8 ᠳ᠋ᠤᠭ᠋ᠠᠷ ᠰᠠᠷ᠎ᠠ ᠵᠢᠨ 17᠎ᠤ ᠦᠳᠡ ᠵᠢᠨ ᠡᠮᠦᠨᠡᠬᠢ 10 ᠴᠠᠭ᠎ᠲᠤ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠤᠰᠬᠠᠶ ᠲᠤᠰᠢᠶᠠᠯᠲᠤ ᠳᠡᠳ᠋ ᠶᠡᠷᠦᠩᠬᠡᠶ ᠬᠢᠨᠠᠨ ᠪᠠᠶ᠋ᠢᠴᠠᠭ᠋ᠠᠭᠴᠢ ᠵᠣᠣ ᠹᠠᠩ ᠲᠥᠯᠥᠭᠡᠯᠡᠭᠴᠢ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ 《〈8 ᠳ᠋ᠤᠭ᠋ᠠᠷ ᠰᠠᠷ᠎ᠠ ᠵᠢᠨ 5᠎ᠤ ᠡᠳᠦᠷ〉᠎ᠤᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠵᠢᠨ ᠴᠠᠭ》᠎ᠤᠨ ᠰᠢᠭᠤᠳ ᠨᠡᠪᠲᠡᠷᠡᠭᠦᠯᠭᠡ ᠵᠢᠨ ᠰᠤᠷᠪᠤᠯᠵᠢᠯᠠᠭ᠎ᠠ ᠵᠢᠨ ᠫᠷᠤᠭ᠌ᠷᠠᠮ᠎ᠳᠤ ᠰᠠᠭ᠋ᠠᠲᠠᠵᠤ᠂ ᠮᠠᠨ᠎ᠤ ᠲᠢᠩᠬᠢᠮ᠎ᠤᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠎ᠠ ᠵᠢ ᠤᠬᠠᠭᠤᠯᠤᠨ ᠲᠤᠭᠤᠰᠢᠯᠠᠭᠤᠯᠤᠭᠰᠠᠨ᠂ 《〈8 ᠳ᠋ᠤᠭ᠋ᠠᠷ ᠰᠠᠷ᠎ᠠ ᠵᠢᠨ 5᠎ᠤ ᠡᠳᠦᠷ〉》 ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠵᠢᠨ ᠨᠠᠶ᠋ᠢᠳᠠᠪᠤᠷᠢᠵᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠤᠭᠰᠠᠨ᠂ ᠬᠠᠥᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠤᠭᠰᠠᠨ ᠠᠵᠢᠯ᠎ᠤᠨ ᠦᠷ᠎ᠡ ᠪᠦᠲᠦᠮᠵᠢ ᠵᠢ ᠪᠥᠬᠥ ᠲᠠᠯ᠎ᠠ᠎ᠪᠠᠷ ᠲᠠᠨᠢᠯᠴᠠᠭᠤᠯᠪᠠ᠃ ᠡᠳᠦᠭᠡ ᠰᠤᠷᠪᠤᠯᠵᠢᠯᠠᠭᠰᠠᠨ ᠪᠣᠳᠠᠲᠤ ᠲᠡᠮᠳᠡᠭᠯᠡᠯ ᠳᠣᠣᠷᠠᠬᠢ ᠮᠡᠲᠦ᠂ ᠰᠤᠷᠤᠯᠴᠠᠯᠭ᠎ᠠ᠎ᠳᠤ ᠯᠠᠪᠯᠠᠯᠲᠠ ᠪᠣᠯᠭ᠋ᠠᠮᠤ᠃
ᠬᠥᠲᠥᠯᠥᠭᠴᠢ᠄ ᠶᠠᠭ ᠫᠷᠤᠭ᠌ᠷᠠᠮ ᠦᠵᠡᠵᠦ ᠪᠠᠶ᠋ᠢᠭ᠎ᠠ ᠨᠠᠶ᠋ᠢᠵᠠ ᠨᠠᠷ ᠡ᠂ ᠰᠠᠶ᠋ᠢᠨ ᠪᠠᠶ᠋ᠢᠵᠠᠭ᠋ᠠᠨ᠎ᠠ ᠦᠦ! ᠡᠨᠡ ᠦᠶ᠎ᠡ᠎ᠳᠤ᠂ ᠪᠢᠳᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠲᠥᠪ᠎ᠤᠨ ᠨᠡᠪᠲᠡᠷᠡᠭᠦᠯᠭᠡ ᠵᠢᠨ ᠶᠡᠬᠡ ᠲᠢᠩᠬᠢᠮ᠎ᠳᠤ᠂ ᠲᠠᠨ᠎ᠳᠤ 《〈8 ᠳ᠋ᠤᠭ᠋ᠠᠷ ᠰᠠᠷ᠎ᠠ ᠵᠢᠨ 5᠎ᠤ ᠡᠳᠦᠷ〉 ᠤᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠵᠢᠨ ᠴᠠᠭ》 ᠭᠡᠬᠦ ᠬᠠᠮ ᠵᠠᠭᠤᠴᠢᠯᠠᠭᠤᠷ᠎ᠤᠨ ᠰᠢᠭᠤᠳ ᠨᠡᠪᠲᠡᠷᠡᠭᠦᠯᠭᠡ ᠵᠢᠨ ᠫᠷᠤᠭ᠌ᠷᠠᠮ᠎ᠢ ᠠᠪᠴᠢᠷᠠᠵᠠᠶ᠂ ᠪᠢ ᠪᠣᠯ ᠬᠥᠲᠥᠯᠥᠭᠴᠢ ᠸᠠᠩ ᠱᠠ ᠪᠣᠯᠤᠨ᠎ᠠ᠃ ᠲᠠ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶᠠᠨ᠎ᠤ ᠰᠣᠨᠢᠨ ᠮᠡᠳᠡᠭᠡᠨ᠎ᠤ ᠶᠡᠷᠦᠩᠬᠡᠶ᠋ᠢᠯᠡᠭᠰᠡᠨ ᠷᠠᠳᠢᠣ᠋ ᠨᠡᠪᠲᠡᠷᠡᠭᠦᠯᠭᠡ᠂ ᠪᠧᠨ ᠲᠧᠩ ᠬᠠᠮ ᠵᠠᠭᠤᠴᠢᠯᠠᠭᠤᠷ᠂ ᠬᠠᠤᠯᠢ ᠴᠠᠭ᠋ᠠᠵᠠ ᠵᠢᠨ ᠲᠢᠩᠬᠢᠮ᠎ᠤᠨ ᠠᠯᠪᠠᠨ ᠲᠠᠯ᠎ᠠ ᠵᠢᠨ ᠲᠢᠭ ᠲᠤᠭ᠂ ᠬᠤᠷᠳᠤᠨ ᠭᠠᠷ᠂ ᠸᠠᠩ ᠢ ᠰᠣᠨᠢᠨ ᠮᠡᠳᠡᠭᠡᠨ᠎ᠤ ᠬᠡᠷᠡᠭᠯᠡᠭᠴᠢ ᠵᠢᠨ ᠦᠵᠦᠭᠦᠷ ᠵᠶ᠋ᠠᠷ ᠳᠠᠮᠵᠢᠭᠤᠯᠤᠨ ᠰᠦᠯᠵᠢᠶᠡᠨ ᠳᠡᠭᠡᠷ᠎ᠡ ᠬᠦᠯᠢᠶᠡᠨ ᠰᠣᠨᠣᠰᠴᠤ ᠦᠵᠡᠵᠦ ᠪᠣᠯᠤᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ ᠵᠢᠨ ᠷᠠᠳᠢᠣ᠋ ᠨᠡᠪᠲᠡᠷᠡᠭᠦᠯᠭᠡ ᠰᠣᠨᠢᠨ ᠮᠡᠳᠡᠭᠡᠨ᠎ᠤ ᠲᠥᠪ᠎ᠲᠠᠢ ᠬᠠᠮᠲᠤᠷᠠᠨ ᠬᠠᠮ ᠵᠠᠭᠤᠴᠢᠯᠠᠭᠤᠷ᠎ᠤᠨ ᠰᠢᠷᠢᠰ ᠰᠢᠭᠤᠳ ᠨᠡᠪᠲᠡᠷᠡᠭᠦᠯᠭᠡ ᠵᠢᠨ ᠠᠵᠢᠯᠯᠠᠭ᠎ᠠ 《〈8 ᠳ᠋ᠤᠭ᠋ᠠᠷ ᠰᠠᠷ᠎ᠠ ᠵᠢᠨ 5᠎ᠤ ᠡᠳᠦᠷ〉᠎ᠤᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ》 ᠵᠢ ᠨᠡᠶ᠋ᠢᠲᠡᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠤᠰᠬᠠᠶ ᠲᠤᠰᠢᠶᠠᠯᠲᠤ ᠳᠡᠳ᠋ ᠶᠡᠷᠦᠩᠬᠡᠶ ᠬᠢᠨᠠᠨ ᠪᠠᠶ᠋ᠢᠴᠠᠭ᠋ᠠᠬᠤ ᠵᠣᠣ ᠹᠠᠩ ᠵᠢ ᠣᠨᠴᠠᠭ᠋ᠠᠶ᠋ᠢᠯᠠᠨ ᠤᠷᠢᠵᠤ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠤᠨ 《8 ᠳ᠋ᠤᠭ᠋ᠠᠷ ᠰᠠᠷ᠎ᠠ ᠵᠢᠨ 5᠎ᠤ ᠡᠳᠦᠷ》᠎ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠵᠢᠨ ᠡᠭᠦᠷᠭᠡ ᠵᠢ ᠬᠢᠨᠠᠮᠠᠭ᠋ᠠᠶ ᠭᠦᠢ᠍ᠴᠡᠳᠭᠡᠭᠰᠡᠨ ᠠᠵᠢᠯ᠎ᠤᠨ ᠦᠷ᠎ᠡ ᠪᠦᠲᠦᠭᠡᠯ᠎ᠤᠨ ᠲᠤᠬᠠᠶ ᠠᠭᠤᠵᠢᠷᠠᠲᠠᠯ᠎ᠠ ᠶᠠᠷᠢᠯᠴᠠᠪᠠ᠃
ᠬᠥᠲᠥᠯᠥᠭᠴᠢ᠄ ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠦᠨᠳᠦᠰᠦᠨ ᠬᠠᠤᠯᠢ᠎ᠪᠠᠷ ᠭᠤᠤᠯ ᠪᠣᠯᠭ᠋ᠠᠭᠰᠠᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠤᠯᠢ ᠴᠠᠭ᠋ᠠᠵᠠ ᠵᠢᠨ ᠰᠢᠰᠲ᠋ᠧᠮ᠎ᠢ ᠶᠡᠬᠡ᠎ᠪᠠᠷ ᠤᠬᠠᠭᠤᠯᠵᠤ᠂ ᠲᠥᠷᠥ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ 《ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ》 ᠬᠠᠷᠢᠭᠤᠴᠠᠯᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ 《8 ᠳ᠋ᠤᠭ᠋ᠠᠷ ᠰᠠᠷ᠎ᠠ ᠵᠢᠨ 5᠎ᠤ ᠡᠳᠦᠷ》᠎ᠤᠨ ᠬᠠᠤᠯᠢ ᠲᠦᠭᠡᠮᠡᠯᠵᠢᠭᠦᠯᠬᠦ ᠠᠵᠢᠯ᠎ᠳᠤ ᠭᠤᠤᠯᠳᠠᠭᠤ ᠶᠠᠮᠠᠷ ᠶᠠᠮᠠᠷ ᠤᠬᠠᠭᠤᠯᠭ᠎ᠠ ᠵᠢᠨ ᠡᠭᠦᠷᠭᠡ ᠵᠢ ᠡᠭᠦᠷᠭᠡᠯᠡᠬᠦ ᠪᠣᠶ?
ᠵᠤᠤ ᠹᠠᠩ᠄ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ 《8 ᠳ᠋ᠤᠭ᠋ᠠᠷ ᠰᠠᠷ᠎ᠠ ᠵᠢᠨ 5᠎ᠤ ᠡᠳᠦᠷ》᠎ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠳᠤᠮᠳᠠ ᠨᠡᠶ᠋ᠢᠲᠡᠴᠢ ᠴᠢᠨᠠᠷᠲᠠᠢ ᠡᠭᠦᠷᠭᠡ ᠵᠢ ᠡᠭᠦᠷᠭᠡᠯᠡᠭᠰᠡᠨ ᠮᠥᠷᠲᠡᠭᠡᠨ ᠪᠠᠰᠠ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠣᠨᠴᠠᠯᠢᠭ ᠪᠦᠬᠦᠢ ᠰᠠᠯᠠᠭ᠎ᠠ ᠮᠥᠴᠢᠷ᠎ᠤᠨ ᠴᠢᠨᠠᠷᠲᠠᠢ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠡᠢ᠃
ᠨᠢᠭᠡ᠎ᠳᠤ᠂ ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠎ᠠ ᠵᠢ ᠰᠤᠷᠤᠯᠴᠠᠨ ᠤᠬᠠᠭᠤᠯᠬᠤ ᠵᠢ ᠳᠣᠪᠣᠶ᠋ᠢᠯᠭ᠋ᠠᠵᠤ᠂ ᠲᠡᠭᠦᠨ᠎ᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠥᠯᠢ᠎ᠪᠠᠷ ᠵᠠᠰᠠᠬᠤ ᠪᠠᠶ᠋ᠢᠭᠤᠯᠤᠯᠲᠠ ᠵᠢᠨ ᠦᠨᠳᠦᠰᠦᠨ ᠵᠢᠷᠤᠮᠯᠠᠯ ᠪᠠ ᠠᠵᠢᠯᠯᠠᠭ᠋ᠠᠨ᠎ᠤ ᠵᠦᠭᠯᠡᠭᠦᠷ ᠪᠣᠯᠭ᠋ᠠᠨ᠎ᠠ᠃
ᠬᠣᠶᠠᠷ᠎ᠲᠤ᠂ ᠦᠨᠳᠦᠰᠦᠨ ᠬᠠᠤᠯᠢ ᠵᠢ ᠤᠬᠠᠭᠤᠯᠬᠤ ᠵᠢ ᠲᠤᠪᠤᠢ᠍ᠢ᠍ᠯᠭ᠋ᠠᠨ᠂ ᠰᠢᠨ᠎ᠡ ᠴᠠᠭ ᠦᠶ᠎ᠡ ᠵᠢᠨ ᠦᠨᠳᠦᠰᠦᠨ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ᠂ ᠦᠨᠳᠦᠰᠦᠨ ᠬᠠᠤᠯᠢ ᠶᠣᠰᠣᠭ᠋ᠠᠷ ᠲᠦᠷᠦ ᠪᠠᠷᠢᠬᠤ ᠵᠢᠨ ᠠᠭᠤᠯᠤᠭᠳᠠᠬᠤᠨ ᠪᠠ ᠠᠴᠢ ᠬᠣᠯᠪᠣᠭᠳᠠᠯ᠎ᠢ ᠬᠦᠴᠦᠯᠡᠨ ᠰᠠᠶ᠋ᠢᠲᠤᠷ ᠲᠠᠶ᠋ᠢᠯᠪᠤᠷᠢᠯᠠᠵᠤ᠂ ᠦᠨᠳᠦᠰᠦᠨ ᠬᠠᠤᠯᠢ ᠵᠢᠨ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠤᠨ᠂ ᠦᠨᠳᠦᠰᠦᠨ ᠬᠠᠤᠯᠢ ᠵᠢᠨ ᠡᠷᠬᠡ ᠰᠦᠷ᠎ᠢ ᠪᠠᠲᠤ ᠪᠡᠬᠢ ᠪᠤᠢ ᠪᠣᠯᠭ᠋ᠠᠨ᠎ᠠ᠃
ᠭᠤᠷᠪᠠ᠎ᠳᠤ᠂ ᠢᠷᠭᠡᠨ᠎ᠤ ᠬᠠᠤᠯᠢ ᠵᠢᠨ ᠪᠢᠴᠢᠭ᠎ᠢ ᠭᠦᠨᠵᠡᠭᠡᠶ ᠰᠤᠷᠤᠯᠴᠠᠨ ᠤᠬᠠᠭᠤᠯᠵᠤ᠂ ᠲᠡᠭᠦᠨ᠎ᠢ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠂ ᠵᠠᠰᠠᠭ ᠵᠠᠬᠢᠷᠭ᠋ᠠᠨ᠎ᠤ ᠬᠠᠮᠢᠶᠠᠷᠤᠯᠲᠠ ᠬᠢᠬᠦ᠂ ᠵᠠᠰᠠᠭ ᠵᠠᠬᠢᠷᠭ᠋ᠠᠨ᠎ᠤ ᠬᠢᠨᠠᠯᠲᠠ ᠲᠠᠯᠪᠢᠬᠤ ᠴᠢᠬᠤᠯᠠ ᠪᠠᠷᠢᠮᠵᠢᠶ᠎ᠠ ᠪᠣᠯᠭ᠋ᠠᠵᠤ᠂ ᠪᠦᠲᠦᠮᠵᠢᠲᠡᠶ ᠵᠠᠬ᠎ᠠ ᠳᠡᠯᠭᠡᠭᠦᠷ ᠪᠣᠯᠤᠨ ᠪᠦᠲᠦᠮᠵᠢᠲᠡᠶ ᠵᠠᠰᠠᠭ᠎ᠤᠨ ᠣᠷᠳᠣᠨ᠎ᠢ ᠨᠠᠩ ᠰᠠᠶ᠋ᠢᠲᠤᠷ ᠤᠶᠠᠯᠳᠤᠭᠤᠯᠬᠤ ᠵᠢ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠦᠨ᠎ᠡ᠃
ᠲᠦᠷᠪᠡ᠎ᠳᠤ᠂ ᠤᠯᠤᠰ᠎ᠤᠨ ᠠᠮᠤᠷ ᠲᠦᠪᠰᠢᠨ᠎ᠤ ᠬᠠᠤᠯᠢ᠂ ᠤᠯᠤᠰ ᠣᠷᠣᠨ᠎ᠢ ᠬᠠᠭ᠋ᠠᠴᠠᠭᠤᠯᠬᠤ ᠵᠢ ᠡᠰᠡᠷᠭᠦᠴᠡᠬᠦ ᠬᠠᠤᠯᠢ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠬᠠᠤᠯᠢ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠶᠡᠬᠡ᠎ᠪᠠᠷ ᠤᠬᠠᠭᠤᠯᠵᠤ᠂ ᠤᠯᠤᠰ᠎ᠤᠨ ᠠᠮᠤᠷ ᠲᠦᠪᠰᠢᠨ᠎ᠤ ᠤᠬᠠᠮᠰᠠᠷ ᠪᠠ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠴᠢᠳᠠᠪᠤᠷᠢ ᠵᠢ ᠴᠢᠩᠭ᠋ᠠᠳᠬᠠᠬᠤ ᠵᠢ ᠲᠦᠯᠬᠢᠨ ᠠᠬᠢᠭᠤᠯᠤᠨ᠎ᠠ᠃
ᠲᠠᠪᠤ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠵᠤ᠂ ᠨᠠᠮ᠎ᠤᠨ ᠦᠨᠳᠦᠰᠦᠲᠡᠨ᠎ᠤ ᠤᠨᠤᠯ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠬᠥᠮᠦᠵᠢᠯ᠎ᠢ ᠴᠢᠩᠭ᠋ᠠᠳᠬᠠᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠶ᠋ᠢᠲᠤᠷ ᠬᠠᠮᠠᠭ᠋ᠠᠯᠠᠨ᠎ᠠ᠃
ᠵᠢᠷᠭᠤᠭ᠎ᠠ᠎ᠳᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠦᠷᠢᠮ (ᠵᠠᠰᠠᠪᠤᠷᠢ ᠣᠷᠣᠭᠤᠯᠬᠤ ᠲᠥᠰᠦᠯ)》 ᠵᠡᠷᠭᠡ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠢ ᠭᠦᠨᠵᠡᠭᠡᠢ ᠰᠤᠷᠤᠯᠴᠠᠨ ᠤᠬᠠᠭᠤᠯᠵᠤ᠂ ᠥᠷᠭᠡᠨ ᠤᠯᠠᠨ ᠨᠠᠮ᠎ᠤᠨ ᠭᠡᠰᠢᠭᠦᠨ᠎ᠢ ᠬᠥᠮᠦᠵᠢᠭᠦᠯᠦᠨ ᠵᠢᠯᠣᠭᠣᠳᠴᠤ ᠪᠠᠶ᠋ᠢᠭ᠋ᠠᠳ ᠬᠠᠤᠯᠢ᠎ᠪᠠᠷ ᠵᠠᠰᠠᠬᠤ ᠦᠵᠡᠯᠲᠡ ᠵᠢ᠎ᠨᠢ ᠴᠢᠩᠭ᠋ᠠᠳᠬᠠᠵᠤ᠂ ᠬᠠᠤᠯᠢ᠎ᠪᠠᠷ ᠵᠠᠰᠠᠬᠤ ᠰᠡᠳᠬᠢᠬᠦᠢ ᠵᠢᠨ ᠴᠢᠳᠠᠪᠤᠷᠢ ᠵᠢ᠎ᠨᠢ ᠳᠡᠭᠡᠭᠰᠢᠯᠡᠭᠦᠯᠵᠦ᠂ ᠨᠠᠮ᠎ᠤᠨ ᠲᠦᠷᠢᠮ ᠤᠯᠤᠰ᠎ᠤᠨ ᠬᠠᠤᠯᠢ ᠵᠢ ᠵᠢᠷᠤᠮᠯᠠᠭᠤᠯᠤᠨ᠎ᠠ᠃
ᠲᠤᠯᠤᠭ᠎ᠠ᠎ᠳᠤ᠂ 《ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠢ ᠵᠢᠨ ᠬᠠᠮᠢᠶᠠᠷᠤᠯᠲᠠ ᠵᠢᠨ ᠬᠠᠤᠯᠢ》᠂ 《ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠭᠤᠷᠬᠠᠢ ᠵᠢᠨ ᠡᠬᠢ ᠪᠠᠶᠠᠯᠢᠭ᠎ᠤᠨ ᠬᠠᠤᠯᠢ》᠂ 《ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠮᠵᠢᠨ ᠵᠢᠷᠤᠬᠤ ᠬᠠᠤᠯᠢ》᠂ 《ᠪᠦᠬᠦᠳᠠ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠤᠳᠠ ᠬᠥᠳᠡᠭᠡ ᠵᠢᠨ ᠲᠥᠯᠥᠪᠵᠢᠭᠦᠯᠭᠡ ᠵᠢᠨ ᠬᠠᠤᠯᠢ》 ᠵᠡᠷᠭᠡ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠤ ᠬᠠᠤᠯᠢ ᠴᠠᠭ᠋ᠠᠵᠠ ᠬᠠᠤᠯᠢ ᠲᠦᠷᠢᠮ᠎ᠢ ᠭᠦᠨᠵᠡᠭᠡᠢ ᠰᠤᠷᠤᠯᠴᠠᠨ ᠤᠬᠠᠭᠤᠯᠵᠤ᠂ ᠪᠦᠬᠦ ᠨᠡᠶ᠋ᠢᠭᠡᠮ᠎ᠳᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠥᠯᠢ᠎ᠪᠠᠷ ᠵᠠᠰᠠᠬᠤ ᠶᠡᠷᠦ ᠵᠢᠨ ᠮᠡᠳᠡᠯᠭᠡ ᠵᠢ ᠤᠬᠠᠭᠤᠯᠤᠨ ᠲᠦᠭᠡᠮᠡᠯᠵᠢᠭᠦᠯᠦᠨ᠎ᠡ᠃
ᠬᠥᠲᠥᠯᠥᠭᠴᠢ᠄ 《8 ᠳ᠋ᠤᠭ᠋ᠠᠷ ᠰᠠᠷ᠎ᠠ ᠵᠢᠨ 5᠎ᠤ ᠡᠳᠦᠷ》 ᠵᠢᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠳᠤᠮᠳᠠ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠠᠵᠢᠯᠯᠠᠭ᠎ᠠ᠎ᠨᠢ ᠶᠠᠮᠠᠷ ᠶᠠᠮᠠᠷ ᠬᠢᠯᠠᠰ ᠴᠡᠭ᠂ ᠣᠨᠴᠠᠯᠢᠭ᠎ᠲᠠᠢ ᠪᠣᠶ?
ᠵᠤᠤ ᠹᠠᠩ᠄ 《8 ᠳ᠋ᠤᠭ᠋ᠠᠷ ᠰᠠᠷ᠎ᠠ ᠵᠢᠨ 5᠎ᠤ ᠡᠳᠦᠷ》᠎ᠤᠨ ᠬᠠᠤᠯᠢ ᠲᠦᠭᠡᠮᠡᠯᠵᠢᠭᠦᠯᠬᠦ ᠠᠵᠢᠯ᠎ᠢ ᠥᠷᠨᠢᠭᠦᠯᠦᠭᠰᠡᠨ᠎ᠠᠴᠠ ᠨᠠᠭ᠋ᠠᠰᠢ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠪᠠ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠳᠤ ᠦᠢ᠍ᠯᠡᠴᠢᠯᠡᠬᠦ ᠵᠢᠨ ᠲᠣᠭᠣᠷᠢᠨ᠎ᠳᠤ᠂ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠭᠤᠤᠯᠯᠠᠬᠤ ᠡᠭᠦᠷᠭᠡ ᠬᠠᠷᠢᠭᠤᠴᠠᠯᠭᠠᠳᠤ ᠰᠠᠭᠤᠷᠢᠯᠠᠬᠤ ᠬᠡᠷᠡᠭᠲᠡᠶ᠂ ᠰᠢᠰᠲ᠋ᠧᠮ᠎ᠤᠨ ᠦᠵᠡᠯᠲᠡ ᠵᠢ ᠪᠠᠷᠢᠮᠲᠠᠯᠠᠬᠤ᠂ ᠬᠠᠤᠯᠢ᠎ᠪᠠᠷ ᠵᠠᠰᠠᠬᠤ ᠰᠡᠳᠬᠢᠬᠦᠶ ᠵᠢ ᠬᠡᠷᠡᠭᠯᠡᠬᠦ ᠵᠢ ᠪᠠᠷᠢᠮᠲᠠᠯᠠᠨ᠎ᠠ᠂ ᠬᠠᠤᠯᠢ᠎ᠪᠠᠷ ᠵᠠᠰᠠᠬᠤ ᠠᠷᠭ᠎ᠠ ᠮᠠᠶᠢᠭ ᠵᠶ᠋ᠠᠷ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠂ 《ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ》 ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠲᠦᠷᠢᠮ ᠵᠶ᠋ᠠᠷ ᠭᠠᠷᠳᠠᠴᠠ ᠪᠣᠯᠭ᠋ᠠᠨ᠎ᠠ᠂ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠪᠦᠬᠦ ᠶᠠᠪᠤᠴᠠ᠎ᠳᠤ ᠲᠤᠭᠤᠰᠢᠯᠠᠭᠤᠯᠬᠤ ᠵᠢ ᠲᠦᠯᠬᠢᠨ ᠠᠬᠢᠭᠤᠯᠤᠨ᠎ᠠ᠂ ᠪᠦᠬᠦ ᠰᠢᠰᠲ᠋ᠧᠮ᠎ᠤᠨ ᠪᠦᠬᠦ ᠨᠡᠶ᠋ᠢᠭᠡᠮ᠎ᠳᠤ ᠬᠠᠤᠯᠢ ᠵᠢ ᠮᠡᠳᠡᠬᠦ ᠵᠢ ᠬᠥᠲᠥᠯᠥᠨ ᠵᠢᠯᠣᠭᠣᠳᠬᠤ᠂ ᠬᠠᠤᠯᠢ ᠵᠢ ᠰᠠᠬᠢᠬᠤ᠂ ᠬᠠᠤᠯᠢ ᠮᠡᠳᠡᠬᠦ᠂ ᠬᠡᠷᠡᠭᠯᠡᠬᠦ ᠠᠷᠭ᠎ᠠ᠃
ᠨᠢᠭᠡ᠎ᠳᠤ᠂ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠵᠢ ᠴᠢᠩᠭ᠎ᠠ ᠠᠳᠬᠤᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ 《8 ᠳ᠋ᠤᠭ᠋ᠠᠷ ᠰᠠᠷ᠎ᠠ ᠵᠢᠨ 5᠎ᠤ ᠡᠳᠦᠷ》᠎ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠵᠢ ᠡᠮᠬᠢ ᠵᠢᠷᠤᠮ᠎ᠲᠠᠢ ᠬᠡᠷᠡᠭᠵᠢᠭᠦᠯᠬᠦ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ 《8 ᠳ᠋ᠤᠭ᠋ᠠᠷ ᠰᠠᠷ᠎ᠠ ᠵᠢᠨ 5᠎ᠤ ᠡᠳᠦᠷ》᠎ᠤᠨ ᠬᠠᠤᠯᠢ ᠲᠦᠭᠡᠮᠡᠯᠵᠢᠭᠦᠯᠬᠦ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠵᠤ᠂ ᠬᠠᠤᠯᠢ ᠲᠦᠭᠡᠮᠡᠯᠵᠢᠭᠦᠯᠬᠦ ᠠᠵᠢᠯ᠎ᠢ ᠣᠨ᠎ᠤ ᠬᠠᠤᠯᠢ᠎ᠪᠠᠷ ᠵᠠᠰᠠᠬᠤ ᠠᠵᠢᠯ᠎ᠤᠨ ᠭᠤᠤᠯᠳᠠᠯᠭ᠎ᠠ᠎ᠳᠤ ᠣᠷᠣᠭᠤᠯᠵᠤ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠬᠤᠷᠠᠯᠳᠤᠭᠤᠯᠵᠤ ᠲᠤᠰᠬᠠᠶ ᠰᠡᠳᠦᠪ ᠵᠶ᠋ᠠᠷ ᠰᠤᠳᠤᠯᠤᠨ ᠪᠠᠶ᠋ᠢᠷᠢᠯᠠᠭᠤᠯᠵᠤ᠂ ᠬᠠᠤᠯᠢ ᠲᠦᠭᠡᠮᠡᠯᠵᠢᠭᠦᠯᠬᠦ ᠲᠥᠯᠥᠪᠯᠡᠭᠡ ᠵᠢᠴᠢ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠲᠦᠷᠢᠮ᠎ᠤᠨ ᠨᠠᠷᠢᠨ ᠲᠠᠩᠰᠠ ᠵᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ 18 ᠬᠠᠷᠢᠭᠤᠴᠠᠯᠭ᠎ᠠ ᠵᠢᠨ ᠭᠠᠵᠠᠷ ᠲᠠᠰᠤᠭ ᠲᠣᠪᠴᠢᠶ᠎ᠠ (ᠨᠢᠭᠡᠴᠢ)᠂ 31 ᠵᠦᠢ᠍ᠯ᠎ᠤᠨ ᠬᠠᠤᠯᠢ ᠲᠦᠭᠡᠮᠡᠯᠵᠢᠭᠦᠯᠬᠦ ᠭᠤᠤᠯᠳᠠᠯᠭ᠎ᠠ᠎ᠲᠠᠢ ᠠᠭᠤᠯᠭ᠎ᠠ᠂ 31 ᠵᠦᠢ᠍ᠯ᠎ᠤᠨ ᠬᠠᠤᠯᠢ ᠲᠦᠭᠡᠮᠡᠯᠵᠢᠭᠦᠯᠬᠦ ᠪᠣᠳᠠᠲᠠᠶ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠵᠤ᠂ ᠱᠠᠲᠤ ᠱᠠᠲᠤ᠎ᠪᠠᠷ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠱᠠᠲᠤ ᠬᠤᠪᠢᠶᠠᠨ ᠠᠬᠢᠭᠤᠯᠵᠤ᠂ ᠱᠠᠲᠤ ᠱᠠᠲᠤ᠎ᠪᠠᠷ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠵᠤ᠂ ᠲᠥᠪ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠲᠦᠭᠡᠮᠡᠯᠵᠢᠭᠦᠯᠬᠦ ᠠᠵᠢᠯ᠎ᠢ ᠪᠣᠳᠠᠲᠠᠶ ᠨᠠᠶ᠋ᠢᠳᠠᠪᠤᠷᠢᠵᠢᠭᠤᠯᠵᠤ ᠨᠠᠷᠢᠯᠢᠭ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ᠃
ᠬᠣᠶᠠᠷ᠎ᠲᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠤ ᠣᠨᠴᠠᠯᠢᠭ᠎ᠲᠠᠢ ᠠᠯᠢ ᠣᠯᠠᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃ 《4·22》᠎ᠤᠨ ᠳᠡᠯᠡᠬᠡᠶ ᠵᠢᠨ ᠪᠥᠮᠪᠥᠷᠴᠡᠭ᠎ᠤᠨ ᠡᠳᠦᠷ᠂ 《5·12》᠎ᠤᠨ ᠪᠥᠬᠥ ᠤᠯᠤᠰ᠎ᠤᠨ ᠭᠠᠮᠰᠢᠭ᠎ᠢ ᠰᠡᠷᠭᠡᠶ᠋ᠢᠯᠡᠵᠦ ᠭᠠᠮᠰᠢᠭ᠎ᠢ ᠪᠠᠭ᠋ᠠᠰᠬᠠᠬᠤ ᠡᠳᠦᠷ᠂ 《6·25》 ᠵᠢᠨ ᠪᠥᠬᠥ ᠤᠯᠤᠰ᠎ᠤᠨ ᠭᠠᠵᠠᠷ ᠰᠢᠷᠣᠶ ᠵᠢᠨ ᠡᠳᠦᠷ᠂ 《8·29》 ᠵᠢᠨ ᠪᠥᠬᠥ ᠤᠯᠤᠰ᠎ᠤᠨ ᠬᠡᠮᠵᠢᠨ ᠵᠢᠷᠤᠬᠤ ᠬᠠᠤᠯᠢ ᠵᠢᠨ ᠤᠬᠠᠭᠤᠯᠭ᠎ᠠ ᠵᠢᠨ ᠡᠳᠦᠷ ᠵᠡᠷᠭᠡ ᠣᠨᠴᠠᠭ᠋ᠠᠶ ᠴᠠᠭ ᠬᠤᠭᠤᠴᠠᠭ᠋ᠠᠨ᠎ᠤ ᠵᠠᠩᠭᠢᠶᠠᠰᠤ ᠵᠢ ᠠᠳᠬᠤᠵᠤ᠂ ᠪᠢᠴᠢᠭᠡᠰᠦ ᠨᠠᠭ᠋ᠠᠬᠤ᠂ ᠤᠬᠠᠭᠤᠯᠭ᠎ᠠ ᠵᠢᠨ ᠰᠠᠮᠪᠠᠷ᠎ᠠ ᠪᠠᠶ᠋ᠢᠷᠢᠯᠠᠭᠤᠯᠬᠤ᠂ ᠵᠢᠷᠤᠭᠲᠤ ᠳᠡᠪᠲᠡᠷ᠎ᠤᠨ ᠤᠩᠰᠢᠬᠤ ᠪᠢᠴᠢᠭ ᠲᠠᠷᠬᠠᠭ᠋ᠠᠬᠤ᠂ ᠲᠤᠬᠠᠶ ᠵᠢᠨ ᠲᠠᠯᠠᠪᠠᠶ ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠬᠢᠬᠦ᠂ ᠣᠨᠴᠠᠯᠢᠭᠲᠤ ᠦᠵᠡᠰᠬᠦᠯᠡᠩ ᠨᠡᠭᠡᠭᠡᠬᠦ ᠵᠡᠷᠭᠡ ᠬᠡᠯᠪᠡᠷᠢ᠎ᠪᠠᠷ ᠳᠠᠮᠵᠢᠭᠤᠯᠤᠨ᠂ 《ᠳᠡᠯᠡᠬᠡᠶ ᠵᠢᠨ ᠪᠥᠮᠪᠥᠷᠴᠡᠭ᠎ᠢ ᠨᠠᠨᠳᠢᠩᠨᠠᠨ ᠬᠠᠶ᠋ᠢᠷᠠᠯᠠᠬᠤ ᠬᠥᠮᠦᠨ ᠬᠢᠭᠡᠳ ᠪᠠᠶ᠋ᠢᠭ᠋ᠠᠯᠢ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ》᠂ 《ᠭᠠᠵᠠᠷ᠎ᠤᠨ ᠵᠢᠷᠤᠭ᠎ᠢ ᠵᠢᠷᠤᠮᠵᠢᠭᠤᠯᠤᠨ ᠬᠡᠷᠡᠭᠯᠡᠬᠦ᠂ ᠥᠴᠦᠬᠡᠨ ᠴᠦ᠍ ᠪᠤᠷᠤᠭᠤ ᠭᠠᠷᠭ᠋ᠠᠵᠤ ᠪᠣᠯᠬᠤ ᠥᠬᠡᠶ》 ᠵᠡᠷᠭᠡ ᠭᠤᠤᠯ ᠰᠡᠳᠦᠪᠲᠦ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠪᠠ ᠬᠠᠥᠯᠢ᠎ᠪᠠᠷ ᠵᠠᠰᠠᠬᠤ ᠤᠬᠠᠭᠤᠯᠭ᠎ᠠ ᠵᠢᠨ ᠠᠵᠢᠯᠯᠠᠭ᠎ᠠ᠃ ᠡᠭᠦᠨ᠎ᠤ ᠬᠠᠮᠲᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠠᠯᠪᠠᠨ ᠰᠦᠯᠵᠢᠶ᠎ᠡ᠂ 《ᠥᠪᠥᠷ ᠮᠣᠩᠭᠣᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ》 ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠂ 《ᠥᠪᠥᠷ ᠮᠣᠩᠭᠣᠯ᠎ᠤᠨ ᠠᠮᠢ ᠠᠬᠤᠶ ᠵᠢ ᠵᠠᠰᠠᠨ ᠰᠡᠷᠭᠦᠭᠡᠬᠦ》᠂ 《ᠥᠪᠥᠷ ᠮᠣᠩᠭᠣᠯ᠎ᠤᠨ ᠪᠣᠬᠢᠷᠲᠤᠯ ᠥᠬᠡᠶ ᠠᠭᠤᠷᠬᠠᠶ》 ᠵᠡᠷᠭᠡ ᠰᠢᠨ᠎ᠡ ᠵᠠᠭᠤᠴᠢᠯᠠᠭᠤᠷ᠎ᠢ ᠠᠰᠢᠭᠯᠠᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠬᠢᠭᠡᠳ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠮᠡᠳᠡᠯᠭᠡ ᠵᠢᠨ 《ᠬᠤᠷᠤᠭᠤᠨ ᠦᠵᠦᠭᠦᠷ》᠎ᠤᠨ ᠤᠬᠠᠭᠤᠯᠭ᠎ᠠ ᠵᠢ ᠥᠷᠨᠢᠭᠦᠯᠵᠦ᠂ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠤᠯᠢ᠎ᠪᠠᠷ ᠵᠠᠰᠠᠬᠤ ᠰᠣᠶᠣᠯ᠎ᠢ ᠲᠦᠭ ᠲᠦᠮᠡᠨ ᠠᠶ᠋ᠢᠯ ᠡᠷᠦᠬᠡ᠎ᠳᠤ ᠬᠦᠷᠭᠡᠵᠦ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠠᠷᠠᠳ ᠣᠯᠠᠨ᠎ᠤ ᠣᠶ᠋ᠢᠯᠠᠭ᠋ᠠᠬᠤ ᠬᠡᠮᠵᠢᠶ᠎ᠡ᠂ ᠬᠠᠤᠯᠢ᠎ᠪᠠᠷ ᠵᠠᠰᠠᠬᠤ ᠵᠣᠷᠢᠭ ᠰᠠᠨᠠᠭ᠎ᠠ ᠵᠢ ᠮᠡᠳᠡᠷᠡᠬᠦ ᠬᠡᠮᠵᠢᠶ᠎ᠡ᠂ ᠬᠠᠤᠯᠢ᠎ᠪᠠᠷ ᠵᠠᠰᠠᠬᠤ ᠦᠢ᠍ᠯᠡᠳᠦᠯᠭᠡ ᠵᠢᠨ ᠣᠷᠣᠯᠴᠠᠬᠤ ᠬᠡᠮᠵᠢᠶ᠎ᠡ ᠵᠢ ᠢᠯᠡᠳᠲᠡ ᠳᠡᠭᠡᠭᠰᠢᠯᠡᠭᠦᠯᠵᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠣᠨᠴᠠᠯᠢᠭ ᠪᠥᠬᠥᠶ ᠬᠠᠤᠯᠢ ᠲᠦᠭᠡᠮᠡᠯᠵᠢᠭᠦᠯᠬᠦ ᠠᠵᠢᠯᠯᠠᠭ᠎ᠠ᠎ᠳᠤ ᠲᠣᠪᠣᠶ᠋ᠢᠮ᠎ᠠ ᠦᠷ᠎ᠡ ᠪᠦᠲᠦᠮᠵᠢ ᠤᠯᠪᠠ᠃
ᠭᠤᠷᠪᠠ᠎ᠳᠤ᠂ ᠨᠠᠮ᠎ᠤᠨ ᠪᠠᠶ᠋ᠢᠭᠤᠯᠤᠯᠲᠠ᠎ᠪᠠᠷ ᠬᠠᠤᠯᠢ ᠲᠦᠭᠡᠮᠡᠯᠵᠢᠭᠦᠯᠬᠦ ᠬᠡᠯᠪᠡᠷᠢ ᠵᠢ ᠬᠥᠲᠥᠯᠥᠨ ᠳᠠᠭ᠋ᠠᠭᠤᠯᠬᠤ ᠲᠠᠯ᠎ᠠ᠎ᠪᠠᠷ ᠤᠯᠠᠮ ᠨᠢᠭᠡ ᠠᠯᠬᠤᠮ ᠰᠢᠨ᠎ᠡ ᠵᠢ ᠡᠭᠦᠳᠦᠨ᠎ᠡ᠃ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ᠎ᠲᠠᠢ ᠭᠦᠨᠵᠡᠭᠡᠶ ᠠᠭᠤᠰᠤᠯᠴᠠᠭᠤᠯᠵᠤ᠂ 《ᠰᠠᠷ᠎ᠠ ᠪᠦᠷᠢ ᠨᠢᠭᠡ ᠭᠤᠤᠯ ᠰᠡᠳᠦᠪ》᠎ᠤᠨ ᠬᠠᠥᠯᠢ᠎ᠪᠠᠷ ᠵᠠᠰᠠᠬᠤ ᠤᠬᠠᠭᠤᠯᠭ᠎ᠠ ᠵᠢᠨ ᠱᠠᠭ᠋ᠠᠷᠳᠠᠯᠭ᠎ᠠ ᠶᠣᠰᠣᠭ᠋ᠠᠷ᠂ ᠪᠥᠬᠥ ᠰᠢᠰᠲ᠋ᠧᠮ ᠵᠶ᠋ᠠᠷ ᠵᠶ᠋ᠠᠨ ᠨᠠᠮ᠎ᠤᠨ ᠡᠭᠦᠷ ᠵᠶ᠋ᠠᠷ ᠨᠢᠭᠡᠴᠢ ᠪᠣᠯᠭ᠋ᠠᠵᠤ᠂ ᠲᠤᠬᠠᠶ᠋ᠢᠯᠠᠭᠰᠠᠨ ᠠᠵᠢᠯ᠎ᠤᠨ ᠣᠨᠴᠠᠯᠢᠭ᠎ᠲᠠᠢ ᠤᠶᠠᠯᠳᠤᠭᠤᠯᠤᠨ᠂ ᠠᠯᠢ ᠣᠯᠠᠨ 《ᠨᠠᠮ᠎ᠤᠨ ᠪᠠᠶ᠋ᠢᠭᠤᠯᠤᠯᠲᠠ +》 ᠭᠤᠤᠯ ᠰᠡᠳᠦᠪᠲᠦ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠪᠡ᠃ ᠲᠢᠩᠬᠢᠮ᠎ᠤᠨ ᠠᠯᠪᠠᠨ ᠬᠡᠷ᠎ᠤᠨ ᠨᠠᠮ᠎ᠤᠨ ᠡᠭᠦᠷ ᠫᠤᠷᠲ᠋ᠧᠯ ᠰᠦᠯᠵᠢᠶ᠎ᠡ᠂ ᠸᠢᠴᠠᠲ᠎ᠤᠨ ᠨᠡᠶ᠋ᠢᠲᠡ ᠵᠢᠨ ᠳ᠋ᠤᠭ᠋ᠠᠷ᠂ ᠰᠢᠯᠵᠢᠮᠡᠯ ᠡᠯᠧᠺᠲᠷᠣᠨ ᠳᠡᠯᠭᠡᠴᠡ᠂ ᠭᠤᠤᠯ ᠰᠡᠳᠦᠪᠲᠦ ᠣᠬᠣᠷ ᠸᠢᠳᠢᠣ᠋ ᠦᠵᠡᠭᠦᠯᠭᠡ ᠨᠡᠪᠲᠡᠷᠡᠭᠦᠯᠭᠡ ᠵᠡᠷᠭᠡ ᠠᠴᠢᠶᠠᠯᠠᠪᠤᠷᠢ ᠵᠢᠨ ᠬᠡᠯᠪᠡᠷᠢ ᠵᠢ ᠠᠰᠢᠭᠯᠠᠨ ᠬᠠᠤᠯᠢ ᠲᠦᠭᠡᠮᠡᠯᠵᠢᠭᠦᠯᠬᠦ ᠠᠭᠤᠯᠭ᠎ᠠ ᠵᠢ ᠬᠦᠷᠭᠡᠵᠦ᠂ ᠳᠡᠯᠡᠬᠡᠶ ᠵᠢᠨ ᠪᠥᠮᠪᠥᠷᠴᠡᠭ᠎ᠤᠨ ᠡᠳᠦᠷ᠎ᠤᠨ ᠮᠡᠳᠡᠯᠭᠡ ᠵᠢᠨ ᠤᠷᠤᠯᠳᠤᠭ᠋ᠠᠨ᠂ 《ᠠᠷᠠᠳ᠎ᠲᠤ ᠲᠥᠬᠥᠮ ᠦᠵᠡᠭᠦᠯᠵᠦ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ ᠦᠢ᠍ᠯᠡᠴᠢᠯᠡᠭᠡᠨ᠎ᠤ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠬᠦ》 ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠮᠡᠳᠡᠯᠭᠡ ᠵᠢᠨ ᠠᠰᠠᠭᠤᠯᠲᠠ ᠬᠠᠷᠢᠭᠤᠯᠲᠠ ᠵᠢᠨ ᠰᠢᠷᠢᠰ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠵᠢ ᠥᠷᠨᠢᠭᠦᠯᠪᠡ; ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠷᠬᠡ ᠵᠢ ᠨᠤᠲᠠᠯᠠᠨ ᠲᠣᠭᠲᠠᠭ᠋ᠠᠵᠤ ᠳᠠᠩᠰᠠᠯᠠᠬᠤ ᠲᠣᠪᠴᠢᠶᠠᠨ᠎ᠤ ᠨᠠᠮ᠎ᠤᠨ ᠡᠭᠦᠷ 《ᠬᠠᠮᠤᠭ᠎ᠤᠨ ᠭᠣᠶᠣ ᠪᠦᠷᠢᠳᠬᠡᠭᠴᠢ》 ᠵᠢ ᠰᠢᠯᠭ᠋ᠠᠷᠠᠭᠤᠯᠬᠤ ᠪᠠ ᠥᠯᠥ ᠬᠥᠳᠡᠯᠬᠦ ᠬᠥᠷᠥᠩᠭᠡ ᠵᠢ ᠳᠠᠩᠰᠠᠯᠠᠬᠤ ᠤᠷ᠎ᠠ ᠴᠢᠳᠠᠪᠤᠷᠢ ᠵᠢᠨ ᠤᠷᠤᠯᠳᠤᠭ᠋ᠠᠨ ᠡᠷᠭᠢᠯᠡᠵᠦ᠂ ᠲᠤᠬᠠᠶ᠋ᠢᠯᠠᠭᠰᠠᠨ ᠠᠵᠢᠯ᠎ᠤᠨ ᠴᠢᠳᠠᠪᠤᠷᠢ᠎ᠪᠠᠨ ᠳᠡᠭᠡᠭᠰᠢᠯᠡᠭᠦᠯᠵᠦ᠂ ᠠᠷᠠᠳ ᠣᠯᠠᠨ᠎ᠤ ᠨᠡᠶ᠋ᠢᠳᠡᠮ ᠠᠩᠬᠠᠷᠴᠤ ᠪᠠᠶ᠋ᠢᠭ᠎ᠠ ᠡᠷᠬᠡ ᠵᠢ ᠨᠤᠲᠠᠯᠠᠨ ᠲᠣᠭᠲᠠᠭ᠋ᠠᠵᠤ ᠳᠠᠩᠰᠠᠯᠠᠬᠤ ᠬᠠᠮᠢᠶ᠎ᠠ ᠪᠥᠬᠥᠶ ᠬᠠᠤᠯᠢ ᠴᠠᠭ᠋ᠠᠵᠠ ᠵᠢᠨ ᠠᠰᠠᠭᠤᠳᠠᠯ᠎ᠳᠤ ᠣᠨᠣᠪᠴᠢᠲᠠᠶ ᠬᠠᠷᠢᠭᠤᠯᠲᠠ ᠥᠭᠪᠡ; ᠬᠠᠤᠯᠢ ᠲᠣᠭᠲᠠᠭ᠋ᠠᠯ᠎ᠤᠨ ᠭᠠᠵᠠᠷ᠎ᠤᠨ ᠨᠠᠮ᠎ᠤᠨ ᠡᠭᠦᠷ᠂ ᠪᠠᠶ᠋ᠢᠭᠤᠯᠭ᠎ᠠ ᠵᠢᠨ ᠨᠠᠮ᠎ᠤᠨ ᠡᠭᠦᠷ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠵᠢᠨ ᠣᠯᠠᠨ ᠨᠠᠮ᠎ᠤᠨ ᠡᠭᠦᠷ᠎ᠲᠠᠢ ᠬᠠᠮᠲᠤᠷᠠᠨ ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠵᠦ᠂ ᠣᠷᠴᠢᠨ ᠲᠣᠭᠣᠷᠢᠨ ᠡᠬᠢ ᠪᠠᠶᠠᠯᠢᠭ᠎ᠤᠨ ᠬᠡᠷᠡᠭ᠎ᠤᠨ ᠲᠢᠩᠬᠢᠮ᠎ᠤᠨ ᠰᠢᠭᠦᠯᠲᠡ ᠵᠢ ᠲᠣᠭᠣᠷᠢᠨ ᠦᠵᠡᠵᠦ ᠰᠤᠯᠠ ᠰᠣᠨᠣᠰᠴᠤ᠂ ᠠᠵᠢᠯᠲᠠᠨ᠎ᠤ ᠬᠠᠤᠯᠢ ᠵᠢ ᠰᠤᠷᠴᠤ ᠬᠠᠤᠯᠢ ᠵᠢ ᠣᠶ᠋ᠢᠯᠠᠭ᠋ᠠᠵᠤ ᠬᠠᠤᠯᠢ ᠵᠢ ᠬᠡᠷᠡᠭᠯᠡᠬᠦ ᠤᠬᠠᠮᠰᠠᠷᠲᠤ ᠴᠢᠨᠠᠷ ᠪᠠ ᠰᠠᠨᠠᠭ᠋ᠠᠴᠢᠯᠠᠭ᠋ᠠᠲᠤ ᠴᠢᠨᠠᠷ᠎ᠢ ᠴᠢᠩᠭ᠋ᠠᠳᠬᠠᠪᠠ; ᠪᠠᠶ᠋ᠢᠭ᠋ᠠᠯᠢ ᠵᠢᠨ ᠮᠦᠽᠧᠶ ᠵᠢᠨ ᠨᠠᠮ᠎ᠤᠨ ᠡᠭᠦᠷ ᠣᠲᠣ ᠦᠶ᠎ᠡ ᠵᠢᠨ ᠲᠠᠭᠤᠨ᠂ ᠬᠡᠷᠡᠯ᠂ ᠴᠠᠬᠢᠯᠭ᠋ᠠᠨ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠷᠭ᠎ᠠ ᠪᠠᠷᠢᠯ᠎ᠢ ᠠᠰᠢᠭᠯᠠᠨ᠂ ᠣᠯᠠᠨ ᠶᠠᠩᠵᠤ ᠵᠢᠨ ᠰᠦᠷᠯᠢᠭ ᠰᠠᠶ᠋ᠢᠬᠠᠨ ᠪᠠᠶ᠋ᠢᠭ᠋ᠠᠯᠢ ᠵᠢᠨ ᠦᠵᠡᠮᠵᠢ᠂ ᠭᠢᠯᠠᠯᠵᠠᠮ᠎ᠠ ᠰᠠᠶ᠋ᠢᠬᠠᠨ ᠬᠦᠳᠡᠷ᠎ᠤᠨ ᠥᠯᠢᠭᠡᠷ ᠬᠡᠪ ᠵᠢᠴᠢ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ ᠵᠡᠷᠭᠡ ᠪᠠᠶ᠋ᠢᠭ᠋ᠠᠯᠢ ᠵᠢᠨ ᠡᠬᠢ ᠪᠠᠶᠠᠯᠢᠭ ᠪᠠ ᠪᠠᠶ᠋ᠢᠭ᠋ᠠᠯᠢ ᠵᠢᠨ ᠦᠯᠡᠳᠡᠭᠳᠡᠯ᠎ᠢ ᠳᠡᠯᠭᠡᠨ ᠦᠵᠡᠭᠦᠯᠵᠦ᠂ 118.3 ᠲᠦᠮᠡᠨ ᠲᠡᠭᠰᠢ ᠳᠥᠷᠪᠡᠯᠵᠢᠨ ᠺᠢᠯᠣᠮᠧᠲᠷ᠎ᠤᠨ ᠰᠦᠷᠯᠢᠭ ᠰᠠᠶ᠋ᠢᠬᠠᠨ ᠤᠮᠠᠷᠠᠲᠤ ᠬᠢᠯᠢ ᠵᠢ 2 ᠲᠦᠮᠡ ᠭᠠᠷᠤᠶ ᠲᠡᠭᠰᠢ ᠳᠥᠷᠪᠡᠯᠵᠢᠨ ᠮᠧᠲᠷ 《ᠪᠠᠶ᠋ᠢᠭ᠋ᠠᠯᠢ ᠵᠢᠨ ᠬᠢᠴᠢᠶᠡᠯ᠎ᠤᠨ ᠲᠠᠩᠬᠢᠮ》᠎ᠲᠤ ᠰᠠᠪᠠᠯᠠᠵᠤ᠂ ᠠᠷᠠᠳ ᠣᠯᠠᠨ᠎ᠤ ᠠᠮᠢ ᠠᠬᠤᠶ ᠣᠷᠴᠢᠨ ᠲᠣᠭᠣᠷᠢᠨ᠎ᠢ ᠬᠠᠮᠠᠭ᠋ᠠᠯᠠᠬᠤ᠂ ᠤᠮᠠᠷᠠᠲᠤ ᠬᠢᠯᠢ ᠵᠢᠨ ᠦᠵᠡᠰᠬᠦᠯᠡᠩᠲᠦ ᠰᠠᠶ᠋ᠢᠬᠠᠨ ᠦᠵᠡᠮᠵᠢ ᠵᠢᠨ ᠣᠷᠣᠨ᠎ᠢ ᠰᠠᠬᠢᠨ ᠬᠠᠮᠠᠭ᠋ᠠᠯᠠᠬᠤ ᠬᠠᠥᠯᠢ᠎ᠪᠠᠷ ᠵᠠᠰᠠᠬᠤ ᠤᠬᠠᠮᠰᠠᠷ᠎ᠢ ᠦᠨᠡᠨ ᠬᠦ᠌ ᠳᠡᠭᠡᠭᠰᠢᠯᠡᠭᠦᠯᠪᠡ᠃ ᠡᠯ᠎ᠡ ᠭᠠᠵᠠᠷ ᠣᠷᠣᠨ᠂ ᠡᠯ᠎ᠡ ᠨᠢᠭᠡᠴᠢ ᠮᠦᠽᠧᠶ᠂ ᠭᠠᠵᠠᠷ ᠰᠢᠨᠵᠢᠯᠡᠭᠡᠨ᠎ᠤ ᠴᠡᠴᠡᠷᠯᠢᠭ᠂ ᠪᠠᠶ᠋ᠢᠭ᠋ᠠᠯᠢ ᠵᠢᠨ ᠴᠡᠴᠡᠷᠯᠢᠭ᠂ ᠠᠵᠢᠯ ᠶᠠᠪᠤᠳᠠᠯ ᠭᠦᠢ᠍ᠴᠡᠳᠭᠡᠬᠦ (ᠦᠨᠡᠮᠯᠡᠯ) ᠲᠢᠩᠬᠢᠮ ᠵᠡᠷᠭᠡ ᠣᠯᠠᠨ ᠨᠡᠶ᠋ᠢᠲᠡ ᠵᠢᠨ ᠲᠠᠯᠠᠪᠤᠷ ᠭᠠᠵᠠᠷ᠎ᠢ ᠭᠦᠢ᠍ᠴᠡᠳ ᠠᠰᠢᠭᠯᠠᠨ᠂ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ᠂ ᠭᠠᠵᠠᠷ ᠰᠢᠨᠵᠢᠯᠡᠭᠡ ᠠᠭᠤᠷᠬᠠᠶ ᠵᠢᠨ ᠭᠠᠷᠤᠯᠲᠠ᠂ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠭᠠᠵᠠᠷ ᠵᠦᠶ ᠵᠢᠨ ᠮᠡᠳᠡᠭᠡ ᠵᠠᠩᠭᠢ ᠵᠢ ᠬᠡᠮᠵᠢᠨ ᠵᠢᠷᠤᠬᠤ ᠵᠡᠷᠭᠡ ᠭᠤᠤᠯ ᠰᠡᠳᠦᠪ ᠢᠯᠡ ᠲᠣᠳᠣ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠪᠠ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠠᠵᠢᠯᠯᠠᠭ᠎ᠠ ᠵᠢ ᠢᠳᠡᠪᠬᠢᠲᠡᠶ ᠵᠣᠬᠢᠶᠠᠨ ᠪᠠᠶ᠋ᠢᠭᠤᠯᠤᠨ ᠥᠷᠨᠢᠭᠦᠯᠵᠦ᠂ ᠰᠢᠰᠲ᠋ᠧᠮ᠎ᠤᠨ ᠳᠡᠭᠡᠳᠦ ᠳᠤᠤᠷᠠᠳᠤ ᠱᠠᠲᠤ᠎ᠪᠠᠷ ᠵᠶ᠋ᠠᠨ ᠢᠵᠢᠯ ᠠᠯᠬᠤᠮ ᠵᠶ᠋ᠠᠷ ᠤᠷᠤᠭᠰᠢᠯᠠᠵᠤ᠂ ᠢᠵᠢᠯ ᠴᠢᠭᠯᠡᠯ ᠵᠶ᠋ᠠᠷ ᠬᠦᠴᠦᠯᠡᠵᠦ᠂ ᠨᠠᠮ᠎ᠤᠨ ᠪᠠᠶ᠋ᠢᠭᠤᠯᠤᠯᠲᠠ᠎ᠪᠠᠷ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠨᠡᠶ᠋ᠢᠯᠡᠮᠡᠯ ᠬᠦᠴᠦᠨ᠎ᠢ ᠪᠣᠶ ᠪᠣᠯᠭ᠋ᠠᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠤᠯᠢ᠎ᠪᠠᠷ ᠵᠠᠰᠠᠬᠤ ᠬᠠᠮᠠᠭ᠋ᠠᠯᠠᠯᠲᠠ᠂ ᠠᠰᠢᠭᠯᠠᠯᠲᠠ ᠪᠠ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃
ᠬᠥᠲᠥᠯᠥᠭᠴᠢ᠄ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠬᠤ᠎ᠪᠠᠷ ᠳᠠᠮᠵᠢᠭᠤᠯᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠭᠡᠬᠦ ᠴᠢᠳᠠᠪᠤᠷᠢ᠎ᠪᠠᠨ ᠬᠡᠷᠬᠢᠨ ᠳᠡᠭᠡᠭᠰᠢᠯᠡᠭᠦᠯᠬᠦ ᠪᠣᠶ?
ᠵᠤᠤ ᠹᠠᠩ᠄ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠴᠢᠬᠤᠯᠠ ᠶᠡᠬᠡ ᠤᠯᠤᠰ ᠲᠦᠷᠦ ᠵᠢᠨ ᠬᠠᠷᠢᠭᠤᠴᠠᠯᠭ᠎ᠠ ᠪᠠ ᠤᠯᠤᠰ ᠲᠦᠷᠦ ᠵᠢᠨ ᠡᠭᠦᠷᠭᠡ ᠪᠣᠯᠭ᠋ᠠᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠠᠵᠢᠯ᠎ᠤᠨ ᠪᠣᠳᠠᠲᠠᠢ᠎ᠲᠠᠢ ᠤᠶᠠᠯᠳᠤᠭᠤᠯᠤᠨ᠂ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠲᠤᠰᠬᠠᠢ ᠰᠡᠳᠦᠪᠲᠦ ᠰᠤᠷᠤᠯᠴᠠᠯᠭ᠎ᠠ ᠪᠣᠯᠪᠠᠰᠤᠷᠠᠯ ᠪᠠ ᠲᠤᠬᠠᠶ᠋ᠢᠯᠠᠭᠰᠠᠨ ᠠᠵᠢᠯ᠎ᠤᠨ ᠵᠢᠯᠤᠭᠤᠳᠤᠯᠭ᠎ᠠ᠎ᠪᠠᠨ ᠴᠢᠩᠭ᠋ᠠᠳᠬᠠᠵᠤ᠂ ᠪᠦᠬᠦ ᠰᠢᠰᠲ᠋ᠧᠮ᠎ᠤᠨ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠵᠢᠨ ᠲᠦᠪᠰᠢᠨ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠪᠡ᠃
ᠨᠢᠭᠡ᠎ᠳᠤ᠂ ᠳᠡᠭᠡᠳᠦ ᠱᠠᠲᠤ᠎ᠨᠢ ᠳᠣᠣᠷᠠᠳᠤ ᠱᠠᠲᠤ᠎ᠪᠠᠨ ᠳᠠᠭ᠋ᠠᠭᠤᠯᠬᠤ ᠵᠢ ᠪᠠᠷᠢᠮᠲᠠᠯᠠᠨ᠎ᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠬᠠᠤᠯᠢ ᠰᠤᠷᠤᠯᠴᠠᠬᠤ ᠲᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠎ᠠ ᠵᠢ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠰᠤᠷᠤᠯᠴᠠᠬᠤ ᠠᠭᠤᠯᠭ᠎ᠠ᠎ᠳᠤ ᠣᠷᠣᠭᠤᠯᠵᠤ᠂ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠤᠳᠤᠷᠢᠳᠬᠤ ᠺᠠᠳ᠋ᠷ᠎ᠤᠨ ᠲᠦᠷᠦᠭᠦᠯᠡᠨ ᠬᠠᠤᠯᠢ ᠵᠢ ᠬᠦᠨᠳᠦᠳᠬᠡᠵᠦ ᠬᠠᠤᠯᠢ ᠵᠢ ᠰᠤᠷᠤᠯᠴᠠᠵᠤ ᠬᠠᠤᠯᠢ ᠵᠢ ᠰᠠᠬᠢᠵᠤ ᠬᠠᠤᠯᠢ ᠵᠢ ᠬᠡᠷᠡᠭᠯᠡᠬᠦ ᠵᠢ ᠠᠬᠢᠭᠤᠯᠤᠨ᠎ᠠ᠃ ᠪᠠᠶ᠋ᠢᠭᠤᠯᠭ᠎ᠠ ᠵᠢᠨ ᠺᠠᠳ᠋ᠷᠴᠤᠳ᠎ᠤᠨ ᠡᠳᠦᠷ ᠲᠤᠳᠤᠮ᠎ᠤᠨ ᠬᠠᠤᠯᠢ ᠰᠤᠷᠬᠤ ᠲᠦᠷᠢᠮ᠎ᠢ ᠪᠦᠷᠢᠨᠰᠢᠬᠥᠯᠤᠨ ᠲᠡᠭᠦᠯᠳᠡᠷᠵᠢᠭᠦᠯᠵᠦ᠂ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠪᠠᠶ᠋ᠢᠭᠤᠯᠭ᠎ᠠ ᠵᠢᠨ ᠺᠠᠳ᠋ᠷᠴᠤᠳ᠎ᠤᠨ ᠬᠥᠮᠦᠵᠢᠯ ᠪᠤᠯᠪᠠᠰᠤᠷᠠᠯ᠎ᠤᠨ ᠴᠢᠬᠤᠯᠠ ᠠᠭᠤᠯᠭ᠎ᠠ᠎ᠳᠤ ᠣᠷᠣᠭᠤᠯᠤᠨ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠪᠠᠷ ᠪᠦᠬᠥ ᠰᠢᠰᠲ᠋ᠧᠮ ᠵᠶ᠋ᠠᠷ ᠵᠶ᠋ᠠᠨ ᠲᠠᠷᠢᠬᠢ ᠲᠣᠯᠣᠭ᠋ᠠᠢ᠎ᠪᠠᠨ ᠵᠡᠪᠰᠡᠭᠯᠡᠵᠦ᠂ ᠦᠢ᠍ᠯᠡᠳᠦᠯᠭᠡ᠎ᠪᠠᠨ ᠵᠢᠯᠣᠭᠣᠳᠤᠨ᠂ ᠠᠵᠢᠯ ᠵᠶ᠋ᠠᠨ ᠠᠬᠢᠭᠤᠯᠵᠤ᠂ ᠪᠦᠬᠥ ᠲᠠᠯ᠎ᠠ᠎ᠪᠠᠷ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ᠂ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠲᠤᠬᠠᠢ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠲᠡᠷᠡ ᠶᠣᠰᠣᠭ᠋ᠠᠷ᠎ᠨᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠬᠥᠮᠦᠵᠢᠭᠦᠯᠦᠨ ᠬᠥᠳᠤᠯᠤᠨ ᠵᠢᠯᠣᠭᠣᠳᠤᠨ᠎ᠠ᠃ 《8 ᠳ᠋ᠤᠭ᠋ᠠᠷ ᠰᠠᠷ᠎ᠠ ᠵᠢᠨ 5᠎ᠤ ᠡᠳᠦᠷ᠎ᠤᠨ ᠬᠠᠤᠯᠢ ᠲᠦᠭᠡᠮᠡᠯᠵᠢᠭᠦᠯᠬᠦ》 ᠠᠵᠢᠯᠯᠠᠭ᠎ᠠ ᠵᠢ ᠥᠷᠨᠢᠭᠦᠯᠦᠭᠰᠡᠨ᠎ᠠᠴᠠ ᠨᠠᠭ᠋ᠠᠰᠢ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ ᠬᠠᠮᠢᠶ᠎ᠠ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ 18 ᠤᠳᠠᠭ᠎ᠠ ᠰᠤᠷᠤᠯᠴᠠᠵᠤ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠂ ᠨᠠᠮ᠎ᠤᠨ ᠦᠨᠳᠦᠰᠦᠲᠡᠨ᠎ᠤ ᠣᠨᠣᠯ ᠲᠥᠷᠥ ᠵᠢᠨ ᠪᠣᠳᠣᠯᠭ᠎ᠠ᠂ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠵᠡᠷᠭᠡ ᠠᠭᠤᠯᠭ᠎ᠠ ᠵᠢ ᠰᠤᠷᠤᠯᠴᠠᠨ ᠲᠤᠭᠤᠰᠢᠯᠠᠭᠤᠯᠬᠤ᠎ᠳᠤ ᠴᠢᠭᠯᠡᠭᠦᠯᠦᠨ ᠲᠤᠰᠬᠠᠶ ᠰᠡᠳᠦᠪ ᠵᠶ᠋ᠠᠷ 6 ᠤᠳᠠᠭ᠎ᠠ ᠰᠤᠳᠤᠯᠤᠨ ᠶᠠᠷᠢᠯᠴᠠᠪᠠ᠃
ᠬᠣᠶᠠᠷ᠎ᠲᠤ᠂ ᠰᠤᠷᠬᠤ ᠪᠠ ᠬᠡᠷᠡᠭᠯᠡᠬᠦ ᠵᠢ ᠤᠶᠠᠯᠳᠤᠭᠤᠯᠬᠤ ᠵᠢ ᠳᠣᠪᠣᠶ᠋ᠢᠯᠭ᠋ᠠᠨ᠎ᠠ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠪᠠᠷᠢᠮᠲᠠᠯᠠᠬᠤ ᠲᠤᠬᠠᠢ᠂ ᠬᠠᠤᠯᠢ᠎ᠪᠠᠷ ᠵᠠᠰᠠᠬᠤ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠲᠤᠬᠠᠶ ᠴᠢᠬᠤᠯᠠ ᠥᠭᠦᠯᠡᠯᠲᠡ᠂ ᠦᠨᠳᠦᠰᠦᠨ ᠬᠠᠤᠯᠢ᠂ ᠢᠷᠭᠡᠨ᠎ᠤ ᠬᠠᠤᠯᠢ ᠪᠠ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠵᠡᠷᠭᠡ ᠵᠢ ᠭᠣᠣᠯᠳᠠᠯᠭ᠎ᠠ᠎ᠲᠠᠢ ᠰᠤᠷᠤᠯᠴᠠᠬᠤ ᠠᠭᠤᠯᠭ᠎ᠠ ᠪᠣᠯᠭ᠋ᠠᠪᠠ᠂ ᠶᠡᠷᠦᠩᠬᠡᠶ ᠱᠦᠵᠢ ᠵᠢᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠠᠵᠢᠯ᠎ᠤᠨ ᠲᠤᠬᠠᠶ ᠴᠢᠬᠤᠯᠠ ᠥᠭᠦᠯᠡᠯᠲᠡ᠎ᠲᠠᠢ ᠤᠶᠠᠯᠳᠤᠭᠤᠯᠤᠨ᠎ᠠ᠂ 《ᠠᠵᠤ ᠠᠬᠤᠶ᠋ᠢᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠦᠢ᠍ᠯᠡ ᠠᠵᠢᠯᠯᠠᠭ᠎ᠠ ᠵᠢᠨ ᠬᠠᠤᠯᠢ ᠴᠠᠭ᠋ᠠᠵᠠ ᠵᠢᠨ ᠲᠦᠭᠰᠢᠭᠦᠷᠢ ᠵᠢᠨ ᠰᠠᠨᠠᠭᠤᠯᠤᠮᠵᠢ ᠵᠢᠨ ᠪᠢᠴᠢᠭ》 ᠪᠠ 《ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠠᠵᠢᠯ᠎ᠤᠨ ᠭᠠᠷ ᠳᠡᠪᠲᠡᠷ》 ᠵᠡᠷᠭᠡ ᠠᠵᠢᠯ᠎ᠤᠨ ᠵᠢᠯᠣᠭᠣᠳᠤᠮᠵᠢ ᠵᠢ ᠰᠤᠳᠤᠯᠤᠨ ᠨᠠᠶ᠋ᠢᠷᠠᠭᠤᠯᠤᠨ ᠳᠠᠷᠤᠮᠠᠯᠯᠠᠪᠠ᠂ ᠪᠥᠬᠥ ᠰᠢᠰᠲ᠋ᠧᠮ᠎ᠤᠨ ᠺᠠᠳ᠋ᠷ ᠠᠵᠢᠯᠲᠠᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ 《ᠬᠣᠶᠠᠷ᠎ᠢ ᠨᠢᠭᠡᠳᠬᠡᠬᠦ》 ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠎ᠪᠠᠨ ᠬᠠᠤᠯᠢ ᠲᠣᠭᠲᠠᠭ᠋ᠠᠯ ᠶᠣᠰᠣᠭ᠋ᠠᠷ ᠭᠦᠢ᠍ᠴᠡᠳᠭᠡᠬᠦ ᠵᠢ ᠠᠬᠢᠭᠤᠯᠤᠨ᠎ᠠ᠃
ᠭᠤᠷᠪᠠ᠎ᠳᠤ᠂ ᠮᠡᠳᠡᠬᠦᠶ ᠬᠢᠬᠦᠶ ᠵᠢᠨ ᠦᠢ᠍ᠯᠡᠳᠦᠯᠭᠡ ᠵᠢ ᠭᠦᠨᠵᠡᠭᠡᠶ᠋ᠢᠷᠡᠭᠦᠯᠦᠨ᠎ᠡ᠃ ᠳᠠᠭ᠋ᠠᠭᠤᠯᠢ ᠣᠳᠣᠨ᠎ᠤ ᠠᠯᠤᠰ ᠰᠡᠷᠡᠯ᠎ᠤᠨ ᠵᠢᠷᠤᠭ ᠵᠶ᠋ᠠᠷ ᠬᠠᠤᠯᠢ ᠬᠡᠷᠡᠭᠵᠢᠭᠦᠯᠬᠦ᠂ ᠬᠠᠤᠯᠢ ᠬᠡᠷᠡᠭᠵᠢᠭᠦᠯᠦᠯᠲᠡ ᠵᠢ ᠬᠢᠨᠠᠨ ᠪᠠᠶ᠋ᠢᠴᠠᠭ᠋ᠠᠬᠤ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠ ᠵᠠᠰᠠᠭ ᠵᠠᠬᠢᠷᠭ᠋ᠠᠨ᠎ᠤ ᠵᠠᠷᠭᠤ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠂ ᠭᠠᠵᠠᠷ ᠰᠢᠷᠣᠶ ᠵᠢᠨ ᠬᠠᠮᠢᠶᠠᠷᠤᠯᠲᠠ ᠵᠡᠷᠭᠡ ᠲᠠᠯ᠎ᠠ ᠵᠢᠨ ᠲᠤᠰᠬᠠᠶ ᠰᠡᠳᠦᠪᠲᠦ ᠪᠤᠯᠪᠠᠰᠤᠷᠠᠯ᠎ᠢ ᠤᠷᠢᠳ ᠬᠣᠵᠢᠳ 30 ᠭᠠᠷᠤᠶ ᠤᠳᠠᠭ᠎ᠠ ᠵᠣᠬᠢᠶᠠᠨ ᠪᠠᠶ᠋ᠢᠭᠤᠯᠤᠨ ᠥᠷᠨᠢᠭᠦᠯᠵᠦ᠂ 《ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠋ᠠᠨ᠎ᠤ ᠲᠣᠶ᠋ᠢᠮᠣᠴᠢᠯᠠᠯ》᠂ 《ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠰᠲ᠋ᠧᠮ᠎ᠤᠨ ᠢᠷᠭᠡᠨ᠎ᠤ ᠬᠠᠤᠯᠢ ᠵᠢᠨ ᠠᠷᠪᠠᠨ ᠲᠠᠶ᠋ᠢᠯᠤᠮᠵᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠬᠠᠤᠯᠢ》᠂ 《ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠬᠡᠷᠡᠭᠯᠡᠯᠲᠡ ᠵᠢ ᠵᠠᠬᠢᠷᠤᠨ ᠬᠠᠮᠢᠶᠠᠷᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠡᠮᠬᠢᠳᠬᠡᠯ》᠂ 《ᠰᠢᠨ᠎ᠡ ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ ᠵᠢ ᠰᠤᠷᠤᠯᠴᠠᠬᠤ ᠤᠩᠰᠢᠬᠤ ᠪᠢᠴᠢᠭ》 ᠵᠡᠷᠭᠡ ᠨᠣᠮ ᠪᠢᠴᠢᠭ᠎ᠢ ᠲᠦᠮᠡ ᠭᠠᠷᠤᠶ ᠳᠡᠪᠲᠡᠷ ᠵᠣᠬᠢᠶᠠᠨ ᠪᠠᠶ᠋ᠢᠭᠤᠯᠤᠨ ᠲᠠᠷᠬᠠᠭ᠋ᠠᠵᠤ᠂ ᠠᠯᠪᠠᠨ ᠰᠦᠯᠵᠢᠶ᠎ᠡ ᠪᠠ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠎ᠲᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠰᠤᠷᠤᠯᠴᠠᠨ ᠤᠬᠠᠭᠤᠯᠬᠤ ᠲᠤᠰᠬᠠᠶ ᠪᠤᠯᠤᠩ ᠨᠡᠭᠡᠭᠡᠵᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠪᠢᠴᠢᠭ ᠮᠠᠲ᠋ᠧᠷᠢᠶᠠᠯ᠎ᠢ ᠨᠡᠶ᠋ᠢᠲᠡᠯᠡᠵᠦ ᠬᠦᠷᠭᠡᠬᠦ ᠰᠣᠨᠢᠨ ᠮᠡᠳᠡᠭᠡᠨ᠎ᠤ ᠬᠠᠯᠠᠮᠰᠢᠯ ᠴᠡᠭ᠂ ᠴᠠᠭ᠎ᠤᠨ ᠪᠠᠶ᠋ᠢᠳᠠᠯ᠎ᠤᠨ ᠬᠥᠳᠡᠯᠦᠩᠭᠦᠶ ᠪᠠᠶ᠋ᠢᠳᠠᠯ ᠪᠠ ᠲᠤᠰᠬᠠᠶ ᠰᠡᠳᠦᠪᠲᠦ ᠲᠠᠶ᠋ᠢᠯᠤᠮᠵᠢ ᠬᠢᠵᠦ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ ᠪᠠ ᠬᠡᠷᠡᠭᠯᠡᠵᠦ ᠵᠢᠯᠣᠭᠣᠳᠬᠤ ᠠᠵᠢᠯ᠎ᠢ ᠰᠠᠶ᠋ᠢᠲᠤᠷ ᠬᠢᠵᠦ᠂ ᠪᠥᠬᠥ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷᠴᠤᠳ᠎ᠤᠨ ᠬᠠᠤᠯᠢ ᠶᠣᠰᠣᠭ᠋ᠠᠷ ᠵᠠᠰᠠᠭ ᠶᠠᠪᠤᠭᠤᠯᠬᠤ ᠦᠵᠡᠯ ᠰᠠᠨᠠᠭ᠋ᠠᠨ᠎ᠤ ᠤᠬᠠᠮᠰᠠᠷ ᠵᠶ᠋ᠠᠨ ᠲᠠᠰᠤᠷᠠᠯᠲᠠ ᠥᠬᠡᠶ ᠴᠢᠩᠭ᠋ᠠᠳᠬᠠᠬᠤ ᠵᠢ ᠬᠢᠨᠠᠨ ᠵᠢᠯᠣᠭᠣᠳᠴᠤ᠂ ᠬᠠᠤᠯᠢ᠎ᠪᠠᠷ ᠵᠠᠰᠠᠬᠤ ᠠᠷᠭ᠎ᠠ ᠪᠠᠷᠢᠯ᠎ᠢ ᠬᠡᠷᠡᠭᠯᠡᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢ ᠴᠢᠩᠭ᠋ᠠᠳᠬᠠᠬᠤ᠂ ᠦᠢ᠍ᠯᠡᠳᠦᠯᠭᠡ ᠵᠢᠨ ᠠᠰᠠᠭᠤᠳᠠᠯ᠎ᠢ ᠰᠢᠢ᠍ᠳᠪᠦᠷᠢᠡᠯᠬᠦ ᠴᠢᠳᠠᠪᠤᠷᠢ ᠪᠠ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
ᠬᠥᠲᠥᠯᠥᠭᠴᠢ᠄ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ 《8 ᠳ᠋ᠤᠭ᠋ᠠᠷ ᠰᠠᠷ᠎ᠠ ᠵᠢᠨ 5᠎ᠤ ᠡᠳᠦᠷ》᠎ᠤᠨ ᠬᠠᠤᠯᠢ ᠲᠦᠭᠡᠮᠡᠯᠵᠢᠭᠦᠯᠬᠦ ᠠᠵᠢᠯ᠎ᠢ ᠥᠷᠨᠢᠭᠦᠯᠬᠦ᠂ ᠬᠠᠥᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠠᠬᠢᠭᠤᠯᠬᠤ ᠲᠠᠯ᠎ᠠ᠎ᠪᠠᠷ ᠶᠠᠮᠠᠷ ᠶᠠᠮᠠᠷ ᠠᠵᠢᠯ᠎ᠤᠨ ᠦᠷ᠎ᠡ ᠪᠦᠲᠦᠮᠵᠢ ᠣᠯᠤᠭᠰᠠᠨ ᠪᠣᠶ?
ᠵᠤᠤ ᠹᠠᠩ᠄ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠡᠬᠢ ᠪᠠᠶᠠᠯᠢᠭ᠎ᠤᠨ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠴᠢᠩᠭ᠎ᠠ ᠰᠠᠬᠢᠵᠤ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠪᠠᠶ᠋ᠢᠷᠢᠰᠢᠯ᠎ᠢ ᠰᠢᠯᠢᠳᠡᠭᠵᠢᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠵᠢ ᠠᠬᠢᠭᠤᠯᠵᠤ᠂ ᠡᠬᠢ ᠪᠠᠶᠠᠯᠢᠭ ᠡᠳ᠋ ᠬᠦᠷᠦᠩᠭᠡ ᠵᠢᠨ ᠡᠷᠬᠡ ᠠᠰᠢᠭ᠎ᠢ ᠬᠠᠮᠠᠭ᠋ᠠᠯᠠᠬᠤ》 ᠠᠵᠢᠯ᠎ᠤᠨ ᠪᠠᠶ᠋ᠢᠷᠢ ᠲᠣᠭᠲᠠᠭ᠋ᠠᠯᠲᠠ ᠵᠢᠨ ᠲᠣᠭᠣᠷᠢᠨ᠎ᠳᠤ᠂ 《ᠬᠣᠶᠠᠷ᠎ᠢ ᠨᠢᠭᠡᠳᠬᠡᠬᠦ》 ᠭᠣᠣᠯ ᠲᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂ 《ᠬᠠᠤᠯᠢ᠎ᠪᠠᠷ ᠲᠣᠭᠲᠠᠭ᠋ᠠᠭᠰᠠᠨ ᠲᠤᠰᠢᠶᠠᠯ ᠬᠠᠷᠢᠭᠤᠴᠠᠯᠭ᠎ᠠ᠎ᠪᠠᠨ ᠡᠷᠬᠡᠪᠰᠢ ᠭᠦᠢ᠍ᠴᠡᠳᠬᠡᠵᠦ᠂ ᠬᠠᠤᠯᠢ᠎ᠠᠴᠠ ᠡᠷᠬᠡ ᠣᠯᠭᠣᠭᠰᠠᠨ ᠦᠭᠡᠢ ᠪᠣᠯ ᠬᠢᠵᠦ ᠪᠣᠯᠬᠤ ᠦᠭᠡᠢ》 ᠬᠠᠥᠯᠢ᠎ᠪᠠᠷ ᠵᠠᠰᠠᠬᠤ ᠣᠶ᠋ᠢᠯᠠᠭ᠋ᠠᠭᠳᠠᠬᠤᠨ ᠪᠠ 《ᠡᠷᠬᠡ᠎ᠲᠠᠢ ᠪᠣᠯ ᠡᠷᠬᠡᠪᠰᠢ ᠬᠠᠷᠢᠭᠤᠴᠠᠯᠭ᠎ᠠ᠎ᠲᠠᠢ ᠪᠠᠶ᠋ᠢᠬᠤ᠂ ᠡᠷᠬᠡ᠎ᠪᠠᠨ ᠬᠡᠷᠡᠭᠯᠡᠪᠡᠯ ᠬᠢᠨᠠᠯᠲᠠ ᠬᠦᠯᠢᠶᠡᠬᠦ》 ᠬᠠᠥᠯᠢ᠎ᠪᠠᠷ ᠵᠠᠰᠠᠬᠤ ᠤᠬᠠᠮᠰᠠᠷ᠎ᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠥᠯᠢ᠎ᠪᠠᠷ ᠵᠠᠰᠠᠬᠤ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠬᠠᠥᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠠᠢ᠃
ᠨᠢᠭᠡ᠎ᠳᠤ᠂ ᠬᠠᠷᠢᠭᠤᠴᠠᠯᠭ᠎ᠠ ᠵᠢ ᠴᠢᠩᠭ᠋ᠠᠳᠬᠠᠨ ᠪᠣᠳᠠᠲᠠᠶ᠋ᠢᠵᠢᠭᠤᠯᠵᠤ᠂ ᠬᠠᠥᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ ᠵᠢ ᠪᠦᠲᠦᠮᠵᠢᠲᠡᠶ ᠨᠠᠶ᠋ᠢᠳᠠᠪᠤᠷᠢᠵᠢᠭᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠬᠠᠥᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠢᠮᠠᠭᠲᠠ ᠴᠢᠬᠤᠯᠠ ᠪᠠᠶ᠋ᠢᠷᠢᠨ᠎ᠳᠤ ᠲᠠᠯᠪᠢᠵᠤ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠬᠠᠥᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠴᠢᠬᠤᠯᠠ ᠠᠵᠢᠯ᠎ᠢ ᠪᠡᠶ᠎ᠡ᠎ᠪᠠᠷ ᠵᠶ᠋ᠠᠨ ᠪᠠᠶ᠋ᠢᠷᠢᠯᠠᠭᠤᠯᠵᠤ᠂ ᠴᠢᠬᠤᠯᠠ ᠶᠡᠬᠡ ᠠᠰᠠᠭᠤᠳᠠᠯ᠎ᠢ ᠪᠡᠶ᠎ᠡ᠎ᠪᠠᠷ ᠵᠶ᠋ᠠᠨ ᠠᠰᠠᠭᠤᠵᠤ᠂ ᠭᠣᠣᠯᠳᠠᠯᠭ᠎ᠠ᠎ᠲᠠᠢ ᠭᠣᠭᠴᠣᠭ᠎ᠠ ᠵᠢ ᠪᠡᠶ᠎ᠡ᠎ᠪᠠᠷ ᠵᠶ᠋ᠠᠨ ᠵᠣᠬᠢᠴᠠᠭᠤᠯᠵᠤ᠂ ᠴᠢᠬᠤᠯᠠ ᠡᠭᠦᠷᠭᠡ ᠵᠢ ᠪᠡᠶ᠎ᠡ᠎ᠪᠠᠷ ᠵᠶ᠋ᠠᠨ ᠬᠢᠨᠠᠨ ᠭᠦᠢ᠍ᠴᠡᠳᠬᠡᠵᠦ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠬᠤᠷᠠᠯᠳᠤᠭᠤᠯᠵᠤ ᠬᠠᠥᠯᠢ᠎ᠪᠠᠷ ᠵᠠᠰᠠᠬᠤ ᠪᠠᠶ᠋ᠢᠭᠤᠯᠤᠯᠲᠠ ᠵᠢᠨ ᠠᠵᠢᠯ᠎ᠢ ᠲᠤᠰᠬᠠᠢ ᠰᠡᠳᠦᠪ ᠵᠶ᠋ᠠᠷ ᠰᠤᠳᠤᠯᠤᠨ ᠪᠠᠶ᠋ᠢᠷᠢᠯᠠᠭᠤᠯᠵᠤ᠂ ᠣᠨ᠎ᠤ ᠬᠠᠥᠯᠢ᠎ᠪᠠᠷ ᠵᠠᠰᠠᠬᠤ ᠠᠵᠢᠯ᠎ᠤᠨ ᠡᠭᠦᠷᠭᠡ᠂ ᠬᠠᠷᠢᠭᠤᠴᠠᠯᠭ᠎ᠠ ᠵᠢᠨ ᠭᠠᠵᠠᠷ ᠲᠠᠰᠤᠭ ᠪᠣᠯᠤᠨ ᠬᠠᠷᠠᠯᠲᠠ ᠴᠠᠭ᠎ᠤᠨ ᠬᠢᠵᠠᠭ᠋ᠠᠷ᠎ᠢ ᠲᠣᠳᠣᠷᠬᠠᠶ᠋ᠢᠯᠠᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠬᠠᠥᠯᠢ᠎ᠪᠠᠷ ᠵᠠᠰᠠᠬᠤ ᠪᠠᠶ᠋ᠢᠭᠤᠯᠤᠯᠲᠠ ᠵᠢᠨ ᠴᠢᠬᠤᠯᠠ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠯ᠎ᠡ ᠵᠦᠢ᠍ᠯ᠎ᠤᠨ ᠠᠵᠢᠯ᠎ᠢ ᠬᠠᠥᠯᠢ᠎ᠪᠠᠷ ᠵᠠᠰᠠᠬᠤ ᠵᠠᠮ᠎ᠳᠤ ᠦᠨᠡᠨ ᠬᠦ᠌ ᠣᠷᠣᠭᠤᠯᠪᠠ᠃
ᠬᠣᠶᠠᠷ᠎ᠲᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠲᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠵᠤ ᠬᠠᠤᠯᠢ᠎ᠪᠠᠷ ᠵᠠᠰᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠣᠨ᠎ᠤ ᠬᠠᠤᠯᠢ ᠲᠣᠭᠲᠠᠭ᠋ᠠᠬᠤ ᠲᠥᠯᠥᠪᠯᠡᠭᠡ ᠵᠢ ᠢᠳᠡᠪᠬᠢᠲᠡᠢ ᠨᠠᠶ᠋ᠢᠳᠠᠪᠤᠷᠢᠵᠢᠭᠤᠯᠵᠤ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠤᠷᠢᠶ᠎ᠡ᠎ᠲᠠᠢ ᠬᠠᠮᠵᠢᠯᠴᠠᠨ ᠲᠠᠪᠤᠨ ᠵᠢᠯ᠎ᠤᠨ ᠬᠠᠤᠯᠢ ᠲᠣᠭᠲᠠᠭ᠋ᠠᠬᠤ ᠲᠥᠯᠥᠪᠵᠢᠭᠦᠯᠭᠡ ᠪᠠ ᠡᠯ᠎ᠡ ᠣᠨ᠎ᠤ ᠬᠠᠤᠯᠢ ᠲᠣᠭᠲᠠᠭ᠋ᠠᠬᠤ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠪᠡᠶᠡᠯᠡᠭᠦᠯᠦᠨ᠎ᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ〉 ᠵᠢ ᠬᠡᠷᠡᠭᠵᠢᠭᠦᠯᠬᠦ ᠠᠷᠭ᠎ᠠ》᠎ᠳᠤ ᠵᠠᠰᠠᠪᠤᠷᠢ ᠣᠷᠣᠭᠤᠯᠬᠤ ᠪᠠ ᠨᠡᠶ᠋ᠢᠲᠡᠯᠡᠨ ᠬᠡᠷᠡᠭᠵᠢᠭᠦᠯᠵᠦ᠂ ᠭᠠᠵᠠᠷ ᠰᠢᠷᠣᠶ ᠵᠢᠨ ᠬᠠᠮᠢᠶᠠᠷᠤᠯᠲᠠ ᠵᠢ ᠴᠢᠩᠭ᠋ᠠᠳᠬᠠᠬᠤ᠂ ᠭᠠᠵᠠᠷ ᠰᠢᠷᠣᠶ ᠵᠢᠨ ᠡᠬᠢ ᠪᠠᠶᠠᠯᠢᠭ᠎ᠢ ᠬᠠᠮᠠᠭ᠋ᠠᠯᠠᠬᠤ᠂ ᠨᠡᠭᠡᠭᠡᠬᠦ ᠪᠠ ᠵᠦᠢ ᠵᠣᠬᠢᠰᠲᠠᠶ ᠠᠰᠢᠭᠯᠠᠬᠤ᠎ᠳᠤ ᠬᠠᠤᠯᠢ ᠲᠣᠭᠲᠠᠭ᠋ᠠᠬᠤ ᠪᠠᠲᠤᠯᠠᠭ᠎ᠠ ᠬᠠᠩᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ 《ᠬᠣᠶᠠᠷ ᠶᠡᠬᠡ ᠶᠠᠪᠤᠳᠠᠯ》᠎ᠢ ᠪᠡᠶᠡᠯᠡᠭᠦᠯᠬᠦ᠂ ᠶᠠᠷᠢᠯᠴᠠᠬᠤ᠎ᠳᠤ ᠣᠷᠣᠯᠴᠠᠬᠤ᠂ ᠬᠠᠷᠢᠭᠤ ᠲᠤᠰᠬᠠᠬᠤ ᠲᠠᠪᠤᠨ ᠶᠡᠬᠡ ᠡᠭᠦᠷᠭᠡ ᠵᠢᠨ ᠲᠤᠰᠬᠠᠶ ᠵᠦᠢ᠍ᠯ ᠵᠶ᠋ᠠᠷ ᠠᠬᠢᠭᠤᠯᠬᠤ ᠬᠠᠤᠯᠢ ᠵᠡᠷᠭᠡ ᠡᠯ᠎ᠡ ᠲᠥᠷᠥᠯ᠎ᠤᠨ ᠲᠥᠰᠦᠯ᠎ᠢ ᠭᠦᠢ᠍ᠴᠡᠳᠭᠡᠬᠦ᠎ᠳᠤ 28 ᠬᠤᠪᠢ ᠤᠳᠠᠭ᠎ᠠ ᠰᠠᠨᠠᠯ ᠬᠤᠷᠢᠶᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠨ ᠭᠠᠵᠠᠷ᠎ᠢ ᠠᠷᠠᠴᠢᠯᠠᠨ ᠬᠠᠮᠠᠭ᠋ᠠᠯᠠᠬᠤ ᠲᠦᠷᠢᠮ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠲᠦᠷᠢᠮ》᠎ᠤᠨ ᠬᠠᠤᠯᠢ ᠲᠣᠭᠲᠠᠭ᠋ᠠᠬᠤ ᠪᠠᠶ᠋ᠢᠴᠠᠭ᠋ᠠᠨ ᠰᠤᠳᠤᠯᠤᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠡᠷᠭᠡ ᠬᠦᠷᠢᠶᠡᠨ᠎ᠳᠠᠬᠢ ᠲᠥᠬᠥᠷ ᠲᠥᠷᠥ ᠵᠢᠨ ᠪᠣᠳᠣᠯᠭ᠎ᠠ ᠵᠢᠨ ᠪᠠᠷᠠᠭ᠋ᠠᠯᠬᠢᠯᠠᠯ᠎ᠤᠨ ᠴᠢᠨᠠᠷᠲᠠᠶ ᠰᠤᠳᠤᠯᠭ᠋ᠠᠨ᠎ᠢ ᠴᠢᠩᠭ᠋ᠠᠳᠬᠠᠪᠠ᠃ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠤᠯᠢ ᠶᠣᠰᠣᠴᠢ ᠴᠢᠨᠠᠷ ᠪᠣᠯᠤᠨ ᠭᠣᠣᠯᠴᠢ ᠥᠷᠢᠰᠥᠯᠳᠦᠭᠡᠨ᠎ᠤ ᠴᠢᠨᠠᠷ᠎ᠤᠨ 《ᠬᠣᠣᠰ ᠬᠢᠨᠠᠨ ᠪᠠᠶ᠋ᠢᠴᠠᠭ᠋ᠠᠯᠲᠠ》 ᠵᠢᠨ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ 《ᠬᠣᠣᠰ ᠬᠢᠨᠠᠨ ᠪᠠᠶ᠋ᠢᠴᠠᠭ᠋ᠠᠯᠲᠠ》 ᠵᠢ ᠥᠩᠭᠡᠷᠡᠭᠡᠭᠰᠡᠨ ᠦᠭᠡᠶ ᠪᠤᠶᠤ ᠬᠢᠨᠠᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠦᠭᠡᠶ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠴᠥᠮ ᠨᠠᠮ᠎ᠤᠨ ᠤᠳᠤᠷᠢᠳᠬᠤ ᠳᠤᠭᠤᠶ᠋ᠢᠯᠠᠩ᠎ᠳᠤ ᠳᠡᠪᠰᠢᠭᠦᠯᠦᠨ ᠬᠢᠨᠠᠨ ᠵᠥᠪᠯᠡᠭᠦᠯᠵᠦ ᠪᠣᠯᠬᠤ ᠦᠭᠡᠶ᠃ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠳᠠᠩᠰᠠᠯᠠᠭᠤᠯᠬᠤ ᠬᠠᠮᠢᠶᠠᠷᠤᠯᠲᠠ ᠵᠢ ᠴᠢᠩᠭ᠋ᠠᠳᠬᠠᠨ᠂ ᠦᠷᠭᠦᠯᠵᠢᠯᠡᠨ ᠬᠦᠴᠦᠨ᠎ᠲᠠᠢ ᠪᠠᠶ᠋ᠢᠬᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠭᠠᠷᠴᠠᠭ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠶ᠋ᠢᠭᠡᠮ᠎ᠳᠤ ᠨᠡᠶ᠋ᠢᠲᠡᠯᠡᠵᠦ᠂ ᠬᠤᠭᠤᠴᠠᠭ᠎ᠠ᠎ᠨᠢ ᠲᠤᠯᠤᠭᠰᠠᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠴᠦᠨ ᠵᠦᠢ᠍ᠯ᠎ᠤᠨ ᠪᠠᠲᠤᠯᠠᠭ᠎ᠠ ᠵᠢ ᠬᠠᠷᠰᠢᠯᠠᠭᠰᠠᠨ ᠪᠤᠶᠤ ᠠᠰᠢᠭ ᠦᠭᠡᠶ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠴᠠᠭ ᠲᠤᠬᠠᠶ᠎ᠳᠤᠨᠢ ᠢᠯᠭ᠋ᠠᠷᠠᠭᠤᠯᠤᠨ ᠬᠦᠴᠦᠨ ᠦᠭᠡᠶ ᠪᠣᠯᠭ᠋ᠠᠬᠤ ᠵᠢᠨ ᠬᠠᠮᠲᠤ ᠵᠠᠷᠯᠠᠬᠤ ᠬᠡᠷᠡᠭᠲᠡᠶ᠃
ᠭᠤᠷᠪᠠ᠎ᠳᠤ᠂ ᠬᠠᠤᠯᠢ ᠶᠣᠰᠣᠭ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠢ ᠴᠢᠩᠭ᠋ᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠪᠡ᠃ ᠬᠠᠤᠯᠢ᠎ᠪᠠᠷ ᠵᠠᠰᠠᠬᠤ ᠪᠣᠯ ᠬᠤᠳᠠᠯᠳᠤᠭ᠎ᠠ ᠡᠵᠡᠩᠨᠡᠬᠦ ᠬᠠᠮᠤᠭ᠎ᠤᠨ ᠰᠠᠢ᠍ᠢ᠍ᠨ ᠣᠷᠴᠢᠨ ᠨᠥᠬᠥᠴᠡᠯ ᠮᠥᠨ ᠭᠡᠬᠦ ᠡᠨᠡ ᠬᠦ᠌ ᠣᠶ᠋ᠢᠯᠠᠭ᠋ᠠᠭᠳᠠᠬᠤᠨ᠎ᠢ ᠨᠠᠶ᠋ᠢᠳᠠᠪᠤᠷᠢᠵᠢᠭᠤᠯᠵᠤ᠂ ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ᠎ᠳᠤ ᠬᠠᠤᠯᠢ᠎ᠪᠠᠷ ᠲᠣᠭᠲᠠᠭ᠋ᠠᠭᠰᠠᠨ ᠵᠢᠷᠤᠮ᠎ᠢ ᠴᠢᠩᠭ᠎ᠠ ᠬᠡᠷᠡᠭᠵᠢᠭᠦᠯᠦᠨ᠂ ᠴᠢᠬᠤᠯᠠ ᠶᠡᠬᠡ ᠬᠡᠷᠡᠭ ᠶᠠᠪᠤᠳᠠᠯ᠎ᠤᠨ ᠲᠤᠬᠠᠢ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ᠂ ᠴᠢᠬᠤᠯᠠ ᠺᠠᠳ᠋ᠷ᠎ᠢ ᠲᠣᠮᠢᠯᠠᠬᠤ ᠪᠠ ᠪᠠᠭᠤᠯᠭ᠋ᠠᠬᠤ᠂ ᠴᠢᠬᠤᠯᠠ ᠵᠦᠢ᠍ᠯᠡᠰ᠎ᠢ ᠲᠤᠬᠢᠷᠠᠭᠤᠯᠬᠤ᠂ ᠶᠡᠬᠡ ᠲᠣᠭ᠋ᠠᠨ᠎ᠤ ᠪᠡᠯᠡ ᠮᠥᠩᠭᠥ ᠵᠢ ᠬᠡᠷᠡᠭᠯᠡᠬᠦ 《ᠭᠤᠷᠪᠠᠨ ᠴᠢᠬᠤᠯᠠ ᠨᠢᠭᠡ ᠶᠡᠬᠡ》 ᠬᠡᠷᠡᠭ ᠶᠠᠪᠤᠳᠠᠯ᠎ᠳᠤ ᠤᠯᠠᠨ ᠨᠡᠶ᠋ᠢᠲᠡ ᠵᠢᠨ ᠣᠷᠣᠯᠴᠠᠬᠤ᠂ ᠲᠤᠰᠬᠠᠢ ᠮᠡᠷᠭᠡᠵᠢᠯᠲᠡᠨ ᠨᠤᠲᠠᠯᠠᠬᠤ᠂ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ᠂ ᠬᠠᠤᠯᠢ ᠶᠣᠰᠣᠴᠢ ᠴᠢᠨᠠᠷ᠎ᠢ ᠬᠢᠨᠠᠨ ᠪᠠᠶ᠋ᠢᠴᠠᠭ᠋ᠠᠬᠤ᠂ ᠬᠠᠮᠲᠤ᠎ᠪᠠᠷ ᠶᠠᠷᠢᠯᠴᠠᠬᠤ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠵᠢᠷᠤᠮ᠎ᠢ ᠴᠢᠩᠭ᠎ᠠ ᠭᠦᠢ᠍ᠴᠡᠳᠬᠡᠨ᠎ᠡ᠃ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠭᠠᠷᠴᠠᠭ᠎ᠢ ᠬᠠᠤᠯᠢ ᠶᠣᠰᠣᠭ᠋ᠠᠷ ᠲᠣᠭᠲᠠᠭ᠋ᠠᠬᠤ ᠵᠢᠨ ᠬᠠᠮᠲᠤ ᠨᠡᠶ᠋ᠢᠲᠡᠯᠡᠬᠦ ᠬᠡᠷᠡᠭᠲᠡᠶ᠃ 《ᠡᠭᠦᠳᠡ᠎ᠪᠠᠨ ᠨᠡᠭᠡᠭᠡᠵᠦ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ》 ᠲᠣᠭᠲᠠᠴᠠ ᠵᠢ ᠪᠦᠷᠢᠨᠰᠢᠭᠦᠯᠵᠦ᠂ ᠨᠡᠶ᠋ᠢᠲᠡ ᠣᠯᠠᠨ ᠵᠶ᠋ᠠᠷ ᠵᠶ᠋ᠠᠨ ᠣᠷᠣᠯᠴᠠᠬᠤ ᠪᠠ ᠲᠤᠰᠬᠠᠶ ᠮᠡᠷᠭᠡᠵᠢᠯᠲᠡᠨ ᠵᠶ᠋ᠠᠷ ᠨᠤᠲᠠᠯᠠᠭᠤᠯᠬᠤ ᠡᠷᠴᠢᠮ᠎ᠢ ᠨᠡᠮᠡᠭᠳᠡᠭᠦᠯᠦᠨ᠎ᠡ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ 《ᠬᠣᠶᠠᠷ᠎ᠢ ᠰᠤᠭᠤᠴᠢᠵᠤ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠪᠠ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠵᠢ ᠴᠢᠩᠭ᠋ᠠᠳᠬᠠᠨ᠎ᠠ᠃ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ ᠠᠬᠢᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠳᠠᠬᠢ 《ᠦᠨᠡᠮᠯᠡᠯ᠎ᠢ ᠬᠠᠰᠤᠵᠤ ᠠᠷᠠᠳ᠎ᠲᠤ ᠲᠥᠬᠥᠮ ᠦᠵᠡᠭᠦᠯᠬᠦ》᠂ ᠭᠡᠷᠡᠴᠢᠯᠡᠬᠦ ᠵᠦᠢ᠍ᠯᠡᠰ ᠪᠠ ᠠᠵᠤ ᠠᠬᠤᠶ᠋ᠢᠯᠠᠯ᠎ᠤᠨ ᠡᠵᠡᠩᠨᠡᠯᠲᠡ᠎ᠳᠤ ᠬᠣᠯᠪᠣᠭᠳᠠᠬᠤ ᠵᠥᠪᠰᠢᠶᠡᠷᠡᠯ᠎ᠤᠨ ᠵᠦᠢ᠍ᠯᠡᠰ᠎ᠢ ᠮᠡᠳᠡᠭᠳᠡᠬᠦ ᠠᠮᠠᠯᠠᠯᠲᠠ ᠵᠢᠨ ᠲᠦᠷᠢᠮ᠎ᠢ ᠦᠷᠭᠦᠯᠵᠢᠯᠡᠨ ᠥᠷᠨᠢᠭᠦᠯᠦᠨ᠎ᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ᠎ᠳᠤ ᠲᠦᠰᠢᠭᠯᠡᠨ᠂ 《ᠨᠢᠭᠡ ᠤᠴᠢᠷ᠎ᠢ ᠨᠢᠭᠡ ᠯᠡ ᠤᠳᠠᠭ᠎ᠠ᠎ᠳᠤ ᠭᠦᠢ᠍ᠴᠡᠳᠭᠡᠬᠦ》 ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠲᠠᠰᠤᠷᠠᠯᠲᠠ ᠥᠬᠡᠶ ᠭᠦᠨᠵᠡᠭᠡᠶ᠋ᠢᠷᠡᠭᠦᠯᠵᠦ᠂ ᠠᠵᠤ ᠠᠬᠤᠶ᠋ᠢᠯᠠᠯ᠎ᠳᠤ ᠬᠣᠯᠪᠣᠭᠳᠠᠭᠰᠠᠨ ᠠᠷᠠᠳ᠎ᠲᠤ ᠲᠥᠬᠥᠮ ᠦᠵᠡᠭᠦᠯᠬᠦ ᠵᠦᠢ᠍ᠯᠡᠰ᠎ᠢ ᠪᠥᠬᠥ ᠣᠷᠣᠨ᠎ᠤ ᠨᠢᠭᠡ ᠴᠣᠭᠴᠠᠵᠢᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠳᠤ ᠪᠥᠬᠥ ᠶᠠᠪᠤᠴᠠ᠎ᠪᠠᠷ ᠰᠦᠯᠵᠢᠶ᠎ᠡ᠎ᠪᠠᠷ ᠭᠦᠢ᠍ᠴᠡᠳᠭᠡᠬᠦ ᠵᠢ ᠠᠬᠢᠭᠤᠯᠤᠨ᠎ᠠ᠃ 《ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠳᠦᠷᠢᠮ》᠎ᠢ ᠭᠦᠨᠵᠡᠭᠡᠢ ᠬᠡᠷᠡᠭᠵᠢᠭᠦᠯᠵᠦ᠂ ᠡᠯ᠎ᠡ ᠲᠦᠷᠦᠯ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠥᠮᠴᠢᠯᠡᠯ᠎ᠤᠨ ᠡᠷᠬᠡ᠂ ᠪᠡᠶ᠎ᠡ᠎ᠪᠠᠨ ᠳᠠᠭ᠋ᠠᠭ᠋ᠠᠵᠤ ᠡᠵᠡᠩᠨᠡᠬᠦ ᠡᠷᠬᠡ ᠪᠣᠯᠤᠨ ᠪᠤᠰᠤᠳ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠡᠷᠬᠡ ᠲᠡᠭᠰᠢ᠎ᠪᠠᠷ ᠬᠠᠮᠠᠭ᠋ᠠᠯᠠᠵᠤ᠂ ᠡᠷᠬᠡ ᠲᠡᠭᠰᠢ ᠥᠷᠢᠰᠥᠯᠳᠦᠭᠡᠨ᠎ᠢ ᠬᠢᠨᠠᠨ ᠪᠠᠶ᠋ᠢᠴᠠᠭ᠋ᠠᠵᠤ ᠬᠢᠨᠠᠨ ᠬᠠᠷᠭᠤᠭᠤᠯᠬᠤ ᠪᠣᠭᠣᠮᠲᠠ ᠵᠢ ᠰᠠᠬᠢᠬᠤ ᠵᠢ ᠴᠢᠩᠭ᠋ᠠᠳᠬᠠᠵᠤ᠂ ᠨᠢᠭᠡᠳᠦᠯᠲᠡᠢ ᠵᠠᠬ᠎ᠠ ᠳᠡᠯᠭᠡᠭᠦᠷ ᠪᠣᠯᠤᠨ ᠡᠷᠬᠡ ᠲᠡᠭᠰᠢ ᠥᠷᠢᠰᠥᠯᠳᠦᠭᠡᠨ᠎ᠢ ᠬᠠᠷᠰᠢᠯᠠᠬᠤ ᠲᠣᠭᠲᠠᠭ᠋ᠠᠯ ᠪᠣᠯᠤᠨ ᠬᠢᠳᠡᠯ᠎ᠢ ᠪᠦᠬᠦ ᠲᠠᠯ᠎ᠠ᠎ᠪᠠᠷ ᠴᠡᠪᠡᠷᠯᠡᠨ ᠬᠦᠴᠦᠨ ᠦᠭᠡᠢ ᠪᠣᠯᠭ᠋ᠠᠵᠤ᠂ ᠭᠡᠷ᠎ᠡ᠎ᠪᠠᠨ ᠭᠦᠢ᠍ᠴᠡᠳᠬᠡᠬᠦ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠢᠳᠡᠪᠬᠢᠲᠡᠢ ᠬᠠᠮᠠᠭ᠋ᠠᠯᠠᠨ᠎ᠠ᠃
ᠲᠦᠷᠪᠡ᠎ᠳᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠴᠢᠩᠭ᠋ᠠᠳᠬᠠᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠡᠳᠦᠷ ᠢᠷᠡᠬᠦᠶ᠎ᠡ ᠴᠢᠩᠭ᠎ᠠ ᠵᠢᠷᠤᠮᠵᠢᠭᠤᠯᠵᠤ᠂ ᠲᠥᠪ ᠭᠣᠣᠯᠴᠢ ᠪᠣᠯᠪᠠᠰᠤᠨ ᠪᠣᠯᠭ᠋ᠠᠪᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠢᠯᠡ ᠨᠡᠶ᠋ᠢᠲᠡᠯᠡᠬᠦ ᠲᠦᠷᠢᠮ᠂ ᠬᠠᠤᠯᠢ ᠬᠡᠷᠡᠭᠵᠢᠭᠦᠯᠬᠦ ᠪᠥᠬᠥ ᠶᠠᠪᠤᠴᠠ ᠵᠢ ᠲᠡᠮᠳᠡᠭᠯᠡᠬᠦ ᠲᠦᠷᠢᠮ᠂ ᠬᠠᠤᠯᠢ ᠬᠡᠷᠡᠭᠵᠢᠭᠦᠯᠬᠦ ᠴᠢᠬᠤᠯᠠ ᠶᠡᠬᠡ ᠲᠣᠭᠲᠠᠭ᠋ᠠᠯ᠎ᠤᠨ ᠬᠠᠤᠯᠢ ᠲᠦᠷᠢᠮ᠎ᠤᠨ ᠬᠢᠨᠠᠨ ᠬᠠᠷᠭᠤᠭᠤᠯᠬᠤ ᠲᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠦᠨ᠎ᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠬᠡᠷᠡᠭᠯᠡᠬᠦ ᠲᠦᠷᠢᠮ》᠎ᠢ ᠲᠣᠭᠲᠠᠭ᠋ᠠᠨ ᠨᠡᠶ᠋ᠢᠲᠡᠯᠡᠵᠦ᠂ ᠭᠠᠵᠠᠷ ᠰᠢᠷᠣᠶ᠂ ᠭᠠᠵᠠᠷ ᠰᠢᠨᠵᠢᠯᠡᠭᠡᠨ ᠠᠭᠤᠷᠬᠠᠶ ᠵᠢᠨ ᠭᠠᠷᠤᠯᠲᠠ᠂ ᠭᠠᠵᠠᠷ ᠵᠦᠶ ᠵᠢ ᠬᠡᠮᠵᠢᠨ ᠵᠢᠷᠤᠭᠰᠠᠨ ᠮᠡᠳᠡᠭᠡ ᠵᠠᠩᠭᠢ᠂ ᠲᠥᠯᠥᠪᠵᠢᠭᠦᠯᠦᠭᠰᠡᠨ 4 ᠲᠥᠷᠥᠯ ᠬᠡᠯᠪᠡᠷᠢ ᠵᠢᠨ 59 ᠵᠦᠢ᠍ᠯ᠎ᠤᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠵᠦᠢ᠍ᠯᠡᠰ᠎ᠤᠨ ᠰᠢᠢ᠍ᠳᠭᠡᠯ ᠲᠣᠷᠭ᠋ᠠᠭᠤᠯᠢ ᠵᠢᠨ ᠲᠠᠰᠤᠯᠤᠯᠲᠠ ᠵᠢᠨ ᠪᠠᠷᠢᠮᠵᠢᠶ᠎ᠠ ᠵᠢ ᠲᠣᠳᠣᠷᠬᠠᠶ᠋ᠢᠯᠠᠪᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ ᠪᠣᠯᠤᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ 《ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠤᠯᠢ ᠬᠡᠷᠡᠭᠵᠢᠭᠦᠯᠬᠦ ᠠᠵᠢᠯᠲᠠᠨ᠎ᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ 〈ᠠᠷᠪᠠᠨ ᠡᠷᠬᠡᠪᠰᠢ〉》 ᠵᠢᠨ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠰᠤᠳᠤᠯᠤᠨ ᠲᠣᠭᠲᠠᠭ᠋ᠠᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠬᠤ ᠬᠡᠷᠡᠭᠲᠡᠶ᠃ ᠬᠠᠤᠯᠢ ᠵᠢ ᠵᠥᠷᠢᠴᠡᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ᠂ ᠦᠨᠡᠮᠯᠡᠯ ᠦᠭᠡᠢ᠎ᠪᠠᠷ ᠨᠡᠭᠡᠭᠡᠨ ᠮᠠᠯᠲᠠᠬᠤ᠂ ᠵᠠᠭ᠋ᠠᠭ᠎ᠢ ᠳᠠᠪᠠᠵᠤ ᠨᠡᠭᠡᠭᠡᠨ ᠮᠠᠯᠲᠠᠬᠤ ᠵᠡᠷᠭᠡ ᠤᠯᠠᠨ ᠲᠦᠮᠡᠨ᠎ᠤ ᠲᠤᠰᠬᠠᠯ ᠶᠡᠬᠡᠲᠡᠢ ᠪᠠᠶ᠋ᠢᠬᠤ ᠪᠠ ᠭᠣᠣᠯᠳᠠᠯᠭ᠎ᠠ᠎ᠲᠠᠢ ᠬᠦᠷᠢᠶᠡᠨ᠎ᠤ ᠲᠤᠪᠤᠢ᠍ᠢ᠍ᠮ᠎ᠠ ᠠᠰᠠᠭᠤᠳᠠᠯ᠎ᠢ ᠲᠤᠰᠬᠠᠢ ᠴᠡᠭᠴᠡᠯᠡᠨ ᠵᠠᠰᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠬᠠᠤᠯᠢ ᠵᠢ ᠵᠥᠷᠢᠴᠡᠭᠰᠡᠨ ᠬᠦᠨᠳᠦ ᠶᠡᠬᠡ ᠨᠡᠶ᠋ᠢᠲᠡᠯᠢᠭ ᠬᠡᠷᠡᠭ᠎ᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠷᠡᠭᠦᠦ ᠰᠢᠢ᠍ᠳᠭᠡᠯ᠎ᠢ ᠵᠣᠯᠭ᠋ᠠᠯᠳᠤᠭᠤᠯᠬᠤ ᠵᠢ ᠴᠢᠩᠭ᠋ᠠᠳᠬᠠᠵᠤ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠲᠠᠢ ᠬᠠᠮᠲᠤᠷᠠᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠳᠠᠬᠢ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠲᠤᠰᠬᠠᠢ ᠰᠡᠳᠦᠪᠲᠦ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠳᠠᠬᠢ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠵᠢᠨ ᠪᠠᠶ᠋ᠢᠳᠠᠯ ᠪᠠ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠤᠯᠢ ᠵᠢ ᠵᠥᠷᠢᠴᠡᠭᠰᠡᠨ 9 ᠨᠡᠶ᠋ᠢᠲᠡᠯᠢᠭ ᠬᠡᠷᠡᠭ᠎ᠢ ᠨᠡᠶ᠋ᠢᠭᠡᠮ ᠨᠡᠶ᠋ᠢᠲᠡ᠎ᠳᠤ ᠢᠯᠡ᠎ᠪᠠᠷ ᠵᠠᠷᠯᠠᠨ ᠮᠡᠳᠡᠭᠳᠡᠵᠦ᠂ 《ᠤᠷᠳᠤ ᠰᠢᠳᠤ》 ᠬᠠᠲᠠᠭᠤ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠪᠠᠶ᠋ᠢᠭ᠋ᠠᠯᠢ ᠵᠢᠨ ᠡᠬᠢ ᠪᠠᠶᠠᠯᠢᠭ᠎ᠢ ᠬᠠᠮᠠᠭ᠋ᠠᠯᠠᠨ᠂ ᠰᠦᠷᠳᠡᠭᠦᠯᠬᠦ ᠦᠢ᠍ᠯᠡᠳᠦᠯ᠎ᠢ ᠴᠢᠩᠭ᠋ᠠᠷᠠᠭᠤᠯᠪᠠ᠃ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠤᠬᠠᠶ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠴᠢᠭᠯᠡᠯᠲᠡ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ᠂ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠬᠢᠬᠦ ᠪᠠ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠᠶ᠋ᠢᠭ᠋ᠠᠯᠢ ᠵᠢᠨ ᠡᠬᠢ ᠪᠠᠶᠠᠯᠢᠭ᠎ᠢ ᠬᠢᠨᠠᠨ ᠪᠠᠶ᠋ᠢᠴᠠᠭ᠋ᠠᠬᠤ ᠵᠢ ᠬᠡᠷᠡᠭᠵᠢᠭᠦᠯᠬᠦ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠢ ᠬᠠᠤᠯᠢ ᠶᠣᠰᠣᠭ᠋ᠠᠷ ᠬᠠᠮᠠᠭ᠋ᠠᠯᠠᠬᠤ ᠪᠠ ᠠᠷᠪᠢᠲᠠᠶ ᠡᠷᠴᠢᠮᠯᠢᠭ ᠠᠰᠢᠭᠯᠠᠬᠤ ᠬᠢᠷᠢ ᠬᠡᠮᠵᠢᠶ᠎ᠡ ᠵᠢ ᠠᠬᠢᠭᠤᠯᠬᠤ ᠵᠢ ᠠᠬᠢᠭᠤᠯᠤᠨ᠎ᠠ᠃
ᠲᠠᠪᠤ᠎ᠳᠤ᠂ ᠲᠠᠬᠢᠨ ᠵᠥᠪᠯᠡᠵᠦ ᠵᠠᠷᠭᠤ ᠬᠦᠯᠢᠶᠡᠬᠦ ᠵᠢ ᠴᠢᠩᠭ᠋ᠠᠳᠬᠠᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠮᠠᠷᠭᠤᠯᠳᠤᠭ᠋ᠠᠨ᠎ᠢ ᠦᠨᠡᠨ ᠪᠣᠳᠠᠲᠠᠢ᠎ᠪᠠᠷ ᠰᠢᠢ᠍ᠳᠪᠦᠷᠢᠯᠡᠪᠡ᠃ ᠵᠠᠷᠭᠤ ᠵᠢᠨ ᠡᠬᠢ ᠰᠤᠷᠪᠤᠯᠵᠢ ᠵᠢᠨ ᠵᠠᠰᠠᠯᠲᠠ ᠵᠢ ᠴᠢᠩᠭ᠋ᠠᠳᠬᠠᠵᠤ᠂ ᠡᠶᠡᠳᠡᠭᠦᠯᠬᠦ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠨ᠂ ᠵᠠᠰᠠᠭ ᠵᠠᠬᠢᠷᠭ᠋ᠠᠨ᠎ᠤ ᠲᠠᠰᠤᠯᠤᠯᠲᠠ ᠬᠢᠬᠦ᠂ ᠬᠠᠤᠯᠢ ᠴᠠᠭ᠋ᠠᠵᠠ ᠵᠢᠨ ᠡᠶᠡᠳᠡᠭᠦᠯᠭᠡ ᠬᠢᠬᠦ᠂ ᠵᠠᠰᠠᠭ ᠵᠠᠬᠢᠷᠭ᠋ᠠᠨ᠎ᠤ ᠡᠶᠡᠳᠡᠭᠦᠯᠭᠡ ᠬᠢᠬᠦ᠂ ᠵᠠᠬᠢᠳᠠᠯ ᠰᠤᠷᠪᠤᠯᠵᠢᠯᠠᠭ᠎ᠠ ᠵᠢ ᠡᠶᠡᠳᠡᠭᠦᠯᠬᠦ ᠵᠡᠷᠭᠡ ᠮᠠᠷᠭᠤᠯᠳᠤᠭ᠋ᠠᠨ᠎ᠢ ᠰᠢᠢ᠍ᠳᠪᠦᠷᠢᠯᠡᠬᠦ ᠣᠯᠠᠨ ᠡᠰᠢᠴᠢᠯᠡᠭᠰᠡᠨ ᠲᠣᠭᠲᠠᠴᠠ ᠵᠢ ᠬᠡᠷᠡᠭᠵᠢᠭᠦᠯᠵᠦ᠂ ᠲᠤᠬᠠᠢ ᠵᠢᠨ ᠭᠠᠵᠠᠷ᠎ᠲᠤᠨᠢ ᠣᠴᠢᠵᠤ ᠰᠤᠷᠪᠤᠯᠵᠢᠯᠠᠬᠤ᠂ ᠬᠡᠷᠡᠭ᠎ᠢ ᠬᠢᠨᠠᠨ ᠪᠠᠶ᠋ᠢᠴᠠᠭ᠋ᠠᠬᠤ ᠬᠤᠷᠠᠯ ᠬᠤᠷᠠᠯᠳᠤᠭᠤᠯᠬᠤ᠂ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠷᠬᠡ ᠵᠢᠨ ᠬᠠᠷᠢᠶᠠᠯᠠᠯ᠎ᠤᠨ ᠮᠠᠷᠭᠤᠯᠳᠤᠭ᠋ᠠᠨ᠂ ᠲᠠᠲᠠᠪᠤᠷᠢᠯᠠᠬᠤ ᠨᠥᠬᠥᠪᠥᠷᠢᠯᠡᠬᠦ ᠵᠡᠷᠭᠡ ᠭᠣᠣᠯᠳᠠᠯᠭ᠎ᠠ᠎ᠲᠠᠢ ᠬᠦᠷᠢᠶᠡᠨ᠎ᠤ ᠵᠢᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠬᠦ ᠠᠵᠢᠯ᠎ᠢ ᠴᠢᠩᠭ᠋ᠠᠳᠬᠠᠪᠠ᠃ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠ ᠵᠠᠰᠠᠭ ᠵᠠᠬᠢᠷᠭ᠋ᠠᠨ᠎ᠤ ᠵᠠᠷᠭᠤ᠎ᠳᠤ ᠬᠠᠤᠯᠢ ᠶᠣᠰᠣᠭ᠋ᠠᠷ ᠣᠷᠣᠯᠴᠠᠵᠤ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠬᠠᠷᠢᠭᠤᠴᠠᠯᠭ᠋ᠠᠲᠠᠨ᠎ᠤ ᠰᠢᠭᠦᠯᠲᠡ᠎ᠳᠤ ᠣᠷᠣᠯᠴᠠᠨ ᠵᠠᠷᠭᠤ ᠬᠦᠯᠢᠶᠡᠬᠦ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠬᠠᠤᠯᠢ ᠴᠠᠭ᠋ᠠᠵᠠ ᠵᠢᠨ ᠵᠥᠪᠯᠡᠭᠴᠢ ᠵᠢᠨ ᠳᠦᠷᠢᠮ᠎ᠢ ᠨᠠᠶ᠋ᠢᠳᠠᠪᠤᠷᠢᠵᠢᠭᠤᠯᠤᠨ᠂ ᠠᠷᠠᠳ᠎ᠤᠨ ᠰᠢᠭᠦᠬᠦ ᠬᠣᠷᠢᠶ᠎ᠠ ᠪᠠ ᠳᠠᠬᠢᠨ ᠵᠥᠪᠯᠡᠬᠦ ᠪᠠᠶ᠋ᠢᠭᠤᠯᠭ᠎ᠠ ᠵᠢᠨ ᠵᠠᠰᠠᠭ ᠵᠠᠬᠢᠷᠭ᠋ᠠᠨ᠎ᠤ ᠬᠡᠷᠡᠭ᠎ᠢ ᠬᠠᠤᠯᠢ ᠶᠣᠰᠣᠭ᠋ᠠᠷ ᠬᠦᠯᠢᠶᠡᠨ ᠠᠪᠴᠤ ᠰᠢᠢ᠍ᠳᠪᠦᠷᠢᠯᠡᠬᠦ ᠪᠠ ᠰᠢᠭᠦᠬᠦ ᠵᠢ ᠢᠳᠡᠪᠬᠢᠲᠡᠢ ᠳᠠᠮᠵᠢᠵᠤ᠂ ᠬᠦᠴᠦᠨ᠎ᠲᠠᠢ ᠪᠣᠯᠤᠭᠰᠠᠨ ᠲᠠᠰᠤᠯᠤᠨ ᠲᠣᠭᠲᠠᠭ᠋ᠠᠯᠲᠠ ᠪᠠ ᠳᠠᠬᠢᠨ ᠵᠥᠪᠯᠡᠭᠰᠡᠨ ᠲᠣᠭᠲᠠᠭ᠋ᠠᠯ᠎ᠢ ᠬᠠᠤᠯᠢ ᠶᠣᠰᠣᠭ᠋ᠠᠷ ᠭᠦᠢ᠍ᠴᠡᠳᠬᠡᠵᠦ᠂ ᠪᠠᠶ᠋ᠢᠴᠠᠭ᠋ᠠᠬᠤ ᠬᠣᠷᠢᠶ᠎ᠠ ᠵᠢᠨ ᠵᠠᠰᠠᠭ ᠵᠠᠬᠢᠷᠭ᠋ᠠᠨ᠎ᠤ ᠵᠠᠷᠭᠤ᠎ᠳᠤ ᠬᠢᠨᠠᠯᠲᠠ ᠲᠠᠯᠪᠢᠬᠤ ᠠᠵᠢᠯ ᠥᠷᠨᠢᠭᠦᠯᠬᠦ ᠵᠢ ᠳᠠᠮᠵᠢᠨ᠎ᠠ᠃ 《ᠵᠠᠬᠢᠳᠠᠯ ᠰᠤᠷᠪᠤᠯᠵᠢᠯᠠᠯ᠎ᠤᠨ ᠠᠵᠢᠯ᠎ᠤᠨ ᠳᠦᠷᠢᠮ》᠎ᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠣᠯᠠᠨ ᠲᠦᠮᠡᠨ᠎ᠤ ᠵᠠᠬᠢᠳᠠᠯ ᠰᠤᠷᠪᠤᠯᠵᠢᠯᠠᠯ ᠪᠣᠯᠤᠨ ᠳᠡᠭᠡᠳᠦ ᠱᠠᠲᠤᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠠᠴᠠ ᠬᠡᠷᠡᠭ ᠰᠢᠯᠵᠢᠭᠦᠯᠦᠨ ᠰᠢᠢ᠍ᠳᠪᠦᠷᠢᠡᠯᠬᠦ ᠵᠢ ᠬᠠᠤᠯᠢ ᠶᠣᠰᠣᠭ᠋ᠠᠷ ᠴᠠᠭ ᠲᠤᠬᠠᠶ᠎ᠳᠤᠨᠢ ᠰᠢᠢ᠍ᠳᠪᠦᠷᠢᠯᠡᠵᠦ᠂ ᠠᠷᠠᠳ ᠣᠯᠠᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨᠬᠦ ᠬᠠᠮᠠᠭ᠋ᠠᠯᠠᠵᠤ᠂ ᠨᠡᠶ᠋ᠢᠭᠡᠮ᠎ᠤᠨ ᠲᠣᠭᠲᠠᠭᠤᠨ᠎ᠢ ᠪᠠᠲᠤᠯᠠᠬᠤ ᠬᠡᠷᠡᠭᠲᠡᠶ᠃
ᠬᠥᠲᠥᠯᠥᠭᠴᠢ᠄ ᠲᠠᠷᠠᠭ᠋ᠠᠴᠢ ᠵᠢᠨ ᠠᠯᠬᠤᠮ᠎ᠳᠤ ᠬᠡᠷᠬᠢᠨ ᠡᠭᠦᠷᠭᠡᠯᠡᠯ ᠵᠶ᠋ᠠᠨ ᠴᠢᠩᠭ᠋ᠠᠳᠬᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠵᠦ᠂ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠲᠦᠷᠢᠮ᠎ᠢ ᠬᠠᠤᠯᠢ ᠶᠣᠰᠣᠭ᠋ᠠᠷ ᠪᠥᠬᠥ ᠲᠠᠯ᠎ᠠ᠎ᠪᠠᠷ ᠨᠠᠶ᠋ᠢᠳᠠᠪᠤᠷᠢᠵᠢᠭᠤᠯᠬᠤ ᠪᠣᠶ?
ᠵᠤᠤ ᠹᠠᠩ᠄ ᠳᠠᠷᠠᠭ᠎ᠠ ᠠᠯᠬᠤᠮ᠎ᠳᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠬᠠᠥᠯᠢ᠎ᠪᠠᠷ ᠵᠠᠰᠠᠬᠤ ᠪᠠᠶ᠋ᠢᠭᠤᠯᠤᠯᠲᠠ ᠵᠢᠨ ᠲᠤᠬᠠᠶ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠤᠨ ᠲᠣᠭᠣᠷᠢᠨ᠎ᠳᠤ᠂ 《ᠭᠤᠷᠪᠠᠨ ᠣᠶ᠋ᠢᠯᠠᠭ᠋ᠠᠯᠲᠠ》 ᠵᠢ ᠪᠥᠬᠥ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠨᠠᠢ᠍ᠮᠠᠨ ᠰᠠᠷ᠎ᠠ ᠵᠢᠨ ᠲᠠᠪᠤᠨ᠎ᠤ ᠡᠳᠦᠷ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠵᠢᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠨᠠᠢ᠌ᠳᠠᠪᠤᠷᠢᠵᠢᠭᠤᠯᠵᠤ᠂ ᠬᠠᠤᠯᠢ ᠲᠦᠭᠡᠮᠡᠯᠵᠢᠭᠦᠯᠬᠦ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠤᠯᠠᠮ ᠴᠢᠨᠠᠭᠰᠢᠳᠠ ᠪᠣᠳᠠᠲᠠᠶ᠋ᠢᠵᠢᠭᠤᠯᠵᠤ᠂ ᠬᠠᠥᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠲᠣᠭᠲᠠᠴᠠ ᠵᠢ ᠤᠯᠠᠮ ᠴᠢᠨᠠᠭᠰᠢᠳᠠ ᠪᠦᠷᠢᠨᠰᠢᠭᠦᠯᠵᠦ᠂ ᠬᠠᠥᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠠᠷᠭ᠎ᠠ ᠵᠢᠨ ᠰᠢᠨ᠎ᠡ ᠵᠢ ᠡᠭᠦᠳᠴᠦ᠂ ᠪᠦᠬᠦ ᠨᠡᠶ᠋ᠢᠭᠡᠮ᠎ᠤᠨ ᠬᠠᠤᠯᠢ ᠵᠢ ᠬᠦᠨᠳᠦᠳᠬᠡᠬᠦ ᠬᠠᠤᠯᠢ ᠵᠢ ᠰᠤᠷᠬᠤ ᠬᠠᠤᠯᠢ ᠵᠢ ᠰᠠᠬᠢᠬᠤ ᠬᠠᠤᠯᠢ ᠵᠢ ᠬᠡᠷᠡᠭᠯᠡᠬᠦ ᠤᠬᠠᠮᠰᠠᠷᠲᠤ ᠴᠢᠨᠠᠷ ᠪᠠ ᠰᠠᠨᠠᠭ᠋ᠠᠴᠢᠯᠠᠭ᠋ᠠᠲᠤ ᠴᠢᠨᠠᠷ᠎ᠢ ᠲᠠᠰᠤᠷᠠᠯᠲᠠ ᠦᠭᠡᠢ ᠴᠢᠩᠭ᠋ᠠᠳᠬᠠᠵᠤ᠂ ᠪᠦᠬᠦ ᠨᠡᠶ᠋ᠢᠭᠡᠮ ᠵᠶ᠋ᠠᠷ ᠵᠶ᠋ᠠᠨ ᠬᠠᠤᠯᠢ ᠶᠣᠰᠣᠭ᠋ᠠᠷ ᠠᠵᠢᠯᠯᠠᠬᠤ᠂ ᠤᠴᠢᠷ ᠶᠠᠪᠤᠳᠠᠯ ᠲᠤᠯᠭ᠋ᠠᠷᠠᠪᠠᠯ ᠬᠠᠤᠯᠢ ᠵᠢ ᠡᠷᠢᠬᠦ᠂ ᠠᠰᠠᠭᠤᠳᠠᠯ᠎ᠢ ᠰᠢᠢ᠍ᠳᠪᠦᠷᠢᠯᠡᠬᠦ᠎ᠳᠤ ᠬᠠᠤᠯᠢ ᠵᠢ ᠬᠡᠷᠡᠭᠯᠡᠬᠦ᠂ ᠵᠥᠷᠢᠴᠡᠯ᠎ᠢ ᠠᠷᠢᠯᠭ᠋ᠠᠬᠤ᠎ᠳᠤ ᠬᠠᠤᠯᠢ᠎ᠳᠤ ᠲᠦᠰᠢᠭᠯᠡᠬᠦ ᠬᠠᠥᠯᠢ᠎ᠪᠠᠷ ᠵᠠᠰᠠᠬᠤ ᠣᠷᠴᠢᠨ᠎ᠢ ᠦᠷᠭᠦᠯᠵᠢᠯᠡᠨ ᠪᠤᠢ ᠪᠣᠯᠭ᠋ᠠᠵᠤ᠂ ᠬᠠᠤᠯᠢ᠎ᠪᠠᠷ ᠣᠷᠣᠨ ᠵᠶ᠋ᠠᠨ ᠵᠠᠰᠠᠬᠤ ᠰᠠᠭᠤᠷᠢ ᠵᠢ ᠪᠡᠬᠢᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ᠎ᠳᠤ ᠪᠠᠲᠤᠯᠠᠭ᠎ᠠ ᠬᠠᠩᠭ᠋ᠠᠨ᠎ᠠ᠃