠯ᠎ᠳᠤ ᠠᠪᠴᠤ ᠬᠡᠯᠡᠪᠡᠯ᠂ 《ᠭᠠᠭᠴᠠ ᠴᠣᠩᠬᠤᠪᠴᠢ》᠎ᠨᠢ ᠨᠡᠶ᠋ᠢᠳᠬᠡᠭᠰᠡᠨ᠂ ᠨᠢᠭᠡ ᠥᠷᠲᠡᠭᠡᠴᠢᠯᠡᠭᠰᠡᠨ ᠮᠠᠶᠢᠭ᠎ᠤᠨ ᠦᠢ᠍ᠯᠡᠴᠢᠯᠡᠭᠡᠨ᠎ᠤ ᠴᠢᠳᠠᠮᠵᠢ ᠵᠢ ᠬᠠᠩᠭ᠋ᠠᠪᠠ᠃ ᠠᠵᠤ ᠠᠬᠤᠶ᠋ᠢᠯᠠᠯ ᠬᠡᠷ᠎ᠠᠴᠠ᠎ᠪᠠᠨ ᠭᠠᠷᠬᠤ ᠥᠬᠡᠶ᠎ᠪᠠᠷ ᠪᠣᠭᠤᠮᠲᠠ᠂ ᠭᠠᠳᠠᠭ᠋ᠠᠳᠤ ᠭᠤᠪᠢᠭᠤᠯᠭ᠎ᠠ᠂ ᠭᠠᠶ᠋ᠢᠯᠢ ᠵᠢᠨ ᠶᠠᠪᠤᠳᠠᠯ ᠵᠡᠷᠭᠡ ᠰᠠᠯᠠᠭ᠎ᠠ ᠮᠥᠴᠢᠷ᠎ᠲᠤ ᠬᠠᠮᠢᠶ᠎ᠠ ᠪᠥᠬᠦᠶ ᠭᠤᠶᠤᠴᠢᠯᠠᠯ᠎ᠤᠨ ᠮᠠᠲ᠋ᠧᠷᠢᠶᠠᠯ ᠵᠶ᠋ᠠᠨ ᠨᠢᠭᠡ ᠯᠡ ᠤᠳᠠᠭ᠎ᠠ᠎ᠪᠠᠷ ᠲᠤᠰᠢᠶᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ ᠲᠤᠬᠠᠶ᠋ᠢᠯᠠᠭᠰᠠᠨ ᠠᠵᠢᠯ᠎ᠢ ᠭᠠᠭᠴᠠ ᠴᠣᠩᠬᠤᠪᠴᠢ᠎ᠪᠠᠷ ᠭᠦᠢ᠍ᠴᠡᠳᠬᠡᠵᠦ ᠪᠣᠯᠤᠨ᠎ᠠ᠃ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠲᠤ ᠠᠪᠴᠤ ᠬᠡᠯᠡᠪᠡᠯ᠂ 《ᠭᠠᠭᠴᠠ ᠴᠣᠩᠬᠤᠪᠴᠢ》 ᠨᠢ ᠬᠢᠯᠢ ᠵᠢᠨ ᠪᠣᠭᠤᠮᠲᠠ ᠵᠢᠨ ᠡᠯ᠎ᠡ ᠰᠠᠯᠠᠭ᠎ᠠ ᠮᠥᠴᠢᠷ᠎ᠤᠨ ᠬᠤᠭᠤᠷᠣᠨᠳᠣᠬᠢ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ ᠪᠠ ᠲᠤᠬᠠᠶ᠋ᠢᠯᠠᠭᠰᠠᠨ ᠠᠵᠢᠯ᠎ᠤᠨ ᠬᠠᠮᠵᠢᠯᠴᠠᠭ᠎ᠠ ᠵᠢ ᠪᠡᠶᠡᠯᠡᠭᠦᠯᠪᠡ᠃ ᠵᠢᠱ᠌ᠢᠶᠡᠯᠡᠪᠡᠯ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠭᠤᠭᠴᠤᠭ᠎ᠠ ᠵᠢᠨ ᠬᠢᠨᠠᠨ ᠬᠠᠮᠢᠶᠠᠷᠬᠤ ᠦᠨᠡᠮᠯᠡᠯ᠎ᠢ 《ᠭᠠᠭᠴᠠ ᠴᠣᠩᠬᠤᠪᠴᠢ》᠎ᠪᠠᠷ ᠳᠠᠮᠵᠢᠭᠤᠯᠤᠨ ᠰᠦᠯᠵᠢᠶ᠎ᠡ᠎ᠪᠠᠷ ᠬᠠᠷᠭᠤᠭᠤᠯᠤᠨ ᠪᠠᠶ᠋ᠢᠴᠠᠭ᠋ᠠᠬᠤ᠂ ᠴᠠᠭ᠋ᠠᠰᠤ ᠬᠡᠷᠡᠭᠯᠡᠬᠦ ᠥᠬᠡᠶ᠎ᠪᠠᠷ ᠪᠣᠭᠤᠮᠲᠠ᠎ᠪᠠᠷ ᠥᠩᠭᠡᠷᠡᠭᠦᠯᠬᠦ ᠵᠢ ᠪᠡᠶᠡᠯᠡᠭᠦᠯᠪᠡ᠃
ᠡᠨᠡ ᠵᠢᠯ᠎ᠠᠴᠠ ᠨᠠᠭ᠋ᠠᠰᠢ᠂ ᠬᠥᠬᠡᠬᠤᠲᠠ ᠪᠣᠭᠤᠮᠲᠠ ᠵᠢᠨ᠎ᠬᠢᠨ 《ᠭᠠᠭᠴᠠ ᠴᠣᠩᠬᠤᠪᠴᠢ》 ᠵᠢᠨ ᠪᠥᠲᠥᠭᠡᠨ ᠪᠠᠶ᠋ᠢᠭᠤᠯᠤᠯᠲᠠ ᠵᠢᠨ ᠶᠡᠷᠦᠩᠬᠡᠶ ᠪᠠᠶ᠋ᠢᠷᠢᠯᠠᠭᠤᠯᠤᠯᠲᠠ ᠪᠠ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠬᠦ ᠠᠵᠢᠯ᠎ᠤᠨ ᠱᠠᠭ᠋ᠠᠷᠳᠠᠯᠭ᠎ᠠ ᠵᠢᠨ ᠲᠣᠭᠤᠷᠢᠨ᠎ᠳᠤ᠂ ᠦᠢ᠍ᠯᠡᠴᠢᠯᠡᠭᠡᠨ᠎ᠤ ᠵᠠᠭᠪᠤᠷ᠎ᠲᠤ᠎ᠪᠠᠨ ᠰᠢᠨ᠎ᠡ ᠵᠢ ᠡᠭᠦᠳᠴᠦ᠂ ᠠᠵᠤ ᠠᠬᠤᠶ᠋ᠢᠯᠠᠯ᠎ᠤᠨ ᠠᠵᠢᠯᠯᠠᠭ᠋ᠠᠨ᠎ᠳᠤ ᠲᠥᠬᠦᠮ ᠦᠵᠡᠭᠦᠯᠦᠨ᠂ ᠡᠯ᠎ᠡ ᠲᠤᠬᠠᠶ᠋ᠢᠯᠠᠭᠰᠠᠨ ᠠᠵᠢᠯ᠎ᠤᠨ ᠬᠦᠷᠢᠶᠡᠨ᠎ᠳᠤ 《ᠭᠠᠭᠴᠠ ᠴᠣᠩᠬᠤᠪᠴᠢ》 ᠵᠢ ᠪᠥᠬᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠪᠡ᠃ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠲᠠᠶ᠋ᠢᠯᠤᠮᠵᠢ ᠪᠠ ᠪᠣᠯᠪᠠᠰᠤᠷᠠᠯ᠎ᠢ ᠴᠢᠩᠭ᠋ᠠᠳᠬᠠᠵᠤ᠂ ᠭᠤᠣᠯᠳᠠᠯᠭ᠎ᠠ᠎ᠲᠠᠢ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠤᠨ ᠬᠡᠷᠡᠭᠵᠢᠭᠦᠯᠬᠦ ᠵᠢ ᠠᠬᠢᠭᠤᠯᠵᠤ᠂ ᠨᠡᠶ᠋ᠢᠳᠡ 2000 ᠭᠠᠷᠤᠢ ᠪᠣᠭᠤᠮᠲᠠ᠎ᠳᠤ ᠮᠡᠳᠡᠭᠦᠯᠬᠦ ᠠᠵᠤ ᠠᠬᠤᠶ᠋ᠢᠯᠠᠯ᠂ ᠪᠠᠷᠠᠭ᠎ᠠ ᠵᠢ ᠣᠷᠣᠯᠠᠨ ᠵᠥᠭᠡᠭᠡᠪᠦᠷᠢᠯᠡᠬᠦ ᠠᠵᠤ ᠠᠬᠤᠶ᠋ᠢᠯᠠᠯ᠎ᠢ ᠬᠠᠮᠤᠷᠴᠠᠢ᠃ ᠠᠵᠤ ᠠᠬᠤᠶ᠋ᠢᠯᠠᠯ᠎ᠤᠨ ᠵᠥᠪᠯᠡᠯᠭᠡ ᠥᠭᠬᠦ ᠦᠢ᠍ᠯᠡᠴᠢᠯᠡᠭᠡ ᠵᠢ ᠴᠢᠩᠭ᠋ᠠᠳᠬᠠᠵᠤ᠂ ᠪᠣᠭᠤᠮᠲᠠ ᠵᠢᠨ 12360 ᠦᠢ᠍ᠯᠡᠴᠢᠯᠡᠭᠡᠨ᠎ᠤ ᠬᠠᠯᠠᠮᠰᠢᠯ ᠤᠲᠠᠰᠤ᠂ ᠠᠵᠢᠯᠯᠠᠭᠤᠯᠤᠨ ᠪᠠᠲᠤᠯᠠᠬᠤ ᠬᠢᠨᠠᠯᠲᠠ ᠡᠵᠡᠮᠳᠡᠯ᠂ ᠲᠤᠬᠠᠶ ᠵᠢᠨ ᠲᠠᠯᠠᠪᠤᠷ᠎ᠤᠨ ᠠᠵᠢᠯᠲᠠᠨ᠎ᠤ ᠲᠠᠶ᠋ᠢᠯᠤᠮᠵᠢ ᠵᠡᠷᠭᠡ ᠦᠢ᠍ᠯᠡᠴᠢᠯᠡᠭᠡ᠎ᠪᠠᠷ ᠳᠠᠮᠵᠢᠭᠤᠯᠤᠨ᠂ 《ᠭᠠᠭᠴᠠ ᠴᠣᠩᠬᠤᠪᠴᠢ》 ᠵᠢᠨ ᠠᠵᠢᠯᠯᠠᠭ᠋ᠠᠨ᠎ᠤ ᠦᠢ᠍ᠯᠡᠴᠢᠯᠡᠭᠡᠨ᠎ᠤ ᠲᠠᠪᠴᠠᠩ᠂ ᠸᠢᠴᠠᠲ᠎ᠤᠨ ᠬᠤᠯᠪᠣᠭ᠎ᠠ ᠵᠡᠷᠭᠡ ᠠᠷᠭ᠎ᠠ ᠵᠠᠮ᠎ᠢ ᠶᠡᠷᠦᠩᠬᠡᠶ᠋ᠢᠯᠡᠨ ᠬᠡᠷᠡᠭᠯᠡᠵᠦ᠂ ᠠᠵᠤ ᠠᠬᠤᠶ᠋ᠢᠯᠠᠯ᠎ᠤᠨ ᠠᠰᠠᠭᠤᠯᠲᠠ ᠯᠠᠪᠯᠠᠯᠲᠠ᠎ᠳᠤ 1000 ᠭᠠᠷᠤᠶ ᠤᠳᠠᠭ᠎ᠠ ᠥᠨᠳᠥᠷ ᠪᠦᠲᠦᠮᠵᠢᠲᠡᠶ᠎ᠪᠠᠷ ᠬᠠᠷᠢᠭᠤ ᠲᠤᠰᠬᠠᠭᠰᠠᠨ ᠪᠠ ᠰᠢᠢ᠍ᠳᠪᠦᠷᠢᠯᠡᠵᠦ᠂ ᠰᠢᠰᠲ᠋ᠧᠮ᠎ᠢ ᠰᠢᠯᠢᠳᠡᠭᠵᠢᠭᠦᠯᠬᠦ ᠠᠰᠠᠭᠤᠳᠠᠯ᠎ᠤᠨ ᠲᠤᠬᠠᠶ 14 ᠰᠠᠨᠠᠭᠤᠯᠭ᠎ᠠ ᠵᠢ ᠴᠤᠭᠯᠠᠭᠤᠯᠤᠭᠰᠠᠨᠤ ᠬᠠᠮᠲᠤ ᠢᠳᠡᠪᠬᠢᠲᠡᠶ᠎ᠪᠠᠷ ᠮᠥᠷᠳᠡᠨ ᠰᠢᠢ᠍ᠳᠪᠦᠷᠢᠯᠡᠵᠦ᠂ ᠠᠵᠤ ᠠᠬᠤᠶ᠋ᠢᠯᠠᠯ᠎ᠤᠨ 《ᠭᠠᠭᠴᠠ ᠴᠣᠩᠬᠤᠪᠴᠢ》 ᠵᠢᠨ ᠡᠳᠦᠷ ᠲᠤᠲᠤᠮ᠎ᠤᠨ ᠬᠡᠷᠡᠭᠯᠡᠯᠲᠡ ᠵᠢᠨ ᠲᠣᠭᠲᠠᠭᠤᠨ ᠪᠥᠭᠡᠳ ᠤᠷᠤᠭᠰᠢᠲᠠᠶ ᠶᠠᠪᠤᠭᠳᠠᠬᠤ ᠵᠢ ᠪᠦᠲᠦᠮᠵᠢᠲᠡᠶ ᠪᠠᠲᠤᠯᠠᠪᠠ᠃ ᠣᠲᠣ ᠪᠣᠯᠲᠠᠯ᠎ᠠ᠂ 《ᠭᠠᠭᠴᠠ ᠴᠣᠩᠬᠤᠪᠴᠢ》 ᠵᠢᠨ ᠭᠤᠤᠯ ᠪᠣᠯᠬᠤ ᠲᠤᠬᠠᠶ᠋ᠢᠯᠠᠭᠰᠠᠨ ᠠᠵᠢᠯ᠎ᠤᠨ ᠬᠡᠷᠡᠭᠯᠡᠭᠡᠨ᠎ᠤ ᠨᠣᠷᠮ᠎ᠠ 100%᠎ᠳᠤ ᠬᠥᠷᠪᠡ᠃ ᠠᠵᠤ ᠠᠬᠤᠶ᠋ᠢᠯᠠᠯ᠎ᠠᠴᠠ ᠤᠯᠠᠨ ᠤᠯᠤᠰ᠎ᠤᠨ ᠠᠷᠠᠯᠵᠢᠶᠠᠨ᠎ᠤ 《ᠭᠠᠭᠴᠠ ᠴᠣᠩᠬᠤᠪᠴᠢ》 ᠵᠢᠨ ᠪᠠᠷᠠᠭ᠎ᠠ ᠭᠤᠶᠤᠴᠢᠯᠠᠨ ᠮᠡᠳᠡᠭᠦᠯᠬᠦ᠂ ᠣᠩᠭᠤᠴᠠᠨ᠎ᠤ ᠦᠷᠦᠭᠡ ᠵᠢᠨ ᠬᠠᠭᠤᠳᠠᠰᠤ ᠵᠢ ᠭᠤᠶᠤᠴᠢᠯᠠᠨ ᠮᠡᠳᠡᠭᠦᠯᠬᠦ᠂ ᠲᠡᠭᠡᠭᠡᠪᠦᠷᠢ ᠵᠢᠨ ᠪᠠᠭ᠋ᠠᠵᠢ ᠬᠡᠷᠡᠭᠰᠡᠯ᠎ᠢ ᠭᠤᠶᠤᠴᠢᠯᠠᠨ ᠮᠡᠳᠡᠭᠦᠯᠬᠦ᠂ ᠵᠥᠪᠰᠢᠶᠡᠷᠡᠯ᠎ᠤᠨ ᠦᠨᠡᠮᠯᠡᠯ᠎ᠢ ᠭᠤᠶᠤᠴᠢᠯᠠᠨ ᠮᠡᠳᠡᠭᠦᠯᠬᠦ᠂ ᠤᠭ ᠭᠠᠷᠤᠯᠲᠠ ᠵᠢᠨ ᠭᠠᠵᠠᠷ᠎ᠤᠨ ᠦᠨᠡᠮᠯᠡᠯ᠎ᠢ ᠭᠤᠶᠤᠴᠢᠯᠠᠨ ᠠᠪᠬᠤ᠂ ᠠᠵᠤ ᠠᠬᠤᠶ᠋ᠢᠯᠠᠯ᠎ᠤᠨ ᠬᠢᠷᠢ ᠬᠡᠮ᠎ᠢ ᠭᠦᠢ᠍ᠴᠡᠳᠬᠡᠬᠦ᠂ ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶ᠎ᠠ᠂ ᠭᠠᠶ᠋ᠢᠯᠢ ᠰᠦᠢ᠍ᠳᠬᠡᠯ᠎ᠢ ᠳᠦᠯᠦᠬᠦ᠂ ᠭᠠᠳᠠᠭ᠋ᠠᠳᠤ ᠭᠠᠷᠭ᠋ᠠᠯᠭ᠎ᠠ ᠵᠢᠨ ᠭᠠᠶ᠋ᠢᠯᠢ ᠵᠢ ᠪᠤᠴᠠᠭ᠋ᠠᠬᠤ ᠵᠡᠷᠭᠡ ᠴᠢᠳᠠᠮᠵᠢ᠎ᠪᠠᠷ ᠳᠠᠮᠵᠢᠨ᠂ 739 ᠳᠦᠷᠦᠯ ᠵᠦᠢ᠍ᠯ᠎ᠢ ᠨᠢᠭᠡ ᠥᠷᠲᠡᠭᠡᠴᠢᠯᠡᠭᠰᠡᠨ ᠬᠡᠯᠪᠡᠷᠢ᠎ᠪᠠᠷ ᠭᠦᠢ᠍ᠴᠡᠳᠬᠡᠬᠦ ᠵᠢ ᠪᠡᠶᠡᠯᠡᠭᠦᠯᠵᠦ᠂ ᠠᠵᠤ ᠠᠬᠤᠶ᠋ᠢᠯᠠᠯ᠎ᠤᠨ ᠬᠦᠷᠲᠡᠭᠡᠮᠵᠢᠲᠦ ᠳᠦᠷᠦᠭᠳᠡᠯ᠎ᠢ ᠤᠯᠠᠮ ᠴᠢᠨᠠᠭᠰᠢᠳᠠ ᠳᠡᠭᠡᠭᠰᠢᠯᠡᠭᠦᠯᠪᠡ᠃
ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ ᠵᠢᠨ ᠰᠤᠷᠪᠤᠯᠵᠢᠯᠠᠭᠴᠢ᠄ ᠲᠠᠷᠠᠭ᠋ᠠᠴᠢ ᠵᠢᠨ ᠠᠯᠬᠤᠮ᠎ᠳᠤ᠂ ᠬᠥᠬᠡᠬᠤᠲᠠ ᠪᠣᠭᠤᠮᠲᠠ ᠵᠢᠨ᠎ᠬᠢᠨ ᠬᠢᠯᠢ ᠠᠯᠤᠰᠯᠠᠭᠰᠠᠨ ᠠᠷᠠᠯᠵᠢᠶ᠎ᠠ ᠵᠢ ᠳᠦᠭᠦᠮᠴᠢᠯᠡᠬᠦ ᠲᠠᠯ᠎ᠠ᠎ᠪᠠᠷ ᠪᠠᠰᠠ ᠶᠠᠮᠠᠷ ᠶᠠᠮᠠᠷ ᠴᠢᠬᠤᠯᠠ ᠠᠷᠭ᠎ᠠ ᠬᠡᠮᠵᠢᠶ᠎ᠡ ᠠᠪᠬᠤ᠎ᠪᠠᠷ ᠪᠠᠶ᠋ᠢᠬᠤ ᠪᠣᠶ?
ᠯᠢᠦ ᠯᠢᠩ ᠄ ᠲᠠᠨ᠎ᠤ ᠠᠰᠠᠭᠤᠯᠲᠠ᠎ᠳᠤ ᠪᠠᠶᠠᠷᠯᠠᠯ᠎ᠠ᠃ ᠮᠠᠨ᠎ᠤ ᠪᠣᠭᠤᠮᠲᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠵᠤ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠵᠢᠨ ᠨᠠᠮ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠂ ᠦᠢ᠍ᠯᠡᠴᠢᠯᠡᠭᠡ ᠵᠢ ᠰᠢᠯᠢᠳᠡᠭᠵᠢᠭᠦᠯᠬᠦ᠂ ᠬᠠᠭᠤᠳᠠᠰᠤ ᠪᠠᠷᠢᠮᠲᠠ ᠵᠢ ᠪᠠᠭ᠋ᠠᠰᠬᠠᠬᠤ᠂ ᠶᠠᠪᠤᠴᠠ ᠵᠢ ᠰᠢᠯᠢᠳᠡᠭᠵᠢᠭᠦᠯᠬᠦ᠂ ᠬᠦᠴᠦᠨ᠎ᠲᠠᠢ ᠬᠤᠭᠤᠴᠠᠭ᠎ᠠ ᠵᠢ ᠳᠡᠭᠡᠭᠰᠢᠯᠡᠭᠦᠯᠬᠦ᠂ ᠥᠪᠡᠷ᠎ᠤᠨ ᠦᠷᠳᠡᠭ᠎ᠢ ᠪᠠᠭᠤᠷᠠᠭᠤᠯᠬᠤ ᠵᠡᠷᠭᠡ ᠲᠠᠯ᠎ᠠ᠎ᠪᠠᠷ ᠬᠢᠯᠢ ᠵᠢᠨ ᠪᠣᠭᠤᠮᠲᠠ ᠵᠢᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠬᠢᠯᠢ ᠠᠯᠤᠰᠯᠠᠭᠰᠠᠨ ᠠᠷᠠᠯᠵᠢᠶ᠎ᠠ ᠵᠢ ᠳᠦᠭᠦᠮᠴᠢᠯᠡᠬᠦ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠡᠩ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ ᠠᠷᠠᠯᠵᠢᠶ᠎ᠠ ᠵᠢᠨ ᠴᠢᠨᠠᠷᠯᠢᠭ ᠬᠥᠭᠵᠢᠯᠲᠡ᠎ᠳᠤ ᠬᠦᠴᠦᠨ ᠨᠡᠮᠡᠷᠢᠯᠡᠨ᠎ᠡ᠃
ᠨᠢᠭᠡ᠎ᠳᠤ᠂ ᠴᠢᠬᠤᠯᠠ ᠶᠡᠭᠡ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠦᠷᠭᠦᠯᠵᠢᠯᠡᠨ ᠭᠦᠨᠵᠡᠭᠡᠶ ᠨᠠᠶ᠋ᠢᠳᠠᠪᠤᠷᠢᠵᠢᠭᠤᠯᠤᠨ᠎ᠠ᠃ 《ᠨᠢᠭᠡ ᠪᠦᠰᠡ ᠨᠢᠭᠡ ᠵᠠᠮ》 ᠳᠠᠭ᠋ᠠᠤ ᠵᠢᠨ ᠤᠯᠤᠰ᠂ ᠭᠠᠵᠠᠷ ᠣᠷᠣᠨ᠎ᠤ ᠪᠣᠭᠤᠮᠲᠠᠯᠤᠭᠠ ᠵᠢᠨ ᠣᠯᠠᠨ ᠤᠯᠤᠰ᠎ᠤᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ 《ᠳᠤᠮᠳᠠᠳᠤ ᠮᠣᠩᠭᠤᠯ ᠣᠷᠣᠰ᠎ᠤᠨ ᠠᠵᠤ ᠠᠬᠤᠶ ᠵᠢᠨ ᠬᠤᠩᠭᠢᠯ》᠎ᠤᠨ ᠪᠥᠲᠥᠭᠡᠨ ᠪᠠᠶ᠋ᠢᠭᠤᠯᠤᠯᠲᠠ᠎ᠳᠤ ᠣᠷᠣᠯᠴᠠᠬᠤ ᠵᠢ ᠢᠳᠡᠪᠬᠢᠲᠡᠶ ᠳᠡᠮᠵᠢᠵᠦ᠂ 《ᠨᠢᠭᠡ ᠪᠦᠰᠡ ᠨᠢᠭᠡ ᠵᠠᠮ》᠎ᠤᠨ ᠬᠥᠭᠵᠢᠯᠲᠡ᠎ᠳᠤ ᠠᠭᠤᠰᠤᠯᠴᠠᠨ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠵᠢ ᠪᠠᠶ᠋ᠢᠭᠤᠯᠵᠤ᠂ ᠪᠠᠷᠠᠭᠤᠨ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠵᠢ ᠢᠳᠡᠪᠬᠢᠲᠡᠶ ᠳᠡᠮᠵᠢᠵᠦ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷᠯᠢᠭ ᠬᠥᠭᠵᠢᠯᠲᠡ᠎ᠳᠤ ᠪᠥᠬᠦ ᠲᠠᠯ᠎ᠠ᠎ᠪᠠᠷ ᠦᠢ᠍ᠯᠡᠴᠢᠯᠡᠨ᠎ᠡ᠃
ᠬᠤᠶᠠᠷ᠎ᠲᠤ᠂ ᠭᠤᠣᠯᠳᠠᠯᠭ᠎ᠠ᠎ᠲᠠᠢ ᠲᠤᠬᠠᠶ᠋ᠢᠯᠠᠭᠰᠠᠨ ᠠᠵᠢᠯ᠎ᠢ ᠦᠷᠭᠦᠯᠵᠢᠯᠡᠨ ᠨᠢᠭᠡᠳᠦᠯᠲᠡᠶ ᠲᠥᠯᠥᠪᠯᠡᠵᠦ ᠥᠷᠨᠢᠭᠦᠯᠦᠨ᠎ᠡ᠃ 《ᠬᠤᠶᠠᠷ ᠠᠯᠬᠤᠮ᠎ᠳᠤ ᠭᠤᠶᠤᠴᠢᠯᠠᠨ ᠮᠡᠳᠡᠭᠦᠯᠬᠦ》᠂ 《ᠬᠤᠶᠠᠷ ᠬᠡᠰᠡᠭ ᠵᠶ᠋ᠠᠷ ᠵᠥᠪᠰᠢᠶᠡᠷᠡᠨ ᠣᠷᠣᠭᠤᠯᠬᠤ》᠂ 《ᠤᠷᠢᠳᠴᠢᠯᠠᠨ ᠭᠤᠶᠤᠴᠢᠯᠠᠨ ᠮᠡᠳᠡᠭᠦᠯᠬᠦ》 ᠵᠡᠷᠭᠡ ᠲᠤᠬᠠᠶ᠋ᠢᠯᠠᠭᠰᠠᠨ ᠠᠵᠢᠯ᠎ᠤᠨ ᠥᠭᠡᠷᠡᠴᠢᠯᠡᠯᠲᠡ ᠵᠢ ᠠᠬᠢᠭᠤᠯᠵᠤ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠪᠦᠬᠦᠯᠢ ᠴᠣᠭᠴᠠ ᠵᠢᠨ ᠪᠣᠭᠤᠮᠲᠠ᠎ᠪᠠᠷ ᠥᠩᠭᠡᠷᠡᠬᠦ ᠴᠠᠭ ᠪᠠ ᠦᠷ᠎ᠡ ᠪᠦᠲᠦᠮᠵᠢ ᠵᠢ ᠦᠷᠭᠦᠯᠵᠢᠯᠡᠨ ᠪᠠᠬᠢᠵᠢᠭᠦᠯᠦᠨ ᠪᠣᠭᠤᠨᠢᠰᠬᠠᠵᠤ᠂ ᠬᠢᠯᠢ ᠵᠢᠨ ᠪᠣᠭᠤᠮᠲᠠ᠎ᠪᠠᠷ ᠥᠩᠭᠡᠷᠡᠬᠦ ᠪᠥᠬᠦ ᠴᠤᠪᠤᠷᠠᠯ᠎ᠢ ᠴᠠᠭ᠋ᠠᠰᠤ ᠬᠡᠷᠡᠭᠯᠡᠬᠦ ᠥᠬᠡᠶ ᠡᠯᠧᠺᠳ᠋ᠷᠤᠨᠴᠢᠯᠠᠬᠦ ᠵᠢ ᠶᠡᠭᠡ᠎ᠪᠠᠷ ᠠᠬᠢᠭᠤᠯᠤᠨ᠎ᠠ; 《ᠤᠶᠤᠨᠲᠤ ᠪᠣᠭᠤᠮᠲᠠ》 ᠵᠢᠨ ᠪᠥᠲᠥᠭᠡᠨ ᠪᠠᠶ᠋ᠢᠭᠤᠯᠤᠯᠲᠠ ᠵᠢ ᠭᠦᠨᠵᠡᠭᠡᠶ ᠠᠬᠢᠭᠤᠯᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠪᠠᠷᠠᠭ᠋ᠠᠨ᠎ᠤ ᠭᠦᠢ᠍ᠯᠭᠡᠭᠡᠨ᠎ᠤ ᠵᠠᠮ᠎ᠢ ᠰᠠᠭ᠋ᠠᠳ ᠥᠬᠡᠶ ᠨᠡᠪᠲᠡᠷᠡᠭᠦᠯᠵᠦ᠂ ᠳᠤᠮᠳᠠᠳᠤ ᠧᠦ᠋ᠷᠣᠫᠠ ᠵᠢᠨ ᠵᠢᠰᠢᠶᠠᠨ᠎ᠤ ᠭᠠᠯᠲᠤ ᠲᠡᠷᠭᠡ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠰᠢᠯᠢᠳᠡᠭᠵᠢᠭᠦᠯᠦᠨ᠂ ᠣᠯᠠᠨ ᠬᠡᠯᠪᠡᠷᠢ ᠵᠢᠨ ᠬᠠᠮᠲᠤᠷᠠᠭᠰᠠᠨ ᠲᠡᠭᠡᠭᠡᠪᠦᠷᠢ ᠵᠢᠨ ᠲᠦᠷᠭᠡᠨ ᠬᠥᠭᠵᠢᠯᠲᠡ ᠵᠢ ᠬᠠᠪᠰᠤᠷᠤᠨ ᠬᠦᠴᠦᠯᠡᠵᠦ᠂ TIR ᠲᠡᠭᠡᠭᠡᠪᠦᠷᠢ ᠵᠢᠨ ᠲᠤᠬᠠᠶ᠋ᠢᠯᠠᠭᠰᠠᠨ ᠠᠵᠢᠯ᠎ᠤᠨ ᠬᠥᠭᠵᠢᠯᠲᠡ ᠵᠢ ᠠᠬᠢᠭᠤᠯᠤᠨ᠎ᠠ; ᠣᠯᠠᠨ ᠤᠯᠤᠰ᠎ᠤᠨ ᠠᠷᠠᠯᠵᠢᠶᠠᠨ᠎ᠤ 《ᠭᠠᠭᠴᠠ ᠴᠣᠩᠬᠤᠪᠴᠢ》 ᠵᠢᠨ ᠴᠢᠳᠠᠮᠵᠢ ᠵᠢ ᠭᠦᠨᠵᠡᠭᠡᠶ᠋ᠢᠷᠡᠭᠦᠯᠵᠦ᠂ ᠣᠶᠤᠨᠴᠢ᠎ᠪᠠᠷ ᠵᠢᠷᠤᠭ ᠬᠢᠨᠠᠵᠤ ᠬᠡᠷᠡᠭᠯᠡᠬᠦ ᠵᠢ ᠥᠷᠭᠡᠳᠬᠡᠨ᠂ ᠥᠷᠭᠡᠨ ᠬᠡᠷᠡᠭᠴᠡᠭᠡᠨ᠎ᠤ ᠠᠭᠤᠷᠬᠠᠶ ᠡᠨᠧᠷᠭᠢ ᠵᠢᠨ ᠦᠢ᠍ᠯᠡᠳᠬᠦᠨ᠎ᠢ ᠰᠢᠯᠭ᠋ᠠᠨ ᠪᠠᠶ᠋ᠢᠴᠠᠭ᠋ᠠᠬᠤ ᠴᠤᠪᠤᠷᠠᠯ᠎ᠢ ᠰᠢᠯᠢᠳᠡᠭᠵᠢᠭᠦᠯᠵᠦ᠂ ᠬᠢᠯᠢ ᠵᠢᠨ ᠪᠣᠭᠤᠮᠲᠠ ᠵᠢᠨ ᠪᠠᠷᠠᠭ᠎ᠠ ᠥᠩᠭᠡᠷᠡᠭᠦᠯᠬᠦ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ; ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠪᠠ ᠲᠤᠬᠠᠶ᠋ᠢᠯᠠᠭᠰᠠᠨ ᠠᠵᠢᠯ᠎ᠤᠨ ᠰᠤᠳᠤᠯᠭ᠋ᠠᠨ᠎ᠤ ᠵᠢᠯᠣᠭᠤᠳᠣᠯᠭ᠎ᠠ ᠵᠢ ᠴᠢᠩᠭ᠋ᠠᠳᠬᠠᠵᠤ᠂ ᠪᠣᠭᠤᠮᠲᠠ ᠵᠢᠨ ᠣᠷᠣᠨ᠎ᠤ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ ᠵᠢᠨ ᠦᠷᠭᠦᠯᠵᠢᠯᠡᠨ ᠰᠠᠶ᠋ᠢᠵᠢᠷᠠᠨ ᠬᠥᠭᠵᠢᠬᠦ ᠵᠢ ᠠᠬᠢᠭᠤᠯᠵᠤ᠂ ᠭᠠᠶ᠋ᠢᠯᠢ ᠪᠠᠲᠤᠯᠠᠬᠤ ᠬᠢᠨᠠᠯᠲᠠ ᠬᠠᠮᠢᠶᠠᠷᠤᠯᠲᠠ ᠵᠢᠨ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠵᠢ ᠪᠣᠳᠠᠲᠠᠶ᠋ᠢᠵᠢᠭᠤᠯᠬᠤ ᠵᠢ ᠠᠬᠢᠭᠤᠯᠵᠤ᠂ ᠬᠢᠯᠢ ᠵᠢᠨ ᠠᠷᠠᠳ᠎ᠤᠨ ᠬᠠᠷᠢᠯᠴᠠᠨ ᠠᠷᠠᠯᠵᠢᠶ᠎ᠠ ᠮᠠᠶ᠋ᠢᠮᠠᠢ ᠬᠢᠬᠦ ᠵᠠᠬ᠎ᠠ ᠳᠡᠯᠭᠡᠭᠦᠷ᠎ᠲᠤ ᠲᠠᠸᠠᠷ᠎ᠢ ᠭᠠᠳᠠᠭ᠋ᠠᠳᠤ᠎ᠠᠴᠠ ᠣᠷᠣᠭᠤᠯᠤᠨ ᠪᠣᠳᠠᠲᠠᠶ᠋ᠢᠵᠢᠭᠤᠯᠤᠨ ᠪᠣᠯᠪᠠᠰᠤᠷᠠᠭᠤᠯᠬᠤ ᠵᠢ ᠳᠡᠮᠵᠢᠨ᠎ᠡ; ᠢᠲᠡᠭᠡᠮᠵᠢ ᠵᠢ ᠬᠦᠮᠦᠵᠢᠭᠦᠯᠦᠨ ᠪᠣᠶ᠋ᠢᠵᠢᠭᠤᠯᠬᠤ ᠡᠷᠴᠢᠮ᠎ᠢ ᠴᠢᠩᠭ᠋ᠠᠷᠠᠭᠤᠯᠵᠤ᠂ ᠪᠣᠭᠤᠮᠲᠠ ᠵᠢᠨ ᠣᠷᠣᠨ᠎ᠤ AEO ᠠᠵᠤ ᠠᠬᠤᠶ᠋ᠢᠯᠠᠯ᠎ᠤᠨ ᠲᠤᠭ᠎ᠠ ᠬᠡᠮᠵᠢᠶ᠎ᠡ ᠪᠠ ᠠᠷᠠᠯᠵᠢᠶᠠᠨ᠎ᠤ ᠲᠤᠭ᠎ᠠ ᠵᠢᠨ ᠡᠵᠡᠯᠡᠬᠦ ᠬᠠᠷᠢᠴᠠᠯ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ; ᠠᠵᠤ ᠠᠬᠤᠶ᠋ᠢᠯᠠᠯ᠎ᠤᠨ ᠬᠦᠴᠦᠨ ᠥᠬᠡᠶ ᠪᠣᠯᠭ᠋ᠠᠬᠤ ᠵᠢ ᠳᠥᠭᠦᠮᠴᠢᠯᠡᠬᠦ ᠥᠭᠡᠷᠡᠴᠢᠯᠡᠯᠲᠡ ᠵᠢ ᠤᠯᠠᠮ ᠨᠢᠭᠡ ᠠᠯᠬᠤᠮ ᠠᠬᠢᠭᠤᠯᠵᠤ᠂ ᠠᠵᠤ ᠠᠬᠤᠶ᠋ᠢᠯᠠᠯ᠎ᠤᠨ ᠳᠠᠩᠰᠠᠯᠠᠭᠤᠯᠬᠤ ᠶᠠᠰᠤ ᠴᠢᠨᠠᠷ ᠪᠠ ᠵᠢᠷᠤᠮᠵᠢᠭᠤᠯᠬᠤ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ; ᠰᠢᠯᠭ᠋ᠠᠨ ᠪᠠᠶ᠋ᠢᠴᠠᠭ᠋ᠠᠬᠤ ᠪᠠ ᠬᠢᠵᠢᠭ ᠪᠠᠶ᠋ᠢᠴᠠᠭ᠋ᠠᠬᠤ ᠵᠠᠭᠪᠤᠷ᠎ᠤᠨ ᠥᠭᠡᠷᠡᠴᠢᠯᠡᠯᠲᠡ ᠵᠢ ᠠᠬᠢᠭᠤᠯᠵᠤ᠂ ᠢᠳᠡᠭᠡᠨ᠂ ᠵᠠᠰᠠᠯ ᠴᠢᠮᠡᠭᠯᠡᠯ᠎ᠤᠨ ᠡᠳ᠋ ᠵᠡᠷᠭᠡ ᠵᠢᠨ ᠰᠢᠯᠭ᠋ᠠᠨ ᠪᠠᠶ᠋ᠢᠴᠠᠭ᠋ᠠᠬᠤ ᠪᠠ ᠬᠢᠵᠢᠭ ᠪᠠᠶ᠋ᠢᠴᠠᠭ᠋ᠠᠬᠤ ᠬᠢᠨᠠᠯᠲᠠ ᠬᠠᠮᠢᠶᠠᠷᠤᠯᠲᠠ ᠵᠢᠨ ᠵᠠᠭᠪᠤᠷ᠎ᠢ ᠰᠢᠯᠢᠳᠡᠭᠵᠢᠭᠦᠯᠵᠦ᠂ ᠲᠠᠸᠠᠷ᠎ᠤᠨ ᠰᠢᠯᠭ᠋ᠠᠨ ᠪᠠᠶ᠋ᠢᠴᠠᠭ᠋ᠠᠯᠲᠠ ᠵᠢ ᠭᠤᠷᠪᠠᠳᠠᠭᠴᠢ ᠡᠲᠡᠭᠡᠳ ᠵᠶ᠋ᠠᠷ ᠬᠢᠯᠭᠡᠬᠦ ᠲᠤᠷᠰᠢᠯᠲᠠ ᠵᠢ ᠠᠬᠢᠭᠤᠯᠤᠨ᠎ᠠ᠃