2024 ᠣᠨ᠎ᠤ ᠤᠯᠤᠰ᠎ᠤᠨ ᠭᠠᠵᠠᠷ ᠱᠢᠷᠣᠶ᠎ᠶ᠋ᠢ ᠬᠤᠪᠢᠷᠠᠭᠤᠯᠤᠭ᠍ᠰᠠᠨ ᠪᠠᠢᠴᠠᠭᠠᠯᠲᠠ᠎ᠶ᠋ᠢᠨ ᠳᠤᠮᠳᠠ᠂ ᠥᠪᠥᠷ ᠮᠣᠩᠭᠤᠯ᠎ᠤᠨ ᠣᠳᠣᠬᠢ ᠪᠠᠢᠳᠠᠯ᠎ᠤᠨ ᠲᠠᠷᠢᠶᠠᠨ ᠭᠠᠵᠠᠷ᠎ᠤᠨ ᠲᠠᠯᠠᠪᠠᠶ ᠨᠢ 1.75 ᠳ᠋ᠦᠩᠱᠢᠭᠤᠷ ᠮᠥ᠍ ᠪᠠᠢᠵᠤ᠂ ᠤᠯᠤᠰ᠎ᠠᠴᠠ ᠪᠠᠭᠤᠯᠭᠠᠭ᠍ᠰᠠᠨ ᠬᠠᠮᠠᠭᠠᠯᠠᠯᠲᠠ᠎ᠶ᠋ᠢᠨ ᠡᠭᠦᠷᠭᠡ᠎ᠶ᠋ᠢ ᠳᠠᠪᠠᠭᠤᠯᠤᠨ ᠪᠡᠶᠡᠯᠡᠭᠦᠯᠵᠦ᠍᠂ ᠲᠠᠷᠢᠶᠠᠨ ᠭᠠᠵᠠᠷ᠎ᠤᠨ ᠶᠡᠷᠦᠩᠬᠡᠶ ᠬᠡᠮᠵᠢᠶ᠎ᠡ ᠪᠥᠬᠦ᠌ ᠤᠯᠤᠰ᠎ᠲᠤ ᠬᠤᠶᠠᠳᠤᠭᠠᠷ᠎ᠲᠤ ᠣᠷᠣᠵᠤ᠂ ᠲᠣᠰ ᠵᠢᠯ᠎ᠤᠨ ᠲᠠᠷᠢᠶᠠᠨ ᠭᠠᠵᠠᠷ᠎ᠤᠨ ᠬᠠᠮᠠᠭᠠᠯᠠᠯᠲᠠ ᠪᠠ ᠠᠮᠤ ᠪᠤᠳᠠᠭᠠᠨ᠎ᠤ ᠠᠮᠤᠷ ᠲᠦᠪᠱᠢᠨ᠎ᠤ ᠬᠢᠨᠠᠨ ᠱᠢᠯᠭᠠᠯᠲᠠ᠎ᠳᠤ ᠪᠥᠬᠦ᠌ ᠤᠯᠤᠰ᠎ᠲᠤ ᠲᠡᠷᠢᠭᠦᠯᠡᠪᠡ᠃
2022 ᠣᠨ᠎ᠳᠤ ᠥᠪᠥᠷ ᠮᠣᠩᠭᠤᠯ ᠵᠦᠪᠱᠢᠶᠡᠷᠡᠭ᠌ᠰᠡᠨ ᠪᠠᠢᠲᠠᠯ᠎ᠠ ᠦᠯᠦ᠍ ᠬᠠᠩᠭᠠᠭ᠍ᠰᠠᠨ ᠪᠠ ᠰᠤᠯᠠ ᠲᠠᠯᠪᠢᠭᠳᠠᠵᠤ ᠪᠠᠢᠭ᠎ᠠ ᠭᠠᠵᠠᠷ ᠱᠢᠷᠣᠢ᠎ᠶ᠋ᠢ 《ᠲᠤᠢᠯᠪᠤᠷᠢᠲᠠᠢ ᠪᠠᠢᠴᠠᠭᠠᠬᠤ》 ᠠᠵᠢᠯᠯᠠᠭ᠎ᠠ ᠥᠷᠨᠢᠭᠦᠯᠦᠭ᠌ᠰᠡᠨ᠎ᠠᠴᠠ ᠨᠠᠭ᠋ᠠᠰᠢ᠂ ᠵᠦᠪᠱᠢᠶᠡᠷᠡᠭ᠌ᠰᠡᠨ ᠪᠠᠢᠲᠠᠯ᠎ᠠ ᠦᠯᠦ᠍ ᠬᠠᠩᠭᠠᠭ᠍ᠰᠠᠨ ᠪᠠ ᠰᠤᠯᠠ ᠲᠠᠯᠪᠢᠭᠳᠠᠵᠤ ᠪᠠᠢᠭ᠎ᠠ ᠭᠠᠵᠠᠷ ᠱᠢᠷᠣᠢ᠎ᠶ᠋ᠢ ᠨᠡᠢᠳᠡ 65.86 ᠲᠦᠮᠡᠨ ᠮᠦ᠍ ᠭᠦᠢ᠍ᠯᠭᠡᠭᠡᠨ ᠲᠠᠢ ᠪᠣᠯᠭ᠋ᠠᠵᠤ᠂ ᠡᠭᠦᠨ᠎ᠳᠤ 2024 ᠣᠨ᠎ᠳᠤ ᠰᠤᠯᠠ ᠲᠠᠯᠪᠢᠭᠳᠠᠵᠤ ᠪᠠᠢᠭ᠎ᠠ ᠭᠠᠵᠠᠷ ᠱᠢᠷᠣᠢ᠎ᠶ᠋ᠢᠨ ᠴᠡᠪᠡᠷ ᠰᠢᠢ᠍ᠳᠪᠦᠷᠢᠯᠡᠯᠲᠡ᠎ᠶᠢᠨ ᠨᠤᠷᠮ᠎ᠠ ᠪᠦᠬᠦ᠌ ᠤᠯᠤᠰ᠎ᠤᠨ ᠨᠢᠭᠡᠳᠦᠭᠡᠷ᠎ᠲᠤ ᠣᠷᠣᠪᠠ᠃
《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠠᠴᠠ ᠨᠠᠭᠠᠰᠢ᠂ ᠥᠪᠥᠷ ᠮᠣᠩᠭᠤᠯ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠪᠠᠲᠤ ᠰᠠᠬᠢᠵᠤ᠂ ᠭᠠᠵᠠᠷ ᠱᠢᠷᠣᠶ᠎ᠶ᠋ᠢ ᠠᠷᠪᠢᠲᠠᠶ ᠡᠷᠴᠢᠮᠯᠢᠭ ᠠᠱᠢᠭ᠍ᠯᠠᠬᠤ ᠲᠦᠪᠱᠢᠨ᠎ᠢ ᠳᠡᠭᠡᠭ᠌ᠰᠢᠯᠡᠭᠦᠯᠵᠦ᠍᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭ᠌ᠵᠢᠭᠦᠯᠬᠦ᠌᠎ᠶ᠋ᠢ ᠪᠠᠷᠢᠮᠲᠠᠯᠠᠪᠠ ᠁ ᠪᠠᠢᠭᠠᠯᠢ᠎ᠶ᠋ᠢᠨ ᠡᠬᠢ ᠪᠠᠶᠠᠯᠢᠭ᠎ᠤᠨ ᠬᠦᠷᠢᠶᠡᠨ᠎ᠳᠠᠬᠢ ᠴᠢᠨᠠᠷ ᠰᠠᠢᠲᠠᠢ ᠬᠥᠭ᠌ᠵᠢᠯᠲᠡ᠎ᠶ᠋ᠢᠨ ᠬᠠᠷᠢᠭᠤᠯᠲᠠ᠎ᠶ᠋ᠢᠨ ᠬᠠᠭᠤᠳᠠᠰᠤ 《 ᠬᠦᠨᠳᠦ ᠨᠦᠰᠡᠷ》 ᠪᠠᠢᠨ᠎ᠠ᠃
ᠥᠭᠡᠷᠡᠴᠢᠯᠡᠯᠲᠡ᠎ᠶ᠋ᠢ ᠭᠦᠨᠵᠡᠭᠡᠢ᠌ᠷᠡᠭᠦᠯᠵᠦ ᠭᠠᠵᠠᠷ ᠱᠢᠷᠣᠶ᠎ᠶ᠋ᠢᠨ ᠠᠱᠢᠭ᠍ᠯᠠᠯᠲᠠ᠎ᠶ᠋ᠢ ᠨᠠᠩ ᠥᠨᠳᠥᠷ ᠪᠦᠲᠦᠮᠵᠢᠲᠡᠶ ᠪᠣᠯᠭᠠᠨ᠎ᠠ
ᠠᠯᠠᠭᠠᠨ ᠴᠢᠨᠡᠭᠡ ᠭᠠᠵᠠᠷ ᠨᠢ ᠤᠯᠤᠰ᠎ᠤᠨ ᠠᠵᠤ ᠠᠬᠤᠢ ᠲᠠᠢ ᠬᠣᠯᠪᠣᠭᠳᠠᠵᠤ᠂ ᠨᠢᠭᠡ ᠳᠠᠯᠠᠩ ᠨᠢᠭᠡ ᠮᠦ᠍ ᠨᠢ ᠠᠷᠠᠳ᠎ᠤᠨ ᠠᠮᠢᠳᠤᠷᠠᠯ᠎ᠢ ᠠᠴᠢᠶᠠᠯᠠᠨ᠎ᠠ᠃ ᠥᠪᠥᠷ ᠮᠣᠩᠭᠤᠯ ᠭᠠᠵᠠᠷ ᠱᠢᠷᠣᠶ᠎ᠶ᠋ᠢ ᠠᠷᠪᠢᠲᠠᠶ ᠡᠷᠴᠢᠮᠯᠢᠭ 《ᠨᠠᠷᠢᠨ ᠲᠠᠩᠰᠠ ᠪᠤᠳᠤᠬᠤ》 ᠶ᠋ᠢ ᠰᠠᠢᠲᠤᠷ ᠬᠢᠵᠦ᠍᠂ ᠬᠢᠵᠠᠭᠠᠷ᠎ᠲᠠᠢ ᠭᠠᠵᠠᠷ ᠱᠢᠷᠣᠶ ᠳᠡᠭᠡᠷ᠎ᠡ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠵᠢᠷᠤᠭ᠍ᠯᠠᠪᠠ᠃
ᠨᠢᠳᠤᠨᠤᠨ᠎ᠤ 7 ᠳ᠋ᠤᠭ᠋ᠠᠷ ᠰᠠᠷ᠎ᠠ᠎ᠳᠤ᠂ ᠪᠠᠶᠠᠨᠨᠠᠭᠤᠷ ᠬᠤᠲᠠ᠎ᠶ᠋ᠢᠨ ᠦᠶᠤᠸᠠᠨ ᠱᠢᠶᠠᠨ᠎ᠤ ᠲᠢᠶᠠᠨ ᠵᠢᠢ ᠲᠠᠢ ᠪᠠᠯᠭᠠᠰᠤᠨ᠎ᠤ ᠱᠢᠩ ᠹᠧᠩ ᠲᠣᠰᠭᠤᠨ᠎ᠤ 7000 ᠭᠠᠷᠤᠶ ᠲᠡᠭ᠌ᠰᠢ ᠳᠥᠷᠪᠡᠯᠵᠢᠨ ᠮᠧᠲᠷ᠎ᠤᠨ ᠬᠥᠳᠡᠭᠡ ᠲᠣᠰᠭᠤᠨ᠎ᠤ ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠶ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ 《ᠭᠠᠷᠤᠨ ᠥᠰᠥᠭ ᠵᠢᠷᠤᠵᠤ》 ᠠᠮᠵᠢᠯᠲᠠ ᠣᠯᠵᠤ᠂ ᠠᠷᠠᠯᠵᠢᠶ᠎ᠠ ᠪᠦᠲᠦᠭ᠌ᠰᠡᠨ ᠦᠨ᠎ᠡ ᠨᠢ 59.1 ᠲᠦᠮᠡᠨ ᠲᠥᠭᠦᠷᠢᠭ᠎ᠲᠤ ᠬᠦᠷᠴᠦ᠍᠂ ᠱᠢᠪᠲᠦᠷᠲᠦ ᠤᠰᠤ ᠳᠣᠭᠢᠷᠠᠭᠤᠯᠬᠤ ᠲᠥᠷᠥᠯ ᠵᠦᠢᠯ᠎ᠢ ᠪᠥᠲᠥᠭᠡᠨ ᠪᠠᠢᠭᠤᠯᠬᠤ᠎ᠳᠤ ᠬᠡᠷᠡᠭ᠌ᠯᠡᠪᠡ᠃ ᠲᠣᠰ ᠲᠥᠷᠥᠯ ᠵᠦᠶ᠋ᠯ᠎ᠨᠢ ᠠᠵᠤ ᠦᠶ᠋ᠯᠡᠰ᠎ᠤᠨ ᠪᠠᠯᠠ ᠣᠷᠣᠭᠤᠯᠤᠯᠲᠠ᠎ᠶ᠋ᠢᠨ ᠬᠡᠪᠴᠢᠶ᠎ᠡ 3000 ᠲᠦᠮᠡᠨ ᠲᠥᠭᠦᠷᠢᠭ᠎ᠢ ᠳᠠᠢᠴᠢᠯᠠᠵᠤ᠂ ᠠᠱᠢᠭ᠍ᠯᠠᠯᠲᠠ᠎ᠳᠤ ᠣᠷᠣᠭᠤᠯᠤᠭ᠍ᠰᠠᠨ᠎ᠤ ᠳᠠᠷᠠᠭ᠎ᠠ ᠵᠢᠱ᠌ᠢᠯᠲᠡ᠎ᠪᠠᠷ ᠵᠢᠯ᠎ᠤᠨ ᠦᠢᠯᠡᠳᠪᠦᠷᠢᠯᠡᠯ᠎ᠤᠨ ᠶᠡᠷᠦᠩᠬᠡᠶ ᠥᠷᠲᠡᠭ 8000 ᠭᠠᠷᠤᠶ ᠲᠦᠮᠡᠨ ᠲᠥᠭᠦᠷᠢᠭ᠎ᠲᠤ ᠬᠦᠷᠴᠦ᠍᠂ ᠬᠥᠳᠡᠭᠡ ᠲᠣᠰᠭᠤᠨ᠎ᠤ ᠶᠠᠳᠠᠭᠤ᠎ᠠᠴᠠ ᠠᠩᠭᠢᠵᠢᠷᠠᠭ᠍ᠰᠠᠨ ᠬᠥᠮᠦᠨ ᠠᠮᠠ᠎ᠶ᠋ᠢᠨ ᠴᠠᠯᠢᠩ᠎ᠤᠨ ᠴᠢᠨᠠᠷᠲᠠᠶ ᠣᠷᠣᠯᠭ᠎ᠠ ᠵᠢᠯ ᠪᠦᠷᠢ 50 ᠠᠴᠠ 60 ᠲᠦᠮᠡᠨ ᠲᠥᠭᠦᠷᠢᠭ ᠨᠡᠮᠡᠭ᠌ᠳᠡᠬᠦ᠌ ᠪᠣᠯᠤᠨ᠎ᠠ᠃
ᠱᠢᠩ ᠹᠧᠩ ᠲᠣᠰᠭᠤᠨ᠎ᠤ ᠡᠨᠡ ᠬᠦ᠌ ᠤᠤᠯ᠎ᠨᠢ ᠦᠷ᠎ᠡ ᠠᠱᠢᠭ᠎ᠢᠶᠠᠷ ᠳᠣᠣᠷ᠎ᠠ᠂ ᠰᠤᠯᠠ ᠲᠠᠯᠪᠢᠭᠳᠠᠵᠤ ᠪᠠᠢᠭ᠎ᠠ ᠭᠠᠵᠠᠷ ᠱᠢᠷᠣᠶ᠎ᠨᠢ ᠬᠥᠳᠡᠭᠡ ᠲᠣᠰᠭᠤᠨ᠎ᠤ ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠶ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠵᠠᠬ᠎ᠠ ᠳᠡᠯᠭᠡᠭᠦᠷ᠎ᠲᠤ ᠣᠷᠣᠬᠤ ᠥᠭᠡᠷᠡᠴᠢᠯᠡᠯᠲᠡ᠎ᠠᠴᠠ ᠪᠣᠯᠤᠭ᠍ᠰᠠᠨ ᠶᠤᠮ᠃
2023 ᠣᠨ᠎ᠳᠤ᠂ ᠥᠪᠥᠷ ᠮᠣᠩᠭᠤᠯ ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠶ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠵᠠᠬ᠎ᠠ ᠳᠡᠯᠭᠡᠭᠦᠷ᠎ᠲᠤ ᠣᠷᠣᠭᠤᠯᠬᠤ ᠲᠤᠷᠱᠢᠯᠲᠠ᠎ᠶ᠋ᠢᠨ ᠠᠵᠢᠯ᠎ᠢ ᠥᠷᠨᠢᠭᠦᠯᠵᠦ᠍᠂ ᠲᠤᠷᠱᠢᠯᠲᠠ᠎ᠶ᠋ᠢᠨ ᠬᠤᠭᠤᠴᠠᠭᠠᠨ᠎ᠳᠤ ᠬᠥᠳᠡᠭᠡ ᠲᠣᠰᠭᠤᠨ᠎ᠤ ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠶ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ 33 ᠢᠵᠢ ᠵᠠᠬ᠎ᠠ ᠳᠡᠯᠭᠡᠭᠦᠷ᠎ᠲᠤ ᠣᠷᠣᠭᠤᠯᠬᠤ᠎ᠶ᠋ᠢ ᠪᠡᠶᠡᠯᠡᠭᠦᠯᠪᠡ᠃ ᠦᠶᠤᠸᠠᠨ ᠱᠢᠶᠠᠨ᠂ ᠣᠩᠨᠢᠭᠤᠳ ᠬᠤᠱᠢᠭᠤᠨ᠎ᠤ ᠨᠡᠢᠲᠡᠯᠢᠭ ᠲᠤᠷᠱᠢᠯᠭ᠎ᠠ ᠠᠷᠭ᠎ᠠ ᠬᠢᠳᠡᠯ᠎ᠨᠢ ᠪᠦᠬᠦ᠌ ᠤᠯᠤᠰ᠎ᠤᠨ ᠨᠡᠢᠲᠡᠯᠢᠭ ᠵᠢᠱ᠌ᠢᠶ᠎ᠡ ᠦᠵᠡᠭᠦᠯᠬᠦ᠌ ᠬᠡᠷᠡᠭ᠎ᠤᠨ ᠵᠢᠱ᠌ᠢᠶ᠎ᠡ᠎ᠪᠠᠷ ᠰᠣᠩᠭᠤᠭ᠍ᠳᠠᠪᠠ᠃
ᠬᠥᠳᠡᠭᠡ ᠲᠣᠰᠭᠤᠨ᠎ᠤ ᠬᠠᠮᠲᠤ᠎ᠶ᠋ᠢᠨ ᠡᠵᠡᠩᠨᠡᠯᠲᠡ᠎ᠶ᠋ᠢᠨ ᠴᠢᠨᠠᠷᠲᠠᠶ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠵᠠᠬ᠎ᠠ ᠳᠡᠯᠭᠡᠭᠦᠷ᠎ᠲᠤ ᠣᠷᠣᠭᠤᠯᠬᠤ ᠪᠣᠯ ᠭᠠᠵᠠᠷ ᠱᠢᠷᠣᠶ᠎ᠶ᠋ᠢᠨ ᠲᠦᠷᠢᠮ᠎ᠤᠨ ᠥᠭᠡᠷᠡᠴᠢᠯᠡᠯᠲᠡ᠎ᠶ᠋ᠢᠨ ᠴᠢᠬᠤᠯᠠ ᠬᠡᠰᠡᠭ ᠮᠥᠨ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠂ ᠲᠠᠷᠢᠶᠠᠴᠢᠳ᠎ᠤᠨ ᠡᠷᠬᠡ ᠠᠱᠢᠭ᠎ᠢ ᠪᠠᠲᠤᠯᠠᠬᠤ᠎ᠳᠤ ᠴᠢᠬᠤᠯᠠ ᠶᠡᠭᠡ ᠠᠴᠢ ᠬᠤᠯᠪᠣᠭ᠍ᠳᠠᠯ᠎ᠲᠠᠢ ᠶᠤᠮ᠃ ᠥᠭᠡᠷᠡᠴᠢᠯᠡᠯᠲᠡ᠎ᠶ᠋ᠢᠨ ᠲᠤᠷᠤᠨ᠎ᠠ᠎ᠶ᠋ᠢᠨ ᠰᠠᠯᠬᠢᠨ᠎ᠤ ᠡᠷᠴᠢᠨ ᠳᠡᠭᠡᠷ᠎ᠡ᠂ ᠥᠪᠥᠷ ᠮᠣᠩᠭᠤᠯ᠎ᠤᠨ ᠲᠤᠷᠱᠢᠯᠲᠠ᠎ᠶ᠋ᠢᠨ ᠭᠠᠵᠠᠷ ᠣᠷᠣᠨ ᠬᠥᠳᠡᠭᠡ ᠲᠣᠰᠭᠤᠨ᠎ᠤ ᠭᠠᠵᠠᠷ ᠱᠢᠷᠣᠶ᠎ᠶ᠋ᠢᠨ ᠡᠬᠢ ᠪᠠᠶᠠᠯᠢᠭ᠎ᠢ ᠪᠦᠲᠦᠮᠵᠢᠲᠡᠶ ᠠᠮᠢᠳᠤᠯᠢᠭ ᠪᠣᠯᠭᠠᠭ᠍ᠰᠠᠨ ᠪᠥᠭᠡᠳ ᠠᠵᠤ ᠦᠢᠯᠡᠰ᠎ᠤᠨ ᠲᠥᠷᠥᠯ ᠵᠦᠢᠯ ᠪᠣᠯᠭᠠᠨ ᠬᠤᠪᠢᠷᠠᠭᠤᠯᠵᠤ᠂ ᠲᠣᠰᠭᠤᠨ᠎ᠤ ᠬᠠᠮᠲᠤ᠎ᠶ᠋ᠢᠨ ᠠᠵᠤ ᠠᠬᠤᠶ᠎ᠶ᠋ᠢᠨ ᠣᠷᠣᠯᠭ᠎ᠠ᠎ᠶ᠋ᠢ ᠨᠡᠮᠡᠭ᠌ᠳᠡᠭᠦᠯᠦᠭ᠌ᠰᠡᠨ ᠪᠥᠭᠡᠳ ᠲᠣᠰᠭᠤᠨ᠎ᠤ ᠠᠷᠠᠳ᠎ᠲᠤ ᠪᠠᠰᠠ ᠠᠵᠢᠯ᠎ᠤᠨ ᠪᠠᠢᠷᠢ ᠬᠠᠩᠭᠠᠭ᠍ᠰᠠᠨ ᠪᠠᠢᠨ᠎ᠠ᠃
《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠥᠪᠥᠷ ᠮᠣᠩᠭᠤᠯ᠎ᠤᠨ ᠭᠠᠵᠠᠷ ᠱᠢᠷᠣᠶ᠎ᠶ᠋ᠢ ᠶᠡᠷᠦᠩᠬᠡᠢᠯᠡᠨ ᠴᠡᠭ᠌ᠴᠡᠯᠡᠨ ᠵᠠᠰᠠᠬᠤ ᠠᠵᠢᠯ ᠦᠷᠭᠦᠯᠵᠢᠯᠡᠨ ᠭᠦᠨᠵᠡᠭᠡᠢᠷᠡᠵᠦ᠍᠂ ᠭᠠᠵᠠᠷ ᠱᠢᠷᠣᠶ᠎ᠶ᠋ᠢᠨ ᠠᠱᠢᠭ᠍ᠯᠠᠯᠲᠠ᠎ᠶ᠋ᠢᠨ ᠦᠷ᠎ᠡ ᠪᠦᠲᠦᠮᠵᠢ᠎ᠶ᠋ᠢ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠪᠡ᠃ ᠪᠦᠬᠦ ᠣᠷᠣᠨ᠎ᠳᠤ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ᠎ᠶᠢᠨ ᠨᠡᠮᠡᠭᠳᠡᠯ ᠬᠠᠰᠤᠭᠳᠠᠯ᠎ᠢ ᠬᠣᠯᠪᠣᠬᠤ ᠲᠥᠷᠥᠯ ᠵᠦᠢᠯ 193᠂ 15.52 ᠲᠦᠮᠡᠨ ᠮᠦ᠍᠂ ᠡᠭᠦᠨ᠎ᠳᠦ ᠭᠤᠸᠠᠩᠳᠦᠢᠩ ᠮᠤᠵᠢ᠎ᠯᠤᠭ᠎ᠠ ᠮᠤᠵᠢ ᠠᠯᠤᠰᠯᠠᠭ᠍ᠰᠠᠨ ᠭᠦᠢᠴᠡᠳᠭᠡᠬᠦ᠌ ᠲᠣᠭ᠎ᠠ᠎ᠶ᠋ᠢᠨ ᠠᠷᠠᠯᠵᠢᠶ᠎ᠠ 7384 ᠮᠦ᠍᠂ ᠵᠣᠭᠣᠰ᠎ᠤᠨ ᠲᠣᠭ᠎ᠠ 22.15 ᠳ᠋ᠦᠩᠱᠢᠭᠤᠷ ᠲᠥᠭᠥᠷᠢᠭ᠎ᠢ ᠪᠡᠶᠡᠯᠡᠭᠦᠯᠵᠦ᠍᠂ ᠵᠧᠵᠢᠶᠠᠩ ᠮᠤᠵᠢ᠎ᠯᠤᠭ᠎ᠠ ᠨᠡᠮᠡᠭ᠌ᠳᠡᠯ ᠬᠠᠰᠤᠭ᠍ᠳᠠᠯᠢ ᠬᠣᠯᠪᠣᠬᠤ ᠭᠦᠢ᠍ᠴᠡᠳᠭᠡᠬᠦ ᠲᠣᠭ᠎ᠠ᠎ᠶ᠋ᠢᠨ ᠲᠣᠬᠢᠷᠠᠭᠤᠯᠭ᠎ᠠ ᠬᠢᠬᠦ᠌ ᠵᠥᠪᠳᠡᠯᠴᠡᠬᠡᠷ 1.56 ᠲᠦᠮᠡᠨ ᠮᠦ᠍ ᠂ ᠵᠣᠭᠣᠰ᠎ᠤᠨ ᠲᠣᠭ᠎ᠠ ᠨᠢ 50 ᠳ᠋ᠦᠩᠱᠢᠭᠤᠷ ᠲᠥᠭᠥᠷᠢᠭ ᠪᠤᠯᠤᠨ᠎ᠠ ᠃
《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠥᠪᠥᠷ ᠮᠣᠩᠭᠤᠯ ᠱᠢᠨ᠎ᠡ᠎ᠪᠠᠷ ᠨᠡᠮᠡᠭ᠌ᠳᠡᠭ᠌ᠰᠡᠨ ᠠᠵᠤ ᠦᠢᠯᠡᠳᠪᠦᠷᠢ᠎ᠳᠤ ᠬᠡᠷᠡᠭ᠌ᠯᠡᠬᠦ᠌ ᠭᠠᠵᠠᠷ᠎ᠤᠨ 《ᠪᠠᠷᠢᠮᠵᠢᠶᠠᠲᠤ ᠭᠠᠵᠠᠷ》 ᠤᠨ ᠥᠭᠡᠷᠡᠴᠢᠯᠡᠯᠲᠡ᠎ᠶ᠋ᠢ ᠦᠷᠭᠦᠯᠵᠢᠯᠡᠨ ᠠᠬᠢᠭᠤᠯᠵᠤ᠂ ᠪᠥᠬᠦ᠌ ᠣᠷᠣᠨ᠎ᠤ ᠡᠯ᠎ᠡ ᠲᠥᠷᠥᠯ᠎ᠤᠨ ᠨᠡᠭᠡᠭᠡᠯᠲᠡ᠎ᠶ᠋ᠢᠨ ᠣᠷᠣᠨ᠎ᠳᠤ ᠱᠢᠨ᠎ᠡ᠎ᠪᠠᠷ ᠨᠡᠮᠡᠭ᠌ᠳᠡᠭ᠌ᠰᠡᠨ ᠠᠵᠤ ᠦᠢᠯᠡᠳᠪᠦᠷᠢ᠎ᠳᠤ ᠬᠡᠷᠡᠭ᠌ᠯᠡᠬᠦ᠌ ᠭᠠᠵᠠᠷ ᠪᠦᠬᠦᠨ᠎ᠢ 《ᠪᠠᠷᠢᠮᠵᠢᠶᠠᠲᠤ ᠭᠠᠵᠠᠷ》 ᠢᠶᠠᠷ ᠱᠢᠯᠵᠢᠭᠦᠯᠦᠨ ᠥᠭ᠌ᠬᠦ᠎ᠶ᠋ᠢ ᠪᠡᠶᠡᠯᠡᠭᠦᠯᠪᠡ᠃
ᠱᠢᠰᠲ᠋ᠧᠮ᠎ᠲᠠᠢ ᠵᠠᠰᠠᠬᠤ ᠠᠮᠢ ᠠᠬᠤᠢ᠎ᠶ᠋ᠢᠨ ᠰᠠᠭᠤᠷᠢ ᠦᠩᠭᠡ᠎ᠶᠢ ᠨᠠᠩ ᠦᠵᠡᠰᠭᠦᠯᠡᠩᠲᠦ ᠰᠠᠢᠬᠠᠨ ᠪᠣᠯᠭ᠋ᠠᠨ᠎ᠠ
ᠡᠨᠡ ᠵᠢᠯ᠎ᠤᠨ ᠤᠯᠤᠰ᠎ᠤᠨ ᠪᠠᠶᠠᠷ᠂ ᠨᠠᠢ᠍ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠠᠮᠠᠷᠠᠯᠲᠠ᠎ᠶ᠋ᠢᠨ ᠬᠤᠭᠤᠴᠠᠭᠠᠨ᠎ᠳᠤ᠂ ᠤᠯᠠᠭᠠᠨᠰᠤᠬᠠᠢ ᠶᠡᠭᠡ ᠬᠡᠮᠵᠢᠶᠡᠨ᠎ᠤ ᠵᠤᠭᠠᠴᠠᠭ᠍ᠰᠠᠳᠢ ᠲᠡᠳᠡᠨ ᠠᠪᠴᠢᠷᠠᠵᠤ ᠺᠠᠷᠲ᠋ᠠᠯᠠᠪᠠ᠂ ᠭᠤᠶᠤ ᠦᠵᠡᠮᠵᠢ᠎ᠶ᠋ᠢ ᠰᠣᠨᠢᠷᠬᠠᠵᠤ᠂ ᠰᠠᠢ᠌ᠬᠠᠨ ᠠᠮᠲᠠ᠎ᠶ᠋ᠢ ᠠᠮᠲᠠᠯᠠᠨ᠎ᠠ᠃
ᠤᠯᠠᠭᠠᠨᠰᠤᠬᠠᠢ ᠨᠠᠭᠤᠷ ᠬᠠᠳᠤᠨ ᠭᠤᠣᠯ᠎ᠤᠨ ᠤᠰᠤᠨ᠎ᠤ ᠡᠬᠢ ᠰᠤᠷᠪᠤᠯᠵᠢ᠎ᠶ᠋ᠢ ᠬᠠᠳᠠᠭᠠᠯᠠᠬᠤ ᠪᠠ ᠬᠠᠩᠭᠠᠬᠤ ᠠᠮᠢ ᠠᠬᠤᠢ᠎ᠶ᠋ᠢᠨ ᠴᠢᠳᠠᠮᠵᠢᠳᠤ ᠣᠷᠣᠨ ᠪᠣᠯᠤᠭ᠍ᠰᠠᠨ᠎ᠤ ᠬᠤᠪᠢ᠎ᠳᠤ᠂ ᠨᠢᠭᠡ ᠦᠶ᠎ᠡ ᠤᠰᠤᠨ ᠭᠠᠳᠠᠷᠭᠤ᠎ᠶ᠋ᠢᠨ ᠲᠠᠯᠠᠪᠠᠢ ᠪᠠᠭᠠᠰᠴᠤ᠌᠂ ᠤᠰᠤᠨ ᠴᠣᠭᠴᠠ᠎ᠶᠢᠨ ᠰᠢᠮ᠎ᠡ ᠲᠡᠵᠢᠭᠡᠯ᠎ᠦᠨ ᠡᠯᠪᠡᠭᠵᠢᠯ ᠨᠡᠯᠢᠶᠡᠳ ᠬᠦᠨᠳᠦ ᠨᠣᠴᠢᠲᠠᠢ ᠪᠠᠢᠵᠤ ᠂ ᠠᠮᠢ ᠠᠬᠤᠢ᠎ᠶᠢᠨ ᠴᠢᠳᠠᠮᠵᠢ ᠨᠢ ᠮᠠᠭᠤᠳᠠᠭᠰᠠᠨ ᠪᠠᠢᠨ᠎ᠠ ᠃
ᠠᠮᠢ ᠠᠬᠤᠢ᠎ᠶᠢ ᠰᠠᠢᠵᠢᠷᠠᠭᠤᠯᠬᠤ ᠨᠢ ᠰᠢᠨᠵᠢᠯᠡᠬᠦ ᠤᠬᠠᠭᠠᠨᠴᠢ ᠵᠠᠰᠠᠯᠲᠠᠠ᠋ᠴᠠ ᠰᠠᠯᠵᠤ ᠴᠢᠳᠠᠬᠤ ᠦᠭᠡᠢ ᠶᠤᠮ᠃ ᠣᠢᠷ᠎ᠠ᠎ᠶ᠋ᠢᠨ ᠵᠢᠯ᠎ᠤᠨ ᠲᠤᠷᠰᠢ᠂ ᠥᠪᠥᠷ ᠮᠣᠩᠭᠤᠯ ᠤᠯᠠᠭᠠᠨᠰᠤᠬᠠᠢ᠎ᠶ᠋ᠢᠨ ᠰᠠᠪᠠ ᠭᠠᠵᠠᠷ᠎ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ᠎ᠤᠨ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠌ ᠲᠤᠷᠱᠢᠯᠲᠠ᠎ᠶ᠋ᠢᠨ ᠴᠡᠭ᠎ᠤᠨ ᠢᠨᠵᠧᠨᠧᠷᠢᠩ᠎ᠢ ᠡᠬᠢᠯᠡᠭᠦᠯᠵᠦ᠍᠂ ᠤᠯᠠᠭᠠᠨᠰᠤᠬᠠᠢ᠎ᠳᠤ ᠪᠥᠬᠦ᠌ ᠰᠠᠪᠠ ᠭᠠᠵᠠᠷ᠂ ᠱᠢᠰᠲ᠋ᠧᠮᠵᠢᠭᠦᠯᠦᠨ ᠵᠠᠰᠠᠬᠤ ᠠᠵᠢᠯ᠎ᠢ ᠥᠷᠨᠢᠭᠦᠯᠵᠦ᠍᠂ ᠵᠠᠰᠠᠬᠤ ᠬᠡᠪᠴᠢᠶ᠎ᠡ᠎ᠨᠢ 1.63 ᠲᠦᠮᠡᠨ ᠲᠡᠭ᠌ᠰᠢ ᠳᠥᠷᠪᠡᠯᠵᠢᠨ ᠺᠢᠯᠣᠮᠧᠲᠷ᠎ᠲᠤ ᠬᠦᠷᠴᠦ᠍᠂ 《ᠨᠠᠭᠤᠷ ᠴᠥᠭᠥᠷᠥᠮ᠎ᠢ ᠵᠠᠰᠠᠬᠤ》᠎ᠠᠴᠠ 《ᠰᠠᠪᠠ ᠭᠠᠵᠠᠷ᠎ᠢ ᠵᠠᠰᠠᠬᠤ》᠎ᠳᠤ ᠰᠢᠯᠵᠢᠬᠦ ᠬᠤᠪᠢᠷᠠᠯᠲᠠ᠎ᠶᠢ ᠪᠡᠶᠡᠯᠡᠭᠦᠯᠪᠡ᠃
ᠥᠨᠥᠳᠦᠷ᠎ᠤᠨ ᠤᠯᠠᠭᠠᠨᠰᠤᠬᠠᠢ ᠨᠠᠭᠤᠷ ᠨᠣᠮᠢᠨ ᠳᠣᠯᠭᠢᠶᠠᠨ ᠲᠤᠨᠤᠷᠠᠵᠤ᠂ ᠬᠤᠯᠤᠰᠤ ᠰᠠᠵᠢᠯᠠᠵᠤ᠂ ᠵᠢᠯ ᠪᠦᠷᠢ᠎ᠶ᠋ᠢᠨ ᠬᠠᠪᠤᠷ ᠶᠡᠭᠡ ᠬᠡᠮᠵᠢᠶᠡᠨ᠎ᠤ ᠨᠡᠭᠦᠳᠡᠯ᠎ᠤᠨ ᠱᠢᠪᠠᠭᠤ᠎ᠶ᠋ᠢ ᠤᠭ᠍ᠲᠤᠨ ᠠᠪᠴᠢᠷᠠᠵᠤ᠂ ᠲᠤᠯᠪᠤᠳᠤ ᠨᠠᠮᠤᠷ᠎ᠤᠨ ᠨᠤᠭᠤᠰᠤ ᠵᠡᠷᠭᠡ ᠤᠯᠤᠰ᠎ᠤᠨ ᠭᠤᠤᠯᠳᠠᠯᠭ᠎ᠠ᠎ᠲᠠᠢ ᠬᠠᠮᠠᠭᠠᠯᠠᠬᠤ ᠬᠡᠭᠡᠷ᠎ᠡ᠎ᠶ᠋ᠢᠨ ᠠᠮᠢᠲᠠᠨ᠎ᠢ ᠪᠠᠭ᠍ᠲᠠᠭᠠᠨ᠎ᠠ᠃
《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠠᠴᠠ ᠨᠠᠭᠠᠰᠢ᠂ ᠥᠪᠥᠷ ᠮᠣᠩᠭᠤᠯ 《ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ》 ᠭᠡᠬᠦ᠌ ᠣᠢᠯᠠᠭᠠᠭ᠍ᠳᠠᠬᠤᠨ᠎ᠢ ᠡᠷᠡᠰ ᠲᠤᠭᠤᠱᠢᠯᠠᠭᠤᠯᠵᠤ᠂ ᠠᠮᠢ ᠠᠬᠤᠢ᠎ᠶ᠋ᠢ ᠬᠠᠮᠠᠭᠠᠯᠠᠨ ᠰᠡᠷᠭᠦᠭᠡᠬᠦ᠌ ᠪᠠ ᠵᠠᠰᠠᠬᠤ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃
ᠠᠭᠤᠷᠬᠠᠢ᠎ᠶ᠋ᠢᠨ ᠦᠢᠯᠡᠰ᠎ᠦᠨ ᠬᠥᠭ᠌ᠵᠢᠯᠲᠡ᠎ᠳᠦ ᠴᠤ᠌ ᠨᠣᠭᠣᠭᠠᠨ ᠥᠩᠭᠡ ᠪᠠᠢᠬᠤ ᠬᠡᠷᠡᠭ᠌ᠲᠡᠢ᠃ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠠᠴᠠ ᠨᠠᠭᠠᠰᠢ᠂ ᠥᠪᠥᠷ ᠮᠣᠩᠭᠤᠯ ᠲᠡᠤᠬᠡᠨ᠎ᠠᠴᠠ ᠦᠯᠡᠳᠡᠭ᠌ᠳᠡᠵᠦ᠍ ᠢᠷᠡᠭ᠌ᠰᠡᠨ ᠠᠭᠤᠷᠬᠠᠶ᠎ᠶ᠋ᠢᠨ ᠲᠤᠯᠪᠤ᠎ᠲᠦ ᠵᠢᠷᠤᠭ᠎ᠢ ᠵᠠᠰᠠᠨ ᠰᠡᠷᠭᠦᠭᠡᠭ᠌ᠰᠡᠨ ᠲᠠᠯᠠᠪᠠᠶ᠎ᠶ᠋ᠢ ᠨᠡᠢᠲᠡ 105.07 ᠲᠡᠭ᠌ᠰᠢ ᠳᠥᠷᠪᠡᠯᠵᠢᠨ ᠺᠢᠯᠣᠮᠧᠲᠷ ᠪᠡᠶᠡᠯᠡᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ 100 ᠲᠡᠭ᠌ᠰᠢ ᠳᠥᠷᠪᠡᠯᠵᠢᠨ ᠺᠢᠯᠣᠮᠧᠲᠷ᠎ᠤᠨ ᠬᠠᠷᠠᠯᠲᠠ ᠡᠭᠦᠷᠭᠡ᠎ᠪᠠᠨ ᠨᠢᠭᠡᠨᠲᠡ ᠤᠷᠢᠳᠴᠢᠯᠠᠨ ᠳᠠᠪᠠᠭᠤᠯᠤᠨ ᠪᠡᠶᠡᠯᠡᠭᠦᠯᠪᠡ᠃ ᠣᠲᠣ ᠪᠣᠯᠲᠠᠯ᠎ᠠ᠂ ᠲᠡᠤᠬᠡᠨ᠎ᠠᠴᠠ ᠦᠯᠡᠳᠡᠭ᠌ᠳᠡᠵᠦ᠍ ᠢᠷᠡᠭ᠌ᠰᠡᠨ ᠠᠭᠤᠷᠬᠠᠶ᠎ᠶ᠋ᠢᠨ ᠲᠣᠯᠪᠤᠲᠦ ᠵᠢᠷᠤᠭ᠎ᠤᠨ ᠬᠠᠰᠣᠵᠦ ᠠᠷᠢᠯᠭ᠋ᠠᠬᠤ ᠲᠠᠯᠠᠪᠠᠶ ᠪᠥᠬᠦ᠌ ᠤᠯᠤᠰ᠎ᠤᠨ ᠲᠡᠷᠢᠭᠦᠨ᠎ᠳᠤ ᠣᠷᠣᠪᠠ᠃
2021 ᠣᠨ᠎ᠠᠴᠠ ᠨᠠᠭᠠᠰᠢ᠂ ᠥᠪᠥᠷ ᠮᠣᠩᠭᠤᠯ᠎ᠤᠨ ᠣᠨ᠎ᠤ ᠠᠭᠤᠷᠬᠠᠶ᠎ᠶ᠋ᠢᠨ ᠠᠮᠢ ᠠᠬᠤᠶ᠎ᠶ᠋ᠢᠨ ᠰᠡᠯᠭᠦᠨ ᠰᠡᠷᠭᠦᠭ᠌ᠰᠡᠨ ᠲᠠᠯᠠᠪᠠᠶ ᠴᠥᠮ ᠠᠭᠤᠷᠬᠠᠶ ᠮᠠᠯᠲᠠᠬᠤ ᠡᠪᠳᠡᠭ᠌ᠳᠡᠭ᠌ᠰᠡᠨ ᠲᠠᠯᠠᠪᠠᠶ᠎ᠠᠴᠠ ᠶᠡᠭᠡ ᠪᠠᠢᠵᠤ᠂ 《ᠰᠢᠨ᠎ᠡ ᠥᠷᠢ᠎ᠶᠢ ᠳᠠᠭᠢᠵᠤ ᠥᠷᠢᠲᠦᠬᠦ ᠦᠭᠡᠢ᠂ ᠬᠠᠭᠤᠴᠢᠨ ᠥᠷᠢ᠎ᠶᠢ ᠲᠦᠷᠭᠡᠨ ᠲᠥᠯᠥᠬᠦ》 ᠶ᠋ᠢ ᠪᠡᠶᠡᠯᠡᠭᠦᠯᠵᠦ᠍᠂ ᠵᠠᠰᠠᠯᠲᠠ᠎ᠶ᠋ᠢᠨ ᠦᠷ᠎ᠡ ᠪᠦᠲᠦᠭᠡᠯ ᠲᠠᠰᠤᠷᠠᠯᠲᠠ ᠥᠬᠡᠶ ᠪᠠᠬᠢᠵᠢᠵᠦ᠍᠂ ᠵᠠᠰᠠᠯᠲᠠ᠎ᠶ᠋ᠢᠨ ᠦᠷ᠎ᠡ ᠪᠦᠲᠦᠮᠵᠢ ᠲᠠᠰᠤᠷᠠᠯᠲᠠ ᠥᠬᠡᠶ ᠲᠣᠪᠤᠢᠮ᠎ᠠ ᠪᠣᠯᠪᠠ᠃ ᠡᠭᠦᠨ᠎ᠤ ᠬᠠᠮᠲᠤ᠌᠂ ᠪᠠᠰᠠ ᠨᠢᠭᠡ ᠪᠦᠯᠦᠭ ᠲᠡᠷᠢᠭᠦᠨ᠎ᠤ ᠵᠢᠱ᠌ᠢᠶᠡᠴᠢ ᠠᠭᠤᠷᠬᠠᠢ ᠴᠣᠯᠭᠤᠷᠠᠨ ᠭᠠᠷᠪᠠ᠂ ᠡᠭᠦᠨ᠎ᠳᠤ᠂ ᠤᠯᠤᠰ᠎ᠤᠨ ᠡᠨᠧᠷᠭᠢ᠎ᠶᠢᠨ ᠵᠦᠩᠭᠠᠷ᠎ᠤᠨ ᠡᠨᠧᠷᠭᠢ᠎ᠶᠢᠨ ᠪᠦᠯᠦᠭᠯᠡᠯ᠎ᠤᠨ ᠾᠸᠢ ᠳ᠋ᠠᠢ ᠭᠧᠤ ᠵᠠᠳᠠᠭᠠᠢ ᠨᠡᠭᠦᠷᠡᠰᠦᠨ ᠠᠭᠤᠷᠬᠠᠢ᠎ᠨᠢ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠠᠴᠠ ᠪᠦᠬᠦ᠌ ᠤᠯᠤᠰ᠎ᠤᠨ ᠠᠩᠬᠠᠳᠠᠭ᠍ᠴᠢ ᠪᠦᠯᠦᠭ᠎ᠤᠨ 15 ᠦᠢᠯᠡᠳᠪᠦᠷᠢᠯᠡᠯ᠎ᠤᠨ ᠠᠭᠤᠷᠬᠠᠢ᠎ᠶ᠋ᠢᠨ ᠠᠮᠢ ᠠᠬᠤᠢ᠎ᠶ᠋ᠢ ᠵᠠᠰᠠᠨ ᠰᠡᠷᠭᠦᠭᠡᠭ᠌ᠰᠡᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢᠨ ᠨᠢᠭᠡ᠎ᠪᠠᠷ ᠦᠨᠡᠯᠡᠭ᠌ᠳᠡᠪᠡ᠃
ᠠᠭᠤᠷᠬᠠᠢ ᠡᠷᠢᠵᠦ ᠰᠢᠪᠲᠤᠯᠬᠤ ᠠᠭᠤᠷᠬᠠᠢ᠎ᠶᠢᠨ ᠭᠠᠷᠤᠯᠲᠠ᠎ᠶᠢᠨ ᠦᠪ ᠬᠦᠷᠦᠩᠭᠡ᠎ᠶᠢ ᠤᠯᠠᠮ ᠵᠤᠵᠠᠭᠠᠨ ᠪᠣᠯᠭ᠋ᠠᠨ᠎ᠠ
2025 ᠣᠨ᠎ᠤ 4 ᠳ᠋ᠦ᠍ᠭᠡᠷ ᠰᠠᠷ᠎ᠠ᠎ᠳᠤ᠂ 《ᠠᠽᠢᠶ᠎ᠠ ᠲᠢᠪ᠎ᠤᠨ ᠬᠠᠮᠤᠭ᠎ᠤᠨ ᠲᠣᠮᠣ ᠬᠠᠲᠠᠭᠤ ᠴᠢᠯᠠᠭᠤᠯᠢᠭ ᠬᠡᠯᠪᠡᠷᠢ᠎ᠶ᠋ᠢᠨ ᠯᠢᠲ᠋ᠢ ᠠᠭᠤᠷᠬᠠᠶ᠂ ᠬᠥᠬᠡᠮᠥ᠋ᠷᠡᠨ᠎ᠠᠴᠠ ᠤᠮᠠᠷ᠎ᠠ ᠬᠠᠮᠤᠭ᠎ᠤᠨ ᠲᠣᠮᠣ ᠲᠠᠩ ᠴᠣᠭ᠍ᠴᠠᠲᠤ ᠴᠠᠭᠠᠨ ᠲᠤᠭᠤᠯᠭ᠎ᠠ᠎ᠶ᠋ᠢᠨ ᠠᠭᠤᠷᠬᠠᠶ᠎ᠨᠢ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠠᠭᠤᠷᠬᠠᠶ ᠮᠠᠯᠲᠠᠬᠤ ᠵᠥᠪᠱᠢᠶᠡᠷᠡᠯ᠎ᠢ ᠣᠯᠪᠠ》 ᠭᠡᠬᠦ᠌ ᠮᠡᠳᠡᠭᠡ᠎ᠨᠢ ᠬᠥᠮᠦᠰ᠎ᠤᠨ ᠠᠩᠬᠠᠷᠤᠯ᠎ᠢ ᠶᠡᠬᠡᠳᠡ ᠲᠠᠲᠠᠪᠠ᠃
ᠡᠨᠡ ᠪᠣᠯ ᠤᠯᠠᠭᠠᠨᠬᠠᠳᠠ ᠬᠤᠲᠠ᠎ᠶ᠋ᠢᠨ ᠬᠡᠱᠢᠭ᠌ᠲᠡᠨ ᠬᠤᠱᠢᠭᠤᠨ᠎ᠤ ᠸᠤᠯᠹᠷᠠᠮ᠎ᠤᠨ ᠯᠢᠲ᠋ᠢ ᠣᠯᠠᠨ ᠲᠡᠮᠦᠷᠯᠢᠭ᠎ᠤᠨ ᠠᠭᠤᠷᠬᠠᠢ ᠪᠣᠯᠣᠨ᠎ᠠ᠂ ᠭᠤᠣᠯᠳᠠᠭᠤ ᠯᠢᠲ᠋ᠢ᠂ ᠴᠠᠭᠠᠨ ᠲᠤᠭᠤᠯᠭ᠎ᠠ᠂ ᠸᠣᠯᠹᠷᠠᠮ᠂ ᠴᠠᠢᠷ ᠵᠡᠷᠭᠡ ᠦᠨᠡᠲᠦ ᠲᠡᠮᠦᠷᠯᠢᠭ᠎ᠤᠨ ᠡᠯᠧᠮᠧᠨ᠋ᠲ᠎ᠲᠠᠢ᠂ ᠪᠤᠯᠠᠭ᠍ᠳᠠᠬᠤ᠎ᠨᠢ ᠭᠦᠢᠬᠡᠨ᠂ ᠬᠦᠳᠡᠷ᠎ᠤᠨ ᠠᠭᠤᠯᠤᠭ᠍ᠳᠠᠴᠠ᠎ᠨᠢ ᠵᠤᠵᠠᠭᠠᠨ᠂ ᠡᠬᠢ ᠪᠠᠶᠠᠯᠢᠭ᠎ᠤᠨ ᠬᠠᠳᠠᠭᠠᠯᠠᠭ᠍ᠳᠠᠴᠠ᠎ᠨᠢ ᠶᠡᠭᠡ᠂ ᠴᠢᠨᠠᠷ ᠰᠠᠢ᠌ᠲᠠᠢ ᠵᠡᠷᠭᠡ ᠣᠨᠴᠠᠯᠢᠭ᠎ᠲᠠᠢ᠂ ᠡᠳᠦᠭᠡ ᠨᠢᠭᠡᠨᠲᠡ ᠬᠠᠢᠨ ᠲᠤᠲᠤᠯᠠᠭ᠍ᠰᠠᠨ ᠶᠡᠷᠦᠩᠬᠡᠢ ᠬᠦᠳᠡᠷ᠎ᠤᠨ ᠠᠭᠤᠯᠤᠭ᠍ᠳᠠᠴᠠ 5527 ᠲᠦᠮᠡᠨ ᠲᠣᠨ ᠪᠠᠢᠨ᠎ᠠ᠃ ᠣᠢᠯᠠᠭᠠᠭ᠍ᠰᠠᠨ᠎ᠢᠶᠠᠷ᠂ ᠸᠢᠯᠠᠰᠲ᠋ᠣ᠋ ᠣᠯᠠᠨ ᠲᠡᠮᠦᠷᠯᠢᠭ᠎ᠤᠨ ᠠᠭᠤᠷᠬᠠᠶ᠎ᠳᠤ 7 ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠦᠪᠥᠷᠢᠯᠡᠬᠦ᠌ ᠲᠥᠷᠥᠯ ᠵᠦᠢᠯ᠎ᠢ ᠲᠥᠯᠥᠪᠵᠢᠭᠦᠯᠵᠦ᠍᠂ ᠯᠢᠲ᠋ᠢ᠎ᠶ᠋ᠢᠨ ᠣᠯᠠᠨ ᠲᠡᠮᠦᠷᠯᠢᠭ᠎ᠤᠨ ᠠᠭᠤᠷᠬᠠᠶ᠎ᠶ᠋ᠢᠨ 《ᠳᠡᠯᠡᠬᠡᠶ᠎ᠶ᠋ᠢᠨ ᠲᠠᠰ᠎ᠤᠨ ᠬᠠᠳᠠᠭᠠᠯᠠᠭ᠍ᠳᠠᠴᠠ》 ᠶ᠋ᠢ ᠮᠢᠩᠭᠠᠨ ᠳ᠋ᠦᠩᠱᠢᠭᠤᠷ ᠲᠠᠰ᠎ᠤᠨ ᠠᠵᠤ ᠦᠢᠯᠡᠰ ᠪᠣᠯᠭᠠᠨ ᠪᠥᠲᠥᠭᠡᠨ ᠪᠠᠢᠭᠤᠯᠵᠤ᠂ ᠠᠵᠤ ᠦᠢᠯᠡᠰ᠎ᠤᠨ ᠬᠡᠯᠬᠢᠶ᠎ᠡ᠎ᠶ᠋ᠢᠨ ᠳᠡᠭᠡᠳᠦ ᠲᠠᠰ ᠳᠡᠪᠱᠢᠬᠦ᠌᠎ᠶ᠋ᠢ ᠠᠬᠢᠭᠤᠯᠬᠤ ᠪᠤᠯᠤᠨ᠎ᠠ᠃
ᠣᠢᠷ᠎ᠠ᠎ᠶ᠋ᠢᠨ ᠬᠤᠭᠤᠴᠠᠭᠠᠨ᠎ᠳᠤ᠂ ᠥᠪᠥᠷ ᠮᠣᠩᠭᠤᠯ ᠣᠯᠠᠨ ᠬᠦᠷᠢᠶᠡᠨ᠎ᠳᠤ ᠴᠢᠬᠤᠯᠠ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠬᠠᠢᠨ ᠲᠣᠳᠣᠯᠠᠵᠤ᠂ ᠯᠢᠲ᠋ᠢ᠂ ᠵᠡᠰ᠂ ᠬᠤᠪᠣᠷ ᠱᠢᠷᠣᠶ ᠵᠡᠷᠭᠡ ᠪᠠᠢᠯᠳᠤᠬᠤ ᠪᠣᠳᠣᠯᠭ᠎ᠠ᠎ᠶ᠋ᠢᠨ ᠡᠳ᠋ ᠪᠣᠳᠠᠰ᠎ᠲᠤ ᠬᠤᠯᠪᠣᠭ᠍ᠳᠠᠵᠤ᠂ ᠠᠭᠤᠷᠬᠠᠶ᠎ᠶ᠋ᠢᠨ ᠭᠠᠷᠤᠯᠲᠠ᠎ᠶ᠋ᠢᠨ ᠰᠠᠭᠤᠷᠢ ᠶᠢ ᠨᠠᠩ ᠵᠤᠵᠠᠭᠠᠨ ᠪᠣᠯᠭ᠋ᠠᠪᠠ᠃
ᠱᠢᠯᠢ᠎ᠶ᠋ᠢᠨ ᠭᠤᠣᠯ ᠠᠢᠮᠠᠭ᠎ᠤᠨ ᠵᠢᠯᠠᠭ᠎ᠠ ᠠᠮᠠᠨ᠎ᠤ ᠠᠭᠤᠷᠬᠠᠢ ᠪᠣᠯ ᠥᠪᠥᠷ ᠮᠣᠩᠭᠤᠯ᠎ᠤᠨ ᠠᠭᠤᠷᠬᠠᠢ᠎ᠶ᠋ᠢᠨ ᠡᠬᠢ ᠪᠠᠶᠠᠯᠢᠭ᠎ᠤᠨ ᠬᠠᠢᠨ ᠱᠢᠨᠵᠢᠯᠡᠯᠲᠡ᠎ᠶ᠋ᠢᠨ ᠴᠢᠬᠤᠯᠠ ᠶᠡᠭᠡ ᠢᠯᠡᠷᠡᠭᠦᠯᠦᠯᠲᠡ ᠪᠣᠯᠣᠨ᠎ᠠ᠃ ᠲᠤᠰ ᠠᠭᠤᠷᠬᠠᠢ᠎ᠶ᠋ᠢᠨ ᠬᠡᠪᠲᠡᠰᠢ᠎ᠨᠢ ᠰᠤᠳᠠᠰᠤᠨ᠎ᠤ ᠬᠡᠯᠪᠡᠷᠢ᠎ᠲᠠᠢ᠂ ᠫᠸᠷᠮᠢ ᠭᠠᠯᠪᠠ᠎ᠶ᠋ᠢᠨ ᠭᠢᠯᠪᠠᠭᠠᠨ ᠵᠣᠩᠱᠢᠲᠤ ᠴᠢᠯᠠᠭᠤᠯᠢᠭ ᠪᠠ ᠫᠸᠷᠮᠢ ᠭᠠᠯᠪᠠ ᠱᠢᠰᠲ᠋ᠧᠮ᠎ᠤᠨ ᠬᠠᠢᠷᠲᠥ᠍ ᠬᠠᠪᠲᠠᠰᠤᠨ ᠴᠢᠯᠠᠭᠤᠯᠢᠭ᠎ᠤᠨ ᠬᠦᠷᠦᠯᠴᠡᠯ ᠪᠦᠰᠡ᠎ᠪᠠᠷ ᠲᠠᠷᠬᠠᠵᠤ᠂ ᠵᠡᠰ ᠡᠯᠧᠮᠧᠨ᠋ᠲ ᠪᠣᠯ ᠲᠡᠭᠦᠨ᠎ᠦ ᠳᠣᠲᠣᠷᠠᠬᠢ ᠭᠣᠣᠯ ᠬᠦᠳᠡᠷ ᠪᠦᠲᠦᠭᠰᠡᠨ ᠡᠯᠧᠮᠧᠨ᠋ᠲ ᠪᠣᠯᠣᠨ᠎ᠠ᠂ ᠡᠭᠦᠨ᠎ᠤ ᠬᠠᠮᠲᠤ ᠨᠢᠭᠡ ᠪᠦᠯᠦᠭ ᠲᠤᠭᠤᠯᠭ᠎ᠠ᠂ ᠴᠠᠢᠷ ᠪᠠ ᠮᠥᠩᠭᠦᠨ ᠡᠯᠧᠮᠧᠨ᠋ᠲ᠎ᠲᠠᠢ ᠪᠠᠢᠵᠤ᠂ ᠠᠭᠤᠷᠬᠠᠢ᠎ᠶ᠋ᠢᠨ ᠡᠬᠢ ᠪᠠᠶᠠᠯᠢᠭ ᠡᠯᠪᠡᠭ᠂ ᠡᠬᠢ ᠪᠠᠶᠠᠯᠢᠭ᠎ᠤᠨ ᠬᠡᠮᠵᠢᠶ᠎ᠡ ᠲᠣᠮᠤ ᠬᠡᠪᠴᠢᠶ᠎ᠡ᠎ᠳᠤ ᠬᠦᠷᠦᠭ᠌ᠰᠡᠨ ᠪᠠᠢᠨ᠎ᠠ᠃
ᠡᠨᠡ ᠪᠣᠯ 2023 ᠣᠨ᠎ᠠᠴᠠ ᠨᠠᠭ᠋ᠠᠰᠢ᠂ ᠥᠪᠥᠷ ᠮᠣᠩᠭᠤᠯ ᠱᠢᠨ᠎ᠡ ᠨᠢᠭᠡ ᠡᠭᠡᠯᠵᠢ᠎ᠶ᠋ᠢᠨ ᠠᠭᠤᠷᠬᠠᠶ ᠡᠷᠢᠬᠦ᠌ ᠱᠢᠪᠲᠤᠯᠤᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠠᠵᠢᠯᠯᠠᠭ᠎ᠠ᠎ᠶ᠋ᠢ ᠠᠬᠢᠭᠤᠯᠵᠤ᠂ ᠤᠯᠤᠰ᠎ᠤᠨ ᠡᠬᠢ ᠪᠠᠶᠠᠯᠢᠭ᠎ᠤᠨ ᠠᠮᠤᠷ ᠲᠦᠪᠱᠢᠨ᠎ᠢ ᠪᠠᠲᠤᠳᠭᠠᠬᠤ᠎ᠶ᠋ᠢᠨ ᠠᠮᠢᠳᠤᠯᠢᠭ ᠦᠢᠯᠡᠳᠦᠯᠭᠡ ᠪᠣᠯᠤᠨ᠎ᠠ᠃ ᠲᠣᠰ ᠠᠵᠢᠯᠯᠠᠭ᠎ᠠ᠎ᠪᠠᠷ ᠳᠠᠮᠵᠢᠭᠤᠯᠤᠨ᠂ ᠥᠪᠥᠷ ᠮᠣᠩᠭᠤᠯ ᠡᠬᠢ ᠪᠠᠶᠠᠯᠢᠭ᠎ᠤᠨ ᠳᠠᠪᠠᠭᠤᠯᠢᠭ᠎ᠢᠶᠠᠨ ᠠᠵᠤ ᠠᠬᠤᠶ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠠᠵᠤ ᠦᠢᠯᠡᠰ᠎ᠤᠨ ᠲᠠᠰ ᠳᠡᠪᠱᠢᠬᠦ᠌᠎ᠶ᠋ᠢ ᠠᠬᠢᠭᠤᠯᠤᠨ᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠢ ᠪᠥᠲᠥᠭᠡᠨ ᠪᠠᠢᠭᠤᠯᠪᠠ᠃
《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠥᠪᠥᠷ ᠮᠣᠩᠭᠤᠯ ᠤᠯᠤᠰ᠎ᠤᠨ ᠪᠠᠯᠠ ᠮᠥᠩᠭᠦ᠎ᠶ᠋ᠢᠨ ᠣᠷᠣᠭᠤᠯᠤᠯᠲᠠ᠎ᠶ᠋ᠢ 6.72 ᠳ᠋ᠦᠩᠱᠢᠭᠤᠷ ᠲᠥᠭᠦᠷᠢᠭ ᠲᠡᠮᠡᠴᠡᠨ ᠣᠯᠵᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ 26.1 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠵᠤ᠂ ᠨᠡᠢᠭᠡᠮ᠎ᠤᠨ ᠪᠠᠯᠠ ᠣᠷᠣᠭᠤᠯᠤᠯᠲᠠ᠎ᠶ᠋ᠢ ᠳᠠᠢᠴᠢᠯᠠᠨ 26.5 ᠳ᠋ᠦᠩᠱᠢᠭᠤᠷ ᠲᠥᠭᠦᠷᠢᠭ ᠣᠷᠣᠭᠤᠯᠵᠤ᠂ ᠥᠪᠥᠷ ᠮᠣᠩᠭᠤᠯ᠎ᠤᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠳᠠᠭᠠᠯᠠᠭ᠍ᠳᠠᠴᠠ᠎ᠶ᠋ᠢᠨ ᠲᠦᠷᠭᠡᠨ ᠨᠡᠮᠡᠭ᠌ᠳᠡᠯ᠎ᠢ ᠠᠬᠢᠭᠤᠯᠪᠠ᠃ ᠪᠠᠢᠭᠠᠯᠢ᠎ᠶ᠋ᠢᠨ ᠡᠬᠢ ᠪᠠᠶᠠᠯᠢᠭ᠎ᠤᠨ ᠪᠠᠲᠤᠯᠠᠭ᠎ᠠ ᠵᠢᠴᠢ ᠬᠠᠮᠠᠭᠠᠯᠠᠯᠲᠠ ᠠᠱᠢᠭ᠍ᠯᠠᠯᠲᠠ᠎ᠶ᠋ᠢ ᠲᠠᠰᠤᠷᠠᠯᠲᠠ ᠥᠬᠡᠶ ᠴᠢᠩᠭᠠᠳᠭᠠᠬᠤ᠎ᠪᠠᠷ ᠳᠠᠮᠵᠢᠭᠤᠯᠤᠨ᠂ ᠥᠪᠥᠷ ᠮᠣᠩᠭᠤᠯ ᠠᠵᠤ ᠠᠬᠤᠶ᠎ᠶ᠋ᠢᠨ ᠲᠠᠰ ᠳᠡᠪᠱᠢᠵᠦ᠍ ᠪᠠᠢᠭ᠎ᠠ ᠨᠢᠭᠡᠨ ᠱᠢᠨ᠎ᠡ ᠲᠤᠯᠬᠤ ᠴᠡᠭ᠎ᠢ ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠳᠤ ᠬᠦᠴᠦᠨ ᠴᠢᠳᠠᠯ ᠨᠡᠮᠡᠷᠢᠯᠡᠵᠦ᠍ ᠪᠠᠢᠨ᠎ᠠ᠃