ᠥᠪᠥᠷ ᠮᠣᠩᠭᠣᠯ᠎ᠤᠨ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠄ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠵᠦ ᠡᠨᠧᠷᠭᠢ ᠵᠢᠨ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠠᠬᠢᠭᠤᠯᠪᠠ
2024-11-19

   ᠠᠷᠠᠳ᠎ᠤᠨ ᠰᠦᠯᠵᠢᠶ᠎ᠡ ᠵᠢᠨ ᠬᠥᠬᠡᠬᠣᠲᠠ ᠵᠢᠨ 11 ᠳ᠋ᠦ᠍ᠭᠡᠷ ᠰᠠᠷ᠎ᠠ ᠵᠢᠨ 12᠎ᠤᠨ ᠡᠳᠦᠷ᠎ᠤᠨ ᠴᠠᠬᠢᠯᠭ᠋ᠠᠨ ᠮᠡᠳᠡᠭᠡ (ᠯᠢᠦ ᠢ ᠯᠢᠨ᠂ ᠳᠠᠳᠤᠯᠭ᠎ᠠ ᠵᠢᠨ ᠰᠣᠷᠣᠭᠴᠢ ᠯᠢ ᠷᠦᠩ) 12᠎ᠤᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠤᠶ᠎ᠠ》 ᠭᠡᠬᠦ ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ — 《ᠡᠨᠧᠷᠭᠢ ᠵᠢᠨ ᠬᠦᠷᠢᠶᠡᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠣᠲᠣ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠡᠨᠡ ᠬᠦ᠌ ᠶᠡᠬᠡ ᠶᠠᠪᠤᠳᠠᠯ᠎ᠢ ᠰᠠᠢ᠌ᠲᠤᠷ ᠬᠢᠬᠦ ᠬᠡᠷᠡᠭᠲᠡᠢ》 ᠭᠡᠬᠦ ᠲᠤᠰᠬᠠᠢ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠨᠧᠷᠭᠢ ᠵᠢᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠥᠳ ᠬᠤᠷᠠᠯ ᠳᠡᠭᠡᠷ᠎ᠡ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢ᠌ᠷᠡᠭᠦᠯᠬᠦ ᠬᠣᠯᠪᠣᠭᠳᠠᠯ ᠪᠦᠬᠦᠢ ᠠᠷᠭ᠎ᠠ ᠬᠡᠮᠵᠢᠶ᠎ᠡ ᠵᠢ ᠲᠠᠨᠢᠯᠴᠠᠭᠤᠯᠪᠠ᠃


11.19.jpg


   ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠲᠠᠯᠠᠪᠠᠢ᠃ ᠠᠷᠠᠳ᠎ᠤᠨ ᠰᠦᠯᠵᠢᠶᠡᠨ᠎ᠤ ᠰᠤᠷᠪᠤᠯᠵᠢᠯᠠᠭᠴᠢ   ᠯᠢᠦ ᠢ ᠯᠢᠨ ᠰᠡᠭᠦᠳᠡᠷᠯᠡᠪᠡ

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠳᠡᠳ᠋ ᠲᠢᠩᠬᠢᠮ᠎ᠤᠨ ᠳᠠᠷᠤᠭ᠎ᠠ ᠵᠠᠩ ᠶᠢᠩ ᠳ᠋ᠡ ᠢᠯᠡᠷᠬᠡᠢ᠌ᠯᠡᠬᠦ᠎ᠳᠡᠭᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠵᠢ ᠪᠥᠬᠥ ᠲᠠᠯ᠎ᠠ᠎ᠪᠠᠷ ᠠᠬᠢᠭᠤᠯᠵᠤ᠂ ᠠᠭᠤᠷᠬᠠᠢ ᠵᠢᠨ ᠭᠠᠷᠤᠯᠲᠠ ᠵᠢᠨ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ ᠵᠢ ᠦᠷᠭᠦᠯᠵᠢᠯᠡᠨ ᠠᠬᠢᠭᠤᠯᠵᠤ᠂ ᠲᠦᠭᠦᠬᠡᠢ ᠠᠭᠤᠷᠬᠠᠢ ᠵᠢᠨ ᠭᠠᠷᠤᠯᠲᠠ ᠵᠢᠨ ᠨᠡᠮᠡᠯᠲᠡ ᠥᠷᠲᠡᠭ᠎ᠢ ᠳᠡᠭᠡᠭᠰᠢᠯᠡᠭᠦᠯᠵᠦ᠂ ᠣᠷᠣᠨ ᠨᠤᠲᠤᠭ᠎ᠤᠨ ᠠᠵᠤ ᠠᠬᠤᠢ ᠵᠢᠨ ᠪᠣᠬᠢᠷᠲᠤᠯ ᠦᠭᠡᠢ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠪᠡ᠃

   ᠨᠢᠭᠡ᠎ᠳᠤ᠂ ᠲᠥᠯᠦᠪᠵᠢᠭᠦᠯᠭᠡ᠎ᠪᠠᠷ ᠬᠥᠲᠥᠯᠥᠨ ᠳᠠᠭ᠋ᠠᠭᠤᠯᠬᠤ᠂ ᠲᠥᠷᠥ ᠵᠢᠨ ᠪᠣᠳᠣᠯᠭ᠎ᠠ᠎ᠪᠠᠷ ᠲᠤᠯᠭ᠋ᠠᠭᠤᠷᠢᠯᠠᠬᠤ ᠵᠢ ᠪᠠᠷᠢᠮᠲᠠᠯᠠᠨ᠂ ᠡᠨᠧᠷᠭᠢ ᠡᠬᠢ ᠪᠠᠶᠠᠯᠢᠭ᠎ᠢ ᠠᠰᠢᠭᠯᠠᠬᠤ ᠵᠠᠭᠪᠤᠷ᠎ᠢ 《ᠳᠥᠭᠥᠮ ᠪᠦᠳᠦᠭᠦᠯᠢᠭ》 ᠪᠠᠢ᠌ᠭᠰᠠᠨ᠎ᠠᠴᠠ᠎ᠨᠢ 《ᠠᠷᠪᠢᠲᠠᠢ ᠡᠷᠴᠢᠮᠯᠢᠭ》 ᠪᠣᠯᠭ᠋ᠠᠨ ᠬᠤᠪᠢᠷᠠᠭᠤᠯᠬᠤ ᠵᠢ ᠲᠦᠯᠬᠢᠨ ᠠᠬᠢᠭᠤᠯᠪᠠ᠃ 《ᠲᠥᠷᠥᠯ ᠵᠦᠢ᠍ᠯ᠎ᠨᠢ ᠲᠦᠯᠦᠪᠵᠢᠭᠦᠯᠭᠡ᠎ᠪᠠᠨ ᠳᠠᠭ᠋ᠠᠬᠤ᠂ ᠡᠬᠢ ᠪᠠᠶᠠᠯᠢᠭ᠎ᠤᠨ ᠬᠦᠴᠦᠨ ᠵᠦᠢ᠍ᠯ᠎ᠨᠢ ᠲᠥᠷᠥᠯ ᠵᠦᠢ᠍ᠯ ᠵᠶ᠋ᠠᠨ ᠳᠠᠭ᠋ᠠᠬᠤ》 ᠵᠢ ᠪᠠᠷᠢᠮᠲᠠᠯᠠᠵᠤ᠂ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠲᠥᠯᠦᠪᠵᠢᠭᠦᠯᠭᠡ ᠵᠢᠨ ᠲᠤᠭᠲᠠᠯᠴᠠᠭ᠎ᠠ ᠵᠢ ᠲᠦᠷᠭᠡᠳᠬᠡᠨ ᠪᠠᠢ᠌ᠭᠤᠯᠵᠤ᠂ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠲᠥᠷᠥᠯ ᠵᠦᠢ᠍ᠯ᠎ᠤᠨ ᠬᠡᠷᠡᠭᠯᠡᠬᠦ ᠭᠠᠵᠠᠷ᠎ᠤᠨ ᠪᠠᠢ᠌ᠷᠢᠰᠢᠭᠤᠯᠤᠯᠲᠠ ᠵᠢᠴᠢ ᠬᠡᠪᠴᠢᠶ᠎ᠡ ᠵᠢ ᠠᠢ᠌ᠮᠠᠭ ᠬᠣᠲᠠ᠂ ᠬᠣᠰᠢᠭᠤ ᠰᠢᠶᠠᠨ᠎ᠤ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ᠎ᠳᠤ ᠨᠢᠭᠡᠳᠦᠯᠲᠡᠢ ᠲᠥᠯᠥᠪᠯᠡᠨ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠡᠭᠡᠯᠵᠢ ᠵᠢᠨ ᠠᠭᠤᠷᠬᠠᠢ ᠵᠢᠨ ᠡᠬᠢ ᠪᠠᠶᠠᠯᠢᠭ᠎ᠤᠨ ᠲᠥᠯᠦᠪᠵᠢᠭᠦᠯᠭᠡ ᠵᠢᠨ ᠲᠣᠬᠢᠷᠠᠭᠤᠯᠤᠯᠲᠠ ᠵᠢ ᠡᠬᠢᠯᠡᠭᠦᠯᠦᠨ ᠪᠡᠶᠡᠯᠡᠭᠦᠯᠵᠦ᠂ ᠨᠡᠭᠦᠷᠡᠰᠦ᠂ ᠬᠣᠪᠣᠷ ᠰᠢᠷᠣᠢ ᠵᠡᠷᠭᠡ 16 ᠡᠨᠧᠷᠭᠢ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠵᠶ᠋ᠠᠷ ᠠᠬᠢᠭᠤᠯᠪᠠ᠃ 《ᠨᠥᠭᠡᠴᠡ᠎ᠪᠠᠨ ᠨᠡᠮᠡᠭᠳᠡᠭᠦᠯᠦᠨ ᠭᠠᠷᠤᠯᠲᠠ᠎ᠪᠠᠨ ᠨᠡᠮᠡᠭᠳᠡᠭᠦᠯᠬᠦ᠂ ᠡᠮᠬᠢᠯᠡᠨ ᠨᠡᠢ᠌ᠯᠡᠭᠦᠯᠵᠦ ᠠᠰᠢᠭᠯᠠᠬᠤ᠂ ᠮᠡᠷᠭᠡᠵᠢᠯ᠎ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ》 ᠰᠢᠨ᠎ᠡ ᠠᠷᠭ᠎ᠠ ᠬᠡᠮᠵᠢᠶ᠎ᠡ ᠵᠢ ᠪᠠᠢ᠌ᠭᠤᠯᠤᠨ᠂ ᠬᠡᠰᠡᠭ ᠠᠭᠤᠷᠬᠠᠢ ᠵᠢᠨ ᠤᠯᠤᠰ᠂ ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠳᠣᠣᠷ᠎ᠠ ᠦᠢ᠍ᠯᠡᠳᠪᠦᠷᠢᠯᠡᠬᠦ ᠬᠡᠪᠴᠢᠶ᠎ᠡ᠎ᠳᠤ ᠨᠡᠢ᠌ᠴᠡᠬᠦ ᠦᠭᠡᠢ ᠵᠢᠴᠢ ᠡᠨᠧᠷᠭᠢ ᠠᠭᠤᠷᠬᠠᠢ ᠵᠢᠨ ᠭᠠᠷᠤᠯᠲᠠ ᠵᠢᠨ ᠨᠡᠭᠡᠭᠡᠯᠲᠡ ᠬᠢᠬᠦ᠎ᠳᠤ 《ᠪᠠᠭ᠎ᠠ ᠲᠠᠷᠠᠬᠠᠢ ᠡᠮᠬᠢ ᠲᠢᠭᠯᠢᠮ ᠦᠭᠡᠢ》 ᠪᠠᠢ᠌ᠬᠤ ᠠᠰᠠᠭᠤᠳᠠᠯ᠎ᠢ ᠠᠯᠬᠤᠮ ᠠᠯᠬᠤᠮ ᠵᠶ᠋ᠠᠷ ᠰᠢᠢ᠍ᠳᠪᠦᠷᠢᠯᠡᠵᠦ᠂ ᠨᠡᠭᠦᠷᠡᠰᠦᠨ᠎ᠤ ᠵᠠᠬ᠎ᠠ ᠬᠢᠵᠠᠭ᠋ᠠᠷ᠎ᠤᠨ ᠡᠬᠢ ᠪᠠᠶᠠᠯᠢᠭ᠎ᠢ ᠵᠠᠬ᠎ᠠ ᠳᠡᠯᠭᠡᠭᠦᠷᠴᠢᠯᠡᠨ ᠬᠢᠮᠳᠠ᠎ᠪᠠᠷ ᠬᠤᠳᠠᠯᠳᠤᠬᠤ ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂ ᠡᠬᠢ ᠪᠠᠶᠠᠯᠢᠭ᠎ᠢ ᠵᠠᠯᠭ᠋ᠠᠯᠳᠤᠭᠤᠯᠤᠨ ᠨᠡᠭᠡᠭᠡᠬᠦ ᠵᠢ ᠪᠡᠶᠡᠯᠡᠭᠦᠯᠦᠨ᠂ ᠳᠠᠩ ᠬᠤᠳᠳᠤᠭ᠎ᠤᠨ ᠦᠢ᠍ᠯᠡᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠪᠡ᠃ ᠬᠡᠰᠡᠭ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠠᠭᠤᠷᠬᠠᠢ ᠵᠢᠨ ᠲᠥᠷᠥᠯ᠎ᠳᠤ ᠬᠠᠮᠲᠤ ᠣᠷᠣᠰᠢᠬᠤ ᠪᠠ ᠳᠣᠣᠷ᠎ᠠ ᠲᠠᠰ᠎ᠤᠨ ᠡᠬᠢ ᠪᠠᠶᠠᠯᠢᠭ᠎ᠢ ᠳᠠᠬᠢᠨᠲᠠ ᠦᠨᠡᠯᠡᠬᠦ ᠵᠢ ᠥᠷᠨᠢᠭᠦᠯᠵᠦ᠂ ᠨᠡᠭᠦᠷᠡᠰᠦ᠎ᠯᠦᠭᠡ ᠬᠠᠮᠲᠤ ᠣᠷᠣᠰᠢᠬᠤ ᠪᠠ ᠳᠠᠭ᠋ᠠᠯᠳᠤᠨ ᠡᠭᠦᠰᠬᠦ ᠡᠬᠢ ᠪᠠᠶᠠᠯᠢᠭ᠎ᠢ ᠶᠡᠷᠦᠩᠬᠡᠢ᠌ᠯᠡᠨ ᠠᠰᠢᠭᠯᠠᠬᠤ ᠵᠢ ᠤᠷᠮᠠᠰᠢᠭᠤᠯᠬᠤ ᠠᠷᠭ᠎ᠠ ᠬᠡᠮᠵᠢᠶ᠎ᠡ ᠵᠢ ᠰᠦᠪᠡᠭᠴᠢᠯᠡᠨ ᠪᠠᠢ᠌ᠭᠤᠯᠪᠠ᠃

   ᠬᠣᠶᠠᠷ᠎ᠲᠤ᠂ ᠠᠵᠤ ᠠᠬᠤᠢ᠌ᠯᠠᠯ᠂ ᠦᠢ᠍ᠯᠡᠴᠢᠯᠡᠭᠡᠨ᠎ᠤ ᠲᠥᠷᠥᠯ ᠵᠦᠢ᠍ᠯ᠎ᠳᠤ ᠲᠥᠬᠥᠮ ᠦᠵᠡᠭᠦᠯᠬᠦ ᠵᠢ ᠪᠠᠷᠢᠮᠲᠠᠯᠠᠵᠤ᠂ ᠡᠨᠧᠷᠭᠢ ᠵᠢᠨ ᠡᠬᠢ ᠪᠠᠶᠠᠯᠢᠭ᠎ᠤᠨ ᠪᠠᠲᠤᠯᠠᠭ᠎ᠠ ᠵᠢᠨ ᠵᠠᠭᠪᠤᠷ᠎ᠢ 《ᠵᠠᠰᠠᠭ᠎ᠤᠨ ᠣᠷᠳᠣᠨ ᠵᠶ᠋ᠠᠷ ᠬᠥᠳᠡᠯᠭᠡᠭᠦᠷ ᠪᠣᠯᠭ᠋ᠠᠵᠤ》 ᠪᠠᠢ᠌ᠭᠰᠠᠨ᠎ᠠᠴᠠ᠎ᠨᠢ 《ᠵᠠᠬ᠎ᠠ ᠳᠡᠯᠭᠡᠭᠦᠷ ᠵᠶ᠋ᠡᠷ ᠭᠣᠣᠯᠯᠠᠭᠤᠯᠬᠤ》 ᠪᠣᠯᠭ᠋ᠠᠨ ᠬᠤᠪᠢᠷᠠᠭᠤᠯᠬᠤ ᠵᠢ ᠠᠬᠢᠭᠤᠯᠪᠠ᠃ ᠤᠯᠤᠰ᠎ᠠᠴᠠ ᠲᠣᠭᠲᠠᠭ᠋ᠠᠭᠰᠠᠨ ᠵᠥᠪᠯᠡᠯᠴᠡᠭᠡᠷ ᠵᠶ᠋ᠡᠷ ᠬᠢᠮᠳᠠ ᠦᠨ᠎ᠡ᠎ᠪᠠᠷ ᠬᠤᠳᠠᠯᠳᠤᠬᠤ ᠪᠠᠢ᠌ᠳᠠᠯ᠎ᠠᠴᠠ ᠭᠠᠳᠠᠨ᠎ᠠ᠂ ᠠᠭᠤᠷᠬᠠᠢ ᠵᠢᠨ ᠦᠢ᠍ᠯᠡᠰ᠎ᠤᠨ ᠡᠷᠬᠡ ᠵᠢ ᠵᠠᠬ᠎ᠠ ᠳᠡᠯᠭᠡᠭᠦᠷᠴᠢᠯᠡᠨ ᠬᠢᠮᠳᠠ ᠦᠨ᠎ᠡ᠎ᠪᠠᠷ ᠬᠤᠳᠠᠯᠳᠤᠬᠤ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠡᠬᠢ ᠪᠠᠶᠠᠯᠢᠭ᠎ᠢ ᠲᠣᠬᠢᠷᠠᠭᠤᠯᠬᠤ᠎ᠳᠠᠬᠢ ᠵᠠᠬ᠎ᠠ ᠳᠡᠯᠭᠡᠭᠦᠷ᠎ᠤᠨ ᠰᠢᠢ᠍ᠳᠪᠦᠷᠢᠯᠡᠬᠦ ᠴᠢᠨᠠᠷᠲᠠᠢ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠡᠬᠢ ᠪᠠᠶᠠᠯᠢᠭ᠎ᠤᠨ ᠬᠦᠴᠦᠨ ᠵᠦᠢ᠍ᠯ᠎ᠤᠨ ᠬᠤᠪᠢᠶᠠᠷᠢᠯᠠᠨ ᠬᠡᠷᠡᠭᠯᠡᠬᠦ ᠵᠢ ᠵᠠᠬ᠎ᠠ ᠳᠡᠯᠭᠡᠭᠦᠷ᠎ᠤᠨ ᠲᠣᠭᠲᠠᠴᠠ᠎ᠪᠠᠷ ᠳᠠᠮᠵᠢᠭᠤᠯᠤᠨ ᠬᠥᠲᠥᠯᠥᠨ ᠵᠢᠯᠤᠭᠣᠳᠬᠤ ᠪᠠ ᠲᠣᠬᠢᠷᠠᠭᠤᠯᠵᠤ᠂ ᠵᠠᠰᠠᠭ ᠵᠠᠬᠢᠷᠭ᠋ᠠᠨ᠎ᠤ ᠭᠠᠷ ᠲᠦᠷᠦᠭᠦ ᠵᠢ ᠪᠠᠭ᠋ᠠᠰᠬᠠᠨ᠂ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠦᠷ᠎ᠡ ᠠᠰᠢᠭ᠎ᠢ ᠳᠡᠭᠡᠭᠰᠢᠯᠡᠭᠦᠯᠪᠡ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ᠂ ᠪᠥᠬᠥ ᠣᠷᠣᠨ᠎ᠳᠤ 138 ᠠᠭᠤᠷᠬᠠᠢ ᠵᠢᠨ ᠡᠬᠢ ᠪᠠᠶᠠᠯᠢᠭ᠎ᠤᠨ ᠡᠷᠬᠡ ᠵᠢ ᠵᠠᠬ᠎ᠠ ᠳᠡᠯᠭᠡᠭᠦᠷᠴᠢᠯᠡᠨ ᠰᠢᠯᠵᠢᠭᠦᠯᠦᠨ ᠥᠭᠴᠦ᠂ ᠠᠭᠤᠷᠬᠠᠢ ᠵᠢᠨ ᠡᠬᠢ ᠪᠠᠶᠠᠯᠢᠭ᠎ᠤᠨ ᠡᠷᠬᠡ ᠵᠢ ᠰᠢᠯᠵᠢᠭᠦᠯᠦᠨ ᠥᠭᠭᠦᠭᠰᠡᠨ ᠠᠰᠢᠭ ᠣᠯᠵᠠᠪᠤᠷᠢ ᠵᠢᠨ ᠶᠡᠷᠦᠩᠬᠡᠢ ᠲᠣᠭ᠎ᠠ 500 ᠳ᠋ᠦᠩᠰᠢᠭᠤᠷ ᠲᠥᠭᠥᠷᠢᠭ᠎ᠢ ᠳᠠᠪᠠᠪᠠ᠃ 2024 ᠣᠨ᠎ᠳᠤ ᠬᠣᠶᠠᠷ ᠪᠦᠯᠦᠭ ᠬᠤᠪᠢᠶᠠᠨ 621 ᠡᠨᠧᠷᠭᠢ ᠵᠢᠨ ᠲᠥᠷᠥᠯ᠎ᠤᠨ ᠲᠥᠷᠥᠯ ᠵᠦᠢ᠍ᠯ᠎ᠢ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠲᠥᠷᠥᠯ ᠵᠦᠢ᠍ᠯ᠎ᠤᠨ ᠨᠠᠷᠢᠨ ᠬᠠᠭᠤᠳᠠᠰᠤ᠎ᠳᠤ ᠣᠷᠣᠭᠤᠯᠵᠤ᠂ ᠤᠯᠤᠰ᠎ᠤᠨ ᠲᠥᠯᠥᠪᠯᠡᠭᠡ ᠵᠢᠨ ᠭᠦᠢ᠍ᠴᠡᠳᠬᠡᠯ ᠲᠣᠭ᠎ᠠ ᠵᠢ ᠬᠡᠷᠡᠭᠯᠡᠨ ᠡᠨᠧᠷᠭᠢ ᠵᠢᠨ ᠲᠥᠷᠥᠯ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ 2.86 ᠲᠦᠮᠡᠨ ᠾᠧᠺᠲ᠋ᠠᠷ ᠭᠠᠵᠠᠷ ᠬᠡᠷᠡᠭᠯᠡᠬᠦ ᠵᠢ ᠪᠠᠲᠤᠯᠠᠵᠤ ᠪᠣᠯᠣᠨ᠎ᠠ᠃ ᠭᠠᠵᠠᠷ ᠬᠡᠷᠡᠭᠯᠡᠬᠦ ᠵᠢ ᠬᠢᠨᠠᠨ ᠵᠥᠪᠰᠢᠶᠡᠷᠡᠬᠦ ᠰᠠᠭ᠋ᠠᠳ ᠦᠭᠡᠢ ᠨᠡᠪᠲᠡᠷᠡᠬᠦ ᠵᠠᠮ᠎ᠢ ᠪᠠᠶ᠋ᠢᠭᠤᠯᠬᠤ᠎ᠪᠠᠷ ᠳᠠᠮᠵᠢᠭᠤᠯᠤᠨ᠂ ᠭᠠᠵᠠᠷ ᠬᠡᠷᠡᠭᠯᠡᠬᠦ ᠭᠠᠷᠳᠠᠮ᠎ᠢ ᠲᠦᠷᠭᠡᠳᠬᠡᠨ ᠭᠦᠢ᠍ᠴᠡᠳᠬᠡᠵᠦ᠂ ᠭᠠᠵᠠᠷ ᠬᠡᠷᠡᠭᠯᠡᠬᠦ ᠭᠦᠢ᠍ᠴᠡᠳᠬᠡᠯ ᠲᠣᠭ᠎ᠠ ᠵᠢᠨ ᠪᠠᠲᠤᠯᠠᠬᠤ ᠶᠣᠰᠣᠲᠠᠢ ᠵᠢ᠎ᠨᠢ ᠪᠦᠬᠦᠨ᠎ᠢ ᠪᠠᠲᠤᠯᠠᠵᠤ᠂ ᠰᠢᠨ᠎ᠡ ᠡᠨᠧᠷᠭᠢ ᠵᠢᠨ ᠲᠥᠷᠥᠯ ᠵᠦᠢ᠍ᠯ᠎ᠤᠨ ᠭᠠᠵᠠᠷ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠪᠥᠬᠥ ᠬᠦᠴᠦᠨ ᠵᠶ᠋ᠡᠷ ᠪᠠᠲᠤᠯᠠᠪᠠ᠃

   ᠭᠤᠷᠪᠠ᠎ᠳᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠪᠣᠬᠢᠷᠲᠤᠯ ᠦᠭᠡᠢ ᠬᠥᠭᠵᠢᠭᠦᠯᠬᠦ ᠵᠢ ᠪᠠᠷᠢᠮᠲᠠᠯᠠᠵᠤ᠂ ᠡᠨᠧᠷᠭᠢ ᠵᠢᠨ ᠠᠭᠤᠷᠬᠠᠢ ᠵᠢᠨ ᠦᠢ᠍ᠯᠡᠰ᠎ᠤᠨ ᠠᠵᠤ ᠠᠬᠤᠢ ᠵᠢᠨ ᠬᠥᠭᠵᠢᠯᠲᠡ ᠵᠢᠨ ᠵᠠᠭᠪᠤᠷ᠎ᠢ 《ᠲᠠᠩ ᠴᠤᠯᠭᠤᠢ ᠲᠦᠭᠦᠬᠡᠢ ᠠᠭᠤᠷᠬᠠᠢ ᠵᠢᠨ ᠭᠠᠷᠤᠯᠲᠠ ᠵᠢᠨ ᠪᠣᠷᠤᠯᠠᠭᠤᠯᠭ᠎ᠠ》᠎ᠠᠴᠠ 《ᠪᠣᠬᠢᠷᠲᠤᠯ ᠦᠭᠡᠢ ᠣᠯᠠᠨ ᠡᠰᠢᠵᠢᠭᠰᠡᠨ ᠥᠨᠳᠥᠷ ᠪᠦᠲᠦᠮᠵᠢᠲᠡᠶ ᠠᠰᠢᠭᠯᠠᠯᠲᠠ》 ᠲᠡᠢ᠌ᠰᠢ ᠬᠤᠪᠢᠷᠠᠭᠤᠯᠬᠤ ᠵᠢ ᠠᠬᠢᠭᠤᠯᠪᠠ᠃ ᠬᠥᠭᠵᠢᠭᠦᠯᠦᠯᠲᠡ ᠥᠭᠡᠷᠡᠴᠢᠯᠡᠯᠲᠡ᠂ ᠡᠨᠧᠷᠭᠢ᠂ ᠣᠶ ᠰᠢᠭᠤᠢ ᠡᠪᠡᠰᠦ ᠪᠡᠯᠴᠢᠭᠡᠷ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠰᠠᠯᠬᠢᠨ ᠬᠦᠴᠦ᠎ᠪᠠᠷ ᠴᠠᠬᠢᠯᠭ᠋ᠠᠨ ᠭᠠᠷᠭ᠋ᠠᠬᠤ ᠲᠥᠷᠥᠯ ᠵᠦᠢ᠍ᠯ᠎ᠤᠨ ᠭᠠᠵᠠᠷ ᠰᠢᠷᠣᠢ ᠬᠡᠷᠡᠭᠯᠡᠬᠦ ᠬᠣᠯᠪᠣᠭᠳᠠᠯ ᠪᠦᠬᠦᠢ ᠵᠦᠢ᠍ᠯᠡᠰ᠎ᠢ ᠳᠡᠮᠵᠢᠬᠦ ᠪᠠ ᠵᠢᠷᠤᠮᠵᠢᠭᠤᠯᠬᠤ ᠲᠤᠬᠠᠢ ᠮᠡᠳᠡᠭᠳᠡᠯ ᠵᠢᠴᠢ ᠭᠠᠵᠠᠷ ᠰᠢᠷᠣᠢ ᠬᠡᠷᠡᠭᠯᠡᠬᠦ ᠬᠠᠮᠢᠶᠠᠷᠤᠯᠲᠠ ᠵᠢ ᠵᠢᠷᠤᠮᠵᠢᠭᠤᠯᠬᠤ ᠵᠢᠨ ᠬᠡᠷᠡᠭᠵᠢᠭᠦᠯᠬᠦ ᠨᠠᠷᠢᠨ ᠳᠦᠷᠢᠮ᠎ᠢ ᠨᠡᠢ᠌ᠲᠡᠯᠡᠵᠦ᠂ ᠰᠢᠨ᠎ᠡ ᠡᠨᠧᠷᠭᠢ ᠵᠢᠨ ᠲᠥᠷᠥᠯ ᠵᠦᠢ᠍ᠯ᠎ᠤᠨ ᠭᠠᠵᠠᠷ ᠰᠢᠷᠣᠢ ᠬᠡᠷᠡᠭᠯᠡᠬᠦ ᠪᠠᠲᠤᠯᠠᠭ᠎ᠠ ᠵᠢ ᠴᠢᠩᠭ᠋ᠠᠳᠬᠠᠨ᠎ᠠ᠃ ᠠᠭᠤᠷᠬᠠᠢ ᠵᠢᠨ ᠦᠢ᠍ᠯᠡᠰ᠎ᠤᠨ ᠡᠷᠬᠡ ᠵᠢ ᠬᠢᠮᠳᠠ ᠦᠨ᠎ᠡ᠎ᠪᠠᠷ ᠬᠤᠳᠠᠯᠳᠤᠬᠤ᠂ ᠬᠢᠨᠠᠨ ᠵᠥᠪᠰᠢᠶᠡᠷᠡᠵᠦ ᠳᠡᠩᠰᠡᠯᠡᠨ ᠲᠡᠮᠳᠡᠭᠯᠡᠬᠦ᠎ᠳᠤ 《ᠭᠤᠷᠪᠠᠨ ᠱᠤᠭᠤᠮ ᠨᠢᠭᠡ ᠬᠠᠭᠤᠳᠠᠰᠤ》 ᠵᠢᠨ ᠠᠮᠢ ᠠᠬᠤᠢ ᠵᠢᠨ ᠣᠷᠴᠢᠨ ᠲᠣᠭᠣᠷᠢᠨ᠎ᠢ ᠲᠣᠭᠣᠷᠢᠭ ᠬᠤᠪᠢᠶᠠᠨ ᠬᠠᠮᠢᠶᠠᠷᠤᠨ ᠡᠵᠡᠮᠳᠡᠬᠦ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ᠂ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠭᠠᠵᠠᠷ᠂ ᠲᠡᠦᠬᠡ ᠵᠢᠨ ᠳᠤᠷᠠᠰᠬᠠᠯᠲᠤ ᠵᠦᠢ᠍ᠯᠡᠰ᠂ ᠵᠠᠮ ᠬᠠᠷᠢᠯᠴᠠᠭ᠋ᠠᠨ᠎ᠤ ᠪᠡᠯᠡᠳᠬᠡᠮᠵᠢ ᠵᠡᠷᠭᠡ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ ᠪᠠ 《ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠪᠠᠢ᠌ᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠂ ᠬᠣᠲᠠ ᠪᠠᠯᠭ᠋ᠠᠰᠤ ᠵᠢᠨ ᠨᠡᠭᠡᠭᠡᠨ ᠬᠥᠭᠵᠢᠭᠦᠯᠬᠦ ᠵᠠᠭ᠋ᠠᠭ ᠬᠢᠵᠠᠭ᠋ᠠᠷ᠂ ᠡᠬᠢ ᠪᠠᠶᠠᠯᠢᠭ᠎ᠢ ᠠᠰᠢᠭᠯᠠᠬᠤ ᠳᠡᠭᠡᠳᠦ ᠱᠤᠭᠤᠮ》 ᠵᠡᠷᠭᠡ ᠬᠠᠲᠠᠭᠤ ᠲᠣᠭᠲᠠᠭ᠋ᠠᠯ᠎ᠢ ᠴᠢᠩᠭ᠎ᠠ ᠬᠡᠷᠡᠭᠵᠢᠭᠦᠯᠦᠨ᠂ ᠡᠯ᠎ᠡ ᠲᠥᠷᠥᠯ᠎ᠤᠨ ᠬᠠᠢ᠌ᠨ ᠪᠠᠢ᠌ᠴᠠᠭ᠋ᠠᠵᠤ ᠨᠡᠭᠡᠭᠡᠨ ᠬᠥᠭᠵᠢᠭᠦᠯᠬᠦ ᠠᠵᠢᠯᠯᠠᠭ᠎ᠠ ᠵᠢ ᠡᠬᠢ ᠪᠠᠶᠠᠯᠢᠭ ᠣᠷᠴᠢᠨ ᠲᠣᠭᠣᠷᠢᠨ᠎ᠤ ᠳᠠᠭ᠋ᠠᠭ᠋ᠠᠬᠤ ᠴᠢᠳᠠᠪᠤᠷᠢ ᠵᠢᠨ ᠳᠣᠲᠣᠷ᠎ᠠ ᠬᠢᠵᠠᠭ᠋ᠠᠷᠯᠠᠪᠠ᠃

   ᠡᠭᠦᠨ᠎ᠠᠴᠠ ᠭᠠᠳᠠᠨ᠎ᠠ᠂ ᠵᠠᠩ ᠶᠢᠩ ᠳ᠋ᠡ ᠢᠯᠡᠷᠬᠡᠢ᠌ᠯᠡᠬᠦ᠎ᠳᠡᠭᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠰᠢᠨ᠎ᠡ ᠨᠢᠭᠡᠨ ᠡᠭᠡᠯᠵᠢ ᠵᠢᠨ ᠠᠭᠤᠷᠬᠠᠢ ᠡᠷᠢᠬᠦ ᠰᠢᠪᠲᠤᠯᠤᠯᠲᠠ ᠵᠢᠨ ᠪᠠᠢ᠌ᠯᠳᠤᠬᠤ ᠪᠣᠳᠣᠯᠭ᠎ᠠ ᠵᠢᠨ ᠠᠵᠢᠯᠯᠠᠭ᠎ᠠ ᠳᠤᠮᠳᠠ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠬᠦ ᠵᠢ ᠪᠠᠷᠢᠮᠲᠠᠯᠠᠨ᠂ ᠠᠭᠤᠷᠬᠠᠢ ᠵᠢᠨ ᠭᠠᠷᠤᠯᠲᠠ ᠵᠢᠨ ᠬᠠᠢ᠌ᠨ ᠪᠠᠢ᠌ᠴᠠᠭ᠋ᠠᠬᠤ ᠪᠠᠢ᠌ᠷᠢᠯᠠᠭᠤᠯᠤᠯᠲᠠ ᠵᠢᠨ ᠪᠦᠲᠦᠴᠡ ᠵᠢ ᠰᠢᠯᠢᠳᠡᠭᠵᠢᠭᠦᠯᠵᠦ᠂ ᠰᠠᠭᠤᠷᠢ ᠭᠠᠵᠠᠷ ᠰᠢᠨᠵᠢᠯᠡᠭᠡᠨ᠎ᠤ ᠠᠵᠢᠯ᠎ᠢ ᠴᠢᠩᠭ᠋ᠠᠳᠬᠠᠨ᠂ ᠪᠣᠬᠢᠷᠲᠤᠯ ᠦᠭᠡᠢ ᠬᠠᠢ᠌ᠨ ᠪᠠᠢ᠌ᠴᠠᠭ᠋ᠠᠯᠲᠠ ᠵᠢ ᠪᠥᠬᠥ ᠲᠠᠯ᠎ᠠ᠎ᠪᠠᠷ ᠲᠦᠯᠬᠢᠨ ᠠᠬᠢᠭᠤᠯᠵᠤ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠠᠭᠤᠷᠬᠠᠢ ᠵᠢᠨ ᠭᠠᠷᠤᠯᠲᠠ ᠵᠢᠨ ᠬᠠᠢ᠌ᠨ ᠪᠠᠢ᠌ᠴᠠᠭ᠋ᠠᠯᠲᠠ ᠵᠢ ᠲᠣᠪᠤᠢ᠌ᠯᠭ᠋ᠠᠨ᠂ ᠣᠷᠣᠨ᠎ᠤ ᠳᠣᠲᠣᠷᠠᠬᠢ ᠳᠠᠪᠠᠭᠤᠯᠢᠭ ᠠᠭᠤᠷᠬᠠᠢ ᠵᠢᠨ ᠭᠠᠷᠤᠯᠲᠠ ᠵᠢ ᠬᠠᠮᠲᠤ᠎ᠳᠤᠨᠢ ᠬᠠᠷᠠᠭ᠋ᠠᠯᠵᠠᠵᠤ᠂ ᠶᠡᠷᠦᠩᠬᠡᠢ᠌ᠯᠡᠨ ᠬᠠᠢ᠌ᠨ ᠪᠠᠢ᠌ᠴᠠᠭ᠋ᠠᠬᠤ ᠶᠡᠷᠦᠩᠬᠡᠢ᠌ᠯᠡᠭᠰᠡᠨ ᠦᠨᠡᠯᠡᠯᠲᠡ ᠵᠢᠨ ᠡᠷᠴᠢᠮ᠎ᠢ ᠴᠢᠩᠭ᠋ᠠᠳᠬᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠶᠡᠬᠡᠪᠡᠷ ᠲᠦᠯᠬᠢᠨ ᠠᠬᠢᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠪᠠᠲᠤᠯᠠᠬᠤ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ ᠭᠡᠪᠡ᠃ (ᠬᠠᠷᠢᠭᠤᠴᠠᠭᠰᠠᠨ ᠨᠠᠢ᠌ᠷᠠᠭᠤᠯᠤᠭᠴᠢ᠄ ᠵᠠᠩ ᠰᠢᠤᠸᠠᠢ ᠳ᠋ᠦᠩ᠂ ᠯᠢᠦ ᠽᠧ)

 

ᠢᠷᠡᠯᠲᠡ᠄ ᠠᠷᠠᠳ᠎ᠤᠨ ᠰᠦᠯᠵᠢᠶ᠎ᠡ — ᠥᠪᠥᠷ ᠮᠣᠩᠭᠣᠯ᠎ᠤᠨ ᠰᠤᠪᠠᠭ