ᠬᠡᠰᠡᠭ ᠬᠤᠭᠤᠴᠠᠭ᠋ᠠᠨ᠎ᠤ ᠲᠤᠷᠰᠢ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠦᠷᠭᠦᠯᠵᠢᠯᠡᠨ ᠠᠬᠢᠭᠤᠯᠵᠤ ᠪᠣᠳᠠᠲᠤ ᠦᠷ᠎ᠡ ᠪᠦᠲᠦᠮᠵᠢ ᠭᠠᠷᠭ᠋ᠠᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠪᠥᠬᠥ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠰᠲ᠋ᠧᠮ᠎ᠳᠤ 《ᠪᠠᠷᠢᠮᠵᠢᠶ᠎ᠠ ᠵᠢ ᠳᠡᠭᠡᠭᠰᠢᠯᠡᠭᠦᠯᠬᠦ᠂ ᠬᠤᠷᠳᠤᠴᠠ ᠵᠢ ᠳᠡᠭᠡᠭᠰᠢᠯᠡᠭᠦᠯᠬᠦ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠲᠤᠰᠬᠠᠶ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ 《ᠤᠳᠠᠭ᠋ᠠᠨ᠂ ᠪᠦᠳᠦᠭᠦᠯᠢᠭ᠂ ᠬᠡᠶ᠋ᠢᠰᠪᠦᠷᠢ》 ᠠᠰᠠᠭᠤᠳᠠᠯ᠎ᠢ ᠰᠢᠢ᠍ᠳᠪᠦᠷᠢᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠤᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠢ ᠰᠠᠶ᠋ᠢᠲᠤᠷ ᠪᠡᠶᠡᠯᠡᠭᠦᠯᠬᠦ᠎ᠳᠤ ᠬᠦᠴᠦᠲᠡᠶ ᠰᠤᠷᠲᠠᠯ᠎ᠤᠨ ᠪᠠᠲᠤᠯᠠᠭ᠎ᠠ ᠬᠠᠩᠭ᠋ᠠᠪᠠ᠃
ᠥᠪᠥᠷ ᠮᠣᠩᠭᠣᠯ᠎ᠤᠨ ᠲᠢᠩᠬᠢᠮ 《ᠪᠥᠬᠥ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠰᠲ᠋ᠧᠮ᠎ᠳᠤ 〈ᠪᠠᠷᠢᠮᠵᠢᠶ᠎ᠠ ᠵᠢ ᠳᠡᠭᠡᠭᠰᠢᠯᠡᠭᠦᠯᠬᠦ᠂ ᠬᠤᠷᠳᠤᠴᠠ ᠵᠢ ᠲᠦᠷᠭᠡᠳᠬᠡᠬᠦ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ〉 ᠲᠤᠰᠬᠠᠶ ᠠᠵᠢᠯᠯᠠᠭ᠎ᠠ ᠵᠢ ᠭᠦᠨᠵᠡᠭᠡᠶ ᠥᠷᠨᠢᠭᠦᠯᠬᠦ ᠲᠤᠬᠠᠶ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ ᠤᠳᠤᠷᠢᠳᠬᠤ ᠳᠤᠭᠤᠶ᠋ᠢᠯᠠᠩ ᠵᠢᠴᠢ ᠲᠡᠭᠦᠨ᠎ᠤ ᠠᠯᠪᠠᠨ ᠬᠡᠷ᠎ᠢ ᠪᠠᠶ᠋ᠢᠭᠤᠯᠵᠤ᠂ ᠡᠭᠦᠷᠭᠡ ᠵᠢ ᠨᠠᠷᠢᠯᠢᠬ᠍ᠵᠢᠭᠤᠯᠤᠨ ᠬᠤᠪᠢᠶᠠᠷᠢᠯᠠᠵᠤ᠂ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ᠎ᠢ ᠲᠣᠳᠣᠷᠬᠠᠶ᠋ᠢᠯᠠᠪᠠ᠃ ᠪᠥᠬᠥ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠰᠲ᠋ᠧᠮ᠎ᠤᠨ 《ᠪᠠᠷᠢᠮᠵᠢᠶ᠎ᠠ ᠵᠢ ᠳᠡᠭᠡᠭᠰᠢᠯᠡᠭᠦᠯᠬᠦ᠂ ᠬᠤᠷᠳᠤᠴᠠ ᠵᠢ ᠳᠡᠭᠡᠭᠰᠢᠯᠡᠭᠦᠯᠬᠦ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠠᠵᠢᠯ᠎ᠢ ᠠᠬᠢᠭᠤᠯᠬᠤ ᠬᠤᠷᠠᠯ ᠵᠢᠴᠢ ᠪᠠᠲᠤ ᠪᠠᠬᠢ ᠪᠡᠬᠢᠯᠡᠯᠲᠡ ᠵᠢᠨ ᠵᠢᠱ᠌ᠢᠶᠡᠴᠢ ᠨᠠᠮ᠎ᠤᠨ ᠡᠭᠦᠷ᠎ᠢ ᠡᠭᠦᠳᠦᠨ ᠪᠠᠶ᠋ᠢᠭᠤᠯᠬᠤ ᠠᠵᠢᠯ᠎ᠤᠨ ᠸᠢᠳᠢᠣ᠋ ᠬᠤᠷᠠᠯ᠎ᠢ ᠬᠤᠷᠠᠯᠳᠤᠭᠤᠯᠵᠤ᠂ ᠦᠨᠳᠦᠰᠦᠨ ᠱᠠᠲᠤᠨ᠎ᠤ ᠵᠣᠬᠢᠶᠠᠨ ᠪᠠᠶ᠋ᠢᠭᠤᠯᠤᠯᠲᠠ ᠵᠢᠨ ᠴᠣᠭᠴᠠᠯᠠᠯᠲᠠ ᠵᠢᠨ ᠪᠣᠳᠠᠲᠠᠶ᠎ᠲᠠᠢ ᠤᠶᠠᠯᠳᠤᠭᠤᠯᠤᠨ᠂ ᠵᠢᠱ᠌ᠢᠶᠡᠴᠢ ᠨᠠᠮ᠎ᠤᠨ ᠡᠭᠦᠷ᠎ᠤᠨ ᠪᠠᠶ᠋ᠢᠭᠤᠯᠤᠯᠲᠠ ᠬᠢᠭᠡᠳ 《ᠪᠠᠷᠢᠮᠵᠢᠶ᠎ᠠ ᠵᠢ ᠳᠡᠭᠡᠭᠰᠢᠯᠡᠭᠦᠯᠬᠦ᠂ ᠬᠤᠷᠳᠤᠴᠠ ᠵᠢ ᠳᠡᠭᠡᠭᠰᠢᠯᠡᠭᠦᠯᠬᠦ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠠᠵᠢᠯ᠎ᠤᠨ ᠣᠷᠭ᠋ᠠᠨᠢᠭ ᠠᠭᠤᠰᠤᠯᠴᠠᠯ᠎ᠢ ᠠᠬᠢᠭᠤᠯᠤᠨ᠎ᠠ᠃
ᠥᠪᠥᠷ ᠮᠣᠩᠭᠣᠯ᠎ᠤᠨ ᠲᠢᠩᠬᠢᠮ ᠪᠥᠬᠥ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠰᠲ᠋ᠧᠮ᠎ᠤᠨ ᠠᠩᠬᠠᠳᠤᠭ᠋ᠠᠷ ᠬᠤᠭᠤᠴᠠᠭ᠋ᠠᠨ᠎ᠤ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠡᠷᠭᠢᠯᠡᠵᠦ᠂ ᠭᠠᠵᠠᠷ ᠬᠡᠷᠡᠭᠯᠡᠬᠦ᠂ ᠠᠭᠤᠷᠬᠠᠶ ᠬᠡᠷᠡᠭᠯᠡᠬᠦ ᠵᠢ ᠬᠢᠨᠠᠨ ᠵᠥᠪᠰᠢᠶᠡᠷᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠤᠬᠠᠶ᠋ᠢᠯᠠᠭᠰᠠᠨ ᠠᠵᠢᠯ᠎ᠳᠠᠭᠠᠨ ᠴᠠᠭ᠋ᠠᠷᠠᠭᠰᠠᠨ᠂ ᠬᠡᠪ ᠴᠢᠨᠠᠷ ᠵᠶ᠋ᠠᠷ ᠴᠢᠩᠭ᠎ᠠ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢ ᠢᠯᠡᠷᠡᠭᠦᠯᠦᠨ ᠪᠣᠶ ᠪᠣᠯᠭ᠋ᠠᠵᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠨ᠂ ᠠᠳᠠᠯᠢᠳᠬᠠᠨ ᠰᠤᠷᠤᠯᠴᠠᠵᠤ ᠭᠦᠢ᠍ᠴᠡᠨ ᠳᠠᠪᠠᠬᠤ ᠠᠭᠤᠷ ᠠᠮᠢᠰᠬᠤᠯ᠎ᠢ ᠪᠣᠶ ᠪᠣᠯᠭ᠋ᠠᠵᠤ᠂ 《ᠬᠣᠶᠠᠷ ᠰᠢᠯᠢᠳᠡᠭ》 ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠶ᠋ᠢᠷᠡᠭᠦᠯᠵᠦ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠦᠢ᠍ᠯᠡᠴᠢᠯᠡᠭᠡ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠪᠠ᠃ ᠣᠳᠣᠬᠠᠨ᠎ᠳᠤ᠂ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠢᠨᠠᠨ ᠵᠥᠪᠰᠢᠶᠡᠷᠡᠬᠦ ᠴᠠᠭ᠎ᠢ 12 ᠠᠵᠢᠯᠯᠠᠬᠤ ᠡᠳᠦᠷ ᠪᠠᠶ᠋ᠢᠭᠰᠠᠨ᠎ᠠᠴᠠ 10 ᠠᠵᠢᠯᠯᠠᠬᠤ ᠡᠳᠦᠷ ᠪᠣᠯᠭ᠋ᠠᠨ ᠪᠣᠭᠣᠨᠢᠰᠬᠠᠵᠤ᠂ ᠠᠭᠤᠷᠬᠠᠶ ᠵᠢᠨ ᠦᠢ᠍ᠯᠡᠰ᠎ᠤᠨ ᠡᠷᠬᠡ ᠵᠢ ᠬᠢᠨᠠᠨ ᠵᠥᠪᠰᠢᠶᠡᠷᠡᠬᠦ ᠠᠵᠢᠯ᠎ᠢ 13 ᠠᠵᠢᠯᠯᠠᠬᠤ ᠡᠳᠦᠷ ᠪᠠᠶ᠋ᠢᠭᠰᠠᠨ᠎ᠠᠴᠠ 8 ᠠᠵᠢᠯᠯᠠᠬᠤ ᠡᠳᠦᠷ ᠪᠣᠯᠭ᠋ᠠᠨ ᠪᠣᠭᠣᠨᠢᠰᠬᠠᠪᠠ᠃
ᠥᠪᠥᠷ ᠮᠣᠩᠭᠣᠯ᠎ᠤᠨ ᠲᠢᠩᠬᠢᠮ ᠵᠢᠯ᠎ᠤᠨ ᠡᠴᠦᠰ᠎ᠠᠴᠠ ᠡᠮᠦᠨᠡᠬᠢ 《ᠪᠠᠷᠢᠮᠵᠢᠶᠠᠲᠤ ᠭᠠᠵᠠᠷ》᠎ᠤᠨ ᠰᠢᠨ᠎ᠡ᠎ᠪᠠᠷ ᠨᠡᠮᠡᠭᠳᠡᠭᠰᠡᠨ ᠠᠵᠤ ᠦᠢ᠍ᠯᠡᠳᠪᠦᠷᠢ ᠵᠢᠨ ᠬᠡᠷᠡᠭᠯᠡᠬᠦ ᠭᠠᠵᠠᠷ᠎ᠢ ᠰᠢᠯᠵᠢᠭᠦᠯᠦᠨ ᠥᠭᠬᠦ ᠳᠤᠮᠳᠠᠬᠢ ᠡᠵᠡᠯᠡᠬᠦ ᠬᠠᠷᠢᠴᠠᠯ᠎ᠢ 30 %᠎ᠳᠤ ᠬᠦᠷᠦᠭᠦᠯᠬᠦ ᠬᠠᠷᠠᠯᠲᠠ᠎ᠲᠠᠢ ᠬᠠᠷᠢᠴᠠᠭᠤᠯᠵᠤ᠂ ᠰᠢᠨ᠎ᠡ᠎ᠪᠠᠷ ᠨᠡᠮᠡᠭᠳᠡᠭᠰᠡᠨ ᠠᠵᠤ ᠦᠢ᠍ᠯᠡᠳᠪᠦᠷᠢ ᠵᠢᠨ ᠬᠡᠷᠡᠭᠯᠡᠬᠦ ᠭᠠᠵᠠᠷ᠎ᠤᠨ 《ᠪᠠᠷᠢᠮᠵᠢᠶᠠᠲᠤ ᠭᠠᠵᠠᠷ》᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠨᠠᠩ ᠳᠥᠭᠥᠮ ᠳᠥᠲᠡ᠂ ᠪᠠᠯᠠ ᠣᠷᠣᠭᠤᠯᠤᠯᠲᠠ ᠵᠢᠨ ᠣᠷᠴᠢᠨ ᠨᠥᠬᠥᠴᠡᠯ᠎ᠢ ᠨᠠᠩ ᠴᠢᠨᠠᠷ ᠰᠠᠶ᠋ᠢᠲᠠᠶ᠂ ᠭᠠᠵᠠᠷ ᠰᠢᠷᠣᠶ ᠵᠢᠨ ᠠᠰᠢᠭᠯᠠᠯᠲᠠ ᠵᠢ ᠨᠠᠩ ᠥᠨᠳᠥᠷ ᠪᠦᠲᠦᠮᠵᠢᠲᠡᠶ ᠪᠣᠯᠭ᠋ᠠᠨ᠎ᠠ᠃ ᠣᠳᠣᠬᠠᠨ ᠪᠣᠯᠲᠠᠯ᠎ᠠ᠂ ᠰᠢᠨ᠎ᠡ᠎ᠪᠠᠷ ᠨᠡᠮᠡᠭᠳᠡᠭᠰᠡᠨ ᠠᠵᠤ ᠦᠢ᠍ᠯᠡᠳᠪᠦᠷᠢ ᠵᠢᠨ ᠬᠡᠷᠡᠭᠯᠡᠬᠦ ᠭᠠᠵᠠᠷ᠎ᠤᠨ 《ᠪᠠᠷᠢᠮᠵᠢᠶᠠᠲᠤ ᠭᠠᠵᠠᠷ》᠎ᠢ ᠨᠡᠶ᠋ᠢᠲᠡ 220 ᠬᠡᠰᠡᠭ ᠰᠢᠯᠵᠢᠭᠦᠯᠦᠨ ᠥᠭᠴᠦ᠂ ᠶᠡᠷᠦᠩᠬᠡᠶ ᠲᠠᠯᠠᠪᠠᠶ᠎ᠨᠢ 2158.96 ᠾᠧᠺᠲ᠋ᠠᠷ ᠪᠠᠶ᠋ᠢᠵᠤ᠂ ᠭᠠᠵᠠᠷ ᠰᠢᠷᠣᠶ ᠵᠢ ᠰᠢᠯᠵᠢᠭᠦᠯᠦᠨ ᠥᠭᠭᠦᠭᠰᠡᠨ ᠠᠰᠢᠭ ᠣᠷᠣᠯᠭ᠎ᠠ 33.77 ᠳ᠋ᠦᠩᠰᠢᠭᠤᠷ ᠲᠥᠭᠥᠷᠢᠭ᠎ᠲᠤ ᠬᠦᠷᠴᠦ᠂ 《ᠪᠠᠷᠢᠮᠵᠢᠶᠠᠲᠤ ᠭᠠᠵᠠᠷ》᠎ᠤᠨ ᠪᠥᠬᠥ ᠣᠷᠣᠨ᠎ᠤ ᠡᠯ᠎ᠡ ᠲᠥᠷᠥᠯ᠎ᠤᠨ ᠨᠡᠭᠡᠭᠡᠯᠲᠡ ᠵᠢᠨ ᠣᠷᠣᠨ᠎ᠤ ᠰᠢᠨ᠎ᠡ᠎ᠪᠠᠷ ᠨᠡᠮᠡᠭᠳᠡᠭᠰᠡᠨ ᠠᠵᠤ ᠦᠢ᠍ᠯᠡᠳᠪᠦᠷᠢ ᠵᠢᠨ ᠬᠡᠷᠡᠭᠯᠡᠬᠦ ᠭᠠᠵᠠᠷ᠎ᠤᠨ ᠳᠣᠲᠣᠷ᠎ᠠ ᠡᠵᠡᠯᠡᠬᠦ ᠬᠠᠷᠢᠴᠠᠯ᠎ᠨᠢ 60.94 %᠎ᠳᠤ ᠬᠦᠷᠴᠡᠶ᠃
ᠥᠪᠥᠷ ᠮᠣᠩᠭᠣᠯ᠎ᠤᠨ ᠲᠢᠩᠬᠢᠮ ᠥᠯᠥ ᠬᠥᠳᠡᠯᠬᠦ ᠬᠥᠷᠥᠩᠭᠡ ᠵᠢ ᠳᠡᠩᠰᠡᠯᠡᠨ ᠲᠡᠮᠳᠡᠭᠯᠡᠬᠦ ᠦᠢ᠍ᠯᠡᠴᠢᠯᠡᠭᠡᠨ᠎ᠤ ᠬᠢᠷᠢ ᠲᠦᠪᠰᠢᠨ᠎ᠢ ᠶᠡᠬᠡ᠎ᠪᠠᠷ ᠳᠡᠭᠡᠭᠰᠢᠯᠡᠭᠦᠯᠵᠦ᠂ 《ᠭᠠᠵᠠᠷ ᠲᠤᠰᠢᠶᠠᠪᠠᠯ ᠳᠠᠷᠤᠶ ᠭᠡᠷᠡᠴᠢ᠎ᠪᠠᠨ ᠲᠤᠰᠢᠶᠠᠬᠤ》᠂ 《ᠬᠡᠷ ᠲᠤᠰᠢᠶᠠᠪᠠᠯ ᠳᠠᠷᠤᠶ ᠭᠡᠷᠡᠴᠢ᠎ᠪᠠᠨ ᠲᠤᠰᠢᠶᠠᠬᠤ》 ᠭᠡᠬᠦ ᠥᠭᠡᠷᠡᠴᠢᠯᠡᠯᠲᠡ ᠵᠢ ᠬᠡᠷᠡᠭᠵᠢᠭᠦᠯᠵᠦ᠂ ᠭᠠᠵᠠᠷ ᠲᠤᠰᠢᠶᠠᠪᠠᠯ ᠭᠡᠷᠡᠴᠢ᠎ᠪᠠᠨ ᠲᠤᠰᠢᠶᠠᠬᠤ᠂ ᠬᠡᠷ ᠲᠤᠰᠢᠶᠠᠬᠤ᠎ᠳᠤ ᠭᠡᠷᠡᠴᠢ᠎ᠪᠠᠨ ᠲᠤᠰᠢᠶᠠᠬᠤ᠎ᠳᠤ 《ᠴᠠᠭ᠎ᠤᠨ ᠵᠥᠷᠢᠶ᠎ᠡ ᠥᠬᠡᠶ》 ᠬᠠᠷᠠᠯᠲᠠ ᠵᠢ ᠪᠡᠶᠡᠯᠡᠭᠦᠯᠵᠦ᠂ ᠪᠥᠬᠥ ᠣᠷᠣᠨ᠎ᠤ 64 ᠬᠣᠰᠢᠭᠤ ᠰᠢᠶᠠᠨ᠎ᠤ 121 ᠰᠢᠨ᠎ᠡ᠎ᠪᠠᠷ ᠪᠠᠶ᠋ᠢᠭᠤᠯᠤᠭᠰᠠᠨ ᠲᠠᠸᠠᠷ᠎ᠤᠨ ᠬᠡᠷ ᠪᠠᠶ᠋ᠢᠰᠢᠩ᠎ᠤᠨ ᠲᠥᠷᠥᠯ ᠵᠦᠢ᠍ᠯ᠎ᠨᠢ 《ᠬᠡᠷ ᠲᠤᠰᠢᠶᠠᠪᠠᠯ ᠳᠠᠷᠤᠶ ᠭᠡᠷᠡᠴᠢ᠎ᠪᠠᠨ ᠲᠤᠰᠢᠶᠠᠬᠤ》 ᠵᠢ ᠪᠡᠶᠡᠯᠡᠭᠦᠯᠵᠦ᠂ ᠣᠷᠣᠰᠢᠨ ᠰᠠᠭᠤᠬᠤ ᠡᠷᠬᠡ ᠪᠠ ᠥᠮᠴᠢᠯᠡᠬᠦ ᠡᠷᠬᠡ ᠵᠢ ᠵᠡᠷᠭᠡ᠎ᠪᠠᠷ ᠶᠠᠪᠤᠭᠳᠠᠭᠤᠯᠬᠤ ᠵᠢ ᠪᠡᠶᠡᠯᠡᠭᠦᠯᠪᠡ᠃ ᠡᠭᠦᠨ᠎ᠤ ᠬᠠᠮᠲᠤ᠂ ᠭᠠᠷ ᠳᠠᠮᠵᠢᠭᠰᠠᠨ ᠣᠷᠣᠨ ᠰᠠᠭᠤᠴᠠ ᠵᠢ 《ᠪᠠᠷᠢᠴᠠᠭᠠᠲᠠᠢᠪᠠᠷ ᠡᠷᠦᠬᠡ ᠰᠢᠯᠵᠢᠭᠦᠯᠬᠦ》 ᠥᠭᠡᠷᠡᠴᠢᠯᠡᠯᠲᠡ ᠵᠢ ᠰᠦᠪᠡᠭᠴᠢᠯᠡᠨ ᠠᠬᠢᠭᠤᠯᠵᠤ᠂ ᠪᠥᠬᠥ ᠣᠷᠣᠨ᠎ᠤ 12 ᠠᠶ᠋ᠢᠮᠠᠭ ᠬᠣᠲᠠ ᠵᠢᠨ 43 ᠬᠣᠰᠢᠭᠤ ᠰᠢᠶᠠᠨ ᠨᠡᠶ᠋ᠢᠲᠡ 85 ᠪᠠᠩᠬᠢ᠎ᠲᠠᠢ ᠭᠠᠷ ᠬᠣᠯᠪᠣᠯᠴᠠᠨ᠂ ᠭᠠᠷ ᠳᠠᠮᠵᠢᠭᠰᠠᠨ ᠣᠷᠣᠨ ᠰᠠᠭᠤᠴᠠ ᠵᠢ 《ᠪᠠᠷᠢᠴᠠᠭᠠᠲᠠᠢᠪᠠᠷ ᠡᠷᠦᠬᠡ ᠰᠢᠯᠵᠢᠭᠦᠯᠬᠦ》 ᠵᠢ ᠪᠡᠶᠡᠯᠡᠭᠦᠯᠪᠡ᠃