ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠤ ᠬᠠᠮᠲᠤ ᠵᠢᠨ ᠡᠵᠡᠩᠨᠡᠯᠲᠡ ᠵᠢᠨ ᠴᠢᠨᠠᠷᠲᠠᠶ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ 12 ᠬᠡᠰᠡᠭ ᠭᠠᠵᠠᠷ᠎ᠢ ᠵᠠᠬ᠎ᠠ ᠳᠡᠯᠭᠡᠭᠦᠷ᠎ᠲᠤ ᠣᠷᠣᠭᠤᠯᠪᠠ
2024-08-12

   ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ ᠣᠶ᠋ᠢᠯᠠᠭ᠋ᠠᠭᠰᠠᠨ ᠵᠶ᠋ᠠᠷ᠂ ᠣᠶ᠋ᠢᠷ᠎ᠠ᠎ᠳᠤ᠂ ᠪᠠᠶᠠᠨᠨᠠᠭᠤᠷ ᠬᠤᠲᠠ ᠵᠢᠨ ᠦᠶᠤᠸᠠᠨ ᠰᠢᠶᠠᠨ᠎ᠤ ᠲᠢᠶᠠᠨ ᠵᠢᠢ᠎ᠲᠠᠢ ᠪᠠᠯᠭ᠋ᠠᠰᠤᠨ᠎ᠤ ᠰᠢᠩ ᠹᠧᠩ ᠲᠣᠰᠬᠤᠨ ᠪᠠ ᠲᠦᠩᠯᠢᠶᠣᠤ ᠬᠤᠲᠠ ᠵᠢᠨ ᠺᠠᠶ᠋ᠢᠯᠦ ᠰᠢᠶᠠᠨ᠎ᠤ ᠳ᠋ᠦᠩ ᠹᠧᠩ ᠪᠠᠯᠭ᠋ᠠᠰᠤᠨ᠎ᠤ ᠴᠢ ᠵᠢᠶᠠ ᠽᠢ ᠲᠣᠰᠬᠤᠨ᠎ᠳᠤ ᠲᠣᠰ ᠲᠣᠰ 1 ᠬᠡᠰᠡᠭ ᠬᠥᠳᠡᠭᠡ ᠲᠣᠰᠬᠤᠨ᠎ᠤ ᠬᠠᠮᠲᠤ ᠵᠢᠨ ᠡᠵᠡᠩᠨᠡᠯᠲᠡ ᠵᠢᠨ ᠴᠢᠨᠠᠷᠲᠠᠶ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠵᠠᠬ᠎ᠠ ᠳᠡᠯᠭᠡᠭᠦᠷ᠎ᠲᠤ ᠣᠷᠣᠵᠤ᠂ ᠪᠥᠬᠦ ᠣᠷᠣᠨ᠎ᠤ ᠬᠥᠳᠡᠭᠡ ᠲᠣᠰᠬᠤᠨ᠎ᠤ ᠬᠠᠮᠲᠤ ᠵᠢᠨ ᠡᠵᠡᠩᠨᠡᠯᠲᠡ ᠵᠢᠨ ᠴᠢᠨᠠᠷᠲᠠᠶ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠵᠠᠬ᠎ᠠ ᠳᠡᠯᠭᠡᠭᠦᠷ᠎ᠲᠤ ᠤᠷᠤᠭᠰᠠᠨ ᠲᠤᠷᠰᠢᠯᠲᠠ ᠵᠢᠨ ᠠᠵᠢᠯ ᠳᠠᠬᠢᠨᠲᠠ ᠪᠣᠳᠠᠲᠤ ᠠᠬᠢᠴᠠ᠎ᠲᠠᠢ ᠪᠣᠯᠣᠭᠰᠠᠨ᠎ᠢ ᠬᠠᠷᠠᠭᠤᠯᠵᠤ ᠪᠠᠶ᠋ᠢᠨ᠎ᠠ᠃  ᠣᠳᠣᠬᠠᠨ ᠪᠣᠯᠲᠠᠯ᠎ᠠ᠂ ᠥᠪᠥᠷ ᠮᠣᠩᠭᠤᠯ᠎ᠤᠨ 7 ᠠᠶ᠋ᠢᠮᠠᠭ ᠬᠤᠲᠠ ᠵᠢᠨ 10 ᠲᠤᠷᠰᠢᠯᠲᠠ ᠵᠢᠨ ᠭᠠᠵᠠᠷ ᠣᠷᠣᠨ ᠤᠷᠢᠳ ᠬᠤᠵᠢᠳ ᠬᠥᠳᠡᠭᠡ ᠲᠣᠰᠬᠤᠨ᠎ᠤ ᠬᠠᠮᠲᠤ ᠵᠢᠨ ᠡᠵᠡᠩᠨᠡᠯᠲᠡ ᠵᠢᠨ ᠴᠢᠨᠠᠷᠲᠠᠶ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ 12 ᠪᠠᠶ᠋ᠢᠵᠤ᠂ ᠲᠠᠯᠠᠪᠠᠶ᠎ᠨᠢ 157.1 ᠮᠥ᠍᠂ ᠠᠷᠠᠯᠵᠢᠶ᠎ᠠ ᠪᠦᠲᠦᠭᠰᠡᠨ ᠵᠣᠭᠤᠰ᠎ᠤᠨ ᠲᠤᠭ᠎ᠠ᠎ᠨᠢ 1304.7 ᠲᠦᠮᠡᠨ ᠲᠥᠭᠦᠷᠢᠭ᠎ᠲᠤ ᠬᠦᠷᠴᠦ᠂ ᠲᠠᠷᠢᠶᠠᠴᠢᠨ ᠪᠣᠯᠤᠨ ᠲᠣᠰᠬᠤᠨ᠎ᠤ ᠬᠠᠮᠲᠤ ᠵᠢᠨ ᠣᠷᠣᠯᠭ᠎ᠠ ᠵᠢ ᠪᠦᠲᠦᠮᠵᠢᠲᠡᠶ ᠨᠡᠮᠡᠭᠳᠡᠭᠦᠯᠵᠦ᠂ ᠬᠥᠳᠡᠭᠡ ᠲᠣᠰᠬᠤᠨ᠎ᠤ ᠬᠠᠮᠲᠤ ᠵᠢᠨ ᠡᠵᠡᠩᠨᠡᠯᠲᠡ ᠵᠢᠨ ᠴᠢᠨᠠᠷᠲᠠᠶ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ 《ᠠᠮᠢᠳᠤᠯᠢᠭ ᠪᠣᠯᠭ᠋ᠠᠬᠤ》 ᠵᠢ ᠲᠦᠯᠬᠢᠨ ᠠᠬᠢᠭᠤᠯᠪᠠ᠃

   ᠬᠥᠳᠡᠭᠡ ᠲᠣᠰᠬᠣᠨ᠎ᠤ ᠬᠠᠮᠲᠤ ᠵᠢᠨ ᠡᠵᠡᠩᠨᠡᠯᠲᠡ ᠵᠢᠨ ᠴᠢᠨᠠᠷᠲᠠᠶ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠭᠡᠳᠡᠭ᠎ᠨᠢ ᠦᠢ᠍ᠯᠡᠳᠪᠦᠷᠢᠯᠡᠯ ᠡᠵᠡᠩᠨᠡᠯᠲᠡ ᠵᠢᠨ ᠴᠢᠨᠠᠷᠲᠠᠶ ᠬᠥᠳᠡᠭᠡ ᠲᠣᠰᠬᠣᠨ᠎ᠤ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠵᠢᠭ᠋ᠠᠵᠤ ᠪᠤᠶ᠃ 2023 ᠣᠨ᠎ᠤ ᠬᠥᠳᠡᠭᠡ ᠲᠣᠰᠬᠤᠨ᠎ᠤ ᠬᠠᠮᠲᠤ ᠵᠢᠨ ᠡᠵᠡᠩᠨᠡᠯᠲᠡ ᠵᠢᠨ ᠴᠢᠨᠠᠷᠲᠠᠶ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠵᠠᠬ᠎ᠠ ᠳᠡᠯᠭᠡᠭᠦᠷ᠎ᠲᠤ ᠣᠷᠣᠭᠤᠯᠬᠤ ᠲᠤᠷᠰᠢᠯᠲᠠ ᠵᠢᠨ ᠴᠡᠭ᠎ᠤᠨ ᠠᠵᠢᠯ᠎ᠢ ᠡᠬᠢᠯᠡᠭᠦᠯᠦᠭᠰᠡᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠰᠠᠷ᠎ᠠ᠎ᠪᠠᠷ ᠳᠣᠭᠢᠷᠠᠭᠤᠯᠵᠤ᠂ ᠲᠤᠬᠠᠶ ᠵᠢᠨ ᠭᠠᠵᠠᠷ᠎ᠲᠤᠨᠢ ᠭᠦᠨᠵᠡᠭᠡᠶ ᠬᠢᠨᠠᠨ ᠵᠢᠯᠣᠭᠤᠳᠴᠤ ᠬᠠᠪᠰᠤᠷᠤᠨ ᠲᠡᠳᠬᠦᠵᠦ᠂ ᠲᠤᠷᠰᠢᠯᠲᠠ ᠵᠢᠨ ᠴᠡᠭ᠎ᠤᠨ ᠭᠠᠵᠠᠷ ᠣᠷᠣᠨ᠎ᠢ ᠵᠣᠬᠢᠶᠠᠨ ᠪᠠᠶ᠋ᠢᠭᠤᠯᠤᠨ ᠲᠤᠷᠰᠢᠯᠭ᠎ᠠ ᠰᠣᠯᠢᠯᠴᠠᠬᠤ ᠠᠵᠢᠯᠯᠠᠭ᠎ᠠ ᠵᠢ ᠥᠷᠨᠢᠭᠦᠯᠵᠦ᠂ ᠣᠷᠣᠨ᠎ᠤ ᠳᠤᠲᠤᠨ᠎ᠠ ᠭᠠᠳᠠᠨᠠᠬᠢ ᠨᠡᠪᠲᠡᠷᠡᠯᠴᠡᠭᠡ ᠰᠣᠯᠢᠯᠴᠠᠭ᠎ᠠ ᠪᠠ ᠲᠤᠷᠰᠢᠯᠭ᠎ᠠ ᠵᠢᠨ ᠰᠤᠷᠤᠯᠴᠠᠯᠭ᠎ᠠ ᠵᠢ ᠴᠢᠩᠭ᠋ᠠᠳᠬᠠᠨ᠂ ᠠᠵᠢᠯ᠎ᠤᠨ ᠰᠡᠳᠬᠢᠴᠡ᠎ᠪᠠᠨ ᠥᠷᠭᠡᠳᠬᠡᠵᠦ᠂ ᠪᠣᠭᠤᠮᠢ ᠠᠰᠠᠭᠤᠳᠠᠯ᠎ᠢ ᠰᠢᠢ᠍ᠳᠪᠦᠷᠢᠯᠡᠨ᠂ ᠲᠤᠷᠰᠢᠯᠲᠠ ᠵᠢᠨ ᠴᠡᠭ᠎ᠤᠨ ᠭᠠᠵᠠᠷ ᠣᠷᠣᠨ᠎ᠤ ᠢᠳᠡᠪᠬᠢᠲᠡᠶ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠬᠠᠶ᠋ᠢᠨ ᠰᠦᠪᠡᠭᠴᠢᠯᠡᠵᠦ᠂ ᠯᠠᠪᠳᠠᠭᠤᠨ ᠲᠣᠭᠲᠠᠭᠤᠨ ᠵᠶ᠋ᠠᠷ ᠠᠬᠢᠭᠤᠯᠬᠤ ᠵᠢ ᠦᠨᠡᠨ ᠬᠦ᠌ ᠪᠠᠲᠤᠯᠠᠪᠠ᠃ ᠡᠨᠡ ᠵᠢᠯ᠂ ᠲᠤᠷᠰᠢᠯᠲᠠ ᠵᠢᠨ ᠴᠡᠭ᠎ᠤᠨ ᠭᠠᠵᠠᠷ ᠣᠷᠣᠨ᠎ᠤ ᠨᠢᠭᠡ ᠪᠣᠯᠤᠭᠰᠠᠨ ᠤᠯᠠᠭ᠋ᠠᠨᠬᠠᠳᠠ ᠬᠤᠲᠠ ᠵᠢᠨ ᠣᠩᠨᠢᠭᠤᠳ ᠬᠤᠰᠢᠭᠤ ᠪᠥᠬᠦ ᠤᠯᠤᠰ᠎ᠤᠨ ᠬᠥᠳᠡᠭᠡ ᠲᠣᠰᠬᠤᠨ᠎ᠤ ᠬᠠᠮᠲᠤ ᠵᠢᠨ ᠡᠵᠡᠩᠨᠡᠯᠲᠡ ᠵᠢᠨ ᠴᠢᠨᠠᠷᠲᠠᠶ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠤᠲᠠ᠎ᠳᠤ ᠣᠷᠣᠭᠤᠯᠬᠤ ᠲᠤᠷᠰᠢᠯᠲᠠ ᠵᠢᠨ ᠴᠡᠭ᠎ᠤᠨ ᠭᠠᠵᠠᠷ ᠣᠷᠣᠨ ᠵᠶ᠋ᠠᠷ ᠦᠨᠡᠯᠡᠭᠳᠡᠪᠡ᠃  ᠬᠥᠳᠡᠭᠡ ᠲᠣᠰᠬᠤᠨ᠎ᠤ ᠬᠠᠮᠲᠤ ᠵᠢᠨ ᠡᠵᠡᠩᠨᠡᠯᠲᠡ ᠵᠢᠨ ᠴᠢᠨᠠᠷᠲᠠᠶ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠵᠠᠬ᠎ᠠ ᠳᠡᠯᠭᠡᠭᠦᠷ᠎ᠲᠤ ᠣᠷᠣᠭᠤᠯᠬᠤ ᠪᠣᠯ ᠬᠥᠳᠡᠭᠡ ᠲᠣᠰᠬᠤᠨ᠎ᠤ ᠭᠠᠵᠠᠷ ᠰᠢᠷᠣᠶ ᠵᠢᠨ ᠲᠦᠷᠢᠮ᠎ᠤᠨ ᠥᠭᠡᠷᠡᠴᠢᠯᠡᠯᠲᠡ ᠵᠢᠨ ᠨᠢᠭᠡᠨ ᠴᠢᠬᠤᠯᠠ ᠠᠭᠤᠯᠭ᠎ᠠ ᠪᠣᠯᠤᠨ᠎ᠠ᠂ ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠲᠤᠷᠰᠢᠯᠲᠠ ᠵᠢᠨ ᠭᠠᠵᠠᠷ ᠣᠷᠣᠨ᠎ᠤ ᠭᠦᠨᠵᠡᠭᠡᠶ ᠰᠦᠪᠡᠭᠴᠢᠯᠡᠯᠲᠡ ᠵᠢ ᠦᠷᠭᠦᠯᠵᠢᠯᠡᠨ ᠠᠬᠢᠭᠤᠯᠵᠤ᠂ ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠲᠠ ᠵᠢᠨ ᠴᠡᠭ᠎ᠤᠨ ᠲᠤᠷᠰᠢᠯᠭ᠎ᠠ ᠵᠢ ᠳ᠋ᠦᠩᠨᠡᠵᠦ᠂ ᠬᠥᠳᠡᠭᠡ ᠲᠣᠰᠬᠤᠨ᠎ᠤ ᠭᠠᠵᠠᠷ ᠰᠢᠷᠣᠶ ᠵᠢᠨ ᠲᠦᠷᠢᠮ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠬᠥᠳᠡᠭᠡ ᠲᠣᠰᠬᠤᠨ᠎ᠤ ᠬᠠᠮᠲᠤ ᠵᠢᠨ ᠡᠵᠡᠩᠨᠡᠯᠲᠡ ᠵᠢᠨ ᠴᠢᠨᠠᠷᠲᠠᠶ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠠᠮᠢᠳᠤᠯᠢᠭ ᠪᠣᠯᠭ᠋ᠠᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠥᠳᠡᠯᠭᠡᠬᠦ ᠬᠦᠴᠦᠨ ᠨᠡᠮᠡᠷᠢᠯᠡᠨ᠎ᠡ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ