ᠪᠠᠶ᠋ᠢᠭ᠋ᠠᠯᠢ ᠵᠢᠨ ᠡᠬᠢ ᠪᠠᠶᠠᠯᠢᠭ᠎ᠤᠨ ᠴᠢᠨᠠᠷ ᠰᠠᠶ᠋ᠢᠲᠠᠶ ᠬᠥᠭᠵᠢᠯᠲᠡ ᠵᠢ ᠪᠠᠲᠤᠯᠠᠬᠤ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠦᠨ᠎ᠡ
2023-11-01

   ᠣᠶ᠋ᠢᠷ᠎ᠠ᠎ᠳᠤ᠂ ᠲᠥᠷᠥ ᠵᠢᠨ ᠶᠠᠪᠤᠳᠠᠯ᠎ᠤᠨ ᠬᠤᠷᠢᠶ᠎ᠠ 《ᠥᠪᠥᠷ ᠮᠣᠩᠭᠤᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠶ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ 《ᠰᠠᠨᠠᠯ》᠎ᠨᠢ ᠮᠠᠨ᠎ᠤ ᠣᠷᠣᠨ᠎ᠤ 《ᠲᠠᠪᠤᠨ ᠶᠡᠭᠡ ᠡᠭᠦᠷᠭᠡ》 ᠵᠢ ᠪᠡᠶᠡᠯᠡᠭᠦᠯᠬᠦ ᠵᠢ ᠳᠡᠮᠵᠢᠬᠦ᠎ᠲᠠᠢ ᠨᠢᠭᠲᠠ ᠤᠶᠠᠯᠳᠤᠭᠤᠯᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠶᠡᠷᠦᠩᠬᠡᠢ ᠱᠠᠭ᠋ᠠᠷᠳᠠᠯᠭ᠎ᠠ᠂ ᠭᠤᠣᠯ ᠡᠭᠦᠷᠭᠡ ᠪᠠ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠳᠤᠷᠠᠳᠴᠤ᠂ ᠰᠢᠨ᠎ᠡ ᠵᠠᠮ ᠨᠡᠭᠡᠭᠡᠬᠦ᠂ ᠳᠤᠮᠳᠠ ᠬᠡᠯᠬᠢᠶ᠎ᠡ᠎ᠳᠤ ᠣᠷᠣᠬᠤ ᠴᠠᠭ᠎ᠤᠨ ᠬᠦᠰᠦᠨᠦᠭᠲᠦ ᠪᠠ ᠵᠠᠮ ᠱᠤᠭᠤᠮ᠎ᠤᠨ ᠵᠢᠷᠤᠭ᠎ᠢ ᠲᠣᠳᠣᠷᠬᠠᠶ᠋ᠢᠯᠠᠵᠤ᠂ ᠥᠪᠥᠷ ᠮᠣᠩᠭᠤᠯ᠎ᠤᠨ ᠬᠥᠭᠵᠢᠯᠲᠡ ᠵᠢᠨ ᠲᠡᠦᠬᠡᠨ ᠳᠡᠭᠡᠷ᠎ᠡ ᠬᠥᠰᠢᠶ᠎ᠡ ᠳᠤᠷᠠᠰᠬᠠᠯ᠎ᠤᠨ ᠠᠴᠢ ᠬᠤᠯᠪᠣᠭᠳᠠᠯ᠎ᠲᠠᠢ ᠶᠤᠮ᠃ ᠰᠤᠷᠪᠤᠯᠵᠢᠯᠠᠭᠴᠢ 《ᠰᠠᠨᠠᠯ》᠎ᠢ ᠬᠡᠷᠬᠢᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠣᠣ ᠳ᠋ᠠ ᠶᠦᠩ᠎ᠢ ᠰᠤᠷᠪᠤᠯᠵᠢᠯᠠᠪᠠ᠃

   ᠵᠣᠣ ᠳ᠋ᠠ ᠶᠦᠩ᠂ 《ᠰᠠᠨᠠᠯ》᠎ᠨᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠠᠵᠢᠯ᠎ᠳᠤ ᠰᠢᠨ᠎ᠡ ᠱᠠᠭ᠋ᠠᠷᠳᠠᠯᠭ᠎ᠠ ᠲᠠᠯᠪᠢᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠪᠥᠬᠦ ᠣᠷᠣᠨ᠎ᠤ ᠭᠤᠤᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ᠎ᠤᠨ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠵᠢ ᠴᠢᠩᠭ᠎ᠠ ᠵᠢᠷᠤᠮᠯᠠᠨ᠂ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠵᠤ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠂ 《ᠪᠡᠭᠡᠵᠢᠩ᠎ᠳᠤ ᠣᠷᠣᠵᠤ ᠬᠡᠯᠲᠡᠰ᠎ᠢ ᠡᠷᠢᠵᠦ ᠶᠠᠪᠤᠳᠠᠯ ᠵᠶ᠋ᠠᠨ ᠭᠦᠢ᠍ᠴᠡᠳᠬᠡᠬᠦ》 ᠡᠷᠴᠢᠮ ᠵᠶ᠋ᠠᠨ ᠴᠢᠩᠭ᠋ᠠᠷᠠᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠲᠥᠷᠥ ᠵᠢᠨ ᠪᠣᠳᠣᠯᠭ᠎ᠠ᠂ ᠲᠥᠷᠥᠯ ᠵᠦᠢ᠍ᠯ ᠪᠠ ᠪᠠᠯᠠ ᠮᠥᠩᠭᠦ ᠵᠢᠨ ᠳᠡᠮᠵᠢᠯᠭᠡ ᠵᠢ ᠢᠳᠡᠪᠬᠢᠲᠡᠶ ᠲᠡᠮᠡᠴᠡᠨ ᠣᠯᠵᠤ᠂ ᠡᠷᠴᠢ ᠵᠣᠷᠢᠭ ᠵᠶ᠋ᠠᠨ ᠬᠥᠪᠴᠢᠯᠡᠨ᠂ ᠬᠠᠲᠠᠭᠤᠵᠢᠯᠲᠠᠶ ᠠᠵᠢᠯᠯᠠᠵᠤ ᠪᠣᠳᠠᠲᠠᠶ ᠠᠵᠢᠯᠯᠠᠵᠤ᠂ ᠳᠣᠤᠷᠠᠬᠢ ᠲᠠᠯ᠎ᠠ᠎ᠠᠴᠠ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠨ᠎ᠠ ᠭᠡᠵᠦ ᠢᠯᠡᠳᠬᠡᠪᠡ᠃

   ᠵᠣᠭᠰᠣᠴᠠ᠎ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠤᠯᠤᠰ᠎ᠤᠨ ᠥᠪᠥᠷ ᠮᠣᠩᠭᠤᠯ᠎ᠢ ᠳᠡᠮᠵᠢᠬᠦ ᠲᠥᠷᠥ ᠵᠢᠨ ᠪᠣᠳᠣᠯᠭ᠎ᠠ ᠵᠢᠨ ᠰᠠᠨᠠᠯ᠎ᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠵᠢ ᠠᠬᠢᠭᠤᠯᠤᠨ᠎ᠠ᠃ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠡᠮᠬᠢ ᠵᠢᠷᠤᠮ᠎ᠲᠠᠢ᠎ᠪᠠᠷ ᠨᠡᠭᠡᠭᠡᠨ ᠠᠰᠢᠭᠯᠠᠬᠤ ᠵᠢ ᠢᠳᠡᠪᠬᠢᠲᠡᠶ᠎ᠪᠠᠷ ᠲᠦᠯᠬᠢᠨ ᠠᠬᠢᠭᠤᠯᠵᠤ᠂ ᠡᠨᠧᠷᠭᠢ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠂ ᠤᠯᠤᠰ᠎ᠤᠨ ᠲᠥᠯᠥᠪᠵᠢᠭᠦᠯᠭᠡ ᠵᠢᠨ ᠠᠭᠤᠷᠬᠠᠶ ᠵᠢᠨ ᠣᠷᠣᠨ ᠪᠣᠯᠤᠨ ᠭᠣᠤᠯᠳᠠᠯᠭ᠎ᠠ᠎ᠲᠠᠢ ᠬᠠᠶ᠋ᠢᠨ ᠪᠠᠶ᠋ᠢᠴᠠᠭ᠋ᠠᠵᠤ ᠮᠠᠯᠲᠠᠬᠤ ᠣᠷᠣᠨ ᠬᠢᠭᠡᠳ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠪᠣᠯᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠵᠣᠯᠭ᠋ᠠᠯᠲᠠ ᠵᠢ ᠰᠠᠶ᠋ᠢᠲᠤᠷ ᠬᠢᠨ᠎ᠡ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠤᠬᠡᠨ᠎ᠠᠴᠠ ᠦᠯᠡᠳᠡᠭᠳᠡᠵᠦ ᠢᠷᠡᠭᠰᠡᠨ ᠠᠭᠤᠷᠬᠠᠶ ᠵᠢᠨ ᠠᠮᠢ ᠠᠬᠤᠶ ᠵᠢ ᠰᠡᠷᠭᠦᠭᠡᠬᠦ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ (2023-2025)》 ᠵᠢ ᠴᠢᠩᠭ᠎ᠠ ᠨᠠᠶ᠋ᠢᠳᠠᠪᠤᠷᠢᠵᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠲᠡᠦᠬᠡ ᠵᠢᠨ ᠦᠯᠡᠳᠡᠭᠳᠡᠯ ᠬᠠᠶᠠᠭᠳᠠᠮᠠᠯ ᠠᠭᠤᠷᠬᠠᠶ ᠵᠢ 100 ᠲᠡᠭᠰᠢ ᠳᠥᠷᠪᠡᠯᠵᠢᠨ ᠺᠢᠯᠣᠮᠧᠲᠷ ᠵᠠᠰᠠᠬᠤ ᠵᠢ ᠪᠡᠶᠡᠯᠡᠭᠦᠯᠬᠦ ᠵᠢ ᠦᠨᠡᠨ ᠬᠦ᠌ ᠪᠠᠲᠤᠯᠠᠵᠤ᠂ ᠡᠭᠦᠨ᠎ᠳᠤ 2023 ᠣᠨ᠎ᠳᠤ ᠲᠡᠦᠬᠡᠨ᠎ᠠᠴᠠ ᠦᠯᠡᠳᠡᠭᠳᠡᠵᠦ ᠢᠷᠡᠭᠰᠡᠨ 40 ᠲᠡᠭᠰᠢ ᠳᠥᠷᠪᠡᠯᠵᠢᠨ ᠺᠢᠯᠣᠮᠧᠲᠷ ᠠᠭᠤᠷᠬᠠᠢ ᠵᠢ ᠵᠠᠰᠠᠨ᠎ᠠ᠃ ᠰᠢᠨ᠎ᠡ ᠨᠢᠭᠡᠨ ᠡᠭᠡᠯᠵᠢ ᠵᠢᠨ ᠠᠭᠤᠷᠬᠠᠶ ᠡᠷᠢᠬᠦ ᠰᠢᠪᠲᠤᠯᠤᠯᠲᠠ ᠵᠢᠨ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ ᠵᠢ ᠪᠦᠬᠦ ᠲᠠᠯ᠎ᠠ᠎ᠪᠠᠷ ᠥᠷᠨᠢᠭᠦᠯᠵᠦ᠂ ᠬᠣᠪᠣᠷ ᠰᠢᠷᠣᠶ ᠵᠡᠷᠭᠡ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠴᠢᠨᠠᠷᠲᠠᠶ ᠨᠡᠭᠡᠭᠡᠯᠲᠡ ᠵᠢ ᠨᠡᠮᠡᠭᠳᠡᠭᠦᠯᠵᠦ᠂ ᠨᠡᠭᠦᠷᠡᠰᠦ᠂ ᠨᠡᠭᠦᠷᠡᠰᠦᠨ ᠳᠠᠪᠬᠤᠷᠭ᠎ᠠ ᠵᠢᠨ ᠬᠡᠢ ᠵᠢ ᠨᠢᠭᠡ ᠴᠣᠭᠴᠠᠵᠢᠭᠤᠯᠤᠨ ᠨᠡᠭᠡᠭᠡᠨ ᠠᠰᠢᠭᠯᠠᠬᠤ ᠵᠢ ᠲᠦᠯᠬᠢᠨ ᠠᠬᠢᠭᠤᠯᠵᠤ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠬᠢᠩᠭ᠋ᠠᠨ ᠠᠶ᠋ᠢᠮᠠᠭ᠎ᠤᠨ ᠨᠡᠮᠡᠭᠳᠡᠯ ᠬᠠᠰᠤᠭᠳᠠᠯ᠎ᠢ ᠬᠤᠯᠪᠣᠭᠳᠠᠭᠤᠯᠤᠭᠰᠠᠨ ᠨᠡᠶ᠋ᠢᠲᠡᠯᠢᠭ ᠲᠤᠷᠰᠢᠯᠭ᠎ᠠ ᠬᠢᠳᠡᠯ᠎ᠢ ᠪᠦᠬᠦ ᠲᠠᠯ᠎ᠠ᠎ᠪᠠᠷ ᠳᠡᠯᠭᠡᠷᠡᠭᠦᠯᠵᠦ᠂ 2024 ᠣᠨ᠎ᠳᠤ ᠪᠦᠬᠦ ᠣᠷᠣᠨ᠎ᠳᠤ ᠨᠡᠮᠡᠭᠳᠡᠯ ᠬᠠᠰᠤᠭᠳᠠᠯ᠎ᠢ ᠬᠣᠯᠪᠣᠭᠰᠠᠨ 1.4 ᠲᠦᠮᠡᠨ ᠮᠦ᠍ ᠵᠢᠨ ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ ᠲᠥᠯᠥᠪᠯᠡᠵᠦ᠂ ᠮᠤᠵᠢ ᠠᠯᠤᠰᠯᠠᠨ 1 ᠲᠦᠮᠡᠨ ᠮᠦ᠍ ᠵᠢᠨ ᠠᠷᠠᠯᠵᠢᠶ᠎ᠠ ᠬᠢᠬᠦ᠎ᠪᠠᠷ ᠴᠢᠷᠮᠠᠢ᠌ᠨ ᠲᠣᠬᠢᠷᠠᠭᠤᠯᠤᠨ᠎ᠠ᠃ ᠲᠥᠯᠥᠪᠯᠡᠭᠡ ᠵᠢᠨ ᠭᠦᠢ᠍ᠴᠡᠳᠬᠡᠬᠦ ᠲᠣᠭ᠎ᠠ ᠵᠢ 《ᠬᠣᠭᠣᠰᠤᠨ ᠲᠣᠰᠬᠣᠨ》᠎ᠢ ᠴᠡᠭᠴᠡᠯᠡᠨ ᠵᠠᠰᠠᠬᠤ᠎ᠲᠠᠢ ᠬᠠᠷᠢᠯᠴᠠᠨ ᠬᠣᠯᠪᠣᠭᠳᠠᠭᠤᠯᠤᠭᠰᠠᠨ ᠱᠠᠩᠨᠠᠬᠤ ᠲᠣᠭᠲᠠᠴᠠ ᠵᠢ ᠬᠡᠷᠡᠭᠵᠢᠭᠦᠯᠵᠦ᠂ 《ᠬᠣᠭᠣᠰᠤᠨ ᠲᠣᠰᠬᠣᠨ》᠎ᠢ ᠴᠡᠭᠴᠡᠯᠡᠨ ᠵᠠᠰᠠᠬᠤ ᠵᠢ ᠭᠦᠨᠵᠡᠭᠡᠶ ᠲᠦᠯᠬᠢᠨ ᠠᠬᠢᠭᠤᠯᠵᠤ᠂ ᠬᠥᠳᠡᠭᠡ ᠲᠣᠰᠬᠣᠨ᠎ᠤ ᠬᠠᠮᠲᠤ ᠵᠢᠨ ᠡᠵᠡᠩᠨᠡᠯᠲᠡ ᠵᠢᠨ ᠴᠢᠨᠠᠷᠲᠠᠶ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠵᠠᠬ᠎ᠠ ᠳᠡᠯᠭᠡᠭᠦᠷ᠎ᠲᠤ ᠣᠷᠣᠭᠤᠯᠬᠤ ᠵᠢ ᠲᠦᠯᠬᠢᠨ ᠠᠬᠢᠭᠤᠯᠵᠤ᠂ ᠬᠥᠳᠡᠭᠡ ᠲᠣᠰᠬᠣᠨ᠎ᠤ ᠭᠠᠵᠠᠷ ᠰᠢᠷᠣᠶ ᠵᠢᠨ ᠡᠬᠢ ᠪᠠᠶᠠᠯᠢᠭ᠎ᠤᠨ ᠬᠦᠴᠦᠨ ᠵᠦᠢ᠍ᠯ᠎ᠢ ᠬᠥᠭᠵᠢᠭᠡᠵᠦ᠂ ᠭᠠᠵᠠᠷ ᠬᠡᠷᠡᠭᠯᠡᠬᠦ ᠵᠢ ᠡᠷᠴᠢᠮᠵᠢᠭᠦᠯᠦᠨ ᠠᠷᠪᠢᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ᠃

   ᠬᠡᠬᠦᠳᠡᠭ ᠴᠡᠭᠡᠵᠢᠨ᠎ᠳᠡᠭᠡᠨ ᠶᠡᠷᠦᠩᠬᠡᠢ ᠪᠠᠢ᠌ᠳᠠᠯ᠎ᠢ ᠪᠠᠭᠲᠠᠭ᠋ᠠᠵᠤ᠂ ᠬᠦᠨᠳᠦ ᠡᠭᠦᠷᠭᠡ ᠵᠢ ᠵᠣᠷᠢᠭᠲᠠᠢ᠎ᠪᠠᠷ ᠡᠭᠦᠷᠭᠡᠯᠡᠵᠦ᠂ 《ᠤᠮᠠᠷᠠᠲᠤ ᠵᠢᠨ ᠭᠤᠷᠪᠠᠨ ᠣᠷᠣᠨ》 ᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ᠎ᠳᠤ ᠬᠦᠴᠦᠨ ᠨᠡᠮᠡᠷᠢᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢ ᠰᠡᠷᠭᠦᠭᠡᠬᠦ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ 《ᠨᠢᠭᠡ ᠣᠷᠣᠨ ᠬᠤᠶᠠᠷ ᠪᠦᠰᠡ ᠣᠯᠠᠨ ᠬᠤᠩᠭᠢᠯ ᠣᠯᠠᠨ ᠭᠠᠵᠠᠷ》᠎ᠤᠨ ᠠᠮᠢ ᠠᠬᠤᠶ ᠵᠢ ᠰᠡᠷᠭᠦᠭᠡᠬᠦ ᠶᠡᠷᠦᠩᠬᠡᠢ ᠪᠠᠶ᠋ᠢᠷᠢᠰᠢᠯ᠎ᠢ ᠬᠦᠴᠦᠯᠡᠨ ᠪᠠᠶ᠋ᠢᠭᠤᠯᠵᠤ᠂ ᠴᠢᠬᠤᠯᠠ ᠪᠦᠬᠦᠢ ᠠᠮᠢ ᠠᠬᠤᠶ ᠵᠢᠨ ᠣᠷᠣᠨ ᠵᠠᠶ ᠵᠢ ᠭᠦᠢ᠍ᠴᠡᠳ ᠦᠯᠡᠳᠡᠭᠡᠨ᠎ᠡ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠠᠭ᠋ᠠᠨᠰᠤᠬᠠᠢ ᠵᠢᠨ ᠰᠠᠪᠠ ᠭᠠᠵᠠᠷ ᠪᠣᠯᠤᠨ ᠬᠤᠷᠴᠢᠨ᠎ᠤ ᠨᠤᠲᠤᠭ ᠪᠡᠯᠴᠢᠭᠡᠷ᠎ᠤᠨ ᠠᠭᠤᠯᠠ ᠤᠰᠤ ᠤᠢ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠬ᠍ᠴᠠᠵᠢᠭᠤᠯᠤᠨ ᠬᠠᠮᠠᠭ᠋ᠠᠯᠠᠨ ᠰᠡᠷᠭᠦᠭᠡᠬᠦ ᠢᠨᠵᠧᠨᠧᠷᠢᠩ ᠵᠢᠴᠢ ᠬᠠᠳᠤᠨ ᠭᠤᠣᠯ᠎ᠤᠨ 《  ᠬᠠᠲᠤᠨ ᠭᠣᠣᠯ᠎ᠤᠨ ᠮᠤᠷᠤᠢ᠌ᠯᠭ᠎ᠠ》 ᠵᠢᠨ ᠭᠤᠣᠯᠳᠠᠯᠭ᠎ᠠ᠎ᠲᠠᠢ ᠠᠮᠢ ᠠᠬᠤᠢ ᠵᠢᠨ ᠣᠷᠣᠨ (ᠤᠷᠳᠤᠰ) ᠪᠣᠯᠤᠨ ᠤᠮᠠᠷᠠᠲᠤ ᠵᠢᠨ ᠡᠯᠡᠰᠦ ᠵᠢ ᠰᠡᠷᠭᠡᠶ᠋ᠢᠯᠡᠬᠦ ᠪᠦᠰᠡ — ᠬᠠᠳᠤᠨ ᠭᠤᠣᠯ᠎ᠤᠨ ᠭᠤᠣᠯᠳᠠᠯᠭ᠎ᠠ᠎ᠲᠠᠢ ᠠᠮᠢ ᠠᠬᠤᠢ ᠵᠢᠨ ᠣᠷᠣᠨ (ᠬᠥᠬᠡᠬᠤᠲᠠ) ᠬᠤᠶᠠᠷ ᠲᠡᠦᠬᠡ ᠵᠢᠨ ᠦᠯᠡᠳᠡᠭᠳᠡᠯ ᠬᠠᠶᠠᠭᠳᠠᠮᠠᠯ ᠠᠭᠤᠷᠬᠠᠢ ᠵᠢᠨ ᠠᠮᠢ ᠠᠬᠤᠢ ᠵᠢ ᠵᠠᠰᠠᠨ ᠰᠡᠷᠭᠦᠭᠡᠬᠦ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠲᠦᠷᠦᠯ ᠵᠦᠢ᠍ᠯ᠎ᠢ ᠨᠠᠷᠢᠨ ᠬᠢᠨᠠᠮᠠᠭ᠋ᠠᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠭᠤᠷᠪᠠᠨ ᠶᠡᠭᠡ ᠰᠢᠨᠵᠢ ᠲᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ᠎ᠢ ᠪᠦᠬᠦ ᠲᠠᠯ᠎ᠠ᠎ᠪᠠᠷ ᠰᠠᠶ᠋ᠢᠲᠤᠷ ᠬᠢᠬᠦ᠎ᠳᠤ ᠪᠦᠬᠦ ᠲᠠᠯ᠎ᠠ᠎ᠪᠠᠷ ᠬᠦᠴᠦ ᠨᠡᠮᠡᠷᠢᠯᠡᠨ᠎ᠡ᠃

   ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠤᠯ᠎ᠤᠨ ᠪᠥᠲᠥᠭᠡᠨ ᠪᠠᠶ᠋ᠢᠭᠤᠯᠤᠯᠲᠠ ᠵᠢᠨ ᠰᠢᠨ᠎ᠡ ᠬᠦᠴᠦᠨ ᠪᠠ ᠬᠤᠰᠢᠭᠤᠴᠢ ᠪᠣᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠬᠡᠷᠡᠭᠵᠢᠭᠦᠯᠵᠦ᠂ 《ᠭᠤᠷᠪᠠᠨ ᠣᠷᠣᠨ ᠭᠤᠷᠪᠠᠨ ᠱᠤᠭᠤᠮ》᠎ᠢ ᠴᠢᠩᠭ᠎ᠠ ᠰᠠᠬᠢᠵᠤ᠂ ᠲᠡᠭᠦᠨ᠎ᠢ ᠠᠵᠤ ᠠᠬᠤᠶ ᠵᠢᠨ ᠪᠦᠲᠦᠴᠡ᠎ᠳᠤ ᠲᠣᠬᠢᠷᠠᠭᠤᠯᠤᠯᠲᠠ ᠬᠢᠬᠦ᠂ ᠠᠵᠤ ᠦᠢ᠍ᠯᠡᠰ᠎ᠤᠨ ᠬᠥᠭᠵᠢᠯᠲᠡ ᠵᠢ ᠲᠥᠯᠥᠪᠵᠢᠭᠦᠯᠬᠦ᠂ ᠬᠤᠲᠠ ᠪᠠᠯᠭ᠋ᠠᠰᠤᠵᠢᠯᠲᠠ ᠵᠢ ᠠᠬᠢᠭᠤᠯᠬᠤ ᠵᠢᠨ ᠳᠠᠪᠠᠵᠤ ᠪᠣᠯᠤᠰᠢ ᠥᠬᠡᠶ ᠤᠯᠠᠭ᠋ᠠᠨ ᠱᠤᠭᠤᠮ ᠪᠣᠯᠭ᠋ᠠᠨ᠎ᠠ᠃ ᠵᠦᠪᠰᠢᠶᠡᠷᠡᠭᠰᠡᠨ ᠪᠠᠶ᠋ᠢᠲᠠᠯ᠎ᠠ ᠦᠯᠦ ᠬᠠᠩᠭ᠋ᠠᠭᠰᠠᠨ ᠪᠠ ᠰᠤᠯᠠ ᠪᠠᠶ᠋ᠢᠭ᠎ᠠ ᠭᠠᠵᠠᠷ ᠰᠢᠷᠤᠢ ᠵᠢᠨ 《ᠲᠦᠢ᠍ᠯᠪᠤᠷᠢᠳᠠᠢ ᠵᠠᠰᠠᠬᠤ》 ᠵᠢ ᠦᠷᠭᠦᠯᠵᠢᠯᠡᠨ ᠥᠷᠨᠢᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠵᠦᠪᠰᠢᠶᠡᠷᠡᠭᠰᠡᠨ ᠪᠠᠶ᠋ᠢᠲᠠᠯ᠎ᠠ 52.02 ᠲᠦᠮᠡᠨ ᠮᠦ᠍ ᠦᠯᠦ ᠬᠠᠩᠭ᠋ᠠᠭᠰᠠᠨ ᠭᠠᠵᠠᠷ ᠰᠢᠷᠤᠢ᠂ 15.92 ᠲᠦᠮᠡᠨ ᠮᠦ᠍ ᠰᠤᠯᠠ ᠪᠠᠶ᠋ᠢᠭ᠎ᠠ ᠭᠠᠵᠠᠷ ᠰᠢᠷᠤᠢ ᠵᠢ ᠰᠢᠢ᠍ᠳᠪᠦᠷᠢᠯᠡᠬᠦ ᠵᠢ ᠦᠨᠡᠨ ᠬᠦ᠌ ᠪᠠᠲᠤᠯᠠᠨ᠎ᠠ᠃ ᠠᠭᠤᠷᠬᠠᠶ ᠵᠢᠨ ᠭᠠᠵᠠᠷ᠎ᠤᠨ ᠣᠷᠴᠢᠨ ᠲᠣᠭᠤᠷᠢᠨ᠎ᠢ ᠵᠠᠰᠠᠬᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ 《ᠭᠤᠷᠪᠠᠳᠠᠬᠢ ᠡᠲᠡᠭᠡᠳ᠎ᠠᠴᠠ ᠵᠠᠰᠠᠬᠤ + ᠶᠡᠷᠦᠩᠬᠡᠶ᠋ᠢᠯᠡᠨ ᠠᠰᠢᠭᠯᠠᠬᠤ》 ᠵᠠᠭᠪᠤᠷ᠎ᠢ ᠬᠠᠶ᠋ᠢᠨ ᠰᠦᠪᠡᠭᠴᠢᠯᠡᠵᠦ᠂ ᠵᠠᠰᠠᠵᠤ ᠰᠡᠷᠭᠦᠭᠡᠬᠦ ᠰᠠᠭᠤᠷᠢ ᠮᠥᠩᠭᠦ ᠵᠢᠨ ᠪᠠᠶ᠋ᠢᠭᠤᠯᠤᠯ ᠲᠣᠭᠲᠠᠴᠠ ᠵᠢ ᠲᠡᠭᠦᠯᠳᠡᠷᠵᠢᠭᠦᠯᠦᠨ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ 260 ᠲᠡᠭᠰᠢ ᠳᠥᠷᠪᠡᠯᠵᠢᠨ ᠺᠢᠯᠣᠮᠧᠲᠷ ᠦᠢ᠍ᠯᠡᠳᠪᠦᠷᠢᠯᠡᠬᠦ ᠠᠭᠤᠷᠬᠠᠶ ᠵᠢ ᠵᠠᠰᠠᠬᠤ ᠵᠢ ᠦᠨᠡᠨ ᠬᠦ᠌ ᠪᠠᠲᠤᠯᠠᠵᠤ᠂ ᠡᠭᠦᠨ᠎ᠳᠤ 2023 ᠣᠨ᠎ᠳᠤ 120 ᠲᠡᠭᠰᠢ ᠳᠥᠷᠪᠡᠯᠵᠢᠨ ᠺᠢᠯᠣᠮᠧᠲᠷ ᠦᠢ᠍ᠯᠡᠳᠪᠦᠷᠢᠯᠡᠯ᠎ᠤᠨ ᠠᠭᠤᠷᠬᠠᠶ ᠵᠢ ᠵᠠᠰᠠᠬᠤ ᠬᠡᠷᠡᠭᠲᠡᠢ᠃ 《ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠠᠮᠢᠶᠠᠷᠤᠯᠲᠠ ᠵᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠰᠠᠨᠠᠯ》᠎ᠢ ᠰᠤᠳᠤᠯᠤᠨ ᠨᠡᠶ᠋ᠢᠲᠡᠯᠡᠵᠦ᠂ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠤᠨ ᠪᠦᠷᠢᠨᠰᠢᠬᠦᠯᠵᠦ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠤᠯ᠎ᠤᠨ ᠪᠥᠲᠥᠭᠡᠨ ᠪᠠᠶ᠋ᠢᠭᠤᠯᠤᠯᠲᠠ ᠵᠢᠨ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠪᠠᠲᠤ ᠰᠠᠬᠢᠨ᠎ᠠ᠃

   ᠨᠢᠭᠡᠳᠦᠯᠲᠡᠶ ᠲᠥᠯᠥᠪᠯᠡᠨ ᠨᠡᠶ᠋ᠢᠲᠡ᠎ᠳᠤᠨᠢ ᠬᠠᠷᠠᠭ᠋ᠠᠯᠵᠠᠵᠤ᠂ ᠭᠤᠤᠯᠳᠠᠯᠭ᠎ᠠ ᠵᠢ ᠳᠣᠪᠤᠶ᠋ᠢᠯᠭ᠋ᠠᠨ᠂ ᠥᠪᠥᠷ ᠮᠣᠩᠭᠤᠯ᠎ᠤᠨ ᠵᠡᠭᠦᠨ ᠬᠡᠰᠡᠭ᠎ᠢ ᠬᠥᠭᠵᠢᠭᠦᠯᠦᠨ ᠮᠠᠨᠳᠤᠭᠤᠯᠬᠤ᠎ᠳᠤ ᠰᠢᠨ᠎ᠡ ᠠᠬᠢᠴᠠ᠂ ᠰᠢᠨ᠎ᠡ ᠰᠢᠪᠲᠤᠯᠤᠯᠲᠠ᠎ᠲᠠᠢ ᠪᠣᠯᠬᠤ ᠵᠢ    ᠠᠬᠢᠭᠤᠯᠤᠨ᠎ᠠ᠃ ᠬᠠᠷ᠎ᠠ ᠬᠥᠷᠥᠰᠥᠲᠦ ᠲᠠᠷᠢᠶᠠᠨ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠰᠢᠷᠣᠶ ᠵᠢ ᠰᠠᠯᠭ᠋ᠠᠬᠤ ᠵᠢᠴᠢ 《ᠬᠠᠷ᠎ᠠ ᠬᠥᠷᠥᠰᠥ ᠵᠢ ᠡᠵᠡᠯᠡᠵᠦ ᠬᠠᠷ᠎ᠠ ᠬᠥᠷᠥᠰᠥ ᠵᠢ ᠨᠥᠬᠦᠪᠥᠷᠢᠯᠡᠬᠦ》 ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠥᠪᠥᠷ ᠮᠣᠩᠭᠤᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠬᠠᠷ᠎ᠠ ᠬᠥᠷᠥᠰᠥᠲᠦ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠨ᠎ᠠ᠃ ᠡᠪᠡᠰᠦᠨ ᠦᠷ᠎ᠡ ᠪᠠ ᠮᠠᠯ ᠠᠵᠤ ᠠᠬᠤᠶ ᠡᠪᠡᠰᠦ ᠲᠠᠷᠢᠵᠤ ᠤᠷᠭᠤᠭᠤᠯᠬᠤ ᠭᠠᠵᠠᠷ᠎ᠢ ᠣᠨᠣᠪᠴᠢᠲᠠᠶ ᠨᠠᠶ᠋ᠢᠳᠠᠪᠤᠷᠢᠵᠢᠭᠤᠯᠵᠤ᠂ ᠡᠪᠡᠰᠦᠨ ᠦᠷ᠎ᠡ ᠵᠢᠨ ᠦᠢ᠍ᠯᠡᠰ᠎ᠤᠨ ᠬᠥᠭᠵᠢᠯᠲᠡ᠎ᠳᠤ ᠬᠡᠷᠡᠭᠯᠡᠬᠦ ᠭᠠᠵᠠᠷ᠎ᠤᠨ ᠪᠠᠲᠤᠯᠠᠭ᠎ᠠ ᠵᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠬᠡᠷᠡᠭᠲᠡᠶ᠃ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠵᠦᠢ ᠵᠣᠬᠢᠰᠲᠠᠶ ᠡᠮᠬᠢ ᠵᠢᠷᠤᠮ᠎ᠲᠠᠢ᠎ᠪᠠᠷ ᠨᠡᠭᠡᠭᠡᠨ ᠠᠰᠢᠭᠯᠠᠬᠤ ᠵᠢ ᠠᠬᠢᠭᠤᠯᠵᠤ᠂ ᠯᠢᠲ᠋ᠢ᠂ ᠵᠡᠰ᠂ ᠴᠠᠭ᠋ᠠᠨ ᠲᠤᠭᠤᠯᠭ᠎ᠠ᠂ ᠠᠯᠲᠠ᠂ ᠨᠢᠤᠪᠢ᠂ ᠲᠠᠨᠲ᠋ᠠᠯ᠂ ᠲᠠᠨᠲ᠋ᠠᠯ ᠵᠡᠷᠭᠡ ᠤᠯᠤᠰ᠎ᠤᠨ ᠳᠤᠲᠠᠭᠳᠠᠵᠤ ᠪᠠᠶ᠋ᠢᠭ᠎ᠠ ᠪᠠ ᠰᠢᠨ᠎ᠡ᠎ᠪᠠᠷ ᠬᠥᠭᠵᠢᠭᠰᠡᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠭᠤᠷᠬᠠᠶ ᠵᠢᠨ ᠭᠠᠷᠤᠯᠲᠠ ᠵᠢ ᠭᠣᠤᠯᠳᠠᠯᠭ᠎ᠠ᠎ᠲᠠᠢ ᠬᠠᠶ᠋ᠢᠨ ᠪᠠᠶ᠋ᠢᠴᠠᠭ᠋ᠠᠨ᠎ᠠ᠃ ᠡᠨᠧᠷᠭᠢ ᠵᠢᠨ ᠬᠠᠩᠭ᠋ᠠᠯᠭ᠎ᠠ ᠵᠢ ᠪᠠᠲᠤᠯᠠᠬᠤ ᠰᠠᠭᠤᠷᠢ ᠵᠢ ᠪᠡᠬᠢᠵᠢᠭᠦᠯᠵᠦ᠂ ᠨᠡᠭᠦᠷᠡᠰᠦᠨ ᠳᠠᠪᠬᠤᠷᠭ᠎ᠠ ᠵᠢᠨ ᠬᠡᠢ ᠵᠡᠷᠭᠡ ᠡᠩ᠎ᠤᠨ ᠪᠤᠰᠤ ᠰᠢᠲᠠᠮᠠᠬᠠᠶ ᠬᠡᠢ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠬᠤ ᠪᠠ ᠨᠡᠭᠡᠭᠡᠨ ᠠᠰᠢᠭᠯᠠᠬᠤ ᠵᠢ ᠲᠦᠷᠭᠡᠳᠬᠡᠨ ᠠᠬᠢᠭᠤᠯᠬᠤ ᠬᠡᠷᠡᠭᠲᠡᠶ᠃ 《ᠬᠤᠶᠠᠷ ᠰᠢᠯᠢᠳᠡᠭ》 ᠪᠠ 《ᠪᠠᠷᠢᠮᠵᠢᠶ᠎ᠠ ᠵᠢ ᠳᠡᠭᠡᠭᠰᠢᠯᠡᠭᠦᠯᠬᠦ᠂ ᠬᠤᠷᠳᠤᠴᠠ ᠵᠢ ᠲᠦᠷᠭᠡᠳᠭᠡᠬᠦ᠂ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠲᠤᠰᠬᠠᠶ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ 《ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭ᠋ᠠᠨ》᠂ 《ᠤᠳᠠᠭ᠋ᠠᠨ᠂ ᠪᠦᠳᠦᠭᠦᠯᠢᠭ᠂ ᠬᠠᠭᠤᠷᠮᠠᠭ》᠎ᠤᠨ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠵᠤ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠎ᠡ᠃

   ᠳᠠᠯᠳᠠ ᠬᠦᠴᠦᠨ ᠵᠶ᠋ᠠᠨ ᠠᠭᠤᠳᠠᠯᠵᠤ᠂ ᠳᠠᠪᠠᠭᠤᠯᠢᠭ ᠵᠶ᠋ᠠᠨ ᠬᠤᠪᠢᠷᠠᠭᠤᠯᠤᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠥᠷᠥᠩᠭᠡᠵᠢᠭᠦᠯᠬᠦ ᠡᠨᠡ ᠬᠦ᠌ ᠶᠡᠭᠡ ᠠᠵᠢᠯ᠎ᠢ ᠰᠠᠶ᠋ᠢᠲᠤᠷ ᠬᠢᠨ᠎ᠡ᠃ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠰᠢᠮᠳᠠᠭᠤᠯᠤᠨ ᠰᠢᠢ᠍ᠳᠪᠦᠷᠢᠯᠡᠭᠦᠯᠵᠦ ᠳᠣᠭᠢᠷᠠᠭᠤᠯᠬᠤ᠂ ᠬᠢᠨᠠᠨ ᠬᠠᠷᠭᠤᠭᠤᠯᠵᠤ ᠬᠢᠨᠠᠨ ᠬᠠᠮᠢᠶᠠᠷᠬᠤ ᠵᠡᠷᠭᠡ ᠡᠭᠦᠷᠭᠡ ᠬᠠᠷᠢᠭᠤᠴᠠᠯᠭ᠎ᠠ ᠵᠢ ᠰᠠᠶ᠋ᠢᠲᠤᠷ ᠭᠦᠢ᠍ᠴᠡᠳᠬᠡᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠪᠥᠬᠦ ᠣᠷᠣᠨ᠎ᠳᠤ ᠨᠡᠮᠡᠭᠳᠡᠯ ᠬᠠᠰᠤᠭᠳᠠᠯ᠎ᠢ ᠬᠤᠯᠪᠤᠭᠳᠠᠭᠤᠯᠬᠤ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ 5 ᠲᠦᠮᠡᠨ     ᠮᠥ᠍᠂ ᠡᠵᠡᠯᠡᠬᠦ ᠨᠥᠬᠦᠪᠥᠷᠢ ᠵᠢ ᠲᠡᠩᠴᠡᠭᠦᠷᠢᠲᠡᠶ ᠪᠠᠶ᠋ᠢᠯᠭ᠋ᠠᠬᠤ ᠲᠥᠷᠥᠯ ᠵᠦᠢ᠍ᠯ᠎ᠢ 100 ᠲᠦᠮᠡᠨ ᠮᠥ᠍ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ᠃ ᠱᠠᠨᠳᠦ᠋ᠩ᠂ ᠭᠤᠸᠠᠩᠳᠦ᠋ᠩ᠂ ᠵᠧᠵᠢᠶᠠᠩ ᠵᠡᠷᠭᠡ ᠮᠤᠵᠢ ᠣᠷᠣᠨ᠎ᠯᠤᠭ᠎ᠠ ᠵᠢᠨ ᠨᠡᠪᠲᠡᠷᠡᠯᠴᠡᠨ ᠵᠣᠯᠭ᠋ᠠᠭᠤᠯᠬᠤ ᠵᠢ ᠴᠢᠩᠭ᠋ᠠᠳᠬᠠᠵᠤ᠂ ᠭᠠᠵᠠᠷ ᠰᠢᠷᠣᠶ ᠵᠢᠨ ᠭᠦᠢ᠍ᠴᠡᠳᠬᠡᠯ ᠲᠤᠭ᠎ᠠ ᠵᠢᠨ ᠠᠷᠠᠯᠵᠢᠶᠠᠨ᠎ᠤ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠢ ᠴᠢᠩᠭ᠋ᠠᠳᠬᠠᠨ᠂ ᠨᠠᠩ ᠣᠯᠠᠨ ᠭᠦᠢ᠍ᠴᠡᠳᠬᠡᠯ ᠲᠤᠭ᠎ᠠ ᠵᠢ ᠮᠤᠵᠢ ᠠᠯᠤᠰᠯᠠᠨ ᠠᠷᠠᠯᠵᠢᠶᠠᠯᠠᠬᠤ ᠵᠢ ᠪᠡᠶᠡᠯᠡᠭᠦᠯᠬᠦ᠎ᠪᠠᠷ ᠴᠢᠷᠮᠠᠶ᠋ᠢᠵᠤ᠂ ᠭᠠᠵᠠᠷ ᠰᠢᠷᠣᠶ ᠡᠵᠡᠩᠨᠡᠬᠦ 《ᠰᠠᠶ᠋ᠢᠨ ᠠᠷᠠᠯᠵᠢᠶ᠎ᠠ》 ᠵᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠬᠡᠷᠡᠭᠲᠡᠶ᠃ ᠠᠭᠤᠷᠬᠠᠶ ᠵᠢᠨ ᠦᠢ᠍ᠯᠡᠰ᠎ᠤᠨ ᠡᠷᠬᠡ ᠵᠢ ᠥᠷᠢᠰᠥᠯᠳᠦᠭᠦᠯᠦᠨ ᠬᠢᠮᠳᠠ᠎ᠪᠠᠷ ᠬᠤᠳᠠᠯᠳᠤᠬᠤ ᠵᠢ ᠪᠥᠬᠦ ᠲᠠᠯ᠎ᠠ᠎ᠪᠠᠷ ᠠᠬᠢᠭᠤᠯᠵᠤ᠂ ᠲᠦᠯᠦᠪᠦᠷᠢᠲᠡᠢ ᠰᠢᠯᠵᠢᠭᠦᠯᠬᠦ ᠨᠥᠬᠦᠴᠡᠯ᠎ᠳᠤ ᠨᠡᠶ᠋ᠢᠴᠡᠭᠰᠡᠨ 84 ᠬᠡᠰᠡᠭ ᠭᠠᠵᠠᠷ᠎ᠲᠤ ᠬᠢᠮᠳᠠ᠎ᠪᠠᠷ ᠬᠤᠳᠠᠯᠳᠤᠬᠤ ᠵᠢ ᠡᠮᠬᠢ ᠵᠢᠷᠤᠮ᠎ᠲᠠᠢ᠎ᠪᠠᠷ ᠵᠣᠬᠢᠶᠠᠨ ᠪᠠᠶ᠋ᠢᠭᠤᠯᠤᠨ ᠥᠷᠨᠢᠭᠦᠯᠵᠦ᠂ ᠣᠳᠣ ᠪᠠᠶ᠋ᠢᠭ᠎ᠠ ᠠᠭᠤᠷᠬᠠᠶ ᠵᠢᠨ ᠭᠠᠷᠤᠯᠲᠠ ᠵᠢ ᠲᠦᠷᠭᠡᠬᠡᠨ ᠬᠤᠪᠢᠷᠠᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠴᠢᠨᠠᠷ ᠰᠠᠶ᠋ᠢᠲᠠᠶ ᠬᠥᠭᠵᠢᠯᠲᠡ ᠵᠢ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ