ᠲᠤᠰ ᠰᠦᠯᠵᠢᠶ᠎ᠡ ᠵᠢᠨ ᠪᠡᠬᠡᠵᠢᠩ᠎ᠤᠨ 2 ᠳ᠋ᠤᠭ᠋ᠠᠷ ᠰᠠᠷ᠎ᠠ ᠵᠢᠨ 27᠎ᠤ ᠡᠳᠦᠷ᠎ᠤᠨ ᠴᠠᠭᠢᠯᠭ᠋ᠠᠨ ᠮᠡᠲᠡᠬᠡ (ᠲᠠᠯ᠎ᠠ ᠨᠤᠲᠤᠭ᠎ᠤᠨ ᠪᠦᠷᠢᠨ ᠵᠠᠭᠤᠴᠢᠯᠠᠭᠤᠷ · ᠥᠪᠥᠷ ᠮᠣᠩᠭᠤᠯ᠎ᠤᠨ ᠰᠣᠨᠢᠨ ᠮᠡᠳᠡᠭᠡᠨ᠎ᠤ ᠰᠦᠯᠵᠢᠶ᠎ᠡ ᠵᠢᠨ ᠰᠤᠷᠪᠤᠯᠵᠢᠯᠠᠭᠴᠢ ᠠᠨᠢᠷ) 2 ᠳ᠋ᠤᠭ᠋ᠠᠷ ᠰᠠᠷ᠎ᠠ ᠵᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠳᠤᠮᠳᠠᠳᠤ ᠤᠯᠤᠰ᠎ᠤᠨ ᠭᠠᠵᠠᠷ ᠰᠢᠨᠵᠢᠯᠡᠭᠡᠨ᠎ᠤ ᠮᠦᠽᠧᠶ᠎ᠠᠴᠠ ᠭᠤᠤᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠤ ᠪᠠᠶ᠋ᠢᠴᠠᠭ᠋ᠠᠯᠲᠠ ᠵᠢᠨ ᠰᠤᠳᠤᠯᠭ᠋ᠠᠨ᠎ᠤ ᠬᠦᠷᠢᠶᠡᠯᠡᠩ᠂ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠮᠦᠽᠧᠶ᠎ᠠᠴᠠ ᠳᠠᠭ᠋ᠠᠭ᠋ᠠᠨ ᠡᠷᠭᠢᠯᠡᠭᠰᠡᠨ 《ᠦᠵᠡᠰᠬᠦᠯᠡᠩᠲᠦ ᠰᠠᠶ᠋ᠢᠬᠠᠨ ᠤᠮᠠᠷᠠᠲᠤ ᠬᠢᠯᠢ ᠨᠣᠭᠤᠭ᠋ᠠᠷᠠᠵᠤ — ᠥᠪᠥᠷ ᠮᠣᠩᠭᠤᠯ᠎ᠤᠨ ᠪᠣᠬᠢᠷᠲᠤᠯ ᠥᠬᠡᠶ ᠠᠭᠤᠷᠬᠠᠶ ᠵᠢᠨ ᠣᠨᠴᠠ ᠦᠵᠡᠭᠦᠯᠭᠡ》 ᠵᠢᠨ ᠠᠵᠢᠯᠯᠠᠭ᠎ᠠ ᠳᠤᠮᠳᠠᠳᠤ ᠤᠯᠤᠰ᠎ᠤᠨ ᠭᠠᠵᠠᠷ ᠰᠢᠨᠵᠢᠯᠡᠭᠡᠨ᠎ᠤ ᠮᠦᠽᠧᠶ᠎ᠳᠤ ᠶᠠᠪᠤᠭᠳᠠᠵᠤ᠂ ᠦᠵᠡᠭᠦᠯᠭᠡ ᠵᠢᠨ ᠬᠤᠭᠤᠴᠠᠭ᠎ᠠ 6 ᠰᠠᠷ᠎ᠠ ᠪᠤᠯᠤᠨ᠎ᠠ᠃
ᠲᠣᠰ ᠤᠳᠠᠭ᠋ᠠᠨ᠎ᠤ ᠦᠵᠡᠭᠦᠯᠭᠡ ᠵᠢᠨ ᠴᠤᠭᠯᠠᠭ᠋ᠠᠨ᠎ᠤ ᠲᠠᠯᠠᠪᠠᠶ᠎ᠨᠢ 500 ᠲᠡᠭᠰᠢ ᠳᠥᠷᠪᠡᠯᠵᠢᠨ ᠮᠸᠲᠷ ᠪᠠᠶ᠋ᠢᠵᠤ᠂ 《ᠪᠣᠬᠢᠷᠲᠤᠯ ᠥᠬᠡᠶ ᠠᠭᠤᠷᠬᠠᠶ — ᠠᠮᠢ ᠠᠬᠤᠶ ᠵᠢ ᠤᠷᠢᠳ ᠵᠶ᠋ᠠᠷ ᠬᠡᠷᠡᠭᠵᠢᠭᠦᠯᠬᠦ》᠂ 《ᠤᠮᠠᠷᠠᠲᠤ ᠬᠢᠯᠢ ᠳᠦᠭᠦᠷᠡᠩ ᠨᠣᠭᠤᠭ᠋ᠠᠨ ᠠᠭᠤᠯᠠ ᠤᠰᠤ — ᠡᠷᠡᠮᠡᠬᠡᠶ᠋ᠢᠯᠡᠨ ᠤᠷᠤᠭᠰᠢᠯᠠᠬᠤ》᠂ 《ᠪᠣᠬᠢᠷᠲᠤᠯ ᠥᠬᠡᠶ ᠣᠳᠣᠨ — ᠨᠣᠭᠤᠭ᠋ᠠᠨ ᠥᠩᠭᠡ᠎ᠪᠠᠷ ᠠᠶᠠᠯᠠᠬᠤ》 ᠭᠤᠷᠪᠠᠨ ᠶᠡᠭᠡ ᠦᠵᠡᠭᠦᠯᠭᠡ ᠵᠢᠨ ᠲᠣᠭᠤᠷᠢᠭ ᠭᠠᠷᠭ᠋ᠠᠵᠠᠶ᠃ ᠵᠢᠷᠤᠭ ᠪᠢᠴᠢᠭ᠎ᠤᠨ ᠦᠵᠡᠭᠦᠯᠭᠡ ᠵᠢᠨ ᠰᠠᠮᠪᠠᠷ᠎ᠠ᠂ ᠬᠠᠮ ᠵᠠᠭᠤᠴᠢᠯᠠᠭᠤᠷ᠎ᠤᠨ ᠺᠢᠨᠣ᠋ ᠵᠢᠴᠢ ᠦᠢ᠍ᠯᠡᠳᠦᠯᠴᠡᠯ᠂ ᠨᠡᠶ᠋ᠢᠲᠡᠯᠢᠭ ᠠᠭᠤᠷᠬᠠᠶ ᠵᠢᠨ ᠠᠵᠤ ᠠᠬᠤᠶ᠋ᠢᠯᠠᠯ᠎ᠤᠨ ᠡᠯᠡᠰᠦᠨ ᠴᠠᠷ᠎ᠠ ᠵᠢᠨ ᠵᠠᠭᠪᠤᠷ ᠵᠢᠴᠢ ᠪᠣᠳᠠᠲᠤ ᠪᠣᠳᠠᠰ᠎ᠤᠨ ᠬᠡᠪ ᠵᠠᠭᠪᠤᠷ᠂ ᠴᠡᠭᠡᠨ ᠭᠡᠷᠡᠯ᠎ᠤᠨ ᠵᠢᠵᠢᠭ ᠥᠷᠥᠭᠡ ᠵᠡᠷᠭᠡ ᠬᠡᠯᠪᠡᠷᠢ᠎ᠪᠠᠷ ᠳᠠᠮᠵᠢᠭᠤᠯᠤᠨ ᠥᠪᠥᠷ ᠮᠣᠩᠭᠤᠯ᠎ᠤᠨ ᠠᠭᠤᠷᠬᠠᠶ ᠵᠢᠨ ᠣᠷᠣᠨ᠎ᠤ ᠣᠷᠴᠢᠨ ᠲᠣᠭᠤᠷᠢᠨ᠎ᠤ ᠬᠠᠮᠠᠭ᠋ᠠᠯᠠᠯᠲᠠ᠂ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠠᠷᠭ᠎ᠠ ᠮᠠᠶᠢᠭ᠂ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠡᠷᠭᠡ ᠠᠭᠤᠯᠭ᠎ᠠ ᠵᠢ ᠳᠡᠯᠭᠡᠨ ᠦᠵᠡᠭᠦᠯᠵᠦ᠂ ᠥᠪᠥᠷ ᠮᠣᠩᠭᠤᠯ᠎ᠤᠨ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠦᠢ᠍ᠯᠡᠳᠦᠯᠭᠡ᠂ ᠲᠤᠷᠰᠢᠯᠭ᠎ᠠ ᠪᠠ ᠡᠯᠪᠡᠭ ᠦᠷ᠎ᠡ ᠪᠦᠲᠦᠭᠡᠯ᠎ᠢ ᠢᠯᠡᠷᠡᠭᠦᠯᠪᠡ᠃
ᠥᠪᠥᠷ ᠮᠣᠩᠭᠤᠯ ᠡᠬᠡ ᠤᠯᠤᠰ᠎ᠤᠨ ᠤᠮᠠᠷᠠᠲᠤ ᠬᠢᠯᠢ᠎ᠳᠤ ᠪᠠᠶ᠋ᠢᠷᠢᠯᠠᠵᠤ᠂ ᠵᠡᠭᠦᠨ ᠬᠤᠶ᠋ᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠶ᠋ᠢᠲᠤ ᠣᠷᠣᠨ᠎ᠢ ᠰᠤᠨᠳᠠᠯᠠᠵᠤ᠂ ᠮᠠᠨ᠎ᠤ ᠤᠯᠤᠰ᠎ᠤᠨ ᠲᠠᠯᠠᠪᠠᠶ᠎ᠪᠠᠷ ᠬᠠᠮᠤᠭ᠎ᠤᠨ ᠶᠡᠭᠡ᠂ ᠲᠥᠷᠥᠯ ᠵᠦᠢ᠍ᠯ ᠵᠶ᠋ᠠᠷ ᠬᠠᠮᠤᠭ᠎ᠤᠨ ᠪᠦᠷᠢᠨ ᠠᠮᠢ ᠠᠬᠤᠶ ᠵᠢᠨ ᠴᠢᠳᠠᠮᠵᠢᠲᠤ ᠣᠷᠣᠨ ᠮᠥᠨ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠮᠥᠨ᠃ ᠥᠪᠥᠷ ᠮᠣᠩᠭᠣᠯ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ ᠡᠯᠪᠡᠭ ᠳᠡᠯᠪᠡᠭ ᠪᠠᠶ᠋ᠢᠬᠤ᠎ᠨᠢ ᠤᠯᠤᠰ᠎ᠤᠨ ᠴᠢᠬᠤᠯᠠ ᠡᠨᠧᠷᠭᠢ ᠪᠣᠯᠤᠨ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ ᠪᠣᠯᠬᠤ ᠲᠤᠯᠠ᠂ ᠪᠦᠬᠦ ᠣᠷᠣᠨ᠎ᠳᠤ 52 ᠵᠦᠢ᠍ᠯ᠎ᠤᠨ ᠠᠭᠤᠷᠬᠠᠶ ᠵᠢᠨ ᠭᠠᠷᠤᠯᠲᠠ ᠵᠢᠨ ᠬᠠᠮᠠᠭ᠋ᠠᠯᠠᠯᠲᠠ ᠵᠢᠨ ᠡᠬᠢ ᠪᠠᠶᠠᠯᠢᠭ᠎ᠤᠨ ᠬᠠᠳᠠᠭ᠋ᠠᠯᠠᠭᠳᠠᠴᠠ ᠪᠦᠬᠦ ᠤᠯᠤᠰ᠎ᠤᠨ ᠡᠮᠦᠨ᠎ᠡ ᠭᠤᠷᠪᠠ᠎ᠳᠤ ᠵᠢᠭᠰᠠᠭ᠋ᠠᠭᠳᠠᠵᠤ᠂ ᠡᠭᠦᠨ᠎ᠳᠤ ᠨᠡᠭᠦᠷᠡᠰᠦ᠂ ᠬᠣᠪᠣᠷ ᠰᠢᠷᠣᠶ ᠵᠡᠷᠭᠡ 21 ᠵᠦᠢ᠍ᠯ᠎ᠤᠨ ᠠᠭᠤᠷᠬᠠᠶ ᠵᠢᠨ ᠭᠠᠷᠤᠯᠲᠠ ᠵᠢᠨ ᠬᠠᠮᠠᠭ᠋ᠠᠯᠠᠯᠲᠠ ᠵᠢᠨ ᠡᠬᠢ ᠪᠠᠶᠠᠯᠢᠭ᠎ᠤᠨ ᠨᠥᠭᠡᠴᠡ ᠪᠦᠬᠦ ᠤᠯᠤᠰ᠎ᠤᠨ ᠲᠡᠷᠢᠭᠦᠨ ᠪᠠᠶ᠋ᠢᠷᠢᠨ᠎ᠳᠤ ᠵᠢᠭᠰᠠᠭ᠋ᠠᠭᠳᠠᠪᠠ᠃
ᠣᠶ᠋ᠢᠷ᠎ᠠ ᠵᠢᠨ ᠵᠢᠯ᠎ᠤᠨ ᠲᠤᠷᠰᠢ᠂ ᠥᠪᠥᠷ ᠮᠣᠩᠭᠤᠯ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ᠎ᠪᠠᠷ ᠠᠭᠤᠷᠬᠠᠶ ᠵᠢᠨ ᠠᠵᠤ ᠠᠬᠤᠶ᠋ᠢᠯᠠᠯ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢ ᠪᠠᠷᠢᠮᠲᠠᠯᠠᠵᠤ᠂ ᠤᠷᠢᠳ ᠬᠤᠵᠢᠳ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠲᠥᠰᠦᠯ᠂ ᠪᠥᠲᠥᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ᠂ ᠦᠨᠡᠯᠡᠨ ᠵᠢᠱ᠌ᠢᠬᠦ ᠠᠷᠭ᠎ᠠ᠂ ᠪᠥᠲᠥᠭᠡᠨ ᠪᠠᠶ᠋ᠢᠭᠤᠯᠤᠯᠲᠠ ᠵᠢᠨ ᠦᠨᠡᠯᠡᠯᠲᠡ ᠵᠢᠨ ᠭᠦᠢ᠍ᠴᠡᠳᠭᠡᠯ ᠲᠤᠭ᠎ᠠ ᠵᠡᠷᠭᠡ ᠠᠯᠢ ᠣᠯᠠᠨ ᠲᠦᠷᠢᠮ ᠲᠣᠭᠲᠠᠭ᠋ᠠᠯ᠎ᠢ ᠲᠣᠭᠲᠠᠭ᠋ᠠᠵᠤ᠂ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠲᠦᠷᠢᠮ᠎ᠤᠨ ᠰᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠪᠡ᠃ ᠵᠠᠰᠠᠭ᠎ᠤᠨ ᠣᠷᠳᠣᠨ ᠵᠶ᠋ᠠᠷ ᠭᠤᠣᠯᠯᠠᠭᠤᠯᠬᠤ᠂ ᠠᠵᠤ ᠠᠬᠤᠶ᠋ᠢᠯᠠᠯ ᠡᠷᠬᠢᠯᠡᠨ ᠪᠠᠶ᠋ᠢᠭᠤᠯᠬᠤ᠂ ᠰᠠᠯᠠᠭ᠎ᠠ ᠮᠥᠴᠢᠷ ᠬᠢᠨᠠᠨ ᠬᠠᠮᠢᠶᠠᠷᠬᠤ᠂ ᠨᠡᠶ᠋ᠢᠭᠡᠮ᠎ᠠᠴᠠ ᠬᠢᠨᠠᠯᠲᠠ ᠲᠠᠯᠪᠢᠬᠤ ᠪᠠᠶ᠋ᠢᠭᠤᠯᠤᠯ ᠲᠣᠭᠲᠠᠴᠠ ᠵᠢ ᠪᠠᠶ᠋ᠢᠭᠤᠯᠵᠤ᠂ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠪᠠ᠃
ᠣᠶ᠋ᠢᠯᠠᠭ᠋ᠠᠭᠰᠠᠨ ᠵᠶ᠋ᠠᠷ᠂ ᠣᠳᠣᠬᠠᠨ ᠪᠣᠯᠲᠠᠯ᠎ᠠ᠂ ᠪᠥᠬᠦ ᠣᠷᠣᠨ᠎ᠳᠤ ᠨᠡᠶ᠋ᠢᠲᠡ 344 ᠠᠭᠤᠷᠬᠠᠶ ᠵᠢ ᠪᠣᠬᠢᠷᠲᠤᠯ ᠥᠬᠡᠶ ᠠᠭᠤᠷᠬᠠᠶ ᠵᠢᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠵᠤ᠂ ᠡᠭᠦᠨ᠎ᠳᠤ 47 ᠠᠭᠤᠷᠬᠠᠶ ᠵᠢ ᠤᠯᠤᠰ᠎ᠤᠨ ᠪᠣᠬᠢᠷᠲᠤᠯ ᠥᠬᠡᠶ ᠠᠭᠤᠷᠬᠠᠶ ᠵᠢᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠪᠠ᠃ ᠪᠣᠬᠢᠷᠲᠤᠯ ᠦᠭᠡᠶ ᠠᠭᠤᠷᠬᠠᠶ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ ᠥᠪᠥᠷ ᠮᠣᠩᠭᠣᠯ᠎ᠤᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ ᠬᠢᠷᠢ ᠬᠡᠮᠵᠢᠶ᠎ᠡ ᠵᠢ ᠢᠯᠡᠳᠲᠡ ᠳᠡᠭᠡᠭᠰᠢᠯᠡᠭᠦᠯᠵᠦ᠂ ᠠᠭᠤᠷᠬᠠᠶ ᠵᠢᠨ ᠠᠮᠢ ᠠᠬᠤᠶ ᠵᠢᠨ ᠣᠷᠴᠢᠨ ᠲᠣᠭᠣᠷᠢᠨ᠎ᠢ ᠢᠯᠡᠷᠬᠡᠶ ᠰᠠᠶ᠋ᠢᠵᠢᠷᠠᠭᠤᠯᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠲᠠᠰᠤᠷᠠᠯᠲᠠ ᠤᠢ᠍ᠭᠡᠢ ᠨᠡᠮᠡᠭᠳᠡᠭᠦᠯᠵᠦ᠂ ᠠᠭᠤᠷᠬᠠᠶ ᠵᠢᠨ ᠭᠠᠵᠠᠷ᠎ᠤᠨ ᠡᠶ᠎ᠡ ᠵᠣᠬᠢᠴᠠᠯ᠎ᠲᠠᠢ ᠬᠥᠭᠵᠢᠬᠦ ᠦᠷ᠎ᠡ ᠪᠦᠲᠦᠮᠵᠢ ᠵᠢ ᠢᠯᠡᠳᠲᠡ ᠪᠣᠯᠭ᠋ᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠨ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠬᠤ ᠵᠢᠨ ᠴᠢᠬᠤᠯᠠ ᠲᠤᠯᠭ᠋ᠠᠭᠤᠷᠢᠯᠠᠯ ᠪᠣᠯᠭ᠋ᠠᠨ᠎ᠠ᠃