ᠦᠨᠳᠦᠰᠦᠨ ᠱᠠᠲᠤᠨ᠎ᠳᠤ ᠰᠠᠭᠤᠷᠢᠯᠠᠵᠤ ᠡᠮᠦᠨ᠎ᠡ ᠹᠷᠣᠨᠲ᠎ᠲᠤ ᠦᠨᠳᠦᠰᠦᠯᠡᠨ ᠵᠠᠯᠠᠭᠤ ᠭᠠᠵᠠᠷ ᠰᠢᠨᠵᠢᠯᠡᠭᠡᠨ᠎ᠤ ᠠᠵᠢᠯᠲᠠᠳ᠎ᠤᠨ ᠣᠷᠣᠶ᠋ᠢᠯᠠᠭᠴᠢ — ᠰᠤᠷᠪᠤᠯᠵᠢᠯᠠᠭᠴᠢ ᠬᠡᠭᠡᠷ᠎ᠡ ᠭᠠᠳᠠᠨᠠᠬᠢ ᠵᠠᠯᠠᠭᠤᠴᠤᠳ᠎ᠤᠨ ᠭᠠᠵᠠᠷ ᠰᠢᠨᠵᠢᠯᠡᠭᠡᠨ᠎ᠤ ᠬᠤᠪᠢ ᠨᠡᠮᠡᠷᠢ ᠵᠢᠨ ᠱᠠᠩᠨᠠᠯ 《ᠠᠯᠲᠠᠨ ᠵᠦᠭᠯᠡᠭᠦᠷ》᠎ᠤᠨ ᠱᠠᠩᠨᠠᠯ ᠬᠦᠷᠲᠡᠭᠴᠢ ᠯᠢᠦ ᠸᠧᠶ
2023-12-25

   ᠲᠡᠷᠡ ᠡᠭᠡᠯ ᠵᠢᠷ᠎ᠤᠨ ᠬᠥᠳᠡᠯᠮᠦᠷᠢ᠎ᠪᠠᠷ ᠵᠶ᠋ᠠᠨ ᠶᠡᠷᠦ ᠪᠤᠰᠤ ᠵᠢᠨ ᠠᠮᠵᠢᠯᠲᠠ ᠪᠦᠲᠦᠮᠵᠢ ᠡᠭᠦᠳᠴᠦ᠂ ᠲᠡᠭᠦᠨ᠎ᠤ ᠪᠡᠶ᠎ᠡ ᠳᠡᠭᠡᠷ᠎ᠡ ᠠᠵᠢᠯ᠎ᠤᠨ ᠪᠠᠶ᠋ᠢᠷᠢ᠎ᠪᠠᠨ ᠬᠠᠶ᠋ᠢᠷᠠᠯᠠᠨ ᠦᠢ᠍ᠯᠡᠰ ᠵᠶ᠋ᠠᠨ ᠳᠡᠭᠡᠳᠦᠯᠡᠬᠦ᠂ ᠲᠡᠷᠢᠭᠦᠨ᠎ᠤ᠎ᠬᠢ ᠪᠣᠯᠬᠤ᠎ᠪᠠᠷ ᠴᠢᠷᠮᠠᠶ᠋ᠢᠬᠤ ᠥᠪᠡᠷ᠎ᠢ᠎ᠪᠠᠨ ᠬᠦᠴᠦᠷᠬᠡᠭᠵᠢᠭᠦᠯᠬᠦ ᠭᠡᠷᠡᠯ ᠭᠢᠯᠪᠠᠭ᠎ᠠ ᠰᠠᠴᠤᠷᠠᠵᠤ᠂ ᠲᠡᠰᠪᠦᠷᠢ ᠬᠠᠲᠠᠭᠤᠵᠢᠯᠲᠠᠢ᠎ᠪᠠᠷ ᠲᠡᠮᠡᠴᠡᠬᠦ᠂ ᠵᠣᠷᠢᠭᠲᠠᠢ᠎ᠪᠠᠷ ᠰᠢᠨ᠎ᠡ ᠵᠢ ᠡᠭᠦᠳᠬᠦ ᠴᠠᠭ ᠦᠶ᠎ᠡ ᠵᠢᠨ ᠠᠭᠤᠷ ᠠᠮᠢᠰᠬᠤᠯ ᠪᠢᠯᠬᠠᠵᠤ᠂ ᠨᠡᠷ᠎ᠡ ᠠᠰᠢᠭ᠎ᠢ ᠦᠯᠦ ᠬᠥᠭᠡᠭᠡᠴᠡᠯᠳᠦᠬᠦ᠂ ᠵᠣᠷᠢᠭᠲᠠᠢ᠎ᠪᠠᠷ ᠬᠤᠪᠢ ᠨᠡᠮᠡᠷᠢ ᠦᠵᠡᠭᠦᠯᠬᠦ ᠤᠯᠠᠮᠵᠢᠯᠠᠯᠲᠤ ᠰᠠᠶ᠋ᠢᠬᠠᠨ ᠰᠤᠷᠲᠠᠯ ᠰᠢᠩᠭᠡᠵᠦ ᠪᠠᠶ᠋ᠢᠳᠠᠭ᠂ ᠲᠡᠷᠡ ᠪᠣᠯ ᠳᠠᠷᠤᠢ ᠳᠤᠮᠳᠠᠳᠤ ᠤᠯᠤᠰ᠎ᠤᠨ ᠭᠠᠵᠠᠷ ᠰᠢᠨᠵᠢᠯᠡᠭᠡᠨ᠎ᠤ ᠨᠡᠶ᠋ᠢᠭᠡᠮᠯᠢᠭ᠎ᠤᠨ ᠬᠡᠭᠡᠷ᠎ᠡ ᠭᠠᠳᠠᠨᠠᠬᠢ ᠵᠠᠯᠠᠭᠤᠴᠤᠳ᠎ᠤᠨ ᠭᠠᠵᠠᠷ ᠰᠢᠨᠵᠢᠯᠡᠭᠡᠨ᠎ᠤ ᠬᠤᠪᠢ ᠨᠡᠮᠡᠷᠢ ᠦᠵᠡᠭᠦᠯᠦᠭᠰᠡᠨ ᠱᠠᠩᠨᠠᠯ ᠬᠦᠷᠳᠡᠭᠴᠢ ᠯᠢᠦ ᠸᠧᠢ ᠪᠣᠯᠤᠨ᠎ᠠ᠃


12.25-1.png


   ᠯᠢᠦ ᠸᠧᠶ ᠬᠡᠭᠡᠷ᠎ᠡ ᠵᠢᠨ ᠲᠥᠷᠥᠯ ᠵᠦᠢ᠍ᠯ᠎ᠤᠨ ᠲᠣᠭᠣᠷᠢᠭ᠎ᠲᠤ ᠴᠢᠯᠠᠭᠤᠯᠢᠭ᠎ᠤᠨ ᠰᠣᠷᠢᠯ᠎ᠢ ᠪᠠᠶ᠋ᠢᠴᠠᠭ᠋ᠠᠨ ᠦᠵᠡᠵᠦ ᠪᠠᠢ᠌ᠨ᠎ᠠ

   ᠯᠢᠦ ᠸᠧᠶ ᠣᠲᠣ ᠥᠪᠥᠷ ᠮᠣᠩᠭᠣᠯ᠎ᠤᠨ ᠭᠠᠵᠠᠷ ᠰᠢᠨᠵᠢᠯᠡᠭᠡ ᠠᠭᠤᠷᠬᠠᠶ ᠵᠢᠨ ᠭᠠᠷᠤᠯᠲᠠ (ᠪᠦᠯᠦᠭᠯᠡᠯ) ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠰᠢᠭᠤᠳ ᠬᠠᠷᠢᠶ᠎ᠠ ᠬᠣᠶᠠᠳᠤᠭ᠋ᠠᠷ ᠭᠠᠵᠠᠷ ᠰᠢᠨᠵᠢᠯᠡᠭᠡ ᠠᠭᠤᠷᠬᠠᠶ ᠵᠢᠨ ᠭᠠᠷᠤᠯᠲᠠ ᠵᠢᠨ ᠬᠠᠶ᠋ᠢᠨ ᠪᠠᠶ᠋ᠢᠴᠠᠭ᠋ᠠᠬᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠎ᠳᠤ ᠠᠵᠢᠯᠯᠠᠵᠤ ᠪᠣᠶ᠂ ᠤᠤᠯ᠎ᠨᠢ ᠨᠢᠭᠡᠨ ᠬᠡᠭᠡᠷ᠎ᠡ ᠭᠠᠳᠠᠨᠠᠬᠢ ᠭᠠᠵᠠᠷ ᠰᠢᠨᠵᠢᠯᠡᠭᠡᠨ᠎ᠤ ᠡᠩ᠎ᠤᠨ ᠠᠵᠢᠯᠲᠠᠨ ᠪᠠᠶ᠋ᠢᠵᠤ᠂ 2022 ᠣᠨ᠎ᠳᠤ ᠺᠣᠮᠫᠠᠨᠢ ᠵᠢᠨ ᠳᠡᠳ᠋ ᠶᠡᠷᠦᠩᠬᠡᠶ ᠳᠠᠭ᠋ᠠᠭ᠋ᠠᠮᠠᠯ ᠵᠶ᠋ᠠᠷ ᠲᠣᠮᠢᠯᠠᠭᠳᠠᠪᠠ᠃ ᠲᠡᠷᠡ ᠡᠬᠡ ᠣᠷᠣᠨ ᠵᠶ᠋ᠠᠨ ᠬᠠᠶ᠋ᠢᠷᠠᠯᠠᠬᠤ᠂ ᠭᠠᠵᠠᠷ ᠰᠢᠨᠵᠢᠯᠡᠭᠡᠨ᠎ᠤ ᠦᠢ᠍ᠯᠡᠰ᠎ᠢ ᠬᠠᠶ᠋ᠢᠷᠠᠯᠠᠬᠤ᠎ᠪᠠᠷ ᠪᠠᠷᠠᠬᠤ ᠦᠭᠡᠢ ᠪᠠᠰᠠ 《ᠰᠢᠨ᠎ᠡ ᠵᠢ ᠡᠭᠦᠳᠦᠨ ᠪᠣᠳᠠᠲᠠᠢ ᠵᠢ ᠡᠷᠬᠢᠮᠯᠡᠬᠦ᠂ ᠠᠮᠢ ᠪᠡᠶ᠎ᠡ᠎ᠪᠠᠨ ᠵᠣᠷᠢᠭᠤᠯᠬᠤ ᠬᠠᠮᠵᠢᠯᠴᠠᠭ᠎ᠠ》 ᠵᠢᠨ ᠵᠣᠷᠢᠭ ᠰᠠᠨᠠᠭ᠎ᠠ᠎ᠲᠠᠢ ᠪᠠᠶ᠋ᠢᠳᠠᠭ᠃

   ᠶᠡᠬᠡ ᠰᠤᠷᠭ᠋ᠠᠭᠤᠯᠢ ᠲᠡᠭᠦᠰᠦᠭᠰᠡᠨ᠎ᠤ ᠳᠠᠷᠠᠭ᠎ᠠ᠂ ᠯᠢᠦ ᠸᠧᠶ 《ᠭᠠᠵᠠᠷ ᠰᠢᠨᠵᠢᠯᠡᠭᠡᠨ᠎ᠤ ᠦᠢ᠍ᠯᠡᠰ᠎ᠲᠤ ᠠᠮᠢ ᠪᠡᠶ᠎ᠡ᠎ᠪᠠᠨ ᠵᠣᠷᠢᠭᠤᠯᠬᠤ》 ᠬᠦᠰᠡᠯ ᠵᠡᠭᠦᠳᠦ ᠡᠪᠦᠷᠯᠡᠵᠦ᠂ ᠶᠡᠬᠡ ᠬᠣᠲᠠ ᠵᠢᠨ ᠥᠨᠳᠥᠷ ᠴᠠᠯᠢᠩ ᠤᠯᠬᠤ ᠵᠠᠪᠰᠢᠶᠠᠨ ᠵᠶ᠋ᠠᠨ ᠡᠷᠡᠰ ᠲᠠᠶᠠᠭᠳᠠᠵᠤ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠤᠨ ᠭᠠᠵᠠᠷ ᠣᠷᠣᠨ᠎ᠳᠤ ᠣᠴᠢᠬᠤ ᠵᠢ ᠰᠣᠩᠭᠣᠵᠤ᠂ ᠲᠠᠯ᠎ᠠ ᠨᠤᠲᠤᠭ᠎ᠲᠤ ᠦᠨᠳᠦᠰᠦᠯᠡᠭᠰᠡᠨ 《ᠭᠠᠵᠠᠷ ᠰᠢᠨᠵᠢᠯᠡᠭᠡᠨ᠎ᠤ ᠬᠣᠰᠢᠭᠤᠴᠢ》 ᠪᠣᠯᠪᠠ᠃

   ᠲᠡᠷᠡ ᠬᠡᠭᠡᠷ᠎ᠡ ᠭᠠᠳᠠᠨ᠎ᠠ ᠠᠵᠢᠯᠯᠠᠭ᠋ᠠᠳ 17 ᠵᠢᠯ ᠪᠤᠯᠵᠤ᠂ ᠮᠠᠰᠢ ᠤᠯᠠᠨ ᠪᠡᠷᠬᠡ ᠬᠠᠲᠠᠭᠤᠵᠢᠯᠲᠠᠢ ᠣᠷᠴᠢᠨ ᠲᠣᠭᠣᠷᠢᠨ ᠪᠠ ᠠᠵᠢᠯ᠎ᠤᠨ ᠨᠥᠬᠥᠴᠡᠯ᠎ᠢ ᠥᠩᠭᠡᠷᠡᠭᠡᠵᠡᠢ᠂ ᠭᠡᠪᠡᠴᠦ ᠲᠡᠷᠡ ᠢᠮᠠᠭᠲᠠ ᠠᠵᠢᠯ ᠵᠶ᠋ᠠᠨ ᠪᠠᠷᠢᠮᠲᠠᠯᠠᠭᠰᠠᠭ᠋ᠠᠷ ᠢᠷᠡᠭᠰᠡᠨ ᠪᠥᠭᠡᠳ ᠢᠯᠡᠳᠲᠡ ᠦᠷ᠎ᠡ ᠪᠦᠲᠦᠮᠵᠢ ᠣᠯᠵᠠᠢ᠃ ᠲᠡᠷᠡ ᠤᠯᠠᠨ ᠲᠦᠷᠦᠯ ᠵᠦᠢ᠍ᠯ᠎ᠳᠤ ᠣᠷᠣᠯᠴᠠᠵᠤ᠂ ᠤᠯᠠᠨ ᠭᠠᠵᠠᠷ ᠲᠤᠮᠤ᠂ ᠳᠤᠮᠳᠠ ᠬᠡᠯᠪᠡᠷᠢ ᠵᠢᠨ ᠠᠭᠤᠷᠬᠠᠢ ᠵᠢᠨ ᠭᠠᠷᠤᠯᠲᠠ ᠵᠢᠨ ᠣᠷᠣᠨ᠎ᠢ ᠢᠯᠡᠷᠡᠭᠦᠯᠵᠦ᠂ ᠤᠯᠤᠰ ᠪᠣᠯᠤᠨ ᠣᠷᠣᠨ ᠨᠤᠲᠤᠭ᠎ᠤᠨ ᠠᠵᠤ ᠠᠬᠤᠢ ᠵᠢᠨ ᠬᠥᠭᠵᠢᠯᠲᠡ᠎ᠳᠤ ᠲᠤᠪᠤᠢ᠍ᠢ᠍ᠮ᠎ᠠ ᠬᠤᠪᠢ ᠨᠡᠮᠡᠷᠢ ᠦᠵᠡᠭᠦᠯᠪᠡ᠃

  2008 ᠣᠨ᠎ᠤ 8 ᠳ᠋ᠤᠭ᠋ᠠᠷ ᠰᠠᠷ᠎ᠠ᠎ᠠᠴᠠ 2010 ᠣᠨ᠎ᠤ 12 ᠳ᠋ᠤᠭ᠋ᠠᠷ ᠰᠠᠷ᠎ᠠ ᠪᠣᠯᠲᠠᠯᠠᠬᠢ ᠬᠤᠭᠤᠴᠠᠭ᠋ᠠᠨ᠎ᠳᠤ᠂ ᠯᠢᠦ ᠸᠧᠶ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠲᠣᠭ᠎ᠤᠨ ᠡᠮᠦᠨᠡᠲᠦ ᠬᠣᠰᠢᠭᠤᠨ᠎ᠤ ᠰᠢᠨ᠎ᠡ ᠱᠠᠩ ᠬᠠᠢ ᠰᠦᠮ᠎ᠡ ᠵᠢᠨ ᠨᠡᠭᠦᠷᠡᠰᠦᠨ ᠠᠭᠤᠷᠬᠠᠶ ᠵᠢᠨ ᠵᠢᠨ ᠴᠠᠩ ᠴᠧᠩ ᠠᠭᠤᠷᠬᠠᠶ ᠵᠢᠨ ᠣᠷᠣᠨ᠎ᠤ ᠡᠮᠦᠨ᠎ᠡ ᠬᠡᠰᠡᠭ᠎ᠤᠨ ᠨᠡᠭᠦᠷᠡᠰᠦᠨ ᠠᠭᠤᠷᠬᠠᠶ ᠵᠢᠨ ᠨᠡᠭᠦᠷᠡᠰᠦᠨ᠎ᠤ ᠬᠠᠶ᠋ᠢᠨ ᠰᠢᠨᠵᠢᠯᠡᠯᠲᠡ》 ᠵᠢᠨ ᠬᠡᠭᠡᠷ᠎ᠡ ᠵᠢᠨ ᠠᠵᠢᠯ ᠵᠢᠴᠢ ᠮᠠᠲ᠋ᠧᠷᠢᠶᠠᠯ᠎ᠢ ᠡᠮᠬᠢᠳᠬᠡᠬᠦ᠎ᠳᠤ ᠣᠷᠣᠯᠴᠠᠵᠤ᠂ ᠲᠣᠮᠣ ᠬᠡᠯᠪᠡᠷᠢ ᠵᠢᠨ ᠨᠡᠭᠦᠷᠡᠰᠦᠨ ᠠᠭᠤᠷᠬᠠᠶ 1 ᠵᠢ ᠬᠠᠶ᠋ᠢᠨ ᠲᠣᠳᠣᠯᠠᠵᠤ᠂ ᠨᠡᠭᠦᠷᠡᠰᠦᠨ᠎ᠤ ᠡᠬᠢ ᠪᠠᠶᠠᠯᠢᠭ᠎ᠤᠨ ᠬᠡᠮᠵᠢᠶ᠎ᠡ ᠵᠢ 8074 ᠲᠦᠮᠡᠨ ᠲᠣᠨ ᠲᠤᠰᠢᠶᠠᠵᠠᠶ᠃ ᠡᠭᠦᠨ᠎ᠠᠴᠠ ᠭᠠᠳᠠᠨ᠎ᠠ᠂ ᠲᠡᠷᠡ ᠪᠠᠰᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠠᠳ᠎ᠤᠨ ᠬᠣᠶ᠋ᠢᠲᠤ ᠬᠣᠰᠢᠭᠤᠨ᠎ᠤ ᠬᠥᠬᠡ ᠴᠠᠪ᠎ᠤᠨ ᠵᠠᠨᠠᠷ᠎ᠤᠨ ᠴᠢᠯᠠᠭᠤᠯᠢᠭ᠎ᠤᠨ ᠠᠭᠤᠷᠬᠠᠢ ᠵᠢᠨ ᠨᠠᠷᠢᠨ ᠪᠠᠶ᠋ᠢᠴᠠᠭ᠋ᠠᠯᠲᠠ》 ᠵᠢᠨ ᠠᠵᠢᠯ᠎ᠢ ᠡᠷᠬᠢᠯᠡᠨ ᠪᠡᠶᠡᠯᠡᠭᠦᠯᠵᠦ᠂ ᠳᠤᠮᠳᠠ ᠬᠡᠯᠪᠡᠷᠢ ᠵᠢᠨ ᠵᠠᠨᠠᠷ᠎ᠤᠨ ᠴᠢᠯᠠᠭᠤᠯᠢᠭ᠎ᠤᠨ ᠠᠭᠤᠷᠬᠠᠢ 1 ᠵᠢ ᠬᠠᠶ᠋ᠢᠨ ᠲᠣᠳᠣᠯᠠᠵᠤ᠂ ᠵᠠᠨᠠᠷ᠎ᠤᠨ ᠴᠢᠯᠠᠭᠤᠯᠢᠭ᠎ᠤᠨ ᠠᠭᠤᠷᠬᠠᠢ ᠵᠢᠨ ᠡᠬᠢ ᠪᠠᠶᠠᠯᠢᠭ᠎ᠤᠨ ᠬᠡᠮᠵᠢᠶ᠎ᠡ ᠵᠢ 48450 ᠲᠦᠮᠡᠨ ᠲᠣᠨ᠂ ᠵᠠᠨᠠᠷ᠎ᠤᠨ ᠲᠣᠰᠣ ᠵᠢ 2664.75 ᠲᠦᠮᠡᠨ ᠲᠣᠨ᠎ᠳᠤ ᠬᠦᠷᠭᠡᠪᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠠᠳ᠎ᠤᠨ ᠬᠣᠶ᠋ᠢᠲᠤ ᠬᠣᠰᠢᠭᠤᠨ᠎ᠤ ᠴᠠᠭ᠋ᠠᠨᠲᠣᠬᠣᠢ ᠵᠢᠨ ᠵᠡᠭᠦᠨ ᠬᠡᠰᠡᠭ᠎ᠤᠨ ᠵᠠᠨᠠᠷ᠎ᠤᠨ ᠴᠢᠯᠠᠭᠤᠯᠢᠭ᠎ᠤᠨ ᠠᠭᠤᠷᠬᠠᠢ ᠵᠢᠨ ᠨᠠᠷᠢᠨ ᠪᠠᠶ᠋ᠢᠴᠠᠭ᠋ᠠᠯᠲᠠ》 ᠵᠢᠨ ᠠᠵᠢᠯ᠎ᠤᠨ ᠳᠤᠮᠳᠠ᠂ ᠳᠤᠮᠳᠠ ᠬᠡᠯᠪᠡᠷᠢ ᠵᠢᠨ ᠵᠠᠨᠠᠷ᠎ᠤᠨ ᠴᠢᠯᠠᠭᠤᠯᠢᠭ᠎ᠤᠨ ᠠᠭᠤᠷᠬᠠᠢ 1 ᠵᠢ ᠬᠠᠶ᠋ᠢᠨ ᠲᠣᠳᠣᠯᠠᠵᠤ᠂ ᠵᠠᠨᠠᠷ᠎ᠤᠨ ᠴᠢᠯᠠᠭᠤᠯᠢᠭ᠎ᠤᠨ ᠠᠭᠤᠷᠬᠠᠢ ᠵᠢᠨ ᠡᠬᠢ ᠪᠠᠶᠠᠯᠢᠭ᠎ᠤᠨ ᠬᠡᠮᠵᠢᠶ᠎ᠡ ᠵᠢ 24884 ᠲᠦᠮᠡᠨ ᠲᠣᠨ᠂ ᠵᠠᠨᠠᠷ᠎ᠤᠨ ᠲᠣᠰᠣ ᠵᠢ 1327.24 ᠲᠦᠮᠡᠨ ᠲᠣᠨ ᠲᠤᠰᠢᠶᠠᠪᠠ᠃ ᠡᠭᠦᠨ᠎ᠤ ᠵᠡᠷᠭᠡᠴᠡᠭᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠠᠳ᠎ᠤᠨ ᠳᠤᠮᠳᠠ ᠬᠣᠰᠢᠭᠤᠨ᠎ᠤ ᠱᠤᠸᠠᠩ ᠱᠸᠩ ᠮᠸᠢ ᠠᠭᠤᠷᠬᠠᠢ ᠵᠢᠨ ᠤᠷᠤᠨ᠎ᠤ ᠮᠥᠩᠭᠥ ᠠᠯᠲᠠᠨ᠎ᠤ ᠣᠷᠳᠣ ᠵᠢᠨ ᠦᠢ᠍ᠯᠡᠳᠪᠦᠷᠢᠯᠡᠯ ᠪᠣᠯᠤᠨ ᠭᠦᠨ ᠬᠡᠰᠡᠭ᠎ᠲᠤ ᠬᠠᠶ᠋ᠢᠨ ᠰᠢᠨᠵᠢᠯᠡᠬᠦ》 ᠠᠵᠢᠯ᠎ᠢ ᠳᠠᠭ᠋ᠠᠭ᠋ᠠᠴᠢᠯᠠᠨ ᠪᠡᠶᠡᠯᠡᠭᠦᠯᠵᠦ᠂ ᠳᠤᠮᠳᠠ ᠵᠡᠷᠭᠡ᠎ᠤᠨ ᠮᠥᠩᠭᠥ ᠠᠯᠲᠠᠨ᠎ᠤ ᠣᠷᠳᠣ 1 ᠵᠢ ᠬᠠᠶ᠋ᠢᠵᠤ ᠢᠯᠡᠷᠡᠭᠦᠯᠦᠭᠰᠡᠨ ᠪᠠᠶ᠋ᠢᠨ᠎ᠠ᠃ ᠲᠡᠷᠡ᠎ᠪᠠᠷ ᠪᠠᠰᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠠᠳ᠎ᠤᠨ ᠳᠤᠮᠳᠠᠳᠤ ᠬᠣᠰᠢᠭᠤᠨ᠎ᠤ ᠪᠠᠶᠠᠨᠬᠠᠳᠠᠢ ᠠᠭᠤᠷᠬᠠᠢ ᠵᠢᠨ ᠲᠣᠭᠣᠷᠢᠭ᠎ᠤᠨ ᠬᠠᠶ᠋ᠢᠯᠤᠭᠤᠷ ᠵᠣᠩᠰᠢ ᠵᠢᠨ ᠠᠭᠤᠷᠬᠠᠢ ᠵᠢ ᠬᠠᠶ᠋ᠢᠨ ᠰᠢᠨᠵᠢᠯᠡᠬᠦ》 ᠠᠵᠢᠯ᠎ᠢ ᠡᠷᠬᠢᠯᠡᠨ ᠪᠡᠶᠡᠯᠡᠭᠦᠯᠵᠦ᠂ ᠳᠤᠮᠳᠠ ᠵᠡᠷᠭᠡ ᠵᠢᠨ 1 ᠬᠠᠶ᠋ᠢᠯᠤᠭᠤᠷ ᠵᠣᠩᠰᠢ ᠵᠢᠨ ᠠᠭᠤᠷᠬᠠᠢ ᠵᠢ ᠬᠠᠶ᠋ᠢᠨ ᠲᠣᠳᠣᠯᠠᠪᠠ᠃


12.25-2.png


   ᠲᠥᠰᠦᠯ᠎ᠤᠨ ᠳᠤᠭᠤᠢ᠌ᠯᠠᠩ᠎ᠤᠨ ᠭᠡᠰᠢᠭᠦᠨ ᠴᠢᠯᠠᠭᠤᠯᠢᠭ᠎ᠤᠨ ᠰᠣᠷᠢᠯ᠎ᠢ ᠰᠣᠩᠭᠣᠵᠤ ᠶᠠᠩᠵᠤ ᠬᠦᠷᠭᠡᠨ᠎ᠡ

  《2013 ᠣᠨ᠎ᠤ 5 ᠳ᠋ᠤᠭ᠋ᠠᠷ ᠰᠠᠷ᠎ᠠ᠎ᠳᠤ᠂ ᠪᠢ ᠠᠩᠬ᠎ᠠ ᠤᠳᠠᠭ᠎ᠠ ᠲᠦᠷᠦᠯ ᠵᠦᠢ᠍ᠯ᠎ᠤᠨ ᠳᠠᠭ᠋ᠠᠭ᠋ᠠᠮᠠᠯ᠎ᠤᠨ ᠲᠤᠰᠢᠶᠠᠯ᠎ᠢ ᠡᠭᠦᠷᠭᠡᠯᠡᠵᠦ ᠪᠠᠶ᠋ᠢᠨ᠎ᠠ᠂ ᠤᠷᠠᠳ᠎ᠤᠨ ᠬᠣᠶ᠋ᠢᠲᠤ ᠬᠣᠰᠢᠭᠤᠨ᠎ᠤ ᠪᠠᠭᠮᠤᠳᠤ᠎ᠳᠤ ᠲᠤᠰᠤᠨ ᠵᠠᠨᠠᠷ᠎ᠤᠨ ᠬᠠᠶ᠋ᠢᠨ ᠪᠠᠶ᠋ᠢᠴᠠᠭ᠋ᠠᠯᠲᠠ ᠬᠢᠵᠦ᠂ ᠪᠠᠷᠢᠯᠭ᠎ᠠ ᠵᠢᠨ ᠭᠠᠵᠠᠷ᠎ᠨᠢ ᠮᠣᠩᠭᠣᠯ ᠤᠯᠤᠰ᠎ᠤᠨ ᠬᠢᠯᠢ ᠵᠢᠨ ᠱᠤᠭᠤᠮ᠎ᠠᠴᠠ 5 ᠺᠢᠯᠤᠮᠸᠲᠷ ᠵᠠᠶ᠋ᠢᠲᠠᠢ᠂ ᠪᠠᠷᠢᠯᠭ᠎ᠠ ᠵᠢᠨ ᠭᠠᠵᠠᠷ᠎ᠨᠢ ᠡᠯᠡᠰᠦᠨ ᠴᠦᠯ᠎ᠤᠨ ᠭᠣᠪᠢ ᠵᠢᠨ ᠣᠷᠴᠢᠨ᠎ᠳᠤ ᠪᠠᠶ᠋ᠢᠷᠢᠯᠠᠵᠤ᠂ ᠴᠠᠬᠢᠯᠭ᠋ᠠᠨ ᠤᠰᠤ᠂ ᠲᠤᠬᠢᠶ᠎ᠠ ᠦᠭᠡᠢ᠂ 5 ᠰᠠᠷ᠎ᠠ ᠵᠢᠨ ᠤᠷᠠᠳ᠎ᠤᠨ ᠭᠣᠪᠢ᠎ᠳᠤ ᠪᠠᠷᠤᠭ ᠡᠳᠦᠷ ᠪᠦᠷᠢ ᠰᠠᠯᠬᠢᠯᠠᠵᠤ᠂ ᠵᠠᠷᠢᠮ᠎ᠳᠠᠭᠠᠨ ᠨᠢᠭᠡ ᠰᠥᠨᠢ ᠤᠨᠲᠠᠬᠤ᠎ᠳᠤ ᠨᠢᠭᠤᠷ ᠴᠢᠷᠠᠢ ᠳᠡᠭᠡᠷ᠎ᠡ᠎ᠨᠢ ᠪᠦᠷ ᠡᠯᠡᠰᠦ ᠰᠢᠷᠣᠢ᠎ᠲᠠᠢ᠃ ᠲᠥᠷᠥᠯ ᠵᠦᠢ᠍ᠯ᠎ᠤᠨ ᠳᠤᠭᠤᠶ᠋ᠢᠯᠠᠩ᠎ᠤᠨ ᠪᠣᠶ ᠪᠥᠬᠥᠶ ᠬᠥᠮᠦᠰ ᠡᠯ᠎ᠡ ᠵᠦᠢ᠍ᠯ᠎ᠤᠨ ᠬᠦᠴᠢᠷ ᠪᠡᠷᠬᠡᠰᠢᠶᠡᠯ᠎ᠢ ᠢᠯᠡᠨ ᠳᠠᠪᠠᠵᠤ᠂ ᠡᠴᠦᠰ᠎ᠲᠡᠭᠡᠨ ᠣᠯᠠᠨ᠎ᠤ ᠬᠠᠮᠲᠤ ᠵᠢᠨ ᠴᠢᠷᠮᠠᠶ᠋ᠢᠯᠭ᠎ᠠ᠎ᠪᠠᠷ᠂ ᠬᠣᠶᠠᠷ ᠵᠢᠯ᠎ᠤᠨ ᠬᠤᠭᠤᠴᠠᠭ᠋ᠠᠨ᠎ᠳᠤ ᠪᠥᠬᠥ ᠠᠵᠢᠯ ᠵᠶ᠋ᠠᠨ ᠤᠷᠤᠭᠰᠢᠲᠠᠶ ᠪᠡᠶᠡᠯᠡᠭᠦᠯᠵᠦ᠂ ᠬᠣᠶᠠᠷ ᠳᠤᠮᠳᠠ ᠬᠡᠯᠪᠡᠷᠢ ᠵᠢᠨ ᠲᠣᠰᠣᠲᠤ ᠵᠠᠨᠠᠷ᠎ᠤᠨ ᠠᠭᠤᠷᠬᠠᠶ ᠵᠢᠨ ᠬᠡᠪᠲᠡᠰᠢ ᠵᠢ ᠢᠯᠡᠷᠡᠭᠦᠯᠪᠡ》 ᠭᠡᠵᠦ ᠯᠢᠦ ᠸᠧᠶ ᠲᠠᠨᠢᠯᠴᠠᠭᠤᠯᠪᠠ᠃ ᠲᠣᠰ ᠲᠥᠷᠥᠯ ᠵᠦᠢ᠍ᠯ ᠎ᠳᠤ ᠲᠣᠰᠣ ᠪᠣᠯᠪᠠᠰᠤᠷᠠᠭᠤᠯᠬᠤ᠂ ᠴᠠᠬᠢᠯᠭ᠋ᠠᠨ ᠭᠠᠷᠭ᠋ᠠᠬᠤ ᠵᠢᠴᠢ ᠪᠠᠷᠢᠯᠭ᠎ᠠ ᠵᠢᠨ ᠮᠠᠲ᠋ᠧᠷᠢᠶᠠᠯ ᠦᠢ᠍ᠯᠡᠳᠪᠦᠷᠢᠯᠡᠬᠦ ᠵᠡᠷᠭᠡ ᠪᠠᠭᠲᠠᠨ᠎ᠠ᠂ ᠨᠢᠭᠡ ᠯᠡ ᠳᠡᠭᠡᠷ᠎ᠡ ᠣᠯᠠᠨ ᠣᠯᠬᠤ ᠰᠢᠯᠢᠳᠡᠭ ᠢᠨᠵᠧᠨᠧᠷᠢᠩ ᠪᠣᠯᠤᠨ᠎ᠠ᠃ ᠲᠥᠷᠥᠯ ᠵᠦᠢ᠍ᠯ ᠪᠠᠶ᠋ᠢᠭᠤᠯᠤᠭᠳᠠᠨ ᠠᠰᠢᠭᠯᠠᠯᠲᠠ᠎ᠳᠤ ᠤᠷᠤᠭᠰᠠᠨ᠎ᠤ ᠳᠠᠷᠠᠭ᠎ᠠ᠂ ᠵᠢᠱ᠌ᠢᠯᠲᠡ᠎ᠪᠠᠷ ᠵᠢᠯ᠎ᠤᠨ ᠦᠢ᠍ᠯᠡᠳᠭᠦᠨ᠎ᠤ ᠥᠷᠲᠡᠭ᠎ᠢ 1.5 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠠᠰᠢᠭ ᠭᠠᠶ᠋ᠢᠯᠢ ᠵᠢ 3900 ᠲᠦᠮᠡᠨ ᠲᠥᠭᠥᠷᠢᠭ ᠪᠡᠶᠡᠯᠡᠭᠦᠯᠦᠨ᠎ᠡ᠃ ᠠᠭᠤᠷᠬᠠᠶ ᠵᠢᠨ ᠦᠢ᠍ᠯᠡᠳᠪᠦᠷᠢᠯᠡᠯ᠎ᠤᠨ ᠬᠡᠪᠴᠢᠶ᠎ᠡ᠎ᠨᠢ ᠵᠢᠯ᠎ᠳᠤ 1200 ᠲᠦᠮᠡᠨ ᠲᠣᠨ᠂ ᠵᠢᠷᠤᠭᠯᠠᠨ ᠲᠥᠯᠥᠪᠯᠡᠵᠦ ᠦᠢ᠍ᠯᠡᠴᠢᠯᠡᠬᠦ ᠬᠤᠭᠤᠴᠠᠭ᠎ᠠ᠎ᠨᠢ 35 ᠵᠢᠯ ᠪᠣᠯᠤᠨ᠎ᠠ᠃ ᠣᠷᠣᠨ ᠨᠤᠲᠤᠭ᠎ᠲᠤ ᠶᠡᠬᠡ ᠬᠡᠮᠵᠢᠶᠡᠨ᠎ᠤ ᠬᠥᠮᠦᠰ᠎ᠲᠤ ᠠᠵᠢᠯ ᠣᠯᠭᠣᠬᠤ ᠠᠵᠢᠯ᠎ᠤᠨ ᠪᠠᠶ᠋ᠢᠷᠢ ᠬᠠᠩᠭ᠋ᠠᠵᠤ᠂ ᠭᠠᠵᠠᠷ ᠣᠷᠣᠨ᠎ᠤ ᠠᠵᠤ ᠠᠬᠤᠢ ᠵᠢᠨ ᠬᠥᠭᠵᠢᠯᠲᠡ᠎ᠳᠤ ᠯᠤᠲᠤ ᠶᠡᠬᠡ ᠠᠬᠢᠭᠤᠯᠬᠤ ᠦᠢ᠍ᠯᠡᠳᠦᠯ ᠦᠵᠡᠭᠦᠯᠬᠦ ᠪᠥᠭᠡᠳ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠳᠤ ᠬᠦᠴᠦ ᠨᠡᠮᠡᠷᠢᠯᠡᠨ᠎ᠡ᠃


12.25-3.png


   ᠬᠡᠭᠡᠷ᠎ᠡ ᠭᠠᠳᠠᠨᠠᠬᠢ ᠲᠥᠷᠥᠯ ᠵᠦᠢ᠍ᠯ᠎ᠤᠨ ᠬᠡᠯᠲᠡᠰ᠎ᠤᠨ ᠲᠤᠬᠠᠶ ᠵᠢᠨ ᠲᠠᠯᠠᠪᠠᠶ ᠵᠢ ᠬᠠᠶ᠋ᠢᠨ ᠪᠠᠶ᠋ᠢᠴᠠᠭ᠋ᠠᠬᠤ᠎ᠳᠤ᠂ ᠵᠡᠭᠦᠨ (ᠭᠤᠷᠪᠠ)᠎ᠨᠢ ᠯᠢᠦ ᠸᠧᠶ ᠪᠣᠯᠤᠨ᠎ᠠ

  2017 ᠣᠨ᠎ᠳᠤ ᠪᠠᠶᠠᠨᠨᠠᠭᠤᠷ ᠬᠣᠲᠠ ᠵᠢᠨ ᠱᠤᠸᠠᠩ ᠱᠧᠩ ᠮᠧᠶ ᠠᠯᠲᠠᠨ᠎ᠤ ᠠᠭᠤᠷᠬᠠᠶ ᠵᠢᠨ ᠦᠢ᠍ᠯᠡᠳᠪᠦᠷᠢᠯᠡᠯ᠎ᠤᠨ ᠬᠠᠶ᠋ᠢᠨ ᠰᠢᠨᠵᠢᠯᠡᠯᠲᠡ ᠵᠢᠨ ᠡᠭᠦᠷᠭᠡ ᠵᠢ ᠭᠥᠯᠢᠶᠡᠨ ᠠᠪᠴᠠᠶ᠂ ᠲᠣᠰ ᠠᠭᠤᠷᠬᠠᠶ ᠪᠣᠯ ᠵᠢᠵᠢᠭ ᠬᠡᠯᠪᠡᠷᠢ ᠵᠢᠨ ᠬᠤᠳᠳᠤᠭ ᠳᠣᠲᠣᠷ᠎ᠠ ᠠᠭᠤᠷᠬᠠᠶ ᠮᠠᠯᠲᠠᠬᠤ ᠠᠵᠢᠯ ᠪᠣᠯᠤᠨ᠎ᠠ᠂ ᠡᠷᠬᠡᠪᠰᠢ ᠬᠤᠳᠳᠤᠭ ᠳᠣᠲᠣᠷ᠎ᠠ ᠬᠢᠵᠦ ᠳᠠᠭᠤᠰᠬᠠᠬᠤ ᠬᠡᠷᠡᠭᠲᠡᠶ᠂ ᠬᠤᠳᠳᠤᠭ ᠳᠡᠭᠡᠷ᠎ᠡ ᠭᠠᠷᠴᠤ ᠪᠠᠭᠤᠬᠤ᠎ᠳᠤ ᠬᠥᠮᠦᠨ ᠰᠠᠭᠤᠯᠭ᠋ᠠᠬᠤ ᠴᠠᠬᠢᠯᠭ᠋ᠠᠨ ᠱᠠᠲᠤ ᠥᠬᠡᠶ ᠪᠣᠯ ᠵᠥᠪᠬᠡᠨ ᠪᠠᠷᠠᠭ᠋ᠠᠨ᠎ᠤ ᠭᠠᠩᠰᠠ᠎ᠳᠤ ᠰᠠᠭᠤᠵᠤ ᠳᠡᠭᠡᠭᠰᠢ ᠳᠣᠷᠣᠭᠰᠢ ᠪᠠᠭᠤᠵᠤ ᠪᠣᠯᠤᠨ᠎ᠠ᠂ ᠠᠵᠢᠯ᠎ᠤᠨ ᠣᠷᠴᠢᠨ ᠲᠣᠭᠣᠷᠢᠨ ᠨᠡᠯᠢᠶᠡᠳ ᠮᠠᠭᠤ᠂ ᠨᠦᠬᠡᠨ ᠵᠠᠮ ᠳᠡᠭᠡᠷ᠎ᠡ ᠳᠤᠰᠤᠯ ᠤᠰᠤ ᠪᠣᠷᠣᠭ᠋ᠠᠨ ᠣᠷᠣᠵᠤ᠂ ᠳᠤᠤᠷ᠎ᠠ ᠲᠠᠯ᠎ᠠ ᠵᠢᠨ ᠨᠦᠬᠡᠨ ᠵᠠᠮ᠎ᠳᠤ ᠤᠰᠤ ᠬᠤᠷᠠᠵᠤ᠂ ᠨᠡᠯᠢᠶᠡᠳ ᠭᠦᠨ ᠭᠠᠵᠠᠷ᠎ᠲᠤ ᠡᠪᠦᠳᠦᠭ ᠬᠦᠷᠴᠦ ᠪᠣᠯᠤᠨ᠎ᠠ᠃ ᠪᠠᠶ᠋ᠢᠭᠤᠯᠭ᠎ᠠ ᠵᠢᠨ ᠮᠠᠰᠢ ᠣᠯᠠᠨ ᠬᠠᠮᠲᠤ ᠠᠵᠢᠯᠲᠠᠨ ᠪᠦᠷ ᠬᠤᠳᠳᠤᠭ᠎ᠲᠤ ᠣᠷᠣᠵᠤ ᠠᠵᠢᠯᠯᠠᠬᠤ ᠵᠣᠷᠢᠭ ᠦᠭᠡᠢ᠂ ᠪᠠᠰᠠ ᠬᠤᠳᠳᠤᠭ᠎ᠲᠤ ᠣᠷᠣᠵᠤ ᠠᠵᠢᠯᠯᠠᠬᠤ ᠳᠤᠷ᠎ᠠ ᠦᠭᠡᠢ᠂ ᠯᠢᠦ ᠸᠧᠢ ᠰᠠᠨᠠᠭ᠋ᠠᠴᠢᠯᠠᠭ᠎ᠠ᠎ᠠᠴᠠ᠎ᠪᠠᠨ ᠳᠤᠭᠤᠶ᠋ᠢᠯᠠᠩ ᠳᠠᠭ᠋ᠠᠭᠤᠯᠤᠨ ᠬᠤᠳᠳᠤᠭ᠎ᠲᠤ ᠣᠷᠣᠵᠤ ᠠᠵᠢᠯᠯᠠᠨ᠂ ᠬᠠᠭ᠋ᠠᠰ ᠵᠢᠯ᠎ᠤᠨ ᠳᠣᠲᠣᠷ᠎ᠠ ᠡᠳᠦᠷ ᠪᠦᠷᠢ ᠬᠤᠳᠳᠤᠭ ᠳᠣᠲᠣᠷ᠎ᠠ 6 ᠴᠠᠭ ᠠᠵᠢᠯᠯᠠᠬᠤ ᠵᠢ ᠪᠠᠷᠢᠮᠲᠠᠯᠠᠵᠤ᠂ ᠬᠠᠮᠤᠭ ᠰᠡᠭᠦᠯ᠎ᠳᠤ ᠠᠵᠢᠯ᠎ᠤᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠳᠤᠮᠳᠠ ᠬᠡᠯᠪᠡᠷᠢ ᠵᠢᠨ ᠮᠥᠩᠭᠥᠨ ᠠᠯᠲᠠᠨ ᠠᠭᠤᠷᠬᠠᠢ ᠵᠢ ᠢᠯᠡᠷᠡᠭᠦᠯᠵᠦ᠂ ᠱᠤᠸᠠᠩ ᠱᠧᠩ ᠮᠧᠢ ᠮᠥᠩᠭᠥᠨ ᠠᠯᠲᠠᠨ ᠠᠭᠤᠷᠬᠠᠢ ᠵᠢ ᠦᠢ᠍ᠯᠡᠳᠪᠦᠷᠢᠯᠡᠯ᠎ᠳᠤ ᠣᠷᠣᠭᠤᠯᠤᠭᠰᠠᠨ᠎ᠤ ᠳᠠᠷᠠᠭ᠎ᠠ᠂ ᠲᠤᠬᠠᠢ ᠵᠢᠨ ᠭᠠᠵᠠᠷ᠎ᠤᠨ ᠬᠡᠳᠦᠨ ᠵᠠᠭᠤᠨ ᠬᠥᠮᠦᠨ᠎ᠤ ᠠᠵᠢᠯ ᠣᠯᠭᠣᠯᠲᠠ ᠵᠢᠨ ᠠᠰᠠᠭᠤᠳᠠᠯ᠎ᠢ ᠰᠢᠢ᠍ᠳᠪᠦᠷᠢᠯᠡᠵᠦ᠂ ᠠᠭᠤᠷᠬᠠᠢ ᠵᠢᠨ ᠲᠠᠯ᠎ᠠ ᠪᠣᠯᠤᠨ ᠪᠠᠶ᠋ᠢᠭᠤᠯᠭ᠎ᠠ ᠵᠢᠨ ᠰᠠᠶ᠋ᠢᠨ ᠦᠨᠡᠯᠡᠯᠲᠡ ᠵᠢ ᠣᠯᠵᠠᠢ᠃

  2022 ᠣᠨ᠎ᠤ 4 ᠳ᠋ᠦ᠍ᠭᠡᠷ ᠰᠠᠷ᠎ᠠ᠎ᠳᠤ᠂ ᠯᠢᠦ ᠸᠧᠶ ᠵᠢᠨ ᠪᠠᠶ᠋ᠢᠭ᠎ᠠ ᠨᠢᠭᠡᠴᠢ᠎ᠨᠢ ᠵᠠᠰᠠᠭ᠎ᠤᠨ ᠣᠷᠳᠣᠨ᠎ᠤ ᠨᠠᠶ᠋ᠢᠳᠠᠯᠭ᠎ᠠ᠎ᠪᠠᠷ ᠪᠠᠶᠠᠨᠨᠠᠭᠤᠷ ᠬᠣᠲᠠ ᠵᠢᠨ ᠤᠷᠠᠳ᠎ᠤᠨ ᠡᠮᠦᠨᠡᠲᠦ ᠬᠣᠰᠢᠭᠤᠨ᠎ᠤ ᠠᠭᠤᠷᠬᠠᠶ᠎ᠳᠤ ᠵᠢᠷᠤᠭ ᠬᠡᠪᠯᠡᠯ᠎ᠤᠨ ᠬᠢᠨᠠᠨ ᠪᠠᠶ᠋ᠢᠴᠠᠭ᠋ᠠᠯᠲᠠ ᠬᠢᠪᠠ᠂ ᠲᠤᠬᠠᠶ ᠵᠢᠨ ᠦᠶ᠎ᠡ᠎ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ ᠬᠦᠨᠳᠦ ᠨᠣᠴᠢᠲᠠᠶ ᠪᠠᠶ᠋ᠢᠭᠰᠠᠨ ᠴᠤ᠌ ᠪᠠᠶ᠋ᠢᠭᠤᠯᠭ᠎ᠠ ᠨᠢᠭᠡᠴᠢ᠎ᠨᠢ ᠠᠵᠢᠯ ᠵᠶ᠋ᠠᠨ ᠰᠡᠷᠭᠦᠭᠡᠵᠦ ᠦᠢ᠍ᠯᠡᠳᠪᠦᠷᠢᠯᠡᠯ ᠵᠶ᠋ᠠᠨ ᠰᠡᠷᠭᠦᠭᠡᠭᠰᠡᠨ ᠥᠬᠡᠶ ᠪᠠᠶ᠋ᠢᠪᠠ᠂ ᠭᠡᠪᠡᠴᠦ ᠲᠣᠰ ᠲᠥᠷᠥᠯ ᠵᠦᠢ᠍ᠯ᠎ᠨᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠬᠢᠨᠠᠨ ᠪᠠᠶ᠋ᠢᠴᠠᠭ᠋ᠠᠬᠤ ᠲᠥᠷᠥᠯ ᠵᠦᠢ᠍ᠯ ᠪᠠᠶ᠋ᠢᠵᠤ᠂ ᠡᠷᠬᠡᠪᠰᠢ ᠴᠠᠭ᠎ᠲᠠᠭᠠᠨ ᠠᠵᠢᠯ ᠵᠶ᠋ᠠᠨ ᠪᠡᠶᠡᠯᠡᠭᠦᠯᠬᠦ ᠬᠡᠷᠡᠭᠲᠡᠶ᠃ ᠴᠠᠭ ᠪᠠᠴᠢᠮ ᠡᠭᠦᠷᠭᠡ ᠬᠦᠨᠳᠦ᠂ ᠪᠠᠶ᠋ᠢᠭᠤᠯᠭ᠎ᠠ ᠨᠢᠭᠡᠴᠢ ᠵᠢᠨ ᠡᠭᠦᠷᠭᠡ ᠪᠠᠭᠤᠯᠭ᠋ᠠᠭᠰᠠᠨ᠎ᠤ ᠳᠠᠷᠠᠭ᠎ᠠ᠂ ᠯᠢᠦ ᠸᠧᠶ ᠪᠠᠶᠠᠨᠨᠠᠭᠤᠷ ᠬᠣᠲᠠ ᠵᠢᠨ ᠲᠤᠬᠠᠶ ᠵᠢᠨ ᠭᠠᠵᠠᠷ᠎ᠲᠠᠬᠢ ᠬᠠᠮᠲᠤ ᠠᠵᠢᠯᠯᠠᠭᠰᠠᠳ ᠵᠶ᠋ᠠᠨ ᠢᠳᠡᠪᠬᠢᠲᠡᠶ ᠵᠣᠬᠢᠶᠠᠨ ᠪᠠᠶ᠋ᠢᠭᠤᠯᠬᠤ ᠵᠢᠨ ᠬᠠᠮᠲᠤ ᠲᠤᠬᠠᠶ ᠵᠢᠨ ᠭᠠᠵᠠᠷ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠰᠠᠯᠠᠭ᠎ᠠ ᠮᠥᠴᠢᠷ᠎ᠲᠠᠢ ᠨᠡᠪᠲᠡᠷᠡᠯᠴᠡᠵᠦ ᠵᠥᠪᠰᠢᠶᠡᠷᠡᠭᠰᠡᠨ᠎ᠤ ᠳᠠᠷᠠᠭ᠎ᠠ᠂ ᠰᠠᠨᠠᠭ᠋ᠠᠴᠢᠯᠠᠭ᠎ᠠ᠎ᠠᠴᠠ᠎ᠪᠠᠨ ᠲᠦᠷᠦᠭᠦᠯᠡᠨ ᠬᠢᠵᠢᠭᠲᠦ ᠣᠷᠣᠨ᠎ᠳᠤ ᠣᠷᠣᠵᠤ ᠠᠵᠢᠯᠯᠠᠵᠤ᠂ ᠵᠠᠰᠠᠭ᠎ᠤᠨ ᠣᠷᠳᠣᠨ᠎ᠤ ᠲᠤᠰᠢᠶᠠᠭᠰᠠᠨ ᠠᠵᠢᠯ᠎ᠢ ᠴᠠᠭ ᠲᠤᠬᠠᠶ᠎ᠳᠤᠨᠢ ᠴᠢᠨᠠᠷ ᠰᠠᠶ᠋ᠢᠲᠠᠶ ᠪᠡᠶᠡᠯᠡᠭᠦᠯᠦᠭᠰᠡᠨ ᠪᠠᠶ᠋ᠢᠨ᠎ᠠ᠃

   ᠯᠢᠦ ᠸᠧᠢ ᠠᠵᠢᠯ᠎ᠤᠨ ᠳᠤᠮᠳᠠ᠎ᠪᠠᠨ ᠮᠠᠰᠢ ᠤᠯᠠᠨ ᠬᠦᠴᠢᠷᠳᠡᠯ ᠪᠠ ᠥᠷᠢᠰᠥᠯᠳᠦᠭᠡᠨ᠎ᠳᠤ ᠲᠤᠯᠭ᠋ᠠᠷᠠᠭᠰᠠᠨ ᠪᠣᠯᠪᠠᠴᠤ ᠲᠡᠷᠡ ᠢᠮᠠᠭᠲᠠ ᠢᠳᠡᠪᠬᠢᠲᠡᠢ ᠣᠪᠣᠷ ᠪᠠ ᠡᠷᠡᠰ ᠪᠠᠲᠤ ᠢᠲᠡᠭᠡᠯ ᠵᠣᠷᠢᠭ ᠵᠶ᠋ᠠᠷ ᠬᠠᠨᠳᠤᠵᠤ ᠢᠯᠠᠨ ᠳᠠᠪᠠᠵᠤ ᠴᠢᠳᠠᠭᠰᠠᠨ ᠪᠠᠶ᠋ᠢᠨ᠎ᠠ᠃ ᠲᠡᠷᠡ ᠪᠣᠯ ᠭᠠᠵᠠᠷ ᠰᠢᠨᠵᠢᠯᠡᠭᠡᠨ᠎ᠤ ᠰᠢᠯᠢᠳᠡᠭ ᠠᠵᠢᠯᠲᠠᠨ᠂ ᠭᠠᠵᠠᠷ ᠰᠢᠨᠵᠢᠯᠡᠭᠡᠨ᠎ᠤ ᠵᠠᠯᠠᠭᠤ ᠬᠥᠮᠦᠰ᠎ᠤᠨ ᠰᠤᠷᠤᠯᠴᠠᠬᠤ ᠳᠠᠭᠤᠷᠢᠶᠠᠯ ᠮᠥᠨ᠂ ᠲᠡᠷᠡ ᠰᠢᠷᠭ᠋ᠠᠭᠤ ᠬᠥᠳᠡᠯᠮᠦᠷᠢ᠎ᠪᠠᠷ ᠵᠶ᠋ᠠᠨ 《ᠤᠯᠤᠰ ᠵᠶ᠋ᠠᠨ ᠬᠠᠶ᠋ᠢᠷᠠᠯᠠᠵᠤ ᠬᠤᠪᠢ ᠨᠡᠮᠡᠷᠢ ᠦᠵᠡᠭᠦᠯᠬᠦ᠂ ᠵᠠᠮ ᠨᠡᠭᠡᠭᠡᠨ ᠰᠢᠨ᠎ᠡ ᠵᠢ ᠡᠭᠦᠳᠬᠦ᠂ ᠬᠠᠲᠠᠭᠤᠵᠢᠯᠲᠠᠢ ᠪᠣᠷᠣᠭᠵᠢᠭᠤᠨ ᠪᠠᠶ᠋ᠢᠬᠤ》 ᠵᠢ ᠥᠪᠥᠷ ᠮᠣᠩᠭᠣᠯ᠎ᠤᠨ ᠡᠬᠡ ᠭᠠᠵᠠᠷ᠎ᠲᠤ ᠪᠢᠴᠢᠭᠯᠡᠵᠡᠢ᠃ (ᠸᠠᠩ ᠶᠠ ᠨᠠᠨ)

 

ᠢᠷᠡᠯᠲᠡ᠄ ᠳᠤᠮᠳᠠᠳᠤ ᠤᠯᠤᠰ᠎ᠤᠨ ᠰᠦᠯᠵᠢᠶ᠎ᠡ