6 ᠳ᠋ᠤᠭ᠋ᠠᠷ ᠰᠠᠷ᠎ᠠ ᠵᠢᠨ 22᠎ᠤᠨ ᠡᠳᠦᠷ᠎ᠠᠴᠠ 25᠎ᠤ ᠡᠳᠦᠷ ᠪᠣᠯᠲᠠᠯ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠪᠥᠬᠦ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠳᠠᠬᠢᠨ ᠵᠦᠪᠯᠡᠬᠦ ᠬᠠᠤᠯᠢ ᠵᠢᠨ ᠲᠤᠰᠬᠠᠶ ᠰᠡᠳᠦᠪᠲᠦ ᠪᠣᠯᠪᠠᠰᠤᠷᠠᠯ᠎ᠢ ᠡᠷᠭᠢᠯᠡᠵᠦ᠂ ᠺᠠᠳ᠋ᠷ ᠠᠵᠢᠯᠲᠠᠨ ᠠᠵᠢᠯᠴᠢᠨ᠎ᠤ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠵᠠᠰᠠᠭ ᠵᠠᠬᠢᠷᠭ᠋ᠠᠨ᠎ᠤ ᠳᠠᠬᠢᠨ ᠵᠦᠪᠯᠡᠬᠦ ᠬᠠᠤᠯᠢ》 ᠵᠢ ᠪᠥᠬᠦ ᠲᠠᠯ᠎ᠠ᠎ᠪᠠᠷ ᠰᠤᠷᠤᠯᠴᠠᠬᠤ ᠵᠢ ᠵᠢᠯᠣᠭᠤᠳᠴᠤ᠂ ᠪᠥᠬᠦ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠵᠠᠰᠠᠭ ᠵᠠᠬᠢᠷᠭ᠋ᠠᠨ᠎ᠤ ᠳᠠᠬᠢᠨ ᠵᠦᠪᠯᠡᠬᠦ ᠵᠠᠷᠭᠤ ᠬᠦᠯᠢᠶᠡᠬᠦ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠴᠢᠳᠠᠪᠤᠷᠢ ᠪᠠ ᠬᠢᠷᠢ ᠲᠦᠪᠰᠢᠨ᠎ᠢ ᠦᠨᠡᠨ ᠬᠦ᠌ ᠳᠡᠭᠡᠭᠰᠢᠯᠡᠭᠦᠯᠪᠡ᠃
ᠲᠣᠰ ᠤᠳᠠᠭ᠋ᠠᠨ᠎ᠤ ᠪᠣᠯᠪᠠᠰᠤᠷᠠᠯ᠎ᠳᠤ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠣᠳᠣᠬᠠᠨ᠎ᠤ ᠪᠠᠶ᠋ᠢᠳᠠᠯ ᠪᠠ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠠᠵᠢᠯ᠎ᠤᠨ ᠬᠡᠷᠡᠭᠴᠡᠭᠡ᠎ᠲᠠᠢ ᠤᠶᠠᠯᠳᠤᠭᠤᠯᠤᠨ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠵᠠᠰᠠᠭ ᠵᠠᠬᠢᠷᠭ᠋ᠠᠨ᠎ᠤ ᠳᠠᠬᠢᠨ ᠵᠦᠪᠯᠡᠬᠦ ᠬᠠᠤᠯᠢ》 ᠵᠢᠨ ᠲᠠᠶ᠋ᠢᠯᠤᠮᠵᠢ ᠵᠢᠴᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠥᠷᠥᠯ᠎ᠤᠨ ᠵᠠᠰᠠᠭ ᠵᠠᠬᠢᠷᠭ᠋ᠠᠨ᠎ᠤ ᠳᠠᠬᠢᠨ ᠵᠦᠪᠯᠡᠬᠦ ᠬᠡᠷᠡᠭ᠎ᠤᠨ ᠪᠣᠳᠠᠲᠤ ᠶᠠᠪᠤᠳᠠᠯ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ᠂ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠦᠨᠡᠨ ᠪᠣᠳᠠᠲᠠᠶ᠎ᠪᠠᠷ ᠰᠢᠢ᠍ᠳᠪᠦᠷᠢᠯᠡᠬᠦ ᠵᠡᠷᠭᠡ ᠬᠢᠴᠢᠶᠡᠯ᠎ᠢ ᠲᠣᠬᠢᠷᠠᠭᠤᠯᠪᠠ᠃ ᠪᠤᠯᠪᠠᠰᠤᠷᠠᠯ᠎ᠨᠢ ᠵᠠᠰᠠᠭ ᠵᠠᠬᠢᠷᠭ᠋ᠠᠨ᠎ᠤ ᠳᠠᠬᠢᠨ ᠵᠦᠪᠯᠡᠬᠦ ᠬᠠᠤᠯᠢ᠎ᠳᠤ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠰᠢᠨ᠎ᠡ ᠲᠤᠬᠠᠶ᠋ᠢᠯᠠᠭᠰᠠᠨ ᠠᠵᠢᠯ᠂ ᠰᠢᠨ᠎ᠡ ᠵᠢᠷᠤᠮ᠂ ᠰᠢᠨ᠎ᠡ ᠲᠣᠭᠲᠠᠴᠠ ᠵᠢᠴᠢ ᠣᠳᠣᠬᠠᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠰᠢᠢ᠍ᠳᠪᠦᠷᠢᠯᠡᠬᠦ ᠠᠵᠢᠯ᠎ᠳᠤ ᠲᠤᠯᠭ᠋ᠠᠷᠠᠵᠤ ᠪᠠᠶ᠋ᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ᠎ᠳᠤ ᠴᠢᠭᠯᠡᠭᠦᠯᠦᠨ᠂ ᠡᠯᠪᠡᠭ ᠪᠠᠶᠠᠯᠢᠭ ᠵᠢᠭ᠋ᠠᠨ ᠰᠤᠷᠭ᠋ᠠᠯᠲᠠ ᠵᠢᠨ ᠠᠭᠤᠯᠭ᠎ᠠ ᠵᠢ ᠲᠣᠬᠢᠷᠠᠭᠤᠯᠪᠠ᠃
ᠥᠪᠥᠷ ᠮᠣᠩᠭᠤᠯ᠎ᠤᠨ ᠲᠢᠩᠬᠢᠮ᠎ᠠᠴᠠ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭ᠋ᠠᠨ᠎ᠤ ᠳᠠᠬᠢᠨ ᠵᠦᠪᠯᠡᠬᠦ ᠬᠠᠤᠯᠢ ᠵᠢ ᠲᠤᠭᠤᠰᠢᠯᠠᠭᠤᠯᠤᠨ ᠬᠡᠷᠡᠭᠵᠢᠭᠦᠯᠬᠦ᠎ᠪᠠᠷ ᠠᠵᠠ ᠲᠣᠬᠢᠶᠠᠯ ᠪᠣᠯᠭ᠋ᠠᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠵᠠᠰᠠᠭ ᠵᠠᠬᠢᠷᠭ᠋ᠠᠨ᠎ᠤ ᠠᠵᠢᠯᠯᠠᠭ᠎ᠠ ᠵᠢ ᠪᠥᠬᠦ ᠲᠠᠯ᠎ᠠ᠎ᠪᠠᠷ ᠵᠢᠷᠤᠮᠵᠢᠭᠤᠯᠤᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠦᠨᠡᠨ ᠪᠣᠳᠠᠲᠠᠶ ᠰᠢᠢ᠍ᠳᠪᠦᠷᠢᠯᠡᠬᠦ ᠴᠢᠳᠠᠪᠤᠷᠢ ᠵᠢᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ᠎ᠪᠠᠷ ᠵᠠᠰᠠᠬᠤ ᠵᠢᠨ ᠦᠨᠳᠦᠰᠦ ᠵᠢ ᠪᠠᠬᠢᠵᠢᠭᠦᠯᠬᠦ᠂ ᠵᠢᠱ᠌ᠢᠯᠲᠡ ᠵᠢ ᠲᠣᠭᠲᠠᠪᠤᠷᠢᠵᠢᠭᠤᠯᠬᠤ᠂ ᠠᠯᠤᠰ ᠬᠡᠲᠦ᠎ᠳᠤ ᠠᠰᠢᠭᠲᠠᠶ ᠪᠠᠶ᠋ᠢᠬᠤ ᠪᠠᠲᠤᠯᠠᠭ᠎ᠠ ᠵᠢᠨ ᠦᠢ᠍ᠯᠡᠳᠦᠯ᠎ᠢ ᠪᠦᠲᠦᠮᠵᠢᠲᠡᠶ ᠪᠠᠳᠠᠷᠠᠭᠤᠯᠵᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠠᠵᠢᠯ᠎ᠤᠨ ᠬᠠᠤᠯᠢ᠎ᠪᠠᠷ ᠵᠠᠰᠠᠬᠤ ᠵᠠᠮ ᠵᠶ᠋ᠠᠷ ᠯᠠᠪᠳᠠᠭᠤᠨ ᠵᠶ᠋ᠠᠷ ᠬᠤᠯᠠ ᠠᠶᠠᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠴᠢᠩᠭ᠋ᠠᠳᠬᠠᠵᠠᠢ᠃