ᠣᠶ᠋ᠢᠷ᠎ᠠ ᠵᠢᠨ ᠵᠢᠯ᠎ᠤᠨ ᠲᠤᠷᠰᠢ᠂ ᠥᠪᠥᠷ ᠮᠣᠩᠭᠤᠯ᠎ᠤᠨ ᠦᠬᠠᠶ ᠬᠤᠲᠠ ᠵᠢᠨ ᠬᠠᠶ᠋ᠢᠨᠠᠨ ᠲᠣᠭᠤᠷᠢᠭ ᠲᠣᠭ᠋ᠠᠴᠢᠯᠠᠭᠰᠠᠨ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠪᠥᠬᠦ ᠬᠦᠴᠦᠨ ᠵᠶ᠋ᠠᠷ ᠵᠶ᠋ᠠᠨ ᠠᠬᠢᠭᠤᠯᠵᠤ᠂ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠭᠡᠬᠦ ᠬᠡᠷᠡᠭᠴᠡᠭᠡ ᠱᠠᠭ᠋ᠠᠷᠳᠠᠯᠭ᠎ᠠ ᠵᠢᠨ ᠲᠣᠭᠤᠷᠢᠨ᠎ᠳᠤ ᠬᠤᠯᠪᠣᠭᠳᠠᠬᠤ ᠬᠡᠪᠴᠢᠶ᠎ᠡ᠎ᠪᠠᠷ ᠥᠷᠭᠡᠨ᠂ ᠭᠦᠢ᠍ᠴᠡᠳᠭᠡᠬᠦ ᠬᠡᠮᠵᠢᠶ᠎ᠡ᠎ᠪᠠᠷ ᠶᠡᠭᠡ ᠪᠥᠭᠡᠳ ᠠᠵᠤ ᠠᠬᠤᠶ᠋ᠢᠯᠠᠯ ᠣᠯᠠᠨ ᠲᠦᠮᠡᠨ᠎ᠲᠠᠢ ᠬᠤᠯᠪᠣᠭᠳᠠᠬᠤ ᠬᠡᠮᠵᠢᠶ᠎ᠡ᠎ᠪᠠᠷ ᠨᠡᠯᠢᠶᠡᠳ ᠥᠨᠳᠥᠷ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ 《ᠳᠠᠩ ᠵᠦᠢ᠍ᠯ᠎ᠤᠨ ᠠᠵᠢᠯ》᠎ᠢ ᠠᠵᠤ ᠠᠬᠤᠶ᠋ᠢᠯᠠᠯ ᠪᠠ ᠣᠯᠠᠨ ᠲᠦᠮᠡᠨ᠎ᠤ ᠬᠠᠷᠠᠭ᠋ᠠᠰᠤ ᠳᠣᠤᠷᠠᠬᠢ 《ᠨᠢᠭᠡ ᠶᠠᠪᠤᠳᠠᠯ》᠎ᠢ ᠡᠮᠬᠢᠯᠡᠨ ᠨᠡᠶ᠋ᠢᠯᠡᠭᠦᠯᠵᠦ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠭᠡᠬᠦ ᠲᠠᠯ᠎ᠠ᠎ᠪᠠᠷ 《ᠣᠯᠠᠨ ᠭᠠᠵᠠᠷ᠂ ᠣᠯᠠᠨ ᠴᠣᠩᠬᠤᠪᠴᠢ᠂ ᠣᠯᠠᠨ ᠤᠳᠠᠭ᠎ᠠ》 ᠪᠠᠶ᠋ᠢᠭᠰᠠᠨ᠎ᠠᠴᠠ 《ᠨᠢᠭᠡ ᠭᠠᠵᠠᠷ᠂ ᠨᠢᠭᠡ ᠴᠣᠩᠬᠤᠪᠴᠢ᠂ ᠨᠢᠭᠡ ᠤᠳᠠᠭ᠎ᠠ》 ᠪᠣᠯᠭ᠋ᠠᠨ ᠬᠤᠪᠢᠷᠠᠭᠤᠯᠪᠠ᠃
ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠵᠦ᠂ ᠠᠵᠤ ᠠᠬᠤᠶ᠋ᠢᠯᠠᠯ᠎ᠳᠤ ᠠᠰᠢᠭᠲᠠᠶ ᠠᠷᠠᠳ᠎ᠲᠤ ᠲᠥᠬᠦᠮ ᠦᠵᠡᠭᠦᠯᠬᠦ ᠣᠨᠣᠯᠵᠢᠬᠤᠨ᠎ᠢ ᠭᠦᠨᠵᠡᠭᠡᠶ᠋ᠢᠷᠡᠭᠦᠯᠬᠦ ᠵᠢᠨ ᠲᠥᠯᠥᠭᠡ᠂ ᠬᠠᠶ᠋ᠢᠨᠠᠨ ᠲᠣᠭᠤᠷᠢᠭ᠎ᠤᠨ᠎ᠬᠢᠨ ᠠᠵᠤ ᠠᠬᠤᠶ᠋ᠢᠯᠠᠯ ᠣᠯᠠᠨ ᠲᠦᠮᠡᠨ᠎ᠤ ᠡᠳᠦᠷ ᠲᠤᠲᠤᠮ᠎ᠤᠨ ᠲᠤᠬᠠᠶ᠋ᠢᠯᠠᠭᠰᠠᠨ ᠠᠵᠢᠯ᠎ᠢ ᠭᠦᠢ᠍ᠴᠡᠳᠭᠡᠭᠰᠡᠨ ᠪᠠᠶ᠋ᠢᠳᠠᠯ᠎ᠳᠤ ᠴᠢᠭᠯᠡᠭᠦᠯᠦᠨ ᠪᠥᠬᠦ ᠲᠠᠯ᠎ᠠ᠎ᠪᠠᠷ ᠵᠠᠳᠠᠯᠤᠯᠲᠠ ᠬᠢᠵᠦ᠂ 《ᠨᠢᠭᠡ ᠶᠠᠪᠤᠳᠠᠯ》᠎ᠤᠨ ᠠᠵᠢᠯ ᠶᠠᠪᠤᠳᠠᠯ ᠭᠦᠢ᠍ᠴᠡᠳᠭᠡᠬᠦ ᠵᠦᠭᠯᠡᠭᠦᠷ᠎ᠢ ᠨᠠᠶ᠋ᠢᠷᠠᠭᠤᠯᠤᠨ ᠵᠣᠬᠢᠶᠠᠵᠤ᠂ ᠭᠤᠶᠤᠴᠢᠯᠠᠬᠤ ᠨᠥᠬᠦᠴᠡᠯ᠂ ᠭᠤᠶᠤᠴᠢᠯᠠᠬᠤ ᠮᠠᠲ᠋ᠧᠷᠢᠶᠠᠯ᠂ ᠭᠦᠢ᠍ᠴᠡᠳᠭᠡᠬᠦ ᠴᠠᠭ᠎ᠤᠨ ᠬᠢᠵᠠᠭ᠋ᠠᠷ ᠵᠡᠷᠭᠡ ᠬᠦᠴᠦᠨ ᠵᠦᠢ᠍ᠯ᠎ᠢ ᠲᠣᠳᠣᠷᠬᠠᠶ ᠪᠣᠯᠭ᠋ᠠᠨ᠂ 《ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢ᠍ᠴᠡᠳᠭᠡᠬᠦ》 ᠬᠤᠷᠠᠮᠠᠯ ᠦᠢ᠍ᠯᠡᠴᠢᠯᠡᠭᠡ ᠵᠢ ᠨᠢᠭᠡᠳᠦᠯᠲᠡᠶ ᠲᠥᠯᠥᠪᠯᠡᠨ ᠭᠠᠷᠭ᠋ᠠᠵᠤ᠂ 《ᠨᠢᠭᠡ ᠯᠡ ᠤᠳᠠᠭ᠎ᠠ᠎ᠳᠤ ᠭᠦᠢ᠍ᠴᠡᠳᠭᠡᠬᠦ》 ᠦᠢ᠍ᠯᠡᠴᠢᠯᠡᠭᠡ᠎ᠪᠠᠷ 《ᠲᠣᠮᠣ ᠠᠷᠠᠳ᠎ᠤᠨ ᠠᠮᠢᠳᠤᠷᠠᠯ》᠎ᠢ ᠨᠢᠭᠡᠳᠦᠯᠲᠡᠶ ᠲᠥᠯᠥᠪᠯᠡᠨ ᠭᠠᠷᠭ᠋ᠠᠵᠤ᠂ ᠠᠵᠤ ᠠᠬᠤᠶ᠋ᠢᠯᠠᠯ ᠣᠯᠠᠨ ᠲᠦᠮᠡᠨ᠎ᠤ ᠪᠥᠬᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠴᠢᠬᠤᠯᠠ ᠱᠠᠲᠤ ᠦᠶ᠎ᠡ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ 《ᠨᠢᠭᠡ ᠤᠳᠠᠭ᠎ᠠ᠎ᠳᠤ ᠭᠦᠢ᠍ᠴᠡᠳᠭᠡᠬᠦ᠂ ᠨᠢᠭᠡ ᠤᠳᠠᠭ᠎ᠠ᠎ᠳᠤ ᠰᠠᠶ᠋ᠢᠲᠤᠷ ᠭᠦᠢ᠍ᠴᠡᠳᠭᠡᠬᠦ》 ᠵᠢ ᠳᠥᠯᠭᠢᠨ ᠠᠬᠢᠭᠤᠯᠪᠠ᠃
5 ᠳ᠋ᠤᠭ᠋ᠠᠷ ᠰᠠᠷ᠎ᠠ ᠪᠣᠯᠲᠠᠯ᠎ᠠ᠂ ᠠᠵᠤ ᠠᠬᠤᠶ᠋ᠢᠯᠠᠯ᠎ᠤᠨ ᠣᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠲᠠᠢ ᠨᠢᠭᠲᠠ ᠬᠤᠯᠪᠣᠭ᠎ᠠ᠎ᠲᠠᠢ ᠥᠯᠥ ᠬᠥᠳᠡᠯᠬᠦ ᠬᠥᠷᠥᠩᠭᠡ ᠵᠢᠨ ᠡᠷᠬᠡ ᠵᠢᠨ ᠦᠨᠡᠮᠯᠡᠯ᠂ ᠤᠰᠤ ᠴᠠᠬᠢᠯᠭ᠋ᠠᠨ ᠰᠢᠲᠠᠮᠠᠬᠠᠢ ᠬᠡᠢ ᠵᠢᠨ ᠬᠤᠯᠪᠣᠭ᠋ᠠᠯᠠᠨ ᠬᠥᠳᠡᠯᠦᠯᠴᠡᠵᠦ ᠡᠷᠦᠬᠡ ᠰᠢᠯᠵᠢᠭᠦᠯᠬᠦ᠂ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠢ ᠪᠤᠴᠠᠭ᠋ᠠᠬᠤ ᠵᠡᠷᠭᠡ 256 ᠵᠦᠢ᠍ᠯ᠎ᠢ ᠨᠢᠭᠡᠨᠲᠡ ᠬᠠᠶ᠋ᠢᠨᠠᠨ ᠲᠣᠭᠤᠷᠢᠭ᠎ᠤᠨ ᠬᠡᠪᠴᠢᠶᠡᠨ᠎ᠳᠤ 《ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢ᠍ᠴᠡᠳᠬᠡᠬᠦ》 ᠵᠢ ᠪᠡᠶᠡᠯᠡᠭᠦᠯᠪᠡ᠃ 《ᠣᠳᠣᠬᠠᠨ᠎ᠳᠤ ᠲᠤᠬᠠᠶ᠋ᠢᠯᠠᠭᠰᠠᠨ ᠠᠵᠢᠯ ᠵᠶ᠋ᠠᠨ ᠭᠦᠢ᠍ᠴᠡᠳᠬᠡᠬᠦ᠎ᠳᠤ ᠦᠨᠡᠬᠡᠷ ᠤᠯᠠᠮ᠎ᠠᠴᠠ ᠤᠯᠠᠮ ᠳᠥᠭᠦᠮ ᠳᠥᠲᠡ ᠪᠣᠯᠵᠤ ᠪᠠᠶ᠋ᠢᠨ᠎ᠠ᠂ ᠲᠡᠷᠡ ᠮᠥᠷᠲᠡᠭᠡᠨ ᠴᠣᠩᠬᠤ ᠮᠠᠰᠢ ᠣᠯᠠᠨ ᠪᠠᠶ᠋ᠢᠵᠤ᠂ ᠮᠠᠰᠢ ᠤᠳᠠᠭ᠋ᠠᠨ ᠮᠦᠷᠦᠯᠡᠬᠦ ᠴᠢᠬᠤᠯᠠ ᠦᠭᠡᠢ᠂ ᠬᠠᠶ᠋ᠢᠨᠠᠨ ᠲᠣᠭᠤᠷᠢᠭ᠎ᠤᠨ ᠦᠢ᠍ᠯᠡᠴᠢᠯᠡᠭᠡᠨ᠎ᠳᠤ ᠡᠷᠡᠬᠡᠢ ᠬᠤᠷᠤᠭᠤ ᠦᠵᠡᠭᠦᠯᠦᠶ᠎ᠡ》 ᠭᠡᠵᠦ ᠡᠾᠸ ᠠᠪᠠᠬᠠᠢ ᠬᠡᠯᠡᠪᠡ᠃
ᠲᠠᠷᠠᠭ᠋ᠠᠴᠢ ᠵᠢᠨ ᠠᠯᠬᠤᠮ᠎ᠳᠤ᠂ ᠬᠠᠶ᠋ᠢᠨᠠᠨ ᠲᠣᠭᠤᠷᠢᠭ᠎ᠤᠨ᠎ᠬᠢᠨ 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠠᠷ ᠭᠦᠢ᠍ᠴᠡᠳᠭᠡᠬᠦ》 ᠥᠭᠡᠷᠡᠴᠢᠯᠡᠯᠲᠡ ᠵᠢ ᠭᠦᠨᠵᠡᠭᠡᠶ ᠳᠥᠯᠭᠢᠨ ᠠᠬᠢᠭᠤᠯᠵᠤ᠂ ᠠᠵᠤ ᠠᠬᠤᠶ᠋ᠢᠯᠠᠯ᠎ᠤᠨ ᠣᠯᠠᠨ ᠲᠦᠮᠡᠨ᠎ᠤ ᠣᠯᠠᠨ ᠰᠠᠯᠠᠭ᠎ᠠ ᠮᠥᠴᠢᠷ᠎ᠲᠤ ᠣᠴᠢᠵᠤ ᠭᠦᠢ᠍ᠴᠡᠳᠭᠡᠬᠦ ᠴᠢᠬᠤᠯᠠᠲᠠᠶ 《ᠶᠠᠪᠤᠳᠠᠯ》᠎ᠢ ᠠᠵᠤ ᠠᠬᠤᠶ᠋ᠢᠯᠠᠯ᠎ᠤᠨ ᠣᠯᠠᠨ ᠲᠦᠮᠡᠨ᠎ᠤ ᠨᠢᠳᠦᠨ᠎ᠳᠤ ᠲᠤᠬᠠᠶ᠋ᠢᠯᠠᠭᠰᠠᠨ ᠠᠵᠢᠯ ᠵᠶ᠋ᠠᠨ ᠨᠢᠭᠡᠳᠦᠯᠲᠡᠶ ᠭᠦᠢ᠍ᠴᠡᠳᠭᠡᠬᠦ 《ᠨᠢᠭᠡ ᠶᠠᠪᠤᠳᠠᠯ》 ᠪᠣᠯᠭ᠋ᠠᠨ ᠬᠤᠪᠢᠷᠠᠭᠤᠯᠤᠨ᠎ᠠ᠃ ᠣᠶ᠋ᠢᠯᠠᠭ᠋ᠠᠭᠳᠠᠬᠤᠨ᠂ ᠲᠦᠷᠢᠮ ᠪᠠ ᠮᠡᠷᠭᠡᠵᠢᠯ ᠵᠡᠷᠭᠡ ᠲᠠᠯ᠎ᠠ᠎ᠪᠠᠷ ᠦᠷᠭᠦᠯᠵᠢᠯᠡᠨ ᠬᠠᠶ᠋ᠢᠨ ᠰᠦᠪᠡᠭᠴᠢᠯᠡᠵᠦ ᠰᠢᠨ᠎ᠡ ᠵᠢ ᠡᠭᠦᠳᠴᠦ᠂ 《ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢ᠍ᠴᠡᠳᠭᠡᠭᠦ》 ᠪᠥᠬᠦ ᠲᠠᠯ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢ ᠴᠢᠷᠮᠠᠶ᠋ᠢᠨ ᠪᠠᠶ᠋ᠢᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠨᠠᠩ ᠥᠪᠡᠷᠮᠢᠴᠡ ᠣᠨᠴᠠᠯᠢᠭ᠎ᠲᠠᠢ᠂ ᠦᠷ᠎ᠡ ᠪᠦᠲᠦᠮᠵᠢ᠎ᠲᠠᠢ ᠪᠤᠯᠭ᠋ᠠᠪᠠ᠃