ᠥᠪᠡᠷᠲᠡᠭᠡᠨ ᠵᠠᠰᠠᠬᠤ ᠣᠷᠣᠨ 《ᠬᠤᠶᠠᠷ ᠶᠡᠭᠡ ᠶᠠᠪᠤᠳᠠᠯ ᠵᠶ᠋ᠠᠷ ᠭᠤᠤᠯ ᠪᠣᠯᠭ᠋ᠠᠨ ᠥᠪᠥᠷ ᠮᠣᠩᠭᠤᠯ᠎ᠤᠨ ᠣᠳᠣᠬᠢᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ》 ᠭᠤᠤᠯ ᠰᠡᠳᠦᠪᠲᠦ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠬᠤᠷᠠᠯᠳᠤᠭᠤᠯᠪᠠ (ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠲᠤᠰᠬᠠᠶ ᠲᠠᠯᠠᠪᠤᠷ)
2023-08-03

  8 ᠳ᠋ᠤᠭ᠋ᠠᠷ ᠰᠠᠷ᠎ᠠ ᠵᠢᠨ 3᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《ᠬᠤᠶᠠᠷ ᠶᠡᠭᠡ ᠶᠠᠪᠤᠳᠠᠯ ᠵᠶ᠋ᠠᠷ ᠭᠤᠤᠯ ᠪᠣᠯᠭ᠋ᠠᠨ ᠥᠪᠥᠷ ᠮᠣᠩᠭᠤᠯ᠎ᠤᠨ ᠣᠳᠣᠬᠢᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ》 ᠭᠤᠤᠯ ᠰᠡᠳᠦᠪᠲᠦ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢ ᠬᠤᠷᠠᠯᠳᠤᠭᠤᠯᠪᠠ (21 ᠳ᠋ᠦ᠍ᠭᠡᠷ ᠲᠠᠯᠠᠪᠠᠶ- ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠲᠤᠰᠬᠠᠶ ᠲᠠᠯᠠᠪᠤᠷ)᠃ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠸᠠᠩ ᠲᠤᠤ ᠭᠤᠣᠯ ᠰᠡᠳᠦᠪ᠎ᠢ ᠨᠡᠶ᠋ᠢᠲᠡᠯᠡᠪᠡ᠃ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠬᠤᠶᠠᠳᠤᠭ᠋ᠠᠷ ᠳᠡᠰ᠎ᠤᠨ ᠲᠣᠭᠤᠷᠢᠨ ᠪᠠᠶ᠋ᠢᠴᠠᠭ᠋ᠠᠭᠴᠢ᠂ ᠨᠡᠭᠡᠭᠡᠨ ᠠᠰᠢᠭᠯᠠᠬᠤ ᠭᠠᠵᠠᠷ᠎ᠤᠨ ᠳᠠᠷᠤᠭ᠎ᠠ ᠵᠢᠶᠠᠩ ᠹᠸᠢ ᠶᠤᠸᠠᠢ᠂ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠵᠧᠦ ᠫᠧᠩ ᠬᠠᠨ᠂ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠠᠮᠢ ᠠᠬᠤᠢ ᠵᠢ ᠰᠡᠷᠭᠦᠭᠡᠬᠦ ᠭᠠᠵᠠᠷ᠎ᠤᠨ ᠳᠠᠷᠤᠭ᠎ᠠ ᠸᠠᠩ ᠯᠢ ᠵᠢᠶᠦ᠋ᠨ᠂ ᠭᠠᠵᠠᠷ ᠰᠢᠷᠣᠢ ᠵᠢᠨ ᠨᠥᠭᠡᠴᠡᠯᠡᠬᠦ ᠲᠥᠪ᠎ᠤᠨ ᠳᠡᠳ᠋ ᠡᠷᠬᠢᠯᠡᠭᠴᠢ ᠦ᠋ ᠰᠢᠶᠤᠤ ᠭᠤᠸᠠᠩ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠵᠠᠢ᠃


8.3-3-1.jpg


   ᠳᠣᠣᠷᠠᠬᠢ ᠪᠣᠯ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠤᠨ ᠪᠣᠳᠠᠲᠤ ᠲᠡᠮᠳᠡᠭᠯᠡᠯ ᠪᠣᠯᠤᠨ᠎ᠠ᠃

   ᠬᠤᠶᠠᠷ ᠶᠡᠭᠡ ᠶᠠᠪᠤᠳᠠᠯ ᠵᠶ᠋ᠠᠷ ᠭᠤᠣᠯ ᠭᠠᠷᠳᠠᠴᠠ ᠪᠣᠯᠭ᠋ᠠᠨ ᠥᠪᠥᠷ ᠮᠣᠩᠭᠤᠯ᠎ᠤᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠰᠣᠨᠢᠨ ᠮᠡᠳᠡᠭᠡ ᠨᠡᠶ᠋ᠢᠲᠡᠯᠡᠬᠦ ᠦᠭᠡ

   ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠳᠡᠳ᠋ ᠳᠠᠷᠤᠭ᠎ᠠ ᠸᠠᠩ ᠲᠤᠤ

  (2023 ᠣᠨ᠎ᠤ 8 ᠳ᠋ᠤᠭ᠋ᠠᠷ ᠰᠠᠷ᠎ᠠ ᠵᠢᠨ 3᠎ᠤ ᠡᠳᠦᠷ)

   ᠵᠠᠭᠤᠴᠢᠯᠠᠭᠤᠷ᠎ᠤᠨ ᠰᠤᠷᠪᠤᠯᠵᠢᠯᠠᠭᠴᠢ ᠨᠠᠶ᠋ᠢᠵᠠ ᠨᠠᠷ ᠡ᠄

   ᠲᠠ ᠣᠯᠠᠨ᠎ᠳᠤ᠎ᠪᠠᠨ ᠦᠳᠡ ᠵᠢᠨ ᠡᠮᠦᠨ᠎ᠡ ᠵᠢᠨ ᠮᠡᠨᠳᠦ ᠬᠦᠷᠭᠡᠶ᠎ᠡ!

   ᠲᠠ ᠣᠯᠠᠨ᠎ᠤ ᠥᠨᠥᠳᠦᠷ᠎ᠤᠨ ᠬᠤᠷᠠᠯ᠎ᠳᠤ ᠣᠷᠤᠯᠴᠠᠭᠰᠠᠨ᠎ᠳᠤ ᠶᠡᠬᠡᠳᠡ ᠲᠠᠯᠠᠷᠬᠠᠵᠤ ᠪᠠᠢ᠌ᠨ᠎ᠠ᠃ ᠡᠩ    ᠲᠡᠷᠢᠭᠦᠨ᠎ᠳᠤ᠂ ᠪᠢ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠡᠮᠦᠨ᠎ᠡ᠎ᠠᠴᠠ᠂ ᠤᠯᠠᠨ᠎ᠤ ᠤᠷᠳᠤ ᠬᠤᠭᠤᠴᠠᠭ᠋ᠠᠨ᠎ᠤ ᠲᠤᠷᠰᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠠᠵᠢᠯ᠎ᠢ ᠬᠠᠯᠠᠮᠵᠢᠯᠠᠨ ᠳᠡᠮᠵᠢᠭᠰᠡᠨ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠶ᠋ᠢᠨ᠎ᠠ᠃

   ᠡᠨᠡ ᠵᠢᠯ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠦ ᠲᠠᠯ᠎ᠠ᠎ᠪᠠᠷ ᠪᠥᠲᠥᠭᠡᠨ ᠪᠠᠶ᠋ᠢᠭᠤᠯᠬᠤ ᠬᠤᠶᠠᠷ ᠶᠡᠭᠡ ᠶᠠᠪᠤᠳᠠᠯ᠎ᠤᠨ ᠲᠣᠭᠤᠷᠢᠨ᠎ᠳᠤ᠂ 《ᠡᠬᠢ ᠪᠠᠶᠠᠯᠢᠭ᠎ᠤᠨ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠴᠢᠩᠭ᠎ᠠ ᠰᠠᠬᠢᠵᠤ᠂ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠪᠠᠶ᠋ᠢᠷᠢᠰᠢᠯ᠎ᠢ ᠰᠢᠯᠢᠳᠡᠭᠵᠢᠭᠦᠯᠵᠦ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢ ᠠᠬᠢᠭᠤᠯᠵᠤ᠂ ᠡᠬᠢ ᠪᠠᠶᠠᠯᠢᠭ ᠡᠳ᠋ ᠬᠥᠷᠥᠩᠭᠡ ᠵᠢᠨ ᠡᠷᠬᠡ ᠠᠰᠢᠭ᠎ᠢ ᠬᠠᠮᠠᠭ᠋ᠠᠯᠠᠬᠤ》 ᠠᠵᠢᠯ᠎ᠤᠨ ᠪᠠᠶ᠋ᠢᠷᠢ ᠲᠣᠭᠲᠠᠭ᠋ᠠᠯᠲᠠ ᠵᠢ ᠪᠠᠲᠤ ᠡᠵᠡᠮᠳᠡᠵᠦ᠂ 《ᠬᠤᠶᠠᠷ᠎ᠢ ᠨᠢᠭᠡᠳᠬᠡᠬᠦ》 ᠭᠤᠤᠯ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠭᠡᠵᠦ᠂ ᠥᠪᠥᠷ ᠮᠣᠩᠭᠤᠯ᠎ᠤᠨ ᠣᠳᠣᠬᠢᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ᠎ᠳᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠴᠦᠨ ᠴᠢᠳᠠᠯ ᠵᠶ᠋ᠠᠨ ᠡᠷᠭᠦᠪᠡ᠃

   ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠠᠵᠢᠯ᠎ᠤᠨ ᠪᠣᠳᠠᠲᠤ ᠪᠠᠢ᠍ᠳᠠᠯ᠎ᠳᠤ ᠰᠠᠭᠤᠷᠢᠯᠠᠵᠤ᠂ ᠪᠢ ᠭᠣᠣᠯᠳᠠᠭᠤ ᠵᠢᠷᠭᠤᠭ᠋ᠠᠨ ᠲᠠᠯ᠎ᠠ ᠵᠢᠨ ᠪᠠᠢ᠌ᠳᠠᠯ᠎ᠢ ᠲᠠᠨᠢᠯᠴᠠᠭᠤᠯᠤᠶ᠎ᠠ᠃

   ᠨᠢᠭᠡ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠵᠦ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠵᠢ ᠬᠦᠴᠦᠯᠡᠨ ᠪᠠᠶ᠋ᠢᠭᠤᠯᠤᠨ᠎ᠠ

   ᠲᠠᠪᠤᠨ ᠶᠡᠭᠡ ᠡᠭᠦᠷᠭᠡ ᠵᠢᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠮᠠᠨ᠎ᠤ ᠣᠷᠣᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠵᠢ ᠲᠦᠷᠭᠡᠳᠬᠡᠨ ᠪᠠᠶ᠋ᠢᠭᠤᠯᠬᠤ ᠵᠢ ᠠᠬᠢᠭᠤᠯᠬᠤ ᠵᠢᠨ ᠲᠥᠯᠥᠭᠡ᠂ ᠪᠢᠳᠡ ᠲᠦᠷᠦᠭᠦᠯᠡᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢᠨ ᠲᠥᠯᠥᠪᠵᠢᠭᠦᠯᠭᠡ (2021-2035 ᠣᠨ)》 ᠵᠢ ᠨᠠᠶ᠋ᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ᠎ᠤ ᠦᠢ᠍ᠯᠡᠳᠪᠦᠷᠢᠯᠡᠯ᠎ᠤᠨ ᠬᠦᠴᠦᠨ᠎ᠤ ᠲᠥᠪᠯᠡᠷᠡᠩᠭᠦᠶ ᠲᠠᠷᠬᠠᠯᠲᠠ ᠵᠢᠨ ᠣᠨᠴᠠᠯᠢᠭ ᠪᠠ ᠬᠤᠲᠠᠴᠢᠯᠠᠯᠲᠠ ᠵᠢᠨ ᠬᠥᠭᠵᠢᠯᠲᠡ ᠵᠢᠨ ᠣᠷᠣᠨ᠎ᠤ ᠭᠤᠤᠯ ᠴᠣᠭᠴᠠ ᠵᠢᠨ ᠴᠢᠳᠠᠮᠵᠢ ᠵᠢᠨ ᠪᠠᠶ᠋ᠢᠷᠢ ᠲᠣᠭᠲᠠᠭ᠋ᠠᠯᠲᠠ᠎ᠳᠤ ᠰᠠᠭᠤᠷᠢᠯᠠᠨ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠤᠰ ᠣᠷᠴᠢᠯ᠎ᠤᠨ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ ᠱᠠᠭ᠋ᠠᠷᠳᠠᠯᠭ᠎ᠠ᠎ᠳᠤ ᠵᠣᠬᠢᠴᠠᠭᠤᠯᠤᠨ᠂ 《ᠭᠤᠤᠯ ᠬᠥᠲᠥᠯᠥᠨ ᠳᠠᠭ᠋ᠠᠭᠤᠯᠤᠯᠲᠠ᠂ ᠭᠤᠤᠯ ᠳᠠᠶ᠋ᠢᠴᠢᠯᠠᠯᠲᠠ᠂ ᠵᠠᠩᠭᠢᠯᠠᠭ᠎ᠠ ᠵᠢᠨ ᠴᠡᠭ ᠵᠶ᠋ᠠᠷ ᠲᠤᠯᠭ᠋ᠠᠭᠤᠷᠢᠯᠠᠭᠤᠯᠬᠤ᠂ ᠣᠷᠣᠨ ᠬᠤᠪᠢᠶᠠᠨ ᠬᠥᠲᠥᠯᠦᠨ ᠵᠢᠯᠣᠭᠤᠳᠬᠤ᠂ ᠲᠥᠪᠯᠡᠷᠡᠭᠦᠯᠦᠨ ᠬᠥᠭᠵᠢᠭᠦᠯᠬᠦ》 ᠰᠡᠳᠬᠢᠮᠵᠢ ᠵᠢᠨ ᠶᠣᠰᠣᠭ᠋ᠠᠷ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ ᠵᠢᠨ ᠲᠥᠯᠥᠪᠵᠢᠭᠦᠯᠭᠡ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠦᠨ᠎ᠡ᠃ ᠨᠢᠭᠡ᠎ᠳᠤ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ᠎ᠳᠤ 《ᠬᠢᠯᠢ ᠬᠢᠵᠠᠭ᠋ᠠᠷ᠎ᠢ ᠪᠠᠬᠢᠵᠢᠭᠦᠯᠵᠦ᠂ ᠪᠠᠬᠢᠯᠡᠯᠲᠡ ᠵᠢ ᠬᠦᠴᠦᠷᠬᠡᠭᠵᠢᠭᠦᠯᠬᠦ ᠪᠠᠶ᠋ᠢᠯᠳᠤᠬᠤ ᠪᠣᠳᠣᠯᠭ᠎ᠠ》 ᠵᠢ ᠳᠤᠷᠠᠳᠴᠤ᠂ ᠬᠢᠯᠢ ᠬᠢᠵᠠᠭ᠋ᠠᠷ᠎ᠢ ᠪᠠᠲᠤᠳᠬᠠᠨ ᠬᠢᠯᠢ ᠬᠢᠵᠠᠭ᠋ᠠᠷ᠎ᠢ ᠪᠠᠶᠠᠵᠢᠭᠤᠯᠬᠤ ᠠᠵᠢᠯᠯᠠᠭ᠎ᠠ ᠵᠢ ᠭᠦᠨᠵᠡᠭᠡᠶ ᠠᠬᠢᠭᠤᠯᠵᠤ᠂ ᠬᠢᠯᠢ ᠳᠠᠭ᠋ᠠᠤ ᠭᠠᠵᠠᠷ ᠣᠷᠣᠨ᠎ᠤ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡ ᠪᠠ ᠴᠢᠬᠤᠯᠠ ᠶᠡᠭᠡ ᠰᠠᠭᠤᠷᠢ ᠲᠥᠬᠦᠭᠡᠷᠦᠮᠵᠢ᠎ᠳᠤ ᠬᠡᠷᠡᠭᠯᠡᠬᠦ ᠭᠠᠵᠠᠷ᠎ᠤᠨ ᠪᠠᠲᠤᠯᠠᠭ᠎ᠠ ᠵᠢ ᠴᠢᠩᠭ᠋ᠠᠳᠬᠠᠵᠤ᠂ ᠤᠯᠤᠰ᠎ᠤᠨ ᠪᠠᠶ᠋ᠢᠯᠳᠤᠬᠤ ᠪᠣᠳᠣᠯᠭ᠎ᠠ ᠪᠠ ᠭᠠᠳᠠᠭᠰᠢ ᠨᠡᠭᠡᠭᠡᠯᠲᠡ ᠬᠢᠬᠦ ᠪᠠᠶ᠋ᠢᠯᠳᠤᠬᠤ ᠪᠣᠳᠣᠯᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠵᠦ᠂ ᠭᠤᠤᠯᠳᠠᠯᠭ᠎ᠠ᠎ᠲᠠᠢ ᠬᠢᠯᠢ ᠵᠢᠨ ᠪᠣᠭᠤᠮᠲᠠ ᠵᠢᠨ ᠬᠤᠲᠠ ᠪᠠᠯᠭ᠋ᠠᠰᠤ ᠵᠢᠨ ᠪᠥᠲᠥᠭᠡᠨ ᠪᠠᠶ᠋ᠢᠭᠤᠯᠤᠯᠲᠠ ᠵᠢ ᠢᠳᠡᠪᠬᠢᠲᠡᠶ᠎ᠪᠠᠷ ᠬᠥᠲᠥᠯᠦᠨ ᠵᠢᠯᠣᠭᠤᠳᠴᠤ᠂ ᠬᠤᠲᠠ ᠪᠠᠯᠭ᠋ᠠᠰᠤ ᠵᠢᠨ ᠪᠣᠭᠤᠮᠲᠠ ᠵᠢᠨ ᠠᠭᠤᠰᠤᠯᠴᠠᠯ᠂ ᠬᠢᠯᠢ ᠠᠯᠤᠰᠯᠠᠭᠰᠠᠨ ᠠᠭᠤᠰᠤᠯᠴᠠᠯ᠎ᠤᠨ ᠭᠦᠨᠵᠡᠭᠡᠶ ᠬᠥᠭᠵᠢᠯᠲᠡ ᠵᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ᠎ᠤ ᠭᠠᠳᠠᠭ᠋ᠠᠳᠤ ᠨᠡᠭᠡᠭᠡᠯᠲᠡ ᠵᠢᠨ ᠴᠢᠳᠠᠮᠵᠢ ᠬᠢᠭᠡᠳ ᠠᠵᠤ ᠦᠢ᠍ᠯᠡᠰ᠎ᠤᠨ ᠰᠢᠰᠲ᠋ᠧᠮᠵᠢ ᠵᠢᠨ ᠪᠠᠶ᠋ᠢᠷᠢᠰᠢᠯ᠎ᠳᠤ ᠦᠢ᠍ᠯᠡᠴᠢᠯᠡᠬᠦ᠎ᠪᠠᠷ ᠭᠤᠤᠯᠳᠠᠯᠭ᠎ᠠ ᠪᠣᠯᠭ᠋ᠠᠵᠤ᠂ ᠪᠣᠭᠤᠮᠲᠠ ᠵᠢᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠤᠨ᠂ ᠪᠣᠭᠤᠮᠲᠠ ᠬᠢᠭᠡᠳ ᠬᠤᠲᠠ ᠪᠠᠯᠭ᠋ᠠᠰᠤ ᠵᠢᠨ ᠬᠠᠷᠢᠯᠴᠠᠨ ᠨᠥᠬᠦᠪᠥᠷᠢᠯᠡᠬᠦ᠂ ᠠᠭᠤᠰᠤᠯᠴᠠᠨ ᠬᠥᠭᠵᠢᠬᠦ ᠵᠢ ᠠᠬᠢᠭᠤᠯᠵᠤ᠂ ᠥᠨᠳᠥᠷ ᠪᠠᠷᠢᠮᠵᠢᠶᠠᠲᠤ ᠪᠣᠭᠤᠮᠲᠠ ᠵᠢᠨ ᠬᠤᠲᠠ ᠪᠠᠯᠭ᠋ᠠᠰᠤ ᠵᠢ ᠪᠣᠶ ᠪᠣᠯᠭ᠋ᠠᠵᠤ᠂ ᠨᠡᠭᠡᠭᠡᠯᠲᠡᠲᠦ ᠬᠡᠯᠪᠡᠷᠢ ᠵᠢᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠃ ᠬᠣᠶᠠᠷ᠎ᠲᠤ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ᠎ᠨᠢ ᠭᠠᠵᠠᠷ ᠣᠷᠣᠨ᠎ᠤ ᠣᠨᠴᠠᠯᠢᠭ ᠪᠣᠯᠤᠨ ᠳᠠᠪᠠᠭᠤᠯᠢᠭ᠎ᠲᠤ᠎ᠪᠠᠨ ᠰᠠᠭᠤᠷᠢᠯᠠᠵᠤ᠂ ᠬᠢᠯᠢ ᠳᠠᠭ᠋ᠠᠤ ᠣᠷᠣᠨ᠎ᠤ ᠠᠵᠤ ᠠᠬᠤᠶ ᠵᠢᠨ ᠬᠥᠭᠵᠢᠯᠲᠡ ᠵᠢᠨ ᠪᠠᠶ᠋ᠢᠷᠢᠰᠢᠯ᠎ᠢ ᠲᠡᠭᠦᠯᠳᠡᠷᠵᠢᠭᠦᠯᠦᠨ᠎ᠡ᠃ ᠮᠠᠨᠵᠤᠤᠷ᠂ ᠡᠷᠢᠶᠡᠨ ᠬᠣᠲᠠ᠂ ᠭᠠᠭᠴᠠᠮᠤᠳᠤ᠂ ᠴᠡᠭᠡ᠂ ᠵᠡᠭᠦᠨᠬᠠᠳᠠᠪᠴᠢ ᠵᠡᠷᠭᠡ ᠲᠠᠪᠤᠨ ᠶᠡᠬᠡ ᠪᠣᠭᠣᠮᠲᠠ ᠵᠢᠨ ᠪᠦᠲᠦᠭᠡᠨ ᠪᠠᠶ᠋ᠢᠭᠤᠯᠤᠯᠲᠠ᠎ᠪᠠᠷ ᠭᠣᠤᠯ ᠪᠣᠯᠭ᠋ᠠᠨ᠂ ᠪᠣᠭᠣᠮᠲᠠ ᠬᠢᠭᠡᠳ ᠡᠷᠭᠢᠨ ᠲᠣᠭᠣᠷᠢᠨ᠎ᠤ ᠲᠥᠪ ᠬᠣᠲᠠ ᠵᠢᠨ ᠭᠤᠯᠳᠤ᠎ᠪᠠᠷ ᠦᠢ᠍ᠯᠡᠴᠢᠯᠡᠬᠦ ᠰᠢᠰᠲ᠋ᠧᠮᠵᠢ ᠵᠢ ᠴᠢᠩᠭ᠋ᠠᠳᠬᠠᠵᠤ᠂ ᠪᠣᠭᠣᠮᠲᠠ ᠬᠢᠭᠡᠳ ᠳᠣᠲᠣᠷ ᠭᠠᠵᠠᠷ᠎ᠤᠨ ᠵᠠᠬ᠎ᠠ ᠳᠡᠯᠭᠡᠭᠦᠷ᠎ᠤᠨ ᠭᠤᠯᠳᠤ ᠴᠢᠭᠯᠡᠯ ᠵᠶ᠋ᠠᠷ ᠬᠠᠷᠢᠯᠴᠠᠬᠤ ᠵᠢ ᠲᠡᠭᠦᠯᠳᠡᠷᠵᠢᠭᠦᠯᠦᠨ᠂ ᠠᠵᠤ ᠦᠢ᠍ᠯᠡᠰ᠎ᠤᠨ ᠰᠢᠩᠭᠡᠭᠡᠨ ᠠᠪᠬᠤ ᠴᠢᠳᠠᠪᠤᠷᠢ ᠵᠢ ᠨᠡᠮᠡᠭᠳᠡᠭᠦᠯᠵᠦ᠂ ᠪᠣᠭᠣᠮᠲᠠ ᠵᠢᠨ ᠰᠠᠭᠤᠷᠢ ᠲᠥᠬᠦᠭᠡᠷᠦᠮᠵᠢ ᠪᠣᠯᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠳᠣᠲᠣᠷ ᠭᠠᠵᠠᠷ᠎ᠤᠨ ᠡᠬᠢ ᠪᠠᠶᠠᠯᠢᠭ᠎ᠤᠨ ᠳᠠᠪᠠᠭᠤᠯᠢᠭ ᠪᠠ ᠠᠵᠤ ᠦᠢ᠍ᠯᠡᠰ᠎ᠤᠨ ᠰᠠᠭᠤᠷᠢ᠎ᠲᠠᠢ ᠤᠶᠠᠯᠳᠤᠭᠤᠯᠤᠨ᠂ ᠡᠷᠢᠶᠡᠨ ᠬᠤᠲᠠ — ᠤᠯᠠᠭ᠋ᠠᠨᠴᠠᠪ᠎ᠤᠨ ᠪᠣᠭᠤᠮᠲᠠ ᠵᠢᠨ ᠡᠬᠡ ᠬᠠᠭᠤᠷᠠᠶ ᠵᠢᠨ ᠭᠠᠷᠠᠮ᠎ᠤᠨ ᠬᠤᠯᠪᠣᠭ᠋ᠠᠯᠠᠨ ᠬᠥᠳᠡᠯᠦᠯᠴᠡᠬᠦ ᠬᠡᠯᠪᠡᠷᠢ ᠵᠢᠨ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠬᠦᠢ᠍ᠰᠦ ᠵᠡᠷᠭᠡ ᠵᠢᠨ ᠪᠥᠲᠥᠭᠡᠨ ᠪᠠᠶ᠋ᠢᠭᠤᠯᠤᠯᠲᠠ᠎ᠪᠠᠷ ᠠᠵᠠ ᠲᠣᠬᠢᠶᠠᠯ ᠪᠣᠯᠭ᠋ᠠᠵᠤ᠂ ᠥᠷᠭᠡᠨ ᠬᠡᠪᠴᠢᠶᠡᠨ᠎ᠤ ᠪᠣᠭᠤᠮᠲᠠ ᠵᠢᠨ ᠠᠵᠤ ᠠᠬᠤᠶ ᠵᠢ ᠶᠡᠬᠡ᠎ᠪᠠᠷ ᠬᠥᠭᠵᠢᠭᠦᠯᠦᠨ᠂ ᠪᠣᠭᠤᠮᠲᠠ᠂ ᠨᠡᠪᠲᠡᠷᠡᠬᠦ ᠵᠠᠮ ᠪᠠ ᠡᠯ᠎ᠡ ᠲᠥᠷᠥᠯ᠎ᠤᠨ ᠨᠡᠭᠡᠭᠡᠯᠲᠡ ᠵᠢᠨ ᠠᠴᠢᠶᠠᠯᠠᠪᠤᠷᠢ ᠵᠢ ᠨᠢᠭᠡᠳᠦᠯᠲᠡᠶ ᠲᠥᠯᠥᠪᠯᠡᠵᠦ᠂ ᠬᠢᠯᠢ ᠳᠠᠭ᠋ᠠᠤ ᠵᠢᠨ ᠠᠵᠤ ᠠᠬᠤᠶ ᠵᠢᠨ 《ᠨᠡᠪᠲᠡᠷᠡᠬᠦ ᠵᠠᠮ᠎ᠤᠨ ᠠᠵᠤ ᠠᠬᠤᠶ》᠎ᠠᠴᠠ 《ᠨᠠᠶ᠋ᠢᠳᠠᠪᠤᠷᠢᠵᠢᠭᠰᠠᠨ ᠠᠵᠤ ᠠᠬᠤᠶ》 ᠲᠡᠢ᠌ᠰᠢ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠨ ᠠᠬᠢᠭᠤᠯᠵᠤ᠂ ᠪᠣᠭᠤᠮᠲᠠ ᠵᠢᠨ ᠳᠣᠲᠣᠷ᠎ᠠ ᠭᠠᠵᠠᠷ᠎ᠤᠨ ᠲᠤᠯᠭ᠋ᠠᠭᠤᠷᠢᠯᠠᠯ᠎ᠢ ᠴᠢᠩᠭ᠋ᠠᠳᠬᠠᠨ᠎ᠠ᠃ ᠣᠷᠳᠣᠰ᠂ ᠬᠥᠬᠡᠬᠣᠲᠠ᠂ ᠤᠯᠠᠭ᠋ᠠᠨᠬᠠᠳᠠ᠂ ᠪᠤᠭᠤᠲᠤ ᠵᠢᠨ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ ᠪᠣᠯᠤᠨ ᠪᠠᠶᠠᠨᠨᠠᠭᠤᠷ᠂ ᠤᠯᠠᠭ᠋ᠠᠨᠴᠠᠪ᠂ ᠲᠦᠩᠯᠢᠶᠣᠤ ᠵᠢᠨ ᠭᠠᠶ᠋ᠢᠯᠢ ᠪᠠᠲᠤᠯᠠᠬᠤ ᠪᠠᠷᠠᠭ᠎ᠠ ᠵᠢᠨ ᠭᠦᠢ᠍ᠯᠭᠡᠭᠡᠨ᠎ᠤ ᠲᠥᠪ᠎ᠤᠨ ᠪᠦᠲᠦᠭᠡᠨ ᠪᠠᠶ᠋ᠢᠭᠤᠯᠤᠯᠲᠠ ᠵᠢ ᠳᠡᠮᠵᠢᠵᠦ᠂ ᠳᠡᠭᠡᠳᠦ ᠲᠠᠰ᠎ᠤᠨ ᠡᠳ᠋ᠰᠢᠭᠦᠯᠦᠨ ᠦᠢ᠍ᠯᠡᠳᠬᠦ ᠦᠢ᠍ᠯᠡᠰ᠎ᠤᠨ ᠲᠥᠪᠯᠡᠷᠡᠬᠦ ᠵᠢ ᠲᠦᠯᠬᠢᠨ ᠠᠬᠢᠭᠤᠯᠵᠤ᠂ ᠳᠣᠲᠣᠷ᠎ᠠ ᠭᠠᠵᠠᠷ᠎ᠤᠨ ᠲᠤᠯᠭ᠋ᠠᠭᠤᠷᠢᠯᠠᠬᠤ ᠴᠢᠳᠠᠪᠤᠷᠢ ᠵᠢ᠎ᠨᠢ ᠳᠡᠭᠡᠭᠰᠢᠯᠡᠭᠦᠯᠦᠨ᠂ ᠪᠣᠭᠣᠮᠲᠠ᠎ᠪᠠᠷ ᠳᠠᠶ᠋ᠢᠴᠢᠯᠠᠭᠰᠠᠨ᠂ ᠳᠣᠲᠣᠷ᠎ᠠ ᠭᠠᠵᠠᠷ᠎ᠠᠴᠠ ᠲᠤᠯᠭ᠋ᠠᠭᠤᠷᠢᠯᠠᠭᠰᠠᠨ᠂ ᠬᠢᠯᠢ ᠳᠣᠲᠣᠷ᠎ᠠ ᠭᠠᠵᠠᠷ ᠬᠠᠷᠢᠯᠴᠠᠨ ᠬᠥᠳᠡᠯᠦᠯᠴᠡᠭᠰᠡᠨ ᠪᠠᠶ᠋ᠢᠷᠢᠰᠢᠯ᠎ᠤᠨ ᠪᠣᠶ ᠪᠣᠯᠬᠤ ᠵᠢ ᠲᠦᠯᠬᠢᠨ ᠠᠬᠢᠭᠤᠯᠤᠨ᠎ᠠ᠃ ᠭᠤᠷᠪᠠ᠎ᠳᠤ᠂ 《ᠭᠤᠷᠪᠠᠨ ᠣᠷᠣᠨ ᠭᠤᠷᠪᠠᠨ ᠱᠤᠭᠤᠮ》᠎ᠢ ᠬᠤᠪᠢᠶᠠᠷᠢᠯᠠᠨ ᠲᠣᠭᠲᠠᠭ᠋ᠠᠬᠤ ᠠᠵᠢᠯ᠎ᠤᠨ ᠳᠤᠮᠳᠠ᠂ ᠪᠣᠭᠤᠮᠲᠠ ᠵᠢᠨ ᠰᠠᠭᠤᠷᠢ ᠲᠥᠬᠦᠭᠡᠷᠦᠮᠵᠢ᠂ ᠪᠣᠭᠤᠮᠲᠠ ᠵᠢᠨ ᠣᠨᠴᠠᠭ᠋ᠠᠢ ᠬᠢᠨᠠᠨ ᠬᠠᠮᠢᠶᠠᠷᠤᠯᠲᠠ ᠵᠢᠨ ᠣᠷᠣᠨ᠂ ᠬᠢᠯᠢ ᠠᠯᠤᠰᠯᠠᠭᠰᠠᠨ ᠬᠠᠮᠲᠤᠷᠠᠯᠴᠠᠭ᠋ᠠᠨ᠎ᠤ ᠣᠷᠣᠨ᠎ᠤ ᠭᠠᠵᠠᠷ ᠬᠡᠷᠡᠭᠯᠡᠬᠦ ᠪᠠᠲᠤᠯᠠᠭ᠎ᠠ ᠵᠢ ᠴᠢᠩᠭ᠋ᠠᠳᠬᠠᠨ᠎ᠠ᠃ ᠮᠠᠨᠵᠤᠤᠷ᠂ ᠡᠷᠢᠶᠡᠨ ᠬᠣᠲᠠ᠂ ᠭᠠᠭᠴᠠᠮᠤᠳᠤ᠂ ᠴᠡᠭᠡ ᠵᠡᠷᠭᠡ ᠤᠯᠤᠰ᠎ᠤᠨ ᠴᠢᠬᠤᠯᠠ ᠬᠢᠯᠢ ᠵᠢᠨ ᠪᠣᠭᠣᠮᠲᠠ ᠵᠢᠨ ᠬᠣᠲᠠ ᠪᠠᠯᠭ᠋ᠠᠰᠤ ᠵᠢᠨ ᠬᠥᠭᠵᠢᠯᠲᠡ ᠪᠦᠲᠦᠭᠡᠨ ᠪᠠᠶ᠋ᠢᠭᠤᠯᠤᠯᠲᠠ ᠵᠢᠨ ᠣᠷᠣᠨ ᠵᠠᠶ ᠵᠢ ᠭᠣᠤᠯᠳᠠᠯᠭ᠎ᠠ᠎ᠲᠠᠢ ᠪᠠᠲᠤᠯᠠᠨ᠎ᠠ᠃ ᠮᠠᠨᠵᠤᠤᠷ᠂ ᠡᠷᠢᠶᠡᠨ ᠬᠣᠲᠠ ᠵᠢᠨ ᠶᠡᠷᠦᠩᠬᠡᠶ᠋ᠢᠯᠡᠭᠰᠡᠨ ᠵᠠᠩᠭᠢᠯᠠᠭ᠎ᠠ ᠵᠢᠨ ᠪᠣᠭᠣᠮᠲᠠ ᠪᠣᠯᠤᠨ ᠭᠠᠭᠴᠠᠮᠤᠳᠤ᠂ ᠴᠡᠭᠡ ᠵᠡᠷᠭᠡ ᠭᠣᠤᠯᠳᠠᠯᠭ᠎ᠠ᠎ᠲᠠᠢ ᠲᠤᠰᠬᠠᠶ ᠮᠡᠷᠭᠡᠵᠢᠯ᠎ᠤᠨ ᠪᠣᠭᠣᠮᠲᠠ ᠵᠢᠨ ᠴᠢᠳᠠᠮᠵᠢ ᠵᠢ ᠥᠷᠭᠡᠳᠬᠡᠨ ᠥᠭᠡᠷᠡᠴᠢᠯᠡᠬᠦ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠡᠩ ᠲᠡᠷᠢᠭᠦᠨ᠎ᠳᠤ ᠲᠣᠬᠢᠷᠠᠭᠤᠯᠤᠨ᠎ᠠ᠃ ᠡᠷᠢᠶᠡᠨ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠵᠠᠭ᠋ᠠᠭᠯᠠᠨ ᠲᠣᠭᠲᠠᠭ᠋ᠠᠬᠤ ᠲᠦᠷᠢᠮ ᠪᠠ ᠵᠠᠭ᠋ᠠᠭᠯᠠᠨ ᠲᠣᠭᠲᠠᠭ᠋ᠠᠬᠤ ᠢᠯᠡᠳᠬᠡᠮᠵᠢ ᠵᠢᠨ ᠱᠠᠭ᠋ᠠᠷᠳᠠᠯᠭ᠎ᠠ ᠶᠣᠰᠣᠭ᠋ᠠᠷ᠂ ᠳᠤᠮᠳᠠᠳᠤ ᠮᠣᠩᠭᠤᠯ᠎ᠤᠨ ᠡᠷᠢᠶᠡᠨ ᠬᠤᠲᠠ- ᠵᠠᠮ᠎ᠤᠨ ᠡᠭᠦᠳᠡ ᠵᠢᠨ ᠠᠵᠤ ᠠᠬᠤᠶ ᠵᠢᠨ ᠬᠠᠮᠲᠤᠷᠠᠯᠴᠠᠭ᠋ᠠᠨ᠎ᠤ ᠣᠷᠣᠨ᠎ᠤ ᠳᠤᠮᠳᠠᠳᠤ ᠤᠯᠤᠰ᠎ᠤᠨ ᠲᠠᠯ᠎ᠠ ᠵᠢᠨ ᠣᠷᠣᠨ ᠪᠦᠰᠡ ᠵᠢᠨ 3 ᠲᠡᠭᠰᠢ ᠳᠥᠷᠪᠡᠯᠵᠢᠨ ᠺᠢᠯᠣᠮᠧᠲᠷ᠎ᠢ ᠬᠤᠲᠠ ᠪᠠᠯᠭ᠋ᠠᠰᠤᠨ᠎ᠤ ᠨᠡᠭᠡᠭᠡᠨ ᠬᠥᠭᠵᠢᠭᠦᠯᠬᠦ ᠬᠢᠯᠢ᠎ᠳᠤ ᠬᠤᠪᠢᠶᠠᠷᠢᠯᠠᠨ ᠣᠷᠣᠭᠤᠯᠵᠤ᠂ ᠬᠠᠮᠲᠤᠷᠠᠯᠴᠠᠭ᠋ᠠᠨ᠎ᠤ ᠣᠷᠣᠨ᠎ᠤ ᠲᠥᠷᠥᠯ ᠵᠦᠢ᠍ᠯ᠎ᠤᠨ ᠨᠡᠭᠡᠭᠡᠨ ᠬᠥᠭᠵᠢᠭᠦᠯᠬᠦ ᠪᠥᠲᠥᠭᠡᠨ ᠪᠠᠶ᠋ᠢᠭᠤᠯᠤᠯᠲᠠ ᠵᠢ ᠪᠦᠲᠦᠮᠵᠢᠲᠡᠶ ᠪᠠᠲᠤᠯᠠᠵᠤ᠂ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠵᠢ ᠬᠦᠴᠦᠯᠡᠨ ᠪᠠᠶ᠋ᠢᠭᠤᠯᠤᠨ᠎ᠠ᠃

   ᠬᠤᠶᠠᠷ᠂ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠵᠢ ᠦᠷᠭᠦᠯᠵᠢᠯᠡᠨ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠥᠬᠦ ᠬᠦᠴᠦᠨ ᠵᠶ᠋ᠠᠷ ᠵᠶ᠋ᠠᠨ ᠪᠠᠬᠢᠵᠢᠭᠦᠯᠦᠨ᠎ᠡ

   ᠡᠨᠡ ᠵᠢᠯ᠎ᠤᠨ 6 ᠳ᠋ᠤᠭ᠋ᠠᠷ ᠰᠠᠷ᠎ᠠ ᠵᠢᠨ 5᠎ᠤ ᠡᠳᠦᠷ᠎ᠠᠴᠠ 6᠎ᠤ ᠡᠳᠦᠷ ᠪᠣᠯᠲᠠᠯ᠎ᠠ᠂ ᠶᠡᠷᠦᠩᠬᠡᠶ ᠱᠦᠵᠢ ᠰᠢ ᠵᠢᠨ ᠫᠢᠩ ᠪᠠᠶᠠᠨᠨᠠᠭᠤᠷ ᠬᠤᠲᠠ᠎ᠳᠤ ᠰᠢᠨᠵᠢᠯᠡᠨ ᠪᠠᠶ᠋ᠢᠴᠠᠭ᠋ᠠᠵᠤ᠂ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠬᠤ ᠪᠠ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠤᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠬᠤ ᠵᠢᠨ ᠬᠠᠮᠲᠤ ᠴᠢᠬᠤᠯᠠ ᠶᠠᠷᠢᠶ᠎ᠠ    ᠲᠠᠯᠪᠢᠪᠠ᠃ ᠶᠡᠷᠦᠩᠬᠡᠢ ᠱᠦᠵᠢ ᠵᠢᠨ ᠴᠢᠬᠤᠯᠠ ᠶᠠᠷᠢᠶ᠎ᠠ᠎ᠨᠢ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ᠂ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠲᠠ ᠵᠢᠨ ᠴᠢᠭᠯᠡᠯ᠎ᠢ ᠲᠣᠳᠣᠷᠬᠠᠢ ᠵᠢᠭ᠋ᠠᠵᠤ᠂ ᠦᠨᠳᠦᠰᠦᠨ ᠵᠢᠷᠤᠮᠯᠠᠯ ᠬᠠᠩᠭ᠋ᠠᠵᠠᠢ᠃ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠨ᠎ᠡ᠃ ᠨᠢᠭᠡ᠎ᠳᠤ᠂ ᠠᠮᠢ ᠠᠬᠤᠶ ᠵᠢ ᠰᠡᠷᠭᠦᠭᠡᠬᠦ ᠣᠷᠣᠨ ᠵᠠᠶ ᠵᠢᠨ ᠪᠠᠶ᠋ᠢᠷᠢᠰᠢᠭᠤᠯᠤᠯ᠎ᠤᠨ ᠪᠠᠶ᠋ᠢᠯᠳᠤᠬᠤ ᠪᠣᠳᠣᠯᠭ᠎ᠠ ᠵᠢᠨ ᠴᠢᠨᠠᠷ᠂ ᠰᠢᠨᠵᠢᠯᠡᠬᠦ ᠤᠬᠠᠭ᠋ᠠᠨᠴᠢ ᠴᠢᠨᠠᠷ᠂ ᠰᠢᠰᠲ᠋ᠧᠮᠲᠦ ᠴᠢᠨᠠᠷ᠎ᠢ ᠳᠣᠪᠤᠶ᠋ᠢᠯᠭ᠋ᠠᠨ᠂ ᠬᠠᠮᠢᠶ᠎ᠠ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠪᠠ ᠠᠮᠢ ᠠᠬᠤᠶ ᠵᠢ ᠰᠡᠷᠭᠦᠭᠡᠬᠦ ᠲᠥᠯᠥᠪᠵᠢᠭᠦᠯᠭᠡ ᠵᠢ ᠰᠠᠶ᠋ᠢᠲᠤᠷ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ 《ᠨᠢᠭᠡ ᠣᠷᠣᠨ ᠬᠤᠶᠠᠷ ᠪᠦᠰᠡ ᠣᠯᠠᠨ ᠬᠤᠩᠭᠢᠯ ᠣᠯᠠᠨ ᠭᠠᠵᠠᠷ》᠎ᠤᠨ ᠠᠮᠢ ᠠᠬᠤᠶ ᠵᠢ ᠰᠡᠷᠭᠦᠭᠡᠬᠦ ᠶᠡᠷᠦᠩᠬᠡᠶ ᠪᠠᠶ᠋ᠢᠷᠢᠰᠢᠯ᠎ᠢ ᠬᠦᠴᠦᠯᠡᠨ ᠪᠠᠶ᠋ᠢᠭᠤᠯᠵᠤ᠂ ᠴᠢᠬᠤᠯᠠ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ᠂ ᠤᠰᠤ ᠬᠥᠷᠥᠰᠥ ᠵᠢ ᠬᠠᠮᠠᠭ᠋ᠠᠯᠠᠬᠤ᠂ ᠰᠠᠯᠬᠢ ᠵᠢ ᠰᠡᠷᠭᠡᠶ᠋ᠢᠯᠡᠵᠦ ᠡᠯᠡᠰᠦ ᠵᠢ ᠲᠣᠭᠲᠠᠪᠤᠷᠢᠵᠢᠭᠤᠯᠬᠤ ᠵᠡᠷᠭᠡ ᠠᠮᠢ ᠠᠬᠤᠶ ᠵᠢᠨ ᠴᠢᠳᠠᠮᠵᠢ᠎ᠪᠠᠷ ᠲᠦᠢ᠍ᠯ᠎ᠤᠨ ᠴᠢᠬᠤᠯᠠ ᠣᠷᠣᠨ ᠪᠦᠰᠡ ᠵᠢᠴᠢ ᠠᠮᠢ ᠠᠬᠤᠶ ᠬᠡᠪᠡᠷᠡᠭ ᠤᠰᠤ ᠬᠥᠷᠥᠰᠥ ᠵᠢᠨ ᠢᠳᠡᠭᠳᠡᠯ᠂ ᠡᠯᠡᠰᠦᠷᠬᠡᠭ ᠭᠠᠵᠠᠷ ᠵᠡᠷᠭᠡ ᠣᠷᠣᠨ ᠪᠦᠰᠡ ᠵᠢ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠳᠤ ᠬᠤᠪᠢᠶᠠᠷᠢᠯᠠᠨ ᠣᠷᠣᠭᠤᠯᠵᠤ᠂ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠬᠡᠷᠡᠭᠯᠡᠭᠡ ᠵᠢ ᠬᠠᠮᠢᠶᠠᠷᠤᠨ ᠡᠵᠡᠮᠳᠡᠬᠦ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠴᠢᠬᠤᠯᠠ ᠪᠥᠬᠦᠶ ᠠᠮᠢ ᠠᠬᠤᠶ ᠵᠢᠨ ᠣᠷᠣᠨ ᠵᠠᠶ ᠵᠢ ᠭᠦᠢ᠍ᠴᠡᠳ ᠦᠯᠡᠳᠡᠭᠡᠨ᠎ᠡ᠃ ᠬᠣᠶᠠᠷ᠎ᠲᠤ᠂ ᠠᠭᠤᠷᠬᠠᠶ ᠵᠢᠨ ᠭᠠᠵᠠᠷ᠎ᠤᠨ ᠣᠷᠴᠢᠨ ᠲᠣᠭᠣᠷᠢᠨ᠎ᠢ ᠵᠠᠰᠠᠬᠤ ᠡᠷᠴᠢᠮ ᠵᠶ᠋ᠠᠨ ᠨᠡᠮᠡᠭᠳᠡᠭᠦᠯᠬᠦ ᠬᠡᠷᠡᠭᠲᠡᠶ᠃ ᠲᠡᠦᠬᠡᠨ᠎ᠠᠴᠠ ᠦᠯᠡᠳᠡᠭᠳᠡᠵᠦ ᠢᠷᠡᠭᠰᠡᠨ ᠠᠭᠤᠷᠬᠠᠢ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠤᠷᠢᠨ᠎ᠢ ᠵᠠᠰᠠᠬᠤ ᠭᠤᠷᠪᠠᠨ ᠵᠢᠯ᠎ᠤᠨ ᠲᠤᠰᠬᠠᠢ ᠠᠵᠢᠯᠯᠠᠭ᠎ᠠ ᠵᠢ ᠨᠠᠷᠢᠨ ᠬᠢᠨᠠᠮᠠᠭ᠋ᠠᠢ ᠥᠷᠨᠢᠭᠦᠯᠵᠦ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠵᠠᠰᠠᠬᠤ ᠭᠤᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠣᠨ᠎ᠤ ᠵᠠᠰᠠᠯᠲᠠ ᠵᠢᠨ ᠡᠭᠦᠷᠭᠡ ᠬᠠᠷᠠᠯᠲᠠ᠎ᠪᠠᠨ ᠴᠠᠭ ᠲᠤᠬᠠᠢ᠎ᠳᠤ᠎ᠨᠢ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ᠃ ᠣᠳᠣᠬᠠᠨ᠎ᠳᠤ᠂ ᠲᠡᠦᠬᠡᠨ᠎ᠠᠴᠠ ᠦᠯᠡᠳᠡᠭᠳᠡᠵᠦ ᠢᠷᠡᠭᠰᠡᠨ ᠠᠭᠤᠷᠬᠠᠶ ᠵᠢᠨ ᠵᠢᠷᠤᠭ᠎ᠤᠨ ᠲᠣᠯᠪᠤ ᠵᠢ ᠬᠤᠪᠢᠷᠠᠭᠤᠯᠵᠤ ᠬᠠᠷᠭᠤᠭᠤᠯᠤᠨ ᠪᠠᠶ᠋ᠢᠴᠠᠭ᠋ᠠᠬᠤ ᠵᠢ ᠨᠢᠭᠡᠨᠲᠡ ᠪᠡᠶᠡᠯᠡᠭᠦᠯᠦᠭᠰᠡᠨ ᠪᠥᠭᠡᠳ ᠵᠢᠷᠤᠭ᠎ᠤᠨ ᠲᠣᠯᠪᠤ ᠵᠢᠨ ᠡᠬᠡ ᠲᠠᠩᠰᠠ ᠵᠢ ᠪᠠᠶ᠋ᠢᠭᠤᠯᠵᠤ᠂ ᠪᠥᠬᠦ ᠣᠷᠣᠨ᠎ᠤ ᠲᠡᠤᠬᠡᠨ᠎ᠠᠴᠠ ᠦᠯᠡᠳᠡᠭᠳᠡᠵᠦ ᠢᠷᠡᠭᠰᠡᠨ ᠠᠭᠤᠷᠬᠠᠶ ᠵᠢᠨ ᠵᠠᠰᠠᠭ᠋ᠠᠳᠤᠢ ᠵᠢᠷᠤᠭ᠎ᠤᠨ ᠲᠣᠯᠪᠤ ᠵᠢᠨ ᠲᠤᠭ᠎ᠠ ᠪᠠᠷᠢᠮᠲᠠ ᠵᠢᠨ ᠬᠥᠮᠥᠷᠭᠡ ᠵᠢᠨ ᠳᠣᠲᠣᠷ᠎ᠠ᠂ ᠵᠠᠰᠠᠵᠤ ᠰᠡᠷᠭᠦᠭᠡᠭᠰᠡᠨ ᠵᠢᠷᠤᠭ ᠲᠣᠯᠪᠤ᠎ᠨᠢ 208᠂ ᠵᠠᠰᠠᠭᠰᠠᠨ ᠲᠠᠯᠠᠪᠠᠶ᠎ᠨᠢ 19.45 ᠲᠡᠭᠰᠢ ᠳᠥᠷᠪᠡᠯᠵᠢᠨ ᠺᠢᠯᠣᠮᠧᠲᠷ ᠪᠠᠶ᠋ᠢᠵᠤ᠂ ᠡᠭᠦᠨ᠎ᠳᠤ 2023 ᠣᠨ᠎ᠳᠤ ᠵᠠᠰᠠᠭᠰᠠᠨ104᠂ ᠲᠠᠯᠠᠪᠠᠶ᠎ᠨᠢ 15.74 ᠲᠡᠭᠰᠢ ᠳᠥᠷᠪᠡᠯᠵᠢᠨ ᠺᠢᠯᠣᠮᠧᠲᠷ ᠪᠣᠯᠣᠨ᠎ᠠ᠃ ᠡᠭᠦᠨ᠎ᠤ ᠬᠠᠮᠲᠤ᠂ ᠲᠡᠦᠬᠡᠨ᠎ᠠᠴᠠ ᠦᠯᠡᠳᠡᠭᠳᠡᠵᠦ ᠢᠷᠡᠭᠰᠡᠨ 18 ᠬᠠᠶᠠᠭᠳᠠᠮᠠᠯ ᠠᠭᠤᠷᠬᠠᠢ ᠵᠢᠨ ᠠᠮᠢ ᠠᠬᠤᠢ ᠵᠢ ᠰᠡᠷᠭᠦᠭᠡᠬᠦ ᠲᠥᠷᠥᠯ ᠵᠦᠢ᠍ᠯ᠎ᠢ ᠪᠠᠶ᠋ᠢᠷᠢᠯᠠᠭᠤᠯᠤᠨ ᠲᠣᠬᠢᠷᠠᠭᠤᠯᠵᠤ᠂ ᠣᠨ᠎ᠤ ᠪᠡᠯᠡ ᠮᠥᠩᠭᠦ ᠵᠢ 1.02 ᠳ᠋ᠦᠩᠰᠢᠭᠤᠷ ᠲᠥᠭᠦᠷᠢᠭ ᠪᠠᠭᠤᠯᠭ᠋ᠠᠭᠰᠠᠨ ᠪᠥᠭᠡᠳ ᠨᠡᠶ᠋ᠢᠭᠡᠮ᠎ᠤᠨ ᠬᠥᠷᠥᠩᠭᠡ ᠵᠢᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠣᠷᠣᠯᠴᠠᠬᠤ ᠵᠢ ᠢᠳᠡᠪᠬᠢᠲᠡᠢ ᠵᠣᠷᠢᠭᠵᠢᠭᠤᠯᠤᠨ ᠳᠡᠮᠵᠢᠪᠡ᠃ ᠭᠤᠷᠪᠠ᠎ᠳᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠶᠡᠷᠦᠩᠬᠡᠶ᠋ᠢᠯᠡᠨ ᠵᠠᠰᠠᠬᠤ᠂ ᠰᠢᠰᠲ᠋ᠧᠮ᠎ᠲᠠᠢ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠠᠭ᠋ᠠᠨᠰᠤᠬᠠᠢ ᠵᠢᠨ ᠰᠠᠪᠠ ᠭᠠᠵᠠᠷ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠤᠷᠰᠢᠯᠲᠠ ᠵᠢᠨ ᠴᠡᠭ᠎ᠤᠨ ᠢᠨᠵᠧᠨᠧᠷᠢᠩ ᠪᠣᠯᠤᠨ ᠬᠤᠷᠴᠢᠨ᠎ᠤ ᠲᠠᠯ᠎ᠠ ᠨᠤᠲᠤᠭ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠬ᠍ᠴᠠᠵᠢᠭᠤᠯᠤᠨ ᠬᠠᠮᠠᠭ᠋ᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ᠎ᠢ ᠨᠠᠷᠢᠨ ᠬᠢᠨᠠᠮᠠᠭ᠋ᠠᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠬᠠᠳᠤᠨ ᠭᠤᠣᠯ᠎ᠤᠨ ᠭᠤᠣᠯᠳᠠᠯᠭ᠎ᠠ᠎ᠲᠠᠢ ᠠᠮᠢ ᠠᠬᠤᠢ ᠵᠢᠨ ᠣᠷᠣᠨ᠎ᠤ ᠲᠡᠦᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠵᠢᠨ ᠠᠮᠢ ᠠᠬᠤᠢ ᠵᠢ ᠵᠠᠰᠠᠨ ᠰᠡᠷᠭᠦᠭᠡᠬᠦ ᠵᠢᠱ᠌ᠢᠶ᠎ᠡ ᠦᠵᠡᠭᠦᠯᠬᠦ ᠢᠨᠵᠧᠨᠧᠷᠢᠩ ᠪᠣᠯᠤᠨ ᠤᠮᠠᠷᠠᠲᠤ ᠵᠢᠨ ᠡᠯᠡᠰᠦ ᠵᠢ ᠰᠡᠷᠭᠡᠶ᠋ᠢᠯᠡᠬᠦ ᠪᠦᠰᠡ-  ᠬᠠᠳᠤᠨ ᠭᠤᠣᠯ᠎ᠤᠨ ᠭᠤᠣᠯᠳᠠᠯᠭ᠎ᠠ᠎ᠲᠠᠢ ᠠᠮᠢ ᠠᠬᠤᠢ ᠵᠢᠨ ᠣᠷᠣᠨ᠎ᠤ ᠲᠡᠦᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠵᠢᠨ ᠠᠮᠢ ᠠᠬᠤᠢ ᠵᠢ ᠵᠠᠰᠠᠨ ᠰᠡᠷᠭᠦᠭᠡᠬᠦ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠢᠳᠡᠪᠬᠢᠲᠡᠢ ᠭᠤᠶᠤᠴᠢᠯᠠᠨ ᠮᠡᠳᠡᠭᠦᠯᠬᠦ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠬᠠᠳᠤᠨ ᠭᠤᠣᠯ᠎ᠤᠨ ᠮᠣᠷᠣᠢ᠌ᠯᠭ᠎ᠠ ᠵᠢᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ ᠪᠣᠯᠤᠨ ᠬᠤᠷᠴᠢᠨ᠂ ᠬᠤᠯᠠᠨ ᠰᠢᠷᠭ᠎ᠠ ᠳᠠᠭ᠎ᠠ ᠵᠢᠨ ᠬᠤᠶᠠᠷ ᠶᠡᠭᠡ ᠡᠯᠡᠰᠦᠷᠬᠡᠭ ᠭᠠᠵᠠᠷ᠎ᠤᠨ ᠰᠥᠨᠥᠭᠡᠬᠦ ᠳᠠᠶ᠋ᠢᠯᠠᠯᠳᠤᠭ᠋ᠠᠨ᠎ᠢ ᠪᠦᠬᠦ ᠲᠠᠯ᠎ᠠ᠎ᠪᠠᠷ ᠰᠠᠶ᠋ᠢᠲᠤᠷ ᠬᠢᠬᠦ᠎ᠳᠤ ᠪᠦᠬᠦ ᠲᠠᠯ᠎ᠠ᠎ᠪᠠᠷ ᠬᠦᠴᠦ ᠨᠡᠮᠡᠷᠢᠯᠡᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠬᠦᠯᠬᠦ ᠬᠡᠷᠡᠭᠲᠡᠢ᠃

   ᠭᠤᠷᠪᠠ᠂ ᠡᠨᠧᠷᠭᠢ ᠵᠢᠨ ᠡᠬᠢ ᠪᠠᠶᠠᠯᠢᠭ᠎ᠢ ᠪᠠᠲᠤᠯᠠᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠢ ᠬᠦᠴᠦᠯᠡᠨ ᠪᠠᠶ᠋ᠢᠭᠤᠯᠤᠨ᠎ᠠ

   ᠮᠠᠨ᠎ᠤ ᠣᠷᠣᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠳᠤ ᠰᠢᠨ᠎ᠡ ᠨᠢᠭᠡᠨ ᠡᠭᠡᠯᠵᠢ ᠵᠢᠨ ᠠᠭᠤᠷᠬᠠᠶ ᠡᠷᠢᠬᠦ ᠰᠢᠪᠲᠤᠯᠤᠯᠲᠠ ᠵᠢᠨ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ ᠵᠢ ᠪᠥᠬᠦ ᠲᠠᠯ᠎ᠠ᠎ᠪᠠᠷ ᠥᠷᠨᠢᠭᠦᠯᠵᠦ᠂ 《ᠵᠠᠰᠠᠭ᠎ᠤᠨ ᠣᠷᠳᠣᠨ ᠵᠶ᠋ᠠᠷ ᠭᠤᠤᠯᠯᠠᠭᠤᠯᠬᠤ᠂ ᠨᠡᠶ᠋ᠢᠲᠡ ᠵᠢᠨ ᠠᠰᠠᠷᠠᠮᠵᠢ ᠵᠢ ᠤᠷᠢᠳ ᠵᠶ᠋ᠠᠷ ᠬᠡᠷᠡᠭᠵᠢᠭᠦᠯᠬᠦ᠂ ᠬᠤᠳᠠᠯᠳᠤᠭ᠎ᠠ᠎ᠪᠠᠷ ᠮᠥᠷᠳᠡᠨ ᠳᠠᠭ᠋ᠠᠬᠤ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠲᠤᠯᠭ᠋ᠠᠭᠤᠷᠢᠯᠠᠬᠤ᠂ ᠲᠦᠷᠭᠡᠨ ᠰᠢᠪᠲᠤᠯᠬᠤ》 ᠠᠵᠢᠯ᠎ᠤᠨ ᠵᠣᠬᠢᠴᠠᠮᠵᠢ᠎ᠪᠠᠷ᠂ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠢ ᠪᠥᠲᠥᠭᠡᠨ ᠪᠠᠶ᠋ᠢᠭᠤᠯᠬᠤ ᠵᠢ ᠪᠥᠬᠦ ᠬᠦᠴᠦᠨ ᠵᠶ᠋ᠠᠷ ᠵᠶ᠋ᠠᠨ ᠠᠬᠢᠭᠤᠯᠪᠠ᠃ ᠨᠢᠭᠡ᠎ᠳᠤ᠂ ᠵᠢᠯ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠰᠠᠭᠤᠷᠢ ᠮᠥᠩᠭᠦ ᠵᠢᠨ ᠲᠥᠷᠥᠯ ᠵᠦᠢ᠍ᠯ᠎ᠢ 182 ᠲᠣᠬᠢᠷᠠᠭᠤᠯᠵᠤ᠂ 3.5 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠵᠤ᠂ ᠡᠭᠦᠨ᠎ᠳᠤ 1᠄ 2.5 ᠲᠦᠮᠡᠨ ᠲᠥᠭᠦᠷᠢᠭ᠎ᠤᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠭᠤᠷᠬᠠᠶ ᠵᠢᠨ ᠭᠠᠷᠤᠯᠲᠠ ᠵᠢᠨ ᠪᠠᠶ᠋ᠢᠴᠠᠭ᠋ᠠᠨ ᠰᠤᠳᠤᠯᠤᠯᠲᠠ ᠵᠢᠨ ᠲᠥᠷᠥᠯ ᠵᠦᠢ᠍ᠯ᠂ ᠪᠥᠬᠦ ᠣᠷᠣᠨ᠎ᠤ ᠭᠤᠤᠯᠳᠠᠯᠭ᠎ᠠ᠎ᠲᠠᠢ ᠪᠠᠶ᠋ᠢᠴᠠᠭ᠋ᠠᠯᠲᠠ ᠵᠢᠨ ᠣᠷᠣᠨ᠂ ᠬᠠᠶ᠋ᠢᠨ ᠪᠠᠶ᠋ᠢᠴᠠᠭ᠋ᠠᠬᠤ ᠣᠷᠣᠨ ᠵᠢᠴᠢ ᠠᠭᠤᠷᠬᠠᠶ ᠪᠣᠯᠬᠤ ᠳᠠᠯᠳᠠ ᠬᠦᠴᠦᠨ᠎ᠤ ᠣᠷᠣᠨ᠎ᠤ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠭᠤᠷᠬᠠᠶ ᠵᠢᠨ ᠭᠠᠷᠤᠯᠲᠠ ᠵᠢᠨ ᠬᠠᠶ᠋ᠢᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠂ ᠵᠢᠴᠢ ᠨᠡᠭᠦᠷᠡᠰᠦᠨ ᠳᠠᠪᠬᠤᠷᠭ᠎ᠠ ᠵᠢᠨ ᠬᠡᠢ᠂ ᠭᠠᠵᠠᠷ᠎ᠤᠨ ᠢᠯᠴᠢ ᠵᠡᠷᠭᠡ ᠴᠡᠪᠡᠷ ᠡᠨᠧᠷᠭᠢ ᠵᠢᠨ ᠲᠥᠷᠥᠯ ᠵᠦᠢ᠍ᠯ᠂ ᠤᠰᠤᠨ ᠰᠢᠨᠵᠢᠯᠡᠭᠡᠨ᠎ᠤ ᠲᠥᠷᠥᠯ ᠵᠦᠢ᠍ᠯ ᠵᠡᠷᠭᠡ ᠵᠢ ᠪᠠᠭᠲᠠᠭ᠋ᠠᠵᠤ᠂ ᠡᠲᠡᠭᠡᠷ ᠲᠥᠷᠥᠯ ᠵᠦᠢ᠍ᠯ᠎ᠢ ᠡᠨᠡ ᠵᠢᠯ᠎ᠤᠨ 5 ᠳ᠋ᠤᠭ᠋ᠠᠷ ᠰᠠᠷ᠎ᠠ᠎ᠳᠤ ᠨᠢᠭᠡᠨᠲᠡ ᠪᠦᠬᠦᠨ᠎ᠢ ᠠᠵᠢᠯ ᠡᠬᠢᠯᠡᠭᠦᠯᠦᠨ ᠬᠡᠷᠡᠭᠵᠢᠭᠦᠯᠪᠡ᠃ ᠡᠭᠦᠨ᠎ᠤ ᠬᠠᠮᠲᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠭᠤᠷᠬᠠᠶ ᠵᠢᠨ ᠭᠠᠷᠤᠯᠲᠠ ᠵᠢᠨ ᠠᠭᠤᠷᠬᠠᠶ ᠡᠷᠢᠬᠦ ᠠᠵᠢᠯᠯᠠᠭ᠎ᠠ ᠵᠢᠨ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠡᠷᠡᠭᠵᠢᠭᠦᠯᠬᠦ ᠲᠥᠰᠦᠯ》᠎ᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠳᠠᠭ᠋ᠠᠯᠠᠭᠳᠠᠴᠠ ᠵᠢᠨ ᠲᠣᠭᠲᠠᠭᠤᠨ ᠵᠶ᠋ᠠᠷ ᠨᠡᠮᠡᠭᠳᠡᠬᠦ ᠵᠢ ᠪᠠᠲᠤᠯᠠᠵᠤ᠂ ᠪᠠᠶᠬᠠᠤᠪᠤᠭ᠎ᠠ ᠭᠠᠵᠠᠷ ᠣᠷᠣᠨ᠎ᠤ ᠠᠭᠤᠷᠬᠠᠶ ᠡᠷᠢᠬᠦ ᠲᠤᠰᠬᠠᠶ ᠠᠵᠢᠯᠯᠠᠭ᠎ᠠ ᠵᠢ ᠬᠡᠷᠡᠭᠵᠢᠭᠦᠯᠵᠦ᠂ ᠪᠤᠭᠤᠲᠤ ᠵᠢᠨ ᠬᠤᠪᠣᠷ ᠰᠢᠷᠣᠶ ᠵᠢᠨ ᠰᠢᠨ᠎ᠡ ᠮᠠᠲ᠋ᠧᠷᠢᠶᠠᠯ᠎ᠤᠨ ᠰᠠᠭᠤᠷᠢᠨ ᠭᠠᠵᠠᠷ ᠪᠠ ᠬᠤᠪᠣᠷ ᠰᠢᠷᠣᠶ ᠵᠢᠨ ᠬᠡᠷᠡᠭᠯᠡᠭᠡᠨ᠎ᠤ ᠰᠠᠭᠤᠷᠢᠨ ᠭᠠᠵᠠᠷ᠎ᠢ ᠪᠥᠲᠥᠭᠡᠨ ᠪᠠᠶ᠋ᠢᠭᠤᠯᠬᠤ᠎ᠳᠤ ᠲᠤᠯᠭ᠋ᠠᠭᠤᠷᠢᠯᠠᠯ ᠬᠠᠩᠭ᠋ᠠᠪᠠ᠃ ᠬᠤᠶᠠᠷ᠎ᠲᠤ᠂ ᠡᠨᠧᠷᠭᠢ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠬᠠᠮᠢᠶᠠᠷᠤᠯᠲᠠ ᠵᠢ ᠴᠢᠩᠭ᠋ᠠᠳᠬᠠᠨ᠎ᠠ᠃ ᠨᠡᠭᠦᠷᠡᠰᠦᠨ᠎ᠤ ᠡᠬᠢ ᠪᠠᠶᠠᠯᠢᠭ᠎ᠢ ᠠᠷᠢᠭᠤᠨ ᠴᠡᠪᠡᠷ ᠥᠨᠳᠥᠷ ᠪᠦᠲᠦᠮᠵᠢᠲᠡᠶ᠎ᠪᠠᠷ ᠠᠰᠢᠭᠯᠠᠬᠤ ᠵᠢ ᠴᠢᠩᠭ᠋ᠠᠳᠬᠠᠵᠤ᠂ ᠰᠢᠨ᠎ᠡ ᠵᠡᠭᠡᠯᠢ ᠵᠢᠨ ᠲᠠᠶ᠋ᠢᠭ᠎ᠠ ᠰᠦᠮ᠎ᠡ ᠵᠢᠨ ᠠᠭᠤᠷᠬᠠᠢ ᠵᠢᠨ ᠣᠷᠣᠨ ᠵᠡᠷᠭᠡ ᠨᠢᠭᠡ ᠪᠦᠯᠦᠭ ᠣᠳᠣᠬᠢᠴᠢᠯᠠᠭᠰᠠᠨ ᠲᠣᠮᠣ ᠬᠡᠯᠪᠡᠷᠢ ᠵᠢᠨ ᠨᠡᠭᠦᠷᠡᠰᠦᠨ ᠠᠭᠤᠷᠬᠠᠢ ᠵᠢᠨ ᠠᠭᠤᠷᠬᠠᠢ ᠵᠢᠨ ᠦᠢ᠍ᠯᠡᠰ᠎ᠤᠨ ᠡᠷᠬᠡ ᠵᠢᠨ ᠭᠠᠷᠳᠠᠮ᠎ᠢ ᠭᠦᠢ᠍ᠴᠡᠳᠬᠡᠬᠦ ᠵᠢ ᠠᠬᠢᠭᠤᠯᠤᠨ᠎ᠠ᠃ ᠨᠡᠭᠦᠷᠡᠰᠦᠨ᠎ᠤ ᠡᠬᠢ ᠪᠠᠶᠠᠯᠢᠭ᠎ᠢ ᠵᠠᠬ᠎ᠠ ᠳᠡᠯᠭᠡᠭᠦᠷᠴᠢᠯᠡᠨ ᠬᠢᠮᠳᠠ᠎ᠪᠠᠷ ᠬᠤᠳᠠᠯᠳᠤᠬᠤ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠬᠡᠷᠡᠭᠲᠡᠶ᠃ ᠠᠭᠤᠷᠬᠠᠶ ᠵᠢᠨ ᠵᠦᠢ᠍ᠯ᠎ᠤᠨ ᠵᠥᠷᠢᠶᠡᠴᠢᠯᠡᠭᠰᠡᠨ ᠬᠠᠮᠢᠶᠠᠷᠤᠨ ᠡᠵᠡᠮᠳᠡᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠡᠯᠪᠡᠭ ᠲᠡᠮᠦᠷ᠂ ᠵᠡᠰ᠂ ᠠᠯᠲᠠ ᠵᠡᠷᠭᠡ ᠲᠡᠮᠦᠷᠯᠢᠭ ᠵᠢᠴᠢ ᠴᠢᠨᠠᠷ ᠰᠠᠶ᠋ᠢᠲᠠᠶ ᠲᠡᠮᠦᠷᠯᠢᠭ᠎ᠤᠨ ᠪᠤᠰᠤ ᠠᠭᠤᠷᠬᠠᠶ ᠵᠢᠨ ᠭᠠᠷᠤᠯᠲᠠ ᠵᠢ ᠭᠣᠤᠯᠳᠠᠯᠭ᠎ᠠ᠎ᠲᠠᠢ ᠨᠡᠭᠡᠭᠡᠨ ᠮᠠᠯᠲᠠᠵᠤ᠂ ᠠᠮᠢ ᠠᠬᠤᠶ ᠵᠢᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ᠎ᠪᠠᠷ ᠨᠡᠯᠢᠶᠡᠳ ᠶᠡᠬᠡ ᠠᠭᠤᠷᠬᠠᠶ ᠵᠢᠨ ᠭᠠᠷᠤᠯᠲᠠ ᠵᠢ ᠨᠡᠭᠡᠭᠡᠨ ᠮᠠᠯᠲᠠᠬᠤ ᠵᠢ ᠬᠣᠷᠢᠭᠯᠠᠨ᠎ᠠ᠃ ᠬᠣᠪᠣᠷ ᠰᠢᠷᠣᠶ ᠪᠠ ᠸᠣᠯᠹᠷᠠᠮ᠎ᠤᠨ ᠠᠭᠤᠷᠬᠠᠶ ᠵᠢᠨ ᠶᠡᠷᠦᠩᠬᠡᠶ ᠬᠡᠮᠵᠢᠶ᠎ᠡ ᠵᠢ ᠲᠣᠬᠢᠷᠠᠭᠤᠯᠤᠨ ᠡᠵᠡᠮᠳᠡᠵᠦ᠂ ᠤᠯᠤᠰ᠎ᠠᠴᠠ ᠪᠠᠭᠤᠯᠭ᠋ᠠᠭᠰᠠᠨ ᠨᠡᠭᠡᠭᠡᠨ ᠮᠠᠯᠲᠠᠬᠤ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠭᠦᠢ᠍ᠴᠡᠳᠭᠡᠯ ᠲᠣᠭ᠎ᠠ ᠵᠢᠨ ᠶᠣᠰᠣᠭ᠋ᠠᠷ ᠦᠢ᠍ᠯᠡᠳᠪᠦᠷᠢᠯᠡᠬᠦ ᠵᠢ ᠴᠢᠩᠭ᠎ᠠ ᠪᠠᠷᠢᠮᠲᠠᠯᠠᠨ᠎ᠠ᠃ ᠭᠤᠷᠪᠠ᠎ᠳᠤ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠠᠷᠪᠢᠲᠠᠶ ᠪᠥᠭᠡᠳ ᠥᠨᠳᠥᠷ ᠦᠷ᠎ᠡ ᠪᠦᠲᠦᠮᠵᠢᠲᠡᠶ᠎ᠪᠠᠷ ᠠᠰᠢᠭᠯᠠᠬᠤ ᠵᠢ ᠲᠦᠯᠬᠢᠨ ᠠᠬᠢᠭᠤᠯᠬᠤ ᠬᠡᠷᠡᠭᠲᠡᠶ᠃ ᠣᠨ᠎ᠤ ᠠᠭᠤᠷᠬᠠᠶ ᠵᠢᠨ ᠦᠢ᠍ᠯᠡᠰ᠎ᠤᠨ ᠡᠷᠬᠡᠲᠦ ᠬᠥᠮᠦᠨ᠎ᠤ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠵᠢ ᠢᠯᠡ ᠨᠡᠶ᠋ᠢᠲᠡᠯᠡᠬᠦ ᠮᠡᠳᠡᠭᠡ ᠵᠠᠩᠭᠢ ᠵᠢᠨ 《ᠬᠤᠶᠠᠷ᠎ᠢ ᠳᠠᠰᠢᠷᠠᠮ ᠳᠠᠭ᠋ᠠᠤ ᠨᠢᠭᠡ ᠵᠢ ᠢᠯᠡ ᠪᠣᠯᠭ᠋ᠠᠬᠤ》 ᠰᠤᠭᠤᠴᠢᠨ ᠪᠠᠶ᠋ᠢᠴᠠᠭ᠋ᠠᠬᠤ ᠬᠠᠷᠢᠴᠠᠯ᠎ᠢ ᠳᠡᠭᠡᠭᠰᠢᠯᠡᠭᠦᠯᠵᠦ᠂ ᠠᠭᠤᠷᠬᠠᠶ ᠵᠢᠨ ᠠᠵᠤ ᠠᠬᠤᠶ᠋ᠢᠯᠠᠯ᠎ᠤᠨ ᠴᠢᠬᠤᠯᠠ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ 《ᠭᠤᠷᠪᠠᠨ ᠨᠣᠷᠮ᠎ᠠ》᠂ ᠬᠠᠳᠠᠭ᠋ᠠᠯᠠᠭᠳᠠᠴᠠ ᠵᠢ ᠬᠥᠳᠡᠯᠭᠡᠨ ᠬᠡᠷᠡᠭᠯᠡᠭᠰᠡᠨ ᠪᠠᠶ᠋ᠢᠳᠠᠯ᠎ᠢ ᠰᠤᠭᠤᠴᠢᠨ ᠪᠠᠶ᠋ᠢᠴᠠᠭ᠋ᠠᠬᠤ ᠵᠢ ᠴᠢᠩᠭ᠋ᠠᠳᠬᠠᠨ᠎ᠠ᠃ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠲᠥᠰᠦᠯ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠣᠬᠢᠷᠲᠤᠯ ᠥᠬᠡᠶ ᠠᠭᠤᠷᠬᠠᠶ ᠵᠢᠨ 《ᠡᠷᠭᠢᠨ ᠬᠠᠷᠠᠬᠤ》᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠰᠢᠮᠳᠠᠭᠤᠯᠵᠤ᠂ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃

   ᠳᠥᠷᠪᠡ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠪᠠᠲᠤ ᠰᠠᠬᠢᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ

   ᠨᠢᠭᠡ᠎ᠳᠤ᠂ ᠲᠠᠷᠢᠶᠠᠨ ᠭᠠᠵᠠᠷ᠎ᠢ ᠬᠠᠮᠠᠭ᠋ᠠᠯᠠᠬᠤ ᠭᠤᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠎ᠠ᠃ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠠᠯᠲᠠ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠠᠮᠠᠭ᠋ᠠᠯᠠᠬᠤ ᠡᠭᠦᠷᠭᠡ ᠵᠢ ᠭᠦᠢ᠍ᠴᠡᠳ ᠲᠤᠭ᠎ᠠ᠎ᠪᠠᠷ ᠬᠤᠪᠢᠶᠠᠷᠢᠯᠠᠨ ᠪᠠᠭᠤᠯᠭ᠋ᠠᠵᠤ᠂ ᠱᠠᠲᠤ ᠱᠠᠲᠤ᠎ᠪᠠᠷ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢᠨ ᠪᠢᠴᠢᠭ᠎ᠲᠤ ᠭᠠᠷ᠎ᠤᠨ ᠥᠰᠥᠭ ᠵᠢᠷᠤᠵᠤ᠂ ᠲᠠᠷᠢᠶᠠᠨ ᠭᠠᠵᠠᠷ᠎ᠢ ᠬᠠᠮᠠᠭ᠋ᠠᠯᠠᠬᠤ᠎ᠳᠤ ᠨᠠᠮ ᠵᠠᠰᠠᠭ᠎ᠤᠨ ᠠᠳᠠᠯᠢ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠴᠢᠩᠭ᠎ᠠ ᠬᠢᠨᠠᠨ ᠰᠢᠯᠭ᠋ᠠᠵᠤ᠂ ᠴᠢᠬᠤᠯᠠ ᠶᠡᠭᠡ ᠠᠰᠠᠭᠤᠳᠠᠯ᠎ᠢ ᠨᠢᠭᠡ ᠯᠡ ᠪᠢᠯᠧᠲ ᠵᠶ᠋ᠠᠷ ᠬᠦᠴᠦᠨ ᠦᠭᠡᠢ ᠪᠣᠯᠭ᠋ᠠᠬᠤ᠂ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠵᠢ ᠬᠡᠷᠡᠭᠵᠢᠭᠦᠯᠬᠦ ᠬᠡᠷᠡᠭᠲᠡᠢ᠃ ᠬᠣᠶᠠᠷ᠎ᠲᠤ᠂ ᠲᠠᠷᠢᠶᠠᠨ ᠭᠠᠵᠠᠷ᠎ᠤᠨ ᠬᠡᠷᠡᠭᠯᠡᠯᠲᠡ ᠵᠢ ᠵᠠᠬᠢᠷᠤᠨ ᠬᠠᠮᠢᠶᠠᠷᠬᠤ ᠳᠦᠷᠢᠮ᠎ᠢ ᠴᠢᠩᠳᠠᠯᠠᠨ᠎ᠠ᠃ ᠲᠠᠷᠢᠶᠠᠨ ᠭᠠᠵᠠᠷ ᠪᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠬᠤᠪᠢᠶᠠᠷᠢᠯᠠᠨ ᠲᠣᠭᠲᠠᠭ᠋ᠠᠭᠰᠠᠨ ᠦᠷ᠎ᠡ ᠪᠦᠲᠦᠭᠡᠯ᠎ᠢ ᠪᠠᠬᠢᠵᠢᠭᠦᠯᠵᠦ᠂ 《ᠬᠤᠶᠠᠷ᠎ᠢ ᠲᠡᠩᠴᠡᠭᠦᠯᠵᠦ ᠨᠢᠭᠡ ᠵᠢ ᠦᠯᠦ ᠬᠦᠳᠡᠯᠭᠡᠯᠬᠡᠬᠦ》 ᠲᠦᠷᠢᠮ᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭ᠋ᠠᠬᠤ》 ᠵᠢ ᠡᠷᠡᠰ ᠬᠤᠷᠢᠭᠯᠠᠵᠤ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ 《ᠠᠮᠤ ᠪᠤᠳᠠᠭ᠋ᠠᠨ᠎ᠤ ᠪᠤᠰᠤ ᠪᠣᠯᠭ᠋ᠠᠬᠤ》 ᠵᠢ ᠴᠢᠩᠭ᠎ᠠ ᠬᠠᠮᠢᠶᠠᠷᠤᠨ ᠡᠵᠡᠮᠳᠡᠵᠦ᠂ ᠲᠠᠷᠢᠶᠠᠨ ᠭᠠᠵᠠᠷ᠎ᠢ ᠤᠷᠳᠤ ᠬᠤᠭᠤᠴᠠᠭ᠎ᠠ᠎ᠪᠠᠷ ᠲᠣᠭᠲᠠᠭᠤᠨ ᠵᠶ᠋ᠠᠷ ᠠᠰᠢᠭᠯᠠᠬᠤ ᠵᠢ ᠪᠠᠲᠤᠯᠠᠬᠤ ᠬᠡᠷᠡᠭᠲᠡᠢ᠃ ᠡᠨᠡ ᠵᠢᠯ᠎ᠠᠴᠠ ᠨᠠᠭ᠋ᠠᠰᠢ᠂ ᠪᠥᠬᠦ ᠣᠷᠣᠨ᠎ᠤ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠭᠰᠡᠨ ᠲᠠᠷᠢᠶᠠᠨ ᠭᠠᠵᠠᠷ 1641.41 ᠾᠧᠺᠲ᠋ᠠᠷ᠂ ᠨᠥᠬᠦᠪᠥᠷᠢ ᠲᠠᠷᠢᠶᠠᠨ ᠭᠠᠵᠠᠷ 1641.41 ᠾᠧᠺᠲ᠋ᠠᠷ᠎ᠲᠤ ᠬᠦᠷᠴᠦ᠂ ᠴᠥᠮ ᠲᠠᠷᠢᠶᠠᠨ ᠭᠠᠵᠠᠷ᠎ᠤᠨ 《ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ》 ᠵᠢ ᠨᠠᠶ᠋ᠢᠳᠠᠪᠤᠷᠢᠵᠢᠭᠤᠯᠪᠠ᠃ ᠭᠤᠷᠪᠠ᠎ᠳᠤ᠂ ᠲᠠᠷᠢᠶᠠᠨ ᠭᠠᠵᠠᠷ᠎ᠤᠨ ᠲᠤᠭ᠎ᠠ ᠬᠡᠮᠵᠢᠶ᠎ᠡ ᠪᠠ ᠶᠠᠰᠤ ᠴᠢᠨᠠᠷ᠎ᠤᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠲᠠᠷᠢᠶᠠᠯᠠᠬᠤ᠎ᠳᠤ ᠲᠣᠬᠢᠷᠠᠬᠤ ᠪᠡᠯᠡᠳᠬᠡᠯ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠲᠠᠯᠠᠪᠠᠢ ᠵᠢ ᠤᠯᠠᠮ ᠨᠢᠭᠡ ᠠᠯᠬᠤᠮ ᠥᠷᠭᠡᠳᠬᠡᠬᠦ ᠬᠡᠷᠡᠭᠲᠡᠶ᠃ ᠬᠥᠯᠥᠨ ᠪᠤᠶ᠋ᠢᠷ᠂ ᠬᠢᠩᠭ᠋ᠠᠨ ᠠᠶ᠋ᠢᠮᠠᠭ ᠵᠡᠷᠭᠡ ᠤᠰᠤᠨ᠎ᠤ ᠡᠬᠢ ᠪᠠᠶᠠᠯᠢᠭ ᠵᠶ᠋ᠠᠷ ᠡᠯᠪᠡᠭ ᠭᠠᠵᠠᠷ ᠣᠷᠣᠨ᠎ᠢ ᠵᠣᠷᠢᠭᠵᠢᠭᠤᠯᠵᠤ ᠪᠠᠶ᠋ᠢᠭ᠋ᠠᠳ ᠤᠰᠤᠨ ᠲᠠᠷᠢᠶ᠎ᠠ ᠵᠢ ᠪᠦᠲᠦᠭᠡᠨ ᠪᠠᠶ᠋ᠢᠭᠤᠯᠬᠤ ᠡᠷᠴᠢᠮ ᠵᠶ᠋ᠠᠨ ᠨᠡᠮᠡᠭᠳᠡᠭᠦᠯᠵᠦ᠂ ᠪᠦᠬᠦ ᠣᠷᠣᠨ᠎ᠳᠤ ᠤᠰᠤᠨ ᠲᠠᠷᠢᠶᠠᠨ᠎ᠤ ᠭᠦᠢ᠍ᠴᠡᠳᠭᠡᠯ ᠲᠣᠭ᠎ᠠ ᠵᠢ ᠨᠢᠭᠡᠨᠲᠡ 3 ᠲᠦᠮᠡ ᠰᠢᠬᠠᠮ ᠮᠦ᠍ ᠪᠠᠶ᠋ᠢᠭᠤᠯᠵᠤ ᠳᠠᠭᠤᠰᠬᠠᠪᠠ᠃ ᠲᠦᠷᠪᠡ᠎ᠳᠤ᠂ ᠬᠠᠷ᠎ᠠ ᠬᠥᠷᠥᠰᠥ ᠵᠢ ᠬᠠᠮᠠᠭ᠋ᠠᠯᠠᠨ ᠠᠰᠢᠭᠯᠠᠬᠤ ᠵᠢ ᠴᠢᠩᠭ᠋ᠠᠳᠬᠠᠨ᠎ᠠ᠃ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠬᠠᠷ᠎ᠠ ᠬᠥᠷᠥᠰᠥᠲᠦ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠵᠢ ᠬᠢᠨᠠᠨ ᠪᠠᠶ᠋ᠢᠴᠠᠭ᠋ᠠᠬᠤ ᠵᠢ ᠴᠢᠩᠭ᠋ᠠᠳᠬᠠᠵᠤ᠂ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠬᠠᠷ᠎ᠠ ᠬᠥᠷᠥᠰᠥᠲᠦ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠵᠢ ᠴᠢᠩᠭ᠎ᠠ ᠬᠢᠵᠠᠭ᠋ᠠᠷᠯᠠᠵᠤ᠂ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠬᠠᠷ᠎ᠠ ᠬᠥᠷᠥᠰᠥᠲᠦ ᠲᠠᠷᠢᠶᠠᠨ ᠭᠠᠵᠠᠷ᠎ᠤᠨ ᠬᠥᠷᠥᠰᠥ ᠵᠢ ᠡᠵᠡᠯᠡᠨ ᠬᠡᠷᠡᠭᠯᠡᠬᠦ ᠪᠠ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠬᠠᠮᠢᠶᠠᠷᠤᠯᠲᠠ ᠵᠢ ᠴᠢᠩᠭ᠎ᠠ ᠨᠠᠶ᠋ᠢᠳᠠᠪᠤᠷᠢᠵᠢᠭᠤᠯᠤᠨ᠎ᠠ᠃

   ᠲᠠᠪᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠴᠦᠨ ᠵᠦᠢ᠍ᠯ᠎ᠤᠨ ᠪᠠᠲᠤᠯᠠᠭ᠎ᠠ ᠵᠢ ᠬᠦᠴᠦᠯᠡᠨ ᠰᠠᠶ᠋ᠢᠲᠤᠷ ᠬᠢᠵᠦ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢ ᠢᠳᠡᠪᠬᠢᠲᠡᠶ ᠠᠬᠢᠭᠤᠯᠤᠨ᠎ᠠ

   ᠴᠢᠬᠤᠯᠠ ᠶᠡᠭᠡ ᠲᠦᠷᠦᠯ ᠵᠦᠢ᠍ᠯ᠎ᠤᠨ ᠭᠠᠵᠠᠷ ᠬᠡᠷᠡᠭᠯᠡᠬᠦ ᠪᠠᠲᠤᠯᠠᠭ᠎ᠠ ᠵᠢ ᠪᠦᠬᠦ ᠬᠦᠴᠦᠨ ᠵᠶ᠋ᠠᠷ ᠰᠠᠶ᠋ᠢᠲᠤᠷ ᠬᠢᠨ᠎ᠡ᠃ 《ᠲᠥᠷᠥᠯ ᠵᠦᠢ᠍ᠯ᠎ᠨᠢ ᠲᠥᠯᠥᠪᠵᠢᠭᠦᠯᠭᠡ᠎ᠪᠠᠨ ᠳᠠᠭ᠋ᠠᠵᠤ᠂ ᠬᠦᠴᠦᠨ ᠵᠦᠢ᠍ᠯ᠎ᠨᠢ ᠲᠥᠷᠥᠯ ᠵᠦᠢ᠍ᠯ ᠵᠶ᠋ᠠᠨ ᠳᠠᠭ᠋ᠠᠬᠤ》 ᠵᠢ ᠪᠠᠷᠢᠮᠲᠠᠯᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠲᠥᠷᠥᠯ ᠵᠦᠢ᠍ᠯ᠎ᠤᠨ ᠨᠠᠷᠢᠯᠢᠭ ᠬᠠᠭᠤᠳᠠᠰᠤ᠎ᠳᠤ ᠵᠢᠭᠰᠠᠭ᠋ᠠᠨ ᠣᠷᠣᠭᠤᠯᠤᠭᠰᠠᠨ ᠲᠥᠷᠥᠯ ᠵᠦᠢ᠍ᠯ᠎ᠤᠨ ᠬᠡᠷᠡᠭᠯᠡᠬᠦ ᠭᠠᠵᠠᠷ᠎ᠢ ᠪᠠᠲᠤᠯᠠᠬᠤ ᠶᠣᠰᠣᠲᠠᠶ ᠵᠢ᠎ᠨᠢ ᠴᠥᠮ ᠪᠠᠲᠤᠯᠠᠬᠤ ᠬᠡᠷᠡᠭᠲᠡᠶ᠃ ᠵᠠᠮ ᠬᠠᠷᠢᠯᠴᠠᠭ᠎ᠠ᠂ ᠡᠨᠧᠷᠭᠢ᠂ ᠤᠰᠤᠨ ᠠᠰᠢᠭᠯᠠᠯᠲᠠ᠂ ᠮᠡᠳᠡᠭᠡ ᠵᠠᠩᠭᠢ ᠵᠡᠷᠭᠡ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢ ᠭᠤᠤᠯᠳᠠᠯᠭ᠎ᠠ᠎ᠲᠠᠢ ᠳᠡᠮᠵᠢᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠴᠢᠬᠤᠯᠠ ᠶᠡᠭᠡ ᠢᠨᠵᠧᠨᠧᠷᠢᠩ᠎ᠢ ᠲᠦᠷᠭᠡᠬᠡᠨ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ᠃ ᠡᠭᠦᠨ᠎ᠤ ᠬᠠᠮᠲᠤ᠂ ᠰᠢᠨ᠎ᠡ ᠡᠨᠧᠷᠭᠢ ᠵᠢᠨ ᠲᠥᠷᠥᠯ ᠵᠦᠢ᠍ᠯ᠎ᠤᠨ ᠭᠠᠵᠠᠷ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠤᠷᠢᠳ ᠵᠶ᠋ᠠᠷ ᠪᠠᠲᠤᠯᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠣᠮᠣ ᠬᠡᠯᠪᠡᠷᠢ ᠵᠢᠨ ᠰᠠᠯᠬᠢᠨ ᠬᠦᠴᠦᠨ᠎ᠤ ᠴᠠᠬᠢᠯᠭ᠋ᠠᠨ ᠭᠡᠷᠡᠯ ᠴᠡᠨᠡᠭ ᠵᠶ᠋ᠠᠷ ᠴᠠᠬᠢᠯᠭ᠋ᠠᠨ ᠭᠠᠷᠭ᠋ᠠᠬᠤ ᠲᠥᠷᠥᠯ ᠵᠦᠢ᠍ᠯ᠎ᠤᠨ ᠡᠯᠡᠰᠦ ᠮᠠᠩᠬ᠎ᠠ᠂ ᠭᠤᠪᠢ ᠴᠦᠯᠯᠡᠷᠭᠡᠭ ᠵᠡᠷᠭᠡ ᠠᠰᠢᠭᠯᠠᠭ᠋ᠠᠳᠤᠶ ᠭᠠᠵᠠᠷ᠎ᠢ ᠬᠡᠷᠡᠭᠯᠡᠬᠦ ᠵᠢ ᠵᠣᠷᠢᠭᠵᠢᠭᠤᠯᠵᠤ᠂ ᠲᠦᠷᠢᠶᠡᠰᠦᠯᠡᠭᠦᠯᠬᠦ ᠪᠤᠶᠤ ᠬᠤᠪᠢ ᠣᠷᠣᠭᠤᠯᠬᠤ ᠠᠷᠭ᠎ᠠ ᠮᠠᠶᠢᠭ ᠵᠶ᠋ᠠᠷ ᠭᠠᠵᠠᠷ ᠬᠡᠷᠡᠭᠯᠡᠬᠦ ᠵᠢ ᠠᠬᠢᠭᠤᠯᠵᠤ᠂ ᠣᠷᠣᠨ ᠨᠤᠲᠤᠭ ᠪᠤᠶᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠵᠢᠨ ᠣᠷᠳᠣ ᠬᠤᠭᠤᠴᠠᠭ᠎ᠠ᠎ᠪᠠᠷ ᠦᠷᠭᠦᠯᠵᠢᠯᠡᠭᠦᠯᠵᠦ ᠪᠣᠯᠬᠤ ᠭᠠᠵᠠᠷ ᠰᠢᠷᠣᠶ ᠵᠢᠨ ᠠᠰᠢᠭ ᠣᠯᠵᠠᠪᠤᠷᠢ ᠤᠯᠬᠤ ᠵᠢ ᠪᠠᠲᠤᠯᠠᠨ᠎ᠠ᠃ 2023 ᠣᠨ᠎ᠳᠤ ᠪᠥᠬᠦ ᠣᠷᠣᠨ᠎ᠳᠤ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠨᠢ 5000 ᠲᠦᠮᠡᠨ ᠲᠥᠭᠦᠷᠢᠭ᠎ᠠᠴᠠ ᠳᠡᠭᠡᠭᠰᠢ᠂ ᠠᠵᠤ ᠠᠬᠤᠶ᠋ᠢᠯᠠᠯ᠎ᠤᠨ ᠪᠠᠯᠠ ᠣᠷᠣᠭᠤᠯᠤᠯᠲᠠ᠎ᠨᠢ ᠳ᠋ᠦᠩᠰᠢᠭᠤᠷ ᠲᠥᠭᠦᠷᠢᠭ᠎ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ ᠲᠥᠯᠥᠪᠯᠡᠵᠦ ᠪᠣᠶ᠂ 1790 ᠭᠠᠵᠠᠷ ᠬᠡᠷᠡᠭᠯᠡᠬᠦ ᠭᠠᠷᠳᠠᠮ᠎ᠢ ᠭᠦᠢ᠍ᠴᠡᠳᠭᠡᠬᠦ ᠲᠥᠷᠥᠯ ᠵᠦᠢ᠍ᠯ᠎ᠢ ᠭᠦᠢ᠍ᠴᠡᠳᠭᠡᠬᠦ᠎ᠳᠤ ᠬᠤᠯᠪᠣᠭᠳᠠᠵᠤ᠂ ᠣᠳᠣᠬᠠᠨ᠎ᠳᠤ ᠨᠢᠭᠡᠨᠲᠡ 1628 ᠵᠦᠢ᠍ᠯᠡᠰ᠎ᠢ ᠬᠦᠢ᠍ᠴᠡᠳᠭᠡᠵᠦ ᠳᠠᠭᠤᠰᠬᠠᠨ᠂ 57 ᠵᠢ ᠶᠠᠭ ᠭᠦᠢ᠍ᠴᠡᠳᠭᠡᠵᠦ᠂ ᠭᠦᠢ᠍ᠴᠡᠳᠭᠡᠬᠦ ᠵᠠᠩᠭᠢᠯᠠᠭ᠎ᠠ ᠵᠢᠨ ᠴᠡᠭ 105 ᠪᠣᠯᠵᠤ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ᠎ᠨᠢ 91%᠎ᠳᠤ ᠬᠦᠷᠪᠡ᠃

   ᠵᠢᠷᠭᠤᠭ᠎ᠠ᠂ ᠭᠠᠵᠠᠷ ᠰᠢᠷᠣᠶ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠵᠢ ᠲᠠᠰᠤᠷᠠᠯᠲᠠ ᠤᠢ᠍ᠭᠡᠢ ᠴᠢᠩᠭ᠋ᠠᠷᠠᠭᠤᠯᠵᠤ᠂ ᠭᠠᠵᠠᠷ ᠰᠢᠷᠣᠶ ᠵᠢᠨ ᠡᠬᠢ ᠪᠠᠶᠠᠯᠢᠭ᠎ᠢ ᠠᠷᠪᠢᠲᠠᠶ ᠪᠥᠭᠡᠳ ᠳᠣᠷᠪᠢᠯᠢᠭ ᠵᠶ᠋ᠠᠷ ᠠᠰᠢᠭᠯᠠᠬᠤ ᠵᠢ ᠦᠨᠡᠨ ᠬᠦ᠌ ᠠᠬᠢᠭᠤᠯᠬᠤ ᠬᠡᠷᠡᠭᠲᠡᠶ

   ᠨᠢᠭᠡ᠎ᠳᠤ᠂ ᠵᠦᠪᠰᠢᠶᠡᠷᠡᠭᠰᠡᠨ ᠪᠠᠶ᠋ᠢᠲᠠᠯ᠎ᠠ ᠦᠯᠦ ᠬᠠᠩᠭ᠋ᠠᠭᠰᠠᠨ᠂ ᠰᠤᠯᠠ ᠲᠠᠯᠪᠢᠭᠳᠠᠵᠤ ᠪᠠᠶ᠋ᠢᠭ᠎ᠠ ᠭᠠᠵᠠᠷ ᠰᠢᠷᠤᠢ ᠵᠢ ᠲᠤᠶ᠋ᠢᠯᠪᠤᠷᠢᠲᠠᠢ ᠵᠠᠰᠠᠬᠤ ᠵᠢ ᠪᠦᠬᠦ ᠬᠦᠴᠦᠨ ᠵᠶ᠋ᠠᠷ ᠠᠬᠢᠭᠤᠯᠤᠨ᠎ᠠ᠃ 《ᠨᠢᠭᠡ ᠭᠠᠵᠠᠷ᠎ᠲᠤ ᠨᠢᠭᠡ ᠠᠷᠭ᠎ᠠ ᠪᠣᠳᠣᠯᠭ᠎ᠠ ᠠᠪᠬᠤ》 ᠡᠬᠡ ᠲᠠᠩᠰᠠ ᠪᠠ ᠲᠥᠷᠥᠯ ᠬᠤᠪᠢᠶᠠᠨ ᠰᠢᠢ᠍ᠳᠪᠦᠷᠢᠯᠡᠬᠦ ᠠᠷᠭ᠎ᠠ ᠬᠡᠮᠵᠢᠶ᠎ᠡ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠵᠠᠳᠠᠯᠤᠨ ᠰᠤᠳᠤᠯᠵᠤ ᠮᠠᠭ᠋ᠠᠳᠯᠠᠬᠤ᠂ ᠮᠥᠷᠳᠡᠨ ᠬᠢᠨᠠᠨ ᠵᠢᠯᠣᠭᠤᠳᠬᠤ᠂ ᠵᠠᠷᠯᠠᠨ ᠪᠣᠯᠵᠣᠨ ᠶᠠᠷᠢᠯᠴᠠᠬᠤ ᠵᠢ ᠴᠢᠩᠭ᠋ᠠᠳᠬᠠᠨ᠂ ᠵᠥᠪᠰᠢᠶᠡᠷᠡᠭᠰᠡᠨ ᠪᠠᠶ᠋ᠢᠲᠠᠯ᠎ᠠ ᠬᠠᠩᠭ᠋ᠠᠭᠰᠠᠨ ᠥᠬᠡᠶ ᠪᠠ ᠰᠤᠯᠠ ᠲᠠᠯᠪᠢᠭᠳᠠᠵᠤ ᠪᠠᠶ᠋ᠢᠭ᠎ᠠ ᠭᠠᠵᠠᠷ ᠰᠢᠷᠣᠶ ᠵᠢ ᠰᠢᠩᠭᠡᠭᠡᠨ ᠰᠢᠢ᠍ᠳᠪᠦᠷᠢᠯᠡᠬᠦ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ 2023 ᠣᠨ᠎ᠳᠤ ᠵᠦᠪᠰᠢᠶᠡᠷᠡᠭᠰᠡᠨ ᠪᠠᠶ᠋ᠢᠲᠠᠯ᠎ᠠ ᠦᠯᠦ ᠬᠠᠩᠭ᠋ᠠᠭᠰᠠᠨ ᠭᠠᠵᠠᠷ ᠰᠢᠷᠣᠶ ᠵᠢ 13.54 ᠲᠦᠮᠡᠨ ᠮᠥ᠍᠂ ᠰᠤᠯᠠ ᠪᠠᠶ᠋ᠢᠭ᠎ᠠ ᠭᠠᠵᠠᠷ ᠰᠢᠷᠣᠶ ᠵᠢ 6.29 ᠲᠦᠮᠡᠨ ᠮᠥ᠍ (ᠥᠪᠡᠷ᠎ᠤᠨ ᠪᠠᠷᠢᠮᠵᠢᠶ᠎ᠠ ᠵᠢ ᠳᠡᠭᠡᠭᠰᠢᠯᠡᠭᠦᠯᠦᠨ ᠳᠠᠷᠤᠯᠲᠠ ᠨᠡᠮᠡᠭᠳᠡᠭᠦᠯᠵᠦ᠂ ᠰᠤᠯᠠ ᠪᠠᠶ᠋ᠢᠭ᠎ᠠ ᠭᠠᠵᠠᠷ ᠰᠢᠷᠣᠶ ᠵᠢ ᠰᠢᠢ᠍ᠳᠪᠦᠷᠢᠯᠡᠬᠦ ᠡᠭᠦᠷᠭᠡ ᠵᠢᠨ ᠬᠡᠮᠵᠢᠶ᠎ᠡ ᠵᠢ 3.82 ᠲᠦᠮᠡᠨ ᠮᠥ᠍ ᠪᠠᠶ᠋ᠢᠭᠰᠠᠨ᠎ᠠᠴᠠ 6.29 ᠲᠦᠮᠡᠨ ᠮᠥ᠍ ᠪᠣᠯᠭ᠋ᠠᠨ ᠳᠡᠭᠡᠭᠰᠢᠯᠡᠬᠦᠯᠵᠡᠢ)᠃ ᠣᠳᠣᠬᠠᠨ ᠪᠣᠯᠲᠠᠯ᠎ᠠ᠂ ᠪᠥᠬᠦ ᠣᠷᠣᠨ᠎ᠤ ᠵᠦᠪᠰᠢᠶᠡᠷᠡᠭᠰᠡᠨ ᠪᠠᠶ᠋ᠢᠲᠠᠯ᠎ᠠ ᠦᠯᠦ ᠬᠠᠩᠭ᠋ᠠᠭᠰᠠᠨ ᠭᠠᠵᠠᠷ ᠰᠢᠷᠣᠢ ᠵᠢ ᠨᠢᠭᠡᠨᠲᠡ 8.82 ᠲᠦᠮᠡᠨ ᠮᠦ᠍ ᠰᠢᠩᠭᠡᠭᠡᠵᠦ᠂ 2023 ᠣᠨ᠎ᠤ ᠰᠢᠩᠭᠡᠭᠡᠬᠦ ᠡᠭᠦᠷᠭᠡ (13.54 ᠲᠦᠮᠡᠨ ᠮᠦ᠍) ᠵᠢᠨ 65.15% ᠵᠢ ᠪᠡᠶᠡᠯᠡᠭᠦᠯᠪᠡ᠃ ᠰᠤᠯᠠ ᠲᠠᠯᠪᠢᠵᠤ ᠪᠠᠶ᠋ᠢᠭ᠎ᠠ ᠭᠠᠵᠠᠷ ᠰᠢᠷᠣᠶ ᠵᠢ ᠨᠢᠭᠡᠨᠲᠡ 4.81 ᠲᠦᠮᠡᠨ ᠮᠥ᠍ ᠰᠢᠢ᠍ᠳᠪᠦᠷᠢᠯᠡᠵᠦ᠂ 2023 ᠣᠨ᠎ᠤ ᠰᠢᠢ᠍ᠳᠪᠦᠷᠢᠯᠡᠬᠦ ᠡᠭᠦᠷᠭᠡ (6.29 ᠲᠦᠮᠡᠨ ᠮᠥ᠍) ᠵᠢᠨ 76.41% ᠵᠢ ᠪᠡᠶᠡᠯᠡᠭᠦᠯᠵᠦ᠂ ᠬᠠᠭ᠋ᠠᠰ ᠬᠤᠭᠤᠴᠠᠭ᠎ᠠ᠎ᠠᠴᠠ ᠬᠡᠲᠦᠷᠡᠭᠰᠡᠨ ᠡᠭᠦᠷᠭᠡ ᠵᠢᠨ ᠬᠠᠭ᠋ᠠᠰ᠎ᠠᠴᠠ ᠬᠡᠲᠦᠷᠡᠭᠰᠡᠨ ᠬᠠᠷᠠᠯᠲᠠ ᠵᠢ ᠳᠠᠪᠠᠭᠤᠯᠤᠨ ᠪᠡᠶᠡᠯᠡᠭᠦᠯᠪᠡ᠃ ᠬᠤᠶᠠᠷ᠎ᠲᠤ᠂ ᠨᠡᠮᠡᠭᠳᠡᠯ ᠬᠠᠰᠤᠭᠳᠠᠯ᠎ᠢ ᠬᠤᠯᠪᠣᠭᠳᠠᠭᠤᠯᠬᠤ ᠲᠦᠷᠦᠯ ᠵᠦᠢ᠍ᠯ᠎ᠤᠨ ᠬᠡᠷᠡᠭᠵᠢᠭᠦᠯᠦᠯᠲᠡ ᠵᠢ ᠢᠳᠡᠪᠬᠢᠲᠡᠢ ᠠᠬᠢᠭᠤᠯᠬᠤ ᠬᠡᠷᠡᠭᠲᠡᠢ᠃ 《ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠰᠢᠷᠣᠶ ᠵᠢᠨ ᠨᠡᠮᠡᠭᠳᠡᠯ ᠬᠠᠰᠤᠭᠳᠠᠯ᠎ᠢ ᠬᠤᠯᠪᠣᠭᠳᠠᠭᠤᠯᠬᠤ ᠵᠢ ᠵᠢᠷᠤᠮᠵᠢᠭᠤᠯᠤᠨ ᠬᠡᠷᠡᠭᠵᠢᠭᠦᠯᠬᠦ ᠵᠢᠴᠢ ᠲᠤᠷᠰᠢᠯᠭ᠎ᠠ ᠵᠢ ᠳᠡᠯᠭᠡᠷᠡᠭᠦᠯᠬᠦ ᠲᠤᠬᠠᠶ ᠵᠢᠯᠣᠭᠤᠳᠬᠤ ᠰᠠᠨᠠᠯ》᠎ᠢ ᠨᠡᠶ᠋ᠢᠲᠡᠯᠡᠵᠦ᠂ ᠪᠦᠬᠦ ᠲᠣᠰᠬᠤᠨ ᠵᠶ᠋ᠠᠷ᠎ᠨᠢ ᠨᠡᠭᠦᠯᠭᠡᠬᠦ᠂ ᠣᠨᠳᠣᠤ ᠭᠠᠵᠠᠷ᠎ᠲᠤ ᠨᠡᠭᠦᠯᠭᠡᠨ ᠶᠠᠳᠠᠭᠤ ᠵᠢ ᠲᠡᠳᠬᠦᠬᠦ᠂ ᠬᠥᠳᠡᠭᠡ ᠲᠣᠰᠬᠤᠨ᠎ᠤ ᠬᠠᠮᠲᠤ ᠵᠢᠨ ᠦᠢ᠍ᠯᠡᠳᠪᠦᠷᠢ ᠠᠭᠤᠷᠬᠠᠶ᠎ᠳᠤ ᠬᠡᠷᠡᠭᠯᠡᠬᠦ ᠭᠠᠵᠠᠷ ᠵᠡᠷᠭᠡ 3 ᠵᠦᠢ᠍ᠯ᠎ᠤᠨ ᠵᠠᠭᠪᠤᠷ᠎ᠢ ᠳᠡᠯᠭᠡᠷᠡᠭᠦᠯᠵᠦ᠂ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠰᠢᠷᠣᠶ ᠵᠢᠨ ᠨᠡᠮᠡᠭᠳᠡᠯ ᠬᠠᠰᠤᠭᠳᠠᠯ᠎ᠢ ᠬᠤᠯᠪᠣᠭᠳᠠᠭᠤᠯᠬᠤ ᠠᠵᠢᠯ᠎ᠳᠤ ᠥᠯᠢᠭᠡᠷ ᠳᠠᠭᠤᠷᠢᠶᠠᠯ ᠪᠣᠯᠬᠤ ᠠᠷᠭ᠎ᠠ ᠵᠠᠮ᠎ᠢ ᠬᠠᠩᠭ᠋ᠠᠨ᠎ᠠ᠃ ᠭᠤᠷᠪᠠ᠎ᠳᠤ᠂ 《ᠣᠷᠣᠨ ᠪᠦᠰᠡ ᠵᠢᠨ ᠦᠨᠡᠯᠡᠯᠲᠡ ᠵᠢᠨ ᠪᠠᠷᠢᠮᠵᠢᠶᠠᠲᠤ ᠭᠠᠵᠠᠷ》᠎ᠤᠨ ᠵᠠᠭᠪᠤᠷ᠎ᠢ ᠦᠷᠭᠦᠯᠵᠢᠯᠡᠨ ᠬᠡᠷᠡᠭᠵᠢᠭᠦᠯᠦᠨ᠎ᠡ᠃ ᠣᠷᠣᠨ ᠪᠦᠰᠡ ᠵᠢᠨ ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠢ ᠭᠦᠢ᠍ᠴᠡᠳ ᠰᠠᠶ᠋ᠢᠲᠤᠷ ᠠᠰᠢᠭᠯᠠᠵᠤ᠂ ᠠᠵᠤ ᠠᠬᠤᠶ᠋ᠢᠯᠠᠯ᠎ᠤᠨ ᠣᠷᠣᠭᠤᠯᠤᠯᠲᠠ ᠵᠢᠨ ᠥᠪᠡᠷ᠎ᠤᠨ ᠥᠷᠲᠡᠭ᠎ᠢ ᠦᠨᠡᠨ ᠬᠦ᠌ ᠪᠠᠭ᠋ᠠᠰᠬᠠᠨ᠎ᠠ᠃ ᠡᠯ᠎ᠡ ᠲᠥᠷᠥᠯ᠎ᠤᠨ ᠨᠡᠭᠡᠭᠡᠯᠲᠡ ᠵᠢᠨ ᠣᠷᠣᠨ᠎ᠳᠤ ᠰᠢᠨ᠎ᠡ᠎ᠪᠠᠷ ᠨᠡᠮᠡᠭᠳᠡᠭᠰᠡᠨ ᠠᠵᠤ ᠦᠢ᠍ᠯᠡᠳᠪᠦᠷᠢ ᠵᠢᠨ ᠬᠡᠷᠡᠭᠯᠡᠬᠦ ᠭᠠᠵᠠᠷ᠎ᠤᠨ 《ᠪᠠᠷᠢᠮᠵᠢᠶᠠᠲᠤ ᠭᠠᠵᠠᠷ》᠎ᠤᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ ᠰᠢᠨ᠎ᠡ᠎ᠪᠠᠷ ᠨᠡᠮᠡᠭᠳᠡᠭᠦᠯᠬᠦ ᠠᠵᠤ ᠦᠢ᠍ᠯᠡᠳᠪᠦᠷᠢ ᠵᠢᠨ ᠬᠡᠷᠡᠭᠯᠡᠬᠦ ᠭᠠᠵᠠᠷ᠎ᠤᠨ ᠰᠢᠯᠵᠢᠭᠦᠯᠦᠨ ᠥᠭᠬᠦ ᠬᠠᠷᠢᠴᠠᠯ᠎ᠢ 30%᠎ᠲᠤ ᠬᠦᠷᠭᠡᠬᠦ ᠵᠢ ᠦᠨᠡᠨ ᠬᠦ᠌ ᠪᠠᠲᠤᠯᠠᠨ᠎ᠠ᠃ 7 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠰᠢᠨ᠎ᠡ᠎ᠪᠠᠷ ᠨᠡᠮᠡᠭᠳᠡᠭᠰᠡᠨ ᠠᠵᠤ ᠦᠢ᠍ᠯᠡᠳᠪᠦᠷᠢ᠎ᠳᠤ ᠬᠡᠷᠡᠭᠯᠡᠬᠦ ᠭᠠᠵᠠᠷ 《ᠪᠠᠷᠢᠮᠵᠢᠶᠠᠲᠤ ᠭᠠᠵᠠᠷ》᠎ᠤᠨ ᠰᠢᠯᠵᠢᠭᠦᠯᠦᠨ ᠬᠤᠳᠠᠯᠳᠤᠬᠤ ᠵᠢ ᠨᠡᠶ᠋ᠢᠲᠡ 121 ᠪᠡᠶᠡᠯᠡᠭᠦᠯᠵᠦ᠂ ᠶᠡᠷᠦᠩᠬᠡᠶ ᠲᠠᠯᠠᠪᠠᠶ᠎ᠨᠢ 1316.66 ᠾᠧᠺᠲ᠋ᠠᠷ ᠪᠠᠶ᠋ᠢᠵᠤ᠂ ᠰᠢᠨ᠎ᠡ᠎ᠪᠠᠷ ᠨᠡᠮᠡᠭᠳᠡᠭᠰᠡᠨ ᠠᠵᠤ ᠦᠢ᠍ᠯᠡᠳᠪᠦᠷᠢ᠎ᠳᠤ ᠬᠡᠷᠡᠭᠯᠡᠬᠦ ᠭᠠᠵᠠᠷ ᠰᠢᠷᠣᠶ ᠵᠢᠨ ᠰᠢᠯᠵᠢᠭᠦᠯᠦᠨ ᠥᠭᠬᠦ ᠳᠤᠮᠳᠠ 52.16% ᠵᠢ ᠡᠵᠡᠯᠡᠪᠡ᠃ ᠳᠥᠷᠪᠡ᠎ᠳᠤ᠂ 《ᠭᠠᠵᠠᠷ ᠰᠢᠷᠣᠶ ᠵᠢᠨ ᠬᠡᠲᠦ ᠳᠡᠯᠭᠡᠭᠦᠷ》᠎ᠤᠨ ᠪᠥᠲᠥᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠥᠷᠨᠢᠭᠦᠯᠦᠨ᠎ᠡ᠃ 《ᠭᠠᠵᠠᠷ ᠰᠢᠷᠣᠶ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠵᠢ ᠭᠦᠨᠵᠡᠭᠡᠶ᠋ᠢᠷᠡᠭᠦᠯᠵᠦ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠢᠯᠣᠭᠤᠳᠬᠤ ᠰᠠᠨᠠᠯ》᠎ᠤᠨ ᠱᠠᠭ᠋ᠠᠷᠳᠠᠯᠭ᠎ᠠ ᠶᠣᠰᠣᠭ᠋ᠠᠷ᠂ ᠥᠪᠥᠷ ᠮᠣᠩᠭᠤᠯ᠎ᠤᠨ ᠭᠠᠵᠠᠷ ᠰᠢᠷᠣᠶ ᠵᠢᠨ ᠬᠡᠲᠦ ᠳᠡᠯᠭᠡᠭᠦᠷ᠎ᠤᠨ ᠡᠭᠦᠯᠡᠨ ᠳᠡᠭᠡᠷᠡᠬᠢ ᠭᠠᠵᠠᠷ ᠰᠣᠩᠭᠤᠬᠤ ᠲᠠᠪᠴᠠᠩ᠎ᠢ ᠰᠤᠳᠤᠯᠤᠨ ᠨᠡᠭᠡᠭᠡᠵᠦ᠂ ᠠᠷᠠᠯᠵᠢᠶ᠎ᠠ᠎ᠳᠤ ᠨᠡᠶ᠋ᠢᠴᠡᠬᠦ ᠭᠠᠵᠠᠷ ᠰᠢᠷᠣᠶ ᠵᠢᠨ ᠡᠬᠢ ᠪᠠᠶᠠᠯᠢᠭ᠎ᠤᠨ ᠭᠠᠵᠠᠷ᠎ᠢ 《ᠳᠡᠯᠭᠡᠨ ᠦᠵᠡᠭᠦᠯᠬᠦ》 ᠵᠢ ᠪᠡᠶᠡᠯᠡᠭᠦᠯᠵᠦ᠂ ᠠᠵᠤ ᠠᠬᠤᠶ᠋ᠢᠯᠠᠯ PC ᠦᠵᠦᠭᠦᠷ ᠪᠠ ᠰᠢᠯᠵᠢᠮᠡᠯ ᠦᠵᠦᠭᠦᠷ᠎ᠤᠨ ᠭᠦᠶᠦᠯᠲᠡ ᠵᠢᠨ ᠲᠥᠷᠥᠯ ᠵᠦᠢ᠍ᠯ᠎ᠤᠨ ᠭᠠᠵᠠᠷ ᠰᠢᠷᠣᠶ ᠵᠢᠨ ᠲᠥᠯᠥᠪᠵᠢᠭᠦᠯᠭᠡ ᠵᠢᠨ ᠨᠥᠬᠦᠴᠡᠯ᠂ ᠭᠦᠢ᠍ᠴᠡᠳᠭᠡᠯ ᠲᠤᠭ᠎ᠠ ᠵᠢᠨ ᠬᠡᠪᠴᠢᠶ᠎ᠡ᠂ ᠵᠥᠪᠰᠢᠶᠡᠷᠡᠨ ᠣᠷᠣᠭᠤᠯᠬᠤ ᠨᠥᠬᠦᠴᠡᠯ᠂ ᠦᠨᠳᠦᠰᠦᠨ ᠮᠡᠳᠡᠭᠡ ᠵᠠᠩᠭᠢ ᠵᠡᠷᠭᠡ ᠠᠭᠤᠯᠭ᠎ᠠ᠎ᠪᠠᠷ ᠳᠠᠮᠵᠢᠭᠤᠯᠤᠨ᠂ ᠬᠡᠷ᠎ᠠᠴᠠ᠎ᠪᠠᠨ ᠭᠠᠷᠬᠤ ᠥᠬᠡᠶ᠎ᠪᠠᠷ ᠭᠠᠵᠠᠷ ᠰᠢᠷᠣᠶ ᠵᠢᠨ ᠪᠥᠬᠦ ᠦᠵᠡᠮᠵᠢ ᠵᠢ ᠪᠠᠶ᠋ᠢᠴᠠᠭ᠋ᠠᠨ ᠦᠵᠡᠵᠦ᠂ ᠰᠦᠯᠵᠢᠶᠡᠨ ᠳᠡᠭᠡᠷ᠎ᠡ ᠴᠠᠭ ᠲᠤᠬᠠᠶ᠎ᠳᠤ᠎ᠨᠢ ᠪᠠᠶ᠋ᠢᠷᠢ ᠲᠣᠭᠲᠠᠭ᠋ᠠᠯᠲᠠ ᠬᠢᠵᠦ᠂ ᠲᠥᠯᠥᠪᠵᠢᠭᠦᠯᠭᠡ ᠵᠢᠨ ᠪᠠᠶ᠋ᠢᠳᠠᠯ᠂ ᠡᠷᠬᠢᠨ ᠲᠣᠭᠤᠷᠢᠨ᠎ᠤ ᠭᠠᠵᠠᠷ᠎ᠤᠨ ᠦᠨ᠎ᠡ᠂ ᠵᠠᠮ ᠬᠠᠷᠢᠯᠴᠠᠭ᠋ᠠᠨ᠎ᠤ ᠣᠳᠣᠬᠢ ᠪᠠᠶ᠋ᠢᠳᠠᠯ ᠵᠡᠷᠭᠡ ᠪᠠᠶ᠋ᠢᠳᠠᠯ᠎ᠢ ᠭᠦᠢ᠍ᠴᠡᠳ ᠪᠠᠶ᠋ᠢᠴᠠᠭ᠋ᠠᠨ ᠦᠵᠡᠵᠦ ᠪᠣᠯᠤᠨ᠎ᠠ᠂ ᠠᠵᠤ ᠠᠬᠤᠶ᠋ᠢᠯᠠᠯ᠎ᠤᠳ ᠭᠠᠵᠠᠷ ᠰᠢᠷᠣᠶ ᠵᠢ ᠰᠦᠯᠵᠢᠶ᠎ᠡ᠎ᠪᠠᠷ ᠰᠣᠩᠭᠤᠵᠤ᠂ 《ᠲᠥᠷᠥᠯ ᠵᠦᠢ᠍ᠯ᠎ᠳᠤ ᠭᠠᠵᠠᠷ ᠰᠣᠩᠭᠤᠬᠤ》 ᠵᠢ ᠪᠡᠶᠡᠯᠡᠭᠦᠯᠵᠦ᠂ 《ᠲᠥᠷᠥᠯ ᠵᠦᠢ᠍ᠯ᠎ᠳᠤ ᠭᠠᠵᠠᠷ ᠰᠢᠷᠣᠶ ᠡᠷᠢᠵᠦ᠂ ᠭᠠᠵᠠᠷ ᠰᠢᠷᠣᠶ ᠵᠢ ᠨᠠᠷᠠᠨ᠎ᠳᠤ ᠡᠭᠡᠭᠡᠬᠦ》 ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠎ᠳᠤ ᠬᠠᠮᠤᠭ᠎ᠤᠨ ᠰᠠᠶ᠋ᠢᠨ ᠲᠥᠰᠦᠯ᠎ᠢ ᠬᠠᠩᠭ᠋ᠠᠨ᠎ᠠ᠃ ᠣᠶ᠋ᠢᠷ᠎ᠠ᠎ᠳᠤ᠂ ᠭᠤᠤᠯ ᠰᠡᠳᠦᠪᠲᠦ ᠬᠥᠮᠦᠵᠢᠯ ᠵᠶ᠋ᠠᠷ ᠠᠵᠠ ᠲᠣᠬᠢᠶᠠᠯ ᠪᠣᠯᠭ᠋ᠠᠵᠤ᠂ ᠣᠷᠣᠨ ᠨᠤᠲᠤᠭ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠬᠢᠩᠭ᠋ᠠᠨ ᠠᠶ᠋ᠢᠮᠠᠭ᠎ᠢ ᠰᠣᠩᠭᠤᠨ ᠲᠤᠷᠰᠢᠯᠲᠠ ᠵᠢᠨ ᠴᠡᠭ ᠪᠣᠯᠭ᠋ᠠᠵᠤ᠂ ᠪᠣᠯᠪᠠᠰᠤᠷᠠᠩᠭᠤᠶ ᠪᠣᠯᠤᠭᠰᠠᠨ ᠭᠠᠵᠠᠷ᠎ᠤᠨ 《ᠲᠠᠸᠠᠷ》᠎ᠢ ᠵᠢᠶᠠᠰᠠᠨ ᠳᠡᠭᠡᠷ᠎ᠡ ᠭᠠᠷᠭ᠋ᠠᠬᠤ ᠠᠵᠢᠯ᠎ᠢ ᠥᠷᠨᠢᠭᠦᠯᠵᠦ᠂ ᠣᠳᠣᠬᠠᠨ᠎ᠳᠤ ᠨᠢᠭᠡᠨᠲᠡ ᠨᠢᠭᠡ ᠪᠦᠯᠦᠭ (48 ᠪᠦᠯᠦᠭ) ᠭᠠᠵᠠᠷ᠎ᠲᠤ ᠭᠠᠷᠭ᠋ᠠᠵᠤ᠂ ᠠᠵᠤ ᠠᠬᠤᠶ᠋ᠢᠯᠠᠯ ᠪᠠ ᠣᠯᠠᠨ ᠨᠡᠶ᠋ᠢᠲᠡ᠎ᠳᠤ ᠰᠦᠯᠵᠢᠶᠡᠨ ᠳᠡᠭᠡᠷ᠎ᠡ ᠬᠦᠷᠭᠡᠪᠡ᠃ ᠵᠠᠯᠭ᠋ᠠᠭ᠋ᠠᠳ᠂ ᠪᠤᠰᠤᠳ ᠠᠶ᠋ᠢᠮᠠᠭ ᠬᠤᠲᠠ ᠵᠢᠨ ᠪᠣᠯᠪᠠᠰᠤᠷᠠᠩᠭᠤᠶ ᠪᠣᠯᠤᠭᠰᠠᠨ ᠭᠠᠵᠠᠷ᠎ᠤᠨ ᠵᠢᠶᠠᠰᠠᠨ ᠳᠡᠭᠡᠷ᠎ᠡ ᠭᠠᠷᠭ᠋ᠠᠬᠤ ᠠᠵᠢᠯ᠎ᠢ ᠵᠡᠷᠭᠡ᠎ᠳᠤ᠎ᠨᠢ ᠳᠡᠯᠭᠡᠷᠡᠭᠦᠯᠵᠦ᠂ ᠪᠠᠯᠠ ᠣᠷᠣᠭᠤᠯᠤᠯᠲᠠ ᠵᠢᠨ ᠲᠥᠷᠥᠯ ᠵᠦᠢ᠍ᠯ᠎ᠢ ᠥᠨᠳᠥᠷ ᠪᠦᠲᠦᠮᠵᠢᠲᠡᠶ᠎ᠪᠠᠷ ᠨᠠᠶ᠋ᠢᠳᠠᠪᠤᠷᠢᠵᠢᠭᠤᠯᠤᠨ᠂ ᠲᠣᠰ ᠵᠢᠯ᠎ᠤᠨ ᠥᠪᠥᠷ ᠮᠣᠩᠭᠤᠯ᠎ᠤᠨ ᠭᠠᠵᠠᠷ ᠰᠢᠷᠣᠶ ᠵᠢᠨ ᠬᠡᠲᠦ ᠳᠡᠯᠭᠡᠭᠦᠷ᠎ᠢ ᠪᠥᠬᠦ ᠣᠷᠣᠨ᠎ᠤ ᠭᠠᠵᠠᠷ ᠰᠢᠷᠣᠶ ᠵᠢᠨ ᠡᠬᠢ ᠪᠠᠶᠠᠯᠢᠭ᠎ᠢ ᠠᠷᠪᠢᠯᠠᠨ ᠡᠷᠴᠢᠮᠵᠢᠭᠦᠯᠦᠨ ᠠᠰᠢᠭᠯᠠᠬᠤ ᠵᠢ ᠦᠨᠡᠨ ᠬᠦ᠌ ᠪᠠᠲᠤᠯᠠᠵᠤ᠂ ᠭᠠᠵᠠᠷ ᠰᠢᠷᠣᠶ ᠵᠢᠨ ᠡᠬᠢ ᠪᠠᠶᠠᠯᠢᠭ ᠡᠳ᠋ ᠬᠥᠷᠥᠩᠭᠡ ᠵᠢᠨ ᠥᠷᠲᠡᠭ᠎ᠢ ᠪᠠᠳᠠᠷᠠᠭᠤᠯᠬᠤ᠎ᠳᠤ ᠬᠦᠴᠦᠲᠡᠶ ᠦᠢ᠍ᠯᠡᠳᠦᠯ ᠦᠵᠡᠭᠦᠯᠦᠨ᠎ᠡ᠃

   ᠵᠢᠷᠤᠭ ᠲᠥᠰᠦᠪ᠎ᠢ ᠨᠢᠭᠡᠨᠲᠡ ᠵᠢᠷᠤᠭᠯᠠᠵᠤ᠂ ᠡᠷᠡᠯᠬᠡᠭᠯᠡᠨ ᠤᠷᠤᠭᠰᠢᠯᠠᠨᠠᠮ᠃ ᠪᠥᠬᠦ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠰᠲ᠋ᠧᠮ᠎ᠤᠨ᠎ᠬᠢᠨ ᠨᠠᠮ᠎ᠤᠨ ᠪᠥᠬᠦ ᠲᠠᠯ᠎ᠠ ᠵᠢᠨ ᠤᠳᠤᠷᠢᠳᠤᠯᠭ᠎ᠠ ᠵᠢ ᠥᠴᠦᠬᠡᠨ ᠴᠦ᠍ ᠭᠤᠶ᠋ᠢᠪᠢᠰᠢ ᠥᠬᠡᠶ ᠪᠠᠷᠢᠮᠲᠠᠯᠠᠨ ᠴᠢᠩᠭ᠋ᠠᠳᠬᠠᠵᠤ᠂ 《ᠬᠤᠶᠠᠷ᠎ᠢ ᠲᠣᠭᠲᠠᠭ᠋ᠠᠬᠤ》 ᠵᠢ ᠡᠷᠡᠰ ᠬᠦᠷᠢᠶᠡᠯᠡᠵᠦ᠂ 《ᠬᠤᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠵᠦ᠂ ᠬᠤᠶᠠᠷ ᠶᠡᠭᠡ ᠶᠠᠪᠤᠳᠠᠯ ᠵᠶ᠋ᠠᠷ ᠭᠤᠤᠯ ᠭᠠᠷᠳᠠᠴᠠ ᠪᠣᠯᠭ᠋ᠠᠵᠤ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠲᠡᠷᠡ ᠶᠣᠰᠣᠭ᠋ᠠᠷ᠎ᠨᠢ ᠪᠣᠳᠠᠲᠠᠶ᠎ᠳᠤ ᠨᠠᠶ᠋ᠢᠳᠠᠪᠤᠷᠢᠵᠢᠭᠤᠯᠵᠤ᠂ ᠥᠪᠥᠷ ᠮᠣᠩᠭᠤᠯ᠎ᠤᠨ ᠣᠳᠣᠬᠢᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠬᠦᠴᠦᠯᠡᠨ ᠠᠬᠢᠭᠤᠯᠤᠨ᠎ᠠ᠃

   ᠮᠢᠨᠦ ᠲᠠᠨᠢᠯᠴᠠᠭᠤᠯᠭ᠎ᠠ ᠡᠨᠳᠡ ᠬᠦᠷᠦᠭᠡᠳ ᠲᠡᠭᠦᠰᠦᠯ᠎ᠡ᠂ ᠲᠠ ᠪᠦᠬᠦᠨ᠎ᠳᠤ ᠪᠠᠶᠠᠷᠯᠠᠯ᠎ᠠ!

   ᠰᠤᠨᠢᠨ ᠮᠡᠳᠡᠭᠡ ᠨᠡᠶ᠋ᠢᠳᠡᠯᠡᠬᠦ ᠬᠤᠷᠠᠯ᠎ᠤᠨ ᠰᠤᠷᠪᠤᠯᠵᠢᠯᠠᠭᠴᠢ ᠵᠢᠨ ᠠᠰᠠᠭᠤᠯᠲᠠ

   ᠠᠰᠠᠭᠤᠳᠠᠯ ᠨᠢᠭᠡ᠄ ᠵᠦᠪᠰᠢᠶᠡᠷᠡᠭᠰᠡᠨ ᠪᠠᠶ᠋ᠢᠲᠠᠯ᠎ᠠ ᠦᠯᠦ ᠬᠠᠩᠭ᠋ᠠᠭᠰᠠᠨ᠂ ᠰᠤᠯᠠ ᠲᠠᠯᠪᠢᠭᠳᠠᠵᠤ ᠪᠠᠶ᠋ᠢᠭ᠎ᠠ ᠭᠠᠵᠠᠷ ᠰᠢᠷᠤᠢ ᠵᠢ ᠲᠤᠶ᠋ᠢᠯᠪᠤᠷᠢᠲᠠᠢ ᠪᠠᠶ᠋ᠢᠴᠠᠭ᠋ᠠᠬᠤ ᠠᠵᠢᠯ ᠨᠢᠳᠤᠨᠤᠨ᠎ᠤ 7 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠬᠢᠯᠡᠪᠡ᠂ ᠪᠢᠳᠡ ᠣᠢ᠌ᠯᠠᠭ᠋ᠠᠬᠤ ᠰᠠᠨᠠᠭ᠎ᠠ᠎ᠲᠠᠢ᠂ ᠣᠳᠣᠬᠠᠨ᠎ᠳᠤ ᠡᠨᠡ ᠬᠦ᠌ ᠲᠤᠶ᠋ᠢᠯᠪᠤᠷᠢᠲᠠᠢ ᠪᠠᠶ᠋ᠢᠴᠠᠭ᠋ᠠᠬᠤ ᠠᠵᠢᠯᠯᠠᠭ᠎ᠠ ᠵᠢᠨ ᠪᠦᠬᠦᠯᠢ ᠴᠣᠭᠴᠠ ᠵᠢᠨ ᠠᠬᠢᠴᠠ ᠵᠢᠨ ᠪᠠᠶ᠋ᠢᠳᠠᠯ᠎ᠳᠤ ᠶᠠᠮᠠᠷ ᠦᠷ᠎ᠡ ᠪᠦᠲᠦᠮᠵᠢ ᠣᠯᠣᠭᠰᠠᠨ ᠪᠣᠢ?

   ᠵᠢᠶᠠᠩ ᠹᠸᠢ ᠶᠤᠸᠠᠢ᠄ ᠵᠥᠪᠰᠢᠶᠡᠷᠡᠭᠰᠡᠨ ᠪᠠᠶ᠋ᠢᠲᠠᠯ᠎ᠠ ᠬᠠᠩᠭ᠋ᠠᠭᠰᠠᠨ ᠥᠬᠡᠶ᠂ ᠰᠤᠯᠠ ᠪᠠᠶ᠋ᠢᠭ᠎ᠠ ᠭᠠᠵᠠᠷ ᠰᠢᠷᠣᠶ ᠵᠢ ᠲᠤᠶ᠋ᠢᠯᠪᠤᠷᠢᠲᠠᠢ ᠪᠠᠶ᠋ᠢᠴᠠᠭ᠋ᠠᠬᠤ ᠠᠵᠢᠯ᠎ᠢ ᠥᠷᠨᠢᠭᠦᠯᠦᠭᠰᠡᠨ᠎ᠠᠴᠠ ᠨᠠᠭ᠋ᠠᠰᠢ᠂ ᠪᠢᠳᠡ ᠠᠰᠠᠭᠤᠳᠠᠯ ᠵᠶ᠋ᠠᠷ ᠤᠳᠤᠷᠢᠳᠤᠮᠵᠢ    ᠪᠣᠯᠭ᠋ᠠᠬᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠠᠯᠢ ᠣᠯᠠᠨ ᠪᠦᠲᠦᠮᠵᠢᠲᠡᠶ ᠠᠷᠭ᠎ᠠ ᠬᠡᠮᠵᠢᠶ᠎ᠡ ᠵᠢ ᠠᠪᠤᠭᠰᠠᠨ ᠪᠠᠶ᠋ᠢᠨ᠎ᠠ᠃ ᠨᠢᠭᠡ᠎ᠳᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠵᠢ ᠪᠠᠷᠢᠮᠲᠠᠯᠠᠵᠤ᠂ ᠰᠢᠢ᠍ᠳᠪᠦᠷᠢᠯᠡᠬᠦ ᠦᠷ᠎ᠡ ᠪᠦᠲᠦᠮᠵᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠪᠡ᠃ 《ᠨᠢᠭᠡ ᠭᠠᠵᠠᠷ᠎ᠲᠤ ᠨᠢᠭᠡ ᠠᠷᠭ᠎ᠠ ᠪᠣᠳᠣᠯᠭ᠎ᠠ ᠠᠪᠬᠤ》 ᠡᠬᠡ ᠲᠠᠩᠰᠠ ᠪᠠ ᠠᠰᠠᠭᠤᠳᠠᠯ᠎ᠢ ᠲᠥᠷᠥᠯ ᠬᠤᠪᠢᠶᠠᠨ ᠰᠢᠢ᠍ᠳᠪᠦᠷᠢᠯᠡᠬᠦ ᠡᠬᠡ ᠲᠠᠩᠰᠠ ᠵᠢᠨ ᠬᠡᠪ᠎ᠢ ᠲᠣᠭᠲᠠᠭ᠋ᠠᠵᠤ᠂ ᠡᠯ᠎ᠡ ᠭᠠᠵᠠᠷ᠎ᠤᠨ᠎ᠬᠢᠨ ᠪᠣᠳᠠᠲᠠᠶ ᠪᠠᠶ᠋ᠢᠳᠠᠯ ᠵᠶ᠋ᠠᠨ ᠦᠨᠳᠦᠰᠦᠯᠡᠨ ᠲᠠᠭᠯᠠᠨ ᠮᠡᠳᠡᠭᠦᠯᠵᠦ᠂ ᠭᠠᠵᠠᠷ ᠨᠢᠭᠡᠪᠦᠷᠢ᠎ᠨᠢ ᠬᠠᠨᠳᠤᠯᠭ᠋ᠠᠲᠤ ᠴᠢᠨᠠᠷᠲᠠᠶ ᠰᠢᠩᠭᠡᠭᠡᠨ ᠰᠢᠢ᠍ᠳᠪᠦᠷᠢᠯᠡᠬᠦ ᠠᠷᠭ᠎ᠠ ᠬᠡᠮᠵᠢᠶ᠎ᠡ ᠵᠢ ᠦᠨᠡᠨ ᠬᠦ᠌ ᠪᠠᠲᠤᠯᠠᠪᠠ᠃ ᠡᠨᠡ ᠵᠢᠯ 《ᠨᠢᠭᠡ ᠭᠠᠵᠠᠷ᠎ᠲᠤ ᠨᠢᠭᠡ ᠠᠷᠭ᠎ᠠ ᠪᠣᠳᠣᠯᠭ᠎ᠠ ᠠᠪᠬᠤ》 ᠲᠤᠰᠬᠠᠶ ᠠᠵᠢᠯᠯᠠᠭ᠎ᠠ ᠵᠢ ᠥᠷᠨᠢᠭᠦᠯᠵᠦ᠂ ᠡᠯ᠎ᠡ ᠭᠠᠵᠠᠷ᠎ᠤᠨ᠎ᠬᠢᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠵᠢ ᠪᠠᠷᠢᠮᠲᠠᠯᠠᠵᠤ᠂ ᠪᠦᠲᠦᠮᠵᠢᠲᠡᠶ ᠰᠢᠢ᠍ᠳᠪᠦᠷᠢᠯᠡᠬᠦ ᠵᠢ ᠵᠢᠯᠣᠭᠤᠳᠪᠠ᠃ ᠬᠤᠶᠠᠷ᠎ᠲᠤ᠂ ᠰᠠᠷ᠎ᠠ᠎ᠪᠠᠷ ᠲᠣᠬᠢᠷᠠᠭᠤᠯᠬᠤ ᠵᠢ ᠴᠢᠩᠭ᠋ᠠᠳᠬᠠᠵᠤ᠂ ᠰᠢᠮᠳᠠᠭᠤᠯᠤᠨ ᠬᠠᠪᠰᠤᠷᠬᠤ ᠵᠢ ᠤᠶᠠᠯᠳᠤᠭᠤᠯᠬᠤ ᠵᠢ ᠪᠠᠷᠢᠮᠲᠠᠯᠠᠬᠤ ᠬᠡᠷᠡᠭᠲᠡᠢ᠃ ᠡᠯ᠎ᠡ ᠠᠶ᠋ᠢᠮᠠᠭ ᠬᠤᠲᠠ ᠵᠢ ᠰᠢᠮᠳᠠᠭᠤᠯᠵᠤ ᠪᠠᠶ᠋ᠢᠭ᠋ᠠᠳ ᠰᠢᠩᠭᠡᠭᠡᠵᠦ ᠰᠢᠢ᠍ᠳᠪᠦᠷᠢᠯᠡᠬᠦ ᠠᠬᠢᠴᠠ ᠵᠢ ᠦᠷᠭᠦᠯᠵᠢᠯᠡᠨ ᠠᠬᠢᠭᠤᠯᠤᠨ᠎ᠠ᠃ ᠲᠤᠰᠬᠠᠶ ᠠᠩᠭᠢ ᠵᠢᠨ ᠠᠵᠢᠯᠲᠠᠨ᠎ᠢ ᠵᠣᠬᠢᠶᠠᠨ ᠪᠠᠶ᠋ᠢᠭᠤᠯᠵᠤ᠂ ᠠᠶ᠋ᠢᠮᠠᠭ ᠬᠤᠲᠠ᠎ᠳᠤ ᠭᠦᠨᠵᠡᠭᠡᠶ᠋ᠢᠷᠡᠭᠦᠯᠦᠨ᠂ ᠲᠤᠰᠬᠠᠶ ᠰᠡᠳᠦᠪᠲᠦ ᠶᠠᠷᠢᠯᠴᠠᠬᠤ ᠬᠤᠷᠠᠯ᠎ᠢ ᠬᠤᠷᠠᠯᠳᠤᠭᠤᠯᠬᠤ ᠪᠠ ᠲᠤᠬᠠᠶ ᠵᠢᠨ ᠭᠠᠵᠠᠷ᠎ᠲᠤ᠎ᠨᠢ ᠬᠦᠷᠴᠦ ᠰᠤᠷᠪᠤᠯᠵᠢᠯᠠᠬᠤ ᠵᠢ ᠤᠶᠠᠯᠳᠤᠭᠤᠯᠬᠤ ᠠᠷᠭ᠎ᠠ ᠮᠠᠶᠢᠭ ᠵᠶ᠋ᠠᠷ ᠲᠤᠶ᠋ᠢᠯᠪᠤᠷᠢᠲᠠᠢ ᠪᠠᠶ᠋ᠢᠴᠠᠭ᠋ᠠᠭᠰᠠᠨ ᠠᠬᠢᠴᠠ ᠵᠢᠨ ᠪᠠᠶ᠋ᠢᠳᠠᠯ ᠵᠡᠷᠭᠡ ᠵᠢ ᠬᠢᠨᠠᠨ ᠵᠢᠯᠣᠭᠤᠳᠴᠤ᠂ ᠲᠤᠬᠠᠶ ᠵᠢᠨ ᠲᠠᠯᠠᠪᠤᠷ᠎ᠲᠤ ᠬᠦᠴᠢᠷ ᠲᠦᠪᠡᠭᠲᠡᠶ ᠠᠰᠠᠭᠤᠳᠠᠯ᠎ᠳᠤ ᠬᠠᠷᠢᠭᠤᠯᠲᠠ ᠥᠭᠪᠡ᠃ ᠭᠤᠷᠪᠠ᠎ᠳᠤ᠂ ᠲᠦᠷᠢᠮ ᠲᠣᠭᠲᠠᠭ᠋ᠠᠯ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ᠂ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠪᠠ᠃ 《ᠲᠤᠶ᠋ᠢᠯᠪᠤᠷᠢᠲᠠᠢ ᠵᠠᠰᠠᠬᠤ ᠠᠵᠢᠯ᠎ᠤᠨ ᠵᠦᠭᠯᠡᠭᠦᠷ》᠎ᠢ ᠲᠣᠭᠲᠠᠭ᠋ᠠᠵᠤ᠂ ᠡᠯ᠎ᠡ ᠭᠠᠵᠠᠷ᠎ᠤᠨ᠎ᠬᠢᠨ᠎ᠢ ᠵᠢᠯᠣᠭᠤᠳᠤᠨ ᠵᠥᠪᠰᠢᠶᠡᠷᠡᠭᠰᠡᠨ ᠪᠣᠯᠪᠠᠴᠤ ᠬᠠᠩᠭ᠋ᠠᠭᠰᠠᠨ ᠥᠬᠡᠶ᠂ ᠰᠤᠯᠠ ᠪᠠᠶ᠋ᠢᠭ᠎ᠠ ᠭᠠᠵᠠᠷ ᠰᠢᠷᠣᠶ ᠵᠢ ᠲᠤᠶ᠋ᠢᠯᠪᠤᠷᠢᠲᠠᠢ ᠪᠠᠶ᠋ᠢᠴᠠᠭ᠋ᠠᠬᠤ ᠠᠵᠢᠯ᠎ᠢ ᠨᠠᠩ ᠵᠢᠷᠤᠮᠵᠢᠭᠤᠨ ᠥᠷᠨᠢᠭᠦᠯᠪᠡ᠃ ᠡᠯ᠎ᠡ ᠭᠠᠵᠠᠷ᠎ᠤᠨ ᠳᠡᠭᠡᠭᠰᠢ ᠮᠡᠳᠡᠭᠦᠯᠦᠭᠰᠡᠨ ᠬᠦᠴᠢᠷ ᠲᠦᠪᠡᠭᠲᠡᠶ ᠠᠰᠠᠭᠤᠳᠠᠯ᠎ᠳᠤ ᠨᠢᠭᠡᠳ ᠨᠢᠭᠡ᠎ᠪᠠᠷ ᠵᠠᠳᠠᠯᠤᠯᠲᠠ ᠬᠢᠵᠦ᠂ ᠪᠣᠳᠠᠲᠠᠶ ᠠᠷᠭ᠎ᠠ ᠬᠡᠮᠵᠢᠶ᠎ᠡ ᠳᠤᠷᠠᠳᠪᠠ᠃

  2022 ᠣᠨ᠎ᠳᠤ ᠪᠢᠳᠡ ᠰᠢᠯᠢᠳᠡᠭ ᠦᠷ᠎ᠡ ᠪᠦᠲᠦᠮᠵᠢ ᠣᠯᠵᠤ᠂ ᠵᠦᠪᠰᠢᠶᠡᠷᠡᠭᠰᠡᠨ ᠪᠠᠶ᠋ᠢᠲᠠᠯ᠎ᠠ ᠦᠯᠦ ᠬᠠᠩᠭ᠋ᠠᠭᠰᠠᠨ᠂ ᠰᠤᠯᠠ ᠲᠠᠯᠪᠢᠭᠳᠠᠵᠤ ᠪᠠᠶ᠋ᠢᠭ᠎ᠠ ᠭᠠᠵᠠᠷ ᠰᠢᠷᠣᠢ ᠵᠢ ᠰᠢᠢ᠍ᠳᠪᠦᠷᠢᠯᠡᠬᠦ᠎ᠨᠢ ᠴᠥᠮ ᠡᠭᠦᠷᠭᠡ᠎ᠪᠠᠨ ᠳᠠᠪᠠᠭᠤᠯᠤᠨ ᠪᠡᠶᠡᠯᠡᠭᠦᠯᠪᠡ᠃ ᠪᠥᠬᠦ ᠣᠷᠣᠨ᠎ᠤ ᠵᠦᠪᠰᠢᠶᠡᠷᠡᠭᠰᠡᠨ ᠪᠠᠶ᠋ᠢᠲᠠᠯ᠎ᠠ ᠦᠯᠦ ᠬᠠᠩᠭ᠋ᠠᠭᠰᠠᠨ ᠭᠠᠵᠠᠷ ᠰᠢᠷᠣᠢ ᠵᠢᠨ ᠰᠢᠩᠭᠡᠭᠡᠯᠲᠡ ᠵᠢᠨ ᠲᠠᠯᠠᠪᠠᠢ 13.32 ᠲᠦᠮᠡᠨ ᠮᠦ᠍᠂ ᠰᠤᠯᠠ ᠪᠠᠶ᠋ᠢᠬᠤ ᠭᠠᠵᠠᠷ ᠰᠢᠷᠣᠢ ᠵᠢ ᠰᠢᠢ᠍ᠳᠪᠦᠷᠢᠯᠡᠬᠦ ᠲᠠᠯᠠᠪᠠᠢ 7.76 ᠲᠦᠮᠡᠨ ᠮᠦ᠍ ᠪᠣᠯᠣᠨ᠎ᠠ᠃ 2023 ᠣᠨ᠎ᠳᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠵᠦᠪᠰᠢᠶᠡᠷᠡᠭᠰᠡᠨ ᠪᠠᠶ᠋ᠢᠲᠠᠯ᠎ᠠ ᠦᠯᠦ ᠬᠠᠩᠭ᠋ᠠᠭᠰᠠᠨ᠂ ᠰᠤᠯᠠ ᠲᠠᠯᠪᠢᠭᠳᠠᠵᠤ ᠪᠠᠶ᠋ᠢᠭ᠎ᠠ ᠭᠠᠵᠠᠷ ᠰᠢᠷᠣᠢ ᠵᠢ ᠰᠢᠢ᠍ᠳᠪᠦᠷᠢᠯᠡᠬᠦ ᠶᠡᠷᠦᠩᠬᠡᠢ ᠡᠭᠦᠷᠭᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠵᠢᠨ ᠲᠥᠯᠥᠭᠡ᠂ ᠪᠢᠳᠡ 2023 ᠣᠨ᠎ᠤ ᠬᠠᠷᠠᠯᠲᠠ ᠵᠢᠨ ᠡᠭᠦᠷᠭᠡ᠎ᠳᠤ ᠲᠠᠬᠢᠨ ᠲᠤᠬᠢᠷᠠᠭᠤᠯᠤᠯᠳᠠ ᠬᠢᠵᠦ᠂ ᠲᠣᠬᠢᠷᠠᠭᠤᠯᠤᠭᠰᠠᠨ᠎ᠤ ᠳᠠᠷᠠᠭ᠎ᠠ ᠵᠥᠪᠰᠢᠶᠡᠷᠡᠭᠰᠡᠨ ᠪᠣᠯᠪᠠᠴᠤ ᠬᠠᠩᠭ᠋ᠠᠭᠰᠠᠨ ᠦᠭᠡᠢ ᠡᠭᠦᠷᠭᠡ ᠵᠢᠨ ᠬᠡᠮᠵᠢᠶ᠎ᠡ ᠵᠢ 13.54 ᠲᠦᠮᠡᠨ ᠮᠦ᠍᠂ ᠰᠤᠯᠠ ᠲᠠᠯᠪᠢᠭᠳᠠᠵᠤ ᠪᠠᠶ᠋ᠢᠭ᠎ᠠ ᠭᠠᠵᠠᠷ ᠰᠢᠷᠣᠢ ᠵᠢ 6.29 ᠲᠦᠮᠡᠨ ᠮᠦ᠍ ᠪᠣᠯᠭ᠋ᠠᠪᠠ᠃ ᠣᠳᠤᠬᠠᠨ ᠪᠣᠯᠲᠠᠯ᠎ᠠ᠂ ᠵᠦᠪᠰᠢᠶᠡᠷᠡᠭᠰᠡᠨ ᠪᠠᠶ᠋ᠢᠲᠠᠯ᠎ᠠ ᠬᠠᠩᠭ᠋ᠠᠭᠰᠠᠨ ᠥᠬᠡᠶ ᠨᠢᠭᠡᠨᠲᠡ 8.82 ᠲᠦᠮᠡᠨ ᠮᠥ᠍ ᠵᠢ ᠰᠢᠩᠭᠡᠭᠡᠵᠦ᠂ ᠰᠤᠯᠠ ᠳᠠᠯᠪᠢᠭᠳᠠᠵᠤ ᠪᠠᠶ᠋ᠢᠭ᠎ᠠ ᠭᠠᠵᠠᠷ ᠰᠢᠷᠣᠶ ᠵᠢ ᠨᠢᠭᠡᠨᠲᠡ 4.81 ᠲᠦᠮᠡᠨ ᠮᠥ᠍ ᠵᠢ ᠰᠢᠢ᠍ᠳᠪᠦᠷᠢᠯᠡᠵᠦ᠂ ᠴᠥᠮ ᠬᠠᠭ᠋ᠠᠰ ᠢᠯᠡᠭᠦᠦ ᠵᠢ ᠪᠡᠶᠡᠯᠡᠭᠦᠯᠵᠦ᠂ ᠡᠭᠦᠷᠭᠡ᠎ᠪᠠᠨ ᠬᠠᠭ᠋ᠠᠰ ᠵᠶ᠋ᠠᠷ ᠪᠡᠶᠡᠯᠡᠭᠦᠯᠪᠡ᠃ ᠲᠠᠷᠠᠭ᠋ᠠᠴᠢ ᠵᠢᠨ ᠠᠯᠬᠤᠮ᠎ᠳᠤ᠂ ᠪᠢᠳᠡ ᠰᠢᠩᠭᠡᠭᠡᠵᠦ ᠰᠢᠢ᠍ᠳᠪᠦᠷᠢᠯᠡᠬᠦ ᠠᠵᠢᠯ᠎ᠢ ᠦᠷᠭᠦᠯᠵᠢᠯᠡᠨ ᠪᠥᠬᠦ ᠬᠦᠴᠦᠨ ᠵᠶ᠋ᠠᠷ ᠵᠶ᠋ᠠᠨ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ 67.94 ᠲᠦᠮᠡᠨ ᠮᠥ᠍ ᠵᠥᠪᠰᠢᠶᠡᠷᠡᠭᠰᠡᠨ ᠪᠣᠯᠪᠠᠴᠤ ᠬᠠᠩᠭ᠋ᠠᠭᠰᠠᠨ ᠥᠬᠡᠶ᠂ ᠰᠤᠯᠠ ᠲᠠᠯᠪᠢᠭᠳᠠᠵᠤ ᠪᠠᠶ᠋ᠢᠭ᠎ᠠ ᠭᠠᠵᠠᠷ ᠰᠢᠷᠣᠶ ᠵᠢ ᠰᠢᠩᠭᠡᠭᠡᠵᠦ ᠰᠢᠢ᠍ᠳᠪᠦᠷᠢᠯᠡᠬᠦ ᠬᠠᠷᠠᠯᠲᠠ ᠵᠢᠨ ᠡᠭᠦᠷᠭᠡ ᠵᠢ ᠴᠠᠭ ᠲᠤᠬᠠᠶ᠎ᠳᠤ᠎ᠨᠢ ᠴᠢᠨᠠᠷ ᠪᠠ ᠲᠤᠭ᠎ᠠ ᠬᠡᠮᠵᠢᠶ᠎ᠡ ᠵᠢ ᠪᠠᠲᠤᠯᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ᠃

   ᠠᠰᠠᠭᠤᠳᠠᠯ ᠬᠤᠶᠠᠷ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠠᠵᠢᠯ ᠶᠠᠮᠠᠷ ᠶᠠᠮᠠᠷ ᠦᠷ᠎ᠡ ᠪᠦᠲᠦᠮᠵᠢ ᠣᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠠᠬᠢ ᠠᠬᠢᠴᠠ ᠶᠠᠮᠠᠷ ᠵᠡᠷᠭᠡ ᠪᠠᠢ᠌ᠬᠤ ᠪᠣᠶ?

   ᠵᠧᠦ ᠫᠧᠩ ᠬᠠᠨ᠄ 2004 ᠣᠨ᠎ᠳᠤ ᠥᠪᠥᠷ ᠮᠣᠩᠭᠣᠯ ᠪᠦᠬᠦ ᠤᠯᠤᠰ᠎ᠲᠤ ᠭᠠᠵᠠᠷ ᠰᠢᠨᠵᠢᠯᠡᠭᠡᠨ᠎ᠤ ᠬᠠᠢ᠌ᠨ ᠪᠠᠢ᠌ᠴᠠᠭ᠋ᠠᠯᠲᠠ ᠵᠢᠨ ᠰᠠᠭᠤᠷᠢ ᠮᠦᠩᠬᠦ ᠵᠢ ᠡᠩ ᠲᠡᠷᠢᠭᠦᠨ᠎ᠳᠤ ᠪᠠᠢ᠌ᠭᠤᠯᠤᠭᠰᠠᠨ᠎ᠠᠴᠠ ᠨᠠᠭ᠋ᠠᠰᠢ᠂ 2023 ᠣᠨ ᠪᠣᠯᠲᠠᠯ᠎ᠠ᠂ ᠨᠡᠢ᠍ᠲᠡ 147.71 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ᠂ ᠭᠠᠵᠠᠷ ᠰᠢᠨᠵᠢᠯᠡᠭᠡᠨ᠎ᠤ ᠬᠠᠢ᠌ᠨ ᠪᠠᠢ᠌ᠴᠠᠭ᠋ᠠᠯᠲᠠ ᠵᠢᠨ ᠰᠠᠭᠤᠷᠢ ᠮᠦᠩᠬᠦ ᠵᠢᠨ ᠲᠥᠷᠥᠯ ᠵᠦᠢ᠍ᠯ᠎ᠢ 2731 ᠬᠤᠪᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠰᠠᠭᠤᠷᠢ ᠮᠥᠩᠭᠦ ᠠᠯᠢ ᠣᠯᠠᠨ ᠴᠢᠬᠤᠯᠠ ᠶᠡᠭᠡ ᠦᠷ᠎ᠡ ᠪᠦᠲᠦᠭᠡᠯ ᠤᠯᠪᠠ᠄ ᠨᠢᠭᠡ᠎ᠳᠤ᠂ ᠥᠪᠥᠷ ᠮᠣᠩᠭᠤᠯ᠎ᠤᠨ ᠨᠡᠭᠦᠷᠡᠰᠦᠨ᠎ᠤ ᠡᠬᠢ ᠪᠠᠶᠠᠯᠢᠭ᠎ᠤᠨ ᠪᠠᠶ᠋ᠢᠳᠠᠯ᠎ᠢ ᠦᠨᠳᠦᠰᠦᠨ᠎ᠳᠤ᠎ᠪᠠᠨ ᠲᠣᠳᠣᠷᠬᠠᠢ ᠣᠶ᠋ᠢᠯᠠᠭ᠋ᠠᠵᠤ᠂ ᠨᠢᠭᠡᠨᠲᠡ ᠪᠠᠶ᠋ᠢᠴᠠᠭ᠋ᠠᠨ ᠳᠣᠲᠣᠯᠠᠭᠰᠠᠨ ᠨᠡᠭᠦᠷᠡᠰᠦᠨ᠎ᠤ ᠡᠬᠢ ᠪᠠᠶᠠᠯᠢᠭ᠎ᠤᠨ ᠬᠡᠮᠵᠢᠶ᠎ᠡ ᠲᠦᠮᠡᠨ ᠳ᠋ᠦᠩᠰᠢᠭᠤᠷ ᠲᠣᠨ᠎ᠤ ᠪᠣᠭᠤᠮᠲᠠ ᠵᠢ ᠳᠠᠪᠠᠵᠤ᠂ ᠪᠥᠬᠦ ᠤᠯᠤᠰ᠎ᠤᠨ ᠲᠡᠷᠢᠭᠦᠨ᠎ᠳᠤ ᠵᠢᠭᠰᠠᠭ᠋ᠠᠭᠳᠠᠪᠠ᠃ ᠡᠭᠦᠨ᠎ᠳᠤ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠰᠠᠭᠤᠷᠢ ᠮᠥᠩᠭᠦ ᠵᠢᠨ ᠲᠥᠷᠥᠯ ᠵᠦᠢ᠍ᠯ᠎ᠳᠤ 6515 ᠳ᠋ᠦᠩᠰᠢᠭᠤᠷ ᠲᠣᠨ ᠪᠠᠶ᠋ᠢᠴᠠᠭ᠋ᠠᠨ ᠲᠣᠳᠣᠯᠠᠵᠤ᠂ ᠪᠥᠬᠦ ᠣᠷᠣᠨ᠎ᠤ ᠨᠡᠭᠦᠷᠡᠰᠦᠨ᠎ᠤ ᠶᠡᠷᠦᠩᠬᠡᠶ ᠡᠬᠢ ᠪᠠᠶᠠᠯᠢᠭ᠎ᠤᠨ ᠬᠡᠮᠵᠢᠶ᠎ᠡ ᠵᠢ ᠨᠡᠶ᠋ᠢᠲᠡ 63.6% ᠵᠢ ᠡᠵᠡᠯᠡᠪᠡ᠃ ᠬᠤᠶᠠᠷ᠎ᠲᠤ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠭᠤᠷᠬᠠᠶ ᠵᠢᠨ ᠭᠠᠷᠤᠯᠲᠠ ᠵᠢᠨ ᠬᠠᠶ᠋ᠢᠨ ᠪᠠᠶ᠋ᠢᠴᠠᠭ᠋ᠠᠯᠲᠠ ᠵᠢᠨ ᠦᠷ᠎ᠡ ᠪᠦᠲᠦᠭᠡᠯ ᠢᠯᠡᠷᠬᠡᠶ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠰᠠᠭᠤᠷᠢ ᠮᠥᠩᠭᠦ᠎ᠳᠤ ᠲᠣᠮᠣ ᠬᠡᠯᠪᠡᠷᠢ ᠵᠢᠨ ᠠᠭᠤᠷᠬᠠᠶ ᠵᠢᠨ ᠭᠠᠷᠤᠯᠲᠠ ᠵᠢᠨ ᠭᠠᠵᠠᠷ 22᠂ ᠳᠤᠮᠳᠠ ᠬᠡᠯᠪᠡᠷᠢ ᠵᠢᠨ ᠠᠭᠤᠷᠬᠠᠶ ᠵᠢᠨ ᠭᠠᠷᠤᠯᠲᠠ ᠵᠢᠨ ᠭᠠᠵᠠᠷ 26᠂ ᠪᠠᠭ᠎ᠠ ᠬᠡᠯᠪᠡᠷᠢ ᠵᠢᠨ ᠠᠭᠤᠷᠬᠠᠶ ᠵᠢᠨ ᠭᠠᠷᠤᠯᠲᠠ ᠵᠢᠨ ᠭᠠᠵᠠᠷ᠎ᠢ ᠨᠡᠶ᠋ᠢᠲᠡ 54 ᠢᠯᠡᠷᠡᠭᠦᠯᠵᠦ᠂ ᠤᠯᠠᠮ ᠨᠢᠭᠡ ᠠᠯᠬᠤᠮ ᠠᠵᠢᠯᠯᠠᠵᠤ ᠪᠣᠯᠬᠤ ᠠᠭᠤᠷᠬᠠᠶ ᠵᠢᠨ ᠭᠠᠷᠤᠯᠲᠠ ᠵᠢᠨ ᠭᠠᠵᠠᠷ 240 ᠭᠠᠷᠤᠶ ᠪᠠᠶ᠋ᠢᠵᠤ᠂ ᠠᠭᠤᠷᠬᠠᠶ ᠡᠷᠢᠵᠦ ᠠᠮᠵᠢᠯᠲᠠ ᠣᠯᠤᠭᠰᠠᠨ ᠨᠣᠷᠮ᠎ᠠ 6.77%᠎ᠳᠤ ᠬᠦᠷᠪᠡ᠃

  《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠢᠯ᠎ᠤᠨ ᠠᠬᠢᠴᠠ᠃ 2021 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠤ ᠬᠠᠶ᠋ᠢᠨ ᠰᠢᠨᠵᠢᠯᠡᠯᠲᠡ ᠵᠢᠨ ᠰᠠᠭᠤᠷᠢ ᠮᠥᠩᠭᠦ᠎ᠳᠤ 213 ᠲᠥᠷᠥᠯ ᠵᠦᠢ᠍ᠯ᠎ᠢ ᠲᠣᠬᠢᠷᠠᠭᠤᠯᠵᠤ᠂ 3.21 ᠳ᠋ᠦᠩᠰᠢᠭᠤᠷ ᠲᠥᠭᠦᠷᠢᠭ᠎ᠤᠨ ᠪᠡᠯᠡ ᠮᠥᠩᠭᠦ ᠣᠷᠣᠭᠤᠯᠵᠤ᠂ ᠬᠠᠶ᠋ᠢᠨ ᠰᠢᠨᠵᠢᠯᠡᠯᠲᠡ ᠵᠢᠨ ᠬᠡᠪ᠎ᠤᠨ ᠪᠤᠰᠤ ᠪᠠᠶ᠋ᠢᠳᠠᠯ᠎ᠢ 33᠂ ᠠᠭᠤᠷᠬᠠᠢ ᠵᠢᠨ ᠪᠦᠲᠦᠬᠦ ᠬᠤᠯᠠ ᠦᠵᠡᠮᠵᠢ ᠵᠢᠨ ᠣᠷᠣᠨ 9᠂ ᠠᠭᠤᠷᠬᠠᠶ ᠡᠷᠢᠬᠦ ᠫᠠᠢ ᠣᠷᠣᠨ᠎ᠤ 26᠂ ᠠᠭᠤᠷᠬᠠᠶ᠋ᠢᠵᠢᠯ᠎ᠤᠨ ᠴᠡᠭ 24 ᠪᠠᠶ᠋ᠢᠵᠤ᠂ 85 ᠵᠤᠷᠪᠤᠰ ᠠᠭᠤᠷᠬᠠᠢ ᠵᠢᠨ ᠬᠦᠷᠢᠶ᠎ᠡ ᠵᠢᠨ ᠬᠦᠳᠡᠷ᠎ᠢ ᠬᠠᠰᠢᠶᠠᠯᠠᠨ ᠭᠠᠷᠭ᠋ᠠᠪᠠ᠃ 2022 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠰᠠᠭᠤᠷᠢ ᠮᠥᠩᠭᠦ᠎ᠳᠤ 196 ᠲᠦᠷᠦᠯ ᠵᠦᠢ᠍ᠯ᠎ᠢ ᠲᠣᠬᠢᠷᠠᠭᠤᠯᠵᠤ᠂ 3.63 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠵᠤ᠂ ᠠᠭᠤᠷᠬᠠᠶ᠋ᠢᠵᠢᠯ᠎ᠤᠨ ᠢᠳᠡᠭᠳᠡᠯ ᠪᠠ ᠬᠤᠪᠢᠷᠠᠭᠤᠯᠤᠯᠲᠠ ᠵᠢᠨ ᠪᠦᠰᠡ 47 ᠵᠤᠷᠪᠤᠰ᠂ ᠠᠭᠤᠷᠬᠠᠶ᠋ᠢᠵᠢᠯ᠎ᠤᠨ ᠢᠳᠡᠭᠳᠡᠯ ᠪᠠ ᠬᠤᠪᠢᠷᠠᠭᠤᠯᠤᠯᠲᠠ ᠵᠢᠨ ᠴᠡᠭ 2᠂ ᠠᠭᠤᠷᠬᠠᠢ ᠵᠢᠨ ᠫᠠᠢ ᠡᠷᠢᠬᠦ ᠭᠠᠵᠠᠷ 3᠂ 1 ᠬᠡᠪ᠎ᠤᠨ ᠪᠤᠰᠤ ᠪᠠᠶ᠋ᠢᠳᠠᠯ᠎ᠢ ᠢᠯᠡᠷᠡᠭᠦᠯᠪᠡ᠃ 2023 ᠣᠨ᠎ᠳᠤ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠰᠠᠭᠤᠷᠢ ᠮᠥᠩᠭᠦ ᠵᠢᠨ ᠲᠥᠷᠥᠯ ᠵᠦᠢ᠍ᠯ᠎ᠢ 182 ᠲᠣᠬᠢᠷᠠᠭᠤᠯᠵᠤ᠂ 3.5 ᠳ᠋ᠦᠩᠰᠢᠭᠤᠷ ᠲᠥᠭᠦᠷᠢᠭ᠎ᠤᠨ ᠪᠡᠯᠡ ᠮᠥᠩᠭᠦ ᠣᠷᠣᠭᠤᠯᠪᠠ᠃ ᠡᠭᠦᠨ᠎ᠳᠤ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠭᠤᠷᠬᠠᠶ ᠵᠢᠨ ᠭᠠᠷᠤᠯᠲᠠ ᠵᠢᠨ ᠪᠠᠶ᠋ᠢᠴᠠᠭ᠋ᠠᠨ ᠰᠤᠳᠤᠯᠤᠯᠲᠠ ᠵᠢᠨ ᠲᠥᠷᠥᠯ ᠵᠦᠢ᠍ᠯ 40 ᠪᠣᠶ᠃ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠭᠤᠷᠬᠠᠶ ᠵᠢᠨ ᠭᠠᠷᠤᠯᠲᠠ ᠵᠢᠨ ᠬᠠᠶ᠋ᠢᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ 99 ᠪᠠᠶ᠋ᠢᠨ᠎ᠠ᠃ ᠨᠡᠭᠦᠷᠡᠰᠦᠨ ᠳᠠᠪᠬᠤᠷᠭ᠎ᠠ ᠵᠢᠨ ᠬᠡᠢ᠂ ᠭᠠᠵᠠᠷ᠎ᠤᠨ ᠢᠯᠴᠢ ᠵᠡᠷᠭᠡ ᠴᠡᠪᠡᠷ ᠡᠨᠧᠷᠭᠢ ᠵᠢᠨ ᠲᠥᠷᠥᠯ ᠵᠦᠢ᠍ᠯ 32 ᠪᠠᠶ᠋ᠢᠨ᠎ᠠ᠃ ᠤᠰᠤᠨ ᠰᠢᠨᠵᠢᠯᠡᠭᠡᠨ᠎ᠤ ᠲᠥᠷᠥᠯ ᠵᠦᠢ᠍ᠯ 11 ᠪᠠᠶ᠋ᠢᠨ᠎ᠠ᠃ ᠡᠨᠡ ᠵᠢᠯ ᠪᠣᠯ ᠰᠢᠨ᠎ᠡ ᠨᠢᠭᠡ ᠡᠭᠡᠯᠵᠢ ᠵᠢᠨ ᠠᠭᠤᠷᠬᠠᠢ ᠵᠢ ᠡᠷᠢᠬᠦ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ ᠵᠢ ᠪᠦᠬᠦ ᠲᠠᠯ᠎ᠠ᠎ᠪᠠᠷ ᠥᠷᠨᠢᠭᠦᠯᠬᠦ ᠡᠬᠢᠯᠡᠯᠲᠡ ᠵᠢᠨ ᠵᠢᠯ ᠪᠣᠯᠣᠨ᠎ᠠ᠂ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠰᠠᠭᠤᠷᠢ ᠮᠥᠩᠭᠦ᠎ᠨᠢ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠣᠬᠢᠷᠳᠤᠯ ᠦᠭᠡᠢ ᠬᠠᠶ᠋ᠢᠨ ᠪᠠᠶ᠋ᠢᠴᠠᠭ᠋ᠠᠯᠲᠠ ᠵᠢᠨ ᠣᠶ᠋ᠢᠯᠠᠭ᠋ᠠᠭᠳᠠᠬᠤᠨ᠎ᠢ ᠪᠠᠷᠢᠮᠲᠠᠯᠠᠨ᠂ ᠤᠯᠤᠰ᠎ᠤᠨ ᠡᠨᠧᠷᠭᠢ ᠵᠢᠨ ᠡᠬᠢ ᠪᠠᠶᠠᠯᠢᠭ᠎ᠤᠨ ᠠᠮᠤᠷ ᠲᠦᠪᠰᠢᠨ᠎ᠳᠤ ᠬᠦᠴᠦᠲᠡᠢ ᠪᠠᠲᠤᠯᠠᠭ᠎ᠠ ᠬᠠᠩᠭ᠋ᠠᠬᠤ ᠪᠣᠯᠣᠨ᠎ᠠ᠃

   ᠠᠰᠠᠭᠤᠳᠠᠯ ᠭᠤᠷᠪᠠ᠄ ᠡᠨᠡ ᠵᠢᠯ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠠᠮᠢ ᠠᠬᠤᠶ ᠵᠢ ᠵᠠᠰᠠᠨ ᠰᠡᠷᠭᠦᠭᠡᠬᠦ᠎ᠳᠤ ᠶᠠᠮᠠᠷ ᠶᠠᠮᠠᠷ ᠭᠤᠤᠯᠳᠠᠯᠭ᠎ᠠ᠎ᠲᠠᠢ ᠠᠵᠢᠯ ᠥᠷᠨᠢᠭᠦᠯᠦᠭᠰᠡᠨ ᠪᠣᠶ?

   ᠸᠠᠩ ᠯᠢ ᠵᠢᠶᠦ᠋ᠨ᠄ ᠡᠨᠡ ᠵᠢᠯ᠎ᠠᠴᠠ ᠨᠠᠭ᠋ᠠᠰᠢ᠂ ᠪᠢᠳᠡ ᠠᠮᠢ ᠠᠬᠤᠶ ᠵᠢ ᠰᠡᠷᠭᠦᠭᠡᠬᠦ ᠠᠵᠢᠯ᠎ᠢ ᠰᠠᠶ᠋ᠢᠲᠤᠷ ᠬᠢᠬᠦ ᠡᠭᠦᠷᠭᠡᠲᠦ ᠰᠡᠳᠬᠢᠯᠭᠡ᠂ ᠬᠠᠷᠢᠭᠤᠴᠠᠯᠭ᠋ᠠᠲᠤ ᠰᠡᠳᠬᠢᠯᠭᠡ᠂ ᠲᠤᠯᠭ᠋ᠠᠮ᠎ᠠ ᠰᠡᠳᠬᠢᠯᠭᠡ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ 《ᠨᠢᠭᠡ ᠲᠣᠭᠤᠷᠢᠭ ᠬᠤᠶᠠᠷ ᠪᠦᠰᠡ ᠣᠯᠠᠨ ᠬᠤᠩᠭᠢᠯ ᠣᠯᠠᠨ ᠭᠠᠵᠠᠷ》᠎ᠤᠨ ᠠᠮᠢ ᠠᠬᠤᠶ ᠵᠢ ᠰᠡᠷᠭᠦᠭᠡᠬᠦ ᠶᠡᠷᠦᠩᠬᠡᠢ ᠪᠠᠶ᠋ᠢᠷᠢᠰᠢᠯ᠎ᠢ ᠬᠦᠴᠦᠯᠡᠨ ᠪᠠᠶ᠋ᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠵᠠᠰᠠᠬᠤ ᠰᠢᠨ᠎ᠡ ᠵᠠᠭᠪᠤᠷ᠂ ᠰᠢᠨ᠎ᠡ ᠠᠷᠭ᠎ᠠ ᠵᠠᠮ᠂ ᠰᠢᠨ᠎ᠡ ᠵᠤᠬᠢᠴᠠᠮᠵᠢ ᠵᠢ ᠬᠠᠶ᠋ᠢᠨ ᠰᠦᠪᠡᠭᠴᠢᠯᠡᠵᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠶᠡᠷᠦᠩᠬᠡᠶ᠋ᠢᠯᠡᠨ ᠵᠠᠰᠠᠬᠤ᠂ ᠰᠢᠰᠲ᠋ᠧᠮ᠎ᠲᠠᠢ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ ᠵᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃

   ᠨᠢᠭᠡ᠎ᠳᠤ᠂ ᠲᠥᠯᠥᠪᠵᠢᠭᠦᠯᠭᠡ ᠵᠢ ᠨᠢᠭᠡᠳᠦᠯᠲᠡᠶ ᠲᠥᠯᠥᠪᠯᠡᠬᠦ ᠵᠢ ᠪᠠᠷᠢᠮᠲᠠᠯᠠᠨ᠎ᠠ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠠᠮᠢ ᠠᠬᠤᠶ ᠵᠢ ᠰᠡᠷᠭᠦᠭᠡᠬᠦ ᠲᠥᠯᠥᠪᠵᠢᠭᠦᠯᠭᠡ (2021-2035 ᠣᠨ)》᠂ 《ᠨᠡᠶ᠋ᠢᠭᠡᠮ᠎ᠤᠨ ᠬᠥᠷᠥᠩᠭᠡ ᠵᠢᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠠᠵᠢᠯ᠎ᠳᠤ ᠣᠷᠣᠯᠴᠠᠬᠤ ᠵᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠶ ᠬᠡᠷᠡᠭᠵᠢᠭᠦᠯᠬᠦ ᠰᠠᠨᠠᠯ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠤᠬᠡᠨ᠎ᠠᠴᠠ ᠦᠯᠡᠳᠡᠭᠳᠡᠵᠦ ᠢᠷᠡᠭᠰᠡᠨ ᠠᠭᠤᠷᠬᠠᠶ ᠵᠢᠨ ᠠᠮᠢ ᠠᠬᠤᠶ ᠵᠢ ᠰᠡᠷᠭᠦᠭᠡᠬᠦ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ (2023-2025 ᠣᠨ)》 ᠵᠢ ᠨᠠᠶ᠋ᠢᠷᠠᠭᠤᠯᠤᠨ ᠵᠣᠬᠢᠶᠠᠵᠤ᠂ ᠣᠷᠳᠣ ᠬᠤᠭᠤᠴᠠᠭ᠋ᠠᠨ᠎ᠤ ᠶᠡᠷᠦᠩᠬᠡᠶ ᠲᠥᠯᠥᠪᠵᠢᠭᠦᠯᠭᠡ ᠶᠡᠷᠦᠩᠬᠡᠶ ᠬᠥᠲᠥᠯᠪᠦᠷᠢ᠎ᠠᠴᠠ ᠣᠶ᠋ᠢᠷ᠎ᠠ ᠵᠢᠨ ᠬᠤᠭᠤᠴᠠᠭ᠋ᠠᠨ᠎ᠤ ᠭᠤᠤᠯᠳᠠᠯᠭ᠎ᠠ᠎ᠲᠠᠢ ᠲᠤᠰᠬᠠᠶ ᠵᠦᠢ᠍ᠯ ᠪᠣᠯᠲᠠᠯ᠎ᠠ᠂ ᠠᠮᠢ ᠠᠬᠤᠶ ᠵᠢ ᠰᠡᠷᠭᠦᠭᠡᠬᠦ ᠭᠤᠤᠯᠳᠠᠯᠭ᠎ᠠ᠎ᠲᠠᠢ ᠡᠭᠦᠷᠭᠡ ᠵᠢᠨ ᠪᠠᠶ᠋ᠢᠷᠢᠰᠢᠭᠤᠯᠤᠯᠲᠠ᠎ᠠᠴᠠ ᠣᠷᠣᠭᠤᠯᠤᠯᠲᠠ ᠵᠢᠨ ᠵᠣᠬᠢᠴᠠᠮᠵᠢ ᠵᠢᠨ ᠵᠠᠭᠪᠤᠷ᠎ᠢ ᠰᠢᠯᠢᠳᠡᠭᠵᠢᠭᠦᠯᠬᠦ ᠬᠦᠷᠲᠡᠯ᠎ᠡ᠂ ᠲᠥᠯᠥᠪᠵᠢᠭᠦᠯᠭᠡ ᠵᠢᠨ ᠲᠦᠷᠢᠮ ᠵᠶ᠋ᠠᠷ ᠪᠣᠶ ᠪᠥᠬᠦᠶ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠠᠮᠢ ᠠᠬᠤᠶ ᠵᠢ ᠰᠡᠷᠭᠦᠭᠡᠬᠦ ᠠᠵᠢᠯ᠎ᠢ ᠶᠡᠷᠦᠩᠬᠡᠶ᠋ᠢᠯᠡᠨ ᠵᠢᠯᠤᠭᠤᠳᠪᠠ᠃

   ᠬᠤᠶᠠᠷ᠎ᠲᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠨ᠎ᠠ᠃ 《ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ》 ᠵᠢ ᠶᠡᠷᠦᠩᠬᠡᠶ᠋ᠢᠯᠡᠨ ᠵᠠᠰᠠᠬᠤ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠯᠠᠭ᠋ᠠᠨᠰᠤᠬᠠᠢ ᠵᠢᠨ ᠰᠠᠪᠠ ᠭᠠᠵᠠᠷ ᠪᠠ ᠬᠤᠷᠴᠢᠨ᠎ᠤ ᠲᠠᠯ᠎ᠠ ᠨᠤᠲᠤᠭ᠎ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠵᠤ ᠰᠡᠷᠭᠦᠭᠡᠬᠦ ᠢᠨᠵᠧᠨᠧᠷᠢᠩ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠬᠠᠲᠤᠨ ᠭᠤᠤᠯ᠎ᠤᠨ ᠭᠤᠤᠯᠳᠠᠯᠭ᠎ᠠ᠎ᠲᠠᠢ ᠠᠮᠢ ᠠᠬᠤᠶ ᠵᠢᠨ ᠣᠷᠣᠨ (ᠣᠷᠳᠣᠰ) ᠪᠣᠯᠤᠨ ᠤᠮᠠᠷᠠᠲᠤ ᠵᠢᠨ ᠡᠯᠡᠰᠦ ᠰᠡᠷᠭᠡᠶ᠋ᠢᠯᠡᠬᠦ ᠪᠦᠰᠡ-  ᠬᠠᠲᠤᠨ ᠭᠤᠤᠯ᠎ᠤᠨ ᠭᠤᠤᠯᠳᠠᠯᠭ᠎ᠠ᠎ᠲᠠᠢ ᠠᠮᠢ ᠠᠬᠤᠶ ᠵᠢᠨ ᠣᠷᠣᠨ (ᠬᠥᠬᠡᠬᠤᠲᠠ) ᠬᠤᠶᠠᠷ ᠲᠡᠦᠬᠡ ᠵᠢᠨ ᠦᠯᠡᠳᠡᠭᠳᠡᠯ ᠬᠠᠶᠠᠭᠳᠠᠮᠠᠯ ᠠᠭᠤᠷᠬᠠᠶ ᠵᠢᠨ ᠠᠮᠢ ᠠᠬᠤᠶ ᠵᠢ ᠰᠡᠷᠭᠦᠭᠡᠨ ᠵᠠᠰᠠᠬᠤ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠲᠥᠷᠥᠯ ᠵᠦᠢ᠍ᠯ᠎ᠢ ᠮᠠᠨ᠎ᠤ ᠣᠷᠣᠨ᠎ᠳᠤ ᠨᠠᠶ᠋ᠢᠳᠠᠪᠤᠷᠢᠵᠢᠭᠤᠯᠬᠤ᠎ᠪᠠᠷ ᠪᠥᠬᠦ ᠬᠦᠴᠦᠨ ᠵᠶ᠋ᠠᠷ ᠵᠶ᠋ᠠᠨ ᠴᠢᠷᠮᠠᠶ᠋ᠢᠨ᠎ᠠ᠃

   ᠭᠤᠷᠪᠠ᠎ᠳᠤ᠂ ᠭᠤᠣᠯᠳᠠᠯᠭ᠎ᠠ᠎ᠲᠠᠢ ᠪᠣᠭᠤᠮᠲᠠ ᠰᠢᠪᠲᠤᠯᠬᠤ ᠵᠢ ᠪᠠᠷᠢᠮᠲᠠᠯᠠᠨ᠎ᠠ᠃ ᠠᠭᠤᠷᠬᠠᠶ ᠵᠢᠨ ᠦᠢ᠍ᠯᠡᠰ᠎ᠤᠨ ᠲᠣᠮᠣ ᠣᠷᠣᠨ᠎ᠤ ᠠᠵᠢᠯ᠎ᠤᠨ ᠪᠣᠳᠠᠲᠤ ᠪᠠᠶ᠋ᠢᠳᠠᠯ᠎ᠳᠤ ᠰᠠᠭᠤᠷᠢᠯᠠᠨ᠂ ᠠᠭᠤᠷᠬᠠᠶ ᠵᠢᠨ ᠭᠠᠵᠠᠷ᠎ᠤᠨ ᠣᠷᠴᠢᠨ ᠲᠣᠭᠣᠷᠢᠨ᠎ᠤ ᠵᠠᠰᠠᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ ᠬᠡᠷᠡᠭᠲᠡᠶ᠃ ᠦᠢ᠍ᠯᠡᠳᠪᠦᠷᠢᠯᠡᠯ᠎ᠤᠨ ᠠᠭᠤᠷᠬᠠᠢ ᠵᠢᠨ ᠲᠠᠯ᠎ᠠ᠎ᠪᠠᠷ᠂ ᠠᠭᠤᠷᠬᠠᠢ ᠵᠢᠨ ᠭᠠᠵᠠᠷ᠎ᠤᠨ ᠣᠷᠴᠢᠨ ᠲᠣᠭᠤᠷᠢᠨ᠎ᠢ ᠵᠠᠰᠠᠬᠤ ᠰᠠᠭᠤᠷᠢ ᠮᠥᠩᠭᠦ ᠵᠢ 113 ᠳ᠋ᠦᠩᠰᠢᠭᠤᠷ ᠲᠥᠭᠦᠷᠢᠭ ᠵᠶ᠋ᠠᠷ ᠪᠣᠳᠣᠨ ᠠᠪᠴᠤ᠂ 2022 ᠣᠨ᠎ᠳᠤ ᠪᠥᠬᠦ ᠣᠷᠣᠨ᠎ᠤ ᠰᠢᠨ᠎ᠡ᠎ᠪᠠᠷ ᠨᠡᠮᠡᠭᠳᠡᠭᠰᠡᠨ ᠠᠭᠤᠷᠬᠠᠢ ᠵᠢᠨ ᠠᠮᠢ ᠠᠬᠤᠢ ᠵᠢ ᠰᠡᠷᠭᠦᠭᠡᠬᠦ ᠭᠠᠵᠠᠷ ᠰᠢᠷᠣᠢ ᠵᠢᠨ ᠲᠠᠯᠠᠪᠠᠢ 296.35 ᠲᠡᠭᠰᠢ ᠳᠥᠷᠪᠡᠯᠵᠢᠨ ᠺᠢᠯᠣᠮᠧᠲᠷ ᠪᠠᠶ᠋ᠢᠵᠤ᠂ ᠵᠢᠯ᠎ᠤᠨ ᠰᠢᠨ᠎ᠡ᠎ᠪᠠᠷ ᠨᠡᠮᠡᠭᠳᠡᠭᠰᠡᠨ ᠵᠠᠰᠠᠯᠲᠠ ᠵᠢᠨ ᠲᠠᠯᠠᠪᠠᠢ᠎ᠨᠢ ᠣᠨ᠎ᠤ ᠰᠢᠨ᠎ᠡ᠎ᠪᠠᠷ ᠨᠡᠮᠡᠭᠳᠡᠭᠰᠡᠨ ᠠᠭᠤᠷᠬᠠᠢ ᠮᠠᠯᠳᠠᠬᠤ᠎ᠳᠤ ᠡᠪᠳᠡᠭᠳᠡᠭᠰᠡᠨ ᠭᠠᠵᠠᠷ ᠰᠢᠷᠣᠢ ᠵᠢᠨ ᠲᠠᠯᠠᠪᠠᠢ᠎ᠠᠴᠠ ᠶᠡᠭᠡ ᠪᠣᠯᠵᠤ᠂ ᠠᠭᠤᠷᠬᠠᠢ ᠵᠢᠨ ᠠᠮᠢ ᠠᠬᠤᠢ ᠵᠢ ᠰᠡᠷᠭᠦᠭᠡᠬᠦ ᠬᠥᠳᠡᠯᠦᠩᠭᠦᠢ ᠲᠡᠩᠴᠡᠭᠦᠷᠢ ᠵᠢ ᠪᠡᠶᠡᠯᠡᠭᠦᠯᠪᠡ᠃ ᠲᠡᠤᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠵᠢ ᠵᠠᠰᠠᠬᠤ ᠲᠠᠯ᠎ᠠ᠎ᠪᠠᠷ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠬᠠᠷᠠᠯᠲᠠ ᠵᠢᠨ ᠡᠭᠦᠷᠭᠡ ᠵᠢ ᠴᠢᠩᠭ᠎ᠠ ᠠᠩᠬᠠᠷᠴᠤ᠂ 2021 ᠣᠨ᠎ᠠᠴᠠ ᠨᠠᠭ᠋ᠠᠰᠢ 23 ᠲᠥᠷᠥᠯ ᠵᠦᠢ᠍ᠯ᠎ᠢ ᠲᠣᠬᠢᠷᠠᠭᠤᠯᠵᠤ᠂ ᠲᠡᠤᠬᠡ ᠵᠢᠨ ᠵᠢᠷᠤᠭ ᠲᠣᠯᠪᠤ ᠵᠢᠨ ᠲᠠᠯᠠᠪᠠᠶ ᠵᠢ 21.37 ᠲᠡᠭᠰᠢ ᠳᠥᠷᠪᠡᠯᠵᠢᠨ ᠺᠢᠯᠣᠮᠧᠲᠷ ᠵᠠᠰᠠᠪᠠ᠃ ᠡᠭᠦᠨ᠎ᠤ ᠬᠠᠮᠲᠤ ᠠᠶ᠋ᠢᠮᠠᠭ ᠬᠤᠲᠠ᠂ ᠬᠤᠰᠢᠭᠤ ᠰᠢᠶᠠᠨ᠎ᠤ ᠡᠯ᠎ᠡ ᠱᠠᠲᠤᠨ᠎ᠤ ᠵᠠᠰᠠᠬᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠨ ᠠᠶ᠋ᠢᠮᠠᠭ ᠬᠤᠲᠠ᠎ᠨᠢ ᠴᠥᠮ ᠠᠶ᠋ᠢᠮᠠᠭ ᠬᠤᠲᠠ ᠵᠢᠨ ᠲᠣᠰ ᠱᠠᠲᠤᠨ᠎ᠤ ᠲᠡᠤᠬᠡᠨ᠎ᠠᠴᠠ ᠦᠯᠡᠳᠡᠭᠳᠡᠵᠦ ᠢᠷᠡᠭᠰᠡᠨ ᠠᠭᠤᠷᠬᠠᠶ ᠵᠢᠨ ᠠᠮᠢ ᠠᠬᠤᠶ ᠵᠢ ᠰᠡᠷᠭᠦᠭᠡᠬᠦ ᠠᠵᠢᠯ᠎ᠤᠨ ᠲᠥᠰᠦᠯ᠎ᠢ ᠲᠣᠭᠲᠠᠭ᠋ᠠᠵᠤ᠂ ᠬᠤᠰᠢᠭᠤ ᠰᠢᠶᠠᠨ ᠲᠣᠭᠤᠷᠢᠭ᠎ᠲᠤ ᠬᠤᠪᠢᠶᠠᠷᠢᠯᠠᠨ ᠨᠠᠶ᠋ᠢᠳᠠᠪᠤᠷᠢᠵᠢᠭᠤᠯᠪᠠ᠃ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠵᠦ᠂ ᠨᠡᠶ᠋ᠢᠯᠡᠮᠡᠯ ᠬᠦᠴᠦᠨ᠎ᠢ ᠨᠢᠭᠲᠠᠷᠠᠭᠤᠯᠤᠨ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠵᠠᠰᠠᠯᠲᠠ ᠵᠢᠨ ᠬᠠᠷᠠᠯᠲᠠ ᠵᠢᠨ ᠡᠭᠦᠷᠭᠡ᠎ᠪᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠪᠠ᠃

   ᠠᠰᠠᠭᠤᠯᠲᠠ᠄ 《ᠭᠠᠵᠠᠷ ᠰᠢᠷᠣᠶ ᠵᠢᠨ ᠬᠡᠲᠦ ᠳᠡᠯᠭᠡᠭᠦᠷ》᠎ᠨᠢ ᠶᠠᠮᠠᠷ ᠶᠠᠮᠠᠷ ᠭᠠᠵᠠᠷ ᠰᠢᠷᠣᠶ ᠵᠢᠨ ᠮᠡᠳᠡᠭᠡ ᠵᠠᠩᠭᠢ ᠵᠢ ᠢᠯᠡᠷᠡᠭᠦᠯᠦᠭᠰᠡᠨ ᠪᠣᠶ? ᠬᠡᠷᠬᠢᠨ ᠪᠡᠯᠡ ᠣᠷᠣᠭᠤᠯᠤᠯᠲᠠ ᠵᠢᠨ ᠰᠠᠨᠠᠮᠵᠢ ᠵᠢᠨ ᠠᠵᠤ ᠠᠬᠤᠶ᠋ᠢᠯᠠᠯ ᠪᠤᠶᠤ ᠬᠤᠪᠢ ᠬᠥᠮᠦᠨ᠎ᠳᠤ ᠦᠢ᠍ᠯᠡᠴᠢᠯᠡᠭᠡ ᠬᠠᠩᠭ᠋ᠠᠬᠤ ᠪᠤᠢ?

   ᠡᠦ ᠰᠢᠶᠣᠣ ᠭᠤᠸᠠᠩ᠄ ᠨᠢᠭᠡ᠎ᠳᠤ 《ᠭᠠᠵᠠᠷ ᠰᠢᠷᠣᠢ ᠵᠢᠨ ᠬᠡᠳᠦ ᠳᠡᠯᠭᠡᠭᠦᠷ》᠎ᠤᠨ ᠮᠡᠳᠡᠭᠡ ᠵᠠᠩᠭᠢ ᠵᠢ ᠳᠡᠯᠭᠡᠨ ᠦᠵᠡᠭᠦᠯᠬᠦ ᠲᠠᠯ᠎ᠠ᠎ᠪᠠᠷ᠃ 《ᠭᠠᠵᠠᠷ ᠰᠢᠷᠣᠶ ᠵᠢᠨ ᠬᠡᠲᠦ ᠳᠡᠯᠭᠡᠭᠦᠷ》᠎ᠨᠢ ᠠᠶ᠋ᠢᠮᠠᠭ ᠬᠤᠲᠠ᠂ ᠬᠤᠰᠢᠭᠤ ᠰᠢᠶᠠᠨ᠎ᠤ ᠵᠠᠰᠠᠭ ᠵᠠᠬᠢᠷᠭ᠋ᠠᠨ᠎ᠤ ᠣᠷᠣᠨ ᠵᠶ᠋ᠠᠷ ᠨᠢᠭᠡᠴᠢ ᠪᠣᠯᠭ᠋ᠠᠵᠤ᠂ ᠬᠠᠩᠭ᠋ᠠᠵᠤ ᠪᠣᠯᠬᠤ ᠭᠠᠵᠠᠷ᠎ᠢ 《ᠪᠠᠷᠠᠭ᠋ᠠᠨ᠎ᠤ ᠲᠠᠯᠪᠢᠭᠤᠷ᠎ᠲᠠᠬᠢ ᠲᠠᠸᠠᠷ》 ᠪᠣᠯᠭ᠋ᠠᠵᠤ᠂ ᠢᠨᠲ᠋ᠧᠷ ᠰᠦᠯᠵᠢᠶ᠎ᠡ᠎ᠪᠠᠷ ᠳᠠᠮᠵᠢᠭᠤᠯᠤᠨ ᠠᠵᠤ ᠠᠬᠤᠶ᠋ᠢᠯᠠᠯ ᠪᠠ ᠬᠤᠪᠢ ᠬᠥᠮᠦᠨ᠎ᠳᠤ ᠳᠡᠯᠭᠡᠨ ᠦᠵᠡᠭᠦᠯᠦᠨ᠎ᠡ᠃ ᠪᠡᠯᠡ ᠣᠷᠣᠭᠤᠯᠬᠤ ᠰᠠᠨᠠᠮᠵᠢ᠎ᠨᠢ ᠰᠠᠶᠢ ᠺᠣᠮᠫᠢᠦ᠋ᠲ᠋ᠧᠷ ᠪᠤᠶᠤ ᠭᠠᠷ ᠤᠳᠠᠰᠤ᠎ᠪᠠᠷ ᠰᠤᠷᠪᠤᠯᠵᠢᠯᠠᠬᠤ᠎ᠪᠠᠷ ᠳᠠᠮᠵᠢᠭᠤᠯᠤᠨ᠂ ᠪᠠᠷᠠᠭ᠎ᠠ ᠵᠢᠨ ᠲᠠᠯᠪᠢᠭᠤᠷ᠎ᠲᠠᠬᠢ ᠪᠣᠢ ᠪᠦᠬᠦᠢ ᠭᠠᠵᠠᠷ᠎ᠤᠨ ᠮᠡᠳᠡᠭᠡ ᠵᠠᠩᠭᠢ ᠵᠢ ᠬᠡᠵᠢᠶ᠎ᠡ ᠬᠠᠮᠢᠭ᠎ᠠ ᠴᠤ᠌ ᠭᠡᠰᠡᠨ ᠪᠠᠶ᠋ᠢᠴᠠᠭ᠋ᠠᠨ ᠦᠵᠡᠵᠦ᠂ ᠬᠠᠩᠭ᠋ᠠᠵᠤ ᠪᠣᠯᠬᠤ ᠭᠠᠵᠠᠷ᠎ᠤᠨ ᠲᠥᠯᠥᠪᠵᠢᠭᠦᠯᠭᠡ ᠵᠢᠨ ᠬᠡᠷᠡᠭᠴᠡᠭᠡ᠂ ᠪᠠᠷᠢᠯᠭ᠎ᠠ ᠵᠢᠨ ᠥᠨᠳᠥᠷ᠎ᠢ ᠬᠢᠵᠠᠭ᠋ᠠᠷᠯᠠᠬᠤ᠂ ᠪᠠᠷᠢᠯᠭ᠎ᠠ ᠵᠢᠨ ᠨᠢᠭᠲᠠᠴᠠ᠂ ᠡᠷᠭᠢᠨ ᠲᠣᠭᠤᠷᠢᠨ᠎ᠤ ᠭᠠᠵᠠᠷ᠎ᠤᠨ ᠬᠡᠷᠡᠭᠴᠡᠭᠡ (ᠨᠢᠭᠡᠨᠲᠡ ᠪᠠᠶ᠋ᠢᠭᠤᠯᠤᠭᠰᠠᠨ᠂ ᠲᠥᠯᠥᠪᠵᠢᠭᠦᠯᠦᠭᠰᠡᠨ ᠭᠠᠵᠠᠷ ᠰᠢᠷᠣᠶ)᠂ ᠨᠢᠭᠡᠨᠲᠡ ᠬᠡᠰᠡᠭ ᠭᠠᠵᠠᠷ᠎ᠤᠨ ᠠᠷᠠᠯᠵᠢᠶ᠎ᠠ ᠪᠦᠲᠦᠭᠰᠡᠨ ᠦᠨ᠎ᠡ᠂ ᠪᠠᠷᠢᠮᠵᠢᠶᠠᠲᠤ ᠭᠠᠵᠠᠷ᠎ᠤᠨ ᠦᠨ᠎ᠡ᠂ ᠯᠠᠪᠯᠠᠯᠲᠠ ᠵᠢᠨ ᠦᠨ᠎ᠡ ᠵᠡᠷᠭᠡ ᠮᠡᠳᠡᠭᠡ ᠵᠠᠩᠭᠢ ᠵᠢ ᠪᠠᠭᠲᠠᠭ᠋ᠠᠨ᠎ᠠ᠃ ᠡᠭᠦᠨ᠎ᠤ ᠬᠠᠮᠲᠤ᠂ ᠪᠠᠰᠠ ᠬᠡᠰᠡᠭ ᠭᠠᠵᠠᠷ ᠵᠢᠴᠢ ᠡᠷᠬᠢᠨ ᠲᠣᠭᠤᠷᠢᠨ᠎ᠤ ᠪᠥᠬᠦ ᠦᠵᠡᠮᠵᠢ ᠵᠢᠨ ᠵᠢᠷᠤᠭ ᠳᠦᠷᠰᠦ᠂ ᠣᠷᠣᠨ ᠪᠠᠶ᠋ᠢᠷᠢ ᠵᠢᠨ ᠵᠢᠷᠤᠭ᠂ ᠭᠠᠵᠠᠷ᠎ᠤᠨ ᠪᠣᠳᠠᠲᠤ ᠦᠵᠡᠮᠵᠢ ᠵᠡᠷᠭᠡ ᠴᠢᠬᠤᠯᠠ ᠣᠷᠴᠢᠨ ᠲᠣᠭᠤᠷᠢᠨ᠎ᠤ ᠨᠥᠬᠦᠴᠡᠯ᠎ᠤᠨ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ ᠪᠠᠶ᠋ᠢᠴᠠᠭ᠋ᠠᠨ ᠦᠵᠡᠵᠦ ᠪᠣᠯᠤᠨ᠎ᠠ᠃ ᠣᠳᠣᠬᠠᠨ᠎ᠳᠤ᠂ ᠬᠡᠲᠦ ᠳᠡᠯᠭᠡᠭᠦᠷ᠎ᠲᠤ ᠨᠢᠭᠡᠨᠲᠡ ᠬᠢᠩᠭ᠋ᠠᠨ ᠠᠶ᠋ᠢᠮᠠᠭ᠎ᠤᠨ 48 ᠬᠡᠰᠡᠭ ᠨᠡᠶ᠋ᠢᠲᠡ 4000 ᠭᠠᠷᠤᠶ ᠮᠥ᠍ ᠠᠷᠠᠯᠵᠢᠶ᠎ᠠ ᠬᠦᠯᠢᠶᠡᠬᠦ ᠭᠠᠵᠠᠷ ᠰᠢᠷᠣᠶ ᠵᠢ ᠲᠠᠯᠪᠢᠵᠤ ᠪᠠᠶ᠋ᠢᠨ᠎ᠠ᠃

   ᠬᠤᠶᠠᠷ᠎ᠲᠤ᠂ 《ᠭᠠᠵᠠᠷ ᠰᠢᠷᠣᠶ ᠵᠢᠨ ᠬᠡᠲᠦ ᠳᠡᠯᠭᠡᠭᠦᠷ》᠎ᠤᠨ ᠦᠢ᠍ᠯᠡᠴᠢᠯᠡᠭᠡ ᠬᠠᠩᠭ᠋ᠠᠬᠤ ᠲᠠᠯ᠎ᠠ᠎ᠪᠠᠷ᠃ 《ᠭᠠᠵᠠᠷ ᠰᠢᠷᠣᠶ ᠵᠢᠨ ᠬᠡᠲᠦ ᠳᠡᠯᠭᠡᠭᠦᠷ》᠎ᠤᠨ ᠵᠢᠶᠠᠰᠠᠨ᠎ᠳᠤ ᠪᠠᠶ᠋ᠢᠭ᠎ᠠ ᠭᠠᠵᠠᠷ᠎ᠨᠢ ᠴᠥᠮ ᠡᠷᠬᠡ ᠵᠢᠨ ᠬᠠᠷᠢᠶᠠᠯᠠᠯ᠎ᠨᠢ ᠲᠣᠳᠣᠷᠬᠠᠶ᠂ ᠨᠡᠭᠡᠭᠡᠨ ᠬᠥᠭᠵᠢᠭᠦᠯᠬᠦ ᠨᠥᠬᠦᠴᠡᠯ᠎ᠢ ᠪᠦᠷᠢᠯᠳᠦᠭᠦᠯᠦᠭᠰᠡᠨ 《ᠴᠡᠪᠡᠷ ᠭᠠᠵᠠᠷ》 ᠪᠠᠢ᠌ᠵᠤ᠂ ᠭᠠᠵᠠᠷ ᠰᠢᠷᠣᠶ ᠬᠡᠷᠡᠭᠯᠡᠬᠦ ᠠᠵᠢᠯ᠎ᠢ ᠲᠦᠷᠭᠡᠨ ᠪᠡᠶᠡᠯᠡᠭᠦᠯᠵᠦ ᠴᠢᠳᠠᠬᠤ᠎ᠨᠢ ᠠᠵᠤ ᠠᠬᠤᠶ᠋ᠢᠯᠠᠯ᠎ᠤᠨ ᠲᠥᠷᠥᠯ ᠵᠦᠢ᠍ᠯ᠎ᠢ ᠲᠦᠷᠭᠡᠨ ᠨᠠᠶ᠋ᠢᠳᠠᠪᠤᠷᠢᠵᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ᠎ᠤ ᠨᠥᠬᠦᠴᠡᠯ᠎ᠢ ᠰᠢᠯᠢᠳᠡᠭᠵᠢᠭᠦᠯᠬᠦ ᠵᠢ ᠦᠨᠡᠨ ᠬᠦ᠌ ᠠᠬᠢᠭᠤᠯᠬᠤ᠎ᠳᠤ ᠠᠰᠢᠭᠲᠠᠶ ᠶᠤᠮ᠃ ᠠᠵᠤ ᠠᠬᠤᠶ᠋ᠢᠯᠠᠯ ᠪᠣᠯᠤᠨ ᠬᠤᠪᠢ ᠬᠥᠮᠦᠨ ᠳᠠᠩᠰᠠᠯᠠᠭᠤᠯᠬᠤ ᠵᠢᠨ ᠬᠠᠮᠲᠤ ᠳᠠᠩᠰᠠᠨ᠎ᠳᠤ ᠲᠡᠮᠳᠡᠭᠯᠡᠭᠰᠡᠨ ᠪᠠᠶ᠋ᠢᠳᠠᠯ ᠳᠣᠤᠷ᠎ᠠ᠂ ᠤᠳᠠᠰᠤᠳᠠᠬᠤ ᠪᠤᠶᠤ ᠦᠭᠡ ᠦᠯᠡᠳᠡᠭᠡᠬᠦ ᠵᠡᠷᠭᠡ ᠠᠷᠭ᠎ᠠ ᠮᠠᠶᠢᠭ᠎ᠢ ᠰᠣᠩᠭᠤᠵᠤ ᠭᠠᠵᠠᠷ ᠰᠢᠷᠣᠶ ᠬᠠᠩᠭ᠋ᠠᠬᠤ ᠰᠠᠯᠠᠭ᠎ᠠ ᠮᠥᠴᠢᠷ᠎ᠲᠠᠢ ᠰᠢᠭᠤᠳ ᠬᠠᠷᠢᠯᠴᠠᠵᠤ ᠪᠣᠯᠤᠨ᠎ᠠ᠂ ᠪᠠᠰᠠ 《ᠪᠠᠷᠠᠭ᠎ᠠ ᠬᠤᠳᠠᠯᠳᠤᠨ ᠠᠪᠬᠤ ᠲᠡᠷᠭᠡᠨ᠎ᠳᠤ ᠣᠷᠣᠬᠤ》 ᠵᠢ ᠰᠢᠭᠤᠳ ᠳᠠᠷᠤᠵᠤ ᠬᠤᠳᠠᠯᠳᠤᠨ ᠠᠪᠴᠤ ᠪᠣᠯᠤᠨ᠎ᠠ᠃ ᠡᠭᠦᠨ᠎ᠠᠴᠠ ᠭᠠᠳᠠᠨ᠎ᠠ᠂ 《ᠭᠠᠵᠠᠷ ᠰᠢᠷᠣᠶ ᠵᠢᠨ ᠬᠡᠲᠦ ᠳᠡᠯᠭᠡᠭᠦᠷ》᠎ᠤᠨ 《ᠠᠷᠠᠯᠵᠢᠶᠠᠨ᠎ᠤ ᠮᠡᠳᠡᠭᠡ ᠵᠠᠩᠭᠢ》 ᠵᠢᠨ ᠪᠤᠯᠤᠩ᠎ᠳᠤ ᠪᠠᠰᠠ 《ᠠᠷᠠᠯᠵᠢᠶᠠᠨ᠎ᠤ ᠠᠯᠪᠠᠨ ᠵᠠᠷ》 ᠪᠠ 《ᠠᠷᠠᠯᠵᠢᠶ᠎ᠠ ᠪᠦᠲᠦᠭᠰᠡᠨ ᠠᠯᠪᠠᠨ ᠵᠠᠷ》 ᠵᠡᠷᠭᠡ ᠠᠭᠤᠯᠭ᠎ᠠ ᠵᠢ ᠭᠠᠷᠭ᠋ᠠᠵᠤ᠂ ᠠᠵᠤ ᠠᠬᠤᠶ᠋ᠢᠯᠠᠯ ᠪᠠ ᠬᠤᠪᠢ ᠬᠥᠮᠦᠨ᠎ᠢ ᠬᠠᠪᠰᠤᠷᠤᠨ ᠭᠠᠵᠠᠷ ᠰᠢᠷᠣᠶ ᠵᠢᠨ ᠬᠡᠲᠦ ᠳᠡᠯᠭᠡᠭᠦᠷ᠎ᠤᠨ ᠥᠩᠭᠡᠷᠡᠭᠰᠡᠨ᠎ᠤ ᠠᠷᠠᠯᠵᠢᠶ᠎ᠠ ᠪᠠ ᠠᠷᠠᠯᠵᠢᠶ᠎ᠠ ᠪᠦᠲᠦᠭᠰᠡᠨ ᠪᠠᠶ᠋ᠢᠳᠠᠯ᠎ᠢ ᠣᠶ᠋ᠢᠯᠠᠭ᠋ᠠᠭᠤᠯᠪᠠ᠃ ᠡᠭᠦᠨ᠎ᠠᠴᠠ ᠭᠠᠳᠠᠨ᠎ᠠ᠂ 《ᠭᠠᠵᠠᠷ ᠰᠢᠷᠣᠶ ᠵᠢᠨ ᠬᠡᠲᠦ ᠳᠡᠯᠭᠡᠭᠦᠷ》᠎ᠤᠨ ᠪᠠᠷᠠᠭ᠋ᠠᠨ᠎ᠤ ᠲᠠᠯᠪᠢᠭᠤᠷ ᠳᠡᠭᠡᠷ᠎ᠡ ᠪᠠᠰᠠ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ᠂ ᠨᠡᠮᠡᠵᠦ ᠬᠠᠰᠤᠬᠤ ᠵᠢ ᠬᠤᠯᠪᠣᠭᠳᠠᠭᠤᠯᠤᠭᠰᠠᠨ ᠦᠯᠡᠳᠡᠪᠦᠷᠢ ᠭᠦᠢ᠍ᠴᠡᠳᠬᠡᠯ ᠲᠤᠭ᠎ᠠ ᠵᠢ ᠨᠢᠭᠡᠳᠦᠯᠲᠡᠶ ᠲᠥᠯᠥᠪᠯᠡᠨ ᠠᠷᠠᠯᠵᠢᠶᠠᠯᠠᠬᠤ ᠮᠡᠳᠡᠭᠡ ᠵᠠᠩᠭᠢ ᠵᠢᠴᠢ ᠭᠠᠵᠠᠷ ᠰᠢᠷᠣᠶ ᠵᠢᠨ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠠᠷᠠᠯᠵᠢᠶᠠᠯᠠᠬᠤ ᠮᠡᠳᠡᠭᠡ ᠵᠠᠩᠭᠢ ᠵᠡᠷᠭᠡ ᠵᠢ ᠳᠣᠭᠢᠷᠠᠭᠤᠯᠵᠤ᠂ ᠨᠡᠶ᠋ᠢᠲᠡᠯᠡᠬᠦ ᠲᠠᠯ᠎ᠠ ᠪᠠ ᠬᠡᠷᠡᠭᠴᠡᠭᠡ ᠱᠠᠭ᠋ᠠᠷᠳᠠᠯᠭ᠎ᠠ ᠵᠢᠨ ᠲᠠᠯ᠎ᠠ᠎ᠳᠤ ᠲᠦᠷᠭᠡᠨ᠂ ᠰᠢᠭᠤᠳ ᠪᠥᠭᠡᠳ ᠳᠥᠭᠦᠮ ᠳᠥᠲᠡ ᠦᠢ᠍ᠯᠡᠴᠢᠯᠡᠭᠡ ᠬᠠᠩᠭ᠋ᠠᠪᠠ᠃ ᠣᠳᠣᠬᠠᠨ᠎ᠳᠤ᠂ ᠤᠯᠠᠭ᠋ᠠᠨᠴᠠᠪ ᠬᠤᠲᠠ ᠲᠦᠷᠦᠭᠦᠤ ᠪᠦᠯᠦᠭ᠎ᠤᠨ ᠬᠤᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠰᠦᠯᠵᠢᠶᠡᠨ ᠳᠡᠭᠡᠷ᠎ᠡ ᠠᠷᠠᠯᠵᠢᠶᠠᠯᠠᠬᠤ ᠪᠠ ᠰᠢᠯᠵᠢᠭᠦᠯᠦᠨ ᠥᠭᠬᠦ ᠵᠢ ᠪᠡᠶᠡᠯᠡᠭᠦᠯᠪᠡ᠃

   ᠭᠤᠷᠪᠠ᠎ᠳᠤ᠂ 《ᠭᠠᠵᠠᠷ ᠰᠢᠷᠣᠶ ᠵᠢᠨ ᠬᠡᠲᠦ ᠳᠡᠯᠭᠡᠭᠦᠷ》᠎ᠤᠨ ᠭᠠᠵᠠᠷ ᠰᠢᠷᠣᠶ ᠵᠢ ᠰᠣᠩᠭᠤᠨ ᠠᠵᠢᠯᠯᠠᠭᠤᠯᠬᠤ ᠲᠠᠯ᠎ᠠ᠎ᠪᠠᠷ᠃ ᠰᠢᠭᠤᠳ ᠦᠵᠡᠭᠦᠯᠬᠦ᠂ ᠰᠢᠭᠤᠳ ᠪᠠᠢ᠌ᠴᠠᠭ᠋ᠠᠨ ᠯᠠᠪᠯᠠᠬᠤ᠂ ᠰᠢᠯᠢᠨ ᠰᠣᠩᠭᠣᠬᠤ ᠪᠠ ᠨᠡᠩᠵᠢᠨ ᠪᠠᠢ᠍ᠴᠠᠭ᠋ᠠᠬᠤ ᠵᠡᠷᠭᠡ ᠭᠠᠵᠠᠷ ᠰᠣᠩᠭᠣᠬᠤ ᠴᠢᠳᠠᠮᠵᠢ ᠵᠢ ᠲᠣᠬᠢᠷᠠᠭᠤᠯᠤᠭᠰᠠᠨ ᠪᠠᠢ᠌ᠨ᠎ᠠ᠃ 《ᠭᠠᠵᠠᠷ ᠰᠢᠷᠣᠶ ᠵᠢᠨ ᠬᠡᠲᠦ ᠳᠡᠯᠭᠡᠭᠦᠷ》᠎ᠤᠨ ᠠᠵᠤ ᠠᠬᠤᠶ᠋ᠢᠯᠠᠯ ᠪᠠ ᠬᠤᠪᠢ ᠬᠥᠮᠦᠨ᠎ᠢ ᠳᠡᠮᠵᠢᠵᠦ ᠪᠠᠶ᠋ᠢᠭ᠋ᠠᠳ ᠣᠷᠣᠨ ᠪᠦᠰᠡ᠂ ᠬᠡᠷᠡᠭᠴᠡᠭᠡ᠂ ᠲᠠᠯᠠᠪᠠᠶ ᠵᠡᠷᠭᠡ ᠨᠥᠬᠦᠴᠡᠯ᠎ᠤᠨ ᠬᠠᠩᠭ᠋ᠠᠯᠭ᠎ᠠ ᠵᠢᠨ ᠭᠠᠵᠠᠷ᠎ᠢ ᠰᠢᠭᠰᠢᠨ ᠰᠣᠩᠭᠤᠵᠤ ᠪᠠᠶ᠋ᠢᠴᠠᠭ᠋ᠠᠨ ᠯᠠᠪᠯᠠᠵᠤ᠂ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠬᠡᠷᠡᠭᠴᠡᠭᠡ᠎ᠳᠤ ᠨᠡᠶ᠋ᠢᠴᠡᠬᠦ ᠰᠠᠨᠠᠮᠵᠢ ᠵᠢᠨ ᠭᠠᠵᠠᠷ᠎ᠢ ᠲᠦᠷᠭᠡᠬᠡᠨ ᠣᠨᠢᠰᠤᠯᠠᠬᠤ᠎ᠳᠤ ᠲᠥᠬᠦᠮ ᠪᠣᠯᠭ᠋ᠠᠪᠠ᠃ 《ᠭᠠᠵᠠᠷ ᠰᠢᠷᠣᠶ ᠵᠢᠨ ᠬᠡᠲᠦ ᠳᠡᠯᠭᠡᠭᠦᠷ》᠎ᠨᠢ ᠭᠠᠵᠠᠷ ᠰᠢᠷᠣᠶ ᠵᠢᠨ ᠬᠠᠷᠢᠴᠠᠭᠤᠯᠬᠤ ᠴᠢᠳᠠᠮᠵᠢ ᠵᠢ ᠬᠠᠩᠭ᠋ᠠᠵᠤ᠂ ᠣᠯᠠᠨ ᠭᠠᠵᠠᠷ᠎ᠤᠨ ᠦᠨᠳᠦᠰᠦᠨ ᠮᠡᠳᠡᠭᠡ ᠵᠠᠩᠭᠢ ᠵᠢ ᠠᠳᠠᠯᠢ ᠳᠡᠯᠭᠡᠴᠡ᠎ᠪᠠᠷ ᠬᠠᠷᠢᠴᠠᠭᠤᠯᠵᠤ ᠪᠣᠯᠤᠨ᠎ᠠ᠂ ᠠᠳᠠᠯᠢ ᠪᠤᠰᠤ ᠭᠠᠵᠠᠷ᠎ᠤᠨ ᠰᠢᠯᠢᠳᠡᠭ ᠳᠤᠲᠠᠭᠳᠠᠯ᠎ᠢ ᠳᠣᠪᠤᠶ᠋ᠢᠯᠭ᠋ᠠᠨ᠂ ᠰᠢᠭᠤᠳ ᠬᠠᠷᠢᠴᠠᠭᠤᠯᠤᠨ ᠵᠠᠳᠠᠯᠬᠤ᠎ᠳᠤ ᠭᠠᠵᠠᠷ ᠰᠢᠷᠣᠶ ᠵᠢ ᠰᠣᠩᠭᠤᠬᠤ᠎ᠳᠤ ᠲᠥᠬᠦᠮ ᠪᠣᠯᠭ᠋ᠠᠪᠠ᠃ ᠵᠢᠱ᠌ᠢᠶᠡᠯᠡᠪᠡᠯ᠂ ᠬᠢᠩᠭ᠋ᠠᠨ ᠠᠶ᠋ᠢᠮᠠᠭ᠎ᠤᠨ ᠤᠯᠠᠭ᠋ᠠᠨᠬᠤᠲᠠ᠎ᠳᠤ ᠶᠠᠮᠠᠷ ᠶᠠᠮᠠᠷ ᠬᠠᠩᠭ᠋ᠠᠵᠤ ᠪᠣᠯᠬᠤ ᠭᠠᠵᠠᠷ ᠪᠠᠶ᠋ᠢᠬᠤ ᠵᠢ ᠪᠠᠶ᠋ᠢᠴᠠᠭ᠋ᠠᠨ ᠦᠵᠡᠵᠦ᠂ ᠭᠠᠵᠠᠷ ᠰᠢᠷᠣᠶ ᠵᠢᠨ ᠬᠡᠲᠦ ᠳᠡᠯᠭᠡᠭᠦᠷ᠎ᠢ ᠨᠡᠭᠡᠭᠡᠵᠦ᠂ 《ᠨᠢᠭᠡ ᠱᠠᠲᠤᠨ᠎ᠤ ᠵᠠᠬ᠎ᠠ ᠳᠡᠯᠭᠡᠭᠦᠷ》᠎ᠤᠨ ᠬᠡᠰᠡᠭ᠎ᠲᠤ ᠣᠷᠣᠵᠤ᠂ ᠰᠢᠭᠰᠢᠨ ᠰᠣᠩᠭᠤᠬᠤ ᠣᠷᠣᠨ ᠪᠦᠰᠡ᠎ᠳᠤ 《ᠬᠢᠩᠭ᠋ᠠᠨ ᠠᠶ᠋ᠢᠮᠠᠭ》᠎ᠢ ᠰᠣᠩᠭᠤᠬᠤ ᠵᠢᠨ ᠬᠠᠮᠲᠤ ᠬᠢᠩᠭ᠋ᠠᠨ ᠠᠶ᠋ᠢᠮᠠᠭ᠎ᠤᠨ ᠬᠠᠷᠢᠶᠠᠨ᠎ᠳᠠᠬᠢ ᠣᠷᠣᠨ ᠪᠦᠰᠡ ᠵᠢ ᠤᠯᠠᠮ ᠨᠢᠭᠡ ᠠᠯᠬᠤᠮ ᠰᠣᠩᠭᠤᠬᠤ ᠵᠢᠨ ᠬᠠᠮᠲᠤ ᠬᠢᠩᠭ᠋ᠠᠨ ᠠᠶ᠋ᠢᠮᠠᠭ᠎ᠤᠨ ᠤᠯᠠᠭ᠋ᠠᠨᠬᠤᠲᠠ ᠵᠢᠨ ᠪᠣᠶ ᠪᠥᠬᠦᠶ ᠬᠠᠩᠭ᠋ᠠᠵᠤ ᠪᠣᠯᠬᠤ ᠭᠠᠵᠠᠷ᠎ᠢ ᠥᠪᠡᠷᠳᠡᠭᠡᠨ ᠰᠢᠯᠢᠨ ᠰᠣᠩᠭᠤᠬᠤ ᠵᠢᠨ ᠬᠠᠮᠲᠤ ᠵᠢᠭᠰᠠᠭ᠋ᠠᠭᠰᠠᠨ ᠶᠤᠮ᠃ ᠡᠭᠦᠨ᠎ᠤ ᠬᠠᠮᠲᠤ᠂ ᠭᠠᠵᠠᠷ ᠬᠡᠷᠡᠭᠯᠡᠬᠦ ᠰᠢᠨᠵᠢ ᠴᠢᠨᠠᠷ᠂ ᠬᠡᠷᠡᠭᠯᠡᠬᠦ ᠲᠠᠯᠠᠪᠠᠶ ᠵᠡᠷᠭᠡ ᠨᠥᠬᠦᠴᠡᠯ᠎ᠢ ᠳᠠᠪᠬᠤᠴᠠᠭᠤᠯᠬᠤ᠎ᠪᠠᠷ ᠳᠠᠮᠵᠢᠭᠤᠯᠤᠨ᠂ ᠭᠠᠵᠠᠷ ᠰᠢᠷᠣᠶ ᠵᠢ ᠤᠯᠠᠮ ᠨᠢᠭᠡ ᠠᠯᠬᠤᠮ ᠰᠢᠭᠰᠢᠨ ᠰᠣᠩᠭᠤᠵᠤ᠂ ᠬᠡᠷᠡᠭᠴᠡᠭᠡ ᠱᠠᠭ᠋ᠠᠷᠳᠠᠯᠭ᠎ᠠ᠎ᠳᠤ ᠨᠡᠶ᠋ᠢᠴᠡᠭᠰᠡᠨ ᠭᠠᠵᠠᠷ᠎ᠢ ᠨᠠᠷᠢᠯᠢᠭ ᠣᠨᠣᠪᠴᠢᠲᠠᠢ᠎ᠪᠠᠷ ᠣᠯᠵᠤ ᠪᠣᠯᠤᠨ᠎ᠠ᠃ ᠳᠠᠬᠢᠭ᠋ᠠᠳ ᠬᠡᠰᠡᠭ ᠪᠦᠷᠢ ᠵᠢᠨ ᠣᠷᠣᠨ ᠪᠠᠶ᠋ᠢᠷᠢ᠂ ᠭᠦᠢ᠍ᠴᠡᠳᠬᠡᠯ ᠲᠤᠭ᠎ᠠ ᠵᠢᠨ ᠱᠠᠭ᠋ᠠᠷᠳᠠᠯᠭ᠎ᠠ᠂ 360 ᠭ᠋ᠷᠠᠳᠦ᠋ᠰ᠎ᠤᠨ ᠪᠥᠬᠦ ᠦᠵᠡᠮᠵᠢ ᠵᠡᠷᠭᠡ ᠨᠠᠷᠢᠨ ᠪᠠᠶ᠋ᠢᠳᠠᠯ᠎ᠢ ᠭᠦᠶᠦᠯᠭᠡᠨ ᠦᠵᠡᠬᠦ᠎ᠪᠠᠷ ᠳᠠᠮᠵᠢᠭᠤᠯᠤᠨ᠂ ᠡᠷᠬᠢᠨ ᠲᠣᠭᠤᠷᠢᠨ᠎ᠤ ᠢᠵᠢ ᠪᠥᠷᠢᠳᠦᠭᠰᠡᠨ ᠣᠳᠣᠬᠢ ᠪᠠᠶ᠋ᠢᠳᠠᠯ᠂ ᠲᠥᠯᠥᠪᠵᠢᠭᠦᠯᠭᠡ ᠵᠢᠨ ᠨᠠᠷᠢᠨ ᠪᠠᠶ᠋ᠢᠳᠠᠯ ᠵᠡᠷᠭᠡ ᠨᠠᠷᠢᠯᠢᠭ ᠮᠡᠳᠡᠭᠡ ᠵᠠᠩᠭᠢ ᠵᠢ ᠣᠶ᠋ᠢᠯᠠᠭ᠋ᠠᠵᠤ᠂ ᠡᠭᠦᠨ᠎ᠤ ᠤᠯᠠᠮ ᠵᠶ᠋ᠠᠷ ᠠᠵᠤ ᠠᠬᠤᠶ᠋ᠢᠯᠠᠯ ᠪᠠ ᠬᠡᠷᠡᠭᠯᠡᠭᠴᠢᠳ᠎ᠲᠤ ᠦᠢ᠍ᠯᠡᠴᠢᠯᠡᠨ᠎ᠡ᠃

   ᠲᠠᠷᠠᠭ᠋ᠠᠴᠢ ᠵᠢᠨ ᠠᠯᠬᠤᠮ᠎ᠳᠤ᠂ 《ᠭᠠᠵᠠᠷ ᠰᠢᠷᠣᠶ ᠵᠢᠨ ᠬᠡᠲᠦ ᠳᠡᠯᠭᠡᠭᠦᠷ》᠎ᠨᠢ 《ᠮᠥᠩᠬᠡ ᠰᠤᠪᠠᠭ》 ᠵᠶ᠋ᠠᠷ ᠳᠠᠮᠵᠢᠭᠤᠯᠤᠨ ᠳᠠᠩᠰᠠᠯᠠᠭᠤᠯᠵᠤ᠂ 《ᠰᠦᠯᠵᠢᠶᠡᠨ᠎ᠠᠴᠠ ᠭᠠᠵᠠᠷ ᠦᠵᠡᠬᠦ》᠂ 《ᠰᠦᠯᠵᠢᠶᠡᠨ᠎ᠠᠴᠠ ᠭᠠᠵᠠᠷ ᠰᠣᠩᠭᠤᠬᠤ》 ᠵᠢ ᠪᠡᠶᠡᠯᠡᠭᠦᠯᠵᠦ ᠪᠣᠯᠤᠨ᠎ᠠ᠃ ᠣᠳᠣᠬᠠᠨ᠎ᠳᠤ᠂ 《ᠭᠠᠵᠠᠷ ᠰᠢᠷᠣᠶ ᠵᠢᠨ ᠬᠡᠲᠦ ᠳᠡᠯᠭᠡᠭᠦᠷ》᠎ᠤᠨ ᠪᠠᠷᠠᠭ᠋ᠠᠨ᠎ᠤ ᠲᠠᠯᠪᠢᠭᠤᠷ᠎ᠲᠤ ᠬᠢᠩᠭ᠋ᠠᠨ ᠠᠶ᠋ᠢᠮᠠᠭ᠎ᠤᠨ ᠬᠡᠰᠡᠭ ᠭᠠᠵᠠᠷ᠎ᠢ ᠳᠡᠯᠭᠡᠨ ᠦᠵᠡᠭᠦᠯᠦᠭᠰᠡᠨ ᠪᠣᠯᠪᠠᠴᠤ 《ᠭᠠᠵᠠᠷ ᠰᠢᠷᠣᠶ ᠵᠢᠨ ᠬᠡᠲᠦ ᠳᠡᠯᠭᠡᠭᠦᠷ》᠎ᠤᠨ ᠪᠦᠬᠦᠯᠢ ᠴᠣᠭᠴᠠ ᠵᠢᠨ ᠪᠦᠲᠦᠴᠡ᠎ᠨᠢ ᠪᠥᠬᠦ ᠣᠷᠣᠨ᠎ᠤ 12 ᠠᠶ᠋ᠢᠮᠠᠭ ᠬᠤᠲᠠ ᠵᠢᠨ 103 ᠬᠤᠰᠢᠭᠤ ᠰᠢᠶᠠᠨ ᠲᠣᠭᠤᠷᠢᠭ᠎ᠤᠨ ᠦᠢ᠍ᠯᠡᠴᠢᠯᠡᠭᠡ᠎ᠳᠤ ᠵᠢᠷᠤᠭ ᠲᠥᠯᠥᠪᠯᠡᠭᠡ ᠬᠢᠭᠰᠡᠨ ᠶᠤᠮ᠂ ᠵᠠᠯᠭ᠋ᠠᠭ᠋ᠠᠳ ᠪᠥᠬᠦ ᠣᠷᠣᠨ᠎ᠳᠤ ᠳᠡᠯᠭᠡᠷᠡᠭᠦᠯᠦᠨ᠎ᠡ᠂ ᠡᠯ᠎ᠡ ᠠᠶ᠋ᠢᠮᠠᠭ ᠬᠤᠲᠠ ᠵᠢᠨ ᠬᠠᠩᠭ᠋ᠠᠵᠤ ᠪᠣᠯᠬᠤ ᠪᠣᠯᠪᠠᠰᠤᠷᠠᠩᠭᠤᠶ ᠭᠠᠵᠠᠷ᠎ᠢ ᠡᠮᠬᠢᠯᠡᠨ ᠪᠡᠯᠡᠳᠬᠡᠵᠦ᠂ ᠴᠠᠭ ᠲᠤᠬᠠᠶ᠎ᠳᠤ᠎ᠨᠢ ᠵᠢᠶᠠᠰᠠᠨ ᠳᠡᠭᠡᠷ᠎ᠡ ᠭᠠᠷᠭ᠋ᠠᠬᠤ ᠵᠢ ᠪᠡᠶᠡᠯᠡᠭᠦᠯᠬᠦ ᠵᠢᠨ ᠬᠠᠮᠲᠤ ᠦᠯᠡᠳᠡᠭᠡᠯ ᠭᠠᠵᠠᠷ ᠰᠢᠷᠣᠶ ᠵᠢᠨ ᠡᠬᠢ ᠪᠠᠶᠠᠯᠢᠭ᠎ᠢ ᠠᠮᠢᠳᠤᠯᠢᠭ ᠪᠣᠯᠭ᠋ᠠᠬᠤ ᠵᠢ ᠦᠷᠭᠦᠯᠵᠢᠯᠡᠨ ᠰᠠᠶ᠋ᠢᠲᠤᠷ ᠬᠢᠵᠦ᠂ ᠪᠠᠷᠠᠭ᠋ᠠᠨ᠎ᠤ ᠲᠠᠯᠪᠢᠭᠤᠷ᠎ᠤᠨ ᠠᠭᠤᠯᠭ᠎ᠠ ᠵᠢ ᠲᠠᠰᠤᠷᠠᠯᠲᠠ ᠥᠬᠡᠶ ᠪᠠᠶᠠᠯᠢᠭᠵᠢᠭᠤᠯᠤᠨ᠂ ᠭᠠᠵᠠᠷ ᠰᠢᠷᠣᠶ ᠵᠢᠨ ᠡᠬᠢ ᠪᠠᠶᠠᠯᠢᠭ ᠡᠳ᠋ ᠬᠥᠷᠥᠩᠭᠡ ᠵᠢᠨ ᠥᠷᠲᠡᠭ᠎ᠢ ᠪᠦᠲᠦᠮᠵᠢᠲᠡᠶ ᠬᠥᠭᠵᠢᠭᠡᠵᠦ᠂ ᠭᠠᠵᠠᠷ ᠰᠢᠷᠣᠶ ᠵᠢᠨ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠵᠢ ᠠᠬᠢᠭᠤᠯᠤᠨ᠎ᠠ᠃

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ