ᠲᠦᠩᠯᠢᠶᠣᠤ ᠬᠤᠲᠠ᠄ ᠲᠥᠷᠥ ᠵᠢᠨ ᠪᠣᠳᠣᠯᠭ᠎ᠠ ᠲᠤᠭᠲᠠᠭ᠋ᠠᠵᠤ 《ᠬᠠᠮ ᠠᠷᠭ᠎ᠠ》 ᠵᠢ ᠬᠡᠷᠡᠭᠵᠢᠭᠦᠯᠵᠦ ᠪᠠᠢ᠌ᠭ᠋ᠠᠳ ᠬᠡᠷ ᠪᠠᠶ᠋ᠢᠰᠢᠩ ᠭᠠᠵᠠᠷ ᠬᠥᠷᠥᠩᠭᠡ ᠵᠢᠨ ᠦᠢ᠍ᠯᠡᠰ᠎ᠤᠨ ᠲᠣᠭᠲᠠᠭᠤᠨ ᠪᠥᠭᠡᠳ ᠡᠷᠡᠭᠦᠯ ᠵᠶ᠋ᠠᠷ ᠬᠥᠭᠵᠢᠬᠦ ᠵᠢ ᠠᠬᠢᠭᠤᠯᠪᠠ
2025-01-13

   ᠤᠢ᠌ᠷ᠎ᠠ᠎ᠳᠤ᠂ ᠥᠪᠥᠷ ᠮᠣᠩᠭᠣᠯ᠎ᠤᠨ ᠲᠦᠩᠯᠢᠶᠣᠣ ᠬᠣᠲᠠ ᠭᠡᠷ ᠪᠠᠢ᠌ᠰᠢᠩ ᠭᠠᠵᠠᠷ ᠬᠥᠷᠥᠩᠭᠡ ᠵᠢᠨ ᠦᠢ᠍ᠯᠡᠰ᠎ᠤᠨ ᠲᠣᠭᠲᠠᠭᠤᠨ ᠡᠷᠡᠭᠦᠯ ᠬᠥᠭᠵᠢᠯᠲᠡ ᠵᠢ ᠠᠬᠢᠭᠤᠯᠵᠤ᠂ 《ᠨᠠᠷᠢᠯᠢᠭ ᠣᠨᠣᠪᠴᠢᠲᠠᠢ ᠬᠦᠴᠦᠯᠡᠨ ᠠᠬᠢᠭᠤᠯᠵᠤ᠂ ᠥᠨᠳᠥᠷ ᠪᠦᠲᠦᠮᠵᠢᠲᠡᠢ᠂ ᠬᠣᠯᠪᠣᠭ᠋ᠠᠯᠠᠨ ᠬᠥᠳᠡᠯᠦᠯᠴᠡᠵᠦ ᠲᠣᠭᠲᠠᠭᠤᠨ ᠪᠠᠢ᠌ᠬᠤ ᠵᠢ ᠪᠠᠲᠤᠯᠠᠶ᠎ᠠ》 ᠭᠡᠬᠦ ᠭᠣᠣᠯ ᠰᠡᠳᠦᠪᠲᠦ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ᠃ ᠲᠦᠩᠯᠢᠶᠣᠤ ᠬᠤᠲᠠ ᠵᠢᠨ ᠣᠯᠠᠨ ᠰᠠᠯᠠᠭ᠎ᠠ ᠮᠥᠴᠢᠷ᠎ᠤᠨ ᠬᠠᠮᠢᠶ᠎ᠠ ᠪᠥᠬᠦᠶ ᠬᠠᠷᠢᠭᠤᠴᠠᠯᠭ᠋ᠠᠲᠠᠨ ᠲᠣᠰ ᠲᠣᠰ᠎ᠤᠨ ᠬᠦᠷᠢᠶ᠎ᠡ ᠴᠠᠷᠠᠭ᠎ᠠ ᠵᠢᠨ ᠵᠶ᠋ᠠᠨ ᠬᠡᠷ ᠪᠠᠶ᠋ᠢᠰᠢᠩ ᠭᠠᠵᠠᠷ ᠬᠥᠷᠥᠩᠭᠡ ᠵᠢᠨ ᠦᠢ᠍ᠯᠡᠰ᠎ᠤᠨ ᠲᠣᠭᠲᠠᠭᠤᠨ ᠪᠥᠭᠡᠳ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠬᠠᠮᠢᠶ᠎ᠠ ᠪᠥᠬᠦᠶ ᠠᠵᠢᠯ᠎ᠤᠨ ᠡᠭᠦᠷᠭᠡ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠡᠶ᠋ᠢᠲᠡᠯᠡᠬᠦ ᠵᠢᠨ ᠬᠠᠮᠲᠤ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃


1.13-1.jpg


   ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠤᠨ ᠠᠬᠤᠶ ᠲᠠᠯᠠᠪᠠᠶ (ᠲᠢᠶᠠᠨ ᠴᠢ ᠵᠦ᠍ ᠰᠡᠭᠦᠳᠡᠷᠯᠡᠪᠡ)

   ᠨᠡᠶ᠋ᠢᠲᠡᠯᠡᠬᠦ ᠵᠢ ᠦᠨᠳᠦᠰᠦᠯᠡᠪᠡᠯ᠂ 《ᠲᠦᠩᠯᠢᠶᠣᠤ ᠬᠤᠲᠠ ᠵᠢᠨ ᠭᠡᠷ ᠪᠠᠶ᠋ᠢᠰᠢᠩ ᠭᠠᠵᠠᠷ ᠬᠥᠷᠥᠩᠭᠡ ᠵᠢᠨ ᠦᠢ᠍ᠯᠡᠰ᠎ᠤᠨ ᠲᠣᠭᠲᠠᠭᠤᠨ ᠪᠥᠭᠡᠳ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠠᠵᠢᠯ᠎ᠤᠨ ᠲᠥᠰᠦᠯ (ᠲᠤᠷᠰᠢᠨ ᠬᠡᠷᠡᠭᠵᠢᠭᠦᠯᠬᠦ)》᠎ᠢ 7 ᠲᠠᠯ᠎ᠠ᠎ᠪᠠᠷ 39 ᠵᠦᠢ᠍ᠯ᠎ᠤᠨ ᠪᠣᠳᠠᠲᠠᠶ ᠠᠵᠢᠯ᠎ᠤᠨ ᠠᠷᠭ᠎ᠠ ᠬᠡᠮᠵᠢᠶ᠎ᠡ ᠵᠢ ᠳᠤᠷᠠᠳᠴᠤ᠂ ᠡᠳ᠋᠎ᠤᠨ ᠵᠠᠰᠠᠭ᠂ ᠮᠥᠩᠭᠦᠨ ᠭᠦᠢ᠍ᠯᠭᠡᠭᠡ᠂ ᠭᠠᠶ᠋ᠢᠯᠢ ᠲᠠᠲᠠᠪᠤᠷᠢ᠂ ᠭᠠᠵᠠᠷ ᠰᠢᠷᠣᠶ᠂ ᠲᠥᠯᠥᠪᠵᠢᠭᠦᠯᠭᠡ ᠵᠡᠷᠭᠡ ᠣᠯᠠᠨ ᠵᠦᠢ᠍ᠯ᠎ᠤᠨ ᠪᠠᠭ᠋ᠠᠵᠢ ᠵᠢ ᠶᠡᠷᠦᠩᠬᠡᠶ᠋ᠢᠯᠡᠨ ᠬᠡᠷᠡᠭᠯᠡᠵᠦ᠂ ᠬᠥᠮᠥᠷᠭᠡᠯᠡᠨ ᠬᠠᠳᠠᠭ᠋ᠠᠯᠠᠬᠤ᠂ ᠬᠡᠷ ᠪᠠᠶ᠋ᠢᠰᠢᠩ ᠲᠤᠰᠢᠶᠠᠬᠤ ᠵᠢ ᠪᠠᠲᠤᠯᠠᠬᠤ᠂ ᠰᠤᠯᠠ ᠲᠠᠯᠪᠢᠵᠤ ᠪᠠᠶ᠋ᠢᠬᠤ ᠵᠢ ᠴᠡᠪᠡᠷᠯᠡᠬᠦ᠂ ᠲᠦᠩᠯᠢᠶᠣᠤ ᠬᠤᠲᠠ ᠵᠢᠨ ᠭᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠪᠠᠯᠠ ᠣᠷᠣᠭᠤᠯᠤᠯᠲᠠ ᠪᠠ ᠲᠠᠸᠠᠷ᠎ᠤᠨ ᠭᠡᠷ ᠪᠠᠶ᠋ᠢᠰᠢᠩ ᠪᠣᠷᠣᠯᠠᠭᠤᠯᠬᠤ ᠠᠵᠤ ᠠᠬᠤᠶ᠋ᠢᠯᠠᠯ᠎ᠤᠨ ᠲᠣᠭᠲᠠᠭᠤᠨ ᠵᠶ᠋ᠠᠷ ᠳᠡᠭᠡᠭᠰᠢᠯᠡᠬᠦ ᠵᠢ ᠢᠳᠡᠪᠬᠢᠲᠡᠶ ᠠᠬᠢᠭᠤᠯᠵᠤ᠂ 2025 ᠣᠨ᠎ᠳᠤ ᠲᠠᠸᠠᠷ᠎ᠤᠨ ᠬᠡᠷ ᠪᠠᠶ᠋ᠢᠰᠢᠩ᠎ᠢ 150 ᠲᠦᠮᠡᠨ ᠲᠡᠭᠰᠢ ᠳᠥᠷᠪᠡᠯᠵᠢᠨ ᠮᠸᠲᠷ ᠪᠣᠷᠣᠯᠠᠭᠤᠯᠵᠤ᠂ ᠪᠦᠬᠦᠨ ᠵᠶ᠋ᠡᠷ ᠵᠶ᠋ᠡᠨ ᠭᠡᠷ ᠪᠠᠶ᠋ᠢᠰᠢᠩ ᠲᠤᠰᠢᠶᠠᠬᠤ ᠵᠢ ᠪᠠᠲᠤᠯᠠᠬᠤ ᠡᠭᠦᠷᠭᠡ ᠵᠢ ᠪᠡᠶᠡᠯᠡᠭᠦᠯᠵᠦ᠂ 2000 ᠮᠦ᠍᠎ᠠᠴᠠ ᠳᠡᠭᠡᠭᠰᠢ ᠰᠤᠯᠠ ᠪᠠᠶ᠋ᠢᠭ᠎ᠠ 27 ᠲᠥᠷᠥᠯ ᠵᠦᠢ᠍ᠯ᠎ᠢ ᠰᠢᠢ᠍ᠳᠪᠦᠷᠢᠯᠡᠵᠦ᠂ ᠡᠭᠦᠨ᠎ᠤ ᠤᠯᠠᠮ᠎ᠠᠴᠠ ᠵᠠᠬ᠎ᠠ ᠳᠡᠯᠭᠡᠭᠦᠷ᠎ᠤᠨ ᠵᠢᠱ᠌ᠢᠯᠲᠡ ᠵᠢ ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠬᠦ᠎ᠪᠠᠷ ᠲᠥᠯᠥᠪᠯᠡᠵᠦ ᠪᠠᠶ᠋ᠢᠨ᠎ᠠ᠃

   ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠲᠦᠩᠯᠢᠶᠣᠤ ᠵᠢᠨ ᠬᠢᠨᠠᠯᠲᠠ ᠬᠠᠮᠢᠶᠠᠷᠤᠯᠲᠠ ᠵᠢᠨ ᠬᠤᠪᠢᠶᠠᠷᠢ ᠲᠣᠪᠴᠢᠶ᠎ᠠ ᠵᠢᠨ ᠵᠣᠬᠢᠴᠠᠭᠤᠯᠬᠤ ᠲᠣᠭᠲᠠᠴᠠ ᠵᠢᠨ ᠡᠭᠦᠷᠭᠡ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠲᠦᠩᠯᠢᠶᠣᠤ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ ᠵᠢᠨ 《ᠴᠠᠭ᠋ᠠᠨ ᠨᠡᠷᠡᠰ᠎ᠤᠨ ᠵᠢᠭᠰᠠᠭ᠋ᠠᠯᠲᠠ》 ᠵᠢᠨ ᠲᠦᠷᠢᠮ᠎ᠲᠠᠢ ᠬᠤᠯᠪᠣᠭ᠋ᠠᠯᠠᠨ ᠪᠥᠬᠦ ᠬᠤᠲᠠ ᠵᠢᠨ ᠪᠠᠩᠬᠢ ᠵᠢᠨ ᠪᠠᠶ᠋ᠢᠭᠤᠯᠤᠮᠵᠢ ᠵᠢᠨ ᠬᠡᠷ ᠪᠠᠶ᠋ᠢᠰᠢᠩ ᠭᠠᠵᠠᠷ ᠬᠥᠷᠥᠩᠭᠡ ᠵᠢᠨ ᠲᠥᠷᠥᠯ ᠵᠦᠢ᠍ᠯ᠎ᠤᠨ ᠵᠦᠶ ᠵᠣᠬᠢᠰᠲᠠᠶ ᠪᠠᠯᠠ ᠲᠣᠬᠢᠷᠠᠭᠤᠯᠭ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠴᠠᠭ ᠲᠤᠬᠠᠶ᠎ᠳᠤᠨᠢ ᠬᠠᠩᠭ᠋ᠠᠬᠤ ᠵᠢ ᠬᠥᠲᠥᠯᠦᠨ ᠵᠢᠯᠣᠭᠤᠳᠪᠠ᠃ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠪᠠᠶ᠋ᠢᠭᠤᠯᠤᠮᠵᠢ ᠵᠢ ᠰᠡᠷᠭᠦᠭᠡᠬᠦ ᠲᠥᠷᠥᠯ ᠵᠦᠢ᠍ᠯ᠎ᠤᠨ ᠠᠰᠠᠭᠤᠳᠠᠯ᠎ᠢ ᠪᠥᠬᠦ ᠬᠦᠴᠦᠨ ᠵᠶ᠋ᠠᠷ ᠵᠶ᠋ᠠᠨ ᠬᠢᠨᠠᠨ ᠵᠢᠯᠣᠭᠤᠳᠴᠤ ᠵᠣᠬᠢᠴᠠᠭᠤᠯᠵᠤ᠂ ᠡᠴᠦᠰ᠎ᠲᠡᠭᠡᠨ 4 《ᠴᠠᠭ᠋ᠠᠨ ᠨᠡᠷᠡᠰ᠎ᠤᠨ ᠵᠢᠭᠰᠠᠭ᠋ᠠᠯᠲᠠ》 ᠵᠢᠨ ᠲᠥᠷᠥᠯ ᠵᠦᠢ᠍ᠯ᠎ᠳᠤ 3.23 ᠳ᠋ᠦᠩᠰᠢᠭᠤᠷ ᠲᠥᠭᠦᠷᠢᠭ᠎ᠤᠨ ᠵᠢᠭᠡᠯᠡᠯᠭᠡ ᠲᠠᠯᠪᠢᠬᠤ ᠵᠢ ᠪᠡᠶᠡᠯᠡᠭᠦᠯᠵᠦ᠂ ᠠᠵᠢᠯ᠎ᠤᠨ ᠦᠷ᠎ᠡ ᠪᠦᠲᠦᠮᠵᠢ᠎ᠨᠢ ᠥᠪᠡᠷᠲᠡᠭᠡᠨ ᠵᠠᠰᠠᠬᠤ ᠣᠷᠣᠨ᠎ᠤ ᠡᠮᠦᠨ᠎ᠡ ᠡᠩᠨᠡᠭᠡᠨ᠎ᠳᠤ ᠣᠷᠣᠪᠠ᠃


1.13-2.jpg


   ᠲᠦᠩᠯᠢᠶᠣᠣ ᠬᠤᠲᠠ ᠵᠢᠨ ᠵᠢᠵᠢᠭ ᠲᠣᠭᠤᠷᠢᠭ (ᠵᠠᠩ ᠴᠢ ᠮᠢᠨ ᠰᠡᠭᠦᠳᠡᠷᠯᠡᠪᠡ)

   ᠲᠦᠩᠯᠢᠶᠣᠤ ᠬᠤᠲᠠ ᠵᠢᠨ ᠵᠠᠰᠠᠭ᠎ᠤᠨ ᠶᠠᠪᠤᠳᠠᠯ᠎ᠤᠨ ᠲᠤᠭ᠎ᠠ ᠪᠦᠷᠢᠳᠬᠡᠯ᠎ᠤᠨ ᠲᠣᠪᠴᠢᠶ᠎ᠠ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠪᠠ ᠢᠨᠵᠧᠨᠧᠷᠢᠩ᠎ᠤᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠲᠦᠷᠢᠮ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠪᠥᠬᠦ ᠣᠷᠣᠨ᠎ᠳᠤ ᠬᠤᠲᠠ ᠵᠢᠨ ᠲᠣᠰ ᠱᠠᠲᠤᠨ᠎ᠤ ᠥᠯᠥ ᠬᠥᠳᠡᠯᠬᠦ ᠬᠥᠷᠥᠩᠭᠡ ᠵᠢᠨ ᠰᠢᠰᠲ᠋ᠧᠮ᠎ᠢ ᠢᠨᠵᠧᠨᠧᠷᠢᠩ᠎ᠤᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠰᠢᠰᠲ᠋ᠧᠮ᠎ᠤᠨ ᠲᠠᠪᠴᠠᠩ᠎ᠯᠤᠭ᠎ᠠ ᠵᠣᠯᠭ᠋ᠠᠭᠤᠯᠬᠤ ᠵᠢ ᠤᠷᠢᠳᠠᠪᠠᠷ ᠪᠡᠶᠡᠯᠡᠭᠦᠯᠵᠦ᠂ 《ᠭᠡᠷ ᠲᠤᠰᠢᠶᠠᠮᠠᠭᠴᠠ ᠳᠠᠷᠤᠢ᠎ᠳᠤᠨᠢ ᠦᠨᠡᠮᠯᠡᠯ᠎ᠢ᠎ᠨᠢ ᠲᠤᠰᠢᠶᠠᠬᠤ》 ᠵᠢ ᠨᠡᠶ᠋ᠢᠳᠡᠮ ᠬᠡᠷᠡᠭᠵᠢᠭᠦᠯᠬᠦ ᠵᠢ ᠠᠬᠢᠭᠤᠯᠤᠨ᠎ᠠ᠃  ᠠᠵᠤ ᠠᠬᠤᠶ᠋ᠢᠯᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ ᠤᠷᠢᠳᠴᠢᠯᠠᠨ ᠬᠤᠳᠠᠯᠳᠤᠬᠤ ᠵᠥᠪᠰᠢᠶᠡᠷᠡᠯ᠎ᠢ ᠰᠠᠯᠭ᠋ᠠᠬᠤ ᠪᠤᠶᠤ ᠨᠡᠶ᠋ᠢᠯᠡᠭᠦᠯᠦᠨ ᠲᠣᠬᠢᠷᠠᠭᠤᠯᠵᠤ ᠬᠤᠪᠢᠷᠠᠭᠤᠯᠬᠤ ᠠᠵᠢᠯ᠎ᠢ ᠥᠷᠨᠢᠭᠦᠯᠵᠦ᠂ ᠠᠵᠤ ᠠᠬᠤᠶ᠋ᠢᠯᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ 《ᠳᠠᠷᠦ᠋ᠢ᠍ᠬᠠᠨ ᠭᠦᠢ᠍ᠴᠡᠳᠬᠡᠬᠦ》 ᠵᠢ ᠪᠡᠶᠡᠯᠡᠭᠦᠯᠬᠦ ᠵᠢᠨ ᠬᠠᠮᠲᠤ ᠴᠠᠭ ᠲᠤᠬᠠᠶ᠎ᠳᠤᠨᠢ ᠭᠠᠳᠠᠭᠰᠢ ᠵᠠᠷᠯᠠᠨ ᠨᠡᠶ᠋ᠢᠲᠡᠯᠡᠨ᠎ᠡ᠃ ᠬᠢᠨᠠᠨ ᠵᠥᠪᠰᠢᠶᠡᠷᠡᠬᠦ ᠭᠤᠭᠴᠤᠭ᠎ᠠ ᠵᠢ ᠦᠷᠭᠦᠯᠵᠢᠯᠡᠨ ᠴᠣᠮᠬᠠᠳᠬᠠᠵᠤ᠂ ᠠᠵᠢᠯ ᠶᠠᠪᠤᠳᠠᠯ ᠭᠦᠢ᠍ᠴᠡᠳᠭᠡᠬᠦ ᠴᠢᠬᠤᠯᠠ ᠨᠥᠬᠦᠴᠡᠯ᠎ᠢ ᠪᠠᠭ᠋ᠠᠰᠬᠠᠨ᠂ ᠬᠢᠨᠠᠨ ᠵᠥᠪᠰᠢᠶᠡᠷᠡᠬᠦ ᠴᠠᠭ᠎ᠤᠨ ᠬᠢᠵᠠᠭ᠋ᠠᠷ᠎ᠢ ᠪᠠᠭ᠋ᠠᠰᠬᠠᠵᠤ᠂ ᠢᠨᠵᠸᠨ᠋ᠸᠷᠢᠩ᠎ᠤᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠠᠵᠢᠯ᠎ᠢ ᠴᠠᠭ ᠲᠤᠬᠠᠶ᠎ᠳᠤᠨᠢ ᠪᠡᠶᠡᠯᠡᠭᠦᠯᠦᠨ᠂ 《ᠨᠠᠷᠢᠯᠢᠭ ᠣᠨᠣᠴᠠᠲᠠᠶ ᠭᠦᠢ᠍ᠴᠡᠳᠭᠡᠬᠦ》᠎ᠪᠠᠷ ᠳᠠᠮᠵᠢᠭᠤᠯᠤᠨ ᠢᠨᠵᠧᠨᠧᠷᠢᠩ᠎ᠤᠨ ᠲᠥᠷᠥᠯ ᠵᠦᠢ᠍ᠯ᠎ᠢ ᠤᠷᠤᠭᠰᠢᠲᠠᠶ ᠨᠠᠶ᠋ᠢᠳᠠᠪᠤᠷᠢᠵᠢᠭᠤᠯᠤᠨ ᠠᠵᠢᠯ ᠡᠬᠢᠯᠡᠭᠦᠯᠬᠦ ᠵᠢ ᠪᠥᠬᠦ ᠬᠦᠴᠦᠨ ᠵᠶ᠋ᠠᠷ ᠵᠶ᠋ᠠᠨ ᠪᠠᠲᠤᠯᠠᠨ᠎ᠠ᠃

   ᠲᠦᠩᠯᠢᠶᠣᠣ ᠬᠣᠲᠠ ᠵᠢᠨ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ ᠭᠡᠷ ᠪᠠᠢ᠌ᠰᠢᠩ ᠭᠠᠵᠠᠷ ᠬᠥᠷᠥᠩᠭᠡ ᠵᠢᠨ ᠦᠢ᠍ᠯᠡᠰ᠎ᠤᠨ ᠲᠣᠭᠲᠠᠭᠤᠨ ᠪᠥᠭᠡᠳ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ 9 ᠲᠠᠯ᠎ᠠ ᠵᠢᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠡᠢ᠌ᠲᠡᠯᠡᠪᠡ᠃  ᠲᠡᠦᠬᠡ ᠵᠢ ᠬᠦᠨᠳᠦᠳᠬᠡᠬᠦ᠂ ᠠᠵᠤ ᠠᠬᠤᠶ᠋ᠢᠯᠠᠯ᠎ᠤᠨ ᠬᠦᠰᠡᠯ ᠰᠠᠨᠠᠭ᠎ᠠ ᠵᠢ ᠬᠦᠨᠳᠦᠳᠬᠡᠬᠦ ᠵᠠᠷᠴᠢᠮ ᠶᠣᠰᠣᠭ᠋ᠠᠷ ᠲᠡᠦᠬᠡᠨ᠎ᠠᠴᠠ ᠦᠯᠡᠳᠡᠭᠳᠡᠵᠦ ᠢᠷᠡᠭᠰᠡᠨ ᠠᠰᠠᠭᠤᠳᠠᠯ᠎ᠢ ᠥᠨᠳᠥᠷ ᠪᠦᠲᠦᠮᠵᠢᠲᠡᠶ᠎ᠪᠠᠷ ᠰᠢᠢ᠍ᠳᠪᠦᠷᠢᠯᠡᠵᠦ᠂ ᠳᠡᠰ ᠳᠠᠷᠠᠭ᠋ᠠᠯᠠᠯ ᠶᠣᠰᠣᠭ᠋ᠠᠷ ᠲᠥᠯᠥᠪᠵᠢᠭᠦᠯᠭᠡ ᠵᠢᠨ ᠰᠢᠨᠵᠢ ᠴᠢᠨᠠᠷ ᠵᠶ᠋ᠠᠷ᠎ᠨᠢ ᠣᠷᠣᠨ ᠰᠠᠭᠤᠴᠠ᠎ᠳᠤ ᠬᠡᠷᠡᠭᠯᠡᠬᠦ ᠭᠠᠵᠠᠷ᠎ᠤᠨ ᠬᠠᠩᠭ᠋ᠠᠯᠭ᠎ᠠ ᠵᠢ ᠨᠡᠮᠡᠭᠳᠡᠭᠦᠯᠵᠦ᠂ ᠮᠠᠰᠢᠨᠲᠤ ᠲᠡᠷᠭᠡᠨ᠎ᠤ ᠪᠠᠶ᠋ᠢᠷᠢ ᠵᠢᠨ ᠬᠠᠷᠢᠴᠠᠯ᠎ᠢ ᠰᠢᠯᠢᠳᠡᠭᠵᠢᠭᠦᠯᠦᠨ᠂ ᠲᠣᠬᠢᠷᠠᠭᠤᠯᠤᠨ ᠪᠠᠶ᠋ᠢᠭᠤᠯᠬᠤ ᠪᠡᠯᠡᠳᠬᠡᠮᠵᠢ ᠵᠢ ᠪᠠᠭᠲᠠᠭ᠋ᠠᠮᠵᠢ ᠵᠢᠨ ᠨᠣᠷᠮ᠎ᠠ ᠪᠠ ᠪᠠᠷᠢᠯᠭ᠎ᠠ ᠵᠢᠨ ᠨᠢᠭᠲᠠᠴᠠ᠎ᠳᠤ ᠪᠤᠳᠤᠵᠤ ᠣᠷᠣᠭᠤᠯᠬᠤ ᠦᠭᠡᠢ ᠪᠠᠶ᠋ᠢᠬᠤ ᠵᠢ ᠵᠥᠪᠰᠢᠶᠡᠷᠡᠵᠦ᠂ ᠲᠥᠪᠯᠡᠷᠡᠭᠦᠯᠦᠨ ᠪᠦᠲᠦᠭᠡᠨ ᠪᠠᠶ᠋ᠢᠭᠤᠯᠬᠤ᠎ᠳᠤ ᠲᠣᠬᠢᠷᠠᠬᠤ ᠢᠵᠢ ᠪᠦᠷᠢᠳᠦᠭᠦᠯᠦᠨ ᠪᠦᠲᠦᠭᠡᠨ ᠪᠠᠶ᠋ᠢᠭᠤᠯᠬᠤ ᠭᠡᠷ ᠪᠠᠶ᠋ᠢᠰᠢᠩ᠎ᠢ ᠣᠷᠣᠨ ᠪᠦᠰᠡ ᠵᠢᠨ ᠪᠣᠳᠠᠲᠠᠶ ᠪᠠᠶ᠋ᠢᠳᠠᠯ ᠵᠶ᠋ᠠᠨ ᠦᠨᠳᠦᠰᠦᠯᠡᠨ ᠪᠤᠰᠤᠳ ᠠᠷᠭ᠎ᠠ ᠮᠠᠶᠢᠭ ᠵᠶ᠋ᠠᠷ ᠪᠦᠲᠦᠭᠡᠨ ᠪᠠᠶ᠋ᠢᠭᠤᠯᠬᠤ ᠵᠢ ᠵᠥᠪᠰᠢᠶᠡᠷᠡᠵᠦ᠂ ᠪᠠᠷᠢᠯᠭ᠎ᠠ ᠵᠢᠨ ᠬᠡᠪᠴᠢᠶ᠎ᠡ᠎ᠨᠢ ᠥᠷᠭᠡᠨ᠂ ᠬᠠᠭᠤᠴᠢᠨ ᠬᠤᠲᠠ ᠵᠢ ᠥᠭᠡᠷᠡᠴᠢᠯᠡᠬᠦ ᠵᠡᠷᠭᠡ ᠣᠨᠴᠠᠭ᠋ᠠᠢ ᠭᠠᠵᠠᠷ᠎ᠤᠨ ᠡᠶᠡᠷᠭᠦ ᠵᠠᠢ ᠪᠠ ᠪᠠᠷᠢᠯᠭ᠎ᠠ ᠵᠢᠨ ᠤᠬᠤᠷᠢᠬᠤ ᠱᠤᠭᠤᠮ᠂ ᠣᠷᠣᠨ ᠰᠠᠭᠤᠴᠠ ᠵᠢᠨ ᠪᠠᠷᠢᠯᠭ᠎ᠠ ᠵᠢᠨ ᠥᠨᠳᠥᠷ᠎ᠤᠨ ᠬᠡᠮᠵᠢᠶ᠎ᠡ ᠵᠡᠷᠭᠡ ᠲᠥᠷᠥ ᠵᠢᠨ ᠪᠣᠳᠣᠯᠭ᠎ᠠ ᠵᠢ ᠠᠭᠤᠵᠢᠭᠤ ᠲᠠᠯᠪᠢᠵᠤ᠂ ᠨᠠᠷᠠᠪᠴᠢ ᠵᠢ ᠪᠢᠲᠡᠭᠦᠮᠵᠢᠯᠡᠪᠡᠯ 1.8 ᠮᠸᠲᠷ᠎ᠤᠨ 《ᠬᠠᠭ᠋ᠠᠰ ᠵᠶ᠋ᠠᠷ ᠨᠤᠭᠤᠯᠤᠨ ᠪᠣᠳᠣᠬᠤ》 ᠵᠢ ᠪᠠᠷᠢᠯᠭ᠎ᠠ ᠵᠢᠨ ᠲᠠᠯᠠᠪᠠᠢ᠎ᠳᠤ ᠣᠷᠣᠭᠤᠯᠵᠤ ᠪᠣᠯᠤᠨ᠎ᠠ᠃

   ᠲᠦᠩᠯᠢᠶᠣᠤ ᠬᠤᠲᠠ ᠵᠢᠨ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠲᠥᠪ ᠴᠠᠭ ᠲᠤᠬᠠᠶ᠎ᠳᠤ᠎ᠨᠢ ᠲᠣᠬᠢᠷᠠᠭᠤᠯᠤᠨ ᠰᠢᠯᠢᠳᠡᠭᠵᠢᠭᠦᠯᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠵᠢᠭᠡᠯᠡᠯᠭᠡ ᠵᠢᠨ ᠲᠤᠭ᠎ᠠ ᠬᠡᠮᠵᠢᠶ᠎ᠡ ᠵᠢ ᠳᠡᠭᠡᠭᠰᠢᠯᠡᠭᠦᠯᠬᠦ᠂ ᠥᠨᠳᠥᠷ ᠲᠠᠰ ᠳᠠᠪᠬᠤᠷᠭ᠎ᠠ ᠵᠢᠨ ᠴᠢᠳᠠᠪᠤᠷᠢᠲᠠᠨ ᠪᠠ ᠣᠯᠠᠨ ᠦᠷ᠎ᠡ ᠬᠡᠤᠬᠡᠳ᠎ᠲᠠᠢ ᠬᠡᠷ ᠪᠦᠯᠢ ᠵᠢᠨ ᠵᠢᠭᠡᠯᠡᠯᠭᠡ ᠵᠢᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ᠂ ᠬᠤᠪᠢ ᠬᠥᠮᠦᠨ᠎ᠤ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠵᠢᠭᠡᠯᠡᠯᠭᠡ ᠵᠢᠨ ᠬᠦᠤ ᠮᠥᠩᠭᠦ ᠵᠢᠨ ᠨᠣᠷᠮ᠎ᠠ ᠵᠢ ᠪᠠᠭᠤᠷᠠᠭᠤᠯᠬᠤ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠵᠢᠭᠡᠯᠡᠯᠭᠡ ᠵᠢ ᠪᠤᠳᠤᠬᠤ ᠲᠤᠭ᠎ᠠ ᠬᠡᠮᠵᠢᠶ᠎ᠡ ᠵᠢ ᠳᠡᠭᠡᠭᠰᠢᠯᠡᠭᠦᠯᠬᠦ᠂ ᠠᠵᠢᠯᠲᠠᠨ ᠠᠵᠢᠯᠴᠢᠨ᠎ᠤ ᠵᠢᠭᠡᠯᠡᠯᠭᠡ ᠵᠢ ᠪᠤᠴᠠᠭ᠋ᠠᠬᠤ ᠬᠠᠮᠤᠭ᠎ᠤᠨ ᠥᠨᠳᠥᠷ ᠨᠠᠰᠤᠨ᠎ᠳᠤ ᠳᠣᠭᠢᠷᠠᠭᠤᠯᠬᠤ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠦ ᠵᠢᠨ ᠦᠯᠡᠳᠡᠪᠦᠷᠢ ᠲᠤᠭ᠎ᠠ᠎ᠪᠠᠷ ᠬᠡᠷ ᠪᠠᠶ᠋ᠢᠰᠢᠩ ᠬᠤᠳᠠᠯᠳᠤᠨ ᠠᠪᠬᠤ᠎ᠳᠤ ᠠᠩᠬ᠎ᠠ ᠲᠤᠰᠢᠶᠠᠬᠤ ᠮᠥᠩᠭᠦ ᠵᠢ ᠳᠥᠯᠥᠬᠦ ᠵᠢ ᠳᠡᠮᠵᠢᠬᠦ ᠵᠡᠷᠭᠡ ᠲᠥᠷᠥ ᠵᠢᠨ ᠪᠣᠳᠣᠯᠭ᠎ᠠ᠎ᠪᠠᠷ ᠳᠠᠮᠵᠢᠭᠤᠯᠤᠨ ᠦᠯᠡᠳᠡᠭᠡᠯ ᠪᠠᠯᠠ ᠮᠥᠩᠭᠦ ᠵᠢ ᠠᠮᠢᠳᠤᠯᠢᠭ ᠪᠣᠯᠭ᠋ᠠᠪᠠ᠃

   ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠲᠦᠩᠯᠢᠶᠣᠣ ᠬᠣᠲᠠ ᠵᠢᠨ ᠬᠤᠪᠢᠶᠠᠷᠢ ᠪᠠᠩᠬᠢ᠎ᠨᠢ ᠭᠡᠷ᠎ᠤᠨ ᠵᠢᠭᠡᠯᠡᠯᠭᠡ ᠵᠢᠨ ᠬᠦᠦ ᠵᠢᠨ ᠨᠣᠷᠮ᠎ᠠ ᠵᠢ ᠪᠠᠭᠤᠷᠠᠭᠤᠯᠬᠤ᠂ ᠬᠠᠮᠤᠭ ᠳᠣᠣᠷ᠎ᠠ᠎ᠨᠢ ᠠᠩᠬ᠎ᠠ ᠲᠤᠰᠢᠶᠠᠬᠤ ᠬᠠᠷᠢᠴᠠᠯ᠎ᠢ ᠲᠣᠬᠢᠷᠠᠭᠤᠯᠤᠨ ᠪᠠᠭᠤᠷᠠᠭᠤᠯᠬᠤ᠂ ᠭᠡᠷ᠎ᠤᠨ ᠵᠢᠭᠡᠯᠡᠯᠭᠡ ᠵᠢᠨ ᠬᠦᠦ ᠵᠢᠨ ᠨᠣᠷᠮ᠎ᠠ ᠵᠢ ᠬᠤᠪᠢᠷᠠᠭᠤᠯᠬᠤ᠎ᠨᠢ ᠵᠢᠭᠡᠯᠡᠯᠭᠡ ᠵᠢᠨ ᠵᠠᠬ᠎ᠠ ᠳᠡᠯᠭᠡᠭᠦᠷ᠎ᠤᠨ ᠮᠡᠳᠡᠭᠦᠯᠦᠭᠰᠡᠨ ᠦᠨ᠎ᠡ ᠵᠢᠨ ᠬᠦᠦ ᠮᠥᠩᠭᠥ ᠵᠢᠨ ᠨᠣᠷᠮ᠎ᠠ (LPR) ᠵᠢᠨ ᠰᠠᠭᠤᠷᠢᠨ ᠳᠡᠭᠡᠷᠡᠬᠢ ᠴᠡᠭ ᠨᠡᠮᠡᠬᠦ ᠬᠡᠮᠵᠢᠶ᠎ᠡ ᠵᠢ ᠨᠡᠮᠡᠬᠦ ᠵᠢᠨ ᠬᠠᠮᠲᠤ ᠭᠡᠷ᠎ᠤᠨ ᠵᠢᠭᠡᠯᠡᠯᠭᠡ ᠵᠢᠨ ᠬᠦᠦ ᠵᠢᠨ ᠨᠣᠷᠮ᠎ᠠ ᠵᠢ ᠳᠠᠬᠢᠨ ᠲᠣᠭᠲᠠᠭ᠋ᠠᠬᠤ ᠦᠶᠡᠯᠡᠯ᠎ᠤᠨ ᠬᠤᠭᠤᠴᠠᠭ᠎ᠠ ᠵᠢ ᠬᠠᠮᠤᠭ ᠣᠬᠣᠷ ᠨᠢᠭᠡ ᠵᠢᠯ᠎ᠳᠤ ᠬᠢᠵᠠᠭ᠋ᠠᠷᠯᠠᠨ᠎ᠠ᠃ (ᠲᠢᠶᠠᠨ ᠴᠢ ᠵᠦ᠍ ᠯᠢᠶᠠᠩ ᠴᠤᠸᠠᠩ)

 

ᠢᠷᠡᠯᠲᠡ᠄ ᠲᠥᠪ᠎ᠤᠨ ᠷᠠᠳᠢᠣ᠋ ᠰᠦᠯᠵᠢᠶ᠎ᠡ ᠵᠢᠨ ᠬᠡᠷᠡᠭᠯᠡᠭᠰᠡᠳ᠎ᠤᠨ ᠦᠵᠦᠭᠦᠷ