ᠪᠥᠬᠥ ᠤᠯᠤᠰ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠰᠢᠨ᠎ᠡ ᠴᠠᠭ ᠦᠶ᠎ᠡ ᠵᠢᠨ ᠮᠠᠨ᠎ᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ 《ᠳᠥᠷᠪᠡᠨ ᠴᠢᠬᠤᠯᠠ ᠶᠡᠬᠡ ᠬᠤᠪᠢᠷᠠᠯᠲᠠ》 ᠵᠢ ᠪᠥᠬᠥ ᠲᠠᠯ᠎ᠠ᠎ᠪᠠᠷ ᠳ᠋ᠦᠩᠨᠡᠵᠦ᠂ ᠰᠢᠨ᠎ᠡ ᠠᠶᠠᠨ ᠵᠠᠮ᠎ᠳᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠲᠦᠯᠬᠢᠨ ᠠᠬᠢᠭᠤᠯᠬᠤ᠎ᠳᠤ ᠰᠠᠢ᠌ᠲᠤᠷ ᠰᠢᠢ᠍ᠳᠪᠦᠷᠢᠯᠡᠬᠦ ᠴᠢᠬᠤᠯᠠᠲᠠᠢ 《ᠲᠠᠪᠤᠨ ᠴᠢᠬᠤᠯᠠ ᠶᠡᠬᠡ ᠬᠠᠷᠢᠴᠠᠭ᠎ᠠ》 ᠵᠢ ᠭᠦᠨᠵᠡᠭᠡᠢ ᠲᠣᠳᠣᠷᠬᠠᠢ᠌ᠯᠠᠨ ᠥᠭᠦᠯᠡᠵᠦ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠲᠦᠯᠬᠢᠨ ᠠᠬᠢᠭᠤᠯᠬᠤ 《ᠵᠢᠷᠭᠤᠭ᠋ᠠᠨ ᠶᠡᠬᠡ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ》 ᠵᠢ ᠰᠢᠰᠲ᠋ᠧᠮ᠎ᠲᠠᠢ ᠪᠠᠢ᠌ᠷᠢᠯᠠᠭᠤᠯᠪᠠ᠃ ᠪᠢᠳᠡ ᠤᠬᠠᠮᠰᠠᠷ᠎ᠠᠴᠠ᠎ᠪᠠᠨ ᠦᠵᠡᠯ ᠰᠠᠨᠠᠭ᠎ᠠ ᠪᠣᠯᠣᠨ ᠦᠢ᠍ᠯᠡ ᠠᠵᠢᠯᠯᠠᠭ᠎ᠠ᠎ᠪᠠᠨ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ 《ᠨᠠᠮᠠᠶ᠋ᠢ ᠭᠠᠷᠭ᠋ᠠᠪᠠᠯ ᠬᠡᠨ᠎ᠨᠢ ᠬᠡᠨ ᠤ ᠲᠥᠯᠥᠭᠡ ᠲᠡᠮᠡᠴᠡᠬᠦ》 ᠡᠭᠦᠷᠭᠡᠯᠡᠯ᠂ 《ᠦᠷ ᠦᠳᠡᠰᠢ᠎ᠪᠠᠷ ᠲᠡᠮᠡᠴᠡᠬᠦ》 ᠣᠪᠣᠷ ᠪᠠᠢ᠌ᠳᠠᠯ᠂ 《ᠴᠢᠳᠠᠮᠠᠭ᠋ᠠᠢ᠎ᠪᠠᠷ ᠬᠢᠵᠦ ᠴᠢᠳᠠᠮᠠᠭ᠋ᠠᠢ᠎ᠪᠠᠷ ᠪᠦᠲᠦᠭᠡᠬᠦ》 ᠬᠠᠳᠠᠨ ᠵᠣᠷᠢᠭ ᠵᠶ᠋ᠠᠷ ᠮᠠᠨ ᠤ ᠤᠯᠤᠰ ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠰᠠᠢ᠌ᠲᠤᠷ ᠪᠦᠲᠦᠭᠡᠨ ᠪᠠᠢ᠌ᠭᠤᠯᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ ᠤᠨ ᠪᠦᠲᠦᠭᠡᠨ ᠪᠠᠢ᠌ᠭᠤᠯᠤᠯᠲᠠ ᠵᠢᠨ ᠰᠢᠨ᠎ᠡ ᠬᠦᠴᠦᠨ᠂ ᠳᠠᠭ᠋ᠠᠭᠤᠯᠤᠭᠴᠢ ᠪᠣᠯᠬᠤ ᠬᠡᠷᠡᠭᠲᠡᠢ ᠭᠡᠵᠡᠢ᠃
《ᠳᠦᠷᠪᠡᠨ ᠴᠢᠬᠤᠯᠠ ᠶᠡᠬᠡ ᠬᠤᠪᠢᠷᠠᠯᠲᠠ》 ᠵᠢ ᠪᠦᠬᠦ ᠲᠠᠯ᠎ᠠ᠎ᠪᠠᠷ ᠲᠠᠨᠢᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠦᠢ᠍ᠯᠡᠳᠦᠯᠭᠡ ᠵᠢᠨ ᠠᠤᠭ᠎ᠠ ᠬᠦᠴᠦᠨ᠎ᠢ ᠭᠦᠨᠵᠡᠭᠡᠢ ᠣᠶ᠋ᠢᠯᠠᠭ᠋ᠠᠬᠤ ᠬᠡᠷᠡᠭᠲᠡᠢ᠃ ᠨᠠᠮ᠎ᠤᠨ ᠠᠷᠪᠠᠨ ᠨᠠᠶᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠠᠷ ᠭᠤᠤᠯᠯᠠᠭᠤᠯᠤᠭᠰᠠᠨ ᠨᠠᠮ᠎ᠤᠨ ᠲᠥᠪ ᠬᠣᠷᠢᠶ᠎ᠠ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠤᠷᠢᠳ ᠡᠮᠦᠨ᠎ᠡ ᠪᠠᠶ᠋ᠢᠭ᠎ᠠ ᠥᠬᠡᠶ ᠡᠷᠡᠰ ᠵᠣᠷᠢᠭ ᠪᠠ ᠰᠥᠰᠥ ᠵᠣᠷᠢᠭ ᠵᠶ᠋ᠠᠷ ᠮᠠᠨ᠎ᠤ ᠤᠯᠤᠰ᠎ᠤᠨ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ 《ᠳᠥᠷᠪᠡᠨ ᠴᠢᠬᠤᠯᠠ ᠶᠡᠬᠡ ᠬᠤᠪᠢᠷᠠᠯᠲᠠ》 ᠵᠢ ᠪᠡᠶᠡᠯᠡᠭᠦᠯᠵᠦ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ ᠴᠢᠬᠤᠯᠠ ᠶᠡᠬᠡ ᠠᠯᠬᠤᠮ᠎ᠢ ᠠᠯᠬᠤᠭᠰᠠᠨ ᠪᠠᠶ᠋ᠢᠨ᠎ᠠ᠃ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠳᠡᠭᠡᠳᠦ ᠬᠡᠮᠵᠢ᠊ ᠢ᠎ᠡ᠎ᠪᠠᠷ ᠴᠢᠬᠤᠯᠠᠴᠢᠯᠠᠵᠤ᠂ ᠤᠯᠠᠨ ᠤᠳᠠᠭ᠎ᠠ ᠴᠢᠬᠤᠯᠠ ᠵᠢᠭ᠋ᠠᠪᠤᠷᠢ ᠴᠣᠬᠣᠯᠠᠪᠤᠷᠢ ᠥᠭᠴᠡᠢ᠂ ᠢᠯᠠᠩᠭᠤᠶ᠎ᠠ 2019 ᠣᠨ᠎ᠤ 7 ᠳ᠋ᠤᠭ᠋ᠠᠷ ᠰᠠᠷ᠎ᠠ ᠵᠢᠨ 16᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠪᠠᠶ᠋ᠢᠴᠠᠭ᠋ᠠᠨ ᠰᠤᠳᠤᠯᠤᠯᠲᠠ ᠬᠢᠵᠦ ᠵᠢᠭ᠋ᠠᠨ ᠵᠢᠯᠣᠭᠣᠳᠬᠤ᠎ᠳᠤ᠎ᠪᠠᠨ ᠴᠢᠬᠤᠯᠠᠴᠢᠯᠠᠭᠰᠠᠨ᠎ᠨᠢ᠄ 《ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠴᠢᠬᠤᠯᠠ ᠴᠢᠨᠠᠷ᠎ᠤᠨ ᠲᠤᠬᠠᠢ ᠣᠶ᠋ᠢᠯᠠᠭ᠋ᠠᠯᠲᠠ᠎ᠪᠠᠨ ᠭᠦᠨᠵᠡᠭᠡᠶ᠋ᠢᠷᠡᠭᠦᠯᠵᠦ᠂ ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠤᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢ ᠲᠣᠭᠲᠠᠭ᠋ᠠᠯᠲᠠ ᠵᠢᠨ ᠲᠤᠬᠠᠢ ᠣᠶ᠋ᠢᠯᠠᠭ᠋ᠠᠯᠲᠠ᠎ᠪᠠᠨ ᠭᠦᠨᠵᠡᠭᠡᠶ᠋ᠢᠷᠡᠭᠦᠯᠵᠦ᠂ ᠲᠤᠰ ᠪᠡᠶ᠎ᠡ ᠵᠢᠨ ᠲᠤᠰᠢᠶᠠᠯ ᠬᠠᠷᠢᠭᠤᠴᠠᠯᠭ᠎ᠠ ᠵᠢᠨ ᠲᠤᠬᠠᠢ ᠣᠶ᠋ᠢᠯᠠᠭ᠋ᠠᠯᠲᠠ᠎ᠪᠠᠨ ᠭᠦᠨᠵᠡᠭᠡᠶ᠋ᠢᠷᠡᠭᠦᠯᠬᠦ ᠬᠡᠷᠡᠭᠲᠡᠢ》 ᠭᠡᠵᠦ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭ᠋ᠠᠵᠠᠢ᠃ ᠣᠶ᠋ᠢᠷ᠎ᠠ ᠵᠢᠨ ᠵᠢᠯ᠎ᠤᠨ ᠲᠤᠷᠰᠢ᠂ ᠪᠥᠬᠥ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠰᠲ᠋ᠧᠮ ᠢᠮᠠᠭᠲᠠ 《ᠤᠯᠤᠰ᠎ᠤᠨ ᠶᠡᠬᠡ ᠲᠠᠯ᠎ᠠ》 ᠵᠢ ᠪᠠᠲᠤ ᠴᠡᠭᠡᠵᠢᠯᠡᠵᠦ᠂ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ 《ᠭᠤᠷᠪᠠ ᠵᠢ ᠣᠶ᠋ᠢᠯᠠᠭ᠋ᠠᠬᠤ》 ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠪᠥᠬᠥ ᠤᠯᠤᠰ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠂ ᠴᠦᠯᠯᠡᠷᠭᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠬᠤ ᠪᠠ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠤᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠨᠠᠩ ᠪᠠᠲᠤ ᠪᠠᠬᠢ ᠪᠣᠯᠭ᠋ᠠᠬᠤ ᠵᠢ ᠪᠥᠬᠥ ᠲᠠᠯ᠎ᠠ᠎ᠪᠠᠷ ᠠᠬᠢᠭᠤᠯᠪᠠ᠃ 《ᠭᠤᠷᠪᠠᠨ ᠣᠷᠣᠨ ᠭᠤᠷᠪᠠᠨ ᠱᠤᠭᠤᠮ》᠎ᠢ ᠰᠢᠨᠵᠢᠯᠡᠬᠦ ᠤᠬᠠᠭ᠋ᠠᠨᠴᠢ᠎ᠪᠠᠷ ᠵᠠᠭ᠋ᠠᠭᠯᠠᠨ ᠲᠣᠭᠲᠠᠭ᠋ᠠᠵᠤ᠂ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ 59.69 ᠲᠦᠮᠡᠨ ᠲᠡᠭᠰᠢ ᠳᠥᠷᠪᠡᠯᠵᠢᠨ ᠺᠢᠯᠣᠮᠧᠲᠷ ᠵᠠᠭ᠋ᠠᠭᠯᠠᠨ ᠲᠣᠭᠲᠠᠭ᠋ᠠᠵᠤ᠂ ᠪᠥᠬᠥ ᠣᠷᠣᠨ᠎ᠤ ᠤᠯᠤᠰ᠎ᠤᠨ ᠨᠤᠲᠤᠭ ᠳᠡᠪᠢᠰᠬᠡᠷ᠎ᠤᠨ ᠲᠠᠯᠠᠪᠠᠶ ᠵᠢᠨ ᠬᠠᠭ᠋ᠠᠰ᠎ᠠᠴᠠ ᠳᠡᠭᠡᠭᠰᠢᠬᠢ ᠵᠢ ᠡᠵᠡᠯᠡᠪᠡ᠃ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠬᠦᠴᠦᠲᠡᠶ ᠳᠡᠮᠵᠢᠯᠭᠡ ᠳᠤᠤᠷ᠎ᠠ᠂ ᠥᠪᠥᠷ ᠮᠣᠩᠭᠣᠯ ᠤᠯᠠᠭ᠋ᠠᠨᠰᠤᠬᠠᠢ ᠵᠢᠨ ᠰᠠᠪᠠ ᠭᠠᠵᠠᠷ ᠪᠠ ᠬᠣᠷᠴᠢᠨ᠎ᠤ ᠲᠠᠯ᠎ᠠ ᠨᠤᠲᠤᠭ᠎ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠵᠢ ᠶᠡᠷᠦᠩᠬᠡᠶ᠋ᠢᠯᠡᠨ ᠵᠠᠰᠠᠬᠤ ᠬᠣᠶᠠᠷ ᠲᠥᠷᠥᠯ ᠵᠦᠶᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ᠎ᠨᠢ 102.08 ᠳ᠋ᠦᠩᠰᠢᠭᠤᠷ ᠲᠥᠭᠥᠷᠢᠭ᠎ᠲᠤ ᠬᠦᠷᠴᠦ᠂ ᠤᠯᠠᠭ᠋ᠠᠨᠰᠤᠬᠠᠢ ᠵᠢᠨ ᠰᠠᠪᠠ ᠭᠠᠵᠠᠷ᠎ᠤᠨ ᠲᠤᠷᠰᠢᠯᠲᠠ ᠵᠢᠨ ᠴᠡᠭ᠎ᠤᠨ ᠢᠨᠵᠧᠨᠧᠷᠢᠩ᠎ᠨᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ ᠬᠢᠭᠡᠳ ᠳᠡᠯᠡᠬᠡᠶ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠬᠣᠯᠪᠣᠭ᠎ᠠ ᠵᠢᠨ ᠬᠠᠮᠲᠤᠷᠠᠨ ᠨᠡᠶ᠋ᠢᠲᠡᠯᠡᠭᠰᠡᠨ 《ᠪᠠᠶ᠋ᠢᠭ᠋ᠠᠯᠢ᠎ᠳᠤ ᠰᠠᠭᠤᠷᠢᠯᠠᠭᠰᠠᠨ ᠰᠢᠶᠳᠪᠦᠷᠢᠯᠡᠬᠦ ᠲᠥᠰᠦᠯ᠎ᠳᠠᠬᠢ ᠳᠤᠮᠳᠠᠳᠤ ᠤᠯᠤᠰ᠎ᠤᠨ ᠦᠶᠯᠡᠳᠦᠯᠭᠡ ᠵᠢᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ》᠎ᠳᠤ ᠰᠣᠩᠭᠣᠭᠳᠠᠨ ᠣᠷᠣᠪᠠ᠃ ᠬᠠᠲᠤᠨ ᠭᠤᠤᠯ᠎ᠤᠨ ᠮᠣᠷᠣᠢ᠌ᠯᠭᠠ ᠵᠢᠨ ᠭᠤᠤᠯᠳᠠᠯᠭ᠎ᠠ᠎ᠲᠠᠢ ᠠᠮᠢ ᠠᠬᠤᠶ ᠵᠢᠨ ᠣᠷᠣᠨ (ᠣᠷᠳᠣᠰ) ᠪᠠ ᠤᠮᠠᠷᠠᠲᠤ ᠵᠢᠨ ᠡᠯᠡᠰᠦ ᠵᠢ ᠰᠡᠷᠭᠡᠶ᠋ᠢᠯᠡᠬᠦ ᠪᠦᠰᠡ ᠬᠠᠲᠤᠨ ᠭᠤᠤᠯ᠎ᠤᠨ ᠭᠤᠤᠯᠳᠠᠯᠭ᠎ᠠ᠎ᠲᠠᠢ ᠠᠮᠢ ᠠᠬᠤᠶ ᠵᠢᠨ ᠣᠷᠣᠨ (ᠬᠥᠬᠡᠬᠣᠲᠠ)᠎ᠤ ᠲᠡᠦᠬᠡᠨ᠎ᠠᠴᠠ ᠦᠯᠡᠳᠡᠭᠳᠡᠵᠦ ᠢᠷᠡᠭᠰᠡᠨ ᠬᠣᠶᠠᠷ ᠬᠠᠶᠠᠭᠳᠠᠮᠠᠯ ᠠᠭᠤᠷᠬᠠᠶ ᠵᠢᠨ ᠠᠮᠢ ᠠᠬᠤᠶ ᠵᠢ ᠵᠠᠰᠠᠨ ᠰᠡᠷᠭᠦᠭᠡᠬᠦ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠲᠥᠷᠥᠯ ᠵᠦᠶᠯ᠎ᠢ ᠡᠬᠢᠯᠡᠭᠦᠯᠵᠦ᠂ ᠨᠡᠶ᠋ᠢᠲᠡ 11.61 ᠳ᠋ᠦᠩᠰᠢᠭᠤᠷ ᠲᠥᠭᠥᠷᠢᠭ᠎ᠤᠨ ᠪᠠᠯᠠ ᠣᠷᠣᠭᠤᠯᠵᠤ᠂ ᠣᠲᠣ ᠨᠢᠭᠡᠨᠲᠡ ᠪᠦᠬᠦᠨ᠎ᠢ ᠠᠵᠢᠯ ᠡᠬᠢᠯᠡᠭᠦᠯᠪᠡ᠃ ᠡᠭᠦᠨ᠎ᠤ ᠬᠠᠮᠲᠤ᠂ ᠠᠭᠤᠷᠬᠠᠶ ᠵᠢᠨ ᠭᠠᠵᠠᠷ᠎ᠤᠨ ᠣᠷᠴᠢᠨ ᠲᠣᠭᠣᠷᠢᠨ᠎ᠤ ᠵᠠᠰᠠᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠵᠤ᠂ 2021 ᠣᠨ᠎ᠠᠴᠠ ᠨᠠᠭ᠋ᠠᠰᠢ᠂ ᠣᠨ᠎ᠤ ᠬᠡᠪᠴᠢᠶᠡᠨ᠎ᠤ ᠠᠭᠤᠷᠬᠠᠶ ᠵᠢᠨ ᠠᠮᠢ ᠠᠬᠤᠶ ᠵᠢ ᠵᠠᠰᠠᠨ ᠰᠡᠷᠭᠦᠭᠡᠭᠰᠡᠨ ᠲᠠᠯᠠᠪᠠᠶ᠎ᠨᠢ ᠴᠥᠮ ᠠᠭᠤᠷᠬᠠᠶ ᠮᠠᠯᠲᠠᠭ᠋ᠠᠳ ᠡᠪᠳᠡᠭᠳᠡᠭᠰᠡᠨ ᠲᠠᠯᠠᠪᠠᠶ᠎ᠠᠴᠠ ᠶᠡᠬᠡ ᠪᠠᠶ᠋ᠢᠵᠤ᠂ 《ᠰᠢᠨ᠎ᠡ ᠲᠠᠩᠰᠠ ᠵᠢ ᠳᠠᠭᠢᠵᠤ ᠥᠷᠢᠲᠦᠬᠦ ᠥᠬᠡᠶ᠂ ᠬᠠᠭᠤᠴᠢᠨ ᠲᠠᠩᠰᠠ ᠵᠢ ᠲᠦᠷᠭᠡᠳᠬᠡᠨ ᠪᠤᠴᠠᠭ᠋ᠠᠬᠤ》 ᠵᠢ ᠪᠡᠶᠡᠯᠡᠭᠦᠯᠪᠡ᠃
《ᠲᠠᠪᠤᠨ ᠴᠢᠬᠤᠯᠠ ᠶᠡᠬᠡ ᠬᠠᠷᠢᠴᠠᠭ᠎ᠠ》 ᠵᠢ ᠭᠦᠨᠵᠡᠭᠡᠢ ᠣᠶ᠋ᠢᠯᠠᠭ᠋ᠠᠵᠤ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠠᠷᠭ᠎ᠠ ᠵᠠᠮ᠎ᠢ ᠣᠨᠣᠪᠴᠢᠲᠠᠢ ᠡᠵᠡᠮᠳᠡᠬᠦ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠤᠨ ᠳᠤᠷᠠᠳᠤᠭᠰᠠᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ᠎ᠳᠤ ᠰᠠᠶ᠋ᠢᠲᠤᠷ ᠰᠢᠢ᠍ᠳᠪᠦᠷᠢᠯᠡᠬᠦ ᠴᠢᠬᠤᠯᠠᠲᠠᠢ 《ᠲᠠᠪᠤᠨ ᠴᠢᠬᠤᠯᠠ ᠶᠡᠬᠡ ᠬᠠᠷᠢᠴᠠᠭ᠎ᠠ》᠎ᠨᠢ ᠮᠠᠷᠺᠰ᠎ᠤᠨ ᠦᠵᠡᠯ᠎ᠤᠨ ᠲᠠᠨᠢᠯᠲᠠ ᠵᠢᠨ ᠤᠨᠤᠯ ᠪᠣᠯᠤᠨ ᠠᠷᠭ᠎ᠠ ᠵᠢᠨ ᠤᠨᠤᠯ᠎ᠤᠨ ᠣᠷᠭ᠋ᠠᠨᠢᠭ ᠨᠢᠭᠡᠳᠦᠯ᠎ᠢ ᠢᠯᠡᠷᠡᠭᠦᠯᠵᠦ᠂ ᠮᠠᠨ᠎ᠤ ᠨᠠᠮ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠵᠢᠮ᠎ᠡ ᠶᠣᠰᠣᠴᠢ ᠴᠢᠨᠠᠷ᠎ᠤᠨ ᠲᠤᠬᠠᠢ ᠲᠠᠨᠢᠯᠲᠠ ᠤᠯᠠᠮ ᠴᠢᠨᠠᠭᠰᠢᠳᠠ ᠭᠦᠨᠵᠡᠭᠡᠶ᠋ᠢᠷᠡᠪᠡ᠃ ᠪᠢᠳᠡ 《ᠲᠠᠪᠤᠨ ᠴᠢᠬᠤᠯᠠ ᠶᠡᠬᠡ ᠬᠠᠷᠢᠴᠠᠭ᠎ᠠ》 ᠵᠢ ᠵᠥᠪ ᠰᠠᠶ᠋ᠢᠲᠤᠷ ᠰᠢᠢ᠍ᠳᠪᠦᠷᠢᠯᠡᠵᠦ᠂ ᠨᠡᠩ ᠥᠨᠳᠥᠷ ᠵᠣᠭᠰᠣᠴᠠ᠂ ᠨᠡᠩ ᠥᠷᠭᠡᠨ ᠬᠠᠷᠠᠭ᠋ᠠᠰᠤ᠂ ᠨᠡᠩ ᠶᠡᠬᠡ ᠡᠷᠴᠢᠮ ᠵᠶ᠋ᠠᠷ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ ᠬᠡᠷᠡᠭᠲᠡᠢ᠃ ᠨᠢᠭᠡ᠎ᠳᠤ᠂ ᠴᠢᠨᠠᠷ ᠰᠠᠶ᠋ᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠬᠠᠮᠠᠭ᠋ᠠᠯᠠᠯᠲᠠ ᠵᠢᠨ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠬᠦ ᠬᠡᠷᠡᠭᠲᠡᠢ᠃ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠳᠠᠷᠤᠢ ᠠᠯᠳᠠ ᠮᠥᠩᠭᠥᠨ ᠠᠭᠤᠯᠠ ᠮᠥᠨ ᠭᠡᠬᠦ ᠣᠶ᠋ᠢᠯᠠᠭ᠋ᠠᠭᠳᠠᠬᠤᠨ᠎ᠢ ᠢᠳᠡᠪᠬᠢᠲᠡᠢ ᠦᠢ᠍ᠯᠡᠳᠦᠯᠭᠡᠵᠢᠭᠦᠯᠵᠦ᠂ ᠴᠢᠨᠠᠷ ᠰᠠᠶ᠋ᠢᠲᠠᠢ ᠬᠥᠭᠵᠢᠯᠲᠡ ᠵᠢᠨ ᠳᠤᠮᠳᠠ ᠥᠨᠳᠥᠷ ᠲᠦᠪᠰᠢᠨ ᠪᠦᠬᠦᠢ ᠬᠠᠮᠠᠭ᠋ᠠᠯᠠᠯᠲᠠ ᠵᠢ ᠪᠡᠶᠡᠯᠡᠭᠦᠯᠵᠦ᠂ ᠥᠨᠳᠥᠷ ᠲᠦᠪᠰᠢᠨ ᠪᠦᠬᠦᠢ ᠬᠠᠮᠠᠭ᠋ᠠᠯᠠᠯᠲᠠ ᠵᠢᠨ ᠳᠤᠮᠳᠠ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠵᠦ᠂ ᠬᠥᠭᠵᠢᠯᠲᠡ ᠪᠠ ᠬᠠᠮᠠᠭ᠋ᠠᠯᠠᠯᠲᠠ ᠮᠥᠷᠭᠥᠯᠳᠦᠭᠡᠨ᠎ᠳᠤ ᠲᠤᠯᠭ᠋ᠠᠷᠠᠬᠤ ᠦᠶ᠎ᠡ᠎ᠳᠤ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ ᠵᠢ ᠪᠠᠷᠢᠮᠲᠠᠯᠠᠬᠤ ᠬᠡᠷᠡᠭᠲᠡᠢ᠃ ᠬᠣᠶᠠᠷ᠎ᠲᠤ᠂ ᠭᠣᠣᠯᠳᠠᠯᠭ᠎ᠠ᠎ᠲᠠᠢ ᠪᠣᠭᠣᠮᠲᠠ ᠰᠢᠪᠲᠤᠯᠬᠤ ᠪᠠ ᠬᠠᠮᠵᠢᠯᠴᠠᠨ ᠵᠠᠰᠠᠬᠤ ᠵᠢᠨ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠬᠦ ᠬᠡᠷᠡᠭᠲᠡᠢ᠃ ᠰᠢᠰᠲ᠋ᠧᠮ᠎ᠤᠨ ᠦᠵᠡᠯᠲᠡ᠂ ᠪᠥᠬᠥ ᠲᠠᠯ᠎ᠠ ᠵᠢᠨ ᠰᠡᠳᠬᠢᠬᠦᠶ ᠵᠢ ᠪᠠᠷᠢᠮᠲᠠᠯᠠᠵᠤ᠂ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠴᠢᠬᠤᠯᠠ ᠶᠡᠬᠡ ᠢᠨᠵᠧᠨᠧᠷᠢᠩ᠂ ᠴᠢᠬᠤᠯᠠ ᠶᠡᠬᠡ ᠲᠥᠷᠥᠯ ᠵᠦᠶᠯ᠎ᠢ ᠰᠠᠶ᠋ᠢᠲᠤᠷ ᠠᠳᠬᠤᠬᠤ ᠵᠢᠨ ᠬᠠᠮᠲᠤ᠂ ᠪᠥᠬᠥ ᠣᠷᠣᠨ ᠪᠦᠰᠡ ᠵᠢᠨ ᠵᠠᠰᠠᠯᠲᠠ᠂ ᠬᠠᠮᠵᠢᠯᠴᠠᠨ ᠵᠠᠰᠠᠯᠲᠠ᠂ ᠰᠢᠰᠲ᠋ᠧᠮ᠎ᠲᠠᠢ ᠵᠠᠰᠠᠯᠲᠠ ᠵᠢ ᠠᠬᠢᠭᠤᠯᠵᠤ᠂ ᠭᠤᠤᠯᠳᠠᠯᠭ᠎ᠠ᠎ᠲᠠᠢ ᠰᠢᠪᠲᠤᠯᠤᠯᠲᠠ᠎ᠪᠠᠷ ᠪᠥᠬᠥ ᠲᠠᠯ᠎ᠠ ᠵᠢᠨ ᠳᠡᠭᠡᠭᠰᠢᠯᠡᠯᠲᠡ ᠵᠢ ᠳᠠᠶ᠋ᠢᠴᠢᠯᠠᠨ᠎ᠠ᠃ ᠭᠤᠷᠪᠠ᠎ᠳᠤ᠂ ᠠᠶᠠᠨᠳᠠᠭ᠋ᠠᠨ ᠰᠡᠷᠭᠦᠬᠦ ᠪᠠ ᠬᠥᠮᠦᠨ᠎ᠤ ᠬᠦᠴᠦ᠎ᠪᠠᠷ ᠰᠡᠷᠭᠦᠭᠡᠬᠦ ᠵᠢᠨ ᠬᠠᠷᠢᠴᠠᠭ᠎ᠠ ᠵᠢ ᠰᠠᠶ᠋ᠢᠲᠤᠷ ᠰᠢᠶᠳᠪᠦᠷᠢᠯᠡᠬᠦ ᠬᠡᠷᠡᠭᠲᠡᠶ᠃ ᠠᠮᠢ ᠠᠬᠤᠶ ᠵᠢᠨ ᠰᠢᠰᠲ᠋ᠧᠮ᠎ᠤᠨ ᠳᠣᠲᠣᠭ᠋ᠠᠳᠤ ᠵᠢᠮ᠎ᠡ ᠶᠣᠰᠣ ᠵᠢ ᠵᠢᠷᠤᠮᠯᠠᠨ᠂ ᠠᠶᠠᠨᠳᠠᠭ᠋ᠠᠨ ᠰᠡᠷᠭᠦᠬᠦ ᠪᠠ ᠬᠥᠮᠦᠨ᠎ᠤ ᠬᠦᠴᠦ᠎ᠪᠠᠷ ᠰᠡᠷᠭᠦᠭᠡᠬᠦ ᠠᠷᠭ᠎ᠠ ᠪᠠᠷᠢᠯ᠎ᠢ ᠰᠢᠨᠵᠢᠯᠡᠬᠦ ᠤᠬᠠᠭ᠋ᠠᠨᠴᠢ᠎ᠪᠠᠷ ᠬᠡᠷᠡᠭᠯᠡᠵᠦ᠂ ᠭᠠᠵᠠᠷ ᠣᠷᠣᠨ ᠪᠠ ᠴᠠᠭ ᠦᠶ᠎ᠡ ᠵᠢᠨ ᠪᠠᠶ᠋ᠢᠳᠠᠯ᠎ᠳᠤᠨᠢ ᠲᠣᠬᠢᠷᠠᠭᠤᠯᠤᠨ᠂ ᠣᠷᠣᠨ ᠬᠤᠪᠢᠶᠠᠬᠤ ᠲᠥᠷᠥᠯ ᠬᠤᠪᠢᠶᠠᠬᠤ ᠠᠷᠭ᠎ᠠ ᠪᠣᠳᠣᠯᠭ᠎ᠠ ᠵᠢ ᠬᠡᠷᠡᠭᠵᠢᠭᠦᠯᠵᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠤᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠲᠦᠷᠪᠡ᠎ᠳᠤ᠂ ᠭᠠᠳᠠᠭ᠋ᠠᠳᠤ ᠬᠢᠵᠠᠭ᠋ᠠᠷᠯᠠᠯ ᠪᠣᠯᠤᠨ ᠳᠣᠲᠣᠭ᠋ᠠᠳᠤ ᠬᠥᠳᠡᠯᠭᠡᠬᠦ ᠬᠦᠴᠦᠨ᠎ᠤ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠬᠦ ᠬᠡᠷᠡᠭᠲᠡᠢ᠃ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠢ ᠡᠪᠳᠡᠬᠦ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠨᠡᠶ᠋ᠢᠭᠡᠮ᠎ᠤᠨ ᠬᠥᠷᠥᠩᠭᠡ ᠵᠢᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠠᠵᠢᠯ᠎ᠳᠤ ᠣᠷᠣᠯᠴᠠᠬᠤ ᠵᠢ ᠵᠣᠷᠢᠭᠵᠢᠭᠤᠯᠵᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ ᠬᠦᠴᠦᠷᠬᠡᠭ ᠶᠡᠬᠡ ᠨᠡᠶ᠋ᠢᠯᠡᠮᠡᠯ ᠬᠦᠴᠦᠨ᠎ᠢ ᠪᠤᠶ ᠪᠣᠯᠭ᠋ᠠᠨ᠎ᠠ᠃ ᠲᠠᠪᠤ᠎ᠳᠤ᠂ 《ᠬᠣᠣᠰ ᠨᠡᠭᠦᠷᠡᠰᠦᠲᠥ᠋ᠷᠥᠭᠴᠢ》 ᠵᠢᠨ ᠠᠮᠠᠯᠠᠯᠲᠠ ᠪᠣᠯᠤᠨ ᠪᠡᠶ᠎ᠡ᠎ᠪᠠᠨ ᠳᠠᠭ᠋ᠠᠭ᠋ᠠᠭᠰᠠᠨ ᠠᠵᠢᠯᠯᠠᠭ᠎ᠠ ᠵᠢᠨ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠨ᠎ᠡ᠃ ᠠᠷᠪᠢᠯᠠᠨ ᠭᠠᠮᠨᠠᠬᠤ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠵᠢ ᠪᠠᠷᠢᠮᠲᠠᠯᠠᠵᠤ᠂ ᠭᠠᠵᠠᠷ ᠰᠢᠷᠣᠶ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ᠂ ᠰᠤᠯᠠ ᠲᠠᠯᠪᠢᠭᠳᠠᠵᠤ ᠪᠠᠶ᠋ᠢᠭ᠎ᠠ ᠭᠠᠵᠠᠷ ᠰᠢᠷᠣᠶ ᠪᠠ ᠵᠥᠪᠰᠢᠶᠡᠷᠡᠭᠡᠳ ᠬᠠᠩᠭ᠋ᠠᠭ᠋ᠠᠳᠤᠶ ᠭᠠᠵᠠᠷ ᠰᠢᠷᠣᠶ ᠵᠢ 《ᠦᠨᠳᠦᠰᠦᠨ᠎ᠠᠴᠠ᠎ᠨᠢ ᠰᠢᠶᠳᠪᠦᠷᠢᠯᠡᠬᠦ》 ᠵᠢ ᠭᠦᠨᠵᠡᠭᠡᠶ ᠠᠬᠢᠭᠤᠯᠵᠤ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠠᠷᠪᠢᠲᠠᠶ ᠡᠷᠴᠢᠮᠯᠢᠭ ᠥᠨᠳᠥᠷ ᠪᠦᠲᠦᠮᠵᠢᠲᠡᠶ᠎ᠪᠠᠷ ᠠᠰᠢᠭᠯᠠᠬᠤ ᠵᠢ ᠢᠳᠡᠪᠬᠢᠲᠡᠶ ᠠᠬᠢᠭᠤᠯᠵᠤ᠂ ᠰᠢᠨ᠎ᠡ ᠡᠨᠧᠷᠭᠢ ᠵᠢᠨ ᠲᠥᠷᠥᠯ ᠵᠦᠶᠯ᠎ᠤᠨ ᠪᠥᠲᠥᠭᠡᠨ ᠪᠠᠶ᠋ᠢᠭᠤᠯᠤᠯᠲᠠ ᠵᠢ ᠤᠷᠢᠳ ᠵᠶ᠋ᠠᠷ ᠪᠠᠲᠤᠯᠠᠵᠤ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠥᠷᠢᠰᠥᠯᠳᠦᠭᠡᠨ᠎ᠤ ᠳᠠᠪᠠᠭᠤᠯᠢᠭ᠎ᠢ ᠬᠦᠴᠦᠯᠡᠨ ᠪᠣᠶ ᠪᠣᠯᠭ᠋ᠠᠨ᠎ᠠ᠃
《ᠵᠢᠷᠭᠤᠭ᠋ᠠᠨ ᠶᠡᠬᠡ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ》 ᠵᠢ ᠪᠥᠬᠥ ᠬᠦᠴᠦᠨ ᠵᠶ᠋ᠠᠷ ᠵᠶ᠋ᠠᠨ ᠨᠠᠶ᠋ᠢᠳᠠᠪᠤᠷᠢᠵᠢᠭᠤᠯᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ ᠵᠢᠨ ᠴᠢᠬᠤᠯᠠ ᠶᠡᠬᠡ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠶᠴᠡᠳᠬᠡᠨ᠎ᠡ᠃ ᠥᠪᠥᠷ ᠮᠣᠩᠭᠣᠯ᠎ᠤᠨ ᠠᠮᠢ ᠠᠬᠤᠢ ᠵᠢᠨ ᠪᠠᠶ᠋ᠢᠳᠠᠯ ᠶᠠᠮᠠᠷ ᠪᠠᠶ᠋ᠢᠬᠤ᠎ᠨᠢ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠣᠷᠣᠰᠢᠯ ᠲᠣᠭᠲᠠᠨᠢᠯ ᠪᠠ ᠬᠥᠭᠵᠢᠯᠲᠡ᠎ᠲᠠᠢ ᠬᠣᠯᠪᠣᠭᠳᠠᠬᠤ᠎ᠪᠠᠷ ᠪᠠᠷᠠᠬᠤ ᠦᠭᠡᠢ ᠤᠮᠠᠷᠠᠲᠤ ᠣᠷᠣᠨ᠂ ᠵᠡᠭᠦᠨ ᠬᠣᠶ᠋ᠢᠲᠤ ᠣᠷᠣᠨ᠂ ᠪᠠᠷᠠᠭᠤᠨ ᠬᠣᠶ᠋ᠢᠲᠤ ᠣᠷᠣᠨ᠂ ᠴᠢᠨᠠᠭᠰᠢᠯᠠᠪᠠᠯ ᠪᠦᠬᠦ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠎ᠲᠠᠢ ᠬᠣᠯᠪᠣᠭᠳᠠᠨ᠎ᠠ᠃ ᠪᠢᠳᠡ 《ᠭᠤᠷᠪᠠᠨ ᠣᠶ᠋ᠢᠯᠠᠭ᠋ᠠᠯᠲᠠ》᠎ᠪᠠᠷ ᠵᠢᠯᠣᠭᠣᠳᠤᠮᠵᠢ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ 《ᠭᠣᠣᠯ ᠱᠤᠭᠤᠮ》᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢᠨ ᠡᠨᠡ ᠬᠦ᠌ 《ᠤᠯᠠᠭ᠋ᠠᠨ ᠱᠤᠭᠤᠮ》 ᠪᠣᠯᠤᠨ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠡᠨᠡ ᠬᠦ᠌ 《ᠨᠣᠭᠣᠭ᠋ᠠᠨ ᠱᠤᠭᠤᠮ》᠎ᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠵᠢᠨ ᠥᠪᠥᠷ ᠮᠣᠩᠭᠣᠯ᠎ᠤᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠰᠢᠨ᠎ᠡ ᠬᠠᠭᠤᠳᠠᠰᠤ ᠵᠢ ᠪᠦᠬᠦ ᠬᠦᠴᠦᠨ ᠵᠶ᠋ᠠᠷ ᠵᠶ᠋ᠠᠨ ᠪᠢᠴᠢᠭᠯᠡᠨ᠎ᠡ᠃ ᠨᠢᠭᠡ᠎ᠳᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠲᠠᠢ᠍ᠨᠢ ᠦᠷᠭᠦᠯᠵᠢᠯᠡᠨ ᠭᠦᠨᠵᠡᠭᠡᠢ ᠰᠠᠶ᠋ᠢᠲᠤᠷ ᠬᠢᠨ᠎ᠠ᠃ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠰᠢᠨ᠎ᠡ᠎ᠪᠠᠷ ᠨᠡᠮᠡᠭᠳᠡᠬᠦ ᠬᠥᠷᠥᠰᠥ ᠰᠢᠷᠣᠶ ᠵᠢᠨ ᠣᠷᠴᠢᠨ ᠲᠣᠭᠣᠷᠢᠨ᠎ᠤ ᠪᠣᠬᠢᠷᠲᠤᠯ᠎ᠢ ᠪᠦᠲᠦᠮᠵᠢᠲᠡᠶ ᠰᠡᠷᠭᠡᠶ᠋ᠢᠯᠡᠵᠦ᠂ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠶ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠰᠡᠯᠪᠢᠨ ᠵᠠᠰᠠᠬᠤ ᠨᠡᠷᠡᠰ᠎ᠤᠨ ᠲᠡᠭᠦᠪᠦᠷᠢ ᠵᠢᠨ ᠳᠦᠷᠢᠮ᠎ᠢ ᠬᠢᠨᠠᠮᠠᠭ᠋ᠠᠶ ᠬᠡᠷᠡᠭᠵᠢᠭᠦᠯᠦᠨ᠂ ᠭᠠᠵᠠᠷ ᠰᠢᠷᠣᠶ ᠵᠢᠨ ᠬᠡᠷᠡᠭᠯᠡᠯᠲᠡ ᠵᠢ ᠣᠷᠣᠨ ᠰᠠᠭᠤᠴᠠ᠂ ᠣᠯᠠᠨ ᠨᠡᠶ᠋ᠢᠲᠡ ᠵᠢᠨ ᠬᠠᠮᠢᠶᠠᠷᠤᠯᠲᠠ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠶ ᠵᠢᠨ ᠪᠣᠬᠢᠷᠲᠤᠯ᠎ᠤᠨ ᠪᠠᠶ᠋ᠢᠳᠠᠯ᠎ᠳᠤ ᠪᠠᠶ᠋ᠢᠴᠠᠭ᠋ᠠᠯᠲᠠ ᠬᠢᠬᠦ ᠵᠢ ᠴᠢᠩᠭ᠎ᠠ ᠬᠡᠷᠡᠭᠵᠢᠭᠦᠯᠦᠨ᠎ᠡ᠃ 《ᠨᠢᠭᠡ ᠨᠠᠭᠤᠷ ᠬᠣᠶᠠᠷ ᠳᠠᠯᠠᠢ》᠂ ᠴᠠᠭ᠋ᠠᠨᠨᠠᠭᠤᠷ ᠵᠡᠷᠭᠡ ᠭᠣᠣᠯ ᠨᠠᠭᠤᠷ ᠨᠤᠭᠤ ᠭᠠᠵᠠᠷ᠎ᠤᠨ ᠠᠮᠢ ᠠᠬᠤᠢ ᠵᠢᠨ ᠶᠡᠷᠦᠩᠬᠡᠶ᠋ᠢᠯᠡᠭᠰᠡᠨ ᠵᠠᠰᠠᠯᠲᠠ ᠪᠠ ᠦᠬᠠᠢ ᠵᠢᠴᠢ ᠡᠷᠭᠢᠨ ᠲᠣᠭᠣᠷᠢᠨ ᠵᠡᠷᠭᠡ ᠭᠣᠣᠯᠳᠠᠯᠭ᠎ᠠ᠎ᠲᠠᠢ ᠣᠷᠣᠨ ᠪᠦᠰᠡ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠶᠡᠷᠦᠩᠬᠡᠶ᠋ᠢᠯᠡᠭᠰᠡᠨ ᠵᠠᠰᠠᠯᠲᠠ ᠵᠢ ᠬᠠᠮᠵᠢᠯᠴᠠᠨ ᠠᠬᠢᠭᠤᠯᠵᠤ᠂ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ᠎ᠳᠤ ᠬᠦᠴᠦᠨ ᠨᠡᠮᠡᠷᠢᠯᠡᠨ᠎ᠡ᠃ ᠬᠣᠶᠠᠷ᠎ᠲᠤ᠂ ᠬᠥᠭᠵᠢᠯᠲᠡ ᠵᠢᠨ ᠬᠡᠯᠪᠡᠷᠢ ᠵᠢ ᠬᠤᠪᠢᠷᠠᠭᠤᠯᠬᠤ ᠵᠢ ᠲᠦᠷᠭᠡᠳᠬᠡᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠦᠨ᠂ 《ᠭᠤᠷᠪᠠᠨ ᠣᠷᠣᠨ ᠭᠤᠷᠪᠠᠨ ᠱᠤᠭᠤᠮ》᠎ᠢ ᠴᠢᠩᠭ᠎ᠠ ᠰᠠᠬᠢᠵᠤ᠂ ᠲᠡᠭᠦᠨ᠎ᠢ ᠠᠵᠤ ᠠᠬᠤᠶ ᠵᠢᠨ ᠪᠦᠲᠦᠴᠡ ᠵᠢ ᠳᠣᠭᠢᠷᠠᠭᠤᠯᠬᠤ᠂ ᠠᠵᠤ ᠦᠶᠯᠡᠰ᠎ᠤᠨ ᠬᠥᠭᠵᠢᠯᠲᠡ ᠵᠢ ᠲᠥᠯᠥᠪᠵᠢᠭᠦᠯᠬᠦ᠂ ᠬᠣᠲᠠ ᠪᠠᠯᠭ᠋ᠠᠰᠤᠵᠢᠯᠲᠠ ᠵᠢ ᠠᠬᠢᠭᠤᠯᠬᠤ ᠵᠢᠨ ᠳᠠᠪᠠᠵᠤ ᠪᠣᠯᠤᠰᠢ ᠥᠬᠡᠶ ᠤᠯᠠᠭ᠋ᠠᠨ ᠱᠤᠭᠤᠮ ᠪᠣᠯᠭ᠋ᠠᠨ᠎ᠠ᠃ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠪᠠ ᠣᠷᠣᠭᠤᠯᠵᠤ ᠭᠠᠷᠭ᠋ᠠᠬᠤ ᠵᠢ ᠲᠡᠩᠴᠡᠭᠦᠷᠢᠲᠡᠶ ᠪᠠᠶ᠋ᠢᠯᠭ᠋ᠠᠬᠤ ᠬᠠᠮᠢᠶᠠᠷᠤᠯᠲᠠ ᠵᠢ ᠴᠢᠩᠭ᠋ᠠᠷᠠᠭᠤᠯᠵᠤ᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭ᠋ᠠᠬᠤ》 ᠵᠢ ᠡᠷᠡᠰ ᠬᠣᠷᠢᠭᠯᠠᠵᠤ᠂ 《ᠠᠮᠤ ᠪᠤᠳᠠᠭ᠋ᠠᠨ᠎ᠤ ᠪᠤᠰᠤ ᠪᠣᠯᠭ᠋ᠠᠬᠤ》 ᠵᠢ ᠰᠡᠷᠭᠡᠢ᠌ᠯᠡᠨ᠎ᠡ᠃ ᠲᠠᠷᠢᠶᠠᠨ ᠭᠠᠵᠠᠷ᠎ᠤᠨ ᠪᠡᠯᠡᠳᠬᠡᠯ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠦᠨ ᠰᠠᠶ᠋ᠢᠲᠤᠷ ᠠᠰᠢᠭᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠡᠵᠡᠯᠡᠬᠦ ᠨᠥᠬᠥᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠲᠥᠷᠥᠯ ᠵᠦᠶᠯ᠎ᠢ 100 ᠲᠦᠮᠡᠨ ᠮᠥ᠍ ᠪᠥᠲᠥᠭᠡᠨ ᠪᠠᠶ᠋ᠢᠭᠤᠯᠬᠤ ᠵᠢ ᠦᠨᠡᠨ ᠬᠦ᠌ ᠪᠠᠲᠤᠯᠠᠨ᠎ᠠ᠃ ᠬᠠᠷ᠎ᠠ ᠬᠥᠷᠥᠰᠥᠲᠦ ᠲᠠᠷᠢᠶᠠᠨ ᠭᠠᠵᠠᠷ᠎ᠤᠨ ᠲᠠᠷᠢᠶᠠᠯᠠᠬᠤ ᠳᠠᠪᠬᠤᠷᠭ᠎ᠠ ᠵᠢᠨ ᠬᠥᠷᠥᠰᠥ ᠰᠢᠷᠣᠶ ᠵᠢ ᠰᠠᠯᠭ᠋ᠠᠬᠤ ᠵᠢᠴᠢ 《ᠬᠠᠷ᠎ᠠ ᠬᠥᠷᠥᠰᠥ ᠵᠢ ᠡᠵᠡᠯᠡᠨ ᠬᠠᠷ᠎ᠠ ᠬᠥᠷᠥᠰᠥ ᠵᠢ ᠨᠥᠬᠥᠪᠥᠷᠢᠯᠡᠬᠦ》 ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠤ᠂ ᠬᠠᠷ᠎ᠠ ᠬᠥᠷᠥᠰᠥᠲᠦ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠨ᠎ᠠ᠃ ᠭᠠᠵᠠᠷ ᠰᠢᠷᠣᠶ ᠵᠢ ᠠᠷᠪᠢᠲᠠᠶ ᠡᠷᠴᠢᠮᠯᠢᠭ ᠬᠡᠷᠡᠭᠯᠡᠬᠦ ᠵᠢ ᠪᠥᠬᠥ ᠲᠠᠯ᠎ᠠ᠎ᠪᠠᠷ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠵᠥᠪᠰᠢᠶᠡᠷᠡᠭᠰᠡᠨ ᠪᠣᠯᠪᠠᠴᠤ ᠬᠠᠩᠭ᠋ᠠᠭ᠋ᠠᠳᠤᠶ 52.02 ᠲᠦᠮᠡᠨ ᠮᠥ᠍ ᠭᠠᠵᠠᠷ ᠰᠢᠷᠣᠶ ᠵᠢ ᠰᠢᠩᠭᠡᠭᠡᠵᠦ᠂ 15.92 ᠲᠦᠮᠡᠨ ᠮᠥ᠍ ᠰᠤᠯᠠ ᠲᠠᠯᠪᠢᠭᠳᠠᠵᠤ ᠪᠠᠶ᠋ᠢᠭ᠎ᠠ ᠭᠠᠵᠠᠷ ᠰᠢᠷᠣᠶ ᠵᠢ ᠰᠢᠶᠳᠪᠦᠷᠢᠯᠡᠨ᠎ᠡ᠃ ᠠᠭᠤᠷᠬᠠᠶ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠪᠦᠲᠦᠴᠡ ᠵᠢ ᠲᠠᠰᠤᠷᠠᠯᠲᠠ ᠥᠬᠡᠶ ᠰᠢᠯᠢᠳᠡᠭᠵᠢᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠠᠭᠤᠷᠬᠠᠶ ᠵᠢᠨ ᠶᠡᠷᠦᠩᠬᠡᠶ ᠲᠣᠭ᠎ᠠ ᠵᠢ 2900 ᠳᠣᠲᠣᠷ᠎ᠠ ᠬᠢᠵᠠᠭ᠋ᠠᠷᠯᠠᠬᠤ ᠵᠢ ᠦᠨᠡᠨ ᠬᠦ᠌ ᠪᠠᠲᠤᠯᠠᠵᠤ᠂ ᠲᠣᠮᠣ ᠳᠤᠮᠳᠠ ᠬᠡᠯᠪᠡᠷᠢ ᠵᠢᠨ ᠠᠭᠤᠷᠬᠠᠶ ᠵᠢᠨ ᠬᠠᠷᠢᠴᠠᠯ᠎ᠢ 35% ᠪᠣᠯᠲᠠᠯ᠎ᠠ ᠳᠡᠭᠡᠭᠰᠢᠯᠡᠭᠦᠯᠦᠨ᠎ᠡ᠃ ᠭᠤᠷᠪᠠ᠎ᠳᠤ᠂ ᠠᠮᠢ ᠠᠬᠤᠶ ᠵᠢᠨ ᠰᠢᠰᠲ᠋ᠧᠮ᠎ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦᠢ᠌ᠴᠡ ᠴᠢᠨᠠᠷ᠎ᠢ ᠬᠦᠴᠦᠯᠡᠨ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠲᠥᠯᠥᠪᠵᠢᠭᠦᠯᠭᠡ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠵᠠᠰᠠᠭ᠎ᠤᠨ ᠣᠷᠳᠣᠨ ᠵᠶ᠋ᠠᠷ ᠭᠣᠣᠯᠯᠠᠭᠤᠯᠬᠤ᠂ ᠰᠠᠯᠠᠭ᠎ᠠ ᠮᠥᠴᠢᠷ᠎ᠤᠳ ᠬᠠᠮᠵᠢᠯᠴᠠᠬᠤ᠂ ᠨᠡᠶ᠋ᠢᠭᠡᠮ᠎ᠤᠨ᠎ᠬᠢᠨ ᠣᠷᠣᠯᠴᠠᠬᠤ᠂ ᠣᠯᠠᠨ ᠨᠡᠶ᠋ᠢᠲᠡ᠎ᠪᠠᠷ ᠵᠶ᠋ᠠᠨ ᠬᠢᠨᠠᠯᠲᠠ ᠲᠠᠯᠪᠢᠭᠰᠠᠨ ᠬᠠᠮᠲᠤ᠎ᠪᠠᠷ ᠵᠠᠰᠠᠬᠤ ᠪᠠᠶ᠋ᠢᠷᠢᠰᠢᠯ᠎ᠢ ᠪᠤᠶ ᠪᠣᠯᠭ᠋ᠠᠨ᠎ᠠ᠃ ᠪᠠᠶ᠋ᠢᠭ᠋ᠠᠯᠢ ᠵᠢ ᠬᠦᠨᠳᠦᠳᠬᠡᠬᠦ᠂ ᠪᠠᠶ᠋ᠢᠭ᠋ᠠᠯᠢ᠎ᠲᠠᠢ ᠵᠣᠬᠢᠴᠠᠬᠤ᠂ ᠪᠠᠶ᠋ᠢᠭ᠋ᠠᠯᠢ ᠵᠢ ᠬᠠᠮᠠᠭ᠋ᠠᠯᠠᠬᠤ ᠵᠠᠷᠴᠢᠮ᠎ᠢ ᠪᠠᠷᠢᠮᠲᠠᠯᠠᠵᠤ᠂ ᠣᠷᠣᠨ ᠪᠦᠰᠡ ᠵᠢᠨ ᠴᠢᠨᠠᠷᠲᠠᠶ᠂ ᠶᠡᠷᠦᠩᠬᠡᠶ᠋ᠢᠯᠡᠭᠰᠡᠨ ᠴᠢᠨᠠᠷᠲᠠᠶ᠂ ᠰᠢᠰᠲ᠋ᠧᠮ᠎ᠤᠨ ᠴᠢᠨᠠᠷᠲᠠᠶ ᠠᠮᠢ ᠠᠬᠤᠶ ᠵᠢᠨ ᠬᠠᠮᠠᠭ᠋ᠠᠯᠠᠯᠲᠠ ᠰᠡᠷᠭᠦᠭᠡᠯᠲᠡ ᠵᠢ ᠠᠬᠢᠭᠤᠯᠤᠨ᠎ᠠ᠃ ᠤᠯᠠᠭ᠋ᠠᠨᠰᠤᠬᠠᠢ ᠵᠢᠨ ᠰᠠᠪᠠ ᠭᠠᠵᠠᠷ ᠪᠠ ᠬᠣᠷᠴᠢᠨ᠎ᠤ ᠲᠠᠯ᠎ᠠ ᠨᠤᠲᠤᠭ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠶᠡᠷᠦᠩᠬᠡᠶ᠋ᠢᠯᠡᠨ ᠵᠠᠰᠠᠬᠤ ᠲᠥᠷᠥᠯ ᠵᠦᠶᠯ᠎ᠢ ᠲᠦᠷᠭᠡᠳᠬᠡᠨ ᠠᠬᠢᠭᠤᠯᠵᠤ᠂ ᠬᠠᠲᠤᠨ ᠭᠤᠤᠯ᠎ᠤᠨ ᠭᠤᠤᠯᠳᠠᠯᠭ᠎ᠠ᠎ᠲᠠᠢ ᠠᠮᠢ ᠠᠬᠤᠶ ᠵᠢᠨ ᠣᠷᠣᠨ (ᠣᠷᠳᠣᠰ) ᠪᠠ ᠤᠮᠠᠷᠠᠲᠤ ᠵᠢᠨ ᠡᠯᠡᠰᠦ ᠵᠢ ᠰᠡᠷᠭᠡᠶ᠋ᠢᠯᠡᠬᠦ ᠪᠦᠰᠡ — ᠬᠠᠲᠤᠨ ᠭᠤᠤᠯ᠎ᠤᠨ ᠭᠤᠤᠯᠳᠠᠯᠭ᠎ᠠ᠎ᠲᠠᠢ ᠠᠮᠢ ᠠᠬᠤᠶ ᠵᠢᠨ ᠣᠷᠣᠨ (ᠬᠥᠬᠡᠬᠣᠲᠠ)᠎ᠤ ᠲᠡᠦᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠵᠢᠨ ᠠᠮᠢ ᠠᠬᠤᠶ ᠵᠢ ᠵᠠᠰᠠᠨ ᠰᠡᠷᠭᠦᠭᠡᠬᠦ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠯᠠᠪᠳᠠᠭᠤᠨ ᠪᠠᠲᠤᠲᠠᠶ᠎ᠪᠠᠷ ᠠᠬᠢᠭᠤᠯᠵᠤ᠂ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠎ᠳᠤ ᠬᠦᠴᠦᠨ ᠨᠡᠮᠡᠷᠢᠯᠡᠨ᠎ᠡ᠃ ᠤᠯᠤᠰ᠎ᠤᠨ ᠭᠠᠵᠠᠷ ᠰᠢᠷᠣᠶ ᠵᠢᠨ ᠨᠣᠭᠣᠭ᠋ᠠᠷᠠᠭᠤᠯᠤᠯᠲᠠ ᠵᠢᠨ ᠣᠷᠣᠨ ᠵᠠᠶ ᠵᠢ ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢᠰᠢᠭᠤᠯᠵᠤ᠂ ᠣᠶ᠋ᠢᠵᠢᠭᠤᠯᠵᠤ ᠨᠣᠭᠣᠭ᠋ᠠᠷᠠᠭᠤᠯᠬᠤ᠎ᠳᠤ ᠬᠡᠷᠡᠭᠯᠡᠬᠦ ᠭᠠᠵᠠᠷ᠎ᠢ ᠵᠦᠶ ᠵᠣᠬᠢᠰᠲᠠᠶ ᠬᠤᠪᠢᠶᠠᠷᠢᠯᠠᠨ ᠲᠣᠭᠲᠠᠭ᠋ᠠᠵᠤ᠂ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠤᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠤᠨ᠎ᠠ᠃ ᠲᠡᠦᠬᠡ ᠵᠢᠨ ᠦᠯᠡᠳᠡᠭᠳᠡᠯ ᠠᠭᠤᠷᠬᠠᠶ ᠵᠢᠨ ᠭᠠᠵᠠᠷ᠎ᠤᠨ ᠣᠷᠴᠢᠨ ᠲᠣᠭᠣᠷᠢᠨ᠎ᠢ ᠵᠠᠰᠠᠬᠤ ᠭᠤᠷᠪᠠᠨ ᠵᠢᠯ᠎ᠤᠨ ᠲᠤᠰᠬᠠᠶ ᠠᠵᠢᠯᠯᠠᠭ᠎ᠠ ᠵᠢ ᠨᠠᠷᠢᠨ ᠬᠢᠨᠠᠮᠠᠭ᠋ᠠᠶ ᠰᠠᠶ᠋ᠢᠲᠤᠷ ᠨᠠᠶ᠋ᠢᠳᠠᠪᠤᠷᠢᠵᠢᠭᠤᠯᠵᠤ᠂ ᠦᠶᠯᠡᠳᠪᠦᠷᠢᠯᠡᠯ ᠠᠭᠤᠷᠬᠠᠶ ᠵᠢᠨ ᠭᠠᠵᠠᠷ᠎ᠤᠨ ᠣᠷᠴᠢᠨ ᠲᠣᠭᠣᠷᠢᠨ᠎ᠢ ᠵᠠᠰᠠᠬᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠲᠡᠦᠬᠡ ᠵᠢᠨ ᠦᠯᠡᠳᠡᠭᠳᠡᠯ ᠠᠭᠤᠷᠬᠠᠶ ᠵᠢ 100 ᠲᠡᠭᠰᠢ ᠳᠥᠷᠪᠡᠯᠵᠢᠨ ᠺᠢᠯᠣᠮᠧᠲᠷ᠂ ᠦᠶᠯᠡᠳᠪᠦᠷᠢᠯᠡᠯ ᠠᠭᠤᠷᠬᠠᠶ ᠵᠢ 260 ᠲᠡᠭᠰᠢ ᠳᠥᠷᠪᠡᠯᠵᠢᠨ ᠺᠢᠯᠣᠮᠧᠲᠷ ᠵᠠᠰᠠᠬᠤ ᠵᠢ ᠦᠨᠡᠨ ᠬᠦ᠌ ᠪᠠᠲᠤᠯᠠᠨ᠎ᠠ᠃ ᠲᠦᠷᠪᠡ᠎ᠳᠤ᠂ ᠨᠡᠭᠦᠷᠡᠰᠦᠲᠥ᠋ᠷᠥᠭᠴᠢ ᠵᠢ ᠤᠷᠬᠢᠯ᠎ᠳᠤ ᠭᠠᠷᠭ᠋ᠠᠬᠤ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠢ ᠢᠳᠡᠪᠬᠢᠲᠡᠢ ᠪᠥᠭᠡᠳ ᠯᠠᠪᠳᠠᠭᠤᠨ ᠵᠶ᠋ᠠᠷ ᠲᠦᠯᠬᠢᠨ ᠠᠬᠢᠭᠤᠯᠤᠨ᠎ᠠ᠃ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠪᠣᠬᠢᠷᠲᠤᠯ ᠦᠭᠡᠶ ᠬᠠᠶ᠋ᠢᠨ ᠪᠠᠶ᠋ᠢᠴᠠᠭ᠋ᠠᠬᠤ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠭᠠᠵᠠᠷ ᠰᠢᠨᠵᠢᠯᠡᠭᠡᠨ᠎ᠤ ᠠᠭᠤᠷᠬᠠᠶ ᠡᠷᠢᠬᠦ ᠰᠢᠪᠲᠤᠯᠤᠯᠲᠠ ᠬᠢᠭᠡᠳ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠣᠬᠢᠴᠠᠩᠭᠤᠶ ᠬᠥᠭᠵᠢᠯᠲᠡ ᠵᠢ ᠠᠬᠢᠭᠤᠯᠤᠨ᠎ᠠ᠃ ᠨᠡᠭᠦᠷᠡᠰᠦ᠂ ᠨᠡᠭᠦᠷᠡᠰᠦᠨ ᠳᠠᠪᠬᠤᠷᠭ᠎ᠠ ᠵᠢᠨ ᠬᠡᠢ ᠵᠢ ᠨᠢᠭᠡ ᠴᠣᠭᠴᠠᠵᠢᠭᠤᠯᠤᠨ ᠨᠡᠭᠡᠭᠡᠨ ᠠᠰᠢᠭᠯᠠᠬᠤ ᠵᠢ ᠲᠦᠷᠭᠡᠳᠬᠡᠵᠦ᠂ ᠨᠡᠭᠦᠷᠡᠰᠦ ᠵᠢ ᠠᠷᠢᠭᠤᠨ ᠴᠡᠪᠡᠷ ᠥᠨᠳᠥᠷ ᠦᠷ᠎ᠡ ᠠᠰᠢᠭᠲᠠᠢ ᠠᠰᠢᠭᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠰᠢᠨ᠎ᠡ ᠡᠨᠧᠷᠭᠢ ᠵᠢᠨ ᠠᠵᠤ ᠦᠶᠯᠡᠰ᠎ᠤᠨ ᠬᠥᠭᠵᠢᠯᠲᠡ ᠵᠢ ᠪᠥᠬᠥ ᠬᠦᠴᠦᠨ ᠵᠶ᠋ᠠᠷ ᠳᠡᠮᠵᠢᠵᠦ᠂ ᠰᠢᠨ᠎ᠡ ᠡᠨᠧᠷᠭᠢ ᠵᠢᠨ ᠭᠠᠵᠠᠷ ᠰᠢᠷᠣᠶ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠤᠷᠢᠳ ᠵᠶ᠋ᠠᠷ ᠪᠠᠲᠤᠯᠠᠨ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠣᠮᠣ ᠬᠡᠯᠪᠡᠷᠢ ᠵᠢᠨ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠬᠤ ᠬᠡᠷᠡᠯ ᠴᠡᠨᠡᠭ ᠵᠶ᠋ᠠᠷ ᠴᠠᠬᠢᠯᠭ᠋ᠠᠨ ᠭᠠᠷᠭ᠋ᠠᠬᠤ ᠲᠥᠷᠥᠯ ᠵᠦᠶᠯ᠎ᠳᠤ ᠡᠯᠡᠰᠦ ᠮᠠᠩᠬ᠎ᠠ᠂ ᠭᠣᠪᠢ ᠵᠡᠷᠭᠡ ᠠᠰᠢᠭᠯᠠᠭ᠋ᠠᠳᠤᠶ ᠭᠠᠵᠠᠷ ᠰᠢᠷᠣᠶ ᠵᠢ ᠬᠡᠷᠡᠭᠯᠡᠬᠦ ᠵᠢ ᠵᠣᠷᠢᠭᠵᠢᠭᠤᠯᠵᠤ᠂ ᠰᠢᠨ᠎ᠡ ᠡᠨᠧᠷᠭᠢ ᠵᠢᠨ ᠲᠥᠷᠥᠯ ᠵᠦᠶᠯ᠎ᠳᠤ ᠭᠠᠵᠠᠷ ᠰᠢᠷᠣᠶ ᠬᠡᠷᠡᠭᠯᠡᠬᠦ ᠨᠥᠭᠡᠴᠡ ᠵᠢ ᠰᠠᠶ᠋ᠢᠲᠤᠷ ᠬᠢᠨ᠎ᠠ᠃ ᠲᠠᠪᠤ᠎ᠳᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢᠨ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠨ᠎ᠠ᠃ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠠᠮᠢᠶᠠᠷᠤᠯᠲᠠ ᠵᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠰᠠᠨᠠᠯ᠎ᠢ ᠰᠤᠳᠤᠯᠤᠨ ᠨᠡᠶ᠋ᠢᠲᠡᠯᠡᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠡᠵᠡᠯᠡᠨ ᠬᠡᠷᠡᠭᠯᠡᠬᠦ ᠵᠢ ᠬᠢᠨᠠᠨ ᠵᠥᠪᠰᠢᠶᠡᠷᠡᠬᠦ ᠵᠢ ᠴᠢᠩᠳᠠᠯᠠᠵᠤ᠂ ᠬᠢᠵᠠᠭ᠋ᠠᠷ᠎ᠲᠠᠢ ᠠᠵᠢᠯᠯᠠᠭ᠎ᠠ ᠵᠢᠨ ᠬᠠᠮᠢᠶᠠᠷᠤᠯᠲᠠ ᠡᠵᠡᠮᠳᠡᠯ᠎ᠢ ᠴᠢᠩᠭ᠋ᠠᠳᠬᠠᠵᠤ᠂ ᠠᠮᠢ ᠠᠬᠤᠢ ᠵᠢᠨ ᠠᠮᠤᠷ ᠲᠦᠪᠰᠢᠨ᠎ᠢ ᠦᠨᠡᠨ ᠬᠦ᠌ ᠬᠠᠮᠠᠭ᠋ᠠᠯᠠᠨ᠎ᠠ᠃ ᠰᠢᠨ᠎ᠡ ᠨᠢᠭᠡᠨ ᠡᠭᠡᠯᠵᠢ ᠵᠢᠨ ᠠᠭᠤᠷᠬᠠᠶ ᠡᠷᠢᠬᠦ ᠰᠢᠪᠲᠤᠯᠤᠯᠲᠠ ᠵᠢᠨ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂ ᠨᠡᠭᠦᠷᠡᠰᠦ᠂ ᠬᠣᠪᠣᠷ ᠰᠢᠷᠣᠶ ᠵᠡᠷᠭᠡ ᠡᠨᠧᠷᠭᠢ ᠵᠢᠨ ᠡᠬᠢ ᠪᠠᠶᠠᠯᠢᠭ᠎ᠤᠨ 16 ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠬᠣᠪᠣᠷ ᠰᠢᠷᠣᠶ ᠵᠡᠷᠭᠡ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠴᠢᠨᠠᠷᠲᠠᠶ ᠨᠡᠭᠡᠭᠡᠨ ᠠᠰᠢᠭᠯᠠᠬᠤ ᠵᠢ ᠨᠡᠮᠡᠭᠳᠡᠭᠦᠯᠵᠦ᠂ ᠴᠢᠬᠤᠯᠠ ᠡᠨᠧᠷᠭᠢ ᠪᠣᠯᠤᠨ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠡᠬᠢ ᠪᠠᠶᠠᠯᠢᠭ᠎ᠤᠨ ᠠᠶᠤᠯᠭᠦᠢ ᠪᠠᠢ᠌ᠬᠤ ᠵᠢ ᠬᠦᠴᠦᠲᠡᠶ ᠪᠠᠲᠤᠯᠠᠨ᠎ᠠ᠃ ᠵᠢᠷᠭᠤᠭ᠎ᠠ᠎ᠳᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢᠨ ᠪᠠᠲᠤᠯᠠᠭ᠎ᠠ ᠵᠢᠨ ᠰᠢᠰᠲ᠋ᠧᠮ᠎ᠢ ᠪᠦᠷᠢᠨᠰᠢᠭᠦᠯᠦᠨ᠎ᠡ᠃ ᠠᠷᠠᠳ᠎ᠤᠨ ᠨᠡᠶ᠋ᠢᠲᠡ ᠵᠢᠨ ᠥᠮᠴᠢᠯᠡᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠥᠷᠥᠩᠭᠡ ᠵᠢᠨ ᠥᠮᠴᠢᠯᠡᠬᠦ ᠡᠷᠬᠡ ᠵᠢᠨ ᠨᠠᠶ᠋ᠢᠳᠠᠨ ᠣᠷᠣᠯᠠᠭᠤᠯᠬᠤ ᠵᠣᠬᠢᠴᠠᠮᠵᠢ ᠵᠢᠨ ᠲᠤᠷᠰᠢᠯᠲᠠ ᠵᠢ ᠦᠷᠭᠦᠯᠵᠢᠯᠡᠨ ᠠᠬᠢᠭᠤᠯᠵᠤ᠂ ᠡᠳ᠋ ᠬᠥᠷᠥᠩᠭᠡ ᠵᠢ ᠢᠯᠭ᠋ᠠᠷᠠᠭᠤᠯᠤᠨ ᠪᠠᠶ᠋ᠢᠴᠠᠭ᠋ᠠᠵᠤ ᠪᠦᠷᠢᠳᠬᠡᠨ ᠲᠣᠭ᠋ᠠᠴᠠᠭ᠎ᠠ ᠬᠢᠬᠦ ᠠᠵᠢᠯ᠎ᠢ ᠡᠮᠬᠢ ᠵᠢᠷᠤᠮ᠎ᠲᠠᠢ ᠠᠬᠢᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠲᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠦᠨ᠎ᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠨ ᠭᠠᠵᠠᠷ᠎ᠢ ᠬᠠᠮᠠᠭ᠋ᠠᠯᠠᠬᠤ ᠲᠦᠷᠢᠮ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢᠨ ᠲᠦᠷᠢᠮ》 ᠵᠡᠷᠭᠡ᠎ᠳᠤ ᠬᠠᠤᠯᠢ ᠲᠣᠭᠲᠠᠭ᠋ᠠᠨ ᠵᠠᠰᠠᠪᠤᠷᠢ ᠣᠷᠣᠭᠤᠯᠬᠤ ᠵᠢ ᠠᠬᠢᠭᠤᠯᠵᠤ᠂ ᠬᠠᠮᠤᠭ᠎ᠤᠨ ᠴᠢᠩᠭ᠎ᠠ ᠲᠦᠷᠢᠮ᠂ ᠬᠠᠮᠤᠭ᠎ᠤᠨ ᠴᠢᠩᠭ᠎ᠠ ᠬᠠᠤᠯᠢᠵᠢᠯ ᠵᠶ᠋ᠠᠷ ᠪᠠᠶ᠋ᠢᠭ᠋ᠠᠯᠢ ᠵᠢᠨ ᠡᠬᠢ ᠪᠠᠶᠠᠯᠢᠭ ᠪᠠ ᠠᠮᠢ ᠠᠬᠤᠶ ᠵᠢᠨ ᠣᠷᠴᠢᠨ ᠲᠣᠭᠣᠷᠢᠨ᠎ᠢ ᠬᠠᠮᠠᠭ᠋ᠠᠯᠠᠨ᠎ᠠ᠃ ᠤᠯᠤᠰ᠎ᠤᠨ ᠲᠥᠷᠥ ᠵᠢᠨ ᠪᠣᠳᠣᠯᠭ᠎ᠠ᠂ ᠲᠥᠷᠥᠯ ᠵᠦᠶᠯ ᠪᠠ ᠪᠠᠯᠠ ᠮᠥᠩᠭᠥ ᠵᠢᠨ ᠳᠡᠮᠵᠢᠯᠭᠡ ᠵᠢ ᠢᠳᠡᠪᠬᠢᠲᠡᠶ ᠣᠯᠵᠤ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ ᠵᠢᠨ ᠪᠠᠲᠤᠯᠠᠭ᠎ᠠ ᠵᠢᠨ ᠰᠢᠰᠲ᠋ᠧᠮ᠎ᠤᠨ 《ᠬᠠᠮ ᠠᠷᠭ᠎ᠠ ᠬᠡᠮᠵᠢᠶ᠎ᠡ》 ᠵᠢ ᠰᠠᠶ᠋ᠢᠲᠤᠷ ᠬᠢᠨ᠎ᠠ᠃
ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠰᠢᠨ᠎ᠡ ᠠᠶᠠᠨ᠎ᠳᠤ᠂ ᠪᠥᠬᠥ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠰᠲ᠋ᠧᠮ᠎ᠤᠨ᠎ᠬᠢᠨ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ 《ᠮᠣᠩᠭᠣᠯ ᠮᠣᠷᠢᠨ᠎ᠤ ᠵᠣᠷᠢᠭ ᠰᠠᠨᠠᠭ᠎ᠠ》 ᠪᠣᠯᠤᠨ 《ᠤᠮᠠᠷᠠᠲᠤ ᠵᠢᠨ ᠭᠤᠷᠪᠠᠨ ᠣᠷᠣᠨ》᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠶᠴᠡᠳᠬᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠳᠤᠮᠳᠠ 《ᠭᠤᠷᠪᠠ ᠵᠢ ᠣᠶ᠋ᠢᠯᠠᠭ᠋ᠠᠬᠤ》 ᠵᠢ ᠴᠢᠷᠮᠠᠶ᠋ᠢᠨ ᠦᠶᠯᠡᠳᠦᠯᠭᠡᠵᠢᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠥᠬᠥ ᠲᠠᠯ᠎ᠠ᠎ᠪᠠᠷ ᠪᠡᠬᠢᠵᠢᠭᠦᠯᠵᠦ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ᠎ᠳᠤ ᠬᠦᠴᠦᠨ ᠴᠢᠳᠠᠯ ᠵᠶ᠋ᠠᠨ ᠡᠷᠭᠦᠨ᠎ᠡ᠃