ᠥᠪᠥᠷ ᠮᠣᠩᠭᠣᠯ ᠪᠣᠯ ᠮᠠᠨ᠎ᠤ ᠤᠯᠤᠰ᠎ᠤᠨ ᠤᠮᠠᠷᠠᠲᠤ ᠵᠢᠨ ᠲᠠᠯᠠᠪᠠᠶ᠎ᠪᠠᠷ ᠬᠠᠮᠤᠭ᠎ᠤᠨ ᠶᠡᠬᠡ᠂ ᠲᠥᠷᠥᠯ ᠵᠦᠢ᠍ᠯ ᠵᠶ᠋ᠠᠷ ᠬᠠᠮᠤᠭ᠎ᠤᠨ ᠪᠦᠷᠢᠨ ᠠᠮᠢ ᠠᠬᠤᠶ ᠵᠢᠨ ᠴᠢᠳᠠᠮᠵᠢᠳᠤ ᠣᠷᠣᠨ ᠪᠣᠯᠤᠨ᠎ᠠ᠃ ᠤᠢ᠍ᠢ᠍ᠷ᠎ᠠ ᠵᠢᠨ ᠵᠢᠯ᠎ᠠᠴᠠ᠂ ᠥᠪᠥᠷ ᠮᠣᠩᠭᠣᠯ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠬᠥᠭᠥᠷᠭᠡᠨ ᠪᠡᠬᠢᠯᠡᠯᠲᠡ》 ᠵᠢᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢ ᠲᠣᠭᠲᠠᠭ᠋ᠠᠯᠲᠠ ᠵᠢᠨ ᠲᠣᠭᠣᠷᠢᠨ᠎ᠳᠤ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠪᠠᠶ᠋ᠢᠯᠳᠤᠬᠤ ᠪᠤᠳᠤᠯᠭ᠎ᠠ ᠵᠢᠨ ᠲᠣᠭᠲᠠᠯ ᠬᠦᠴᠦᠨ ᠵᠶ᠋ᠠᠨ ᠢᠮᠠᠭᠲᠠ ᠪᠠᠲᠤᠯᠠᠵᠤ᠂ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠎ᠢ ᠬᠠᠮᠠᠭ᠋ᠠᠯᠠᠬᠤ ᠴᠢᠬᠤᠯᠠ ᠶᠡᠬᠡ ᠤᠯᠤᠰ ᠲᠦᠷᠦ ᠵᠢᠨ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠂ ᠰᠠᠶ᠋ᠢᠲᠤᠷ ᠭᠦᠢ᠍ᠴᠡᠳᠬᠡᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠵᠡᠢ᠃
2023 ᠣᠨ᠎ᠤ 10 ᠳ᠋ᠤᠭ᠋ᠠᠷ ᠰᠠᠷ᠎ᠠ᠎ᠳᠤ᠂ 《ᠥᠪᠥᠷ ᠮᠣᠩᠭᠣᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 (ᠳᠣᠷᠣᠭᠰᠢ 《ᠰᠠᠨᠠᠯ》 ᠭᠡᠵᠦ ᠳᠥᠭᠥᠮᠴᠢᠯᠡᠨ᠎ᠡ)᠎ᠢ ᠨᠡᠶ᠋ᠢᠲᠡᠯᠡᠪᠡ᠂ ᠡᠭᠦᠨ᠎ᠳᠤ 《ᠠᠭᠤᠷᠬᠠᠶ ᠵᠢᠨ ᠣᠷᠣᠨ᠎ᠢ ᠵᠠᠰᠠᠵᠤ ᠰᠡᠷᠭᠦᠭᠡᠬᠦ ᠵᠢ ᠴᠢᠩᠭ᠋ᠠᠳᠬᠠᠨ᠎ᠠ》 ᠭᠡᠵᠦ ᠳᠤᠷᠠᠳᠴᠤ᠂ ᠥᠪᠥᠷ ᠮᠣᠩᠭᠣᠯ᠎ᠤᠨ ᠬᠣᠶ᠋ᠢᠰᠢᠳᠠ ᠵᠢᠨ ᠦᠢ᠍ᠯᠡᠳᠪᠦᠷᠢᠯᠡᠯ ᠠᠭᠤᠷᠬᠠᠶ ᠵᠢᠨ ᠠᠮᠢ ᠠᠬᠤᠶ ᠵᠢ ᠵᠠᠰᠠᠵᠤ ᠰᠡᠷᠭᠦᠭᠡᠬᠦ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠂ ᠠᠭᠤᠷᠬᠠᠶ ᠵᠢᠨ ᠣᠷᠣᠨ᠎ᠤ ᠭᠠᠵᠠᠷ ᠰᠢᠷᠣᠶ ᠵᠢ ᠬᠡᠪᠴᠢᠶᠡᠵᠢᠭᠦᠯᠦᠨ ᠶᠡᠷᠦᠩᠬᠡᠶ᠋ᠢᠯᠡᠨ ᠵᠠᠰᠠᠬᠤ᠂ ᠬᠥᠷᠰᠢ ᠵᠡᠷᠭᠡᠯᠡᠳᠡᠭᠡ ᠠᠭᠤᠷᠬᠠᠶ ᠵᠢᠨ ᠠᠵᠤ ᠠᠬᠤᠶ᠋ᠢᠯᠠᠯ᠎ᠤᠨ ᠲᠥᠪᠯᠡᠷᠡᠨ ᠵᠠᠯᠭ᠋ᠠᠯᠳᠤᠵᠤ ᠶᠡᠷᠦᠩᠬᠡᠶ᠋ᠢᠯᠡᠨ ᠵᠠᠰᠠᠬᠤ᠂ ᠲᠡᠦᠬᠡ ᠵᠢᠨ ᠦᠯᠡᠳᠡᠭᠳᠡᠯ ᠠᠭᠤᠷᠬᠠᠶ ᠵᠢᠨ ᠠᠮᠢ ᠠᠬᠤᠶ ᠵᠢ ᠵᠠᠰᠠᠵᠤ ᠰᠡᠷᠭᠦᠭᠡᠬᠦ ᠵᠡᠷᠭᠡ᠎ᠳᠤ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠪᠠ ᠳᠡᠮᠵᠢᠯᠭᠡ ᠬᠠᠩᠭ᠋ᠠᠪᠠ᠃
ᠲᠠᠢ᠌ᠯᠤᠮᠵᠢ —
ᠠᠭᠤᠷᠬᠠᠢ ᠵᠢᠨ ᠣᠷᠣᠨ᠎ᠢ ᠵᠠᠰᠠᠵᠤ ᠰᠡᠷᠭᠦᠭᠡᠬᠦ ᠵᠢ ᠴᠢᠩᠭ᠋ᠠᠳᠬᠠᠬᠤ᠎ᠳᠤ ᠬᠡᠷᠬᠢᠨ ᠠᠵᠢᠯᠯᠠᠬᠤ ᠪᠤᠢ?
《ᠥᠪᠥᠷ ᠮᠣᠩᠭᠣᠯ᠎ᠳᠤ ᠠᠪᠴᠤ ᠬᠡᠯᠡᠪᠡᠯ᠂ ᠪᠠᠶ᠋ᠢᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠡᠬᠢ ᠪᠠᠶᠠᠯᠢᠭ᠎ᠤᠨ ᠬᠡᠯᠪᠡᠷᠢ ᠵᠢᠨ ᠭᠠᠵᠠᠷ ᠣᠷᠣᠨ᠎ᠤ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ᠎ᠢ ᠰᠦᠪᠡᠭᠴᠢᠯᠡᠬᠦ ᠪᠣᠯ ᠴᠢᠨᠠᠷ ᠰᠠᠶ᠋ᠢᠲᠠᠢ ᠬᠥᠭᠵᠢᠯᠲᠡ ᠵᠢᠨ ᠴᠠᠭ ᠦᠶ᠎ᠡ ᠵᠢᠨ ᠠᠰᠠᠭᠤᠯᠲᠠ ᠵᠢᠨ ᠬᠠᠭᠤᠳᠠᠰᠤ ᠵᠢ ᠰᠠᠶ᠋ᠢᠲᠤᠷ ᠬᠠᠷᠢᠭᠤᠯᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠪᠣᠯᠤᠨ᠎ᠠ᠃ ᠭᠠᠵᠠᠷ ᠣᠷᠣᠨ᠎ᠤ ᠡᠬᠢ ᠪᠠᠶᠠᠯᠢᠭ᠎ᠤᠨ ᠣᠨᠴᠠᠯᠢᠭ᠂ ᠳᠠᠪᠠᠭᠤᠯᠢᠭ ᠪᠣᠯᠤᠨ ᠣᠨᠴᠠᠯᠢᠭᠲᠤ ᠰᠠᠭᠤᠷᠢᠯᠠᠵᠤ᠂ ᠴᠥᠬᠥᠷᠡᠰᠢ ᠦᠭᠡᠢ᠎ᠪᠠᠷ ᠰᠠᠭᠤᠷᠢ ᠲᠠᠯᠪᠢᠵᠤ᠂ ᠠᠯᠤᠰ ᠬᠡᠳᠤ ᠵᠢ ᠰᠦᠪᠡᠭᠴᠢᠯᠡᠵᠦ᠂ ᠴᠠᠭ ᠦᠶ᠎ᠡ ᠵᠢ᠎ᠲᠠᠭᠠᠨ ᠪᠦᠬᠦ ᠲᠠᠯ᠎ᠠ᠎ᠪᠠᠷ ᠤᠷᠤᠭᠰᠢᠯᠠᠵᠤ ᠡᠬᠢ ᠪᠠᠶᠠᠯᠢᠭ᠎ᠤᠨ ᠬᠡᠯᠪᠡᠷᠢ ᠵᠢᠨ ᠭᠠᠵᠠᠷ ᠣᠷᠣᠨ᠎ᠤ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ᠎ᠢ ᠬᠠᠶ᠋ᠢᠨ ᠰᠦᠪᠡᠭᠴᠢᠯᠡᠵᠦ᠂ ᠠᠭᠤᠷᠬᠠᠢ ᠵᠢᠨ ᠣᠷᠣᠨ᠎ᠢ ᠵᠠᠰᠠᠵᠤ ᠰᠡᠷᠭᠦᠭᠡᠬᠦ ᠪᠣᠯ ᠲᠡᠭᠦᠨ᠎ᠤ ᠳᠣᠲᠣᠷᠠᠬᠢ ᠴᠢᠬᠤᠯᠠ ᠭᠣᠭᠴᠣᠭ᠎ᠠ ᠪᠣᠯᠤᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠠᠮᠢ ᠠᠬᠤᠢ ᠵᠢ ᠰᠡᠷᠭᠦᠭᠡᠬᠦ ᠭᠠᠵᠠᠷ᠎ᠤᠨ ᠳᠠᠷᠤᠭ᠎ᠠ ᠸᠠᠩ ᠯᠢ ᠵᠢᠶᠦ᠋ᠨ ᠬᠡᠯᠡᠪᠡ᠃
ᠠᠭᠤᠷᠬᠠᠢ ᠵᠢᠨ ᠣᠷᠣᠨ᠎ᠢ ᠵᠠᠰᠠᠵᠤ ᠰᠡᠷᠭᠦᠭᠡᠬᠦ ᠵᠢ ᠴᠢᠩᠭ᠋ᠠᠳᠬᠠᠵᠤ᠂ ᠤᠷᠢᠳᠠᠪᠠᠷ ᠲᠥᠯᠥᠪᠵᠢᠭᠦᠯᠦᠨ᠎ᠡ᠃ ᠥᠪᠥᠷ ᠮᠣᠩᠭᠣᠯ ᠨᠢᠭᠡᠳᠦᠯᠲᠡᠶ ᠲᠥᠯᠥᠪᠵᠢᠭᠦᠯᠬᠦ ᠵᠢ ᠪᠠᠷᠢᠮᠲᠠᠯᠠᠵᠤ᠂ ᠤᠯᠤᠰ᠎ᠤᠨ ᠭᠠᠵᠠᠷ ᠰᠢᠷᠤᠢ ᠵᠢᠨ ᠣᠷᠣᠨ ᠵᠠᠶ ᠵᠢᠨ ᠠᠮᠢ ᠠᠬᠤᠶ ᠵᠢ ᠵᠠᠰᠠᠨ ᠰᠡᠷᠭᠦᠭᠡᠬᠦ ᠰᠢᠨ᠎ᠡ ᠪᠠᠶ᠋ᠢᠷᠢᠰᠢᠯ᠎ᠢ ᠪᠠᠶ᠋ᠢᠭᠤᠯᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠠᠮᠢ ᠠᠬᠤᠶ ᠵᠢ ᠵᠠᠰᠠᠨ ᠰᠡᠷᠭᠦᠭᠡᠬᠦ ᠲᠥᠯᠥᠪᠵᠢᠭᠦᠯᠭᠡ (2021 — 2035 ᠣᠨ)》᠎ᠳᠤ ᠵᠠᠰᠠᠪᠤᠷᠢ ᠣᠷᠣᠭᠤᠯᠤᠨ ᠨᠠᠶ᠋ᠢᠷᠠᠭᠤᠯᠬᠤ ᠵᠢ ᠲᠦᠷᠭᠡᠳᠬᠡᠵᠦ᠂ 《ᠨᠡᠶ᠋ᠢᠭᠡᠮ᠎ᠤᠨ ᠬᠥᠷᠥᠩᠭᠡ ᠵᠢ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠠᠵᠢᠯ᠎ᠳᠤ ᠣᠷᠣᠯᠴᠠᠭᠤᠯᠬᠤ ᠵᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠶ ᠬᠡᠷᠡᠭᠵᠢᠭᠦᠯᠬᠦ ᠰᠠᠨᠠᠯ》᠎ᠢ ᠨᠠᠷᠢᠯᠢᠬ᠍ᠵᠢᠭᠤᠯᠤᠨ ᠨᠠᠶ᠋ᠢᠳᠠᠪᠤᠷᠢᠵᠢᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡᠨ᠎ᠠᠴᠠ ᠦᠯᠡᠳᠡᠭᠳᠡᠵᠦ ᠢᠷᠡᠭᠰᠡᠨ ᠠᠭᠤᠷᠬᠠᠶ ᠵᠢᠨ ᠠᠮᠢ ᠠᠬᠤᠶ ᠵᠢ ᠵᠠᠰᠠᠨ ᠰᠡᠷᠭᠦᠭᠡᠬᠦ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ (2023—2025 ᠣᠨ)》᠎ᠳᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦ᠎ᠪᠠᠨ ᠲᠥᠪᠯᠡᠷᠡᠭᠦᠯᠵᠦ᠂ ᠣᠷᠳᠣ ᠬᠤᠭᠤᠴᠠᠭ᠋ᠠᠨ᠎ᠤ ᠶᠡᠷᠦᠩᠬᠡᠶ ᠲᠥᠯᠥᠪᠵᠢᠭᠦᠯᠭᠡ ᠵᠢᠨ ᠶᠡᠷᠦᠩᠬᠡᠶ ᠬᠥᠲᠥᠯᠪᠦᠷᠢ᠎ᠠᠴᠠ ᠣᠶ᠋ᠢᠷ᠎ᠠ ᠵᠢᠨ ᠬᠤᠭᠤᠴᠠᠭ᠋ᠠᠨ᠎ᠤ ᠭᠤᠤᠯᠳᠠᠯᠭ᠎ᠠ᠎ᠲᠠᠢ ᠲᠤᠰᠬᠠᠶ ᠵᠦᠢ᠍ᠯ ᠬᠦᠷᠲᠡᠯ᠎ᠡ᠂ ᠠᠮᠢ ᠠᠬᠤᠶ ᠵᠢ ᠵᠠᠰᠠᠨ ᠰᠡᠷᠭᠦᠭᠡᠬᠦ ᠡᠭᠦᠷᠭᠡ ᠵᠢᠨ ᠪᠠᠶ᠋ᠢᠷᠢᠰᠢᠭᠤᠯᠤᠯᠲᠠ᠎ᠠᠴᠠ ᠣᠷᠣᠭᠤᠯᠤᠯᠲᠠ ᠵᠢᠨ ᠲᠣᠭᠲᠠᠴᠠ ᠵᠢᠨ ᠵᠠᠭᠪᠤᠷ᠎ᠢ ᠰᠢᠯᠢᠳᠡᠭᠵᠢᠭᠦᠯᠬᠦ ᠬᠦᠷᠲᠡᠯ᠎ᠡ᠂ ᠲᠥᠯᠥᠪᠵᠢᠭᠦᠯᠭᠡ ᠵᠢᠨ ᠲᠦᠷᠢᠮ ᠵᠶ᠋ᠠᠷ ᠪᠣᠶ ᠪᠥᠬᠥᠶ ᠤᠯᠤᠰ᠎ᠤᠨ ᠭᠠᠵᠠᠷ ᠰᠢᠷᠣᠶ ᠵᠢᠨ ᠣᠷᠣᠨ ᠵᠠᠢ ᠵᠢᠨ ᠠᠮᠢ ᠠᠬᠤᠢ ᠵᠢ ᠰᠡᠷᠭᠦᠭᠡᠬᠦ ᠠᠵᠢᠯ᠎ᠢ ᠶᠡᠷᠦᠩᠬᠡᠢ᠌ᠯᠡᠨ ᠵᠢᠯᠤᠭᠤᠳᠪᠠ᠃
《ᠠᠭᠤᠷᠬᠠᠶ ᠵᠢᠨ ᠦᠢ᠍ᠯᠡᠳᠪᠦᠷᠢᠯᠡᠭᠴᠢ ᠵᠢ ᠰᠢᠮᠳᠠᠭᠤᠯᠤᠨ ᠠᠭᠤᠷᠬᠠᠶ ᠵᠢᠨ ᠭᠠᠵᠠᠷ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠬᠢᠭᠡᠳ ᠰᠡᠷᠭᠦᠭᠡᠨ ᠵᠠᠰᠠᠬᠤ ᠪᠠ ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠬᠤ ᠡᠭᠦᠷᠭᠡ ᠵᠢ ᠪᠥᠬᠥ ᠲᠠᠯ᠎ᠠ᠎ᠪᠠᠷ ᠭᠦᠢ᠍ᠴᠡᠳᠭᠡᠯᠭᠡᠵᠤ᠂ ᠡᠬᠢ ᠪᠠᠶᠠᠯᠢᠭ᠎ᠤᠨ ᠬᠡᠯᠪᠡᠷᠢ ᠵᠢᠨ ᠠᠵᠤ ᠠᠬᠤᠶ᠋ᠢᠯᠠᠯ᠎ᠤᠨ ᠠᠮᠢ ᠠᠬᠤᠶ ᠣᠷᠴᠢᠨ ᠲᠣᠭᠣᠷᠢᠨ᠎ᠢ ᠰᠡᠷᠭᠦᠭᠡᠨ ᠵᠠᠰᠠᠬᠤ ᠬᠠᠷᠢᠭᠤᠴᠠᠯᠭ᠎ᠠ ᠪᠠ ᠨᠡᠶ᠋ᠢᠭᠡᠮ᠎ᠤᠨ ᠬᠠᠷᠢᠭᠤᠴᠠᠯᠭ᠎ᠠ ᠵᠢ ᠴᠢᠩᠭ᠋ᠠᠷᠠᠭᠤᠯᠤᠨ᠂ ᠭᠤᠷᠪᠠᠳᠠᠬᠢ ᠡᠲᠡᠭᠡᠳ᠎ᠠᠴᠠ ᠵᠠᠰᠠᠬᠤ ᠵᠠᠭᠪᠤᠷ᠎ᠢ ᠰᠦᠪᠡᠭᠴᠢᠯᠡᠨ ᠳᠡᠮᠵᠢᠬᠦ ᠬᠡᠷᠡᠭᠲᠡᠶ; ᠨᠥᠬᠥᠴᠡᠯ ᠪᠦᠷᠢᠯᠳᠦᠭᠦᠯᠦᠭᠰᠡᠨ ᠠᠭᠤᠷᠬᠠᠶ ᠵᠢᠨ ᠣᠷᠣᠨ᠎ᠤ ᠭᠠᠵᠠᠷ ᠰᠢᠷᠣᠶ ᠵᠢ ᠬᠡᠪᠴᠢᠶᠡᠵᠢᠭᠦᠯᠦᠨ ᠶᠡᠷᠦᠩᠬᠡᠶ᠋ᠢᠯᠡᠨ ᠵᠠᠰᠠᠬᠤ ᠠᠵᠢᠯ ᠥᠷᠨᠢᠭᠦᠯᠬᠦ ᠵᠢ ᠵᠣᠷᠢᠭᠵᠢᠭᠤᠯᠵᠤ᠂ ᠬᠥᠷᠰᠢ ᠵᠡᠷᠭᠡᠯᠡᠳᠡᠭᠡ ᠠᠭᠤᠷᠬᠠᠶ ᠵᠢᠨ ᠠᠵᠤ ᠠᠬᠤᠶ᠋ᠢᠯᠠᠯ᠎ᠤᠳ ᠲᠥᠪᠯᠡᠷᠡᠨ ᠵᠠᠯᠭ᠋ᠠᠯᠳᠤᠵᠤ ᠶᠡᠷᠦᠩᠬᠡᠶ᠋ᠢᠯᠡᠨ ᠵᠠᠰᠠᠬᠤ ᠵᠢ ᠬᠡᠷᠡᠭᠵᠢᠭᠦᠯᠦᠨ᠎ᠡ; ᠲᠡᠦᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠵᠢᠨ ᠠᠮᠢ ᠠᠬᠤᠶ ᠵᠢ ᠰᠡᠷᠭᠦᠭᠡᠬᠦ᠎ᠳᠤ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠣᠷᠣᠭᠤᠯᠤᠯᠲᠠ᠎ᠪᠠᠨ ᠨᠡᠮᠡᠭᠳᠡᠭᠦᠯᠵᠦ᠂ ᠨᠡᠶ᠋ᠢᠭᠡᠮ᠎ᠤᠨ ᠬᠥᠷᠥᠩᠭᠡ ᠵᠢᠨ ᠣᠷᠣᠯᠴᠠᠬᠤ ᠵᠢᠨ ᠬᠠᠮᠲᠤ ᠵᠦᠢ ᠵᠣᠬᠢᠰᠲᠠᠶ ᠬᠠᠷᠢᠭᠤ ᠣᠯᠬᠤ ᠵᠢ ᠵᠣᠷᠢᠭᠵᠢᠭᠤᠯᠤᠨ ᠳᠡᠮᠵᠢᠵᠦ᠂ ᠠᠭᠤᠷᠬᠠᠶ ᠵᠢᠨ ᠣᠷᠣᠨ᠎ᠢ ᠵᠠᠰᠠᠵᠤ ᠰᠡᠷᠭᠦᠭᠡᠬᠦ ᠬᠦᠴᠦᠷᠬᠡᠭ ᠶᠡᠬᠡ ᠨᠡᠶ᠋ᠢᠯᠡᠮᠡᠯ ᠬᠦᠴᠦᠨ᠎ᠢ ᠪᠣᠶ ᠪᠣᠯᠭ᠋ᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠰᠡᠳᠬᠦᠯ᠎ᠤᠨ ᠬᠣᠷᠢᠶᠠᠨ᠎ᠤ ᠳᠡᠳ᠋ ᠰᠤᠳᠤᠯᠤᠭᠴᠢ ᠮᠠᠤ ᠸᠧᠢ ᠬᠤᠸᠠ ᠬᠡᠯᠡᠪᠡ᠃
ᠬᠥᠳᠡᠯᠬᠦ —
ᠰᠡᠷᠭᠦᠭᠡᠨ ᠵᠠᠰᠠᠬᠤ ᠠᠬᠢᠴᠠ ᠵᠢ ᠲᠦᠷᠭᠡᠳᠬᠡᠵᠦ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠨ᠎ᠠ
ᠣᠳᠣᠬᠠᠨ᠎ᠳᠤ᠂ ᠥᠪᠥᠷ ᠮᠣᠩᠭᠣᠯ᠎ᠤᠨ ᠰᠢᠯᠢ ᠵᠢᠨ ᠭᠣᠣᠯ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠺᠣᠮᠫᠠᠨᠢ ᠵᠢᠨ ᠬᠡᠰᠡᠭ ᠠᠭᠤᠯᠠ ᠵᠢᠨ ᠡᠮᠦᠨᠡᠬᠢ ᠵᠠᠳᠠᠭ᠋ᠠᠢ ᠨᠡᠭᠦᠷᠡᠰᠦᠨ ᠠᠭᠤᠷᠬᠠᠢ ᠵᠢᠨ ᠡᠮᠦᠨ᠎ᠡ ᠲᠠᠯ᠎ᠠ ᠵᠢᠨ ᠰᠢᠷᠣᠢ ᠵᠢᠨ ᠲᠠᠯᠠᠪᠠᠢ ᠮᠥᠩᠭᠥᠨ ᠴᠠᠭ᠋ᠠᠨ ᠵᠶ᠋ᠠᠷ ᠬᠤᠴᠢᠭᠳᠠᠵᠤ᠂ ᠨᠡᠯᠦᠭᠡᠷ ᠴᠠᠭ᠋ᠠᠨ ᠬᠠᠷᠠᠭᠳᠠᠨ᠎ᠠ᠃ 《ᠡᠨᠡ ᠵᠢᠯ ᠪᠢᠳᠡ ᠭᠤᠤᠯᠳᠠᠭᠤ ᠡᠮᠦᠨ᠎ᠡ ᠲᠠᠯ᠎ᠠ ᠵᠢᠨ ᠰᠢᠷᠣᠶ ᠭᠠᠳᠠᠭᠰᠢᠯᠠᠭᠤᠯᠬᠤ ᠲᠠᠯᠠᠪᠠᠶ᠎ᠳᠤ ᠰᠢᠷᠣᠶ ᠳᠠᠷᠤᠨ ᠬᠡᠯᠪᠡᠷᠢᠵᠢᠭᠦᠯᠦᠯᠵᠦ᠂ ᠭᠤᠤᠷᠰᠤ ᠳᠠᠷᠤᠰᠢᠭᠤᠯᠬᠤ ᠮᠠᠶᠢᠭ᠎ᠤᠨ ᠵᠠᠰᠠᠯᠲᠠ ᠵᠢ ᠥᠷᠨᠢᠭᠦᠯᠵᠦ᠂ ᠵᠠᠳᠠᠭ᠋ᠠᠶ ᠠᠭᠤᠷᠬᠠᠶ ᠮᠠᠯᠲᠠᠬᠤ ᠪᠠ ᠠᠮᠢ ᠠᠬᠤᠶ ᠵᠢᠨ ᠬᠠᠮᠠᠭ᠋ᠠᠯᠠᠯᠲᠠ ᠵᠢ ᠨᠢᠭᠡ ᠴᠣᠭᠴᠠᠵᠢᠭᠤᠯᠬᠤ ᠪᠥᠲᠥᠭᠡᠨ ᠪᠠᠶ᠋ᠢᠭᠤᠯᠤᠯᠲᠠ ᠵᠢ ᠵᠡᠷᠭᠡ᠎ᠪᠠᠷ ᠶᠠᠪᠤᠭᠳᠠᠭᠤᠯᠪᠠ᠃ ᠺᠣᠮᠫᠠᠨᠢ ᠵᠢᠨ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠰᠠᠯᠠᠭ᠋ᠠᠨ᠎ᠤ ᠳᠠᠷᠤᠭ᠎ᠠ ᠸᠠᠩ ᠴᠢᠤᠸᠠᠨ ᠲᠠᠨᠢᠯᠴᠠᠭᠤᠯᠬᠤ᠎ᠳᠠᠭᠠᠨ᠂ ᠣᠳᠣᠬᠠᠨ᠎ᠳᠤ ᠰᠢᠷᠣᠶ ᠭᠠᠳᠠᠭᠰᠢᠯᠠᠭᠤᠯᠬᠤ ᠲᠠᠯᠠᠪᠠᠶ ᠵᠢᠨ ᠤᠷᠭᠤᠮᠠᠯ᠎ᠤᠨ ᠬᠤᠴᠢᠯᠭ᠎ᠠ ᠵᠢᠨ ᠪᠦᠷᠬᠦᠴᠡ 85 %᠎ᠠᠴᠠ ᠳᠡᠭᠡᠭᠰᠢ ᠪᠣᠯᠵᠣ᠂ ᠵᠠᠬ᠎ᠠ ᠬᠥᠲᠥᠯ ᠲᠣᠭᠲᠠᠭᠤᠨ ᠪᠠᠶ᠋ᠢᠨ᠎ᠠ᠃
ᠣᠶ᠋ᠢᠷ᠎ᠠ ᠵᠢᠨ ᠵᠢᠯ᠎ᠠᠴᠠ ᠨᠠᠭ᠋ᠠᠰᠢ᠂ ᠰᠢᠯᠢ ᠵᠢᠨ ᠭᠤᠤᠯ ᠺᠣᠮᠫᠠᠨᠢ ᠵᠢᠨ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠢ ᠵᠠᠰᠠᠬᠤ᠎ᠳᠤ ᠬᠡᠷᠡᠭᠯᠡᠭᠰᠡᠨ ᠪᠠᠯᠠ ᠮᠥᠩᠭᠥ 3.4 ᠳ᠋ᠦᠩᠰᠢᠭᠤᠷ ᠲᠥᠭᠥᠷᠢᠭ᠎ᠲᠤ ᠬᠦᠷᠴᠦ᠂ 2639.11 ᠾᠧᠺᠲ᠋ᠠᠷ ᠲᠠᠯᠠᠪᠠᠶ ᠵᠢ ᠵᠠᠰᠠᠵᠤ᠂ ᠠᠮᠢ ᠠᠬᠤᠶ ᠣᠷᠴᠢᠨ ᠲᠣᠭᠣᠷᠢᠨ ᠦᠷᠭᠦᠯᠵᠢᠯᠡᠨ ᠰᠡᠷᠭᠦᠵᠦ᠂ ᠪᠣᠷᠣ ᠭᠥᠷᠥᠭᠡᠰᠦ᠂ ᠦᠨᠡᠭᠡ ᠵᠡᠷᠭᠡ ᠬᠡᠭᠡᠷ᠎ᠡ ᠵᠢᠨ ᠠᠮᠢᠲᠠᠨ᠎ᠤ ᠪᠠᠷ᠎ᠠ ᠰᠡᠭᠦᠳᠡᠷ ᠪᠠᠶ᠋ᠢᠨ ᠳᠠᠬᠢᠨ ᠢᠯᠡᠷᠡᠵᠦ ᠪᠠᠶ᠋ᠢᠨ᠎ᠠ᠃
ᠲᠦᠩᠯᠢᠶᠣᠤ ᠬᠣᠲᠠ᠎ᠳᠤ ᠪᠠᠶ᠋ᠢᠷᠢᠯᠠᠵᠤ ᠪᠠᠶ᠋ᠢᠭ᠎ᠠ ᠤᠯᠤᠰ᠎ᠤᠨ ᠴᠠᠬᠢᠯᠭ᠋ᠠᠨ᠎ᠤ ᠪᠠᠯᠠ ᠣᠷᠣᠭᠤᠯᠤᠯᠲᠠ ᠵᠢᠨ ᠥᠪᠥᠷ ᠮᠣᠩᠭᠣᠯ᠎ᠤᠨ ᠬᠣᠣᠯᠢᠨ ᠭᠤᠤᠯ᠎ᠤᠨ ᠵᠠᠳᠠᠭ᠋ᠠᠶ ᠨᠡᠭᠦᠷᠡᠰᠦᠨ᠎ᠤ ᠦᠢ᠍ᠯᠡᠰ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠎ᠨᠢ ᠠᠭᠤᠷᠬᠠᠶ ᠵᠢᠨ ᠠᠮᠢ ᠠᠬᠤᠶ ᠵᠢ ᠵᠠᠰᠠᠨ ᠰᠡᠷᠭᠦᠭᠡᠬᠦ ᠠᠵᠢᠯ᠎ᠢ ᠥᠷᠨᠢᠭᠦᠯᠬᠦ᠎ᠪᠠᠷ ᠳᠠᠮᠵᠢᠭᠤᠯᠤᠨ᠂ ᠠᠭᠤᠷᠬᠠᠶ ᠵᠢᠨ ᠠᠮᠢ ᠠᠬᠤᠶ ᠵᠢ ᠵᠠᠰᠠᠨ ᠰᠡᠷᠭᠦᠭᠡᠬᠦ ᠮᠡᠷᠭᠡᠵᠢᠯ᠎ᠢ ᠰᠢᠯᠢᠳᠡᠭᠵᠢᠭᠦᠯᠬᠦ᠂ ᠪᠣᠬᠢᠷᠲᠤᠯ ᠥᠬᠡᠶ ᠬᠥᠭᠵᠢᠭᠦᠯᠬᠦ ᠠᠯᠤᠰ ᠬᠡᠲᠦ ᠵᠢᠨ ᠲᠥᠯᠥᠪᠵᠢᠭᠦᠯᠭᠡ ᠵᠡᠷᠭᠡ ᠲᠠᠯ᠎ᠠ᠎ᠪᠠᠷ ᠲᠠᠰᠤᠷᠠᠯᠲᠠ ᠥᠬᠡᠶ ᠰᠢᠨ᠎ᠡ ᠵᠢ ᠡᠭᠦᠳᠦᠨ ᠰᠢᠪᠲᠤᠯᠤᠯᠲᠠ ᠬᠢᠵᠦ᠂ ᠬᠠᠷᠢᠶ᠎ᠠ ᠵᠠᠳᠠᠭ᠋ᠠᠶ ᠨᠡᠭᠦᠷᠡᠰᠦᠨ ᠠᠭᠤᠷᠬᠠᠶ ᠵᠢᠨ ᠠᠮᠢ ᠠᠬᠤᠶ ᠵᠢ ᠵᠠᠰᠠᠨ ᠰᠡᠷᠭᠦᠭᠡᠬᠦ ᠵᠢ ᠨᠡᠶ᠋ᠢᠲᠡ 7.5 ᠲᠦᠮᠡᠨ ᠮᠥ᠍ ᠪᠡᠶᠡᠯᠡᠭᠦᠯᠵᠦ᠂ 16.9 ᠳ᠋ᠦᠩᠰᠢᠭᠤᠷ ᠲᠥᠭᠥᠷᠢᠭ᠎ᠤᠨ ᠪᠠᠯᠠ ᠮᠥᠩᠭᠥ ᠣᠷᠣᠭᠤᠯᠪᠠ᠃
《ᠪᠢᠳᠡ 〈ᠨᠢᠭᠡ ᠵᠢᠯ᠎ᠳᠤ ᠶᠡᠬᠡ᠎ᠪᠠᠷ ᠬᠤᠪᠢᠷᠠᠯᠲᠠ ᠭᠠᠷᠭ᠋ᠠᠵᠤ᠂ ᠭᠤᠷᠪᠠᠨ ᠵᠢᠯ᠎ᠳᠤ ᠲᠤᠶ᠋ᠢᠯᠪᠤᠷᠢᠲᠠᠶ ᠴᠡᠭᠴᠡᠯᠡᠨ ᠰᠠᠶ᠋ᠢᠵᠢᠷᠠᠭᠤᠯᠬᠤ〉 ᠠᠵᠢᠯ᠎ᠤᠨ ᠬᠠᠷᠠᠯᠲᠠ᠎ᠪᠠᠨ ᠤᠷᠢᠳᠴᠢᠯᠠᠨ ᠪᠡᠶᠡᠯᠡᠭᠦᠯᠪᠡ᠂ ᠡᠨᠡ ᠵᠢᠯ ᠵᠠᠰᠠᠨ ᠰᠡᠷᠭᠦᠭᠡᠬᠦ ᠠᠵᠢᠯ᠎ᠤᠨ ᠡᠷᠴᠢᠮ᠎ᠢ ᠰᠤᠯᠠᠷᠠᠭᠤᠯᠬᠤ ᠥᠬᠡᠶ᠂ ᠪᠠᠷᠢᠮᠵᠢᠶ᠎ᠠ ᠵᠢ ᠪᠠᠭᠤᠷᠠᠭᠤᠯᠬᠤ ᠥᠬᠡᠶ ᠪᠠᠶ᠋ᠢᠵᠤ᠂ ᠰᠢᠨ᠎ᠡ᠎ᠪᠠᠷ ᠨᠡᠮᠡᠭᠳᠡᠬᠦ ᠠᠭᠤᠷᠬᠠᠶ ᠵᠢᠨ ᠠᠮᠢ ᠠᠬᠤᠶ ᠵᠢᠨ ᠵᠠᠰᠠᠨ ᠰᠡᠷᠭᠦᠭᠡᠬᠦ ᠲᠠᠯᠠᠪᠠᠶ ᠵᠢ 1 ᠲᠦᠮᠡᠨ ᠮᠥ᠍ ᠰᠢᠬᠠᠮ ᠪᠡᠶᠡᠯᠡᠭᠦᠯᠬᠦ ᠪᠣᠯᠤᠨ᠎ᠠ》 ᠺᠣᠮᠫᠠᠨᠢ ᠵᠢᠨ ᠬᠣᠯᠪᠣᠭᠳᠠᠯ ᠪᠥᠬᠥᠶ ᠬᠠᠷᠢᠭᠤᠴᠠᠯᠭ᠋ᠠᠲᠠᠨ ᠬᠡᠯᠡᠵᠡᠢ᠃ ᠡᠳᠦᠭᠡ᠂ ᠤᠯᠤᠰ᠎ᠤᠨ ᠴᠠᠬᠢᠯᠭ᠋ᠠᠨ ᠬᠦᠴᠦᠨ᠎ᠤ ᠪᠠᠯᠠ ᠣᠷᠣᠭᠤᠯᠤᠯᠲᠠ ᠵᠢᠨ ᠥᠪᠥᠷ ᠮᠣᠩᠭᠣᠯ᠎ᠤᠨ ᠺᠣᠮᠫᠠᠨᠢ᠎ᠳᠤ ᠬᠠᠷᠢᠶᠠᠯᠠᠭᠳᠠᠬᠤ 5 ᠠᠭᠤᠷᠬᠠᠶ ᠴᠥᠮ ᠨᠡᠭᠦᠷᠡᠰᠦᠨ ᠲᠡᠯᠡᠶ᠎ᠠᠴᠠ ᠴᠡᠴᠡᠭ᠎ᠤᠨ ᠲᠡᠯᠡᠶ ᠬᠦᠷᠲᠡᠯᠡᠬᠢ ᠡᠷᠪᠡᠬᠡᠶ ᠵᠢᠨ ᠬᠤᠪᠢᠷᠠᠯᠲᠠ ᠵᠢ ᠪᠡᠶᠡᠯᠡᠭᠦᠯᠪᠡ᠃
ᠡᠳᠡᠭᠡᠷ ᠪᠣᠯ ᠴᠥᠮ ᠥᠪᠥᠷ ᠮᠣᠩᠭᠣᠯ᠎ᠤᠨ ᠠᠭᠤᠷᠬᠠᠢ ᠵᠢᠨ ᠣᠷᠣᠨ᠎ᠳᠤ ᠠᠮᠢ ᠠᠬᠤᠢ ᠵᠢ 《ᠰᠡᠷᠭᠦᠭᠡᠬᠦ ᠮᠡᠷᠭᠡᠵᠢᠯ》᠎ᠢ ᠬᠡᠷᠡᠭᠵᠢᠭᠦᠯᠵᠦ᠂ ᠡᠬᠡ ᠭᠠᠵᠠᠷ᠎ᠢ ᠲᠠᠬᠢᠨ 《ᠨᠣᠭᠣᠭ᠋ᠠᠷᠠᠭᠤᠯᠬᠤ》 ᠠᠮᠢᠳᠤᠯᠢᠭ ᠦᠢ᠍ᠯᠡᠳᠦᠯᠭᠡ ᠪᠣᠯᠤᠨ᠎ᠠ᠃
ᠡᠨᠡ ᠵᠢᠯ᠎ᠠᠴᠠ ᠨᠠᠭ᠋ᠠᠰᠢ᠂ ᠥᠪᠥᠷ ᠮᠣᠩᠭᠣᠯ ᠭᠤᠤᠯᠳᠠᠯᠭ᠎ᠠ᠎ᠲᠠᠢ ᠪᠣᠭᠣᠮᠲᠠ ᠰᠢᠪᠲᠤᠯᠬᠤ ᠵᠢ ᠪᠠᠷᠢᠮᠲᠠᠯᠠᠵᠤ᠂ ᠠᠭᠤᠷᠬᠠᠶ ᠵᠢᠨ ᠭᠠᠵᠠᠷ᠎ᠤᠨ ᠣᠷᠴᠢᠨ ᠲᠣᠭᠣᠷᠢᠨ᠎ᠤ ᠵᠠᠰᠠᠯᠲᠠ ᠵᠢ ᠪᠥᠬᠥ ᠬᠦᠴᠦᠨ ᠵᠶ᠋ᠠᠷ ᠠᠬᠢᠭᠤᠯᠵᠤ᠂ ᠭᠠᠵᠠᠷ ᠰᠢᠷᠣᠶ ᠵᠢᠨ ᠡᠬᠢ ᠪᠠᠶᠠᠯᠢᠭ᠎ᠢ ᠪᠦᠲᠦᠮᠵᠢᠲᠡᠶ ᠨᠡᠮᠡᠭᠳᠡᠭᠦᠯᠵᠦ᠂ ᠤᠷᠭᠤᠮᠠᠯ᠎ᠤᠨ ᠪᠦᠷᠬᠦᠴᠡ ᠵᠢ ᠰᠡᠷᠭᠦᠭᠡᠨ᠂ ᠭᠠᠵᠠᠷ᠎ᠤᠨ ᠭᠠᠮᠰᠢᠭ᠎ᠤᠨ ᠬᠡᠮ ᠰᠣᠭᠣᠭ᠎ᠢ ᠠᠷᠢᠯᠭ᠋ᠠᠵᠤ᠂ ᠣᠷᠣᠨ ᠪᠦᠰᠡ ᠵᠢᠨ ᠠᠮᠢ ᠠᠬᠤᠶ ᠵᠢᠨ ᠰᠢᠰᠲ᠋ᠧᠮ᠎ᠤᠨ ᠶᠠᠰᠤ ᠴᠢᠨᠠᠷ ᠪᠣᠯᠤᠨ ᠲᠣᠭᠲᠠᠪᠤᠷᠢᠲᠤ ᠴᠢᠨᠠᠷ᠎ᠢ ᠨᠡᠮᠡᠭᠳᠡᠭᠦᠯᠪᠡ᠃
ᠥᠪᠥᠷ ᠮᠣᠩᠭᠣᠯ ᠨᠢᠭᠡ ᠲᠠᠯ᠎ᠠ᠎ᠪᠠᠷ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠵᠠᠰᠠᠯᠲᠠ ᠵᠢ ᠠᠳᠬᠤᠵᠤ᠂ 2023 ᠣᠨ᠎ᠤ ᠲᠦᠷᠦᠭᠦᠦ ᠭᠤᠷᠪᠠᠨ ᠤᠯᠠᠷᠢᠯ᠎ᠳᠤ᠂ ᠵᠠᠰᠠᠭᠰᠠᠨ ᠲᠠᠯᠠᠪᠠᠶ᠎ᠨᠢ ᠨᠡᠶ᠋ᠢᠲᠡ 153 ᠲᠡᠭᠰᠢ ᠳᠥᠷᠪᠡᠯᠵᠢᠨ ᠺᠢᠯᠣᠮᠧᠲᠷ᠎ᠲᠤ ᠬᠦᠷᠴᠦ᠂ ᠵᠠᠷᠤᠯᠭ᠎ᠠ ᠵᠢᠨ ᠰᠠᠭᠤᠷᠢ ᠮᠥᠩᠭᠥ ᠵᠢᠨ ᠵᠣᠭᠣᠰ᠎ᠤᠨ ᠲᠣᠭ᠎ᠠ᠎ᠨᠢ 45 ᠳ᠋ᠦᠩᠰᠢᠭᠤᠷ ᠲᠥᠭᠥᠷᠢᠭ᠎ᠲᠤ ᠬᠦᠷᠴᠦ᠂ ᠠᠭᠤᠷᠬᠠᠶ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠬᠢᠭᠡᠳ ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠬᠤ ᠲᠥᠰᠦᠯ᠎ᠤᠨ ᠳ᠋ᠠᠶ᠋ᠢᠲ᠋ᠠ ᠬᠥᠮᠥᠷᠭᠡ ᠵᠢ ᠠᠩᠬ᠎ᠠ ᠠᠯᠬᠤᠮ ᠪᠠᠶ᠋ᠢᠭᠤᠯᠪᠠ᠃ ᠨᠢᠭᠡ ᠲᠠᠯ᠎ᠠ᠎ᠪᠠᠷ ᠲᠡᠦᠬᠡ ᠵᠢᠨ ᠦᠯᠡᠳᠡᠭᠳᠡᠯ ᠠᠭᠤᠷᠬᠠᠶ ᠵᠢᠨ ᠵᠠᠰᠠᠯᠲᠠ ᠵᠢ ᠠᠳᠬᠤᠵᠤ᠂ 2023 ᠣᠨ᠎ᠠᠴᠠ ᠨᠠᠭ᠋ᠠᠰᠢ᠂ ᠲᠡᠦᠬᠡ ᠵᠢᠨ ᠦᠯᠡᠳᠡᠭᠳᠡᠯ ᠠᠭᠤᠷᠬᠠᠶ ᠵᠢᠨ ᠵᠠᠰᠠᠯᠲᠠ ᠵᠢ 46.13 ᠲᠡᠭᠰᠢ ᠳᠥᠷᠪᠡᠯᠵᠢᠨ ᠺᠢᠯᠣᠮᠧᠲᠷ ᠪᠡᠶᠡᠯᠡᠭᠦᠯᠵᠦ᠂ ᠣᠨ᠎ᠤ ᠵᠠᠰᠠᠯᠲᠠ ᠵᠢᠨ ᠬᠠᠷᠠᠯᠲᠠ ᠡᠭᠦᠷᠭᠡ᠎ᠪᠠᠨ ᠳᠠᠪᠠᠭᠤᠯᠤᠨ ᠪᠡᠶᠡᠯᠡᠭᠦᠯᠪᠡ᠃
ᠪᠠᠶᠠᠨᠨᠠᠭᠤᠷ ᠬᠣᠲᠠ ᠠᠭᠤᠷᠬᠠᠶ ᠵᠢᠨ ᠠᠮᠢ ᠠᠬᠤᠶ ᠵᠢ ᠵᠠᠰᠠᠵᠤ ᠰᠡᠷᠭᠦᠭᠡᠬᠦ ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ ᠳᠠᠮᠵᠢᠭᠤᠯᠤᠨ᠂ ᠤᠷᠠᠳ᠎ᠤᠨ ᠡᠮᠦᠨᠡᠲᠦ ᠬᠣᠰᠢᠭᠤᠨ᠎ᠤ ᠮᠤᠨᠠ ᠠᠭᠤᠯᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠂ ᠬᠠᠲᠤᠨ ᠭᠤᠤᠯ᠎ᠤᠨ ᠰᠠᠪᠠ ᠭᠠᠵᠠᠷ᠎ᠤᠨ ᠪᠣᠷᠣᠲᠣᠬᠣᠶ ᠵᠢᠨ ᠲᠠᠯ᠎ᠠ ᠭᠠᠵᠠᠷ᠎ᠤᠨ ᠣᠷᠣᠨ ᠪᠦᠰᠡ ᠵᠢᠨ ᠲᠡᠦᠬᠡᠨ᠎ᠠᠴᠠ ᠦᠯᠡᠳᠡᠭᠳᠡᠵᠦ ᠢᠷᠡᠭᠰᠡᠨ ᠡᠵᠡᠭᠦᠶ ᠠᠭᠤᠷᠬᠠᠶ ᠵᠢᠨ ᠭᠠᠵᠠᠷ᠎ᠤᠨ ᠣᠷᠴᠢᠨ ᠲᠣᠭᠣᠷᠢᠨ᠎ᠤ ᠠᠰᠠᠭᠤᠳᠠᠯ᠎ᠢ ᠦᠨᠳᠦᠰᠦᠨ᠎ᠳᠡᠭᠡᠨ ᠪᠦᠲᠦᠮᠵᠢᠲᠡᠶ ᠵᠠᠰᠠᠵᠤ ᠰᠡᠷᠭᠦᠭᠡᠭᠰᠡᠨ ᠪᠠᠶ᠋ᠢᠨ᠎ᠠ᠃ ᠬᠥᠬᠡᠬᠣᠲᠠ ᠤᠯᠤᠰ᠎ᠤᠨ ᠲᠡᠦᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠵᠢᠨ ᠠᠮᠢ ᠠᠬᠤᠶ ᠵᠢ ᠵᠠᠰᠠᠨ ᠰᠡᠷᠭᠦᠭᠡᠬᠦ ᠢᠨᠵᠧᠨᠧᠷᠢᠩ᠎ᠤᠨ ᠲᠤᠷᠰᠢᠯᠲᠠ ᠵᠢᠨ ᠬᠣᠲᠠ ᠪᠣᠯᠵᠣ᠂ ᠡᠨᠡ ᠵᠢᠯ ᠲᠣᠰ ᠬᠣᠲᠠ ᠵᠢᠨ ᠲᠡᠦᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠵᠢᠨ ᠠᠮᠢ ᠠᠬᠤᠶ ᠵᠢ ᠵᠠᠰᠠᠨ ᠰᠡᠷᠭᠦᠭᠡᠬᠦ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠲᠥᠷᠥᠯ ᠵᠦᠢ᠍ᠯ᠎ᠨᠢ ᠴᠦ᠍ ᠨᠢᠭᠡᠨᠲᠡ ᠠᠵᠢᠯ ᠡᠬᠢᠯᠡᠭᠦᠯᠦᠨ ᠪᠥᠲᠥᠭᠡᠨ ᠪᠠᠶ᠋ᠢᠭᠤᠯᠵᠤ᠂ ᠲᠡᠦᠬᠡᠨ᠎ᠠᠴᠠ ᠦᠯᠡᠳᠡᠭᠳᠡᠵᠦ ᠢᠷᠡᠭᠰᠡᠨ 467 ᠬᠠᠶᠠᠭᠳᠠᠮᠠᠯ ᠠᠭᠤᠷᠬᠠᠶ ᠵᠢᠨ ᠵᠢᠷᠤᠭ ᠳᠦᠷᠰᠦ ᠵᠢ ᠬᠠᠮᠤᠷᠤᠭᠰᠠᠨ ᠪᠠᠶ᠋ᠢᠨ᠎ᠠ᠃ ᠬᠢᠩᠭ᠋ᠠᠨ ᠠᠶ᠋ᠢᠮᠠᠭ ᠵᠠᠰᠠᠯᠲᠠ ᠵᠢᠨ ᠲᠥᠰᠦᠯ ᠲᠣᠭᠲᠠᠭ᠋ᠠᠵᠤ᠂ ᠴᠠᠭ᠎ᠤᠨ ᠬᠦᠰᠦᠨᠦᠭᠲᠦ ᠪᠠ ᠵᠠᠮ ᠱᠤᠭᠤᠮ᠎ᠤᠨ ᠵᠢᠷᠤᠭ᠎ᠢ ᠲᠣᠳᠣᠷᠬᠠᠶ᠋ᠢᠯᠠᠵᠤ᠂ ᠲᠡᠦᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠵᠢᠨ ᠵᠢᠷᠤᠭ ᠲᠣᠯᠪᠣ ᠵᠢ ᠬᠠᠷᠭᠤᠭᠤᠯᠤᠨ ᠪᠠᠶ᠋ᠢᠴᠠᠭ᠋ᠠᠬᠤ ᠠᠵᠢᠯ᠎ᠢ ᠥᠷᠨᠢᠭᠦᠯᠵᠦ᠂ ᠲᠡᠦᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠵᠢᠨ ᠵᠢᠷᠤᠭ ᠲᠣᠯᠪᠣ ᠵᠢᠨ ᠮᠡᠳᠡᠭᠡ ᠵᠠᠩᠭᠢ ᠵᠢᠨ ᠵᠢᠷᠤᠭᠲᠤ ᠳᠡᠪᠲᠡᠷ ᠪᠠ 《ᠨᠢᠭᠡ ᠨᠦᠬᠡᠨ᠎ᠳᠤ ᠨᠢᠭᠡ ᠲᠠᠩᠰᠠ ᠡᠪᠬᠡᠮᠡᠯ᠎ᠲᠠᠢ ᠪᠠᠶ᠋ᠢᠬᠤ》 ᠵᠢ ᠪᠦᠷᠢᠯᠳᠦᠭᠦᠯᠵᠦ᠂ ᠣᠲᠣ ᠪᠣᠯᠲᠠᠯ᠎ᠠ ᠲᠥᠷᠥᠯ ᠵᠦᠢ᠍ᠯ᠎ᠢ ᠬᠡᠷᠡᠭᠵᠢᠭᠦᠯᠬᠦ᠂ ᠬᠡᠯᠪᠡᠷᠢ ᠵᠢ᠎ᠨᠢ ᠬᠤᠪᠢᠷᠠᠭᠤᠯᠤᠨ ᠠᠰᠢᠭᠯᠠᠬᠤ᠂ ᠠᠶᠠᠨᠳᠠᠭ᠋ᠠᠨ ᠰᠡᠷᠭᠦᠭᠡᠬᠦ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠵᠠᠰᠠᠯᠲᠠ ᠵᠢᠨ ᠲᠠᠯᠠᠪᠠᠶ᠎ᠨᠢ 9.47 ᠲᠡᠭᠰᠢ ᠳᠥᠷᠪᠡᠯᠵᠢᠨ ᠺᠢᠯᠣᠮᠧᠲᠷ ᠪᠣᠯᠵᠠᠶ᠃
《ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ》 ᠵᠢ ᠶᠡᠷᠦᠩᠬᠡᠶ᠋ᠢᠯᠡᠨ ᠵᠠᠰᠠᠬᠤ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠣᠬᠢᠷᠲᠤᠯ ᠥᠬᠡᠶ ᠠᠮᠢ ᠠᠬᠤᠶ ᠵᠢᠨ ᠬᠠᠯᠬᠠᠪᠴᠢ ᠵᠢ ᠪᠠᠶ᠋ᠢᠭᠤᠯᠤᠨ᠎ᠠ᠃ ᠥᠪᠥᠷ ᠮᠣᠩᠭᠣᠯ ᠤᠯᠠᠭ᠋ᠠᠨᠰᠤᠬᠠᠢ ᠵᠢᠨ ᠰᠠᠪᠠ ᠭᠠᠵᠠᠷ ᠪᠣᠯᠤᠨ ᠬᠣᠷᠴᠢᠨ᠎ᠤ ᠲᠠᠯ᠎ᠠ ᠨᠤᠲᠤᠭ᠎ᠤᠨ ᠬᠣᠶᠠᠷ 《ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ》 ᠵᠢ ᠨᠢᠭᠡ ᠴᠤᠭᠴᠠᠵᠢᠭᠤᠯᠤᠨ ᠬᠠᠮᠠᠭ᠋ᠠᠯᠠᠨ ᠰᠡᠷᠭᠦᠭᠡᠬᠦ ᠢᠨᠵᠧᠨᠧᠷᠢᠩ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ ᠪᠣᠶ᠃ ᠡᠨᠡ ᠵᠢᠯ᠂ ᠤᠯᠠᠭ᠋ᠠᠨᠰᠤᠬᠠᠢ ᠵᠢᠨ ᠰᠠᠪᠠ ᠭᠠᠵᠠᠷ᠎ᠤᠨ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠲᠤᠷᠰᠢᠯᠲᠠ ᠵᠢᠨ ᠴᠡᠭ᠎ᠤᠨ ᠢᠨᠵᠧᠨᠧᠷᠢᠩ᠎ᠤᠨ ᠬᠤᠪᠢᠶᠠᠷᠢ ᠲᠦᠷᠦᠯ ᠵᠦᠢ᠍ᠯ 《ᠤᠯᠠᠭ᠋ᠠᠨᠪᠤᠬ᠎ᠠ ᠵᠢᠨ ᠡᠯᠡᠰᠦ ᠵᠢ ᠶᠡᠷᠦᠩᠬᠡᠶ᠋ᠢᠯᠡᠨ ᠵᠠᠰᠠᠬᠤ ᠢᠨᠵᠧᠨᠧᠷᠢᠩ》 ᠤᠯᠤᠰ᠎ᠤᠨ 《ᠠᠭᠤᠯᠠ ᠤᠰᠤᠨ᠎ᠤ ᠢᠨᠵᠧᠨᠧᠷᠢᠩ》᠎ᠤᠨ ᠰᠢᠯᠢᠳᠡᠭ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠪᠠᠷ ᠰᠣᠩᠭᠣᠭᠳᠠᠪᠠ᠃ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ᠎ᠪᠠᠷ ᠳᠡᠮᠵᠢᠨ᠂ ᠤᠯᠠᠭ᠋ᠠᠨᠪᠤᠬ᠎ᠠ ᠵᠢᠨ ᠬᠦᠨᠳᠦ ᠨᠣᠴᠢᠲᠠᠶ ᠡᠯᠡᠰᠦᠷᠬᠡᠭᠵᠢᠭᠰᠡᠨ ᠡᠯᠡᠰᠦ ᠵᠢᠨ ᠡᠵᠡᠯᠡᠬᠦ ᠬᠠᠷᠢᠴᠠᠯ 2017 ᠣᠨ᠎ᠳᠤ 23.7 % ᠪᠠᠶ᠋ᠢᠭᠰᠠᠨ᠎ᠠᠴᠠ᠎ᠪᠠᠨ ᠪᠠᠭᠤᠷᠠᠭ᠋ᠠᠳ 21.8 % ᠪᠣᠯᠵᠣ᠂ ᠠᠮᠢ ᠠᠬᠤᠶ ᠵᠢᠨ ᠣᠷᠴᠢᠨ ᠲᠣᠭᠣᠷᠢᠨ ᠢᠯᠡᠳᠲᠡ ᠰᠠᠶ᠋ᠢᠵᠢᠷᠠᠪᠠ᠃
ᠣᠳᠣᠬᠠᠨ᠎ᠳᠤ᠂ ᠬᠠᠲᠤᠨ ᠭᠤᠤᠯ᠎ᠤᠨ ᠭᠤᠤᠯᠳᠠᠯᠭ᠎ᠠ᠎ᠲᠠᠢ ᠠᠮᠢ ᠠᠬᠤᠶ ᠵᠢᠨ ᠣᠷᠣᠨ (ᠣᠷᠳᠣᠰ ᠬᠣᠲᠠ) ᠪᠣᠯᠤᠨ ᠤᠮᠠᠷᠠᠲᠤ ᠵᠢᠨ ᠡᠯᠡᠰᠦᠷᠬᠡᠭᠵᠢᠯ᠎ᠢ ᠰᠡᠷᠭᠡᠶ᠋ᠢᠯᠡᠬᠦ ᠪᠦᠰᠡ ᠬᠠᠲᠤᠨ ᠭᠤᠤᠯ᠎ᠤᠨ ᠭᠤᠤᠯᠳᠠᠯᠭ᠎ᠠ᠎ᠲᠠᠢ ᠠᠮᠢ ᠠᠬᠤᠶ ᠵᠢᠨ ᠣᠷᠣᠨ (ᠬᠥᠬᠡᠬᠣᠲᠠ)᠎ᠤ ᠲᠡᠦᠬᠡᠨ᠎ᠠᠴᠠ ᠦᠯᠡᠳᠡᠭᠳᠡᠵᠦ ᠢᠷᠡᠭᠰᠡᠨ ᠬᠣᠶᠠᠷ ᠬᠠᠶᠠᠭᠳᠠᠮᠠᠯ ᠠᠭᠤᠷᠬᠠᠶ ᠵᠢᠨ ᠠᠮᠢ ᠠᠬᠤᠶ ᠵᠢ ᠰᠡᠷᠭᠦᠭᠡᠬᠦ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠲᠥᠷᠥᠯ ᠵᠦᠢ᠍ᠯ᠎ᠢ ᠴᠥᠮ ᠠᠵᠢᠯ ᠡᠬᠢᠯᠡᠭᠦᠯᠦᠨ ᠪᠥᠲᠥᠭᠡᠨ ᠪᠠᠶ᠋ᠢᠭᠤᠯᠵᠤ᠂ ᠬᠠᠮᠢᠶᠠᠷᠤᠯᠲᠠ ᠵᠢᠨ ᠵᠢᠱ᠌ᠢᠶ᠎ᠡ ᠦᠵᠡᠭᠦᠯᠬᠦ ᠢᠨᠵᠧᠨᠧᠷᠢᠩ᠂ ᠠᠷᠠᠳ᠎ᠤᠨ ᠰᠡᠳᠬᠢᠯ᠎ᠤᠨ ᠵᠢᠱ᠌ᠢᠶ᠎ᠡ ᠦᠵᠡᠭᠦᠯᠬᠦ ᠢᠨᠵᠧᠨᠧᠷᠢᠩ᠂ ᠠᠮᠤᠷ ᠲᠦᠪᠰᠢᠨ᠎ᠤ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠬᠦᠴᠦᠯᠡᠨ ᠪᠠᠶ᠋ᠢᠭᠤᠯᠵᠤ᠂ ᠨᠡᠶ᠋ᠢᠭᠡᠮ᠎ᠤᠨ ᠦᠷ᠎ᠡ ᠠᠰᠢᠭ᠂ ᠠᠵᠤ ᠠᠬᠤᠶ ᠵᠢᠨ ᠦᠷ᠎ᠡ ᠠᠰᠢᠭ ᠪᠣᠯᠤᠨ ᠠᠮᠢ ᠠᠬᠤᠶ ᠵᠢᠨ ᠦᠷ᠎ᠡ ᠠᠰᠢᠭ᠎ᠤᠨ ᠣᠷᠭ᠋ᠠᠨᠢᠭ ᠨᠢᠭᠡᠳᠦᠯ᠎ᠢ ᠪᠡᠶᠡᠯᠡᠭᠦᠯᠪᠡ᠃
ᠬᠠᠷᠠᠯᠲᠠ —
ᠤᠯᠤᠰ᠎ᠤᠨ ᠭᠠᠵᠠᠷ ᠰᠢᠷᠤᠢ ᠵᠢᠨ ᠣᠷᠣᠨ ᠵᠠᠢ ᠵᠢ ᠬᠠᠮᠠᠭ᠋ᠠᠯᠠᠨ ᠰᠡᠷᠭᠦᠭᠡᠬᠦ ᠵᠢ ᠠᠬᠢᠭᠤᠯᠵᠤ᠂ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠳᠦᠭᠡᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠨ᠎ᠡ
《ᠠᠮᠢ ᠠᠬᠤᠢ ᠵᠢ ᠰᠡᠷᠭᠦᠭᠡᠬᠦ ᠹᠷᠣᠨᠲ ᠪᠣᠯ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠭᠣᠣᠯ ᠵᠢᠭᠰᠠᠭ᠋ᠠᠯ᠎ᠤᠨ ᠭᠠᠵᠠᠷ ᠮᠥᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ ᠪᠣᠯ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠭᠣᠣᠯ ᠬᠦᠴᠦᠨ ᠮᠥᠨ᠃ ᠲᠠᠷᠠᠭ᠋ᠠᠴᠢ ᠵᠢᠨ ᠠᠯᠬᠤᠮ᠎ᠳᠤ᠂ ᠪᠢᠳᠡ 〈ᠬᠣᠶᠠᠷ᠎ᠢ ᠨᠢᠭᠡᠳᠬᠡᠬᠦ〉 ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠶ ᠭᠦᠢ᠍ᠴᠡᠳᠭᠡᠵᠦ᠂ 〈ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ〉 ᠵᠢ ᠶᠡᠷᠦᠩᠬᠡᠶ᠋ᠢᠯᠡᠨ ᠵᠠᠰᠠᠬᠤ᠂ ᠰᠢᠰᠲ᠋ᠧᠮ᠎ᠲᠠᠢ ᠵᠠᠰᠠᠬᠤ᠂ ᠡᠬᠢ ᠡᠭᠦᠰᠦᠯ᠎ᠠᠴᠠ᠎ᠨᠢ ᠵᠠᠰᠠᠬᠤ ᠵᠢ ᠨᠢᠭᠡᠳᠦᠯᠲᠡᠶ ᠲᠥᠯᠥᠪᠵᠢᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ᠎ᠳᠤ ᠭᠤᠤᠯ ᠵᠢᠭᠰᠠᠭ᠋ᠠᠯ᠎ᠤᠨ ᠭᠠᠵᠠᠷ᠎ᠢ ᠲᠣᠭᠲᠠᠪᠤᠷᠢᠵᠢᠭᠤᠯᠵᠤ᠂ ᠭᠤᠤᠯ ᠲᠡᠶ᠋ᠢᠨ᠎ᠤ ᠲᠠᠯᠠᠪᠤᠷ᠎ᠲᠤ ᠭᠠᠪᠢᠶ᠎ᠠ ᠪᠠᠶ᠋ᠢᠭᠤᠯᠬᠤ ᠬᠡᠷᠡᠭᠲᠡᠶ》 ᠭᠡᠵᠦ ᠸᠠᠩ ᠯᠢ ᠵᠢᠶᠦ᠋ᠨ ᠬᠡᠯᠡᠪᠡ᠃
ᠲᠠᠷᠠᠭ᠋ᠠᠴᠢ ᠵᠢᠨ ᠠᠯᠬᠤᠮ᠎ᠳᠤ᠂ ᠥᠪᠥᠷ ᠮᠣᠩᠭᠣᠯ 《ᠰᠠᠨᠠᠯ》᠎ᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠠᠮᠢ ᠠᠬᠤᠶ ᠵᠢ ᠵᠠᠰᠠᠨ ᠰᠡᠷᠭᠦᠭᠡᠬᠦ ᠲᠥᠯᠥᠪᠵᠢᠭᠦᠯᠭᠡ (2021—2035 ᠣᠨ)》 ᠵᠢ ᠵᠠᠰᠠᠨ ᠨᠠᠶ᠋ᠢᠷᠠᠭᠤᠯᠬᠤ ᠵᠢ ᠲᠦᠷᠭᠡᠳᠬᠡᠨ ᠠᠬᠢᠭᠤᠯᠵᠤ᠂ 《ᠨᠡᠶ᠋ᠢᠭᠡᠮ᠎ᠤᠨ ᠬᠥᠷᠥᠩᠭᠡ ᠵᠢᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠠᠵᠢᠯ᠎ᠳᠤ ᠣᠷᠣᠯᠴᠠᠬᠤ ᠲᠤᠬᠠᠶ ᠬᠡᠷᠡᠭᠵᠢᠭᠦᠯᠬᠦ ᠰᠠᠨᠠᠯ》 ᠵᠡᠷᠭᠡ ᠬᠠᠮᠢᠶ᠎ᠠ ᠪᠥᠬᠥᠶ ᠠᠵᠢᠯ᠎ᠤᠨ ᠲᠣᠬᠢᠷᠠᠭᠤᠯᠤᠯᠲᠠ ᠵᠢ ᠨᠠᠷᠢᠯᠢᠭᠵᠢᠭᠤᠯᠤᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠨ᠂ ᠣᠷᠣᠭᠤᠯᠤᠯᠲᠠ᠎ᠪᠠᠨ ᠨᠡᠮᠡᠭᠳᠡᠭᠦᠯᠵᠦ᠂ ᠨᠢᠭᠡᠨᠲᠡ ᠪᠠᠶ᠋ᠢᠭ᠎ᠠ ᠲᠥᠷᠥᠯ ᠵᠦᠢ᠍ᠯ᠎ᠢ ᠬᠡᠷᠡᠭᠵᠢᠭᠦᠯᠬᠦ ᠠᠬᠢᠴᠠ ᠵᠢ ᠲᠦᠷᠭᠡᠳᠬᠡᠨ ᠠᠬᠢᠭᠤᠯᠵᠤ᠂ ᠦᠢ᠍ᠯᠡᠳᠪᠦᠷᠢᠯᠡᠯ ᠠᠭᠤᠷᠬᠠᠶ ᠵᠢᠨ ᠭᠠᠵᠠᠷ᠎ᠤᠨ ᠣᠷᠴᠢᠨ ᠲᠣᠭᠣᠷᠢᠨ᠎ᠢ ᠵᠠᠰᠠᠬᠤ ᠦᠷ᠎ᠡ ᠪᠦᠲᠦᠮᠵᠢ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠦᠯᠡᠳᠡᠭᠳᠡᠯ ᠠᠭᠤᠷᠬᠠᠶ ᠵᠢᠨ ᠠᠮᠢ ᠠᠬᠤᠶ ᠵᠢ ᠵᠠᠰᠠᠨ ᠰᠡᠷᠭᠦᠭᠡᠬᠦ ᠡᠭᠦᠷᠭᠡ ᠵᠢ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ᠃
ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ᠂ ᠠᠭᠤᠷᠬᠠᠶ ᠵᠢ ᠰᠡᠷᠭᠦᠭᠡᠬᠦ ᠲᠦᠷᠢᠮ᠎ᠤᠨ ᠪᠠᠷᠢᠮᠵᠢᠶ᠎ᠠ ᠵᠢ ᠲᠡᠭᠦᠯᠳᠡᠷᠵᠢᠭᠦᠯᠵᠦ᠂ 《ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ》 ᠵᠢᠨ ᠵᠠᠰᠠᠯᠲᠠ ᠵᠢ ᠨᠢᠭᠡᠳᠦᠯᠲᠡᠶ ᠲᠥᠯᠥᠪᠯᠡᠨ᠂ 《ᠨᠢᠭᠡ ᠣᠷᠣᠨ ᠬᠣᠶᠠᠷ ᠪᠦᠰᠡ》 ᠵᠢᠨ ᠭᠤᠤᠯᠳᠠᠯᠭ᠎ᠠ᠎ᠲᠠᠢ ᠠᠮᠢ ᠠᠬᠤᠶ ᠵᠢᠨ ᠴᠢᠳᠠᠮᠵᠢᠲᠤ ᠣᠷᠣᠨ ᠪᠣᠯᠤᠨ ᠤᠮᠠᠷᠠᠲᠤ ᠵᠢᠨ ᠭᠤᠷᠪᠠᠨ ᠣᠷᠣᠨ᠎ᠤ ᠢᠨᠵᠧᠨᠧᠷᠢᠩ᠎ᠤᠨ ᠲᠣᠭᠣᠷᠢᠨ᠎ᠳᠤ ᠲᠥᠷᠥᠯ ᠵᠦᠢ᠍ᠯ᠎ᠤᠨ ᠨᠥᠭᠡᠴᠡ ᠵᠢ ᠴᠢᠩᠭ᠋ᠠᠳᠬᠠᠵᠤ᠂ ᠬᠠᠲᠤᠨ ᠭᠤᠤᠯ᠎ᠤᠨ ᠰᠠᠪᠠ ᠭᠠᠵᠠᠷ᠂ ᠶᠡᠬᠡ ᠬᠢᠩᠭ᠋ᠠᠨ ᠳᠠᠪᠠᠭ᠎ᠠ ᠵᠡᠷᠭᠡ ᠭᠤᠤᠯᠳᠠᠯᠭ᠎ᠠ᠎ᠲᠠᠢ ᠣᠷᠣᠨ ᠪᠦᠰᠡ ᠵᠢᠨ ᠴᠢᠬᠤᠯᠠ ᠶᠡᠬᠡ ᠢᠨᠵᠧᠨᠧᠷᠢᠩ᠎ᠤᠨ ᠲᠥᠷᠥᠯ ᠵᠦᠢ᠍ᠯ᠎ᠤᠨ ᠪᠣᠯᠪᠠᠰᠤᠷᠠᠩᠭᠤᠶ ᠪᠣᠯᠬᠤ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠭᠤᠷᠪᠠᠨ ᠶᠡᠬᠡ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠲᠠᠢ ᠤᠶᠠᠯᠳᠤᠭᠤᠯᠤᠨ ᠲᠥᠷᠥᠯ ᠵᠦᠢ᠍ᠯ᠎ᠤᠨ ᠨᠥᠭᠡᠴᠡ ᠵᠢ ᠴᠢᠩᠭ᠋ᠠᠳᠬᠠᠵᠤ᠂ ᠤᠮᠠᠷᠠᠲᠤ ᠵᠢᠨ ᠡᠯᠡᠰᠦ ᠵᠢ ᠰᠡᠷᠭᠡᠶ᠋ᠢᠯᠡᠬᠦ ᠪᠦᠰᠡ᠂ ᠮᠤᠨᠢ ᠠᠭᠤᠯᠠ ᠨᠢᠷᠤᠭᠤ᠂ ᠠᠯᠠᠱ᠌ᠠ ᠠᠭᠤᠯᠠ ᠵᠢᠨ ᠪᠠᠷᠠᠭᠤᠨ ᠬᠣᠷᠮᠣᠶ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠂ ᠪᠡᠭᠡᠵᠢᠩ ᠲᠢᠶᠠᠨᠵᠢᠨ ᠾᠧᠪᠸᠢ ᠵᠢᠨ ᠡᠷᠬᠢᠨ ᠲᠣᠭᠣᠷᠢᠨ᠎ᠤ ᠭᠠᠵᠠᠷ ᠣᠷᠣᠨ ᠵᠡᠷᠭᠡ ᠭᠤᠤᠯᠳᠠᠯᠭ᠎ᠠ᠎ᠲᠠᠢ ᠣᠷᠣᠨ ᠪᠦᠰᠡ ᠵᠢᠨ ᠴᠢᠬᠤᠯᠠ ᠶᠡᠬᠡ ᠢᠨᠵᠧᠨᠧᠷᠢᠩ᠎ᠤᠨ ᠲᠥᠷᠥᠯ ᠵᠦᠢ᠍ᠯ᠎ᠤᠨ ᠪᠣᠯᠪᠠᠰᠤᠷᠠᠩᠭᠤᠶ ᠪᠣᠯᠬᠤ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠭᠤᠷᠬᠠᠶ ᠵᠢᠨ ᠣᠷᠣᠨ᠎ᠢ ᠵᠠᠰᠠᠵᠤ ᠰᠡᠷᠭᠦᠭᠡᠬᠦ ᠡᠷᠴᠢᠮ᠎ᠢ ᠶᠡᠬᠡᠪᠡᠷ ᠳᠡᠭᠡᠭᠰᠢᠯᠡᠭᠦᠯᠦᠨ᠎ᠡ᠃
ᠮᠠᠤ ᠸᠧᠶ ᠬᠤᠸᠠ ᠬᠡᠯᠡᠬᠦ᠎ᠳᠡᠭᠡᠨ᠂ ᠡᠬᠢ ᠪᠠᠶᠠᠯᠢᠭ᠎ᠤᠨ ᠬᠡᠯᠪᠡᠷᠢ ᠵᠢᠨ ᠭᠠᠵᠠᠷ ᠣᠷᠣᠨ᠎ᠢ 《ᠰᠢᠨ᠎ᠡ᠎ᠪᠠᠷ ᠪᠠᠶ᠋ᠢᠭᠤᠯᠬᠤ ᠬᠡᠯᠪᠡᠷᠢ》 《ᠦᠰᠦᠨ ᠪᠣᠶ᠋ᠢᠵᠢᠬᠤ ᠬᠡᠯᠪᠡᠷᠢ》 《ᠪᠣᠯᠪᠠᠰᠤᠷᠠᠩᠭᠤᠶ ᠬᠡᠯᠪᠡᠷᠢ》 ᠵᠡᠷᠭᠡ ᠠᠳᠠᠯᠢ ᠪᠤᠰᠤ ᠲᠥᠷᠥᠯ ᠬᠡᠯᠪᠡᠷᠢ ᠪᠣᠯᠭ᠋ᠠᠨ ᠬᠤᠪᠢᠶᠠᠵᠤ᠂ ᠣᠷᠣᠨ ᠨᠤᠲᠤᠭ᠎ᠤᠨ ᠵᠠᠰᠠᠯᠲᠠ ᠵᠢᠨ ᠵᠥᠷᠢᠶᠡᠲᠦ ᠠᠷᠭ᠎ᠠ ᠵᠠᠮ᠎ᠢ ᠬᠠᠨᠳᠤᠯᠭ᠋ᠠᠲᠤ ᠴᠢᠨᠠᠷᠲᠠᠶ᠎ᠪᠠᠷ ᠬᠡᠷᠡᠭᠵᠢᠭᠦᠯᠵᠦ ᠪᠣᠯᠤᠨ᠎ᠠ᠃ ᠵᠢᠱ᠌ᠢᠶᠡᠯᠡᠪᠡᠯ ᠬᠥᠯᠥᠨ ᠪᠣᠶ᠋ᠢᠷ ᠬᠣᠲᠠ᠂ ᠰᠢᠯᠢ ᠵᠢᠨ ᠭᠤᠤᠯ ᠠᠶ᠋ᠢᠮᠠᠭ ᠵᠡᠷᠭᠡ ᠨᠤᠲᠤᠭ ᠪᠡᠯᠴᠢᠭᠡᠷ᠎ᠤᠨ ᠭᠠᠵᠠᠷ ᠣᠷᠣᠨ᠎ᠳᠤ ᠠᠭᠤᠷᠬᠠᠶ ᠵᠢᠨ ᠭᠠᠵᠠᠷ᠎ᠤᠨ ᠣᠷᠴᠢᠨ ᠲᠣᠭᠣᠷᠢᠨ᠎ᠢ ᠵᠠᠰᠠᠵᠤ ᠰᠡᠷᠭᠦᠭᠡᠬᠦ ᠵᠠᠷᠴᠢᠮ᠎ᠢ ᠪᠠᠷᠢᠮᠲᠠᠯᠠᠵᠤ᠂ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠤᠨ᠎ᠠ; ᠦᠬᠠᠶ᠂ ᠣᠷᠳᠣᠰ᠎ᠤᠨ ᠮᠧᠩ ᠰᠢ ᠪᠣᠯᠤᠨ ᠴᠢ ᠫᠠᠨ ᠵᠢᠩ᠎ᠤᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠂ ᠠᠯᠠᠱ᠌ᠠᠨ ᠤᠰᠤᠲᠠᠶ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠦᠷᠢᠶᠡᠯᠡᠩ ᠲᠣᠭᠣᠷᠢᠭ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠬᠦ ᠵᠢ ᠳᠡᠮᠵᠢᠵᠦ᠂ ᠡᠬᠢ ᠪᠠᠶᠠᠯᠢᠭ᠎ᠢ ᠲᠥᠪᠯᠡᠷᠡᠭᠦᠯᠦᠨ ᠨᠡᠭᠡᠭᠡᠬᠦ᠂ ᠨᠢᠭᠡᠳᠦᠯᠲᠡᠶ ᠬᠠᠮᠢᠶᠠᠷᠬᠤ᠂ ᠵᠠᠯᠭ᠋ᠠᠯᠳᠤᠭᠤᠯᠤᠨ ᠵᠠᠰᠠᠬᠤ ᠵᠢ ᠪᠡᠶᠡᠯᠡᠭᠦᠯᠦᠨ᠎ᠡ᠃
ᠠᠮᠢ ᠠᠬᠤᠶ ᠵᠢᠨ ᠳᠡᠪᠢᠰᠬᠡᠷ ᠥᠩᠭᠡ ᠵᠢ ᠵᠤᠵᠠᠭ᠋ᠠᠳᠬᠠᠵᠤ᠂ ᠰᠦᠷᠯᠢᠭ ᠰᠠᠶ᠋ᠢᠬᠠᠨ ᠵᠢᠷᠤᠭ᠎ᠢ ᠵᠢᠷᠤᠭᠯᠠᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠨᠢᠭᠡ ᠣᠷᠣᠨ ᠬᠣᠶᠠᠷ ᠪᠦᠰᠡ ᠣᠯᠠᠨ ᠬᠣᠩᠭᠢᠯ ᠣᠯᠠᠨ ᠴᠡᠭ》᠎ᠤᠨ ᠶᠡᠷᠦᠩᠬᠡᠶ ᠠᠮᠢ ᠠᠬᠤᠶ ᠵᠢᠨ ᠰᠡᠷᠭᠦᠭᠡᠯᠲᠡ ᠵᠢᠨ ᠪᠠᠶ᠋ᠢᠷᠢᠰᠢᠯ᠎ᠢ ᠬᠦᠴᠦᠯᠡᠨ ᠪᠠᠶ᠋ᠢᠭᠤᠯᠵᠤ᠂ 《ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ》 ᠵᠢᠨ ᠵᠠᠰᠠᠯᠲᠠ ᠵᠢᠨ ᠰᠢᠨ᠎ᠡ ᠵᠠᠭᠪᠤᠷ᠂ ᠰᠢᠨ᠎ᠡ ᠠᠷᠭ᠎ᠠ ᠵᠠᠮ᠂ ᠰᠢᠨ᠎ᠡ ᠲᠣᠭᠲᠠᠴᠠ ᠵᠢ ᠬᠠᠶ᠋ᠢᠨ ᠰᠦᠪᠡᠭᠴᠢᠯᠡᠵᠦ᠂ ᠠᠮᠢ ᠠᠬᠤᠶ ᠵᠢᠨ ᠴᠢᠳᠠᠮᠵᠢ ᠮᠠᠭᠤᠳᠠᠭᠰᠠᠨ᠂ ᠠᠮᠢ ᠠᠬᠤᠶ ᠵᠢᠨ ᠰᠢᠰᠲ᠋ᠧᠮ ᠡᠪᠳᠡᠭᠳᠡᠭᠰᠡᠨ ᠤᠯᠤᠰ᠎ᠤᠨ ᠭᠠᠵᠠᠷ ᠰᠢᠷᠤᠢ ᠵᠢᠨ ᠣᠷᠣᠨ ᠵᠠᠶ ᠵᠢ ᠬᠠᠮᠠᠭ᠋ᠠᠯᠠᠨ ᠰᠡᠷᠭᠦᠭᠡᠵᠦ᠂ ᠠᠮᠢ ᠠᠬᠤᠶ ᠵᠢᠨ ᠰᠢᠰᠲ᠋ᠧᠮ᠎ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ᠎ᠢ ᠨᠡᠮᠡᠭᠳᠡᠭᠦᠯᠦᠨ᠂ ᠥᠪᠥᠷ ᠮᠣᠩᠭᠣᠯ ᠴᠢᠨᠠᠭᠰᠢᠯᠠᠪᠠᠯ ᠪᠥᠬᠥ ᠤᠯᠤᠰ᠎ᠤᠨ ᠠᠮᠢ ᠠᠬᠤᠶ ᠵᠢᠨ ᠠᠮᠤᠷ ᠲᠦᠪᠰᠢᠨ᠎ᠢ ᠪᠠᠲᠤᠯᠠᠪᠠ᠃