《ᠲᠠᠪᠤᠨ ᠶᠡᠭᠡ ᠡᠭᠦᠷᠭᠡ》 ᠵᠢ ᠲᠦᠷᠭᠡᠨ ᠨᠠᠶ᠋ᠢᠳᠠᠪᠤᠷᠢᠵᠢᠭᠤᠯᠵᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠶ᠎ᠠ — ᠭᠠᠵᠠᠷ ᠰᠢᠷᠣᠶ ᠵᠢ ᠰᠠᠶ᠋ᠢᠲᠤᠷ ᠬᠠᠮᠢᠶᠠᠷᠴᠤ ᠠᠮᠢᠳᠤᠯᠢᠭ ᠬᠡᠷᠡᠭᠯᠡᠵᠦ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠨ᠎ᠠ
2024-07-01

   ᠥᠪᠥᠷ ᠮᠣᠩᠭᠤᠯ 《ᠭᠠᠵᠠᠷ ᠰᠢᠷᠣᠶ ᠵᠢ ᠮᠠᠰᠢ ᠨᠠᠨᠳᠢᠩᠨᠠᠵᠤ᠂ ᠵᠦᠶ ᠵᠣᠬᠢᠰᠲᠠᠶ ᠠᠰᠢᠭᠯᠠᠬᠤ ᠪᠠ ᠲᠠᠷᠢᠶᠠᠨ ᠭᠠᠵᠠᠷ᠎ᠢ ᠦᠨᠡᠨ ᠬᠦ᠌ ᠬᠠᠮᠠᠭ᠋ᠠᠯᠠᠬᠤ》 ᠵᠠᠷᠴᠢᠮ ᠶᠣᠰᠣᠭ᠋ᠠᠷ᠂ ᠭᠠᠵᠠᠷ ᠰᠢᠷᠣᠶ ᠵᠢᠨ ᠡᠬᠢ ᠪᠠᠶᠠᠯᠢᠭ᠎ᠢ ᠠᠷᠪᠢᠲᠠᠶ ᠡᠷᠴᠢᠮᠯᠢᠭ ᠬᠡᠷᠡᠭᠯᠡᠬᠦ ᠵᠢ ᠠᠬᠢᠭᠤᠯᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠪᠠ᠃


7.1-1.jpg


   ᠨᠠᠷᠠᠰᠤ   ᠥᠪᠥᠷ ᠮᠣᠩᠭᠣᠯ᠎ᠤᠨ ᠲᠸᠯᠸᠢᠰ ᠬᠤᠷᠢᠶ᠎ᠡ ᠵᠢᠨ ᠰᠤᠷᠪᠤᠯᠵᠢᠯᠠᠭᠴᠢ   ᠡᠨᠳᠡ ᠪᠣᠯ ᠪᠠᠶᠠᠨᠨᠠᠭᠤᠷ ᠬᠣᠲᠠ ᠵᠢᠨ ᠤᠷᠠᠳ᠎ᠤᠨ ᠡᠮᠦᠨᠡᠲᠦ ᠬᠤᠰᠢᠭᠤᠨ᠎ᠤ ᠣᠳᠣ ᠦᠶ᠎ᠡ ᠵᠢᠨ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ ᠪᠣᠯᠤᠨ᠎ᠠ᠃ ᠡᠨᠡ ᠬᠣᠶᠠᠷ ᠡᠳᠦᠷ ᠪᠤᠭᠤᠳᠠᠢ ᠵᠢᠨ ᠤᠷᠭᠤᠴᠠ ᠶᠠᠭ ᠬᠦᠭᠵᠢᠩᠭᠦᠢ ᠪᠠᠢ᠌ᠨ᠎ᠠ᠃ ᠭᠠᠵᠠᠷ ᠰᠢᠷᠣᠶ ᠵᠢ ᠰᠠᠶ᠋ᠢᠲᠤᠷ ᠠᠰᠢᠭᠯᠠᠬᠤ ᠵᠢᠨ ᠲᠥᠯᠥᠭᠡ᠂ ᠠᠳᠡ ᠪᠣᠭᠤᠳᠠᠶ ᠯᠠᠵᠤᠤ ᠳᠠᠪᠬᠤᠷᠯᠠᠨ ᠲᠠᠷᠢᠬᠤ ᠵᠠᠭᠪᠤᠷ᠎ᠢ ᠬᠡᠷᠡᠭᠵᠢᠭᠦᠯᠵᠦ᠂ ᠨᠢᠭᠡ ᠬᠤᠪᠢ ᠭᠠᠵᠠᠷ ᠰᠢᠷᠣᠶ ᠵᠢ ᠬᠤᠶᠠᠷ ᠬᠤᠪᠢ ᠬᠤᠷᠢᠶᠠᠨ ᠣᠯᠪᠠ᠃


7.1-2.jpg


   ᠤᠷᠠᠳ᠎ᠤᠨ ᠡᠮᠦᠨᠡᠲᠦ ᠬᠤᠰᠢᠭᠤᠨ᠎ᠳᠤ 15 ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠲᠠᠢ ᠪᠠᠶ᠋ᠢᠵᠤ᠂ ᠡᠨᠡ ᠵᠢᠯ ᠶᠠᠰᠤ ᠴᠢᠨᠠᠷ᠎ᠢ ᠳᠡᠭᠡᠭᠰᠢᠯᠡᠭᠦᠯᠦᠨ 7 ᠲᠦᠮᠡᠨ ᠮᠥ᠍ ᠥᠭᠡᠷᠡᠴᠢᠯᠡᠵᠦ᠂ ᠪᠠᠰᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠢᠱ᠌ᠢᠶ᠎ᠡ ᠦᠵᠡᠭᠦᠯᠬᠦ 21 ᠬᠦᠷᠢᠶᠡᠯᠡᠩ ᠲᠣᠭᠤᠷᠢᠭ᠎ᠢ ᠪᠠᠶ᠋ᠢᠭᠤᠯᠵᠤ᠂ ᠳᠠᠪᠬᠤᠷᠯᠠᠨ ᠳᠠᠷᠢᠬᠤ ᠵᠠᠭᠪᠤᠷ ᠪᠠ ᠳᠣᠬᠢᠭᠤᠷ ᠲᠤᠯᠤᠭ᠋ᠠᠨ ᠵᠠᠮᠴᠢᠯᠠᠭ᠎ᠠ ᠵᠢᠨ ᠠᠦ᠋ᠲ᠋ᠣ᠋ ᠲᠠᠷᠢᠶᠠᠯᠠᠬᠤ ᠰᠢᠰᠲ᠋ᠧᠮ ᠵᠶ᠋ᠠᠷ ᠳᠠᠮᠵᠢᠭᠤᠯᠤᠨ᠂ ᠨᠢᠭᠲᠠ ᠲᠠᠷᠢᠵᠦ ᠦᠨᠳᠦᠷ ᠤᠨᠠᠯᠲᠠ᠎ᠲᠠᠢ ᠳᠠᠷᠢᠵᠤ ᠪᠣᠢ᠌ᠵᠢᠭᠤᠯᠬᠤ ᠵᠢ ᠪᠡᠶᠡᠯᠡᠭᠦᠯᠵᠦ᠂ ᠲᠠᠷᠢᠶᠠᠨ ᠭᠠᠵᠠᠷ᠎ᠢ ᠥᠨᠳᠥᠷ ᠪᠦᠲᠦᠮᠵᠢᠲᠡᠶ᠎ᠪᠠᠷ ᠠᠰᠢᠭᠯᠠᠪᠠ᠃


7..1-3.jpg


   ᠪᠠᠶᠠᠨᠨᠠᠭᠤᠷ ᠬᠤᠲᠠ ᠵᠢᠨ ᠤᠷᠠᠳ᠎ᠤᠨ ᠡᠮᠦᠨᠡᠲᠦ ᠬᠤᠰᠢᠭᠤᠨ᠎ᠤ ᠲᠠᠷᠢᠶᠠᠯᠠᠩ ᠮᠠᠯ ᠠᠵᠤ ᠠᠬᠤᠶ ᠵᠢᠨ ᠮᠡᠷᠭᠡᠵᠢᠯ ᠳᠡᠯᠭᠡᠷᠡᠭᠦᠯᠬᠦ ᠲᠥᠪ᠎ᠤᠨ ᠨᠠᠮ᠎ᠤᠨ ᠡᠭᠦᠷ᠎ᠤᠨ ᠱᠦᠵᠢ   ᠯᠢᠦ ᠵᠢᠶᠦ᠋ᠨ ᠨᠢᠳᠤᠨᠤᠨ ᠡᠨᠡ ᠬᠦ᠌ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠤᠷᠢᠭ᠎ᠲᠤ ᠲᠤᠷᠰᠢᠯᠲᠠ ᠬᠢᠵᠦ ᠵᠢᠱ᠌ᠢᠶ᠎ᠡ ᠦᠵᠡᠭᠦᠯᠬᠦ ᠨᠢᠭᠲᠠ ᠳᠠᠷᠢᠵᠤ ᠨᠠᠷᠢᠯᠢᠭ ᠣᠨᠣᠴᠠᠲᠠᠶ᠎ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ᠎ᠢ ᠬᠢᠵᠡᠶ᠂ ᠡᠨᠡ ᠵᠢᠯ ᠪᠢᠳᠡ ᠪᠥᠬᠦ ᠬᠤᠰᠢᠭᠤᠨ᠎ᠳᠤ ᠶᠡᠭᠡ ᠬᠡᠪᠴᠢᠶ᠎ᠡ᠎ᠪᠠᠷ ᠵᠢᠱ᠌ᠢᠶ᠎ᠡ ᠦᠵᠡᠭᠦᠯᠦᠨ ᠳᠡᠯᠭᠡᠷᠡᠭᠦᠯᠵᠦ᠂ ᠨᠠᠩ ᠣᠯᠠᠨ ᠲᠠᠷᠢᠮᠠᠯ᠎ᠤᠨ ᠲᠣᠮᠣ ᠡᠷᠦᠬᠡ᠎ᠳᠤ ᠮᠠᠨ᠎ᠤ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠦᠭᠰᠡᠨ ᠡᠶ᠋ᠢᠮᠦᠷᠬᠦ ᠦᠷ᠎ᠡ ᠪᠦᠲᠦᠭᠡᠯ᠎ᠢ ᠡᠳ᠋ᠯᠡᠬᠦᠯᠪᠡ᠃


7.1-4.jpg


   ᠪᠠᠶᠠᠨᠨᠠᠭᠤᠷ ᠬᠤᠲᠠ᠎ᠳᠤ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ 1089 ᠲᠦᠮᠡᠨ ᠮᠥ᠍ ᠪᠠᠶ᠋ᠢᠵᠤ᠂ ᠪᠥᠬᠦ ᠬᠤᠲᠠ ᠵᠢᠨ ᠲᠠᠷᠢᠶᠠᠨ ᠭᠠᠵᠠᠷ᠎ᠤᠨ ᠲᠠᠯᠠᠪᠠᠶ ᠵᠢᠨ 80% ᠵᠢ ᠡᠵᠡᠯᠡᠨ᠎ᠡ᠃ ᠪᠠᠶᠠᠨᠨᠠᠭᠤᠷ ᠬᠤᠲᠠ ᠲᠠᠷᠢᠶᠠᠨ ᠭᠠᠵᠠᠷ᠎ᠤᠨ ᠶᠠᠰᠤ ᠴᠢᠨᠠᠷ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠤᠵᠢᠷᠰᠢᠭᠰᠠᠨ ᠭᠠᠵᠠᠷ᠎ᠢ ᠰᠠᠶ᠋ᠢᠵᠢᠷᠠᠭᠤᠯᠬᠤ ᠪᠠ ᠪᠣᠬᠢᠷᠲᠤᠯ ᠥᠬᠡᠶ ᠤᠰᠤᠯᠠᠬᠤ ᠮᠡᠷᠭᠡᠵᠢᠯ᠎ᠢ ᠠᠬᠢᠭᠤᠯᠵᠤ᠂ ᠣᠳᠣᠬᠠᠨ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠦᠰᠦᠯ᠎ᠢ ᠨᠡᠶ᠋ᠢᠲᠡ 230 ᠭᠠᠷᠤᠶ ᠲᠦᠮᠡᠨ ᠮᠥ᠍ ᠬᠡᠷᠡᠭᠵᠢᠭᠦᠯᠵᠦ᠂ ᠬᠤᠵᠢᠷᠰᠢᠭᠰᠠᠨ ᠲᠠᠷᠢᠶᠠᠨ ᠭᠠᠵᠠᠷ᠎ᠢ 20 ᠭᠠᠷᠤᠶ ᠲᠦᠮᠡᠨ ᠮᠥ᠍ ᠰᠠᠶ᠋ᠢᠵᠢᠷᠠᠭᠤᠯᠪᠠ᠃


7.1-5.jpg


   ᠲᠥᠷᠥ ᠵᠢᠨ ᠶᠠᠪᠤᠳᠠᠯ᠎ᠤᠨ ᠬᠤᠷᠢᠶᠠᠨ᠎ᠤ 《ᠰᠠᠨᠠᠯ》᠎ᠢ ᠨᠠᠶ᠋ᠢᠳᠠᠪᠤᠷᠢᠵᠢᠭᠤᠯᠵᠤ᠂ ᠥᠪᠥᠷ ᠮᠣᠩᠭᠤᠯ ᠲᠠᠷᠢᠶᠠᠨ ᠭᠠᠵᠠᠷ᠎ᠤᠨ ᠤᠯᠠᠭ᠋ᠠᠨ ᠱᠤᠭᠤᠮ ᠪᠠ ᠠᠮᠤ ᠪᠤᠳᠠᠭ᠋ᠠᠨ᠎ᠤ ᠠᠮᠤᠷ ᠲᠦᠪᠰᠢᠨ᠎ᠤ ᠬᠤᠷᠢᠭ᠎ᠠ ᠱᠤᠭᠤᠮ᠎ᠤᠨ ᠱᠠᠭ᠋ᠠᠷᠳᠠᠯᠭ᠎ᠠ ᠵᠢ ᠴᠢᠩᠭ᠎ᠠ ᠰᠠᠬᠢᠵᠤ᠂ ᠲᠠᠷᠢᠶᠠᠨ ᠭᠠᠵᠠᠷ᠎ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠶ ᠵᠢᠨ 《ᠭᠤᠷᠪᠠ ᠵᠢ ᠨᠢᠭᠡ ᠴᠤᠭᠴᠠᠵᠢᠭᠤᠯᠬᠤ》 ᠬᠠᠮᠠᠭ᠋ᠠᠯᠠᠯᠲᠠ ᠵᠢ ᠪᠥᠬᠦ ᠲᠠᠯ᠎ᠠ᠎ᠪᠠᠷ ᠠᠬᠢᠭᠤᠯᠵᠤ᠂ ᠣᠲᠣ ᠨᠢᠭᠡᠨᠲᠡ ᠪᠥᠬᠦ ᠣᠷᠣᠨ᠎ᠤ 50.46% ᠵᠢᠨ ᠤᠯᠤᠰ᠎ᠤᠨ ᠭᠠᠵᠠᠷ ᠰᠢᠷᠤᠢ ᠵᠢᠨ ᠲᠠᠯᠠᠪᠠᠶ ᠵᠢ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ 1.72 ᠳ᠋ᠦᠩᠰᠢᠭᠤᠷ ᠮᠦ᠍ ᠲᠠᠷᠢᠶᠠᠨ ᠭᠠᠵᠠᠷ᠎ᠢ ᠲᠠᠷᠢᠶᠠᠨ ᠭᠠᠵᠠᠷ᠎ᠤᠨ ᠬᠠᠳᠠᠭ᠋ᠠᠯᠠᠯᠲᠠ ᠵᠢᠨ ᠬᠡᠮᠵᠢᠶ᠎ᠡ᠎ᠳᠤ ᠣᠷᠣᠭᠤᠯᠵᠤ᠂ 1.33 ᠳ᠋ᠦᠩᠰᠢᠭᠤᠷ ᠮᠦ᠍ ᠲᠠᠷᠢᠶᠠᠨ ᠭᠠᠵᠠᠷ᠎ᠢ ᠦᠨᠳᠦᠰᠦᠨ ᠲᠠᠷᠢᠶᠠᠨ ᠭᠠᠵᠠᠷ᠎ᠲᠤ ᠣᠷᠣᠭᠤᠯᠪᠠ᠃


7.1-6.jpg


   ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠲᠠᠷᠢᠶᠠᠨ ᠭᠠᠵᠠᠷ᠎ᠤᠨ ᠬᠠᠮᠠᠭ᠋ᠠᠯᠠᠯᠲᠠ᠎ᠳᠤ ᠬᠢᠨᠠᠯᠲᠠ ᠲᠠᠯᠪᠢᠬᠤ ᠭᠠᠵᠠᠷ᠎ᠤᠨ ᠳᠡᠳ᠋ ᠳᠠᠷᠤᠭ᠎ᠠ   ᠵᠠᠩ ᠬᠤᠩ ᠹᠸᠢ ᠲᠠᠷᠢᠶᠠᠨ ᠭᠠᠵᠠᠷ᠎ᠤᠨ ᠬᠡᠷᠡᠭᠯᠡᠯᠲᠡ ᠵᠢ ᠵᠠᠬᠢᠷᠤᠨ ᠬᠠᠮᠢᠶᠠᠷᠬᠤ᠎ᠪᠠᠨ ᠴᠢᠩᠭ᠋ᠠᠳᠬᠠᠵᠤ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ ᠪᠠ ᠬᠠᠷ᠎ᠠ ᠬᠥᠷᠥᠰᠥᠲᠦ ᠲᠠᠷᠢᠶᠠᠨ ᠭᠠᠵᠠᠷ᠎ᠤᠨ ᠣᠨᠴᠠᠭ᠋ᠠᠶ ᠬᠠᠮᠠᠭ᠋ᠠᠯᠠᠯᠲᠠ ᠵᠢ ᠳᠣᠪᠤᠶ᠋ᠢᠯᠭ᠋ᠠᠨ᠂ ᠬᠠᠲᠠᠭᠤ ᠠᠷᠭ᠎ᠠ ᠬᠡᠮᠵᠢᠶ᠎ᠡ ᠵᠢ ᠦᠨᠡᠨ ᠬᠦ᠌ ᠠᠪᠴᠤ᠂ ᠲᠠᠷᠢᠶᠠᠨ ᠭᠠᠵᠠᠷ᠎ᠢ ᠡᠪᠳᠡᠬᠦ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃


7.1-7.jpg


   ᠡᠨᠡ ᠵᠢᠯ ᠣᠷᠳᠣᠰ ᠬᠤᠲᠠ ᠵᠢᠨ ᠡᠵᠡᠨ ᠬᠤᠷᠤᠭ᠎ᠠ ᠬᠤᠰᠢᠭᠤ 《ᠣᠶᠤᠨᠴᠢ ᠲᠠᠷᠢᠶᠠᠯᠠᠩ᠎ᠤᠨ ᠪᠠᠲᠤᠯᠠᠭ᠎ᠠ》 ᠵᠢᠨ ᠲᠠᠪᠴᠠᠩ᠎ᠢ ᠪᠠᠶ᠋ᠢᠭᠤᠯᠵᠤ᠂ ᠲᠠᠷᠢᠶᠠᠨ ᠭᠠᠵᠠᠷ᠎ᠲᠤ ᠬᠤᠯᠪᠣᠭᠳᠠᠭᠰᠠᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠠᠭ ᠲᠤᠬᠠᠶ᠎ᠳᠤᠨᠢ ᠢᠯᠡᠷᠡᠭᠦᠯᠬᠦ᠎ᠳᠤ ᠬᠦᠴᠢᠷᠲᠡᠶ᠂ ᠬᠠᠤᠯᠢ ᠬᠡᠷᠡᠭᠵᠢᠭᠦᠯᠦᠭᠰᠡᠨ᠎ᠨᠢ ᠬᠤᠴᠣᠷᠤᠩᠭᠤᠶ ᠪᠠᠶ᠋ᠢᠬᠤ ᠵᠡᠷᠭᠡ ᠬᠦᠴᠢᠷ ᠠᠰᠠᠭᠤᠳᠠᠯ᠎ᠢ ᠰᠢᠢ᠍ᠳᠪᠦᠷᠢᠯᠡᠪᠡ᠃ ᠲᠠᠪᠴᠠᠩ᠎ᠨᠢ ᠤᠷᠢᠳᠴᠢᠯᠠᠨ ᠰᠡᠷᠡᠮᠵᠢᠯᠡᠭᠦᠯᠬᠦ ᠵᠢᠷᠤᠭ ᠵᠶ᠋ᠠᠨ ᠴᠠᠭ ᠲᠤᠬᠠᠶ᠎ᠳᠤᠨᠢ ᠰᠢᠯᠵᠢᠭᠦᠯᠦᠨ ᠠᠪᠴᠤ ᠪᠣᠯᠬᠤ ᠪᠥᠭᠡᠳ ᠪᠠᠰᠠ ᠪᠠᠯᠭ᠋ᠠᠰᠤ ᠲᠣᠰᠬᠤᠨ ᠬᠤᠶᠠᠷ ᠱᠠᠲᠤᠨ᠎ᠤ ᠲᠠᠷᠢᠶᠠᠨ ᠳᠠᠷᠤᠭ᠎ᠠ᠎ᠳᠤ ᠮᠡᠳᠡᠭᠳᠡᠵᠦ ᠲᠤᠬᠠᠶ ᠵᠢᠨ ᠲᠠᠯᠠᠪᠤᠷ᠎ᠲᠤ ᠬᠢᠨᠠᠨ ᠪᠠᠶ᠋ᠢᠴᠠᠭ᠋ᠠᠯᠭ᠋ᠠᠵᠤ ᠰᠢᠢ᠍ᠳᠪᠦᠷᠢᠯᠡᠬᠦ ᠪᠣᠯᠤᠨ᠎ᠠ᠃


7.1-8.jpg


   ᠣᠷᠳᠣᠰ ᠬᠤᠲᠠ ᠵᠢᠨ ᠡᠵᠡᠨ ᠬᠤᠷᠤᠭ᠎ᠠ ᠬᠤᠰᠢᠭᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ ᠵᠢᠨ ᠳᠠᠷᠤᠭ᠎ᠠ   ᠵᠠᠩ ᠰᠢᠶᠦ᠋ᠩ ᠱᠠᠨ   ᠲᠠᠷᠢᠶᠠᠨ ᠭᠠᠵᠠᠷ᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠠᠦ᠋ᠲ᠋ᠤ᠋ ᠢᠯᠡᠷᠡᠭᠦᠯᠵᠦ᠂ ᠣᠶᠤᠨᠴᠢ ᠰᠡᠷᠡᠮᠵᠢᠯᠡᠭᠦᠯᠦᠨ᠂ ᠴᠠᠭ ᠲᠤᠬᠠᠶ᠎ᠳᠤᠨᠢ ᠰᠢᠢ᠍ᠳᠪᠦᠷᠢᠯᠡᠬᠦ ᠵᠢ ᠪᠡᠶᠡᠯᠡᠭᠦᠯᠪᠡ᠃


7.1-9.jpg


   ᠬᠢᠩᠭ᠋ᠠᠨ ᠠᠶ᠋ᠢᠮᠠᠭ᠎ᠤᠨ ᠵᠠᠯᠠᠶ᠋ᠢᠳ ᠬᠤᠰᠢᠭᠤᠨ᠎ᠤ ᠬᠤᠯᠪᠤᠭ᠎ᠠ ᠪᠠᠯᠭ᠋ᠠᠰᠤᠨ᠎ᠳᠤ ᠲᠣᠰᠬᠤᠨ᠎ᠤ ᠠᠷᠠᠳ ᠶᠠᠭ ᠭᠡᠷ ᠪᠠᠷᠢᠵᠤ ᠪᠠᠶ᠋ᠢᠨ᠎ᠠ᠃ ᠠᠳᠡᠬᠢ ᠭᠠᠵᠠᠷ ᠪᠣᠯ ᠪᠥᠬᠦ ᠣᠷᠣᠨ᠎ᠤ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ 《ᠨᠡᠮᠡᠭᠳᠡᠯ ᠬᠠᠰᠤᠭᠳᠠᠯ᠎ᠢ ᠬᠤᠯᠪᠣᠭᠳᠠᠭᠤᠯᠬᠤ》 ᠲᠥᠷᠥ ᠵᠢᠨ ᠪᠣᠳᠣᠯᠭ᠎ᠠ ᠵᠢᠨ ᠲᠤᠷᠰᠢᠯᠲᠠ ᠵᠢᠨ ᠪᠠᠯᠭ᠋ᠠᠰᠤ ᠪᠣᠯᠤᠨ᠎ᠠ᠂ ᠪᠥᠬᠦ ᠪᠠᠯᠭ᠋ᠠᠰᠤᠨ᠎ᠤ 4 ᠲᠣᠰᠬᠤᠨ᠎ᠤ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠰᠢᠷᠣᠶ ᠵᠢ 《ᠨᠡᠮᠡᠭᠳᠡᠯ ᠬᠠᠰᠤᠭᠳᠠᠯ᠎ᠢ ᠬᠤᠯᠪᠣᠭᠳᠠᠭᠤᠯᠬᠤ》 ᠠᠷᠭ᠎ᠠ ᠮᠠᠶᠢᠭ ᠵᠶ᠋ᠠᠷ ᠳᠠᠮᠵᠢᠭᠤᠯᠤᠨ 4700 ᠭᠠᠷᠤᠶ ᠮᠥ᠍ ᠲᠠᠷᠢᠶᠠᠨ ᠭᠠᠵᠠᠷ᠎ᠢ ᠡᠮᠬᠢᠯᠡᠨ ᠭᠠᠷᠭ᠋ᠠᠪᠠ᠃


7.1-10.jpg


   ᠬᠢᠩᠭ᠋ᠠᠨ ᠠᠶ᠋ᠢᠮᠠᠭ᠎ᠤᠨ ᠵᠠᠯᠠᠶ᠋ᠢᠳ ᠬᠤᠰᠢᠭᠤᠨ᠎ᠤ ᠬᠤᠯᠪᠤᠭ᠎ᠠ ᠪᠠᠯᠭ᠋ᠠᠰᠤᠨ᠎ᠤ ᠰᠢᠶᠠᠨ ᠹᠧᠩ ᠲᠣᠰᠬᠤᠨ᠎ᠤ ᠠᠷᠠᠳ   ᠯᠢᠦ ᠬᠠᠶ ᠮᠢᠨ   ᠡᠨᠡ ᠬᠦ᠌ 《ᠨᠡᠮᠡᠭᠳᠡᠯ ᠬᠠᠰᠤᠭᠳᠠᠯ᠎ᠢ ᠬᠤᠯᠪᠣᠭᠳᠠᠭᠤᠯᠬᠤ》 ᠲᠦᠰᠦᠯ ᠮᠠᠰᠢ ᠰᠠᠶ᠋ᠢᠨ ᠪᠠᠶ᠋ᠢᠨ᠎ᠠ᠂ ᠮᠠᠨ᠎ᠤ ᠠᠷᠠᠳ ᠣᠯᠠᠨ ᠴᠤ᠌ ᠮᠠᠰᠢ ᠵᠥᠪᠰᠢᠶᠡᠷᠡᠵᠦ ᠪᠠᠶ᠋ᠢᠨ᠎ᠠ ᠭᠡᠵᠡᠢ᠃


7.1-11.jpg


   ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠭᠠᠵᠠᠷ᠎ᠤᠨ ᠳᠠᠷᠤᠭ᠎ᠠ   ᠱᠧᠨ ᠪᠦᠦ ᠯᠦᠩ ᠮᠠᠨ᠎ᠤ ᠲᠠᠷᠢᠶᠠᠨ ᠭᠠᠵᠠᠷ᠎ᠤᠨ ᠨᠥᠭᠡᠴᠡ ᠵᠢᠨ ᠬᠥᠮᠥᠷᠭᠡ ᠵᠢᠨ ᠵᠤᠵᠠᠭ᠋ᠠᠨ᠎ᠤ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠠᠨ᠎ᠤ ᠠᠰᠢᠭᠯᠠᠬᠤ ᠶᠣᠰᠣᠲᠠᠶ ᠭᠠᠵᠠᠷ ᠰᠢᠷᠣᠶ ᠵᠢᠨ ᠡᠬᠢ ᠪᠠᠶᠠᠯᠢᠭ᠎ᠢ ᠵᠦᠶ ᠵᠣᠬᠢᠰᠲᠠᠶ ᠠᠰᠢᠭᠯᠠᠭᠤᠯᠬᠤ ᠵᠢᠨ ᠬᠠᠮᠲᠤ ᠬᠠᠮᠠᠭ᠋ᠠᠯᠠᠬᠤ ᠶᠣᠰᠣᠲᠠᠶ ᠭᠠᠵᠠᠷ ᠰᠢᠷᠣᠶ ᠵᠢᠨ ᠡᠬᠢ ᠪᠠᠶᠠᠯᠢᠭ᠎ᠢ ᠪᠢᠳᠡ ᠬᠤᠷᠢᠭ᠎ᠠ ᠱᠤᠭᠤᠮ ᠪᠠ ᠤᠯᠠᠭ᠋ᠠᠨ ᠱᠤᠭᠤᠮ᠎ᠢ ᠴᠢᠩᠭ᠎ᠠ ᠰᠠᠬᠢᠨ᠎ᠠ᠃


7.1-12.jpg


   ᠣᠳᠣᠬᠠᠨ᠎ᠳᠤ᠂ ᠥᠪᠥᠷ ᠮᠣᠩᠭᠤᠯ᠎ᠤᠨ ᠲᠠᠷᠢᠶᠠᠨ ᠭᠠᠵᠠᠷ᠎ᠤᠨ ᠲᠠᠯᠠᠪᠠᠶ 1.72 ᠳ᠋ᠦᠩᠰᠢᠭᠤᠷ ᠮᠥ᠍᠎ᠳᠤ ᠬᠦᠷᠴᠦ᠂ ᠪᠥᠬᠦ ᠤᠯᠤᠰ᠎ᠤᠨ ᠲᠠᠷᠢᠶᠠᠨ ᠭᠠᠵᠠᠷ᠎ᠤᠨ ᠶᠡᠷᠦᠩᠬᠡᠶ ᠲᠠᠯᠠᠪᠠᠶ ᠵᠢᠨ 8.97% ᠵᠢ ᠡᠵᠡᠯᠡᠵᠦ᠂ ᠪᠥᠬᠦ ᠤᠯᠤᠰ᠎ᠲᠤ ᠬᠤᠶᠠᠳᠤᠭ᠋ᠠᠷ᠎ᠲᠤ ᠣᠷᠣᠵᠤ᠂ ᠪᠥᠬᠦ ᠤᠯᠤᠰ᠎ᠤᠨ ᠲᠠᠪᠤᠨ ᠲᠠᠷᠢᠶᠠᠨ ᠭᠠᠵᠠᠷ᠎ᠤᠨ ᠬᠠᠳᠠᠭ᠋ᠠᠯᠠᠯᠲᠠ ᠵᠢᠨ ᠬᠡᠮᠵᠢᠶ᠎ᠡ ᠳ᠋ᠦᠩᠰᠢᠭᠤᠷ ᠮᠥ᠍ ᠵᠢ ᠳᠠᠪᠠᠭᠰᠠᠨ ᠮᠤᠵᠢ ᠣᠷᠣᠨ᠎ᠤ ᠨᠢᠭᠡ ᠪᠣᠯᠵᠣ᠂ ᠵᠢᠯ ᠪᠦᠷᠢ ᠵᠢᠨ ᠠᠮᠤ ᠪᠤᠳᠠᠭ᠋ᠠᠨ᠎ᠤ ᠶᠡᠷᠦᠩᠬᠡᠶ ᠤᠨᠠᠯᠲᠠ ᠵᠢ 700 ᠳ᠋ᠦᠩᠰᠢᠭᠤᠷ ᠵᠢᠩ᠎ᠠᠴᠠ ᠳᠡᠭᠡᠭᠰᠢ᠎ᠳᠤ ᠲᠣᠭᠲᠠᠪᠤᠷᠢᠵᠢᠭᠤᠯᠪᠠ᠃

 

ᠢᠷᠡᠯᠲᠡ᠄ ᠳᠡᠭᠦᠯᠢᠯᠲᠡ ᠬᠠᠮ ᠵᠠᠭᠤᠴᠢᠯᠠᠭᠤᠷ