ᠥᠪᠥᠷ ᠮᠣᠩᠭᠤᠯ᠎ᠤᠨ ᠲᠢᠩᠬᠢᠮ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠬᠡᠷᠡᠭ᠎ᠢ ᠨᠡᠷ᠎ᠡ ᠵᠢᠭ᠋ᠠᠵᠤ ᠱᠠᠭ᠋ᠠᠷᠳᠠᠨ ᠬᠢᠯᠭᠡᠬᠦ ᠪᠠ ᠢᠯᠡ᠎ᠪᠠᠷ ᠮᠡᠳᠡᠭᠡᠯᠡᠬᠦ ᠠᠷᠭ᠎ᠠ ᠵᠢ ᠨᠡᠶ᠋ᠢᠲᠡᠯᠡᠪᠡ
2024-05-11

   ᠣᠶ᠋ᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ 《ᠫᠠᠶ᠋ᠢᠰᠠ ᠡᠯᠭᠦᠨ ᠱᠠᠭ᠋ᠠᠷᠳᠠᠨ ᠬᠢᠯᠭᠡᠬᠦ ᠪᠠ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠬᠡᠷᠡᠭ᠎ᠢ ᠢᠯᠡ᠎ᠪᠠᠷ ᠵᠠᠷᠯᠠᠨ ᠮᠡᠳᠡᠭᠳᠡᠬᠦ ᠲᠤᠬᠠᠶ ᠠᠷᠭ᠎ᠠ》 (ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠫᠠᠶ᠋ᠢᠰᠠ ᠡᠯᠭᠦᠨ ᠱᠠᠭ᠋ᠠᠷᠳᠠᠨ ᠬᠢᠯᠭᠡᠬᠦ ᠪᠠ ᠢᠯᠡ᠎ᠪᠠᠷ ᠵᠠᠷᠯᠠᠨ ᠮᠡᠳᠡᠭᠳᠡᠬᠦ ᠴᠢᠬᠤᠯᠠᠲᠠᠶ ᠭᠠᠵᠠᠷ ᠰᠢᠷᠣᠶ᠂ ᠠᠭᠤᠷᠬᠠᠢ ᠵᠢᠨ ᠭᠠᠷᠤᠯᠲᠠ᠂ ᠤᠯᠤᠰ᠎ᠤᠨ ᠭᠠᠵᠠᠷ ᠰᠢᠷᠤᠢ ᠵᠢᠨ ᠣᠷᠣᠨ ᠵᠠᠶ ᠵᠢᠨ ᠲᠥᠯᠥᠪᠵᠢᠭᠦᠯᠭᠡ᠂ ᠬᠡᠮᠵᠢᠨ ᠵᠢᠷᠤᠭᠯᠠᠬᠤ ᠵᠡᠷᠭᠡ ᠬᠡᠷᠡᠭ᠎ᠢ ᠰᠢᠢ᠍ᠳᠪᠦᠷᠢᠯᠡᠬᠦ ᠬᠡᠷᠡᠭᠯᠡᠬᠦ ᠬᠡᠪᠴᠢᠶ᠎ᠡ ᠵᠢᠴᠢ ᠬᠡᠷᠡᠭᠵᠢᠭᠦᠯᠬᠦ ᠪᠠᠶ᠋ᠢᠭᠤᠯᠤᠮᠵᠢ᠂ ᠫᠠᠶ᠋ᠢᠰᠠ ᠡᠯᠭᠦᠨ ᠱᠠᠭ᠋ᠠᠷᠳᠠᠨ ᠬᠢᠯᠭᠡᠬᠦ ᠪᠠᠶ᠋ᠢᠳᠠᠯ ᠵᠡᠷᠭᠡ᠎ᠳᠤ ᠨᠠᠷᠢᠨ ᠲᠣᠭᠲᠠᠭ᠋ᠠᠯ ᠭᠠᠷᠭ᠋ᠠᠵᠤ᠂ ᠤᠯᠤᠰ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠤᠯᠢ ᠬᠡᠷᠡᠭᠵᠢᠭᠦᠯᠦᠯᠲᠡ ᠵᠢᠨ 《ᠴᠢᠩᠭ᠎ᠠ》᠂ 《ᠰᠢᠳᠦ ᠤᠷᠭᠤᠭᠤᠯᠬᠤ》 ᠬᠠᠲᠠᠭᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ᠂ ᠪᠥᠬᠦ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠢᠶᠡᠨ᠎ᠳᠠᠬᠢ ᠴᠢᠬᠤᠯᠠ ᠶᠡᠭᠡ᠂ ᠨᠡᠶ᠋ᠢᠲᠡᠯᠢᠭ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠡᠷᠴᠢᠮ ᠵᠶ᠋ᠠᠨ ᠦᠨᠡᠨ ᠬᠦ᠌ ᠴᠢᠩᠭ᠋ᠠᠷᠠᠭᠤᠯᠵᠤ᠂ ᠲᠠᠷᠢᠶᠠᠨ ᠭᠠᠵᠠᠷ᠎ᠤᠨ ᠤᠯᠠᠭ᠋ᠠᠨ ᠱᠤᠭᠤᠮ ᠪᠠ ᠡᠬᠢ ᠪᠠᠶᠠᠯᠢᠭ᠎ᠤᠨ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠴᠢᠩᠭ᠎ᠠ ᠰᠠᠬᠢᠵᠤ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠦᠲᠦᠮᠵᠢᠲᠡᠶ ᠬᠤᠷᠢᠭᠯᠠᠬᠤ ᠵᠢᠨ ᠲᠥᠯᠥᠭᠡ ᠶᠤᠮ᠃

  《ᠠᠷᠭ᠎ᠠ》 ᠵᠢ ᠦᠨᠳᠦᠰᠦᠯᠡᠪᠡᠯ᠂ ᠥᠪᠥᠷ ᠮᠣᠩᠭᠤᠯ᠎ᠤᠨ ᠲᠢᠩᠬᠢᠮ᠎ᠨᠢ ᠬᠠᠤᠯᠢ ᠲᠣᠭᠲᠠᠭ᠋ᠠᠯ᠎ᠠᠴᠠ ᠵᠥᠷᠢᠴᠡᠭᠰᠡᠨ 9 ᠵᠦᠢ᠍ᠯ᠎ᠤᠨ ᠪᠠᠶ᠋ᠢᠳᠠᠯ᠎ᠢ ᠨᠡᠷ᠎ᠡ ᠵᠢᠭ᠋ᠠᠵᠤ ᠱᠠᠭ᠋ᠠᠷᠳᠠᠨ ᠬᠢᠯᠭᠡᠬᠦ᠎ᠪᠠᠷ ᠪᠠᠶ᠋ᠢᠨ᠎ᠠ᠃ ᠨᠢᠭᠡ᠎ᠳᠤ᠂ ᠤᠯᠤᠰ᠎ᠤᠨ ᠭᠠᠵᠠᠷ ᠰᠢᠷᠤᠢ ᠣᠷᠣᠨ ᠵᠠᠢ ᠵᠢᠨ ᠲᠥᠯᠥᠪᠵᠢᠭᠦᠯᠭᠡ ᠪᠠ ᠬᠡᠷᠡᠭᠴᠡᠭᠡ ᠵᠢᠨ ᠬᠠᠮᠢᠶᠠᠷᠤᠯᠲᠠ᠎ᠠᠴᠠ ᠵᠥᠷᠢᠴᠡᠨ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠂ ᠬᠤᠳᠠ ᠪᠠᠯᠭ᠋ᠠᠰᠤᠨ᠎ᠤ ᠨᠡᠭᠡᠭᠡᠨ ᠬᠥᠭᠵᠢᠭᠦᠯᠬᠦ ᠵᠠᠭ᠋ᠠᠭ ᠬᠢᠵᠠᠭ᠋ᠠᠷ ᠵᠡᠷᠭᠡ ᠭᠤᠷᠪᠠᠨ ᠬᠢᠵᠠᠭ᠋ᠠᠷᠯᠠᠬᠤ ᠱᠤᠭᠤᠮ᠎ᠢ ᠬᠠᠤᠯᠢ᠎ᠠᠴᠠ ᠵᠥᠷᠢᠴᠡᠨ ᠳᠠᠪᠠᠵᠤ᠂ ᠬᠦᠨᠳᠦ ᠨᠣᠴᠢᠲᠠᠢ ᠦᠷ᠎ᠡ ᠳ᠋ᠦᠩ ᠭᠠᠷᠭ᠋ᠠᠭᠰᠠᠨ;   ᠬᠤᠶᠠᠷ᠎ᠲᠤ᠂ ᠬᠠᠤᠯᠢ ᠲᠣᠭᠲᠠᠭ᠋ᠠᠯ᠎ᠢ ᠵᠥᠷᠢᠴᠡᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠭᠰᠡᠨ᠂ ᠢᠯᠠᠩᠭᠤᠶ᠎ᠠ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠲᠠᠯᠠᠪᠠᠶ ᠨᠡᠯᠢᠶᠡᠳ ᠶᠡᠭᠡ᠂ ᠳᠠᠷᠢᠬᠤ ᠨᠥᠬᠦᠴᠡᠯ᠎ᠢ ᠬᠦᠨᠳᠦ ᠨᠣᠴᠢᠲᠠᠶ ᠡᠪᠳᠡᠭᠰᠡᠨ ᠪᠠᠶ᠋ᠢᠨ᠎ᠠ; ᠭᠤᠷᠪᠠ᠎ᠳᠤ᠂ ᠭᠠᠵᠠᠷ ᠰᠢᠷᠣᠶ᠂ ᠪᠥᠲᠥᠭᠡᠨ ᠪᠠᠶ᠋ᠢᠭᠤᠯᠤᠯᠲᠠ᠂ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠵᠢ ᠬᠠᠤᠯᠢ ᠲᠣᠭᠲᠠᠭ᠋ᠠᠯ᠎ᠠᠴᠠ ᠵᠥᠷᠢᠴᠡᠨ ᠵᠥᠪᠰᠢᠶᠡᠷᠡᠵᠦ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠮᠠᠯᠲᠠᠭᠰᠠᠨ᠎ᠠᠴᠠ ᠪᠣᠯᠵᠣ ᠬᠦᠨᠳᠦ ᠨᠣᠴᠢᠲᠠᠶ ᠦᠷ᠎ᠡ ᠳ᠋ᠦᠩ ᠭᠠᠷᠭ᠋ᠠᠪᠠ; ᠳᠥᠷᠪᠡ᠎ᠳᠤ᠂ ᠤᠯᠤᠰ᠎ᠤᠨ ᠭᠠᠵᠠᠷ ᠰᠢᠷᠣᠶ ᠬᠠᠩᠭ᠋ᠠᠬᠤ ᠲᠥᠷᠥ ᠵᠢᠨ ᠪᠣᠳᠣᠯᠭ᠎ᠠ᠂ ᠭᠠᠵᠠᠷ ᠰᠢᠷᠣᠶ ᠵᠢᠨ ᠵᠠᠬ᠎ᠠ ᠳᠡᠯᠭᠡᠭᠦᠷ᠎ᠤᠨ ᠲᠥᠷᠥ ᠵᠢᠨ ᠪᠣᠳᠣᠯᠭ᠎ᠠ ᠵᠢ ᠬᠦᠨᠳᠦ ᠨᠣᠴᠢᠲᠠᠶ ᠵᠥᠷᠢᠴᠡᠭᠰᠡᠨ᠂ ᠵᠢᠴᠢ ᠭᠠᠵᠠᠷ ᠰᠢᠷᠣᠶ ᠵᠢ ᠬᠦᠨᠳᠦ ᠨᠣᠴᠢᠲᠠᠶ ᠲᠣᠭᠲᠠᠭ᠋ᠠᠯ᠎ᠠᠴᠠ ᠵᠥᠷᠢᠴᠡᠨ ᠨᠡᠭᠡᠭᠡᠨ ᠠᠰᠢᠭᠯᠠᠭᠰᠠᠨ;  ᠲᠠᠪᠤ᠎ᠳᠤ᠂ ᠬᠠᠤᠯᠢ ᠲᠣᠭᠲᠠᠭ᠋ᠠᠯ᠎ᠢ ᠵᠥᠷᠢᠴᠡᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠭᠰᠠᠨ᠂ ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠤᠶᠤ ᠠᠮᠢ ᠠᠬᠤᠶ ᠵᠢᠨ ᠣᠷᠴᠢᠨ ᠲᠣᠭᠤᠷᠢᠨ᠎ᠢ ᠬᠦᠨᠳᠦ ᠨᠣᠴᠢᠲᠠᠶ ᠬᠤᠬᠢᠷᠠᠭᠤᠯᠤᠭᠰᠠᠨ ; ᠵᠢᠷᠭᠤᠭ᠎ᠠ᠎ᠳᠤ᠂ ᠭᠠᠵᠠᠷ ᠵᠦᠢ ᠵᠢᠨ ᠮᠡᠳᠡᠭᠡ ᠵᠠᠩᠭᠢ ᠵᠢ ᠬᠡᠮᠵᠢᠨ ᠵᠢᠷᠤᠬᠤ ᠬᠠᠮᠢᠶᠠᠷᠤᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠬᠦᠨᠳᠦ ᠨᠣᠴᠢᠲᠠᠶ ᠵᠥᠷᠢᠴᠡᠭᠰᠡᠨ; ᠳᠣᠯᠤᠭ᠎ᠠ᠎ᠳᠤ᠂ ᠨᠢᠭᠤᠵᠤ ᠳᠠᠷᠤᠭ᠋ᠠᠳ ᠮᠡᠳᠡᠭᠦᠯᠬᠦ ᠥᠬᠡᠶ᠂ ᠬᠡᠷᠡᠭ᠎ᠢ ᠳᠠᠷᠤᠵᠤ ᠪᠠᠶ᠋ᠢᠴᠠᠭ᠋ᠠᠬᠤ ᠥᠬᠡᠶ᠂ ᠣᠷᠳᠣ ᠬᠤᠭᠤᠴᠠᠭ᠎ᠠ᠎ᠪᠠᠷ ᠪᠠᠶ᠋ᠢᠴᠠᠭ᠋ᠠᠵᠤ ᠰᠢᠢ᠍ᠳᠪᠦᠷᠢᠯᠡᠬᠦ ᠥᠬᠡᠶ᠂ ᠣᠯᠠᠨᠲᠠ ᠪᠠᠶ᠋ᠢᠴᠠᠭ᠋ᠠᠵᠤ ᠣᠯᠠᠨᠲᠠ ᠵᠥᠷᠢᠴᠡᠭᠡᠳ ᠨᠡᠶ᠋ᠢᠭᠡᠮ᠎ᠳᠤ ᠮᠠᠭᠤ ᠨᠥᠯᠥᠭᠡ ᠦᠵᠡᠭᠦᠯᠪᠡ; ᠨᠠᠢ᠍ᠮᠠ᠎ᠳᠤ᠂ ᠣᠯᠠᠨ ᠲᠦᠮᠡᠨ᠎ᠤ ᠲᠤᠰᠬᠠᠯ ᠴᠢᠩᠭ᠎ᠠ᠂ ᠨᠡᠶ᠋ᠢᠭᠡᠮ᠎ᠤᠨ ᠨᠥᠯᠥᠭᠡ ᠥᠷᠭᠡᠨ᠂ ᠳᠡᠭᠡᠳᠦ ᠱᠠᠲᠤᠨ᠎ᠤ ᠪᠠᠶ᠋ᠢᠭᠤᠯᠭ᠎ᠠ᠎ᠠᠴᠠ ᠵᠠᠷᠯᠢᠭᠳᠠᠵᠤ ᠪᠠᠶ᠋ᠢᠭ᠋ᠠᠳ ᠫᠠᠶ᠋ᠢᠰᠠ ᠡᠯᠭᠦᠭᠰᠡᠨ ᠪᠤᠰᠤᠳ ᠪᠠᠶ᠋ᠢᠳᠠᠯ᠃

  《ᠠᠷᠭ᠎ᠠ》᠎ᠳᠤ᠂ ᠥᠪᠥᠷ ᠮᠣᠩᠭᠤᠯ᠎ᠤᠨ ᠲᠢᠩᠬᠢᠮ᠎ᠨᠢ ᠨᠡᠷ᠎ᠡ ᠵᠢᠭ᠋ᠠᠵᠤ ᠱᠠᠭ᠋ᠠᠷᠳᠠᠨ ᠬᠢᠯᠭᠡᠬᠦ ᠬᠠᠤᠯᠢ᠎ᠠᠴᠠ ᠵᠥᠷᠢᠴᠡᠭᠰᠡᠨ ᠬᠡᠷᠡᠭ᠎ᠢ ᠲᠢᠩᠬᠢᠮ᠎ᠤᠨ ᠫᠤᠷᠲ᠋ᠧᠯ ᠰᠦᠯᠵᠢᠶ᠎ᠡ᠂ ᠸᠢᠴᠠᠲ᠎ᠤᠨ ᠨᠡᠶ᠋ᠢᠲᠡ ᠵᠢᠨ ᠳ᠋ᠤᠭ᠋ᠠᠷ ᠪᠤᠶᠤ ᠰᠣᠨᠢᠨ ᠮᠡᠳᠡᠭᠡᠨ᠎ᠤ ᠵᠠᠭᠤᠴᠢᠯᠠᠭᠤᠷ ᠵᠡᠷᠭᠡ ᠠᠷᠭ᠎ᠠ ᠵᠠᠮ ᠵᠶ᠋ᠠᠷ ᠳᠠᠮᠵᠢᠭᠤᠯᠤᠨ ᠨᠡᠶ᠋ᠢᠭᠡᠮ᠎ᠳᠤ ᠢᠯᠡ ᠪᠣᠯᠭ᠋ᠠᠬᠤ ᠵᠢᠨ ᠬᠠᠮᠲᠤ᠂ ᠫᠠᠶ᠋ᠢᠰᠠ ᠡᠯᠭᠦᠨ ᠱᠠᠭ᠋ᠠᠷᠳᠠᠨ ᠬᠢᠯᠭᠡᠬᠦ ᠬᠡᠷᠡᠭ᠎ᠢ ᠮᠥᠷᠳᠡᠨ ᠬᠢᠨᠠᠨ ᠵᠢᠯᠣᠭᠤᠳᠬᠤ᠎ᠪᠠᠨ ᠴᠢᠩᠭ᠋ᠠᠳᠬᠠᠵᠤ᠂ ᠴᠢᠬᠤᠯᠠᠴᠢᠯᠠᠭᠰᠠᠨ ᠵᠶ᠋ᠠᠷ ᠬᠦᠷᠦᠯᠴᠡᠬᠦ ᠥᠬᠡᠶ᠂ ᠤᠳᠠᠭ᠋ᠠᠰᠢᠷᠠᠭᠤᠯᠤᠨ ᠰᠢᠢ᠍ᠳᠪᠦᠷᠢᠯᠡᠬᠦ ᠥᠬᠡᠶ᠂ ᠲᠣᠭᠲᠠᠭᠰᠠᠨ ᠬᠤᠭᠤᠴᠠᠭ᠋ᠠᠨ᠎ᠳᠤ ᠭᠦᠢ᠍ᠴᠡᠳᠬᠡᠭᠰᠡᠨ ᠥᠬᠡᠶ ᠪᠤᠶᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠠᠶ᠋ᠢᠮᠠᠭ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠠᠵᠢᠯ᠎ᠤᠨ ᠰᠠᠨᠠᠭᠤᠯᠭ᠎ᠠ᠂ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠬᠤ᠂ ᠪᠣᠯᠵᠣᠨ ᠶᠠᠷᠢᠯᠴᠠᠬᠤ᠂ ᠣᠨ᠎ᠤ ᠰᠢᠯᠢᠳᠡᠭ᠎ᠢ ᠰᠢᠯᠭ᠋ᠠᠷᠠᠭᠤᠯᠬᠤ ᠬᠢᠷᠢ ᠬᠡᠮ᠎ᠢ᠎ᠨᠢ ᠬᠦᠴᠦᠨ ᠥᠬᠡᠶ ᠪᠣᠯᠭ᠋ᠠᠬᠤ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠠᠷᠭ᠎ᠠ ᠬᠡᠮᠵᠢᠶ᠎ᠡ ᠠᠪᠴᠤ᠂ ᠬᠠᠮᠢᠶ᠎ᠠ ᠪᠥᠬᠦᠶ ᠠᠶ᠋ᠢᠮᠠᠭ ᠬᠤᠲᠠ ᠵᠢ ᠰᠢᠮᠳᠠᠭᠤᠯᠵᠤ ᠪᠠᠶ᠋ᠢᠭ᠋ᠠᠳ ᠬᠠᠤᠯᠢ ᠲᠣᠭᠲᠠᠭ᠋ᠠᠯ ᠶᠣᠰᠣᠭ᠋ᠠᠷ ᠲᠣᠭᠲᠠᠭᠰᠠᠨ ᠬᠤᠭᠤᠴᠠᠭ᠋ᠠᠨ᠎ᠳᠤ ᠴᠡᠭᠴᠡᠯᠡᠨ ᠰᠠᠶ᠋ᠢᠵᠢᠷᠠᠭᠤᠯᠵᠤ ᠪᠣᠳᠠᠲᠠᠶ᠋ᠢᠵᠢᠭᠤᠯᠤᠨ᠎ᠠ ᠭᠡᠵᠦ ᠲᠣᠳᠣᠷᠬᠠᠶ ᠲᠣᠭᠲᠠᠭ᠋ᠠᠵᠠᠶ᠃  ᠡᠭᠦᠨ᠎ᠤ ᠬᠠᠮᠲᠤ᠂ ᠬᠡᠷᠡᠭ᠎ᠢ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ ᠪᠣᠯᠤᠨ ᠨᠡᠶ᠋ᠢᠭᠡᠮ᠎ᠤᠨ ᠨᠥᠯᠥᠭᠡ ᠵᠢᠨ ᠬᠡᠮᠵᠢᠶ᠎ᠡ ᠵᠢ ᠦᠨᠳᠦᠰᠦᠯᠡᠨ᠂ ᠬᠠᠮᠢᠶ᠎ᠠ ᠪᠦᠬᠦᠢ ᠠᠶ᠋ᠢᠮᠠᠭ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠤᠯᠢ᠎ᠠᠴᠠ ᠵᠥᠷᠢᠴᠡᠭᠰᠡᠨ ᠭᠤᠤᠯ ᠴᠣᠭᠴᠠ ᠵᠢᠴᠢ ᠬᠤᠯᠪᠣᠭᠳᠠᠬᠤ ᠬᠤᠰᠢᠭᠤ ᠰᠢᠶᠠᠨ (ᠬᠤᠲᠠ᠂ ᠲᠣᠭᠤᠷᠢᠭ)᠎ᠤ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠢᠨᠠᠨ ᠵᠥᠪᠰᠢᠶᠡᠷᠡᠯ᠎ᠢ ᠠᠪᠬᠤ ᠪᠤᠶᠤ ᠬᠢᠵᠠᠭ᠋ᠠᠷᠯᠠᠬᠤ ᠵᠢ ᠬᠠᠤᠯᠢ ᠲᠣᠭᠲᠠᠭ᠋ᠠᠯ ᠶᠣᠰᠣᠭ᠋ᠠᠷ ᠲᠦᠷ ᠵᠣᠭᠰᠣᠭ᠋ᠠᠬᠤ ᠪᠤᠶᠤ ᠱᠠᠭ᠋ᠠᠷᠳᠠᠵᠤ ᠪᠣᠯᠤᠨ᠎ᠠ᠃

  《ᠠᠷᠭ᠎ᠠ》 ᠵᠢ ᠨᠡᠢ᠌ᠲᠡᠯᠡᠬᠦ ᠪᠠ ᠬᠡᠷᠡᠭᠵᠢᠭᠦᠯᠬᠦ᠎ᠨᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠤᠯᠢ ᠬᠡᠷᠡᠭᠵᠢᠭᠦᠯᠦᠯᠲᠡ ᠵᠢᠨ ᠬᠢᠨᠠᠨ ᠪᠠᠶ᠋ᠢᠴᠠᠭ᠋ᠠᠯᠲᠠ ᠵᠢᠨ ᠡᠷᠬᠡ ᠰᠦᠷ᠎ᠢ ᠤᠯᠠᠮ ᠨᠢᠭᠡ ᠠᠯᠬᠤᠮ ᠪᠤᠢ ᠪᠣᠯᠭ᠋ᠠᠬᠤ᠂ ᠪᠦᠬᠦ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠡᠮᠬᠢ ᠳᠢᠭᠯᠢᠮ᠎ᠢ ᠬᠠᠤᠯᠢ ᠶᠣᠰᠣᠭ᠋ᠠᠷ ᠪᠦᠲᠦᠮᠵᠢᠲᠡᠶ ᠵᠢᠷᠤᠮᠵᠢᠭᠤᠯᠬᠤ᠎ᠳᠤ ᠢᠳᠡᠪᠬᠢᠲᠡᠶ ᠠᠬᠢᠭᠤᠯᠬᠤ ᠦᠢ᠍ᠯᠡᠳᠦᠯ ᠦᠵᠡᠭᠦᠯᠬᠦ ᠪᠣᠯᠤᠨ᠎ᠠ᠃

 

ᠢᠷᠡᠯᠲᠡ᠄ ᠲᠤᠮᠳᠠᠳᠤ ᠤᠯᠤᠰ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠤᠨᠢᠨ