7 ᠳ᠋ᠤᠭ᠋ᠠᠷ ᠰᠠᠷ᠎ᠠ ᠵᠢᠨ 24᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠤᠨ ᠲᠤᠬᠠᠶ ᠵᠢᠨ ᠭᠠᠵᠠᠷ᠎ᠤᠨ ᠬᠤᠷᠠᠯ ᠰᠢᠯᠢ ᠵᠢᠨ ᠭᠤᠤᠯ ᠠᠶ᠋ᠢᠮᠠᠭ᠎ᠲᠤ ᠬᠤᠷᠠᠯᠳᠤᠪᠠ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠣᠣ ᠶᠦᠩ ᠪᠥᠸᠧ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠡᠯ᠎ᠡ ᠠᠶ᠋ᠢᠮᠠᠭ ᠬᠤᠲᠠ ᠵᠢᠨ ᠬᠤᠯᠪᠣᠭᠳᠠᠯ ᠪᠥᠬᠦᠶ ᠤᠳᠤᠷᠢᠳᠤᠯᠭ᠎ᠠ᠂ ᠬᠠᠮᠢᠶ᠎ᠠ ᠪᠥᠬᠦᠶ ᠲᠢᠩᠬᠢᠮ ᠲᠣᠪᠴᠢᠶ᠎ᠠ ᠵᠢᠨ ᠨᠢᠭᠡᠴᠢ ᠵᠢᠴᠢ ᠠᠭᠤᠷᠬᠠᠶ ᠵᠢᠨ ᠠᠵᠤ ᠠᠬᠤᠶ᠋ᠢᠯᠠᠯ᠎ᠤᠨ ᠲᠥᠯᠥᠭᠡᠯᠡᠭᠴᠢ ᠬᠤᠷᠠᠯ᠎ᠳᠤ ᠣᠷᠣᠯᠴᠠᠵᠠᠶ᠃

ᠬᠤᠷᠠᠯ ᠳᠡᠭᠡᠷ᠎ᠡ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠳᠠᠷᠤᠭ᠎ᠠ ᠵᠣᠣ ᠳ᠋ᠠ ᠶᠦᠩ ᠪᠥᠬᠦ ᠣᠷᠣᠨ᠎ᠤ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠪᠠᠶ᠋ᠢᠳᠠᠯ᠎ᠢ ᠲᠠᠨᠢᠯᠴᠠᠭᠤᠯᠪᠠ᠃ ᠰᠢᠯᠢ ᠵᠢᠨ ᠭᠤᠤᠯ ᠠᠶ᠋ᠢᠮᠠᠭ᠎ᠤᠨ ᠵᠠᠬᠢᠷᠭ᠎ᠠ᠂ ᠣᠷᠳᠣᠰ ᠬᠤᠲᠠ ᠵᠢᠨ ᠵᠠᠰᠠᠭ᠎ᠤᠨ ᠣᠷᠳᠣᠨ ᠵᠢᠴᠢ ᠤᠯᠤᠰ᠎ᠤᠨ ᠡᠨᠧᠷᠭᠢ ᠵᠢᠨ ᠵᠦᠩᠭ᠋ᠠᠷ ᠡᠨᠧᠷᠭᠢ ᠵᠢᠨ ᠪᠦᠯᠦᠭᠯᠡᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠪᠤᠭᠤᠲᠤ ᠵᠢᠨ ᠪᠣᠯᠣᠳ ᠲᠡᠮᠦᠷ (ᠪᠦᠯᠦᠭᠯᠡᠯ)᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠡᠷᠭᠡ ᠵᠢᠨ ᠲᠣᠭᠤᠷᠢᠨ᠎ᠳᠤ ᠪᠣᠬᠢᠷᠲᠤᠯ ᠥᠬᠡᠶ ᠠᠭᠤᠷᠬᠠᠶ ᠵᠢᠨ ᠪᠥᠲᠥᠭᠡᠨ ᠪᠠᠶ᠋ᠢᠭᠤᠯᠤᠯᠲᠠ ᠵᠢᠨ ᠲᠣᠭᠤᠷᠢᠨ᠎ᠳᠤ ᠲᠤᠷᠰᠢᠯᠭ᠎ᠠ᠎ᠪᠠᠨ ᠬᠤᠪᠢᠶᠠᠯᠴᠠᠪᠠ᠃
ᠤᠯᠤᠰ᠎ᠤᠨ ᠡᠨᠧᠷᠭᠢ ᠵᠢᠨ ᠤᠮᠠᠷᠠᠲᠤ ᠵᠢᠨ ᠴᠠᠬᠢᠯᠭ᠋ᠠᠨ᠎ᠤ ᠱᠧᠩ ᠯᠢ ᠡᠨᠧᠷᠭᠢ ᠵᠢᠨ ᠬᠢᠵᠠᠭ᠋ᠠᠷᠲᠤ ᠺᠣᠮᠫᠠᠨᠢ ᠵᠢᠨ ᠵᠠᠳᠠᠭ᠋ᠠᠢ ᠰᠢᠷᠤᠢ ᠭᠠᠷᠭ᠋ᠠᠬᠤ ᠲᠠᠯᠠᠪᠠᠢ ᠵᠢᠨ ᠭᠡᠷᠡᠯ ᠬᠠᠳᠠᠭ᠋ᠠᠯᠠᠬᠤ ᠴᠠᠬᠢᠯᠭ᠋ᠠᠨ ᠥᠷᠲᠡᠭᠡ
ᠬᠤᠷᠠᠯ᠎ᠤᠨ ᠬᠤᠭᠤᠴᠠᠭ᠋ᠠᠨ᠎ᠳᠤ᠂ ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠰᠢᠯᠢ ᠵᠢᠨ ᠭᠤᠤᠯ ᠠᠶ᠋ᠢᠮᠠᠭ᠎ᠤᠨ ᠮᠧᠩ ᠳ᠋ᠦᠩ ᠠᠭᠤᠷᠬᠠᠶ ᠵᠢᠨ ᠦᠢ᠍ᠯᠡᠰ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠥᠪᠥᠷ ᠮᠣᠩᠭᠤᠯ᠎ᠤᠨ ᠱᠸᠩ ᠯᠢ ᠠᠭᠤᠷᠬᠠᠶ ᠵᠢᠨ ᠣᠷᠣᠨ᠎ᠤ ᠱᠸᠩ ᠯᠢ ᠪᠠᠷᠠᠭᠤᠨ ᠬᠤᠶᠠᠳᠤᠭ᠋ᠠᠷ ᠵᠠᠳᠠᠭ᠋ᠠᠶ ᠨᠡᠭᠦᠷᠡᠰᠦᠨ ᠠᠭᠤᠷᠬᠠᠶ ᠵᠢᠴᠢ ᠤᠯᠤᠰ᠎ᠤᠨ ᠡᠨᠧᠷᠭᠢ ᠵᠢᠨ ᠤᠮᠠᠷᠠᠲᠤ ᠵᠢᠨ ᠴᠠᠬᠢᠯᠭ᠋ᠠᠨ᠎ᠤ ᠱᠧᠩ ᠯᠢ ᠡᠨᠧᠷᠭᠢ ᠵᠢᠨ ᠬᠢᠵᠠᠭ᠋ᠠᠷᠲᠤ ᠺᠣᠮᠫᠠᠨᠢ (ᠳᠣᠷᠣᠭᠰᠢ 《ᠱᠧᠩ ᠯᠢ ᠡᠨᠧᠷᠭᠢ ᠵᠢᠨ ᠺᠣᠮᠫᠠᠨᠢ》 ᠭᠡᠵᠦ ᠲᠣᠪᠴᠢᠯᠠᠨ᠎ᠠ) ᠵᠢᠨ ᠱᠧᠩ ᠯᠢ ᠨᠢᠭᠡᠳᠦᠭᠡᠷ ᠵᠠᠳᠠᠭ᠋ᠠᠶ ᠨᠡᠭᠦᠷᠡᠰᠦᠨ ᠠᠭᠤᠷᠬᠠᠶ ᠵᠢᠨ ᠡᠮᠦᠨ᠎ᠡ ᠰᠢᠷᠣᠶ ᠭᠠᠳᠠᠭᠰᠢᠯᠠᠭᠤᠯᠬᠤ ᠲᠠᠯᠠᠪᠠᠶ᠂ ᠵᠠᠳᠠᠭ᠋ᠠᠶ ᠰᠢᠷᠣᠶ ᠭᠠᠳᠠᠭᠰᠢᠯᠠᠭᠤᠯᠬᠤ ᠲᠠᠯᠠᠪᠠᠶ ᠵᠢᠨ ᠬᠡᠷᠡᠯ ᠬᠠᠳᠠᠭ᠋ᠠᠯᠠᠬᠤ ᠴᠠᠬᠢᠯᠭ᠋ᠠᠨ ᠥᠷᠲᠡᠭᠡ᠂ ᠬᠦᠮᠦᠨ ᠦᠭᠡᠢ ᠵᠢᠯᠤᠭᠤᠳᠬᠤ ᠲᠦᠰᠦᠯ ᠵᠡᠷᠭᠡ ᠣᠷᠣᠨ ᠪᠦᠰᠡ ᠵᠢ ᠲᠤᠬᠠᠶ ᠵᠢᠨ ᠭᠠᠵᠠᠷ᠎ᠲᠤᠨᠢ ᠲᠣᠭᠤᠷᠢᠨ ᠦᠵᠡᠪᠡ᠃ ᠣᠶ᠋ᠢᠯᠠᠭ᠋ᠠᠭᠰᠠᠨ ᠵᠶ᠋ᠠᠷ᠂ ᠱᠸᠩ ᠯᠢ ᠡᠨᠧᠷᠭᠢ ᠵᠢᠨ ᠺᠣᠮᠫᠠᠨᠢ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠮᠠᠷᠠᠲᠤ ᠬᠢᠯᠢ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠬᠢᠵᠢᠭᠦᠯᠬᠦ᠎ᠪᠠᠷ ᠥᠪᠡᠷ᠎ᠤᠨ ᠡᠭᠦᠷᠭᠡ᠎ᠪᠠᠨ ᠪᠣᠯᠭ᠋ᠠᠵᠤ᠂ ᠨᠡᠭᠦᠷᠡᠰᠦᠨ ᠠᠭᠤᠷᠬᠠᠢ ᠵᠢᠨ ᠦᠢ᠍ᠯᠡᠳᠪᠦᠷᠢᠯᠡᠯ ᠪᠦᠳᠦᠭᠡᠨ ᠪᠠᠶ᠋ᠢᠭᠤᠯᠤᠯᠲᠠ ᠵᠢᠨ ᠶᠠᠪᠤᠴᠠ᠎ᠳᠤ 《ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ》 ᠭᠡᠬᠦ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠢᠮᠠᠭᠲᠠ ᠲᠤᠭᠤᠰᠢᠯᠠᠭᠤᠯᠵᠤ᠂ ᠠᠭᠤᠷᠬᠠᠢ ᠮᠠᠯᠲᠠᠬᠤ᠂ ᠵᠢᠷᠤᠵᠤ ᠲᠥᠯᠥᠪᠯᠡᠬᠦ ᠭᠠᠷ ᠤᠷᠠᠯᠠᠯ᠂ ᠲᠥᠬᠦᠭᠡᠷᠦᠮᠵᠢ ᠵᠢᠨ ᠪᠦᠬᠦ ᠶᠠᠪᠤᠴᠠ ᠵᠢᠨ ᠤᠶᠤᠨᠴᠢᠯᠠᠭᠰᠠᠨ ᠪᠦᠳᠦᠭᠡᠨ ᠪᠠᠶ᠋ᠢᠭᠤᠯᠤᠯᠲᠠ ᠵᠢ ᠪᠡᠶᠡᠯᠡᠭᠦᠯᠵᠦ᠂ ᠰᠢᠯᠢ ᠵᠢᠨ ᠬᠤᠳᠠ ᠵᠢᠨ ᠬᠤᠶ᠋ᠢᠲᠤ ᠲᠡᠭᠦᠷᠭᠡ ᠵᠢᠨ 《ᠴᠡᠴᠡᠷᠯᠢᠭ ᠮᠠᠶᠢᠭ᠎ᠤᠨ ᠠᠭᠤᠷᠬᠠᠢ》 ᠵᠢ ᠪᠠᠶ᠋ᠢᠭᠤᠯᠬᠤ᠎ᠪᠠᠷ ᠬᠠᠷᠠᠯᠲᠠ ᠪᠣᠯᠭ᠋ᠠᠵᠤ᠂ 《ᠭᠤᠷᠪᠠᠨ ᠠᠭᠤᠯᠠ ᠬᠤᠶᠠᠷ ᠨᠠᠭᠤᠷ ᠨᠢᠭᠡ ᠪᠦᠰᠡ ᠨᠢᠭᠡ ᠦᠢ᠍ᠯᠡᠳᠪᠦᠷᠢ ᠵᠢᠨ ᠲᠣᠭᠤᠷᠢᠭ》᠎ᠤᠨ ᠦᠵᠡᠮᠵᠢ ᠵᠢᠨ ᠪᠠᠶ᠋ᠢᠷᠢᠰᠢᠯ᠎ᠢ ᠪᠠᠶ᠋ᠢᠭᠤᠯᠵᠤ᠂ ᠠᠵᠤ ᠠᠬᠤᠶ᠋ᠢᠯᠠᠯ ᠵᠠᠯᠭ᠋ᠠᠭ᠎ᠠ᠎ᠪᠠᠷ 《ᠳᠤᠮᠳᠠᠳᠤ ᠤᠯᠤᠰ᠎ᠤᠨ ᠬᠠᠮᠤᠭ᠎ᠤᠨ ᠭᠤᠶᠤ ᠠᠭᠤᠷᠬᠠᠢ》 ᠵᠡᠷᠭᠡ ᠢᠷᠠᠭᠤ ᠠᠯᠳᠠᠷ᠎ᠢ ᠬᠦᠷᠳᠡᠵᠤ᠂ ᠤᠯᠤᠰ᠎ᠤᠨ ᠲᠡᠰ᠎ᠤᠨ ᠪᠣᠬᠢᠷᠲᠤᠯ ᠦᠭᠡᠢ ᠠᠭᠤᠷᠬᠠᠢ ᠵᠢᠨ ᠲᠦᠪᠰᠢᠨ᠎ᠢ ᠬᠥᠳᠡᠯᠦᠩᠭᠦᠢ᠎ᠪᠠᠷ ᠪᠠᠲᠤᠯᠠᠪᠠ᠃ (ᠵᠠᠩ ᠲᠢᠶᠠᠨ ᠴᠢ᠂ ᠢᠤᠢ ᠴᠢᠩ)