ᠥᠪᠥᠷ ᠮᠣᠩᠭᠤᠯ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠥᠨᠳᠥᠷ ᠪᠦᠲᠦᠮᠵᠢᠲᠡᠶ ᠠᠰᠢᠭᠯᠠᠬᠤ ᠬᠢᠷᠢ ᠲᠦᠪᠰᠢᠨ ᠵᠶ᠋ᠠᠨ ᠪᠥᠬᠦ ᠬᠦᠴᠦᠨ ᠵᠶ᠋ᠠᠷ ᠵᠶ᠋ᠠᠨ ᠳᠡᠭᠡᠭᠰᠢᠯᠡᠭᠦᠯᠪᠡ
2024-06-17

   ᠡᠨᠡ ᠵᠢᠯ᠂ ᠥᠪᠥᠷ ᠮᠣᠩᠭᠤᠯ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠮᠠᠯᠲᠠᠬᠤ᠎ᠳᠤ ᠪᠣᠬᠢᠷᠲᠤᠯ ᠥᠬᠡᠶ᠂ ᠶᠡᠷᠦᠩᠬᠡᠶ᠋ᠢᠯᠡᠨ ᠠᠰᠢᠭᠯᠠᠬᠤ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠬᠠᠷᠠᠯᠲᠠ᠂ ᠦᠨᠡᠯᠡᠬᠦ ᠭᠦᠢ᠍ᠴᠡᠳᠬᠡᠯ ᠲᠤᠭ᠎ᠠ ᠪᠠ ᠪᠣᠬᠢᠷᠲᠤᠯ ᠥᠬᠡᠶ ᠠᠭᠤᠷᠬᠠᠶ ᠵᠢᠨ ᠭᠤᠶᠤᠴᠢᠯᠠᠨ ᠮᠡᠳᠡᠭᠦᠯᠵᠦ ᠦᠨᠡᠯᠡᠨ ᠵᠢᠱ᠌ᠢᠵᠦ ᠰᠢᠯᠢᠨ ᠰᠣᠩᠭᠤᠬᠤ ᠴᠤᠪᠤᠷᠠᠯ᠂ ᠱᠠᠭ᠋ᠠᠷᠳᠠᠯᠭ᠎ᠠ᠎ᠳᠤ ᠵᠠᠰᠠᠪᠤᠷᠢ ᠣᠷᠣᠭᠤᠯᠵᠤ᠂ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ᠎ᠢ ᠳᠡᠭᠡᠭᠰᠢᠯᠡᠭᠦᠯᠪᠡ᠃


6.17-1.jpg


  5  ᠳ᠋ᠤᠭ᠋ᠠᠷ ᠰᠠᠷ᠎ᠠ᠎ᠠᠴᠠ ᠨᠠᠭ᠋ᠠᠰᠢ᠂ ᠡᠳᠦᠷ ᠪᠦᠷᠢ 2 ᠲᠦᠮᠡ 7 ᠮᠢᠩᠭ᠋ᠠᠨ ᠲᠣᠨ ᠣᠷᠴᠢᠮ᠎ᠤᠨ ᠲᠦᠭᠦᠬᠡᠶ ᠨᠡᠭᠦᠷᠡᠰᠦ ᠬᠤᠤᠯᠢᠩᠭᠤᠤᠯ᠎ᠤᠨ ᠵᠠᠳᠠᠭ᠋ᠠᠶ ᠨᠡᠭᠦᠷᠡᠰᠦᠨ ᠠᠭᠤᠷᠬᠠᠶ ᠵᠢᠨ ᠦᠢ᠍ᠯᠡᠳᠪᠦᠷᠢᠯᠡᠯ᠎ᠤᠨ ᠱᠤᠭᠤᠮ᠎ᠠᠴᠠ ᠳᠣᠷᠣᠭᠰᠢ ᠪᠠᠭᠤᠪᠠ᠃ ᠨᠡᠭᠦᠷᠡᠰᠦᠨ᠎ᠤ ᠡᠬᠢ ᠪᠠᠶᠠᠯᠢᠭ᠎ᠢ ᠡᠭᠡᠭᠦᠯᠦᠨ ᠬᠤᠷᠢᠶᠠᠵᠤ ᠠᠰᠢᠭᠯᠠᠬᠤ ᠨᠣᠷᠮ᠎ᠠ ᠵᠢ ᠳᠡᠭᠡᠭᠰᠢᠯᠡᠭᠦᠯᠬᠦ ᠵᠢᠨ ᠲᠥᠯᠥᠭᠡ᠂ ᠠᠵᠤ ᠠᠬᠤᠶ᠋ᠢᠯᠠᠯ 《X ᠰᠠᠴᠤᠷᠠᠭ᠎ᠤᠨ ᠣᠶᠤᠨᠴᠢ ᠬᠠᠭᠤᠷᠠᠶ ᠠᠷᠭ᠎ᠠ᠎ᠪᠠᠷ ᠨᠡᠭᠦᠷᠡᠰᠦ ᠰᠣᠩᠭᠤᠬᠤ + ᠬᠠᠭᠤᠷᠠᠶ ᠠᠷᠭ᠎ᠠ᠎ᠪᠠᠷ ᠨᠡᠭᠦᠷᠡᠰᠦ ᠰᠣᠩᠭᠤᠬᠤ ᠬᠠᠮᠲᠤᠷᠠᠭᠰᠠᠨ ᠭᠠᠷ ᠤᠷᠠᠯᠠᠯ》᠎ᠢ ᠬᠡᠷᠡᠭᠯᠡᠨ ᠬᠤᠯᠢᠮᠠᠭ ᠨᠡᠭᠦᠷᠡᠰᠦ ᠵᠢ ᠢᠯᠭ᠋ᠠᠨ ᠰᠣᠩᠭᠤᠵᠤ᠂ ᠢᠯᠭ᠋ᠠᠨ ᠰᠣᠩᠭᠤᠭᠰᠠᠨ᠎ᠤ ᠳᠠᠷᠠᠭ᠋ᠠᠬᠢ ᠨᠠᠷᠢᠯᠢᠭ ᠨᠡᠭᠦᠷᠡᠰᠦ ᠵᠢ ᠰᠢᠭᠤᠳ ᠲᠤᠬᠠᠶ ᠵᠢᠨ ᠭᠠᠵᠠᠷ᠎ᠤᠨ ᠴᠠᠬᠢᠯᠭ᠋ᠠᠨ᠎ᠤ ᠦᠢ᠍ᠯᠡᠳᠪᠦᠷᠢ᠎ᠳᠤ ᠬᠦᠷᠭᠡᠵᠦ᠂ ᠴᠠᠬᠢᠯᠭ᠋ᠠᠨ ᠭᠠᠷᠭ᠋ᠠᠬᠤ ᠪᠠ ᠢᠯᠴᠢ ᠬᠠᠩᠭ᠋ᠠᠬᠤ᠎ᠳᠤ ᠬᠡᠷᠡᠭᠯᠡᠨ᠎ᠡ᠃


6.17-2.jpg


   ᠤᠯᠤᠰ᠎ᠤᠨ ᠴᠠᠬᠢᠯᠭ᠋ᠠᠨ ᠬᠦᠴᠦᠨ᠎ᠤ ᠪᠡᠯᠡ ᠣᠷᠣᠭᠤᠯᠤᠯᠲᠠ ᠵᠢᠨ ᠥᠪᠥᠷ ᠮᠣᠩᠭᠤᠯ᠎ᠤᠨ ᠺᠣᠮᠫᠠᠨᠢ ᠵᠢᠨ ᠤᠮᠠᠷᠠᠲᠤ ᠵᠠᠳᠠᠭ᠋ᠠᠢ ᠨᠡᠭᠦᠷᠡᠰᠦᠨ ᠠᠭᠤᠷᠬᠠᠢ ᠵᠢᠨ ᠦᠢ᠍ᠯᠡᠳᠪᠦᠷᠢᠯᠡᠯ᠎ᠤᠨ ᠮᠡᠷᠭᠡᠵᠢᠯ᠎ᠤᠨ ᠬᠡᠯᠲᠡᠰ᠎ᠤᠨ ᠡᠷᠬᠢᠯᠡᠭᠴᠢ ᠽᠧᠦ ᠲᠢᠶᠠᠨ ᠰᠢᠦᠢ

   ᠠᠵᠤ ᠠᠬᠤᠶ ᠵᠢᠨ ᠦᠷ᠎ᠡ ᠠᠰᠢᠭ᠎ᠨᠢ ᠪᠠᠷᠤᠭ 7000 ᠭᠠᠷᠤᠶ ᠲᠦᠮᠡᠨ ᠲᠥᠭᠥᠷᠢᠭ ᠬᠦᠷᠴᠦ᠂ ᠨᠡᠭᠦᠷᠡᠰᠦᠨ᠎ᠤ ᠡᠬᠢ ᠪᠠᠶᠠᠯᠢᠭ᠎ᠢ ᠠᠷᠪᠢᠯᠠᠨ᠂ ᠨᠡᠭᠦᠷᠡᠰᠦᠨ᠎ᠤ ᠡᠭᠡᠭᠦᠯᠦᠨ ᠬᠤᠷᠢᠶᠠᠬᠤ ᠨᠣᠷᠮ᠎ᠠ ᠵᠢ ᠳᠡᠭᠡᠭᠰᠢᠯᠡᠭᠦᠯᠵᠡᠶ᠃


6.17-3.jpg


   ᠡᠨᠡ ᠵᠢᠯ᠂ ᠥᠪᠥᠷ ᠮᠣᠩᠭᠤᠯ 《ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠭᠤᠷᠬᠠᠶ ᠵᠢᠨ ᠭᠠᠷᠤᠯᠲᠠ ᠵᠢᠨ ᠠᠭᠤᠷᠬᠠᠶ ᠡᠷᠢᠬᠦ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ (2021 — 2025)》᠎ᠢ ᠲᠦᠷᠭᠡᠳᠬᠡᠨ ᠠᠬᠢᠭᠤᠯᠵᠤ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠶᠡᠷᠦᠩᠬᠡᠶ᠋ᠢᠯᠡᠭᠰᠡᠨ ᠬᠠᠶ᠋ᠢᠨ ᠪᠠᠶ᠋ᠢᠴᠠᠭ᠋ᠠᠯᠲᠠ ᠵᠢ ᠠᠬᠢᠭᠤᠯᠤᠨ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠲᠤ ᠣᠷᠣᠰᠢᠬᠤ ᠪᠠ ᠳᠠᠭ᠋ᠠᠯᠳᠤᠨ ᠣᠷᠣᠰᠢᠬᠤ ᠪᠠᠴᠢᠮ ᠳᠤᠲᠠᠭᠳᠠᠵᠤ ᠪᠠᠶ᠋ᠢᠭ᠎ᠠ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠭᠤᠷᠬᠠᠶ ᠵᠢᠨ ᠭᠠᠷᠤᠯᠲᠠ ᠵᠢᠴᠢ ᠬᠤᠪᠣᠷ ᠰᠢᠷᠣᠶ᠂ ᠰᠡᠶ᠋ᠢᠷᠡᠭ ᠪᠤᠳᠠᠷᠬᠠᠢ᠂ ᠬᠤᠪᠣᠷ ᠰᠢᠷᠣᠶ ᠵᠢᠨ ᠡᠯᠧᠮᠧᠨ᠋ᠲ᠎ᠢ ᠪᠠᠶ᠋ᠢᠴᠠᠭ᠋ᠠᠨ ᠦᠨᠡᠯᠡᠵᠦ ᠵᠠᠳᠠᠯᠬᠤ ᠵᠢ ᠴᠢᠩᠭ᠋ᠠᠳᠬᠠᠨ᠎ᠠ᠃ ᠪᠤᠭᠤᠲᠤ ᠵᠢᠨ ᠪᠤᠯᠤᠳ ᠲᠡᠮᠤᠷ᠎ᠤᠨ ᠺᠣᠮᠫᠠᠨᠢ ᠵᠢᠨ ᠠᠭᠤᠷᠬᠠᠢ ᠵᠢᠨ ᠰᠤᠳᠤᠯᠭ᠋ᠠᠨ᠎ᠤ ᠬᠦᠷᠢᠶᠡᠯᠡᠩ᠎ᠤᠨ ᠪᠠᠶᠬᠠᠣᠪᠤᠭ᠎ᠠ ᠲᠡᠮᠦᠷ᠎ᠤᠨ ᠠᠭᠤᠷᠬᠠᠢ ᠵᠢᠨ ᠲᠡᠮᠦᠷ᠎ᠤᠨ ᠬᠡᠷᠡᠭᠯᠡᠭᠡᠨ᠎ᠤ ᠲᠤᠮᠤ ᠬᠡᠰᠡᠭ᠎ᠢ ᠰᠣᠩᠭᠤᠨ ᠠᠪᠬᠤ ᠲᠦᠰᠦᠯ᠎ᠨᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠢ ᠣᠨᠳᠣᠣᠰᠢᠭᠤᠯᠬᠤ ᠵᠢ ᠪᠡᠶᠡᠯᠡᠭᠦᠯᠵᠦ᠂ ᠠᠰᠢᠭᠯᠠᠯᠲᠠ᠎ᠳᠤ ᠣᠷᠣᠭᠤᠯᠤᠭᠰᠠᠨ᠎ᠠᠴᠠ ᠨᠠᠭ᠋ᠠᠰᠢ᠂ ᠨᠢᠭᠡᠨᠲᠡ ᠬᠢᠷᠢ ᠲᠡᠩᠴᠡᠭᠰᠡᠨ ᠲᠡᠮᠦᠷ᠎ᠤᠨ ᠪᠦᠳᠦᠭᠦᠯᠢᠭ ᠨᠠᠷᠢᠯᠢᠭ ᠠᠭᠤᠷᠬᠠᠢ ᠵᠢ 544 ᠲᠦᠮᠡᠨ ᠲᠣᠨ ᠦᠢ᠍ᠯᠡᠳᠪᠦᠷᠢᠯᠡᠵᠡᠢ᠃


6.17-4.jpg


   ᠪᠣᠣ ᠭᠠᠩ (ᠪᠦᠯᠦᠭᠯᠡᠯ) ᠠᠭᠤᠷᠬᠠᠢ ᠵᠢᠨ ᠰᠤᠳᠤᠯᠭ᠋ᠠᠨ᠎ᠤ ᠬᠦᠷᠢᠶᠡᠯᠡᠩ᠎ᠤᠨ ᠳᠡᠳ᠋ ᠳᠠᠷᠤᠭ᠎ᠠ ᠭᠤᠤ ᠲᠢᠶᠠᠨ ᠵᠧᠩ

   ᠲᠡᠮᠦᠷ᠎ᠤᠨ ᠠᠭᠤᠷᠬᠠᠶ ᠵᠢᠨ ᠡᠬᠢ ᠪᠠᠶᠠᠯᠢᠭ᠎ᠢ ᠦᠷᠭᠦᠯᠵᠢᠯᠡᠭᠦᠯᠬᠦ ᠠᠰᠠᠭᠤᠳᠠᠯ᠎ᠢ ᠰᠢᠢ᠍ᠳᠪᠦᠷᠢᠯᠡᠵᠦ᠂ ᠴᠢᠨᠠᠭᠰᠢᠯᠠᠪᠠᠯ ᠮᠠᠨ᠎ᠤ ᠤᠯᠤᠰ᠎ᠤᠨ ᠲᠡᠮᠦᠷ᠎ᠤᠨ ᠠᠭᠤᠷᠬᠠᠶ ᠵᠢᠨ ᠡᠬᠢ ᠪᠠᠶᠠᠯᠢᠭ᠎ᠤᠨ ᠬᠡᠷᠡᠭᠴᠡᠭᠡ ᠵᠢᠨ ᠵᠥᠷᠢᠴᠡᠯ᠎ᠢ ᠨᠠᠮᠳᠠᠭᠤᠯᠬᠤ᠎ᠳᠤ ᠪᠦᠲᠦᠮᠵᠢᠲᠡᠶ ᠠᠷᠭ᠎ᠠ ᠵᠠᠮ ᠬᠠᠩᠭ᠋ᠠᠭᠰᠠᠨ ᠪᠠᠶ᠋ᠢᠨ᠎ᠠ᠃


6.17-5.jpg


   ᠥᠪᠥᠷ ᠮᠣᠩᠭᠤᠯ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠬᠦ ᠵᠢ ᠦᠷᠭᠦᠯᠵᠢᠯᠡᠨ ᠠᠬᠢᠭᠤᠯᠵᠤ᠂ ᠠᠵᠤ ᠠᠬᠤᠶ᠋ᠢᠯᠠᠯ᠎ᠤᠨ ᠨᠡᠭᠡᠭᠡᠨ ᠮᠠᠯᠲᠠᠭᠰᠠᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ ᠵᠢᠴᠢ ᠦᠢ᠍ᠯᠡᠳᠪᠦᠷᠢᠯᠡᠯ᠎ᠤᠨ ᠬᠦᠴᠦᠨ ᠵᠦᠢ᠍ᠯ᠎ᠢ ᠳᠠᠬᠢᠨ ᠵᠣᠬᠢᠶᠠᠨ ᠪᠠᠶ᠋ᠢᠭᠤᠯᠵᠤ᠂ ᠨᠡᠭᠡᠭᠡᠨ ᠮᠠᠯᠲᠠᠬᠤ ᠪᠠᠶ᠋ᠢᠷᠢᠰᠢᠯ᠎ᠢ ᠰᠢᠯᠢᠳᠡᠭᠵᠢᠭᠦᠯᠦᠨ᠂ ᠡᠬᠢ ᠪᠠᠶᠠᠯᠢᠭ᠎ᠢ ᠠᠷᠪᠢᠯᠠᠨ ᠡᠷᠴᠢᠮᠵᠢᠭᠦᠯᠦᠨ ᠠᠰᠢᠭᠯᠠᠬᠤ ᠵᠢ ᠳᠥᠯᠭᠢᠨ ᠠᠬᠢᠭᠤᠯᠪᠠ᠃


6.17-6.jpg


   ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠠᠭᠤᠷᠬᠠᠢ ᠵᠢᠨ ᠦᠢ᠍ᠯᠡᠰ᠎ᠤᠨ ᠡᠷᠬᠡ ᠵᠢᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ   ᠭᠤᠤ ᠬᠤᠩ

   ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠬᠢᠷᠢ ᠬᠡᠮᠵᠢᠶ᠎ᠡ ᠵᠢ ᠪᠠᠶ᠋ᠢᠴᠠᠭ᠋ᠠᠨ ᠦᠨᠡᠯᠡᠨ ᠵᠢᠱ᠌ᠢᠭᠰᠡᠨ ᠦᠷ᠎ᠡ ᠳ᠋ᠦᠩ᠎ᠢ ᠬᠡᠷᠡᠭᠯᠡᠬᠦ ᠵᠢ ᠴᠢᠩᠭ᠋ᠠᠳᠬᠠᠵᠤ᠂ ᠲᠡᠷᠢᠭᠦᠨ᠎ᠤ ᠳᠡᠰ᠎ᠲᠤ ᠬᠤᠪᠢᠶᠠᠷᠢᠯᠠᠭᠰᠠᠨ ᠠᠭᠤᠷᠬᠠᠶ ᠵᠢᠨ ᠠᠵᠤ ᠠᠬᠤᠶ᠋ᠢᠯᠠᠯ ᠪᠠ ᠭᠠᠵᠠᠷ ᠣᠷᠣᠨ᠎ᠳᠤ ᠪᠣᠬᠢᠷᠲᠤᠯ ᠥᠬᠡᠶ ᠠᠭᠤᠷᠬᠠᠶ ᠵᠢ ᠡᠭᠦᠳᠦᠨ ᠪᠠᠶ᠋ᠢᠭᠤᠯᠬᠤ᠂ ᠭᠠᠵᠠᠷ ᠬᠡᠷᠡᠭᠯᠡᠬᠦ᠂ ᠠᠭᠤᠷᠬᠠᠶ ᠬᠡᠷᠡᠭᠯᠡᠬᠦ ᠵᠡᠷᠭᠡ ᠲᠠᠯ᠎ᠠ᠎ᠪᠠᠷ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ ᠳᠡᠮᠵᠢᠯᠭᠡ ᠦᠵᠡᠭᠦᠯᠵᠦ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠪᠥᠬᠦ ᠲᠠᠯ᠎ᠠ᠎ᠪᠠᠷ ᠠᠷᠪᠢᠯᠠᠬᠤ ᠪᠠ ᠥᠨᠳᠥᠷ ᠦᠷ᠎ᠡ ᠪᠦᠲᠦᠮᠵᠢᠲᠡᠶ᠎ᠪᠠᠷ ᠠᠰᠢᠭᠯᠠᠬᠤ ᠵᠢ ᠠᠬᠢᠭᠤᠯᠤᠨ᠎ᠠ᠃

 

ᠢᠷᠡᠯᠲᠡ᠄ ᠳᠡᠭᠦᠯᠢᠯᠲᠡ ᠬᠠᠮ ᠵᠠᠭᠤᠴᠢᠯᠠᠭᠤᠷ