3 ᠳ᠋ᠤᠭ᠋ᠠᠷ ᠰᠠᠷ᠎ᠠ ᠵᠢᠨ 20᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠬᠢᠭᠡᠳ ᠳᠤᠮᠳᠠᠳᠤ ᠤᠯᠤᠰ᠎ᠤᠨ ᠲᠠᠷᠢᠶᠠᠯᠠᠩ᠎ᠤᠨ ᠬᠥᠭᠵᠢᠭᠦᠯᠦᠯᠲᠡ ᠵᠢᠨ ᠪᠠᠩᠬᠢ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ 《ᠭᠠᠵᠠᠷ ᠰᠢᠷᠣᠶ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠪᠠ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ》᠎ᠲᠤ ᠭᠠᠷᠤᠨ ᠥᠰᠥᠭ ᠵᠢᠷᠤᠪᠠ᠃
ᠬᠡᠯᠡᠯᠴᠡᠭᠡᠷ᠎ᠢ ᠦᠨᠳᠦᠰᠦᠯᠡᠪᠡᠯ᠂ ᠬᠤᠶᠠᠷ ᠲᠠᠯ᠎ᠠ᠎ᠪᠠᠷ ᠵᠶ᠋ᠠᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠂ ᠭᠠᠵᠠᠷ ᠰᠢᠷᠣᠢ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ᠂ ᠲᠠᠷᠢᠶᠠᠨ ᠭᠠᠵᠠᠷ᠎ᠢ ᠬᠠᠮᠠᠭ᠋ᠠᠯᠠᠬᠤ ᠵᠡᠷᠭᠡ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠦᠨ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠭᠠᠵᠠᠷ ᠰᠢᠷᠣᠢ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠪᠠ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠢᠨ ᠲᠣᠭᠲᠠᠴᠠ ᠵᠢ ᠬᠠᠮᠲᠤ᠎ᠪᠠᠷ ᠪᠠᠶ᠋ᠢᠭᠤᠯᠬᠤ ᠪᠣᠯᠤᠨ᠎ᠠ᠃
ᠥᠪᠥᠷ ᠮᠣᠩᠭᠤᠯ᠎ᠤᠨ ᠲᠢᠩᠬᠢᠮ᠎ᠤᠨ ᠬᠠᠮᠢᠶ᠎ᠠ ᠪᠥᠬᠦᠶ ᠬᠠᠷᠢᠭᠤᠴᠠᠯᠭ᠋ᠠᠲᠠᠨ ᠢᠯᠡᠷᠬᠡᠶ᠋ᠢᠯᠡᠬᠦ᠎ᠳᠡᠭᠡᠨ᠂ ᠲᠣᠰ ᠤᠳᠠᠭ᠋ᠠᠨ᠎ᠤ ᠭᠡᠷ᠎ᠡ ᠲᠣᠭᠲᠠᠬᠤ᠎ᠪᠠᠷ ᠠᠵᠠ ᠲᠣᠬᠢᠶᠠᠯ ᠪᠣᠯᠭ᠋ᠠᠵᠤ᠂ ᠳᠡᠭᠡᠳᠦ ᠳᠣᠤᠷᠠᠳᠤ ᠱᠠᠲᠤᠨ᠎ᠤ ᠵᠣᠬᠢᠴᠠᠭᠤᠯᠭ᠎ᠠ᠂ ᠵᠡᠭᠦᠨ ᠪᠠᠷᠠᠭᠤᠨ ᠲᠠᠯ᠎ᠠ᠎ᠪᠠᠷ ᠵᠶ᠋ᠠᠨ ᠬᠠᠮᠵᠢᠯᠴᠠᠬᠤ᠂ ᠳᠣᠲᠣᠭ᠋ᠠᠳᠤ᠎ᠳᠠᠭᠠᠨ ᠬᠠᠮᠵᠢᠯᠴᠠᠬᠤ᠎ᠪᠠᠨ ᠴᠢᠩᠭ᠋ᠠᠳᠬᠠᠵᠤ᠂ ᠬᠤᠶᠠᠷ ᠲᠠᠯ᠎ᠠ᠎ᠪᠠᠷ ᠵᠶ᠋ᠠᠨ ᠳᠠᠪᠠᠭᠤᠯᠢᠭ ᠵᠶ᠋ᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠳᠡᠮᠵᠢᠬᠦ ᠰᠠᠭᠤᠷᠢᠨ ᠳᠡᠭᠡᠷ᠎ᠡ᠂ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠠᠷᠢᠴᠠᠭ᠎ᠠ ᠪᠠᠶ᠋ᠢᠭᠤᠯᠵᠤ᠂ ᠠᠵᠢᠯ᠎ᠢ ᠵᠣᠬᠢᠴᠠᠭᠤᠯᠬᠤ ᠪᠠ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ ᠲᠣᠭᠲᠠᠴᠠ ᠵᠢ ᠪᠠᠶ᠋ᠢᠭᠤᠯᠵᠤ᠂ ᠲᠥᠷᠥᠯ ᠵᠦᠢ᠍ᠯ᠎ᠤᠨ ᠬᠠᠮᠢᠶᠠᠷᠤᠯᠲᠠ ᠵᠢ ᠬᠠᠮᠲᠤ᠎ᠪᠠᠷ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷᠴᠢᠯᠡᠬᠦ᠂ ᠣᠯᠠᠨ ᠡᠰᠢᠵᠢᠭᠰᠡᠨ ᠣᠷᠣᠭᠤᠯᠤᠯᠲᠠ ᠵᠢᠨ ᠲᠣᠭᠲᠠᠴᠠ ᠵᠢ ᠲᠡᠭᠦᠯᠳᠡᠷᠵᠢᠭᠦᠯᠬᠦ ᠵᠢ ᠠᠬᠢᠭᠤᠯᠵᠤ᠂ ᠭᠠᠵᠠᠷ ᠰᠢᠷᠣᠶ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠪᠠ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ᠎ᠳᠤ ᠬᠠᠮᠲᠤ᠎ᠪᠠᠷ ᠦᠢ᠍ᠯᠡᠴᠢᠯᠡᠵᠦ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢ ᠪᠠᠲᠤᠯᠠᠬᠤ᠎ᠳᠤ ᠦᠢ᠍ᠯᠡᠴᠢᠯᠡᠨ᠎ᠡ ᠭᠡᠵᠡᠢ᠃
ᠳᠤᠮᠳᠠᠳᠤ ᠤᠯᠤᠰ᠎ᠤᠨ ᠲᠠᠷᠢᠶᠠᠯᠠᠩ᠎ᠤᠨ ᠬᠥᠭᠵᠢᠭᠦᠯᠦᠯᠲᠡ ᠵᠢᠨ ᠥᠪᠥᠷ ᠮᠣᠩᠭᠤᠯ᠎ᠳᠠᠬᠢ ᠬᠤᠪᠢᠶᠠᠷᠢ ᠪᠠᠩᠬᠢ ᠵᠢᠨ ᠬᠠᠮᠢᠶ᠎ᠠ ᠪᠥᠬᠦᠶ ᠬᠠᠷᠢᠭᠤᠴᠠᠯᠭ᠋ᠠᠲᠠᠨ ᠢᠯᠡᠷᠬᠡᠶ᠋ᠢᠯᠡᠬᠦ᠎ᠳᠡᠭᠡᠨ᠂ ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠯᠦᠭᠡ ᠵᠥᠪᠳᠡᠯᠴᠡᠨ ᠨᠡᠪᠲᠡᠷᠡᠯᠴᠡᠬᠦ᠎ᠪᠠᠨ ᠴᠢᠩᠭ᠋ᠠᠳᠬᠠᠵᠤ᠂ ᠬᠠᠮᠲᠤᠷᠠᠯᠴᠠᠭ᠋ᠠᠨ᠎ᠤ ᠬᠦᠷᠢᠶ᠎ᠡ ᠴᠠᠷᠠᠭ᠎ᠠ᠎ᠪᠠᠨ ᠭᠦᠨᠵᠡᠭᠡᠶ᠋ᠢᠷᠡᠭᠦᠯᠦᠨ᠂ ᠲᠥᠷᠥᠯ ᠵᠦᠢ᠍ᠯ᠎ᠤᠨ ᠬᠥᠮᠥᠷᠭᠡ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠲᠣᠰ ᠤᠳᠠᠭ᠋ᠠᠨ᠎ᠤ ᠭᠡᠷ᠎ᠡ ᠲᠣᠭᠲᠠᠬᠤ 《ᠲᠠᠪᠴᠠᠩ ᠪᠠᠶ᠋ᠢᠭᠤᠯᠬᠤ᠂ ᠲᠣᠭᠲᠠᠴᠠ ᠪᠠᠶ᠋ᠢᠭᠤᠯᠬᠤ᠂ ᠲᠥᠷᠥᠯ ᠵᠦᠢ᠍ᠯ᠎ᠢ ᠠᠬᠢᠭᠤᠯᠬᠤ᠂ ᠨᠠᠶ᠋ᠢᠳᠠᠪᠤᠷᠢᠵᠢᠭᠤᠯᠤᠯᠲᠠ ᠵᠢ ᠪᠠᠲᠤᠯᠠᠬᠤ》 ᠦᠢ᠍ᠯᠡᠳᠦᠯ᠎ᠢ ᠦᠨᠡᠨ ᠬᠦ᠌ ᠪᠠᠳᠠᠷᠠᠭᠤᠯᠤᠨ᠎ᠠ ᠭᠡᠵᠦ ᠢᠯᠡᠳᠬᠡᠪᠡ᠃