ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠥᠯᠥ ᠬᠥᠳᠡᠯᠬᠦ ᠬᠥᠷᠥᠩᠭᠡ ᠵᠢᠨ ᠳᠡᠩᠰᠡᠯᠡᠯᠲᠡ ᠵᠢᠨ ᠢᠲᠡᠭᠡᠮᠵᠢ ᠠᠯᠳᠠᠭᠰᠠᠨ ᠠᠵᠤ ᠠᠬᠤᠶ᠋ᠢᠯᠠᠯ᠎ᠢ ᠬᠠᠷᠭᠤᠭᠤᠯᠤᠨ ᠪᠠᠶ᠋ᠢᠴᠠᠭ᠋ᠠᠬᠤ ᠲᠣᠭᠲᠠᠯᠴᠠᠭ᠎ᠠ ᠵᠢ ᠪᠠᠶ᠋ᠢᠭᠤᠯᠪᠠ
2024-05-23

  5 ᠳ᠋ᠤᠭ᠋ᠠᠷ ᠰᠠᠷ᠎ᠠ ᠵᠢᠨ 18᠎ᠤ ᠡᠳᠦᠷ᠎ᠤᠨ ᠮᠡᠳᠡᠭᠡ (ᠰᠤᠷᠪᠤᠯᠵᠢᠯᠠᠭᠴᠢ ᠬᠤᠤ ᠰᠢᠤᠸᠠᠢ ᠯᠢᠶᠠᠨ ᠳᠠᠳᠤᠯᠭ᠎ᠠ ᠵᠢᠨ ᠰᠤᠷᠤᠭᠴᠢ ᠸᠠᠩ ᠴᠢᠶᠠᠨ ᠴᠧᠨ) 5 ᠳ᠋ᠤᠭ᠋ᠠᠷ ᠰᠠᠷ᠎ᠠ ᠵᠢᠨ 17᠎ᠤ ᠡᠳᠦᠷ᠂ ᠣᠷᠳᠣᠰ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ ᠵᠢᠨ ᠥᠯᠥ ᠬᠥᠳᠡᠯᠬᠦ ᠬᠥᠷᠥᠩᠭᠡ ᠵᠢ ᠳᠡᠩᠰᠡᠯᠡᠨ ᠲᠡᠮᠳᠡᠭᠯᠡᠬᠦ ᠲᠥᠪ᠎ᠠᠴᠠ ᠠᠵᠤ ᠠᠬᠤᠶ᠋ᠢᠯᠠᠯ᠎ᠤᠨ ᠤᠯᠠᠭ᠋ᠠᠨ ᠬᠠᠷ᠎ᠠ ᠲᠠᠩᠰᠠ ᠵᠢ ᠵᠢᠩᠬᠢᠨᠢ᠎ᠪᠠᠷ ᠡᠬᠢᠯᠡᠭᠦᠯᠵᠦ᠂ ᠢᠲᠡᠭᠡᠮᠵᠢ ᠵᠢ ᠬᠠᠷᠭᠤᠭᠤᠯᠤᠨ ᠪᠠᠶ᠋ᠢᠴᠠᠭ᠋ᠠᠵᠤ ᠬᠡᠷᠡᠭᠯᠡᠬᠦ ᠵᠢ ᠥᠯᠥ ᠬᠥᠳᠡᠯᠬᠦ ᠬᠥᠷᠥᠩᠭᠡ ᠵᠢ ᠳᠡᠩᠰᠡᠯᠡᠨ ᠲᠡᠮᠳᠡᠭᠯᠡᠬᠦ ᠲᠤᠬᠠᠶ᠋ᠢᠯᠠᠭᠰᠠᠨ ᠠᠵᠢᠯ᠎ᠯᠤᠭ᠎ᠠ ᠠᠭᠤᠰᠤᠯᠴᠠᠭᠤᠯᠵᠤ᠂ ᠪᠥᠬᠦ ᠣᠷᠣᠨ᠎ᠤ ᠠᠩᠬᠠᠳᠠᠭᠴᠢ 《ᠥᠯᠥ ᠬᠥᠳᠡᠯᠬᠦ ᠬᠥᠷᠥᠩᠭᠡ ᠵᠢ ᠳᠡᠩᠰᠡᠯᠡᠨ ᠲᠡᠮᠳᠡᠭᠯᠡᠬᠦ ᠢᠲᠡᠭᠡᠮᠵᠢ》 ᠵᠢᠨ ᠲᠤᠭ᠎ᠠ ᠪᠠᠷᠢᠮᠲᠠ ᠵᠢ ᠰᠦᠯᠵᠢᠶᠡᠨ ᠳᠡᠭᠡᠷᠡᠬᠢ ᠢᠲᠡᠭᠡᠮᠵᠢ ᠵᠢ ᠬᠠᠷᠭᠤᠭᠤᠯᠤᠨ ᠪᠠᠶ᠋ᠢᠴᠠᠭ᠋ᠠᠬᠤ ᠰᠢᠰᠲ᠋ᠧᠮᠵᠢ ᠵᠢ ᠪᠠᠶ᠋ᠢᠭᠤᠯᠤᠨ᠂ ᠥᠯᠥ ᠬᠥᠳᠡᠯᠬᠦ ᠬᠥᠷᠥᠩᠭᠡ ᠵᠢ ᠳᠡᠩᠰᠡᠯᠡᠨ ᠲᠡᠮᠳᠡᠭᠯᠡᠬᠦ ᠡᠮᠬᠢ ᠳᠢᠭᠯᠢᠮ ᠪᠠ ᠠᠮᠤᠷ ᠲᠦᠪᠰᠢᠨ᠎ᠢ ᠪᠦᠲᠦᠮᠵᠢᠲᠡᠶ ᠬᠠᠮᠠᠭ᠋ᠠᠯᠠᠪᠠ᠃

   ᠦᠯᠦ ᠬᠥᠳᠡᠯᠬᠦ ᠬᠥᠷᠥᠩᠭᠡ ᠵᠢ ᠳᠠᠩᠰᠠᠯᠠᠬᠤ᠎ᠨᠢ ᠠᠷᠠᠳ ᠣᠯᠠᠨ᠎ᠤ ᠲᠤᠰ ᠪᠡᠶ᠎ᠡ ᠵᠢᠨ ᠠᠰᠢᠭ ᠲᠤᠰᠠ᠎ᠲᠠᠢ ᠬᠣᠯᠪᠣᠭᠳᠠᠨ᠎ᠠ᠃ ᠣᠷᠳᠣᠰ ᠬᠤᠲᠠ ᠵᠢᠨ ᠥᠯᠥ ᠬᠥᠳᠡᠯᠬᠦ ᠬᠥᠷᠥᠩᠭᠡ ᠵᠢᠨ ᠳᠡᠩᠰᠡᠯᠡᠯᠲᠡ ᠵᠢᠨ ᠲᠥᠪ ᠥᠯᠥ ᠬᠥᠳᠡᠯᠬᠦ ᠬᠥᠷᠥᠩᠭᠡ ᠵᠢᠨ ᠳᠡᠩᠰᠡᠯᠡᠯᠲᠡ ᠵᠢᠨ ᠬᠦᠷᠢᠶᠡᠨ᠎ᠳᠠᠬᠢ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠵᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠯᠦᠭᠡ ᠨᠡᠶ᠋ᠢᠯᠡᠮᠡᠯ ᠬᠦᠴᠦᠨ᠎ᠢ ᠪᠦᠷᠢᠯᠳᠦᠭᠦᠯᠵᠦ᠂ 《ᠥᠯᠥ ᠬᠥᠳᠡᠯᠬᠦ ᠬᠥᠷᠥᠩᠭᠡ ᠵᠢᠨ ᠳᠡᠩᠰᠡᠯᠡᠯᠲᠡ ᠵᠢᠨ ᠢᠲᠡᠭᠡᠮᠵᠢ》 ᠵᠢᠨ ᠪᠠᠶ᠋ᠢᠭᠤᠯᠤᠯᠲᠠ ᠵᠢᠨ ᠠᠵᠢᠯ᠎ᠢ ᠬᠠᠮᠲᠤ᠎ᠪᠠᠷ ᠡᠳ᠋ᠯᠡᠵᠦ ᠬᠡᠷᠡᠭᠯᠡᠬᠦ ᠵᠢ ᠠᠬᠢᠭᠤᠯᠵᠤ᠂ ᠳ᠋ᠠᠶ᠋ᠢᠲ᠋ᠠ ᠵᠢᠨ ᠵᠠᠯᠭ᠋ᠠᠭ᠋ᠠᠳᠠᠰᠦ᠎ᠪᠠᠷ ᠳᠠᠮᠵᠢᠭᠤᠯᠤᠨ 《ᠠᠵᠤ ᠠᠬᠤᠶ᠋ᠢᠯᠠᠯ᠎ᠤᠨ ᠬᠠᠤᠯᠢ ᠵᠢ ᠬᠦᠨᠳᠦ ᠨᠣᠴᠢᠲᠠᠶ ᠵᠥᠷᠢᠴᠡᠭᠰᠡᠨ ᠮᠡᠳᠡᠭᠡ ᠵᠠᠩᠭᠢ ᠵᠢᠨ ᠨᠡᠷᠡᠰ᠎ᠤᠨ ᠵᠢᠭᠰᠠᠭ᠋ᠠᠯᠲᠠ》 ᠵᠢ ᠬᠤᠯᠪᠣᠭ᠋ᠠᠯᠠᠨ ᠨᠡᠪᠲᠡᠷᠡᠭᠦᠯᠵᠦ ᠬᠠᠮᠲᠤ᠎ᠪᠠᠷ ᠡᠳ᠋ᠯᠡᠬᠦ ᠪᠤᠯᠤᠨ᠎ᠠ᠃  ᠲᠣᠰ ᠨᠡᠷᠡᠰ᠎ᠲᠤ ᠥᠯᠥ ᠬᠥᠳᠡᠯᠬᠦ ᠬᠥᠷᠥᠩᠭᠡ ᠵᠢᠨ ᠳᠡᠩᠰᠡᠯᠡᠯᠲᠡ ᠵᠢᠨ ᠮᠡᠳᠡᠭᠡ ᠵᠠᠩᠭᠢ ᠵᠢᠨ ᠰᠢᠰᠲ᠋ᠧᠮ᠎ᠳᠤ ᠵᠠᠯᠭ᠋ᠠᠨ ᠣᠷᠣᠭᠤᠯᠤᠭᠰᠠᠨ᠎ᠤ ᠳᠠᠷᠠᠭ᠎ᠠ᠂ ᠥᠯᠥ ᠬᠥᠳᠡᠯᠬᠦ ᠬᠥᠷᠥᠩᠭᠡ ᠵᠢᠨ ᠳᠡᠩᠰᠡᠯᠡᠯᠲᠡ ᠵᠢᠨ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠦᠶ᠎ᠡ᠎ᠳᠤ᠂ ᠠᠵᠤ ᠠᠬᠤᠶ᠋ᠢᠯᠠᠯ᠎ᠤᠨ ᠨᠡᠷᠡᠶ᠋ᠢᠳᠦᠯ᠎ᠢ ᠠᠦ᠋ᠲ᠋ᠣ᠋ ᠰᠢᠯᠵᠢᠭᠦᠯᠦᠨ ᠠᠪᠴᠤ᠂ ᠭᠤᠶᠤᠴᠢᠯᠠᠭᠴᠢ ᠵᠢᠨ ᠬᠠᠮᠢᠶ᠎ᠠ ᠪᠥᠬᠦᠶ ᠢᠲᠡᠭᠡᠮᠵᠢ ᠵᠢᠨ ᠲᠡᠮᠳᠡᠭᠯᠡᠯ᠎ᠢ ᠬᠠᠷᠭᠤᠭᠤᠯᠤᠨ    ᠪᠠᠶ᠋ᠢᠴᠠᠭ᠋ᠠᠵᠤ᠂ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠬᠦ ᠭᠤᠭᠴᠤᠭ᠎ᠠ᠎ᠳᠤ ᠬᠠᠷᠭᠤᠭᠤᠯᠤᠨ ᠪᠠᠶ᠋ᠢᠴᠠᠭ᠋ᠠᠬᠤ ᠭᠤᠶᠤᠴᠢᠯᠠᠭᠴᠢ ᠵᠢᠨ ᠤᠯᠠᠭ᠋ᠠᠨ ᠨᠡᠷᠡᠰ᠂ ᠬᠠᠷ᠎ᠠ ᠲᠠᠩᠰᠠ ᠵᠢᠨ ᠢᠲᠡᠭᠡᠮᠵᠢ ᠵᠢᠨ ᠵᠡᠷᠭᠡ ᠳᠡᠰ᠎ᠢ ᠦᠨᠡᠨ ᠪᠣᠳᠠᠲᠠᠶ ᠢᠯᠡᠷᠡᠭᠦᠯᠵᠦ᠂ ᠢᠲᠡᠭᠡᠮᠵᠢ ᠵᠢᠨ ᠪᠠᠶ᠋ᠢᠳᠠᠯ᠎ᠢ 《ᠦᠵᠡᠭᠳᠡᠬᠦ》᠎ᠪᠠᠷ ᠳᠠᠮᠵᠢᠭᠤᠯᠤᠨ ᠳᠡᠩᠰᠡᠯᠡᠨ ᠲᠡᠮᠳᠡᠭᠯᠡᠬᠦ ᠲᠦᠭᠰᠢᠭᠦᠷᠢ ᠵᠢ ᠰᠡᠷᠭᠡᠶ᠋ᠢᠯᠡᠪᠡ᠃

   ᠤᠯᠠᠭ᠋ᠠᠨ ᠬᠠᠷ᠎ᠠ ᠳᠠᠩᠰᠠ ᠵᠢᠨ ᠢᠲᠡᠭᠡᠮᠵᠢ ᠵᠢᠨ ᠳᠡᠰ᠎ᠢ ᠦᠨᠳᠦᠰᠦᠯᠡᠨ ᠠᠳᠠᠯᠢ ᠪᠤᠰᠤ ᠦᠢ᠍ᠯᠡᠴᠢᠯᠡᠭᠡᠨ᠎ᠤ ᠵᠠᠭᠪᠤᠷ᠎ᠢ ᠠᠪᠤᠨ᠎ᠠ᠃ ᠦᠨᠡᠨᠴᠢ ᠢᠲᠡᠭᠡᠮᠵᠢ ᠵᠢᠨ ᠤᠯᠠᠭ᠋ᠠᠨ ᠨᠡᠷᠡᠰ᠎ᠲᠤ ᠣᠷᠣᠭᠤᠯᠤᠭᠰᠠᠨ ᠬᠠᠷᠭᠤᠭᠤᠯᠤᠨ ᠪᠠᠶ᠋ᠢᠴᠠᠭ᠋ᠠᠬᠤ ᠠᠵᠤ ᠠᠬᠤᠶ᠋ᠢᠯᠠᠯ᠎ᠨᠢ ᠭᠦᠢ᠍ᠴᠡᠳᠬᠡᠬᠦ᠎ᠪᠠᠨ ᠲᠦᠷᠭᠡᠳᠬᠡᠬᠦ᠎ᠳᠤ ᠲᠥᠬᠦᠮ ᠦᠵᠡᠭᠦᠯᠬᠦ ᠦᠢ᠍ᠯᠡᠴᠢᠯᠡᠭᠡ ᠵᠢ ᠭᠥᠷᠳᠡᠵᠦ᠂ ᠢᠲᠡᠭᠡᠯ ᠠᠯᠳᠠᠭᠰᠠᠨ ᠭᠤᠤᠯ ᠴᠣᠭᠴᠠ ᠵᠢᠨ ᠬᠠᠷ᠎ᠠ ᠲᠠᠩᠰᠠ ᠵᠢᠨ ᠢᠲᠡᠭᠡᠮᠵᠢ ᠠᠯᠳᠠᠭᠰᠠᠨ ᠠᠵᠤ ᠠᠬᠤᠶ᠋ᠢᠯᠠᠯ᠎ᠳᠤ ᠣᠷᠣᠭᠤᠯᠤᠨ᠂ ᠪᠠᠶ᠋ᠢᠳᠠᠯ᠎ᠢ᠎ᠨᠢ ᠦᠵᠡᠵᠦ ᠪᠠᠶ᠋ᠢᠭ᠋ᠠᠳ ᠥᠯᠥ ᠬᠥᠳᠡᠯᠬᠦ ᠬᠥᠷᠥᠩᠭᠡ ᠵᠢᠨ ᠳᠡᠩᠰᠡᠯᠡᠯᠲᠡ ᠵᠢᠨ ᠦᠢ᠍ᠯᠡᠴᠢᠯᠡᠭᠡ ᠵᠢ ᠤᠷᠲᠤᠳᠬᠠᠬᠤ᠂ ᠳᠤᠲᠠᠭᠤ ᠦᠢ᠍ᠯᠡᠴᠢᠯᠡᠭᠡ ᠵᠢ ᠪᠠᠭᠲᠠᠭ᠋ᠠᠬᠤ᠂ ᠠᠮᠠᠯᠠᠯᠲᠠ᠎ᠪᠠᠨ ᠮᠡᠳᠡᠭᠳᠡᠬᠦ᠂ 《ᠰᠠᠭ᠋ᠠᠳ ᠥᠬᠡᠶ ᠨᠡᠪᠲᠡᠷᠡᠬᠦ ᠵᠠᠮ》 ᠵᠡᠷᠭᠡ ᠬᠠᠮᠢᠶ᠎ᠠ ᠪᠥᠬᠦᠶ ᠦᠢ᠍ᠯᠡᠴᠢᠯᠡᠭᠡᠨ᠎ᠤ ᠠᠷᠭ᠎ᠠ ᠬᠡᠮᠵᠢᠶ᠎ᠡ ᠵᠢ ᠠᠪᠴᠤ᠂ ᠢᠲᠡᠭᠡᠮᠵᠢ ᠵᠢᠨ ᠠᠷᠭ᠎ᠠ ᠪᠠᠷᠢᠯ᠎ᠢ ᠭᠦᠢ᠍ᠴᠡᠳ ᠬᠡᠷᠡᠭᠯᠡᠨ ᠳᠠᠩᠰᠠᠯᠠᠬᠤ ᠭᠤᠭᠴᠤᠭ᠎ᠠ ᠵᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠠᠵᠢᠯ ᠶᠠᠪᠤᠳᠠᠯ ᠭᠦᠢ᠍ᠴᠡᠳᠭᠡᠬᠦ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ᠂ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠪᠠ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠴᠢᠬᠤᠯᠠ ᠦᠢ᠍ᠯᠡᠳᠦᠯ᠎ᠢ ᠪᠠᠳᠠᠷᠠᠭᠤᠯᠤᠨ᠂ 《ᠢᠲᠡᠭᠡᠯ ᠵᠶ᠋ᠡᠨ ᠮᠡᠳᠡᠬᠦ᠂ ᠢᠲᠡᠭᠡᠯ᠎ᠲᠠᠢ ᠪᠠᠢ᠌ᠬᠤ᠂ ᠢᠲᠡᠭᠡᠯ ᠵᠶ᠋ᠡᠨ ᠬᠡᠷᠡᠭᠯᠡᠬᠦ》 ᠥᠯᠥ ᠬᠥᠳᠡᠯᠬᠦ ᠬᠥᠷᠥᠩᠭᠡ ᠵᠢᠨ ᠳᠡᠩᠰᠡᠯᠡᠯᠲᠡ ᠵᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠎ᠢ ᠪᠣᠶ ᠪᠣᠯᠭ᠋ᠠᠨ᠎ᠠ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ