ᠬᠡᠮᠵᠢᠶ᠎ᠡ᠎ᠲᠠᠢ᠎ᠪᠠᠷ ᠬᠡᠷᠡᠭᠯᠡᠵᠦ᠂ ᠠᠭᠤᠷᠬᠠᠢ ᠵᠢᠨ ᠦᠢ᠍ᠯᠡᠰ᠎ᠤᠨ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠬᠤ ᠬᠡᠷᠡᠭᠲᠡᠢ
2024-04-16

   ᠥᠪᠥᠷ ᠮᠣᠩᠭᠤᠯ ᠡᠬᠡ ᠤᠯᠤᠰ᠎ᠤᠨ ᠤᠮᠠᠷᠠᠲᠤ ᠬᠢᠯᠢ᠎ᠳᠤ ᠪᠠᠶ᠋ᠢᠷᠢᠯᠠᠵᠤ᠂ ᠵᠡᠭᠦᠨ ᠬᠤᠶ᠋ᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠶ᠋ᠢᠲᠤ ᠣᠷᠣᠨ᠎ᠢ ᠰᠤᠨᠳᠠᠯᠠᠵᠤ᠂ ᠮᠠᠨ᠎ᠤ ᠤᠯᠤᠰ᠎ᠤᠨ ᠲᠠᠯᠠᠪᠠᠶ᠎ᠪᠠᠷ ᠬᠠᠮᠤᠭ᠎ᠤᠨ ᠶᠡᠭᠡ᠂ ᠲᠥᠷᠥᠯ ᠵᠦᠢ᠍ᠯ ᠵᠶ᠋ᠠᠷ ᠬᠠᠮᠤᠭ᠎ᠤᠨ ᠪᠦᠷᠢᠨ ᠠᠮᠢ ᠠᠬᠤᠶ ᠵᠢᠨ ᠴᠢᠳᠠᠮᠵᠢᠲᠤ ᠣᠷᠣᠨ ᠮᠥᠨ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠮᠥᠨ᠃ ᠥᠪᠥᠷ ᠮᠣᠩᠭᠤᠯ ᠪᠣᠯ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠲᠣᠮᠣ ᠣᠷᠣᠨ ᠮᠥᠨ᠂ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ ᠮᠥᠨ᠂ ᠨᠡᠭᠦᠷᠡᠰᠦ᠂ ᠬᠤᠪᠣᠷ ᠰᠢᠷᠣᠶ ᠵᠡᠷᠭᠡ 21 ᠵᠦᠢ᠍ᠯ᠎ᠤᠨ ᠴᠢᠬᠤᠯᠠ ᠠᠭᠤᠷᠬᠠᠶ ᠵᠢᠨ ᠭᠠᠷᠤᠯᠲᠠ ᠵᠢᠨ ᠪᠠᠲᠤᠯᠠᠭ᠎ᠠ ᠵᠢᠨ ᠡᠬᠢ ᠪᠠᠶᠠᠯᠢᠭ᠎ᠤᠨ ᠬᠡᠮᠵᠢᠶ᠎ᠡ ᠪᠥᠬᠦ ᠤᠯᠤᠰ᠎ᠤᠨ ᠲᠡᠷᠢᠭᠦᠨ᠎ᠳᠤ ᠣᠷᠣᠪᠠ᠃

   ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠭᠡᠯ᠎ᠲᠤ᠂ ᠪᠦᠬᠦ ᠲᠠᠯ᠎ᠠ᠎ᠪᠠᠷ ᠠᠷᠪᠢᠯᠠᠨ ᠭᠠᠮᠨᠠᠬᠤ ᠪᠠᠢ᠌ᠯᠳᠤᠬᠤ ᠪᠤᠳᠤᠯᠭ᠎ᠠ ᠵᠢ ᠬᠡᠷᠡᠭᠵᠢᠭᠦᠯᠵᠦ᠂ ᠡᠯ᠎ᠡ ᠲᠦᠷᠦᠯ᠎ᠤᠨ ᠡᠬᠢ ᠪᠠᠶᠠᠯᠢᠭ᠎ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠵᠢ ᠠᠬᠢᠭᠤᠯᠤᠨ᠎ᠠ ᠭᠡᠵᠦ ᠳᠤᠷᠠᠳᠴᠠᠢ᠃ ᠥᠪᠥᠷ ᠮᠣᠩᠭᠤᠯ᠎ᠤᠨ ᠠᠭᠤᠷᠬᠠᠶ ᠵᠢᠨ ᠦᠢ᠍ᠯᠡᠰ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠬᠦ 《ᠡᠬᠢ ᠡᠭᠦᠰᠦᠯ᠎ᠤᠨ ᠪᠣᠭᠤᠮᠲᠠ》 ᠵᠢ ᠰᠠᠶ᠋ᠢᠲᠤᠷ ᠡᠵᠡᠮᠳᠡᠵᠦ᠂ ᠠᠷᠪᠢᠲᠠᠶ ᠡᠷᠴᠢᠮᠯᠢᠭ 《ᠨᠡᠭᠡᠭᠡᠨ ᠬᠥᠭᠵᠢᠭᠦᠯᠬᠦ ᠪᠣᠭᠤᠮᠲᠠ》 ᠵᠢ ᠰᠠᠶ᠋ᠢᠲᠤᠷ ᠠᠳᠬᠤᠬᠤ ᠵᠢ ᠠᠬᠢᠭᠤᠯᠵᠤ᠂ ᠬᠠᠮᠠᠭ᠋ᠠᠯᠠᠬᠤ ᠳᠤᠮᠳᠠ ᠨᠡᠭᠡᠭᠡᠨ ᠬᠥᠭᠵᠢᠭᠦᠯᠬᠦ᠂ ᠨᠡᠭᠡᠭᠡᠨ ᠬᠥᠭᠵᠢᠭᠦᠯᠬᠦ ᠳᠤᠮᠳᠠ ᠬᠠᠮᠠᠭ᠋ᠠᠯᠠᠬᠤ — 2023 ᠣᠨ᠎ᠳᠤ 182 ᠲᠥᠷᠥᠯ ᠵᠦᠢ᠍ᠯ᠎ᠳᠤ ᠪᠣᠬᠢᠷᠲᠤᠯ ᠥᠬᠡᠶ ᠬᠠᠶ᠋ᠢᠨ ᠪᠠᠶ᠋ᠢᠴᠠᠭ᠋ᠠᠯᠲᠠ ᠵᠢ ᠨᠡᠶ᠋ᠢᠳᠡᠮ ᠪᠥᠷᠬᠦᠭᠦᠯᠬᠦ᠂ 54 ᠠᠭᠤᠷᠬᠠᠶ ᠵᠢᠨ ᠦᠢ᠍ᠯᠡᠰ᠎ᠤᠨ ᠡᠷᠬᠡ ᠵᠢ ᠡᠮᠬᠢᠯᠡᠨ ᠨᠡᠶ᠋ᠢᠯᠡᠭᠦᠯᠵᠦ ᠠᠭᠤᠷᠬᠠᠶ ᠮᠠᠯᠲᠠᠬᠤ ᠡᠷᠬᠡ ᠪᠣᠯᠭ᠋ᠠᠪᠠ; ᠣᠲᠣ ᠪᠣᠯᠲᠠᠯ᠎ᠠ᠂ 344 ᠠᠭᠤᠷᠬᠠᠶ ᠵᠢ ᠪᠣᠬᠢᠷᠲᠤᠯ ᠥᠬᠡᠶ ᠠᠭᠤᠷᠬᠠᠶ ᠵᠢᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠵᠠᠶ ᠁

   ᠵᠢᠷᠤᠭ ᠲᠥᠯᠥᠪᠯᠡᠭᠡ ᠵᠢ ᠰᠢᠯᠢᠳᠡᠭᠵᠢᠭᠦᠯᠵᠦ᠂ ᠡᠬᠢ ᠪᠠᠶᠠᠯᠢᠭ᠎ᠤᠨ ᠬᠠᠶ᠋ᠢᠨ ᠪᠠᠶ᠋ᠢᠴᠠᠭ᠋ᠠᠯᠲᠠ ᠵᠢ ᠨᠠᠩ ᠪᠣᠬᠢᠷᠲᠤᠯ ᠥᠬᠡᠶ ᠪᠣᠯᠭ᠋ᠠᠨ᠎ᠠ

   ᠨᠢᠳᠤᠨᠤᠨ᠎ᠠᠴᠠ ᠡᠬᠢᠯᠡᠨ᠂ ᠬᠥᠯᠥᠨ ᠪᠤᠶ᠋ᠢᠷ ᠬᠤᠳᠠ ᠵᠢᠨ ᠳ᠋ᠸ ᠡᠯ ᠪᠦ᠋ ᠨᠡᠭᠦᠷᠡᠰᠦᠨ᠎ᠤ ᠠᠢ ᠰᠠᠪᠠ ᠵᠢᠨ ᠨᠡᠭᠦᠷᠡᠰᠦᠨ ᠳᠠᠪᠬᠤᠷᠭ᠎ᠠ ᠵᠢᠨ ᠬᠡᠢ ᠵᠢᠨ ᠲᠦᠷᠦᠯ ᠵᠦᠢ᠍ᠯ᠎ᠢ ᠬᠠᠶ᠋ᠢᠨ ᠰᠢᠨᠵᠢᠯᠡᠬᠦ ᠳᠤᠮᠳᠠ ᠪᠣᠬᠢᠷᠲᠤᠯ ᠦᠭᠡᠢ ᠬᠠᠶ᠋ᠢᠨ ᠪᠠᠶ᠋ᠢᠴᠠᠭ᠋ᠠᠯᠲᠠ ᠬᠢᠪᠡ᠃

  《ᠥᠷᠥᠮᠳᠡᠨ ᠬᠠᠶ᠋ᠢᠬᠤ ᠱᠠᠲᠤᠨ᠎ᠳᠤ ᠮᠠᠨ᠎ᠤ ᠪᠠᠷᠢᠯᠭ᠎ᠠ ᠵᠢᠨ ᠲᠣᠭᠤᠷᠢᠭ᠎ᠤᠨ ᠬᠤᠳᠳᠤᠭ ᠥᠷᠥᠮᠳᠡᠬᠦ ᠲᠥᠬᠦᠭᠡᠷᠦᠮᠵᠢ᠎ᠨᠢ ᠴᠥᠮ ᠲᠣᠰᠣᠨ᠎ᠤ ᠪᠣᠬᠢᠷᠳᠣᠯ᠎ᠤᠨ ᠨᠡᠪᠴᠢᠯᠲᠡ ᠵᠢ ᠰᠡᠷᠭᠡᠶ᠋ᠢᠯᠡᠬᠦ ᠠᠵᠢᠯ ᠬᠢᠵᠦ᠂ ᠰᠢᠪᠠᠷ᠎ᠤᠨ ᠴᠥᠭᠦᠷᠥᠮ᠎ᠤᠨ ᠡᠵᠡᠯᠡᠨ ᠬᠡᠷᠡᠭᠯᠡᠭᠰᠡᠨ 400 ᠲᠡᠭᠰᠢ ᠳᠥᠷᠪᠡᠯᠵᠢᠨ ᠮᠸᠲᠷ᠎ᠤᠨ ᠭᠠᠵᠠᠷ ᠰᠢᠷᠣᠶ ᠵᠢ ᠠᠵᠢᠯ ᠬᠢᠭᠰᠡᠨ᠎ᠤ ᠳᠠᠷᠠᠭ᠎ᠠ ᠳᠠᠬᠢᠨ ᠬᠠᠭ᠋ᠠᠯᠪᠤᠷᠢᠯᠠᠨ ᠨᠣᠭᠤᠭ᠋ᠠᠷᠠᠭᠤᠯᠪᠠ᠃ ᠲᠦᠷᠦᠯ ᠵᠦᠢ᠍ᠯ᠎ᠤᠨ ᠬᠠᠷᠢᠭᠤᠴᠠᠯᠭ᠋ᠠᠲᠠᠨ ᠬᠤ᠌ ᠦ᠋ ᠲᠤᠤ ᠲᠠᠨᠢᠯᠴᠠᠭᠤᠯᠬᠤ᠎ᠳᠠᠭᠠᠨ᠂ 《ᠡᠨᠡ᠎ᠨᠢ ᠲᠦᠷᠦᠯ ᠵᠦᠢ᠍ᠯ᠎ᠤᠨ ᠪᠠᠶ᠋ᠢᠭ᠋ᠠᠯᠢ ᠵᠢᠨ ᠣᠷᠴᠢᠨ ᠲᠣᠭᠤᠷᠢᠨ ᠎ᠳᠠᠬᠢ ᠬᠠᠷᠰᠢᠯᠠᠯ᠎ᠢ ᠲᠦᠢ᠍ᠯ᠎ᠤᠨ ᠶᠡᠬᠡ᠎ᠪᠠᠷ ᠪᠠᠭ᠋ᠠᠰᠬᠠᠵᠤ᠂ ᠪᠠᠶ᠋ᠢᠭ᠋ᠠᠯᠢ ᠵᠢᠨ ᠣᠷᠴᠢᠨ ᠲᠣᠭᠤᠷᠢᠨ ᠪᠠ ᠤᠷᠭᠤᠮᠠᠯ᠎ᠤᠨ ᠪᠦᠷᠬᠦᠴᠡ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠬᠠᠮᠠᠭ᠋ᠠᠯᠠᠪᠠ》᠃

   ᠲᠣᠰ ᠲᠥᠷᠥᠯ ᠵᠦᠢ᠍ᠯ᠎ᠢ ᠪᠠᠷᠢᠵᠤ ᠳᠠᠭᠤᠰᠤᠭᠰᠠᠨ᠎ᠤ ᠳᠠᠷᠠᠭ᠎ᠠ ᠪᠠᠰᠠ ᠬᠡᠰᠡᠭ ᠪᠤᠰᠠᠭ ᠡᠪᠳᠡᠭᠳᠡᠭᠰᠡᠨ ᠴᠡᠭ᠎ᠲᠤ ᠰᠢᠷᠣᠶ ᠬᠤᠴᠢᠵᠤ᠂ ᠳᠠᠬᠢᠨ ᠬᠠᠭ᠋ᠠᠯᠪᠤᠷᠢᠯᠠᠵᠤ᠂ ᠨᠣᠭᠤᠭ᠋ᠠᠷᠠᠭᠤᠯᠵᠤ᠂ ᠰᠡᠷᠭᠦᠭᠡᠭᠰᠡᠨ ᠲᠠᠯᠠᠪᠠᠶ᠎ᠨᠢ ᠪᠠᠷᠤᠭ 300 ᠲᠡᠭᠰᠢ ᠳᠥᠷᠪᠡᠯᠵᠢᠨ ᠮᠸᠲᠷ ᠪᠠᠶ᠋ᠢᠵᠤ᠂ ᠲᠣᠰ ᠣᠷᠣᠨ᠎ᠤ ᠤᠷᠭᠤᠮᠠᠯ᠎ᠤᠨ ᠬᠤᠴᠢᠯᠭ᠎ᠠ ᠵᠢ ᠡᠭᠦᠨ᠎ᠠᠴᠠ ᠡᠮᠦᠨ᠎ᠡ ᠨᠠᠩ ᠢᠭᠴᠤ ᠰᠠᠬᠤᠯᠢᠭ ᠪᠣᠯᠭ᠋ᠠᠵᠠᠢ᠃

   ᠳ᠋ᠸ ᠡᠯ ᠪᠦ᠋ ᠨᠡᠭᠦᠷᠡᠰᠦᠨ ᠠᠭᠤᠷᠬᠠᠶ ᠵᠢᠨ ᠨᠡᠭᠦᠷᠡᠰᠦᠨ ᠳᠠᠪᠬᠤᠷᠭ᠎ᠠ ᠵᠢᠨ ᠬᠡᠢ ᠵᠢᠨ ᠲᠥᠷᠥᠯ ᠵᠦᠢ᠍ᠯ ᠪᠣᠯ ᠪᠦᠬᠦ ᠣᠷᠣᠨ᠎ᠤ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠳᠤ ᠪᠣᠬᠢᠷᠲᠤᠯ ᠦᠭᠡᠶ ᠬᠠᠶ᠋ᠢᠨ ᠪᠠᠶ᠋ᠢᠴᠠᠭ᠋ᠠᠯᠲᠠ ᠬᠢᠭᠰᠡᠨ ᠬᠤᠷᠢᠶᠠᠩᠭᠤᠶ ᠳᠦᠷᠰᠦ ᠪᠣᠯᠤᠨ᠎ᠠ᠃ 2023 ᠣᠨ᠎ᠳᠤ ᠥᠪᠥᠷ ᠮᠣᠩᠭᠤᠯ᠎ᠤᠨ ᠰᠢᠨ᠎ᠡ ᠨᠢᠭᠡ ᠡᠭᠡᠯᠵᠢ ᠵᠢᠨ ᠠᠭᠤᠷᠬᠠᠶ ᠡᠷᠢᠬᠦ ᠰᠢᠪᠲᠤᠯᠤᠯᠲᠠ ᠵᠢᠨ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ ᠵᠢ ᠪᠥᠬᠦ ᠲᠠᠯ᠎ᠠ᠎ᠪᠠᠷ ᠥᠷᠨᠢᠭᠦᠯᠬᠦ ᠵᠢ ᠳᠠᠭ᠋ᠠᠯᠳᠤᠨ᠂ ᠪᠥᠬᠦ ᠣᠷᠣᠨ᠎ᠤ ᠪᠣᠶ ᠪᠥᠬᠦᠶ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ ᠬᠠᠶ᠋ᠢᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠳᠤ ᠪᠣᠬᠢᠷᠲᠤᠯ ᠥᠬᠡᠶ ᠬᠠᠶ᠋ᠢᠨ ᠪᠠᠶ᠋ᠢᠴᠠᠭ᠋ᠠᠯᠲᠠ ᠬᠢᠵᠦ᠂ ᠠᠭᠤᠷᠬᠠᠶ ᠵᠢᠨ ᠦᠢ᠍ᠯᠡᠰ᠎ᠤᠨ ᠪᠣᠬᠢᠷᠲᠤᠯ ᠥᠬᠡᠶ᠎ᠪᠠᠷ ᠬᠡᠯᠪᠡᠷᠢ᠎ᠪᠠᠨ ᠬᠤᠪᠢᠷᠠᠭᠤᠯᠬᠤ ᠪᠠ ᠴᠢᠨᠠᠷ ᠰᠠᠶ᠋ᠢᠲᠠᠶ ᠬᠥᠭᠵᠢᠯᠲᠡ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃

   ᠪᠣᠬᠢᠷᠲᠤᠯ ᠦᠭᠡᠶ ᠬᠠᠶ᠋ᠢᠨ ᠪᠠᠶ᠋ᠢᠴᠠᠭ᠋ᠠᠬᠤ ᠭᠡᠳᠡᠭ᠎ᠨᠢ ᠳᠠᠷᠤᠶ ᠰᠢᠨᠵᠢᠯᠡᠬᠦ ᠤᠬᠠᠭ᠋ᠠᠨ ᠮᠡᠷᠭᠡᠵᠢᠯ ᠪᠠ ᠬᠠᠮᠢᠶᠠᠷᠤᠯᠲᠠ ᠵᠢᠨ ᠲᠠᠯ᠎ᠠ᠎ᠪᠠᠷ ᠰᠢᠨ᠎ᠡ ᠵᠢ ᠡᠭᠦᠳᠬᠦ᠎ᠳᠤ ᠲᠦᠰᠢᠭᠯᠡᠵᠦ᠂ ᠬᠠᠮᠤᠭ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠬᠠᠶ᠋ᠢᠨ ᠪᠠᠶ᠋ᠢᠴᠠᠭ᠋ᠠᠯᠲᠠ ᠵᠢᠨ ᠠᠷᠭ᠎ᠠ ᠪᠠᠷᠢᠯ ᠵᠶ᠋ᠠᠷ ᠳᠠᠮᠵᠢᠭᠤᠯᠤᠨ᠂ ᠣᠷᠴᠢᠨ ᠲᠣᠭᠣᠷᠢᠨ᠎ᠢ ᠬᠠᠷᠰᠢᠯᠠᠬᠤ ᠴᠢᠨᠠᠷ ᠵᠶ᠋ᠠᠷ ᠬᠠᠮᠤᠭ᠎ᠤᠨ ᠪᠠᠭ᠎ᠠ ᠪᠠᠶ᠋ᠢᠯᠭ᠋ᠠᠬᠤ ᠵᠠᠷᠴᠢᠮ᠎ᠤᠨ ᠶᠣᠰᠣᠭ᠋ᠠᠷ᠂ ᠬᠠᠶ᠋ᠢᠨ ᠪᠠᠶ᠋ᠢᠴᠠᠭ᠋ᠠᠬᠤ ᠵᠢᠷᠤᠭ ᠲᠥᠯᠥᠪᠯᠡᠭᠡ᠎ᠪᠠᠨ ᠰᠢᠯᠢᠳᠡᠭᠵᠢᠭᠦᠯᠦᠨ᠂ ᠵᠢᠱ᠌ᠢᠭᠰᠡᠨ ᠭᠠᠵᠠᠷ ᠰᠢᠨᠵᠢᠯᠡᠭᠡᠨ᠎ᠤ ᠠᠭᠤᠷᠬᠠᠶ ᠡᠷᠢᠬᠦ ᠪᠠ ᠠᠭᠤᠷᠬᠠᠶ ᠵᠢᠨ ᠭᠠᠷᠤᠯᠲᠠ ᠵᠢ ᠨᠡᠭᠡᠭᠡᠬᠦ ᠬᠠᠷᠠᠯᠲᠠ ᠵᠢ ᠪᠡᠶᠡᠯᠡᠭᠦᠯᠬᠦ ᠶᠠᠪᠤᠳᠠᠯ ᠪᠣᠯᠤᠨ᠎ᠠ᠃

  2023 ᠣᠨ᠎ᠳᠤ᠂ ᠥᠪᠥᠷ ᠮᠣᠩᠭᠤᠯ᠎ᠤᠨ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠰᠠᠭᠤᠷᠢ ᠮᠥᠩᠭᠦ ᠨᠡᠶ᠋ᠢᠲᠡ 182 ᠲᠥᠷᠥᠯ ᠵᠦᠢ᠍ᠯ᠎ᠢ ᠬᠡᠷᠡᠭᠵᠢᠭᠦᠯᠵᠦ᠂ 3.5 ᠳ᠋ᠦᠩᠰᠢᠭᠤᠷ ᠲᠥᠭᠦᠷᠢᠭ᠎ᠤᠨ ᠪᠠᠯᠠ ᠮᠥᠩᠭᠦ ᠣᠷᠣᠭᠤᠯᠵᠤ᠂ ᠪᠣᠬᠢᠷᠲᠤᠯ ᠥᠬᠡᠶ ᠬᠠᠶ᠋ᠢᠨ ᠪᠠᠶ᠋ᠢᠴᠠᠭ᠋ᠠᠯᠲᠠ ᠵᠢᠨ ᠪᠦᠬᠦᠨ᠎ᠢ ᠬᠠᠮᠤᠷᠬᠤ ᠵᠢ ᠪᠡᠶᠡᠯᠡᠭᠦᠯᠪᠡ᠃ ᠡᠯ᠎ᠡ ᠲᠥᠷᠥᠯ ᠵᠦᠢ᠍ᠯ᠎ᠨᠢ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠬᠤ ᠪᠦᠬᠦ ᠶᠠᠪᠤᠴᠠ᠎ᠳᠤ ᠠᠭ᠋ᠠᠷ᠎ᠤᠨ ᠠᠶᠠᠯᠠᠯ᠎ᠤᠨ ᠰᠣᠷᠢᠨᠵᠢᠨ ᠠᠷᠭ᠎ᠠ᠂ ᠥᠨᠳᠥᠷ ᠭᠡᠷᠡᠯ᠎ᠤᠨ ᠵᠢᠭᠰᠠᠯ ᠠᠯᠤᠰ ᠰᠡᠷᠡᠯ᠂ ᠥᠷᠥᠮᠳᠡᠬᠦ᠎ᠪᠠᠷ ᠬᠤᠩᠭᠢᠯ᠎ᠢ ᠣᠷᠣᠯᠠᠭᠤᠯᠬᠤ ᠵᠡᠷᠭᠡ ᠲᠡᠷᠢᠭᠦᠨ᠎ᠤ ᠠᠷᠭ᠎ᠠ᠂ ᠮᠡᠷᠭᠡᠵᠢᠯ ᠪᠣᠯᠤᠨ ᠲᠥᠬᠥᠭᠡᠷᠦᠮᠵᠢ ᠵᠢ ᠬᠡᠷᠡᠭᠯᠡᠵᠦ᠂ ᠭᠠᠵᠠᠷ ᠰᠢᠨᠵᠢᠯᠡᠭᠡᠨ᠎ᠤ ᠠᠵᠢᠯ᠎ᠤᠨ ᠠᠮᠢ ᠠᠬᠤᠶ ᠵᠢᠨ ᠣᠷᠴᠢᠨ ᠲᠣᠭᠣᠷᠢᠨ᠎ᠳᠤ ᠦᠵᠡᠭᠦᠯᠬᠦ ᠬᠠᠷᠰᠢᠯᠠᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠬᠤ ᠬᠡᠷᠡᠭᠲᠡᠶ᠃

   ᠡᠮᠦᠨᠡᠬᠡᠨ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠪᠠᠷᠢᠮᠵᠢᠶ᠎ᠠ 《ᠪᠣᠬᠢᠷᠲᠤᠯ ᠦᠭᠡᠶ ᠬᠠᠶ᠋ᠢᠨ ᠪᠠᠶ᠋ᠢᠴᠠᠭ᠋ᠠᠬᠤ ᠮᠡᠷᠭᠡᠵᠢᠯ᠎ᠤᠨ ᠳᠦᠷᠢᠮ》᠎ᠢ ᠨᠡᠶ᠋ᠢᠲᠡᠯᠡᠵᠦ ᠬᠡᠷᠡᠭᠵᠢᠭᠦᠯᠪᠡ᠃ ᠡᠨᠡ ᠪᠣᠯ 《ᠥᠪᠥᠷ ᠮᠣᠩᠭᠤᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》᠎ᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠤᠨ᠎ᠠ᠃

  《ᠪᠣᠬᠢᠷᠳᠤᠯ ᠦᠭᠡᠢ ᠬᠠᠶ᠋ᠢᠨ ᠪᠠᠶ᠋ᠢᠴᠠᠭ᠋ᠠᠯᠲᠠ ᠵᠢᠨ ᠮᠡᠷᠭᠡᠵᠢᠯ᠎ᠤᠨ ᠳᠦᠷᠢᠮ》᠎ᠨᠢ 《ᠠᠮᠢ ᠠᠬᠤᠢ ᠵᠢ ᠲᠡᠷᠢᠭᠦᠨ᠎ᠳᠤ ᠲᠠᠯᠪᠢᠵᠤ᠂ ᠪᠣᠬᠢᠷᠳᠤᠯ ᠦᠭᠡᠢ ᠬᠥᠭᠵᠢᠭᠦᠯᠬᠦ》 ᠣᠨᠣᠯᠵᠢᠬᠤᠨ ᠶᠣᠰᠣᠭ᠋ᠠᠷ᠂ ᠥᠪᠥᠷ ᠮᠣᠩᠭᠤᠯ᠎ᠤᠨ ᠠᠮᠢ ᠠᠬᠤᠢ ᠵᠢᠨ ᠣᠷᠴᠢᠨ ᠲᠣᠭᠤᠷᠢᠨ᠎ᠤ ᠣᠨᠴᠠᠯᠢᠭ ᠪᠠ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠠᠵᠢᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠭᠠᠵᠠᠷ ᠰᠢᠨᠵᠢᠯᠡᠭᠡᠨ᠎ᠤ ᠠᠵᠢᠯ᠎ᠤᠨ ᠠᠷᠭ᠎ᠠ ᠵᠢᠨ ᠮᠡᠷᠭᠡᠵᠢᠯ᠎ᠤᠨ ᠰᠢᠨ᠎ᠡ ᠵᠢ ᠡᠭᠦᠳᠴᠦ᠂ ᠠᠮᠢ ᠠᠬᠤᠢ ᠵᠢᠨ ᠣᠷᠴᠢᠨ ᠲᠣᠭᠤᠷᠢᠨ᠎ᠳᠤ ᠠᠰᠢᠭ ᠦᠭᠡᠢ ᠨᠥᠯᠥᠭᠡ ᠵᠢ ᠪᠠᠭ᠋ᠠᠰᠬᠠᠬᠤ ᠪᠤᠶᠤ ᠵᠠᠶ᠋ᠢᠯᠠᠰᠬᠢᠬᠦ ᠵᠢᠨ ᠬᠠᠮᠲᠤ᠂ ᠬᠠᠷᠰᠢᠯᠠᠭᠳᠠᠵᠤ ᠪᠠᠶ᠋ᠢᠭ᠎ᠠ ᠣᠷᠴᠢᠨ ᠲᠣᠭᠤᠷᠢᠨ᠎ᠢ ᠵᠠᠰᠠᠨ ᠰᠡᠷᠭᠦᠭᠡᠵᠦ᠂ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠬᠢᠭᠡᠳ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠡᠶ᠎ᠡ ᠵᠣᠬᠢᠴᠠᠯ᠎ᠲᠠᠢ ᠬᠥᠭᠵᠢᠯᠲᠡ᠂ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠬᠦᠷᠲᠡᠬᠦ ᠵᠢ ᠪᠡᠶᠡᠯᠡᠭᠦᠯᠵᠦ᠂ ᠥᠪᠥᠷ ᠮᠣᠩᠭᠤᠯ᠎ᠤᠨ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠶ᠋ᠢᠭᠤᠯᠬᠤ᠎ᠳᠤ ᠬᠦᠴᠦᠨ ᠨᠡᠮᠡᠷᠢᠯᠡᠨ᠎ᠡ᠃

   ᠡᠷᠬᠡ ᠵᠢᠨ ᠬᠠᠷᠢᠶᠠᠯᠠᠯ᠎ᠢ ᠡᠮᠬᠢᠯᠡᠨ ᠨᠡᠶ᠋ᠢᠯᠡᠭᠦᠯᠵᠦ᠂ ᠡᠬᠢ ᠪᠠᠶᠠᠯᠢᠭ᠎ᠢ ᠨᠡᠭᠡᠭᠡᠨ ᠠᠰᠢᠭᠯᠠᠬᠤ ᠠᠵᠢᠯ᠎ᠢ ᠨᠡᠩ ᠡᠷᠴᠢᠮᠵᠢᠭᠦᠯᠦᠨ ᠲᠥᠪᠯᠡᠷᠡᠭᠦᠯᠦᠨ᠎ᠡ

  4 ᠳ᠋ᠦ᠍ᠭᠡᠷ ᠰᠠᠷ᠎ᠠ ᠵᠢᠨ 10᠎ᠤ ᠡᠳᠦᠷ᠂ ᠰᠤᠷᠪᠤᠯᠵᠢᠯᠠᠭᠴᠢ 《ᠪᠥᠬᠦ ᠣᠷᠣᠨ᠎ᠳᠤ ᠨᠢᠭᠡᠨᠲᠡ ᠪᠠᠶ᠋ᠢᠭᠤᠯᠤᠭᠰᠠᠨ ᠠᠭᠤᠷᠬᠠᠶ ᠵᠢᠨ ᠡᠮᠬᠢᠯᠡᠨ ᠨᠡᠶ᠋ᠢᠯᠡᠭᠦᠯᠦᠭᠰᠡᠨ ᠨᠠᠷᠢᠨ ᠲᠠᠩᠰᠠ》 ᠳᠡᠭᠡᠷ᠎ᠡ᠂ ᠣᠷᠳᠣᠰ ᠬᠤᠲᠠ ᠵᠢᠨ ᠠᠭᠤᠷᠬᠠᠶ ᠵᠢᠨ ᠣᠷᠣᠨ᠎ᠤ ᠬᠡᠪᠴᠢᠶᠡᠨ ᠳᠣᠲᠣᠷᠠᠬᠢ ᠨᠡᠭᠦᠷᠡᠰᠦᠨ ᠠᠭᠤᠷᠬᠠᠶ ᠪᠠ ᠲᠠᠯ᠎ᠠ ᠵᠢᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠬᠦ᠎ᠳᠤ ᠬᠤᠯᠪᠣᠭᠳᠠᠭᠰᠠᠨ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠲᠤᠭ᠎ᠠ ᠬᠡᠮᠵᠢᠶ᠎ᠡ 25 ᠪᠣᠯᠵᠣ᠂ ᠪᠥᠬᠦ ᠣᠷᠣᠨ᠎ᠳᠤ ᠲᠡᠷᠢᠭᠦᠨ᠎ᠳᠤ ᠵᠢᠭᠰᠠᠭ᠋ᠠᠭᠳᠠᠪᠠ᠃

   ᠣᠶ᠋ᠢᠯᠠᠭ᠋ᠠᠭᠰᠠᠨ ᠵᠶ᠋ᠠᠷ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠬᠦ ᠪᠣᠯ ᠠᠭᠤᠷᠬᠠᠶ ᠵᠢᠨ ᠦᠢ᠍ᠯᠡᠰ᠎ᠤᠨ ᠡᠷᠬᠡ ᠵᠢ ᠲᠣᠬᠢᠷᠠᠭᠤᠯᠬᠤ᠎ᠪᠠᠷ ᠤᠳᠤᠷᠢᠳᠤᠮᠵᠢ ᠪᠣᠯᠭ᠋ᠠᠵᠤ᠂ ᠠᠭᠤᠷᠬᠠᠶ ᠵᠢᠨ ᠠᠵᠤ ᠠᠬᠤᠶ᠋ᠢᠯᠠᠯ᠎ᠤᠨ ᠨᠡᠭᠡᠭᠡᠨ ᠮᠠᠯᠲᠠᠭᠰᠠᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ ᠵᠢᠴᠢ ᠦᠢ᠍ᠯᠡᠳᠪᠦᠷᠢᠯᠡᠯ᠎ᠤᠨ ᠬᠦᠴᠦᠨ ᠵᠦᠢ᠍ᠯ᠎ᠢ ᠳᠠᠬᠢᠨ ᠵᠣᠬᠢᠶᠠᠨ ᠪᠠᠶ᠋ᠢᠭᠤᠯᠵᠤ᠂ ᠡᠭᠦᠨ᠎ᠤ ᠤᠯᠠᠮ᠎ᠠᠴᠠ ᠨᠡᠭᠡᠭᠡᠨ ᠮᠠᠯᠲᠠᠬᠤ ᠪᠠᠶ᠋ᠢᠷᠢᠰᠢᠯ᠎ᠢ ᠰᠢᠯᠢᠳᠡᠭᠵᠢᠭᠦᠯᠬᠦ᠂ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠵᠢ ᠠᠬᠢᠭᠤᠯᠬᠤ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠮᠠᠭ᠋ᠠᠯᠠᠬᠤ ᠪᠠ ᠠᠰᠢᠭᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠵᠣᠷᠢᠯᠭ᠎ᠠ᠎ᠳᠤ ᠬᠦᠷᠦᠭᠰᠡᠨ ᠪᠠᠶ᠋ᠢᠨ᠎ᠠ᠃

   ᠥᠪᠥᠷ ᠮᠣᠩᠭᠤᠯ ᠨᠥᠬᠦᠴᠡᠯ ᠪᠦᠷᠢᠳᠦᠭᠦᠯᠦᠭᠰᠡᠨ ᠠᠭᠤᠷᠬᠠᠶ ᠵᠢᠨ ᠬᠠᠮᠲᠤ ᠪᠠ ᠳᠠᠭ᠋ᠠᠯᠳᠤᠨ ᠣᠷᠣᠰᠢᠬᠤ ᠡᠬᠢ ᠪᠠᠶᠠᠯᠢᠭ᠎ᠢ ᠶᠡᠷᠦᠩᠬᠡᠶ᠋ᠢᠯᠡᠨ ᠨᠡᠭᠡᠭᠡᠨ ᠮᠠᠯᠲᠠᠬᠤ ᠵᠢ ᠵᠣᠷᠢᠭᠵᠢᠭᠤᠯᠵᠤ᠂ ᠠᠭᠤᠷᠬᠠᠶ ᠵᠢᠨ ᠭᠠᠷᠤᠯᠲᠠ ᠵᠢᠨ ᠬᠢᠵᠠᠭ᠋ᠠᠷ᠎ᠲᠠᠢ ᠡᠬᠢ ᠪᠠᠶᠠᠯᠢᠭ᠎ᠢ ᠬᠠᠮᠤᠭ᠎ᠤᠨ ᠶᠡᠭᠡ᠎ᠪᠠᠷ ᠳᠡᠭᠡᠭᠰᠢᠯᠡᠭᠦᠯᠵᠦ᠂ ᠡᠬᠢ ᠪᠠᠶᠠᠯᠢᠭ᠎ᠢ ᠡᠷᠴᠢᠮᠵᠢᠭᠦᠯᠦᠨ ᠠᠰᠢᠭᠯᠠᠬᠤ ᠦᠷ᠎ᠡ ᠪᠦᠲᠦᠮᠵᠢ ᠵᠢ ᠬᠠᠮᠤᠭ᠎ᠤᠨ ᠶᠡᠭᠡ᠎ᠪᠠᠷ ᠳᠡᠭᠡᠭᠰᠢᠯᠡᠭᠦᠯᠪᠡ᠃

   ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠭᠤᠤ ᠬᠤᠩ᠎ᠤᠨ ᠲᠠᠨᠢᠯᠴᠠᠭᠤᠯᠤᠭᠰᠠᠨ ᠵᠶ᠋ᠠᠷ᠂ ᠥᠪᠥᠷ ᠮᠣᠩᠭᠤᠯ ᠨᠢᠭᠡᠨᠲᠡ ᠠᠭᠤᠷᠬᠠᠶ ᠮᠠᠯᠲᠠᠬᠤ ᠡᠷᠬᠡ ᠵᠢᠨ ᠬᠠᠪᠲᠠᠭ᠋ᠠᠶ ᠡᠭᠴᠡ ᠲᠤᠰᠬᠠᠯ᠎ᠲᠠᠢ ᠭᠦᠨ ᠬᠡᠰᠡᠭ ᠪᠤᠶᠤ ᠳᠡᠭᠡᠳᠦ ᠬᠡᠰᠡᠭ᠂ ᠡᠷᠬᠢᠨ ᠲᠣᠭᠤᠷᠢᠨ᠂ ᠵᠢᠵᠢᠭ ᠰᠠᠵᠢᠭ ᠡᠬᠢ ᠪᠠᠶᠠᠯᠢᠭ ᠵᠢᠴᠢ ᠠᠳᠠᠯᠢ ᠨᠢᠭᠡ ᠭᠤᠤᠯ ᠴᠣᠭᠴᠠ ᠵᠢᠨ ᠬᠥᠷᠰᠢ ᠵᠡᠷᠭᠡᠯᠡᠳᠡᠭᠡ ᠠᠭᠤᠷᠬᠠᠶ ᠵᠢᠨ ᠦᠢ᠍ᠯᠡᠰ᠎ᠤᠨ ᠡᠷᠬᠡ ᠵᠢᠨ ᠬᠤᠭᠤᠷᠣᠨᠳᠣ 300 ᠮᠸᠲᠷ ᠣᠷᠴᠢᠮ ᠵᠠᠶ᠋ᠢᠲᠠᠶ ᠪᠠᠶ᠋ᠢᠭ᠎ᠠ ᠬᠠᠪᠴᠢᠭᠤᠷ ᠣᠶᠣᠬᠤ ᠣᠷᠣᠨ᠎ᠳᠤ ᠪᠣᠯ᠂ ᠠᠭᠤᠷᠬᠠᠶ ᠵᠢᠨ ᠦᠢ᠍ᠯᠡᠰ᠎ᠤᠨ ᠡᠷᠬᠡ ᠵᠢ ᠲᠤᠰᠠᠭ᠋ᠠᠷ ᠲᠣᠬᠢᠷᠠᠭᠤᠯᠬᠤ᠎ᠳᠤ ᠳᠣᠭᠢᠷᠠᠬᠤ ᠥᠬᠡᠶ ᠪᠣᠯ᠂ ᠵᠥᠪᠯᠡᠯᠴᠡᠭᠡᠷ᠎ᠤᠨ ᠠᠷᠭ᠎ᠠ ᠮᠠᠶᠢᠭ ᠵᠶ᠋ᠠᠷ ᠠᠭᠤᠷᠬᠠᠶ ᠵᠢᠨ ᠦᠢ᠍ᠯᠡᠰ᠎ᠤᠨ ᠡᠷᠬᠡ ᠵᠢ ᠰᠢᠯᠵᠢᠭᠦᠯᠦᠨ ᠥᠭᠴᠦ᠂ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠤ ᠠᠬᠤᠶ ᠵᠢᠨ ᠦᠷ᠎ᠡ ᠠᠰᠢᠭ᠂ ᠨᠡᠶ᠋ᠢᠭᠡᠮ᠎ᠤᠨ ᠦᠷ᠎ᠡ ᠠᠰᠢᠭ ᠪᠠ ᠠᠮᠢ ᠠᠬᠤᠶ ᠵᠢᠨ ᠦᠷ᠎ᠡ ᠠᠰᠢᠭ᠎ᠤᠨ 《ᠭᠤᠷᠪᠠᠨ ᠠᠮᠵᠢᠯᠲᠠ》 ᠵᠢ ᠪᠡᠶᠡᠯᠡᠭᠦᠯᠪᠡ᠃

  2023 ᠣᠨ᠎ᠠᠴᠠ ᠨᠠᠭ᠋ᠠᠰᠢ᠂ ᠪᠥᠬᠦ ᠣᠷᠣᠨ᠎ᠤ 54 ᠠᠭᠤᠷᠬᠠᠢ ᠵᠢᠨ ᠦᠢ᠍ᠯᠡᠰ (ᠨᠢᠭᠡᠨᠲᠡ ᠪᠠᠶ᠋ᠢᠭᠤᠯᠤᠭᠰᠠᠨ ᠠᠭᠤᠷᠬᠠᠶ ᠮᠠᠯᠲᠠᠬᠤ ᠡᠷᠬᠡ ᠵᠢᠴᠢ ᠡᠷᠬᠢᠨ ᠲᠣᠭᠤᠷᠢᠨ᠎ᠤ ᠠᠭᠤᠷᠬᠠᠶ ᠬᠠᠶ᠋ᠢᠬᠤ ᠡᠷᠬᠡ᠂ ᠵᠠᠬ᠎ᠠ ᠲᠠᠯ᠎ᠠ ᠵᠢᠨ ᠡᠬᠢ ᠪᠠᠶᠠᠯᠢᠭ᠂ ᠭᠦᠨ ᠬᠡᠰᠡᠭ᠎ᠤᠨ ᠡᠬᠢ ᠪᠠᠶᠠᠯᠢᠭ ᠪᠠᠭᠲᠠᠨ᠎ᠠ)᠎ᠢ 24 ᠠᠭᠤᠷᠬᠠᠶ ᠮᠠᠯᠲᠠᠬᠤ ᠡᠷᠬᠡ ᠪᠣᠯᠭ᠋ᠠᠨ ᠨᠡᠶ᠋ᠢᠯᠡᠭᠦᠯᠵᠦ᠂ ᠨᠢᠭᠡᠨᠲᠡ ᠪᠠᠶ᠋ᠢᠭᠤᠯᠤᠭᠰᠠᠨ 15 ᠠᠭᠤᠷᠬᠠᠶ ᠮᠠᠯᠲᠠᠬᠤ ᠡᠷᠬᠡ ᠵᠢᠨ ᠭᠦᠨ ᠬᠡᠰᠡᠭ ᠪᠤᠶᠤ ᠳᠡᠭᠡᠳᠦ ᠬᠡᠰᠡᠭ᠎ᠤᠨ ᠠᠳᠠᠯᠢ ᠲᠥᠷᠥᠯ᠎ᠤᠨ ᠡᠬᠢ ᠪᠠᠶᠠᠯᠢᠭ᠎ᠲᠤ ᠵᠥᠪᠯᠡᠯᠴᠡᠭᠡᠷ ᠵᠶ᠋ᠠᠷ ᠰᠢᠯᠵᠢᠭᠦᠯᠦᠨ ᠬᠤᠳᠠᠯᠳᠤᠬᠤ ᠵᠢ ᠥᠷᠨᠢᠭᠦᠯᠪᠡ᠃ ᠣᠳᠣᠬᠠᠨ᠎ᠳᠤ᠂ ᠦᠬᠠᠢ ᠵᠢᠴᠢ ᠡᠷᠬᠢᠨ ᠲᠣᠭᠤᠷᠢᠨ᠎ᠤ ᠭᠠᠵᠠᠷ ᠣᠷᠣᠨ᠎ᠤ ᠠᠭᠤᠷᠬᠠᠶ ᠵᠢ ᠡᠮᠬᠢᠯᠡᠨ ᠨᠡᠶ᠋ᠢᠯᠡᠭᠦᠯᠬᠦ ᠠᠵᠢᠯ ᠶᠠᠭ ᠲᠣᠭᠲᠠᠭᠤᠨ ᠵᠶ᠋ᠠᠷ ᠠᠬᠢᠵᠤ ᠪᠠᠶ᠋ᠢᠨ᠎ᠠ᠃

   ᠡᠭᠦᠨ᠎ᠤ ᠬᠠᠮᠲᠤ᠂ ᠠᠭᠤᠷᠬᠠᠶ ᠵᠢᠨ ᠡᠷᠬᠡ ᠵᠢ ᠰᠢᠨ᠎ᠡ᠎ᠪᠠᠷ ᠲᠣᠬᠢᠷᠠᠭᠤᠯᠬᠤ᠎ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ ᠲᠣᠬᠢᠷᠠᠭᠤᠯᠬᠤ᠎ᠪᠠᠷ ᠪᠠᠶ᠋ᠢᠭ᠎ᠠ ᠬᠦᠷᠢᠶ᠎ᠡ ᠬᠡᠪᠴᠢᠶ᠎ᠡ ᠬᠢᠭᠡᠳ ᠡᠯ᠎ᠡ ᠲᠥᠷᠥᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ ᠵᠡᠷᠭᠡ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠵᠢ ᠬᠢᠵᠠᠭ᠋ᠠᠷᠯᠠᠬᠤ ᠵᠢ ᠬᠢᠵᠠᠭ᠋ᠠᠷᠯᠠᠭᠰᠠᠨ ᠣᠷᠣᠨ ᠪᠦᠰᠡ ᠵᠢᠨ ᠳᠠᠪᠬᠤᠴᠠᠭᠰᠠᠨ ᠪᠠᠶ᠋ᠢᠳᠠᠯ᠎ᠢ ᠬᠢᠨᠠᠨ ᠬᠠᠷᠭᠤᠭᠤᠯᠵᠤ᠂ ᠤᠯᠤᠰ᠎ᠤᠨ ᠵᠥᠷᠢᠶᠡᠴᠢᠯᠡᠭᠰᠡᠨ ᠬᠠᠮᠢᠶᠠᠷᠤᠨ ᠡᠵᠡᠮᠳᠡᠬᠦ ᠱᠠᠭ᠋ᠠᠷᠳᠠᠯᠭ᠎ᠠ᠎ᠳᠤ ᠨᠡᠶ᠋ᠢᠴᠡᠬᠦ ᠥᠬᠡᠶ ᠪᠦᠬᠦᠨ᠎ᠢ ᠴᠥᠮ ᠰᠢᠨ᠎ᠡ᠎ᠪᠠᠷ ᠪᠠᠶ᠋ᠢᠭᠤᠯᠬᠤ ᠥᠬᠡᠶ᠃  ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠲᠠᠢ ᠳᠠᠪᠬᠤᠴᠠᠭᠰᠠᠨ ᠨᠢᠭᠡᠨᠲᠡ ᠪᠠᠶ᠋ᠢᠭᠤᠯᠤᠭᠰᠠᠨ ᠠᠭᠤᠷᠬᠠᠢ ᠵᠢᠨ ᠣᠷᠣᠨ᠎ᠤ ᠬᠡᠪᠴᠢᠶ᠎ᠡ ᠵᠢ ᠪᠠᠭ᠋ᠠᠰᠬᠠᠬᠤ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠬᠡᠪᠴᠢᠶ᠎ᠡ ᠵᠢ ᠲᠣᠬᠢᠷᠠᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠪᠤᠴᠠᠭ᠋ᠠᠵᠤ ᠭᠠᠷᠭ᠋ᠠᠨ᠎ᠠ᠃ 2022 ᠣᠨ᠎ᠳᠤ ᠥᠪᠡᠷ ᠵᠶ᠋ᠠᠨ ᠪᠠᠶ᠋ᠢᠴᠠᠭ᠋ᠠᠵᠤ ᠢᠯᠡᠷᠡᠭᠦᠯᠦᠭᠰᠡᠨ ᠪᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ 105 ᠠᠭᠤᠷᠬᠠᠢ ᠵᠢᠨ ᠦᠢ᠍ᠯᠡᠰ᠎ᠤᠨ ᠡᠷᠬᠡ᠎ᠳᠤ᠂ ᠨᠢᠭᠡᠨᠲᠡ ᠠᠭᠤᠷᠬᠠᠢ ᠵᠢᠨ ᠣᠷᠣᠨ᠎ᠤ ᠬᠡᠪᠴᠢᠶ᠎ᠡ ᠵᠢ ᠪᠠᠭ᠋ᠠᠰᠬᠠᠬᠤ᠂ ᠠᠭᠤᠷᠬᠠᠢ ᠵᠢᠨ ᠦᠢ᠍ᠯᠡᠰ᠎ᠤᠨ ᠡᠷᠬᠡ ᠵᠢ ᠬᠦᠴᠦᠨ ᠦᠭᠡᠢ ᠪᠣᠯᠭ᠋ᠠᠬᠤ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠬᠡᠪᠴᠢᠶ᠎ᠡ ᠵᠢ ᠲᠣᠬᠢᠷᠠᠭᠤᠯᠬᠤ ᠵᠡᠷᠭᠡ ᠠᠷᠭ᠎ᠠ ᠬᠡᠯᠪᠡᠷᠢ᠎ᠪᠠᠷ 94 ᠤᠬᠤᠷᠢᠨ ᠭᠠᠷᠴᠤ᠂ ᠦᠯᠡᠳᠡᠭᠰᠡᠨ 11 ᠵᠦᠢ᠍ᠯ᠎ᠨᠢ ᠶᠠᠭ ᠠᠭᠤᠷᠬᠠᠢ ᠵᠢᠨ ᠣᠷᠣᠨ᠎ᠤ ᠬᠡᠪᠴᠢᠶ᠎ᠡ ᠵᠢ ᠪᠠᠭ᠋ᠠᠰᠬᠠᠬᠤ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠬᠡᠪᠴᠢᠶ᠎ᠡ ᠵᠢ ᠲᠣᠬᠢᠷᠠᠭᠤᠯᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠤᠬᠤᠷᠢᠨ ᠭᠠᠷᠬᠤ ᠠᠵᠢᠯ᠎ᠢ ᠰᠠᠶ᠋ᠢᠲᠤᠷ ᠬᠢᠵᠦ ᠪᠠᠶ᠋ᠢᠨ᠎ᠠ᠃

   ᠡᠭᠦᠨ᠎ᠠᠴᠠ ᠭᠠᠳᠠᠨ᠎ᠠ᠂ ᠬᠡᠰᠡᠭ ᠠᠭᠤᠷᠬᠠᠶ ᠪᠠᠶ᠋ᠢᠭᠤᠯᠤᠭᠰᠠᠨ ᠴᠠᠭ᠎ᠨᠢ ᠨᠡᠯᠢᠶᠡᠳ ᠡᠷᠲᠡ ᠪᠠᠶ᠋ᠢᠵᠤ᠂ ᠠᠭᠤᠷᠬᠠᠶ ᠵᠢᠨ ᠣᠷᠣᠨ᠎ᠤ ᠲᠠᠯᠠᠪᠠᠶ᠎ᠨᠢ ᠪᠠᠭ᠎ᠠ᠂ ᠦᠢ᠍ᠯᠡᠳᠪᠦᠷᠢᠯᠡᠯ᠎ᠤᠨ ᠬᠡᠪᠴᠢᠶ᠎ᠡ᠎ᠨᠢ ᠪᠠᠭ᠎ᠠ᠂ ᠠᠮᠤᠷ ᠲᠦᠪᠰᠢᠨ᠎ᠤ ᠪᠠᠲᠤᠯᠠᠭ᠎ᠠ ᠵᠢᠨ ᠬᠡᠮᠵᠢᠶ᠎ᠡ᠎ᠨᠢ ᠥᠨᠳᠥᠷ ᠪᠤᠰᠤ ᠵᠡᠷᠭᠡ ᠠᠰᠠᠭᠤᠳᠠᠯ ᠣᠷᠣᠰᠢᠵᠤ᠂ ᠳᠡᠭᠡᠷ᠎ᠡ ᠳᠤᠷᠠᠳᠤᠭᠰᠠᠨ ᠠᠰᠠᠭᠤᠳᠠᠯ᠎ᠢ ᠰᠢᠢ᠍ᠳᠪᠦᠷᠢᠯᠡᠬᠦ ᠵᠢ ᠳᠥᠯᠭᠢᠨ ᠠᠬᠢᠭᠤᠯᠬᠤ ᠵᠢᠨ ᠲᠥᠯᠥᠭᠡ᠂ ᠡᠮᠬᠢᠯᠡᠨ ᠨᠡᠶ᠋ᠢᠯᠡᠭᠦᠯᠬᠦ ᠨᠥᠬᠦᠴᠡᠯ᠎ᠳᠤ ᠨᠡᠶ᠋ᠢᠴᠡᠪᠡᠯ᠂ ᠥᠪᠡᠷᠲᠡᠭᠡᠨ ᠵᠠᠰᠠᠬᠤ ᠣᠷᠣᠨ ᠶᠠᠭ ᠡᠮᠬᠢᠯᠡᠨ ᠨᠡᠶ᠋ᠢᠯᠡᠭᠦᠯᠬᠦ ᠭᠠᠷᠳᠠᠮ᠎ᠢ ᠭᠦᠢ᠍ᠴᠡᠳᠭᠡᠬᠦ ᠵᠢ ᠲᠦᠷᠭᠡᠳᠬᠡᠨ ᠠᠬᠢᠭᠤᠯᠵᠤ ᠪᠠᠶ᠋ᠢᠨ᠎ᠠ᠃

   ᠪᠣᠬᠢᠷᠲᠤᠯ ᠥᠬᠡᠶ ᠠᠭᠤᠷᠬᠠᠶ ᠵᠢ ᠡᠬᠢ ᠪᠠᠶᠠᠯᠢᠭ᠎ᠤᠨ ᠠᠰᠢᠭᠯᠠᠯᠲᠠ ᠵᠢ ᠨᠠᠩ ᠥᠨᠳᠥᠷ ᠪᠦᠲᠦᠮᠵᠢᠲᠡᠶ ᠪᠣᠯᠭ᠋ᠠᠨ᠎ᠠ

  2 ᠳ᠋ᠤᠭ᠋ᠠᠷ ᠰᠠᠷ᠎ᠠ ᠵᠢᠨ 27᠎ᠤ ᠡᠳᠦᠷ᠂ 6 ᠰᠠᠷ᠎ᠠ ᠵᠢᠨ ᠬᠤᠭᠤᠴᠠᠭ᠎ᠠ᠎ᠲᠠᠢ 《ᠥᠪᠥᠷ ᠮᠣᠩᠭᠤᠯ᠎ᠤᠨ ᠪᠣᠬᠢᠷᠲᠤᠯ ᠦᠭᠡᠢ ᠠᠭᠤᠷᠬᠠᠢ ᠵᠢᠨ ᠣᠨᠴᠠ ᠦᠵᠡᠭᠦᠯᠭᠡ》 ᠪᠡᠭᠡᠵᠢᠩ᠎ᠳᠤ ᠶᠠᠪᠤᠭᠳᠠᠵᠤ᠂ ᠡᠳᠦᠷ ᠪᠦᠷᠢ ᠶᠡᠭᠡ ᠬᠡᠮᠵᠢᠶᠡᠨ᠎ᠤ ᠣᠯᠠᠨ ᠲᠦᠮᠡᠨ᠎ᠤ ᠠᠩᠬᠠᠷᠤᠯ᠎ᠢ ᠲᠠᠲᠠᠵᠤ ᠪᠠᠶ᠋ᠢᠨ᠎ᠠ᠃ ᠣᠯᠠᠨ ᠵᠶ᠋ᠠᠷ ᠵᠶ᠋ᠠᠨ ᠦᠵᠡᠭᠦᠯᠭᠡ ᠵᠢᠨ ᠱᠤᠭᠤᠮ᠎ᠢ ᠳᠠᠭ᠋ᠠᠵᠤ᠂ ᠥᠪᠥᠷ ᠮᠣᠩᠭᠤᠯ᠎ᠤᠨ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ 《ᠡᠷᠡᠯᠬᠡᠭᠯᠡᠨ ᠤᠷᠤᠭᠰᠢᠯᠠᠬᠤ ᠨᠢᠭᠤᠴᠠ ᠨᠣᠮᠧᠷ》᠎ᠢ 《ᠲᠠᠶ᠋ᠢᠯᠬᠤ》 ᠪᠤᠯᠤᠨ᠎ᠠ᠃

   ᠣᠶ᠋ᠢᠷ᠎ᠠ ᠵᠢᠨ ᠵᠢᠯ᠎ᠤᠨ ᠲᠤᠷᠰᠢ᠂ ᠥᠪᠥᠷ ᠮᠣᠩᠭᠤᠯ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ᠎ᠪᠠᠷ ᠠᠭᠤᠷᠬᠠᠶ ᠵᠢᠨ ᠠᠵᠤ ᠠᠬᠤᠶ᠋ᠢᠯᠠᠯ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢ ᠪᠠᠷᠢᠮᠲᠠᠯᠠᠵᠤ᠂ ᠤᠷᠢᠳ ᠬᠤᠵᠢᠳ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠲᠥᠰᠦᠯ᠂ ᠪᠥᠲᠥᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ᠂ ᠦᠨᠡᠯᠡᠨ ᠵᠢᠱ᠌ᠢᠬᠦ ᠠᠷᠭ᠎ᠠ᠂ ᠪᠥᠲᠥᠭᠡᠨ ᠪᠠᠶ᠋ᠢᠭᠤᠯᠤᠯᠲᠠ ᠵᠢᠨ ᠦᠨᠡᠯᠡᠯᠲᠡ ᠵᠢᠨ ᠭᠦᠢ᠍ᠴᠡᠳᠭᠡᠯ ᠲᠤᠭ᠎ᠠ ᠵᠡᠷᠭᠡ ᠠᠯᠢ ᠣᠯᠠᠨ ᠲᠦᠷᠢᠮ ᠲᠣᠭᠲᠠᠭ᠋ᠠᠯ᠎ᠢ ᠲᠣᠭᠲᠠᠭ᠋ᠠᠵᠤ᠂ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠲᠦᠷᠢᠮ᠎ᠤᠨ ᠰᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠪᠡ᠃ ᠵᠠᠰᠠᠭ᠎ᠤᠨ ᠣᠷᠳᠣᠨ ᠵᠶ᠋ᠠᠷ ᠭᠤᠣᠯᠯᠠᠭᠤᠯᠬᠤ᠂ ᠠᠵᠤ ᠠᠬᠤᠶ᠋ᠢᠯᠠᠯ ᠡᠷᠬᠢᠯᠡᠨ ᠪᠠᠶ᠋ᠢᠭᠤᠯᠬᠤ᠂ ᠰᠠᠯᠠᠭ᠎ᠠ ᠮᠥᠴᠢᠷ ᠬᠢᠨᠠᠨ ᠬᠠᠮᠢᠶᠠᠷᠬᠤ᠂ ᠨᠡᠶ᠋ᠢᠭᠡᠮ᠎ᠠᠴᠠ ᠬᠢᠨᠠᠯᠲᠠ ᠲᠠᠯᠪᠢᠬᠤ ᠪᠠᠶ᠋ᠢᠭᠤᠯᠤᠯ ᠲᠣᠭᠲᠠᠴᠠ ᠵᠢ ᠪᠠᠶ᠋ᠢᠭᠤᠯᠵᠤ᠂ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠪᠠ᠃

   ᠣᠶ᠋ᠢᠯᠠᠭ᠋ᠠᠭᠰᠠᠨ ᠵᠶ᠋ᠠᠷ᠂ ᠣᠳᠣᠬᠠᠨ ᠪᠣᠯᠲᠠᠯ᠎ᠠ᠂ ᠪᠥᠬᠦ ᠣᠷᠣᠨ᠎ᠳᠤ ᠨᠡᠶ᠋ᠢᠲᠡ 344 ᠠᠭᠤᠷᠬᠠᠶ ᠵᠢ ᠪᠣᠬᠢᠷᠲᠤᠯ ᠥᠬᠡᠶ ᠠᠭᠤᠷᠬᠠᠶ ᠵᠢᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠵᠤ᠂ ᠡᠭᠦᠨ᠎ᠳᠤ 47 ᠠᠭᠤᠷᠬᠠᠶ ᠵᠢ ᠤᠯᠤᠰ᠎ᠤᠨ ᠪᠣᠬᠢᠷᠲᠤᠯ ᠥᠬᠡᠶ ᠠᠭᠤᠷᠬᠠᠶ ᠵᠢᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠪᠠ᠃

   ᠪᠠᠶᠬᠠᠣᠪᠤᠭ᠎ᠠ ᠠᠭᠤᠷᠬᠠᠢ ᠪᠤᠭᠤᠲᠤ ᠬᠤᠲᠠ᠎ᠠᠴᠠ ᠤᠮᠠᠷᠠᠰᠢ ᠨᠡᠶ᠋ᠢᠲᠡ 150 ᠺᠢᠯᠤᠮᠸᠲᠷ ᠵᠠᠶ᠋ᠢᠲᠠᠶ ᠪᠠᠶ᠋ᠢᠭ᠎ᠠ ᠳᠠᠷᠬᠠᠨ ᠮᠤᠤᠮᠢᠩᠭ᠋ᠠᠨ ᠬᠤᠯᠪᠣᠭ᠋ᠠᠲᠤ ᠬᠤᠰᠢᠭᠤᠨ᠎ᠤ ᠲᠠᠯ᠎ᠠ ᠨᠤᠲᠤᠭ᠎ᠲᠤ ᠪᠠᠶ᠋ᠢᠷᠢᠯᠠᠳᠠᠭ᠃ ᠪᠠᠶᠠᠨ᠌ᠣ᠋ᠪᠣᠭ᠎ᠠ ᠠᠭᠤᠷᠬᠠᠢ᠎ᠨᠢ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠲᠡᠮᠦᠷ᠂ ᠬᠤᠪᠣᠷ ᠰᠢᠷᠣᠢ᠂ ᠨᠢᠶᠤᠪᠢ᠂ ᠰᠺᠠᠨᠳᠢ᠂ ᠬᠠᠶ᠋ᠢᠯᠤᠭᠤᠷ ᠵᠣᠩᠰᠢ ᠵᠡᠷᠭᠡ ᠤᠯᠠᠨ ᠲᠡᠮᠦᠷᠯᠢᠭ᠎ᠤᠨ ᠬᠠᠮ (ᠳᠠᠭ᠋ᠠᠯᠳᠤᠭᠰᠠᠨ) ᠬᠦᠳᠡᠷ᠎ᠤᠨ ᠬᠡᠪᠲᠡᠰᠢ᠎ᠲᠠᠢ ᠪᠠᠶ᠋ᠢᠳᠠᠭ᠃

   ᠤᠯᠤᠰ᠎ᠤᠨ ᠲᠡᠰ᠎ᠤᠨ ᠪᠣᠬᠢᠷᠲᠤᠯ ᠦᠭᠡᠢ ᠠᠭᠤᠷᠬᠠᠢ ᠪᠣᠯᠤᠭᠰᠠᠨ᠎ᠤ ᠬᠤᠪᠢ᠎ᠳᠤ᠂ ᠪᠠᠶᠬᠠᠤᠪᠤᠭ᠎ᠠ ᠲᠡᠮᠦᠷ᠎ᠤᠨ ᠠᠭᠤᠷᠬᠠᠢ᠎ᠨᠢ ᠠᠵᠤ ᠦᠢ᠍ᠯᠡᠳᠪᠦᠷᠢ ᠵᠢᠨ ᠴᠢᠨᠠᠷ ᠴᠢᠨᠰᠠᠭ᠎ᠠ ᠵᠢᠨ ᠭᠦᠢ᠍ᠴᠡᠳᠬᠡᠬᠦ ᠲᠤᠭ᠎ᠠ ᠵᠢ ᠴᠢᠩᠭ᠎ᠠ ᠵᠢᠷᠤᠮᠯᠠᠨ ᠨᠢᠶᠤᠪᠢ ᠠᠬᠤᠢ᠎ᠲᠠᠢ ᠬᠤᠯᠢᠮᠠᠭ ᠴᠢᠯᠠᠭᠤᠯᠢᠭ᠂ ᠬᠤᠪᠣᠷ ᠰᠢᠷᠣᠢ ᠵᠢᠨ ᠪᠠᠶᠬᠠᠣᠪᠤᠭ᠎ᠠ᠂ ᠰᠤᠯᠤᠩᠭ᠋ᠠᠨᠴᠢᠷ ᠴᠢᠯᠠᠭᠤᠯᠢᠭ ᠵᠡᠷᠭᠡ ᠬᠡᠷᠡᠭᠯᠡᠭᠡᠨ᠎ᠤ ᠴᠢᠯᠠᠭᠤᠯᠢᠭ᠎ᠢ ᠬᠤᠪᠢᠶᠠᠨ ᠨᠡᠪᠲᠡᠯᠵᠦ᠂ ᠬᠤᠪᠢᠶᠠᠨ ᠳᠡᠯᠪᠡᠯᠵᠦ᠂ ᠬᠤᠪᠢᠶᠠᠨ ᠮᠠᠯᠲᠠᠵᠤ᠂ ᠬᠤᠪᠢᠶᠠᠨ ᠵᠥᠭᠡᠭᠡᠪᠦᠷᠢᠯᠡᠵᠦ᠂ ᠬᠤᠪᠢᠶᠠᠷᠢ ᠲᠠᠯᠠᠪᠠᠢ᠎ᠳᠤ ᠣᠪᠣᠭ᠋ᠠᠯᠠᠵᠤ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠬᠠᠮᠠᠭ᠋ᠠᠯᠠᠪᠠ᠃

   ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠥᠯᠥᠭᠡ᠂ ᠪᠠᠶᠬᠠᠣᠪᠤᠭ᠎ᠠ ᠲᠡᠮᠦᠷ᠎ᠤᠨ ᠠᠭᠤᠷᠬᠠᠶ᠎ᠨᠢ ᠭᠤᠤᠯ ᠭᠤᠮ ᠲᠡᠭᠡᠭᠡᠪᠦᠷᠢᠯᠡᠬᠦ ᠰᠢᠰᠲ᠋ᠧᠮ᠂ 3 ᠳ᠋ᠤᠭ᠋ᠠᠷ ᠨᠣᠮᠧᠷᠲᠤ ᠪᠠᠶᠬᠠᠣᠪᠤᠭ᠎ᠠ ᠵᠢᠨ ᠴᠢᠯᠠᠭᠤ ᠭᠠᠳᠠᠭᠰᠢᠯᠠᠭᠤᠯᠬᠤ ᠲᠠᠯᠠᠪᠠᠶ ᠵᠢᠨ ᠲᠡᠮᠦᠷ ᠵᠠᠮ᠎ᠤᠨ ᠬᠡᠷᠡᠭᠴᠡᠭᠡᠲᠦ ᠴᠢᠯᠠᠭᠤᠯᠢᠭ᠎ᠤᠨ ᠬᠠᠭᠤᠷᠠᠢ᠎ᠪᠠᠷ ᠰᠣᠩᠭᠤᠬᠤ ᠰᠢᠰᠲ᠋ᠧᠮ᠂ ᠵᠠᠰᠠᠮᠠᠯ ᠵᠠᠮ᠎ᠤᠨ ᠮᠠᠲ᠋ᠧᠷᠢᠶᠠᠯ ᠪᠣᠯᠪᠠᠰᠤᠷᠠᠭᠤᠯᠬᠤ ᠰᠣᠷᠢᠨᠵᠢᠨ ᠰᠣᠩᠭᠤᠬᠤ ᠰᠢᠰᠲ᠋ᠧᠮ ᠵᠡᠷᠭᠡ ᠠᠷᠭ᠎ᠠ ᠮᠠᠶᠢᠭ ᠵᠶ᠋ᠠᠷ ᠰᠢᠷᠣᠶ ᠭᠠᠳᠠᠭᠰᠢᠯᠠᠭᠤᠯᠬᠤ ᠲᠠᠯᠠᠪᠠᠶ ᠵᠢᠨ ᠡᠬᠢ ᠪᠠᠶᠠᠯᠢᠭ᠎ᠢ ᠡᠭᠡᠭᠦᠯᠦᠨ ᠬᠤᠷᠢᠶᠠᠵᠤ ᠠᠰᠢᠭᠯᠠᠵᠤ᠂ ᠪᠠᠶᠬᠠᠣᠪᠤᠭ᠎ᠠ ᠵᠢᠨ ᠲᠡᠮᠦᠷ᠎ᠤᠨ ᠠᠭᠤᠷᠬᠠᠶ ᠵᠢᠨ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ ᠦᠷ᠎ᠡ ᠪᠦᠲᠦᠮᠵᠢ ᠵᠢ ᠬᠠᠮᠤᠭ᠎ᠤᠨ ᠶᠡᠭᠡ ᠪᠣᠯᠭ᠋ᠠᠬᠤ ᠵᠢ ᠪᠡᠶᠡᠯᠡᠭᠦᠯᠪᠡ᠃

   ᠡᠭᠦᠨ ᠵᠶ᠋ᠠᠷ ᠪᠠᠷᠠᠬᠤ ᠦᠭᠡᠢ᠂ ᠪᠠᠶᠬᠠᠣᠪᠤᠭ᠎ᠠ ᠲᠡᠮᠦᠷ᠎ᠤᠨ ᠠᠭᠤᠷᠬᠠᠢ ᠬᠦᠮᠦᠨ ᠦᠭᠡᠢ ᠵᠢᠯᠤᠭᠤᠳᠬᠤ᠂ ᠠᠯᠤᠰ ᠡᠵᠡᠮᠰᠢᠯ᠂ ᠣᠶᠤᠨᠴᠢ ᠠᠭᠤᠷᠬᠠᠢ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠲᠠᠪᠴᠠᠩ᠂ ᠣᠶᠤᠨᠴᠢ᠎ᠪᠠᠷ ᠤᠰᠤ ᠬᠠᠩᠭ᠋ᠠᠬᠤ᠂ ᠣᠶᠤᠨᠴᠢ᠎ᠪᠠᠷ ᠴᠠᠬᠢᠯᠭ᠋ᠠᠨ ᠬᠠᠩᠭ᠋ᠠᠬᠤ ᠵᠡᠷᠭᠡ ᠪᠦᠬᠦ ᠠᠭᠤᠷᠬᠠᠢ ᠵᠢᠨ ᠤᠶᠤᠨᠴᠢᠯᠠᠭᠰᠠᠨ ᠰᠢᠰᠲ᠋ᠧᠮ᠎ᠢ ᠡᠬᠢᠯᠡᠨ ᠬᠡᠷᠡᠭᠯᠡᠵᠦ᠂ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢ ᠨᠡᠩ ᠪᠣᠬᠢᠷᠲᠤᠯ ᠦᠭᠡᠢ ᠤᠶᠤᠨᠴᠢᠯᠠᠭᠰᠠᠨ ᠪᠣᠯᠭ᠋ᠠᠪᠠ᠃

   ᠪᠠᠶᠠᠨ᠌ᠣ᠋ᠪᠣᠭ᠎ᠠ ᠠᠭᠤᠷᠬᠠᠢ ᠵᠢ ᠲᠤᠭᠤᠯᠬᠤ᠎ᠳᠤ᠂ ᠥᠪᠥᠷ ᠮᠣᠩᠭᠤᠯ᠎ᠤᠨ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢᠨ ᠪᠣᠳᠠᠲᠤ ᠵᠢᠷᠤᠭ ᠳᠦᠷᠰᠦ ᠪᠠ ᠰᠠᠶ᠋ᠢᠨ ᠰᠠᠶ᠋ᠢᠬᠠᠨ ᠢᠷᠡᠭᠡᠳᠦᠢ ᠵᠢ ᠣᠯᠵᠤ ᠬᠠᠷᠠᠨ᠎ᠠ᠃

   ᠣᠶ᠋ᠢᠷ᠎ᠠ ᠵᠢᠨ ᠵᠢᠯ᠎ᠤᠳ᠎ᠲᠤ᠂ ᠠᠭᠤᠷᠬᠠᠢ ᠵᠢᠨ ᠣᠷᠣᠨ᠎ᠤ ᠣᠷᠴᠢᠨ ᠲᠣᠭᠤᠷᠢᠨ᠂ ᠡᠬᠢ ᠪᠠᠶᠠᠯᠢᠭ᠎ᠢ ᠨᠡᠭᠡᠭᠡᠨ ᠠᠰᠢᠭᠯᠠᠬᠤ ᠠᠷᠭ᠎ᠠ ᠬᠡᠯᠪᠡᠷᠢ᠂ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠭᠯᠠᠬᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠢᠭᠡᠳ ᠲᠣᠭ᠋ᠠᠴᠢᠯᠠᠭᠰᠠᠨ ᠠᠭᠤᠷᠬᠠᠶ ᠵᠡᠷᠭᠡ ᠲᠠᠯ᠎ᠠ᠎ᠪᠠᠷ᠂ ᠥᠪᠥᠷ ᠮᠣᠩᠭᠤᠯ᠎ᠳᠤ ᠮᠠᠰᠢ ᠣᠯᠠᠨ ᠪᠣᠬᠢᠷᠲᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢᠨ ᠨᠡᠶ᠋ᠢᠲᠡᠯᠢᠭ ᠵᠢᠱ᠌ᠢᠶ᠎ᠡ ᠴᠣᠯᠭᠤᠷᠠᠨ ᠭᠠᠷᠪᠠ᠃

   ᠣᠶ᠋ᠢᠯᠠᠭ᠋ᠠᠭᠰᠠᠨ ᠵᠶ᠋ᠠᠷ᠂ ᠥᠪᠥᠷ ᠮᠣᠩᠭᠤᠯ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠠᠬᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠬᠠᠷᠠᠯᠲᠠ᠂ ᠦᠨᠡᠯᠡᠬᠦ ᠭᠦᠢ᠍ᠴᠡᠳᠬᠡᠯ ᠲᠤᠭ᠎ᠠ ᠪᠠ ᠪᠣᠬᠢᠷᠲᠤᠯ ᠥᠬᠡᠶ ᠠᠭᠤᠷᠬᠠᠶ ᠵᠢᠨ ᠭᠤᠶᠤᠴᠢᠯᠠᠨ ᠮᠡᠳᠡᠭᠦᠯᠵᠦ ᠦᠨᠡᠯᠡᠨ ᠵᠢᠱ᠌ᠢᠬᠦ ᠵᠢ ᠰᠢᠯᠢᠨ ᠰᠣᠩᠭᠤᠬᠤ ᠶᠠᠪᠤᠴᠠ᠂ ᠱᠠᠭ᠋ᠠᠷᠳᠠᠯᠭ᠎ᠠ᠎ᠳᠤ ᠠᠩᠬ᠎ᠠ ᠠᠯᠬᠤᠮ ᠵᠠᠰᠠᠪᠤᠷᠢ ᠣᠷᠣᠭᠤᠯᠪᠠ᠃

    ᠠᠪᠬᠤ᠎ᠨᠢ ᠬᠡᠮᠵᠢᠶ᠎ᠡ᠎ᠲᠠᠢ᠂ ᠬᠡᠷᠡᠭᠯᠡᠬᠦ᠎ᠨᠢ ᠬᠡᠮᠵᠢᠶ᠎ᠡ᠎ᠲᠠᠢ᠃ ᠥᠪᠥᠷ ᠮᠣᠩᠭᠤᠯ ᠪᠥᠬᠦ ᠲᠠᠯ᠎ᠠ᠎ᠪᠠᠷ ᠠᠷᠪᠢᠯᠠᠨ ᠭᠠᠮᠨᠠᠬᠤ ᠪᠠᠶ᠋ᠢᠯᠳᠤᠬᠤ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠵᠤ᠂ ᠬᠠᠮᠤᠭ᠎ᠤᠨ ᠴᠢᠩᠭ᠎ᠠ ᠪᠠᠶ᠋ᠢᠭ᠋ᠠᠯᠢ ᠵᠢᠨ ᠡᠬᠢ ᠪᠠᠶᠠᠯᠢᠭ᠎ᠢ ᠠᠷᠪᠢᠯᠠᠨ ᠡᠷᠴᠢᠮᠵᠢᠭᠦᠯᠦᠨ ᠠᠰᠢᠭᠯᠠᠬᠤ ᠲᠦᠷᠢᠮ᠎ᠢ ᠪᠣᠳᠠᠲᠠᠶ᠎ᠳᠤ ᠨᠠᠶ᠋ᠢᠳᠠᠪᠤᠷᠢᠵᠢᠭᠤᠯᠵᠤ᠂ ᠬᠥᠮᠦᠰ᠎ᠲᠤ ᠴᠢᠨᠠᠷ ᠰᠠᠶ᠋ᠢᠲᠠᠶ ᠬᠥᠭᠵᠢᠯᠲᠡ ᠵᠢᠨ ᠠᠪᠴᠢᠷᠠᠭᠰᠠᠨ ᠡᠯᠪᠡᠭ ᠪᠠᠶᠠᠯᠢᠭ ᠪᠣᠳᠠᠰ᠎ᠤᠨ ᠡᠳ᠋ ᠪᠠᠶᠠᠯᠢᠭ᠎ᠢ ᠡᠳ᠋ᠯᠡᠭᠦᠯᠬᠦ ᠵᠢᠨ ᠬᠠᠮᠲᠤ ᠪᠠᠰᠠ ᠠᠭᠤᠯᠠ ᠤᠰᠤ ᠣᠯᠵᠤ ᠬᠠᠷᠠᠬᠤ ᠵᠢ ᠬᠦᠰᠡᠵᠦ ᠪᠠᠶ᠋ᠢᠨ᠎ᠠ᠃

   ᠥᠪᠥᠷ ᠮᠣᠩᠭᠤᠯ ᠭᠠᠵᠠᠷ ᠰᠢᠨᠵᠢᠯᠡᠭᠡᠨ᠎ᠤ ᠰᠠᠭᠤᠷᠢ ᠪᠠᠶ᠋ᠢᠴᠠᠭ᠋ᠠᠯᠲᠠ ᠬᠢᠬᠦ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠬᠤ ᠪᠠ ᠨᠡᠭᠡᠭᠡᠨ ᠠᠰᠢᠭᠯᠠᠬᠤ ᠬᠠᠮᠠᠭ᠋ᠠᠯᠠᠬᠤ ᠵᠢ ᠡᠮᠬᠢ ᠵᠢᠷᠤᠮ᠎ᠲᠠᠢ ᠠᠬᠢᠭᠤᠯᠵᠤ᠂ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠵᠤ ᠨᠡᠭᠡᠭᠡᠨ ᠠᠰᠢᠭᠯᠠᠬᠤ ᠪᠦᠲᠦᠴᠡ ᠵᠢ ᠰᠢᠯᠢᠳᠡᠭᠵᠢᠭᠦᠯᠦᠨ᠂ ᠠᠷᠪᠢᠲᠠᠢ ᠡᠷᠴᠢᠮᠯᠢᠭ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠬᠢᠷᠳᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢ ᠯᠠᠪᠳᠠᠭᠤᠨ ᠵᠶ᠋ᠠᠷ ᠠᠬᠢᠭᠤᠯᠵᠤ᠂ ᠠᠭᠤᠷᠬᠠᠢ ᠵᠢᠨ ᠭᠠᠵᠠᠷ ᠰᠢᠨᠵᠢᠯᠡᠭᠡᠨ᠎ᠤ ᠣᠷᠴᠢᠨ ᠲᠣᠭᠤᠷᠢᠨ᠎ᠤ ᠵᠠᠰᠠᠯᠲᠠ ᠢᠯᠡᠳᠲᠡ ᠦᠷ᠎ᠡ ᠪᠦᠲᠦᠮᠵᠢ ᠣᠯᠵᠤ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠲᠠᠰᠤᠷᠠᠯᠲᠠ ᠦᠭᠡᠢ ᠭᠦᠨᠵᠡᠭᠡᠶ᠋ᠢᠷᠡᠵᠦ᠂ ᠤᠯᠤᠰ᠎ᠤᠨ ᠡᠨᠧᠷᠭᠢ ᠵᠢᠨ ᠡᠬᠢ ᠪᠠᠶᠠᠯᠢᠭ᠎ᠤᠨ ᠠᠮᠤᠷ ᠲᠦᠪᠰᠢᠨ᠎ᠢ ᠬᠦᠴᠦᠲᠡᠢ ᠪᠠᠲᠤᠯᠠᠪᠠ᠃

   ᠡᠬᠢ ᠪᠠᠶᠠᠯᠢᠭ᠎ᠢ ᠠᠷᠪᠢᠯᠠᠬᠤ ᠪᠣᠯ ᠤᠯᠤᠰ᠎ᠤᠨ ᠡᠬᠢ ᠪᠠᠶᠠᠯᠢᠭ᠎ᠤᠨ ᠠᠮᠤᠷ ᠲᠦᠪᠰᠢᠨ᠎ᠢ ᠬᠠᠮᠠᠭ᠋ᠠᠯᠠᠬᠤ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠴᠢᠬᠤᠯᠠ ᠶᠡᠭᠡ ᠡᠭᠦᠷᠭᠡ ᠪᠣᠯᠤᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠥᠪᠥᠷ ᠮᠣᠩᠭᠤᠯ ᠠᠭᠤᠷᠬᠠᠢ ᠡᠷᠢᠬᠦ ᠰᠢᠨ᠎ᠡ ᠰᠢᠪᠲᠤᠯᠤᠯᠲᠠ ᠵᠢ ᠴᠢᠷᠮᠠᠶ᠋ᠢᠨ ᠪᠡᠶᠡᠯᠡᠭᠦᠯᠵᠦ᠂ ᠲᠡᠮᠦᠷ᠂ ᠵᠡᠰ᠂ ᠠᠯᠲᠠ ᠵᠡᠷᠭᠡ ᠳᠤᠲᠠᠭᠳᠠᠵᠤ ᠪᠠᠶ᠋ᠢᠭ᠎ᠠ ᠲᠡᠮᠦᠷᠯᠢᠭ᠎ᠤᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠡᠮᠵᠢᠶ᠎ᠡ ᠵᠢ 2% - 5%᠎ᠪᠠᠷ ᠨᠡᠶ᠋ᠢᠳᠡᠮ ᠨᠡᠮᠡᠭᠳᠡᠭᠦᠯᠬᠦ ᠵᠢ ᠲᠦᠯᠬᠢᠨ ᠠᠬᠢᠭᠤᠯᠵᠤ᠂ ᠲᠣᠮᠣ ᠳᠤᠮᠳᠠ ᠬᠡᠯᠪᠡᠷᠢ ᠵᠢᠨ ᠠᠭᠤᠷᠬᠠᠶ ᠵᠢᠨ ᠭᠠᠷᠤᠯᠲᠠ ᠵᠢᠨ ᠭᠠᠵᠠᠷ᠎ᠢ 10—15 ᠰᠢᠨ᠎ᠡ᠎ᠪᠠᠷ ᠨᠡᠮᠡᠭᠳᠡᠭᠦᠯᠪᠡ᠃  ᠪᠠᠶᠬᠠᠣᠪᠤᠭ᠎ᠠ ᠵᠢᠨ ᠭᠠᠵᠠᠷ ᠣᠷᠣᠨ᠎ᠤ ᠠᠭᠤᠷᠬᠠᠶ ᠡᠷᠢᠬᠦ ᠲᠤᠰᠬᠠᠶ ᠠᠵᠢᠯᠯᠠᠭ᠎ᠠ ᠵᠢ ᠭᠣᠤᠯᠳᠠᠯᠭ᠎ᠠ᠎ᠲᠠᠢ ᠬᠡᠷᠡᠭᠵᠢᠭᠦᠯᠵᠦ᠂ ᠪᠤᠭᠤᠲᠤ ᠵᠢᠨ ᠪᠦᠬᠦ ᠤᠯᠤᠰ᠎ᠤᠨ ᠬᠠᠮᠤᠭ᠎ᠤᠨ ᠲᠣᠮᠣ ᠬᠣᠪᠣᠷ ᠰᠢᠷᠣᠶ ᠵᠢᠨ ᠰᠢᠨ᠎ᠡ ᠮᠠᠲ᠋ᠧᠷᠢᠶᠠᠯ᠎ᠤᠨ ᠰᠠᠭᠤᠷᠢᠨ ᠭᠠᠵᠠᠷ ᠪᠣᠯᠤᠨ ᠪᠦᠬᠦ ᠤᠯᠤᠰ᠎ᠤᠨ ᠲᠡᠷᠢᠭᠦᠨ᠎ᠤ ᠬᠣᠪᠣᠷ ᠰᠢᠷᠣᠶ ᠵᠢᠨ ᠬᠡᠷᠡᠭᠯᠡᠭᠡᠨ᠎ᠤ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ᠎ᠳᠤ ᠲᠤᠯᠭ᠋ᠠᠭᠤᠷᠢᠯᠠᠯ ᠬᠠᠩᠭ᠋ᠠᠨ᠎ᠠ᠃ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠶᠡᠷᠦᠩᠬᠡᠶ ᠲᠥᠯᠥᠪᠵᠢᠭᠦᠯᠭᠡ ᠵᠢ ᠪᠥᠬᠦ ᠲᠠᠯ᠎ᠠ᠎ᠪᠠᠷ ᠬᠡᠷᠡᠭᠵᠢᠭᠦᠯᠦᠨ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠠᠭᠤᠷᠬᠠᠶ ᠵᠢᠨ ᠶᠡᠷᠦᠩᠬᠡᠶ ᠲᠤᠭ᠎ᠠ ᠵᠢ 2900 ᠳᠣᠲᠣᠷ᠎ᠠ ᠬᠢᠵᠠᠭ᠋ᠠᠷᠯᠠᠬᠤ ᠵᠢ ᠦᠨᠡᠨᠬᠦ ᠪᠠᠲᠤᠯᠠᠵᠤ᠂ ᠲᠣᠮᠣ ᠳᠤᠮᠳᠠ ᠬᠡᠯᠪᠡᠷᠢ ᠵᠢᠨ ᠠᠭᠤᠷᠬᠠᠶ ᠵᠢᠨ ᠬᠠᠷᠢᠴᠠᠯ᠎ᠢ 35%᠎ᠳᠤ ᠬᠦᠷᠲᠡᠯ᠎ᠡ     ᠳᠡᠭᠡᠭᠰᠢᠯᠡᠭᠦᠯᠦᠨ᠎ᠡ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ