ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ ᠥᠨᠳᠥᠷ ᠪᠦᠲᠦᠮᠵᠢᠲᠡᠶ ᠬᠢᠨᠠᠨ ᠵᠥᠪᠱᠢᠶᠡᠷᠡᠬᠦ᠌᠎ᠪᠠᠷ ᠬᠢᠯᠢ ᠬᠢᠵᠠᠭᠠᠷ ᠣᠷᠣᠨ᠎ᠳᠤ ᠬᠦᠴᠦᠨ ᠣᠯᠭᠤᠵᠤ ᠥᠪᠥᠷ ᠮᠣᠩᠭᠤᠯ᠎ᠤᠨ ᠴᠢᠬᠤᠯᠠ ᠶᠡᠭᠡ ᠡᠨᠧᠷᠭᠢ᠎ᠶ᠋ᠢᠨ ᠲᠥᠷᠥᠯ ᠵᠦᠢᠯ᠎ᠤᠨ ᠪᠥᠲᠥᠭᠡᠨ ᠪᠠᠢᠭᠤᠯᠤᠯᠲᠠ᠎ᠶ᠋ᠢ ᠬᠥᠭ᠌ᠵᠢᠭᠦᠯᠪᠡ
2025-10-09

  ᠣᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠠᠴᠠ ᠣᠢᠯᠠᠭᠠᠭ᠍ᠰᠠᠨ᠎ᠢᠶᠠᠷ᠂ ᠥᠪᠥᠷ ᠮᠣᠩᠭᠤᠯ᠎ᠤᠨ ᠪᠠᠷᠠᠭᠤᠨ ᠬᠡᠰᠡᠭ — ᠪᠡᠭᠡᠵᠢᠩ ᠲᠢᠶᠠᠨᠵᠢᠨ ᠾᠧᠪᠧᠶ᠎ᠶ᠋ᠢᠨ ± 800 ᠺᠢᠯᠣᠸᠠᠲ᠎ᠤᠨ ᠲᠣᠭ᠍ᠲᠠᠮᠠᠯ ᠭᠥᠶᠥᠳᠡᠯᠳᠦ ᠴᠠᠬᠢᠯᠭᠠᠨ ᠬᠦᠷᠭᠡᠬᠦ᠌ ᠢᠨᠵᠧᠨᠧᠷᠢᠩ᠎ᠤᠨ ᠲᠥᠷᠥᠯ ᠵᠦᠢᠯ᠎ᠤᠨ ᠤᠷᠢᠳᠠᠪᠠᠷ ᠬᠡᠷᠡᠭ᠌ᠯᠡᠬᠦ᠌ ᠭᠠᠵᠠᠷ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ 《 ᠲᠦᠷᠭᠡᠨ ᠬᠢᠨᠠᠨ ᠵᠥᠪᠱᠢᠶᠡᠷᠡᠬᠦ᠌》 ᠎ᠶ᠋ᠢ ᠭᠥᠷᠳᠡᠵᠦ᠍᠂ ᠭᠥᠯᠢᠶᠡᠨ ᠠᠪᠬᠤ᠎ᠠᠴᠠ ᠴᠣᠬᠤᠯᠠᠪᠤᠷᠢᠯᠠᠬᠤ᠎ᠳᠤ ᠵᠥᠪᠬᠡᠨ 5 ᠠᠵᠢᠯᠯᠠᠬᠤ ᠡᠳᠦᠷ ᠬᠡᠷᠡᠭ᠌ᠰᠡᠨ᠎ᠡ᠃ ᠡᠨᠡ ᠬᠦ᠌ ᠠᠵᠢᠯᠯᠠᠭ᠎ᠠ᠎ᠨᠢ ᠥᠪᠥᠷ ᠮᠣᠩᠭᠤᠯ᠎ᠤᠨ ᠴᠢᠬᠤᠯᠠ ᠶᠡᠭᠡ ᠡᠨᠧᠷᠭᠢ᠎ᠶ᠋ᠢᠨ ᠲᠦᠷᠦᠯ ᠵᠦᠢᠯ᠎ᠤᠨ ᠪᠦᠳᠦᠭᠡᠨ ᠪᠠᠢᠭᠤᠯᠤᠯᠲᠠ᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠵᠦ᠍᠂ ᠤᠯᠤᠰ᠎ᠤᠨ ᠶᠠᠮᠤᠨ ᠵᠥᠪᠯᠡᠯ᠎ᠤᠨ ᠤᠯᠤᠰ᠎ᠤᠨ ᠪᠠᠢᠯᠳᠤᠬᠤ ᠪᠤᠳᠤᠯᠭ᠎ᠠ᠎ᠳᠤ ᠦᠢᠯᠡᠴᠢᠯᠡᠬᠦ᠂ ᠣᠷᠣᠨ ᠨᠤᠲᠤᠭ᠎ᠤᠨ ᠬᠥᠭ᠌ᠵᠢᠯᠲᠡ᠎ᠳᠤ ᠬᠦᠴᠦᠨ ᠨᠡᠮᠡᠷᠢᠯᠡᠬᠦ᠌ ᠬᠠᠷᠢᠭᠤᠴᠠᠯᠭ᠎ᠠ ᠡᠭᠦᠷᠭᠡᠯᠡᠯ᠎ᠢ ᠬᠠᠷᠠᠭᠤᠯᠵᠠᠢ᠃

  ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠤ ᠱᠢᠨ᠎ᠡ ᠪᠠᠢᠯᠳᠤᠬᠤ ᠪᠤᠳᠤᠯᠭ᠎ᠠ᠎ᠶ᠋ᠢ ᠨᠠᠢᠳᠠᠪᠤᠷᠢᠵᠢᠭᠤᠯᠬᠤ᠂ ᠡᠨᠧᠷᠭᠢ᠎ᠶ᠋ᠢᠨ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠬᠤ ᠵᠠᠩᠭᠢᠯᠠᠭ᠎ᠠ᠎ᠶ᠋ᠢᠨ ᠢᠨᠵᠧᠨᠧᠷᠢᠩ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠤᠯ᠎ᠤᠨ ᠪᠠᠷᠠᠭᠤᠨ ᠬᠡᠰᠡᠭ — ᠪᠡᠭᠡᠵᠢᠩ ᠲᠢᠶᠠᠨᠵᠢᠨ ᠡᡁᠧᠪᠸᠢ᠎ᠶ᠋ᠢᠨ ± 800 ᠺᠢᠯᠣᠸᠠᠲ᠎ᠤᠨ ᠲᠣᠭ᠍ᠲᠠᠮᠠᠯ ᠭᠦᠶᠦᠳᠡᠯ᠎ᠤᠨ ᠴᠠᠬᠢᠯᠭᠠᠨ ᠬᠦᠷᠭᠡᠬᠦ᠌ ᠢᠨᠵᠧᠨᠧᠷᠢᠩ᠎ᠤᠨ ᠲᠦᠷᠦᠯ ᠵᠦᠢᠯ ᠴᠢᠬᠤᠯᠠ ᠠᠴᠢ ᠬᠤᠯᠪᠣᠭ᠍ᠳᠠᠯ᠎ᠲᠠᠢ ᠶᠤᠮ᠃ ᠲᠣᠰ ᠲᠥᠷᠥᠯ ᠵᠦᠶ᠋ᠯ ᠪᠠᠢᠭᠤᠯᠤᠭ᠍ᠳᠠᠭ᠍ᠰᠠᠨ᠎ᠤ ᠳᠠᠷᠠᠭ᠎ᠠ᠂ ᠴᠠᠬᠢᠯᠭᠠᠨ ᠬᠦᠴᠦᠨ᠎ᠤ ᠡᠬᠢ ᠪᠠᠶᠠᠯᠢᠭ᠎ᠤᠨ ᠣᠷᠣᠨ ᠪᠦᠰᠡ ᠠᠯᠤᠰᠯᠠᠨ ᠱᠢᠯᠢᠳᠡᠭ᠌ᠵᠢᠭᠦᠯᠦᠨ ᠳᠣᠭᠢᠷᠠᠭᠤᠯᠬᠤ᠎ᠶ᠋ᠢ ᠲᠤᠯᠭᠠᠭᠤᠷᠢᠯᠠᠬᠤ᠎ᠪᠠᠷ ᠪᠠᠷᠠᠬᠤ ᠥᠬᠡᠶ᠂ ᠪᠠᠰᠠ ᠥᠪᠥᠷ ᠮᠣᠩᠭᠤᠯ᠎ᠤᠨ ᠬᠥᠪᠴᠢ ᠡᠯᠡᠰᠦᠨ ᠴᠦᠯ᠎ᠤᠨ ᠲᠣᠮᠣ ᠬᠡᠯᠪᠡᠷᠢ᠎ᠶ᠋ᠢᠨ ᠰᠠᠯᠬᠢᠨ ᠬᠦᠴᠦᠨ᠎ᠤ ᠴᠠᠬᠢᠯᠭᠠᠨ ᠭᠡᠷᠡᠯᠴᠢ ᠴᠡᠨᠡᠭ᠎ᠤᠨ ᠰᠠᠭᠤᠷᠢᠨ ᠭᠠᠵᠠᠷ᠎ᠢ ᠨᠡᠭᠡᠭᠡᠨ ᠠᠱᠢᠭ᠍ᠯᠠᠬᠤ᠎ᠶ᠋ᠢ ᠱᠢᠭᠤᠳ ᠳᠥᠯᠭᠢᠨ ᠠᠬᠢᠭᠤᠯᠬᠤ᠎ᠶ᠋ᠢᠨ ᠬᠠᠮᠲᠤ ᠾᠧᠪᠧᠶ᠎ᠶ᠋ᠢᠨ ᠡᠮᠦᠨ᠎ᠡ ᠬᠡᠰᠡᠭ᠎ᠤᠨ ᠴᠠᠬᠢᠯᠭᠠᠨ ᠬᠦᠴᠦᠨ᠎ᠤ ᠬᠠᠩᠭᠠᠯᠭ᠎ᠠ᠎ᠶ᠋ᠢᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠂ ᠣᠷᠣᠨ ᠪᠦᠰᠡ᠎ᠶ᠋ᠢᠨ ᠴᠠᠬᠢᠯᠭᠠᠨ ᠲᠣᠤᠷ᠎ᠤᠨ ᠤᠶᠠᠨ ᠬᠠᠳᠠᠨ ᠴᠢᠨᠠᠷ᠎ᠢ ᠴᠢᠩᠭᠠᠳᠭᠠᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠵᠤ᠂ 《ᠬᠤᠣᠰ ᠨᠡᠭᠦᠷᠡᠰᠦᠲᠥ᠋ᠷᠥᠭ᠌ᠴᠢ》 ᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌᠎ᠶ᠋ᠢ ᠳᠥᠯᠭᠢᠨ ᠠᠬᠢᠭᠤᠯᠬᠤ ᠴᠢᠬᠤᠯᠠ ᠦᠢᠯᠡᠳᠦᠯᠭᠡ᠎ᠶ᠋ᠢᠨ ᠠᠴᠢᠶᠠᠯᠠᠪᠤᠷᠢ ᠪᠣᠯᠤᠨ᠎ᠠ᠃ ᠲᠣᠰ ᠲᠥᠷᠥᠯ ᠵᠦᠶ᠋ᠯ᠎ᠢ ᠠᠯᠢ ᠲᠦᠷᠭᠡᠨ᠎ᠢᠶᠠᠷ ᠨᠠᠢᠳᠠᠪᠤᠷᠢᠵᠢᠭᠤᠯᠬᠤ᠎ᠶ᠋ᠢ ᠪᠠᠲᠤᠯᠠᠬᠤ᠎ᠶ᠋ᠢᠨ ᠲᠥᠯᠥᠭᠡ᠂ ᠥᠪᠥᠷ ᠮᠣᠩᠭᠤᠯ᠎ᠤᠨ ᠲᠢᠩᠬᠢᠮ᠎ᠳᠤ ᠤᠷᠢᠳᠠᠪᠠᠷ ᠭᠠᠵᠠᠷ ᠬᠡᠷᠡᠭ᠌ᠯᠡᠬᠦ᠌ ᠭᠤᠶᠤᠴᠢᠯᠠᠯ᠎ᠢᠶᠠᠨ ᠲᠤᠱᠢᠶᠠᠭ᠍ᠰᠠᠨ᠎ᠤ ᠳᠠᠷᠠᠭ᠎ᠠ᠂ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠬᠡᠷᠡᠭ᠌ᠯᠡᠯᠲᠡ᠎ᠶ᠋ᠢ ᠵᠠᠬᠢᠷᠤᠨ ᠬᠠᠮᠢᠶᠠᠷᠬᠤ ᠵᠤᠷᠭᠠᠨ ᠪᠣᠯᠤᠨ ᠶᠠᠮᠤᠨ᠎ᠤ ᠵᠠᠰᠠᠭ᠎ᠤᠨ ᠶᠠᠪᠤᠳᠠᠯ᠎ᠤᠨ ᠶᠡᠭᠡ ᠲᠢᠩᠬᠢᠮ᠎ᠨᠢ ᠨᠢᠭ᠍ᠲᠠ ᠬᠠᠮᠵᠢᠯᠴᠠᠨ᠂ ᠥᠨᠳᠥᠷ ᠪᠦᠲᠦᠮᠵᠢᠲᠡᠶ ᠬᠤᠯᠪᠣᠭᠠᠯᠠᠨ ᠬᠥᠳᠡᠯᠦᠯᠴᠡᠵᠦ᠍᠂ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ᠎ᠪᠠᠷ ᠬᠢᠨᠠᠨ ᠵᠥᠪᠱᠢᠶᠡᠷᠡᠬᠦ᠌ ᠬᠤᠷᠳᠤᠴᠠ᠎ᠶ᠋ᠢ ᠲᠦᠷᠭᠡᠳᠭᠡᠬᠦ᠌᠎ᠶ᠋ᠢ ᠠᠬᠢᠭᠤᠯᠵᠤ᠂ ᠬᠢᠨᠠᠨ ᠵᠥᠪᠱᠢᠶᠡᠷᠡᠬᠦ᠌ ᠴᠠᠭ᠎ᠢ 5 ᠠᠵᠢᠯᠯᠠᠬᠤ ᠡᠳᠦᠷ ᠪᠣᠯᠭᠠᠨ ᠪᠠᠭᠠᠰᠭᠠᠵᠤ᠂ ᠲᠥᠷᠥᠯ ᠵᠦᠶ᠋ᠯ᠎ᠢ ᠡᠷᠲᠡᠬᠡᠨ ᠠᠵᠢᠯ ᠡᠬᠢᠯᠡᠭᠦᠯᠵᠦ᠍᠂ ᠡᠷᠲᠡᠬᠡᠨ ᠦᠷ᠎ᠡ ᠪᠦᠲᠦᠮᠵᠢ ᠤᠯᠬᠤ᠎ᠳᠤ ᠪᠠᠲᠤ ᠪᠠᠬᠢ ᠰᠠᠭᠤᠷᠢ᠎ᠶᠢ ᠲᠠᠯᠪᠢᠵᠤ ᠥᠭ᠌ᠪᠡ᠃

  ᠥᠪᠥᠷ ᠮᠣᠩᠭᠤᠯ᠎ᠤᠨ ᠲᠢᠩᠬᠢᠮ᠎ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠢᠯᠡᠷᠬᠡᠢᠯᠡᠬᠦ᠌ ᠎ᠳᠦ᠎ᠪᠡᠨ᠂ ᠲᠣᠰ ᠤᠳᠠᠭᠠᠨ᠎ᠤ ᠥᠨᠳᠥᠷ ᠪᠦᠲᠦᠮᠵᠢᠲᠡᠶ ᠬᠢᠨᠠᠨ ᠵᠥᠪᠱᠢᠶᠡᠷᠡᠯ᠎ᠨᠢ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠬᠤᠳᠠᠯᠳᠤᠭ᠎ᠠ ᠡᠷᠭᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢᠨ ᠠᠮᠢᠳᠤᠯᠢᠭ ᠢᠯᠡᠷᠡᠯ ᠪᠣᠯᠬᠤ᠎ᠪᠠᠷ ᠪᠠᠷᠠᠬᠤ ᠥᠬᠡᠶ ᠪᠠᠰᠠ ᠥᠪᠥᠷ ᠮᠣᠩᠭᠤᠯ᠎ᠳᠤ ᠤᠯᠤᠰ᠎ᠠᠴᠠ ᠬᠢᠯᠢ ᠬᠢᠵᠠᠭᠠᠷ ᠣᠷᠣᠨ᠎ᠤ ᠡᠨᠧᠷᠭᠢ᠎ᠶ᠋ᠢᠨ ᠬᠥᠭ᠌ᠵᠢᠯᠲᠡ᠎ᠳᠤ ᠦᠵᠡᠭᠦᠯᠦᠭ᠌ᠰᠡᠨ ᠬᠦᠴᠦᠲᠡᠶ ᠳᠡᠮᠵᠢᠯᠭᠡ᠎ᠶ᠋ᠢ ᠮᠡᠳᠡᠷᠡᠭᠦᠯᠦᠭ᠌ᠰᠡᠨ ᠪᠠᠢᠨ᠎ᠠ᠃ ᠳᠠᠷᠠᠭᠠᠴᠢ᠎ᠶ᠋ᠢᠨ ᠠᠯᠬᠤᠮ᠎ᠳᠤ᠂ ᠥᠪᠥᠷ ᠮᠣᠩᠭᠤᠯ᠎ᠤᠨ ᠲᠢᠩᠬᠢᠮ᠎ᠤᠨ᠎ᠬᠢᠨ ᠤᠯᠤᠰ᠎ᠤᠨ ᠶᠠᠮᠤᠨ ᠵᠥᠪᠯᠡᠯ᠎ᠯᠦᠭᠡ᠎ᠶ᠋ᠢᠨ ᠬᠠᠮᠵᠢᠯᠴᠠᠨ ᠬᠠᠮᠲᠤᠷᠠᠯᠴᠠᠬᠤ᠎ᠪᠠᠨ ᠦᠷᠭᠦᠯᠵᠢᠯᠡᠨ ᠴᠢᠩᠭᠠᠳᠭᠠᠵᠤ᠂ ᠴᠢᠬᠤᠯᠠ ᠶᠡᠭᠡ ᠲᠦᠷᠦᠯ ᠵᠦᠢᠯ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠡᠯᠧᠮᠧᠨ᠋ᠲ᠎ᠤᠨ ᠪᠠᠲᠤᠯᠠᠭ᠎ᠠ᠎ᠶ᠋ᠢ ᠯᠠᠪᠳᠠᠭᠤᠨ ᠪᠠᠲᠤᠲᠠᠢ ᠰᠠᠢᠲᠤᠷ ᠬᠢᠵᠦ᠍᠂ ᠥᠪᠥᠷ ᠮᠣᠩᠭᠤᠯ᠎ᠤᠨ ᠡᠨᠧᠷᠭᠢ᠎ᠶ᠋ᠢᠨ ᠳᠠᠪᠠᠭᠤᠯᠢᠭ᠎ᠢ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠬᠤ᠎ᠶ᠋ᠢ ᠪᠦᠬᠦ᠌ ᠬᠦᠴᠦᠨ᠎ᠢᠶᠠᠷ᠎ᠢᠶᠠᠨ ᠠᠬᠢᠭᠤᠯᠵᠤ᠂ 《ᠬᠤᠣᠰ ᠨᠡᠭᠦᠷᠡᠰᠦᠲᠥ᠋ᠷᠥᠭ᠌ᠴᠢ》 ᠎ᠶ᠋ᠢᠨ ᠬᠠᠷᠠᠯᠲᠠ᠎ᠶ᠋ᠢ ᠪᠡᠶᠡᠯᠡᠭᠦᠯᠬᠦ᠌ ᠪᠠ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠤ ᠶᠡᠭᠡ ᠲᠠᠯ᠎ᠠ᠎ᠳᠤ ᠦᠢᠯᠡᠴᠢᠯᠡᠬᠦ᠌᠎ᠳᠤ ᠬᠦᠴᠦᠨ ᠴᠢᠳᠠᠯ᠎ᠢᠶᠠᠨ ᠡᠷᠭᠦᠨ᠎ᠡ᠃

ᠢᠷᠡᠯᠲᠡ᠄ ᠲᠤᠮᠳᠠᠳᠤ ᠤᠯᠤᠰ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠰᠣᠨᠢᠨ