ᠪᠠᠶ᠋ᠢᠭ᠋ᠠᠯᠢ ᠵᠢᠨ ᠮᠦᠽᠧᠶ 《ᠪᠥᠬᠥ ᠤᠯᠤᠰ᠎ᠤᠨ ᠵᠠᠯᠠᠭᠤᠴᠤᠳ᠎ᠤᠨ ᠪᠣᠯᠪᠠᠰᠤᠨ ᠨᠡᠷᠡᠮᠵᠢᠲᠦ》᠎ᠪᠠᠷ ᠦᠨᠡᠯᠡᠭᠳᠡᠪᠡ
2023-11-13

   ᠠᠷᠠᠳ᠎ᠤᠨ ᠡᠳᠦᠷ᠎ᠤᠨ ᠰᠣᠨᠢᠨ᠎ᠤ ᠮᠡᠳᠡᠭᠡ ᠣᠶ᠋ᠢᠷ᠎ᠠ᠎ᠳᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠣᠷᠢᠶ᠎ᠠ ᠵᠡᠷᠭᠡ 23 ᠰᠠᠯᠠᠭ᠎ᠠ ᠮᠥᠴᠢᠷ᠎ᠤᠨ ᠬᠠᠮᠲᠤᠷᠠᠨ ᠳᠠᠷᠤᠮᠠᠯᠯᠠᠨ ᠲᠠᠷᠬᠠᠭ᠋ᠠᠭᠰᠠᠨ 《21 ᠳ᠋ᠦ᠍ᠭᠡᠷ ᠬᠤᠭᠤᠴᠠᠭ᠋ᠠᠨ᠎ᠤ ᠪᠥᠬᠥ ᠤᠯᠤᠰ᠎ᠤᠨ ᠵᠠᠯᠠᠭᠤᠴᠤᠳ᠎ᠤᠨ ᠪᠣᠯᠪᠠᠰᠤᠨ ᠳ᠋ᠤᠭ᠋ᠠᠷ᠎ᠢ ᠨᠡᠷᠡᠶ᠋ᠢᠳᠬᠦ ᠵᠢᠨ ᠬᠠᠮᠲᠤ ᠣᠳᠣᠨ ᠲᠠᠰ ᠵᠶ᠋ᠡᠷ ᠮᠠᠭ᠋ᠠᠳᠯᠠᠨ ᠲᠤᠭᠲᠠᠭ᠋ᠠᠬᠤ ᠲᠤᠬᠠᠶ ᠲᠣᠭᠲᠠᠭ᠋ᠠᠯ》᠎ᠳᠤ᠂ ᠥᠪᠥᠷ ᠮᠣᠩᠭᠣᠯ᠎ᠤᠨ ᠪᠠᠶ᠋ᠢᠭ᠋ᠠᠯᠢ ᠵᠢᠨ ᠮᠦᠽᠧᠶ 《ᠨᠢᠭᠡ ᠣᠳᠣᠨ ᠲᠠᠰ᠎ᠤᠨ ᠪᠥᠬᠥ ᠤᠯᠤᠰ᠎ᠤᠨ ᠵᠠᠯᠠᠭᠤᠴᠤᠳ᠎ᠤᠨ ᠪᠣᠯᠪᠠᠰᠤᠨ ᠳ᠋ᠤᠭ᠋ᠠᠷ》 ᠵᠶ᠋ᠠᠷ ᠦᠨᠡᠯᠡᠭᠳᠡᠪᠡ᠃

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠨᠢᠭᠡᠳᠦᠯᠲᠡᠶ ᠪᠠᠶ᠋ᠢᠷᠢᠯᠠᠭᠤᠯᠤᠯᠲᠠ ᠶᠣᠰᠣᠭ᠋ᠠᠷ᠂ ᠥᠪᠥᠷ ᠮᠣᠩᠭᠣᠯ᠎ᠤᠨ ᠪᠠᠶ᠋ᠢᠭ᠋ᠠᠯᠢ ᠵᠢᠨ ᠮᠦᠽᠧᠶ ᠵᠠᠯᠠᠭᠤ ᠴᠢᠳᠠᠪᠤᠷᠢᠲᠠᠨ᠎ᠢ ᠢᠳᠡᠪᠬᠢᠲᠡᠶ ᠣᠷᠣᠭᠤᠯᠤᠨ ᠠᠪᠴᠢᠷᠠᠵᠤ᠂ ᠵᠠᠯᠠᠭᠤ ᠺᠠᠳ᠋ᠷ᠎ᠢ ᠰᠤᠳᠤᠯᠤᠨ ᠨᠡᠭᠡᠭᠡᠬᠦ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠵᠡᠷᠭᠡ ᠴᠢᠬᠤᠯᠠ ᠠᠵᠢᠯ᠎ᠤᠨ ᠪᠠᠶ᠋ᠢᠷᠢᠨ᠎ᠳᠤ ᠲᠠᠯᠪᠢᠵᠤ ᠳᠠᠪᠲᠠᠨ ᠪᠣᠯᠪᠠᠰᠤᠷᠠᠭᠤᠯᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠮᠦᠽᠧᠶ ᠵᠢ ᠪᠥᠬᠥ ᠬᠦᠴᠦᠨ ᠵᠶ᠋ᠠᠷ ᠵᠶ᠋ᠠᠨ ᠪᠠᠢ᠌ᠭᠤᠯᠪᠠ᠃

   ᠳᠡᠯᠡᠬᠡᠢ ᠵᠢᠨ ᠪᠥᠮᠪᠥᠷᠴᠡᠭ᠎ᠤᠨ ᠡᠳᠦᠷ᠂ ᠤᠯᠠᠨ ᠤᠯᠤᠰ᠎ᠤᠨ ᠮᠦᠽᠧᠢ ᠵᠢᠨ ᠡᠳᠦᠷ ᠵᠡᠷᠭᠡ ᠵᠠᠩᠭᠢᠯᠠᠭ᠎ᠠ ᠵᠢᠨ ᠴᠠᠭ᠎ᠲᠤ᠂ ᠥᠪᠥᠷ ᠮᠣᠩᠭᠣᠯ᠎ᠤᠨ ᠪᠠᠶ᠋ᠢᠭ᠋ᠠᠯᠢ ᠵᠢᠨ ᠮᠦᠽᠧᠢ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯᠯᠠᠭ᠎ᠠ ᠵᠢ ᠢᠳᠡᠪᠬᠢᠲᠡᠢ ᠤᠬᠠᠭᠤᠯᠵᠤ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠎ᠤᠨ ᠲᠠᠪᠴᠠᠩ᠎ᠤᠨ ᠦᠢ᠍ᠯᠡᠳᠦᠯ᠎ᠢ ᠪᠠᠳᠠᠷᠠᠭᠤᠯᠪᠠ; 《ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠵᠦ ᠲᠣᠰᠬᠣᠨ᠎ᠳᠤ ᠬᠦᠷᠴᠦ ᠦᠢ᠍ᠯᠡᠴᠢᠯᠡᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ》 ᠵᠡᠷᠭᠡ ᠭᠤᠤᠯ ᠰᠡᠳᠦᠪᠲᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠢᠩᠭ᠋ᠠᠨ ᠠᠶ᠋ᠢᠮᠠᠭ᠎ᠤᠨ ᠵᠠᠯᠠᠶ᠋ᠢᠳ ᠬᠣᠰᠢᠭᠤᠨ᠎ᠤ ᠬᠣᠶᠠᠷ ᠰᠤᠷᠭ᠋ᠠᠭᠤᠯᠢ᠎ᠳᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠢᠴᠢᠶᠡᠯ᠎ᠤᠨ ᠬᠡᠷ ᠪᠠᠶ᠋ᠢᠭᠤᠯᠤᠨ ᠥᠭᠴᠦ᠂ ᠮᠢᠺᠷᠣᠰᠺᠣᠫ᠂ ᠣᠲᠣ ᠪᠠᠶ᠋ᠢᠭ᠎ᠠ ᠠᠮᠢᠲᠠᠨ ᠤᠷᠭᠤᠮᠠᠯ᠎ᠤᠨ ᠵᠠᠭᠪᠤᠷ ᠵᠢᠴᠢ ᠡᠷᠲᠡᠨ᠎ᠤ ᠠᠮᠢᠳᠤ ᠪᠣᠳᠠᠰ᠎ᠤᠨ ᠵᠠᠭᠪᠤᠷ᠎ᠢ ᠲᠣᠬᠢᠷᠠᠭᠤᠯᠤᠨ ᠥᠭᠴᠦ᠂ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ 1100 ᠳᠡᠪᠲᠡᠷ ᠨᠣᠮ ᠪᠢᠴᠢᠭ᠎ᠢ ᠬᠠᠨᠳᠢᠪᠯᠠᠪᠠ; 《ᠪᠦᠪᠠᠢ ᠲᠣᠰᠬᠣᠨ᠎ᠠᠴᠠ ᠭᠠᠷᠬᠤ · ᠰᠢᠪᠠᠭᠤᠨ᠎ᠤ ᠲᠥᠷᠥᠯ᠎ᠤᠨ ᠨᠢᠭᠤᠴᠠ ᠵᠢ ᠰᠣᠨᠢᠷᠬᠠᠬᠤ》 ᠠᠵᠢᠯᠯᠠᠭ᠎ᠠ ᠥᠷᠨᠢᠭᠦᠯᠵᠦ᠂ 160 ᠰᠤᠷᠤᠭᠴᠢ ᠵᠢ ᠳᠠᠭ᠋ᠠᠭᠤᠯᠤᠨ ᠲᠦᠮᠡᠯᠵᠢ ᠤᠯᠤᠰ᠎ᠤᠨ ᠲᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠬᠦᠷᠴᠦ ᠰᠤᠳᠤᠯᠤᠨ ᠰᠤᠷᠤᠯᠴᠠᠬᠤ ᠵᠢᠭᠤᠯᠴᠢᠯᠠᠯ ᠥᠷᠨᠢᠭᠦᠯᠪᠡ᠃

   ᠦᠵᠡᠭᠦᠯᠭᠡ ᠵᠢᠨ ᠲᠠᠲᠠᠬᠤ ᠬᠦᠴᠦᠨ᠎ᠢ ᠨᠡᠮᠡᠭᠳᠡᠭᠦᠯᠬᠦ ᠵᠢᠨ ᠲᠥᠯᠥᠭᠡ᠂ ᠥᠪᠥᠷ ᠮᠣᠩᠭᠣᠯ᠎ᠤᠨ ᠪᠠᠶ᠋ᠢᠭ᠋ᠠᠯᠢ ᠵᠢᠨ ᠮᠦᠽᠧᠶ ᠲᠣᠭᠲᠠᠮᠠᠯ ᠬᠤᠭᠤᠴᠠᠭ᠎ᠠ᠎ᠲᠠᠢ᠎ᠪᠠᠷ ᠪᠠᠶ᠋ᠢᠩᠭᠤ ᠵᠢᠨ ᠦᠵᠡᠭᠦᠯᠭᠡ ᠵᠢᠨ ᠲᠢᠩᠬᠢᠮ᠎ᠳᠤ ᠲᠣᠭ᠎ᠠ ᠪᠠᠷᠢᠮᠲᠠ ᠵᠢ ᠰᠢᠨᠡᠳᠬᠡᠵᠦ᠂ ᠲᠠᠰ ᠳᠡᠪᠰᠢᠭᠦᠯᠦᠨ ᠥᠭᠡᠷᠡᠴᠢᠯᠡᠵᠦ᠂ ᠪᠥᠬᠥ ᠦᠵᠡᠮᠵᠢ ᠵᠢᠨ ᠵᠢᠱ᠌ᠢᠮᠡᠭ ᠬᠥᠲᠥᠴᠢ ᠵᠢ ᠵᠡᠷᠭᠡᠪᠡᠷ ᠦᠢ᠍ᠯᠡᠳᠴᠦ᠂ 15 ᠲᠥᠷᠥᠯ᠎ᠤᠨ᠂ 69 ᠵᠦᠢ᠍ᠯ᠎ᠤᠨ ᠪᠦᠲᠦᠭᠡᠯᠴᠢ ᠰᠣᠶᠣᠯ᠎ᠤᠨ ᠪᠦᠲᠦᠭᠡᠭᠳᠡᠬᠦᠨ᠎ᠢ ᠪᠥᠬᠥ ᠬᠦᠴᠦᠨ ᠵᠶ᠋ᠠᠷ ᠵᠶ᠋ᠠᠨ ᠰᠤᠳᠤᠯᠤᠨ ᠨᠡᠭᠡᠭᠡᠵᠦ᠂ ᠮᠦᠽᠧᠶ ᠵᠢᠨ IP ᠳᠦᠷᠢ ᠲᠥᠷᠬᠦ ᠵᠢ ᠡᠭᠦᠳᠦᠨ ᠪᠠᠶ᠋ᠢᠭᠤᠯᠵᠤ᠂ ᠸᠢᠴᠠᠲ᠎ᠤᠨ ᠳᠦᠷᠢ ᠲᠥᠷᠬᠦ ᠵᠢ ᠨᠡᠭᠡᠭᠡᠨ ᠬᠥᠭᠵᠢᠭᠦᠯᠵᠦ᠂ ᠣᠯᠠᠨ ᠲᠦᠮᠡᠨ᠎ᠤ ᠪᠠᠬᠠᠷᠬᠠᠯ᠎ᠢ ᠶᠡᠬᠡᠳᠡ ᠣᠯᠤᠭᠰᠠᠨ ᠪᠠᠶ᠋ᠢᠨ᠎ᠠ᠃

  2018 ᠣᠨ᠎ᠤ 10 ᠳ᠋ᠤᠭ᠋ᠠᠷ ᠰᠠᠷ᠎ᠠ᠎ᠠᠴᠠ ᠡᠬᠢᠯᠡᠨ᠂ ᠥᠪᠥᠷ ᠮᠣᠩᠭᠣᠯ᠎ᠤᠨ ᠪᠠᠶ᠋ᠢᠭ᠋ᠠᠯᠢ ᠵᠢᠨ ᠮᠦᠽᠧᠶ ᠨᠡᠶ᠋ᠢᠲᠡ 300 ᠲᠦᠮᠡᠨ ᠬᠥᠮᠦᠨ ᠤᠳᠠᠭ᠎ᠠ ᠵᠢᠨ ᠦᠵᠡᠭᠴᠢᠳ᠎ᠢ ᠭᠥᠯᠢᠶᠡᠨ ᠠᠪᠴᠤ᠂ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢᠳ᠎ᠲᠤ ᠬᠠᠨᠳᠤᠭᠤᠯᠤᠨ ᠥᠷᠨᠢᠭᠦᠯᠦᠭᠰᠡᠨ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠢᠴᠢᠶᠡᠯ᠎ᠳᠤ ᠣᠷᠣᠯᠴᠠᠭᠰᠠᠨ ᠬᠥᠮᠦᠨ᠎ᠤ ᠲᠣᠭ᠎ᠠ 10 ᠲᠦᠮᠡᠨ ᠬᠥᠮᠦᠨ ᠤᠳᠠᠭ᠎ᠠ ᠵᠢ ᠳᠠᠪᠠᠪᠠ; 《ᠣᠬᠢ ᠰᠣᠳᠣᠨ ᠤᠨᠴᠠᠯᠢᠭᠲᠤ ᠡᠷᠦᠳᠡᠰᠦ ᠵᠢᠨ ᠲᠠᠯᠠᠰᠲᠤ ᠵᠢᠨ ᠦᠵᠡᠭᠦᠯᠭᠡ》᠂ 《ᠰᠠᠬᠢᠨ ᠪᠡᠷᠡᠯᠡᠵᠦ · ᠮᠥᠬᠥᠬᠦ ᠰᠢᠬᠠᠭᠰᠠᠨ ᠠᠮᠢᠲᠠᠨ》᠂ 《ᠤᠮᠠᠷᠠᠲᠤ ᠬᠢᠯᠢ ᠬᠢᠵᠠᠭ᠋ᠠᠷ᠎ᠤᠨ ᠥᠪᠥᠷ ᠮᠣᠩᠭᠣᠯ᠎ᠤᠨ ᠰᠢᠪᠠᠭᠤᠨ᠎ᠤ ᠲᠥᠷᠥᠯ᠎ᠤᠨ ᠣᠨᠴᠠ ᠦᠵᠡᠭᠦᠯᠭᠡ》 ᠵᠡᠷᠭᠡ ᠭᠤᠤᠯ ᠰᠡᠳᠦᠪᠲᠦ ᠦᠵᠡᠭᠦᠯᠭᠡ ᠵᠢ ᠠᠮᠵᠢᠯᠲᠠ᠎ᠲᠠᠢ ᠡᠷᠭᠢᠯᠡᠵᠦ᠂ ᠮᠦᠽᠧᠶ ᠵᠢᠨ ᠨᠡᠶ᠋ᠢᠭᠡᠮ᠎ᠤᠨ ᠨᠥᠯᠥᠭᠡᠯᠡᠬᠦ ᠬᠦᠴᠦᠨ᠎ᠢ ᠦᠷᠭᠦᠯᠵᠢᠯᠡᠨ ᠳᠡᠭᠡᠭᠰᠢᠯᠡᠭᠦᠯᠵᠦ᠂ ᠪᠥᠬᠥ ᠤᠯᠤᠰ᠎ᠤᠨ ᠵᠠᠯᠠᠭᠤᠴᠤᠳ᠎ᠤᠨ ᠪᠣᠯᠪᠠᠰᠤᠨ᠎ᠤ ᠳ᠋ᠤᠭ᠋ᠠᠷ ᠭᠡᠬᠦ ᠡᠨᠡ ᠬᠦ᠌ ᠨᠡᠷ᠎ᠡ ᠵᠢᠨ ᠬᠠᠭᠤᠳᠠᠰᠤ ᠵᠢ ᠨᠠᠩ ᠭᠡᠭᠡᠨ ᠰᠠᠷᠠᠭᠤᠯ ᠪᠣᠯᠭ᠋ᠠᠨ᠎ᠠ᠃

 

ᠢᠷᠡᠯᠲᠡ᠄ ᠳᠤᠮᠳᠠᠳᠤ ᠤᠯᠤᠰ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠣᠨᠢᠨ