ᠥᠪᠥᠷ ᠮᠣᠩᠭᠤᠯ ᠬᠤᠶᠠᠳᠤᠭ᠋ᠠᠷ ᠪᠦᠯᠦᠭ ᠨᠡᠭᠦᠷᠡᠰᠦ ᠵᠢ ᠪᠦᠬᠦᠯᠢ᠎ᠪᠠᠷ ᠰᠠᠪᠠᠯᠠᠬᠤ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠬᠢᠮᠢ ᠵᠢᠨ ᠠᠵᠤ ᠦᠢ᠍ᠯᠡᠳᠪᠦᠷᠢ ᠵᠢᠨ ᠲᠦᠭᠦᠬᠡᠶ ᠮᠠᠲ᠋ᠧᠷᠢᠶᠠᠯ᠎ᠳᠤ ᠬᠡᠷᠡᠭᠯᠡᠬᠦ ᠨᠡᠭᠦᠷᠡᠰᠦ ᠵᠢ ᠲᠥᠷᠥᠯ ᠬᠤᠪᠢᠶᠠᠨ ᠬᠢᠮᠳᠠ᠎ᠪᠠᠷ ᠬᠤᠳᠠᠯᠳᠤᠬᠤ ᠵᠢ ᠪᠡᠶᠡᠯᠡᠭᠦᠯᠪᠡ
2024-10-08

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠣᠤᠷ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠠᠮᠢ ᠠᠬᠤᠶ ᠵᠢᠨ ᠣᠷᠴᠢᠨ ᠲᠣᠭᠤᠷᠢᠨ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠡᠨᠧᠷᠭᠢ᠂ ᠣᠶ ᠰᠢᠭᠤᠶ ᠡᠪᠡᠰᠦ ᠪᠡᠯᠴᠢᠭᠡᠷ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶ᠎ᠠ ᠵᠢᠨ ᠲᠥᠪ ᠵᠡᠷᠭᠡ ᠣᠯᠠᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠤᠳ ᠬᠠᠮᠵᠢᠯᠴᠠᠨ ᠠᠬᠢᠭᠤᠯᠵᠤ᠂ ᠢᠯᠡ᠂ ᠲᠥᠪ ᠭᠤᠤᠯᠴᠢ᠂ ᠢᠯᠡ ᠲᠣᠳᠣ ᠵᠠᠬ᠎ᠠ ᠳᠡᠯᠭᠡᠭᠦᠷᠴᠢᠯᠡᠯᠲᠡ ᠵᠢᠨ ᠳᠣᠤᠷ᠎ᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨᠭ᠋ᠠᠷ᠎ᠤᠨ ᠳᠤᠮᠳᠠ ᠬᠡᠰᠡᠭ᠎ᠤᠨ ᠠᠭᠤᠷᠬᠠᠶ ᠵᠢᠨ ᠣᠷᠣᠨ᠎ᠤ ᠬᠠᠳᠠᠲᠤ ᠠᠭᠤᠷᠬᠠᠶ ᠵᠢᠨ ᠬᠤᠳᠳᠤᠭ᠎ᠤᠨ ᠨᠡᠭᠦᠷᠡᠰᠦᠨ᠎ᠤ ᠡᠬᠢ ᠪᠠᠶᠠᠯᠢᠭ᠎ᠤᠨ ᠠᠭᠤᠷᠬᠠᠶ ᠬᠠᠶ᠋ᠢᠬᠤ ᠡᠷᠬᠡ ᠵᠢ ᠰᠢᠯᠵᠢᠭᠦᠯᠦᠨ ᠥᠭᠬᠦ ᠠᠵᠢᠯ᠎ᠢ ᠦᠷᠨᠢᠭᠦᠯᠪᠡ᠃ ᠲᠣᠰ ᠠᠭᠤᠷᠬᠠᠶ ᠬᠠᠶ᠋ᠢᠬᠤ ᠡᠷᠬᠡ᠎ᠨᠢ 9 ᠳ᠋ᠦ᠍ᠭᠡᠷ ᠰᠠᠷ᠎ᠠ ᠵᠢᠨ 23᠎ᠤ ᠡᠳᠦᠷ 269 ᠳ᠋ᠦ᠍ᠭᠡᠷ ᠡᠭᠡᠯᠵᠢ ᠵᠢᠨ ᠴᠠᠭ ᠬᠢᠵᠠᠭ᠋ᠠᠷᠯᠠᠨ ᠦᠨ᠎ᠡ ᠬᠠᠶᠠᠯᠴᠠᠬᠤ᠎ᠪᠠᠷ ᠳᠡᠮᠵᠢᠨ᠂ ᠷᠦᠩ ᠱᠧᠩ ᠡᠨᠧᠷᠭᠢ ᠵᠢᠨ ᠰᠢᠨᠵᠢᠯᠡᠬᠦ ᠤᠬᠠᠭ᠋ᠠᠨ  ᠲᠸᠭᠨᠢᠭ  ᠮᠡᠷᠭᠡᠵᠢᠯ (ᠥᠪᠥᠷ ᠮᠣᠩᠭᠤᠯ)᠎ᠤᠨ ᠬᠢᠵᠠᠭ᠋ᠠᠷᠲᠤ ᠺᠣᠮᠫᠠᠨᠢ 138.62 ᠳ᠋ᠦᠩᠰᠢᠭᠤᠷ ᠲᠥᠭᠦᠷᠢᠭ ᠵᠶ᠋ᠠᠷ ᠥᠷᠢᠰᠥᠯᠳᠦᠪᠡ᠃

   ᠲᠣᠰ ᠤᠳᠠᠭ᠋ᠠᠨ᠎ᠤ ᠫᠠᠶ᠋ᠢᠰᠠ ᠡᠯᠭᠦᠭᠰᠡᠨ ᠬᠡᠰᠡᠭ᠎ᠨᠢ ᠣᠷᠳᠣᠰ ᠬᠤᠲᠠ ᠵᠢᠨ ᠵᠡᠭᠦᠨᠭ᠋ᠠᠷ ᠬᠤᠰᠢᠭᠤᠨ᠎ᠳᠤ ᠪᠠᠶ᠋ᠢᠷᠢᠯᠠᠵᠤ᠂ ᠲᠠᠯᠠᠪᠠᠶ᠎ᠨᠢ 59.4392 ᠲᠡᠭᠰᠢ ᠳᠥᠷᠪᠡᠯᠵᠢᠨ ᠺᠢᠯᠤᠮᠸᠲᠷ ᠪᠠᠶ᠋ᠢᠵᠤ᠂ ᠬᠠᠶ᠋ᠢᠨ ᠪᠠᠶ᠋ᠢᠴᠠᠭ᠋ᠠᠭᠰᠠᠨ ᠬᠡᠮᠵᠢᠶ᠎ᠡ᠎ᠨᠢ ᠨᠠᠷᠢᠨ ᠪᠠᠶ᠋ᠢᠴᠠᠭ᠋ᠠᠯᠲᠠ᠎ᠳᠤ ᠬᠦᠷᠴᠦ᠂ ᠪᠥᠲᠥᠭᠡᠨ ᠪᠠᠶ᠋ᠢᠭᠤᠯᠬᠤ ᠬᠡᠪᠴᠢᠶ᠎ᠡ ᠵᠢ ᠵᠢᠯ᠎ᠳᠤ 800 ᠲᠦᠮᠡᠨ ᠲᠣᠨ ᠪᠣᠯᠭ᠋ᠠᠬᠤ᠎ᠪᠠᠷ ᠲᠥᠯᠥᠪᠯᠡᠵᠦ᠂ ᠲᠣᠮᠣ ᠬᠡᠯᠪᠡᠷᠢ ᠵᠢᠨ ᠠᠭᠤᠷᠬᠠᠶ᠂ ᠬᠤᠳᠳᠤᠭ᠎ᠤᠨ ᠠᠵᠢᠯᠴᠢᠨ ᠨᠡᠭᠡᠭᠡᠨ ᠮᠠᠯᠲᠠᠵᠤ᠂ ᠦᠢ᠍ᠯᠡᠴᠢᠯᠡᠬᠦ ᠵᠢᠯ ᠬᠤᠭᠤᠴᠠᠭ᠎ᠠ᠎ᠨᠢ 72 ᠵᠢᠯ ᠪᠠᠶ᠋ᠢᠵᠤ᠂ ᠵᠡᠭᠦᠨᠭ᠋ᠠᠷ ᠬᠤᠰᠢᠭᠤᠨ᠎ᠤ ᠪᠣᠬᠢᠷᠲᠤᠯ ᠥᠬᠡᠶ ᠨᠢᠭᠡ ᠴᠣᠭᠴᠠᠵᠢᠭᠤᠯᠤᠭᠰᠠᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠳᠤ ᠴᠢᠨᠠᠷ ᠰᠠᠶ᠋ᠢᠲᠠᠶ ᠭᠦᠢ᠍ᠴᠡᠳ ᠲᠦᠭᠦᠬᠡᠶ ᠮᠠᠲ᠋ᠧᠷᠢᠶᠠᠯ ᠬᠡᠷᠡᠭᠯᠡᠬᠦ ᠪᠠᠲᠤᠯᠠᠭ᠎ᠠ ᠬᠠᠩᠭ᠋ᠠᠬᠤ ᠪᠣᠯᠤᠨ᠎ᠠ᠃

   ᠲᠣᠰ ᠤᠳᠠᠭ᠋ᠠᠨ᠎ᠤ ᠠᠭᠤᠷᠬᠠᠶ ᠵᠢᠨ ᠦᠢ᠍ᠯᠡᠰ᠎ᠤᠨ ᠡᠷᠬᠡ ᠵᠢ ᠫᠠᠶ᠋ᠢᠰᠠ ᠡᠯᠭᠦᠨ ᠰᠢᠯᠵᠢᠭᠦᠯᠦᠨ ᠬᠤᠳᠠᠯᠳᠤᠬᠤ ᠵᠢ ᠤᠷᠤᠭᠰᠢᠲᠠᠶ ᠪᠡᠶᠡᠯᠡᠭᠦᠯᠦᠭᠰᠡᠨ᠎ᠨᠢ ᠥᠪᠡᠷᠲᠡᠭᠡᠨ ᠵᠠᠰᠠᠬᠤ ᠣᠷᠣᠨ᠎ᠤ ᠰᠢᠨ᠎ᠡ ᠨᠢᠭᠡ ᠡᠭᠡᠯᠵᠢ ᠵᠢᠨ ᠠᠭᠤᠷᠬᠠᠶ ᠵᠢ ᠡᠷᠢᠬᠦ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ ᠵᠢ ᠭᠦᠨᠵᠡᠭᠡᠶ ᠳᠥᠯᠭᠢᠨ ᠠᠬᠢᠭᠤᠯᠵᠤ᠂ ᠡᠬᠢ ᠪᠠᠶᠠᠯᠢᠭ᠎ᠤᠨ ᠨᠥᠭᠡᠴᠡ ᠵᠢ ᠨᠡᠮᠡᠭᠳᠡᠭᠦᠯᠦᠨ ᠭᠠᠷᠤᠯᠲᠠ ᠵᠢ ᠨᠡᠮᠡᠭᠳᠡᠭᠦᠯᠦᠭᠰᠡᠨ ᠦᠢ᠍ᠯᠡᠳᠦᠯᠭᠡ ᠵᠢᠨ ᠦᠷ᠎ᠡ ᠪᠦᠲᠦᠭᠡᠯ ᠮᠥᠨ᠂ ᠥᠪᠥᠷ ᠮᠣᠩᠭᠤᠯ᠎ᠤᠨ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠢ ᠪᠥᠲᠥᠭᠡᠨ ᠪᠠᠶ᠋ᠢᠭᠤᠯᠬᠤ᠂ ᠨᠡᠭᠦᠷᠡᠰᠦᠨ᠎ᠤ ᠡᠬᠢ ᠪᠠᠶᠠᠯᠢᠭ᠎ᠢ ᠴᠢᠨᠠᠷ ᠰᠠᠶ᠋ᠢᠲᠠᠶ ᠥᠨᠳᠥᠷ ᠪᠦᠲᠦᠮᠵᠢᠲᠡᠶ᠎ᠪᠠᠷ ᠨᠡᠭᠡᠭᠡᠨ ᠠᠰᠢᠭᠯᠠᠬᠤ ᠵᠢ ᠳᠥᠯᠭᠢᠨ ᠠᠬᠢᠭᠤᠯᠤᠭᠰᠠᠨ ᠪᠣᠳᠠᠲᠠᠶ ᠵᠢ ᠡᠷᠬᠢᠮᠯᠡᠭᠰᠡᠨ ᠠᠷᠭ᠎ᠠ ᠬᠡᠮᠵᠢᠶ᠎ᠡ ᠮᠥᠨ᠂ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠳᠠᠬᠢ ᠬᠠᠷᠭᠤᠭᠤᠯᠤᠨ ᠪᠠᠶ᠋ᠢᠴᠠᠭ᠋ᠠᠵᠤ ᠢᠯᠡᠷᠡᠭᠦᠯᠦᠭᠰᠡᠨ ᠠᠰᠠᠭᠤᠳᠠᠯ᠎ᠢ ᠪᠠᠶ᠋ᠢᠩᠭᠤᠵᠢᠭᠤᠯᠤᠨ ᠵᠠᠰᠠᠬᠤ ᠵᠢ ᠦᠷᠭᠦᠯᠵᠢᠯᠡᠨ ᠠᠬᠢᠭᠤᠯᠤᠭᠰᠠᠨ ᠦᠷ᠎ᠡ ᠪᠦᠲᠦᠮᠵᠢ ᠵᠢᠨ ᠢᠯᠡᠷᠡᠯ ᠮᠥᠨ᠃

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠣᠷᠣᠨ ᠬᠡᠰᠡᠭ᠎ᠤᠨ ᠢᠷᠡᠯᠲᠡ ᠵᠢ ᠦᠷᠭᠦᠯᠵᠢᠯᠡᠨ ᠥᠷᠭᠡᠳᠬᠡᠵᠦ᠂ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠤᠨ ᠦᠷ᠎ᠡ ᠪᠦᠲᠦᠭᠡᠯ᠎ᠢ ᠬᠤᠪᠢᠷᠠᠭᠤᠯᠬᠤ ᠵᠢ ᠴᠢᠩᠭ᠋ᠠᠷᠠᠭᠤᠯᠤᠨ᠂ ᠠᠭᠤᠷᠬᠠᠶ ᠵᠢᠨ ᠦᠢ᠍ᠯᠡᠰ᠎ᠤᠨ ᠡᠷᠬᠡ ᠵᠢ ᠵᠠᠬ᠎ᠠ ᠳᠡᠯᠭᠡᠭᠦᠷᠴᠢᠯᠡᠨ ᠬᠢᠮᠳᠠ᠎ᠪᠠᠷ ᠬᠤᠳᠠᠯᠳᠤᠬᠤ ᠡᠷᠴᠢᠮ᠎ᠢ ᠴᠢᠩᠭ᠋ᠠᠷᠠᠭᠤᠯᠵᠤ᠂ ᠡᠬᠢ ᠪᠠᠶᠠᠯᠢᠭ᠎ᠤᠨ ᠬᠦᠴᠦᠨ ᠵᠦᠢ᠍ᠯ᠎ᠤᠨ ᠪᠠᠲᠤᠯᠠᠭ᠎ᠠ ᠵᠢ ᠦᠨᠡᠨ ᠬᠦ᠌ ᠰᠠᠶ᠋ᠢᠲᠤᠷ ᠬᠢᠵᠦ᠂ ᠠᠭᠤᠷᠬᠠᠶ ᠵᠢᠨ ᠠᠵᠤ ᠠᠬᠤᠶ᠋ᠢᠯᠠᠯ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠦᠢ᠍ᠯᠡᠴᠢᠯᠡᠨ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠨ ᠨᠡᠮᠡᠷᠢᠯᠡᠨ᠎ᠡ᠃

 

ᠢᠷᠡᠯᠲᠡ᠄ ᠰᠢᠨᠬᠤᠸᠠ ᠰᠦᠯᠵᠢᠶ᠎ᠡ