8 ᠳ᠋ᠤᠭ᠋ᠠᠷ ᠰᠠᠷ᠎ᠠ ᠵᠢᠨ 27᠎ᠤ ᠡᠳᠦᠷ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠳᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠡᠷᠢᠶᠡᠨ ᠬᠤᠳᠠ᠂ ᠥᠪᠥᠷ ᠮᠣᠩᠭᠤᠯ᠎ᠤᠨ ᠡᠨᠧᠷᠭᠢ ᠵᠢᠨ ᠪᠦᠯᠦᠭᠯᠡᠯ᠎ᠳᠤ ᠤᠬᠠᠭᠤᠯᠤᠨ ᠲᠠᠶ᠋ᠢᠯᠪᠤᠷᠢᠯᠠᠪᠠ᠃

ᠡᠷᠢᠶᠡᠨ ᠬᠤᠲᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠭᠡᠰᠢᠭᠦᠨ᠂ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ ᠵᠢᠨ ᠠᠵᠤ ᠠᠬᠤᠶ ᠵᠢᠨ ᠵᠥᠪᠯᠡᠯ᠎ᠤᠨ ᠡᠷᠬᠢᠯᠡᠭᠴᠢ ᠵᠢᠶᠠ ᠶᠤᠸᠠᠢ ᠹᠧᠩ 《ᠪᠥᠬᠦᠳᠡ ᠬᠤᠷᠠᠯ᠎ᠤᠨ ᠭᠤᠤᠯ ᠰᠡᠳᠦᠪ᠎ᠢ ᠭᠦᠨᠵᠡᠭᠡᠶ ᠣᠶ᠋ᠢᠯᠠᠭ᠋ᠠᠬᠤ ᠪᠠ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠵᠢᠨ ᠴᠢᠬᠤᠯᠠ ᠶᠡᠭᠡ ᠠᠴᠢ ᠬᠤᠯᠪᠣᠭᠳᠠᠯ᠎ᠢ ᠭᠦᠨᠵᠡᠭᠡᠶ ᠣᠶ᠋ᠢᠯᠠᠭ᠋ᠠᠬᠤ》᠂ 《ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠢ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠶ ᠬᠠᠷᠠᠯᠲᠠ ᠪᠠ ᠴᠢᠬᠤᠯᠠ ᠶᠡᠭᠡ ᠵᠠᠷᠴᠢᠮ᠎ᠢ ᠭᠦᠨᠵᠡᠭᠡᠶ ᠣᠶ᠋ᠢᠯᠠᠭ᠋ᠠᠬᠤ》᠂ 《〈ᠲᠣᠭᠲᠠᠭ᠋ᠠᠯ〉᠎ᠳᠤ ᠳᠤᠷᠠᠳᠤᠭᠰᠠᠨ ᠴᠢᠬᠤᠯᠠ ᠶᠡᠭᠡ ᠠᠷᠭ᠎ᠠ ᠬᠡᠮᠵᠢᠶ᠎ᠡ ᠪᠠ ᠡᠭᠦᠷᠭᠡ ᠵᠢᠨ ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠣᠨᠣᠪᠴᠢᠲᠠᠶ ᠣᠶ᠋ᠢᠯᠠᠭ᠋ᠠᠬᠤ》᠂ 《ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠬᠤ》 4 ᠲᠠᠯ᠎ᠠ ᠵᠢᠨ ᠲᠣᠭᠤᠷᠢᠨ᠎ᠳᠤ ᠤᠬᠠᠭᠤᠯᠤᠨ ᠲᠠᠶ᠋ᠢᠯᠪᠤᠷᠢᠯᠠᠬᠤ ᠵᠢᠨ ᠬᠠᠮᠲᠤ ᠰᠢ ᠴᠧᠩ ᠨᠡᠶ᠋ᠢᠭᠡᠮ ᠲᠣᠭᠤᠷᠢᠭ᠎ᠤᠨ ᠺᠠᠳ᠋ᠷ ᠣᠯᠠᠨ ᠲᠦᠮᠡᠨ᠎ᠲᠠᠢ ᠰᠠᠨᠠᠯ ᠵᠶ᠋ᠠᠨ ᠰᠣᠯᠢᠯᠴᠠᠪᠠ᠃

ᠥᠪᠥᠷ ᠮᠣᠩᠭᠤᠯ᠎ᠤᠨ ᠡᠨᠧᠷᠭᠢ ᠵᠢᠨ ᠪᠦᠯᠦᠭᠯᠡᠯ᠎ᠳᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠳᠠᠷᠤᠭ᠎ᠠ ᠵᠣᠣ ᠳ᠋ᠠ ᠶᠦᠩ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠴᠢᠬᠤᠯᠠ ᠶᠡᠭᠡ ᠠᠴᠢ ᠬᠤᠯᠪᠣᠭᠳᠠᠯ᠎ᠢ ᠭᠦᠨᠵᠡᠭᠡᠶ ᠲᠠᠨᠢᠬᠤ᠂ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠭᠤᠷᠪᠠᠳᠤᠭ᠋ᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠣᠶ᠋ᠢᠯᠠᠭ᠋ᠠᠬᠤ ᠵᠡᠷᠭᠡ ᠳᠥᠷᠪᠡᠨ ᠲᠠᠯ᠎ᠠ᠎ᠪᠠᠷ ᠤᠬᠠᠭᠤᠯᠤᠨ ᠲᠠᠶ᠋ᠢᠯᠪᠤᠷᠢᠯᠠᠪᠠ᠃

ᠥᠪᠥᠷ ᠮᠣᠩᠭᠤᠯ᠎ᠤᠨ ᠡᠨᠧᠷᠭᠢ ᠵᠢᠨ ᠪᠦᠯᠦᠭᠯᠡᠯ᠎ᠤᠨ ᠰᠢᠨ᠎ᠡ ᠡᠨᠧᠷᠭᠢ ᠵᠢᠨ ᠺᠣᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠪᠢ ᠶᠠᠨ ᠫᠧᠩ ᠤᠯᠤᠰ᠎ᠤᠨ ᠥᠮᠴᠢᠯᠡᠯ᠎ᠤᠨ ᠡᠳ᠋ ᠬᠦᠷᠦᠩᠭᠡ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢ ᠤᠯᠠᠮ ᠴᠢᠨᠠᠭᠰᠢᠳᠠ ᠭᠦᠨᠵᠡᠭᠡᠶ᠋ᠢᠷᠡᠭᠦᠯᠵᠦ᠂ ᠠᠵᠤ ᠦᠢ᠍ᠯᠡᠰ᠎ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠵᠢ ᠲᠦᠷᠭᠡᠳᠬᠡᠵᠦ᠂ ᠰᠢᠨ᠎ᠡ ᠡᠨᠧᠷᠭᠢ ᠵᠢᠨ ᠲᠦᠷᠭᠡᠨ ᠬᠥᠭᠵᠢᠯᠲᠡ ᠵᠢᠨ ᠲᠡᠦᠬᠡᠨ ᠠᠵᠠ ᠲᠣᠬᠢᠶᠠᠯ᠎ᠢ ᠠᠮᠵᠢᠵᠤ᠂ ᠰᠢᠨ᠎ᠡ ᠡᠨᠧᠷᠭᠢ ᠵᠢᠨ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢ ᠪᠦᠬᠦ ᠬᠦᠴᠦᠨ ᠵᠶ᠋ᠠᠷ ᠠᠬᠢᠭᠤᠯᠵᠤ᠂ ᠴᠠᠬᠢᠯᠭ᠋ᠠᠨ ᠬᠦᠴᠦᠨ᠎ᠤ ᠡᠨᠧᠷᠭᠢ ᠵᠢᠨ ᠪᠠᠲᠤᠯᠠᠭ᠎ᠠ ᠬᠠᠩᠭ᠋ᠠᠯᠭ᠎ᠠ ᠵᠢᠨ ᠴᠢᠳᠠᠪᠤᠷᠢ ᠵᠢ ᠬᠦᠴᠦᠲᠡᠢ ᠳᠡᠭᠡᠭᠰᠢᠯᠡᠭᠦᠯᠪᠡ᠃