ᠶᠡᠷᠦᠩᠬᠡᠢ ᠲᠠᠪᠴᠠᠩ᠎ᠤᠨ ᠲᠥᠪ ᠲᠧᠯᠧᠢ᠍ᠰ᠎ᠤᠨ ᠰᠤᠷᠪᠤᠯᠵᠢᠯᠠᠭᠴᠢ ᠼᠦᠢ ᠰᠢᠶᠠ ᠲᠠᠨ ᠵᠧᠨ ᠬᠤᠸᠠ ᠦ᠋ ᠲᠢᠶᠠᠨ ᠪᠠᠢ
ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ ᠪᠣᠯ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠴᠢᠬᠤᠯᠠ ᠪᠣᠳᠠᠰ᠎ᠤᠨ ᠰᠠᠭᠤᠷᠢ ᠪᠣᠯᠬᠤ ᠲᠤᠯᠠ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠵᠤ ᠨᠡᠭᠡᠭᠡᠨ ᠬᠥᠭᠵᠢᠭᠦᠯᠬᠦ᠎ᠨᠢ ᠤᠯᠤᠰ᠎ᠤᠨ ᠠᠵᠤ ᠠᠬᠤᠶ ᠠᠷᠠᠳ᠎ᠤᠨ ᠠᠮᠢᠳᠤᠷᠠᠯ ᠪᠣᠯᠤᠨ ᠤᠯᠤᠰ᠎ᠤᠨ ᠠᠮᠤᠷ ᠲᠦᠪᠰᠢᠨ᠎ᠳᠤ ᠬᠣᠯᠪᠣᠭᠳᠠᠵᠤ ᠪᠠᠶ᠋ᠢᠳᠠᠭ᠃
ᠣᠢ᠌ᠷ᠎ᠠ᠎ᠳᠤ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠣᠷᠢᠶ᠎ᠠ ᠵᠢᠨ ᠲᠥᠪ ᠲᠧᠯᠸᠢᠰ᠎ᠤᠨ ᠰᠤᠷᠪᠤᠯᠵᠢᠯᠠᠭᠴᠢ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠳᠤᠮᠳᠠᠳᠤ ᠤᠯᠤᠰ᠎ᠤᠨ ᠭᠠᠵᠠᠷ ᠰᠢᠨᠵᠢᠯᠡᠭᠡᠨ᠎ᠤ ᠪᠠᠢ᠌ᠴᠠᠭ᠋ᠠᠯᠲᠠ ᠵᠢᠨ ᠲᠣᠪᠴᠢᠶ᠎ᠠ᠎ᠠᠴᠠ ᠣᠢ᠌ᠯᠠᠭ᠋ᠠᠭᠰᠠᠨ ᠵᠶ᠋ᠠᠷ᠂ ᠮᠠᠨ᠎ᠤ ᠤᠯᠤᠰ᠎ᠤᠨ ᠰᠢᠨ᠎ᠡ ᠨᠢᠭᠡ ᠡᠭᠡᠯᠵᠢ ᠵᠢᠨ ᠠᠭᠤᠷᠬᠠᠢ ᠡᠷᠢᠬᠦ ᠪᠠᠢ᠌ᠯᠳᠤᠬᠤ ᠪᠣᠳᠣᠯᠭ᠎ᠠ ᠵᠢᠨ ᠠᠵᠢᠯᠯᠠᠭ᠎ᠠ ᠮᠡᠳᠡᠭᠳᠡᠮ᠎ᠡ ᠠᠮᠵᠢᠯᠲᠠ ᠣᠯᠪᠠ — 10 ᠳ᠋ᠦᠩᠰᠢᠭᠤᠷ ᠲᠤᠨ᠎ᠤ ᠳᠡᠰ᠎ᠤᠨ ᠲᠣᠰᠣᠨ ᠠᠭᠤᠷᠬᠠᠢ᠂ 19 ᠮᠢᠩᠭ᠋ᠠᠨ ᠳ᠋ᠦᠩᠰᠢᠭᠤᠷ ᠳᠥᠷᠪᠡᠯᠵᠢᠨ ᠮᠸᠲᠷ ᠳᠡᠰ᠎ᠤᠨ ᠬᠡᠢ ᠵᠢᠨ ᠠᠭᠤᠷᠬᠠᠢ ᠵᠢ ᠰᠢᠨ᠎ᠡ᠎ᠪᠠᠷ ᠢᠯᠡᠷᠡᠭᠦᠯᠪᠡ; 10 ᠲᠣᠮᠣ ᠬᠡᠯᠪᠡᠷᠢ ᠵᠢᠨ ᠦᠷᠡᠨ᠎ᠤ ᠬᠦᠳᠡᠷ᠎ᠤᠨ ᠬᠡᠪᠲᠡᠰᠢ ᠵᠢ ᠬᠠᠢ᠌ᠨ ᠤᠯᠵᠦ᠂ ᠦᠷᠡᠨ᠎ᠤ ᠠᠭᠤᠷᠬᠠᠢ ᠵᠢᠨ ᠡᠬᠢ ᠪᠠᠶᠠᠯᠢᠭ᠎ᠤᠨ ᠬᠡᠮᠵᠢᠶ᠎ᠡ ᠶᠡᠬᠡ᠎ᠪᠠᠷ ᠨᠡᠮᠡᠭᠳᠡᠪᠡ; ᠵᠡᠰ᠂ ᠠᠯᠲᠠ᠂ ᠭᠠᠯ᠎ᠢ᠂ ᠭᠧᠷᠮᠠᠨ᠂ ᠢᠨᠳᠢ ᠵᠡᠷᠭᠡ 12 ᠵᠦᠢ᠍ᠯ᠎ᠤᠨ ᠠᠭᠤᠷᠬᠠᠢ ᠵᠢᠨ ᠡᠬᠢ ᠪᠠᠶᠠᠯᠢᠭ᠎ᠤᠨ ᠬᠡᠮᠵᠢᠶ᠎ᠡ᠎ᠨᠢ ᠢᠯᠡᠳᠲᠡ ᠨᠡᠮᠡᠭᠳᠡᠪᠡ; ᠯᠢᠲ᠋ᠢ᠂ ᠽᠢᠷᠭᠦᠨ᠂ ᠬᠠᠹᠨᠢ᠂ ᠡᠾᠸᠯᠢ᠂ ᠬᠣᠪᠣᠷ ᠰᠢᠷᠤᠢ ᠵᠡᠷᠭᠡ ᠪᠠᠢ᠌ᠯᠳᠤᠬᠤ ᠪᠣᠳᠣᠯᠭ᠎ᠠ ᠵᠢᠨ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠬᠣᠯᠪᠣᠭᠳᠠᠯ ᠪᠦᠬᠦᠢ ᠠᠭᠤᠷᠬᠠᠢ ᠵᠢᠨ ᠭᠠᠷᠤᠯᠲᠠ ᠴᠢᠬᠤᠯᠠ ᠶᠡᠬᠡ ᠰᠢᠪᠲᠤᠯᠤᠯᠲᠠ᠎ᠲᠠᠢ ᠪᠣᠯᠵᠠᠢ᠃
ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠣᠷᠢᠶ᠎ᠠ ᠵᠢᠨ ᠲᠥᠪ ᠲᠧᠯᠸᠢᠰ᠎ᠤᠨ ᠰᠣᠷᠪᠤᠯᠵᠢᠯᠠᠭᠴᠢ ᠵᠢᠨ ᠣᠶ᠋ᠢᠯᠠᠭ᠋ᠠᠭᠰᠠᠨ ᠵᠶ᠋ᠠᠷ᠂ ᠰᠢᠨ᠎ᠡ ᠨᠢᠭᠡᠨ ᠡᠭᠡᠯᠵᠢ ᠵᠢᠨ ᠠᠭᠤᠷᠬᠠᠢ ᠡᠷᠢᠬᠦ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ ᠳᠤᠮᠳᠠ᠂ ᠣᠯᠠᠨ ᠲᠣᠮᠣ ᠬᠡᠯᠪᠡᠷᠢ ᠵᠢᠨ ᠠᠭᠤᠷᠬᠠᠢ᠂ ᠣᠨᠴᠠᠭ᠋ᠠᠶ᠋ᠢᠯᠠᠨ ᠵᠡᠰ ᠪᠠ ᠬᠥᠩᠭᠡᠨ ᠴᠠᠭ᠋ᠠᠨ᠂ ᠯᠢᠲ᠋ᠢ ᠵᠡᠷᠭᠡ ᠠᠭᠤᠷᠬᠠᠢ ᠵᠢᠨ ᠭᠠᠷᠤᠯᠲᠠ ᠵᠢᠨ ᠰᠢᠨ᠎ᠡ ᠡᠬᠢ ᠪᠠᠶᠠᠯᠢᠭ᠎ᠤᠨ ᠬᠡᠮᠵᠢᠶ᠎ᠡ ᠶᠡᠬᠡ᠎ᠪᠠᠷ ᠨᠡᠮᠡᠭᠳᠡᠵᠡᠢ᠃
ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ ᠲᠠᠩ ᠵᠢᠤᠢ ᠰᠢᠩ᠎ᠤᠨ ᠲᠠᠨᠢᠯᠴᠠᠭᠤᠯᠤᠭᠰᠠᠨ ᠵᠶ᠋ᠠᠷ᠂ ᠰᠢᠨ᠎ᠡ ᠨᠢᠭᠡ ᠡᠭᠡᠯᠵᠢ ᠵᠢᠨ ᠠᠭᠤᠷᠬᠠᠶ ᠡᠷᠢᠬᠦ ᠰᠢᠪᠲᠤᠯᠤᠯᠲᠠ ᠵᠢᠨ ᠠᠵᠢᠯᠯᠠᠭ᠎ᠠ᠎ᠨᠢ 36 ᠠᠭᠤᠷᠬᠠᠶ ᠵᠢᠨ ᠲᠥᠷᠥᠯ᠎ᠳᠤ ᠨᠢᠭᠡ ᠠᠭᠤᠷᠬᠠᠶ᠎ᠳᠤ ᠨᠢᠭᠡ ᠠᠷᠭ᠎ᠠ ᠪᠣᠳᠣᠯᠭ᠎ᠠ ᠠᠪᠤᠭᠰᠠᠨ ᠪᠠᠶ᠋ᠢᠨ᠎ᠠ᠃ ᠨᠢᠭᠡᠨᠲᠡ ᠪᠠᠶ᠋ᠢᠭ᠎ᠠ ᠴᠢᠯᠠᠭᠤᠨ ᠲᠣᠰᠣ᠂ ᠪᠠᠶ᠋ᠢᠭ᠋ᠠᠯᠢ ᠵᠢᠨ ᠰᠢᠲᠠᠮᠠᠬᠠᠶ ᠬᠡᠢ᠂ ᠨᠡᠭᠦᠷᠡᠰᠦ᠂ ᠲᠡᠮᠦᠷ᠂ ᠮᠠᠩᠭ᠋ᠠᠨ ᠵᠡᠷᠭᠡ ᠶᠡᠬᠡ ᠬᠡᠮᠵᠢᠶᠡᠨ᠎ᠤ ᠠᠭᠤᠷᠬᠠᠶ ᠵᠢᠨ ᠭᠠᠷᠤᠯᠲᠠ ᠪᠠᠶ᠋ᠢᠬᠤ ᠪᠥᠭᠡᠳ ᠪᠠᠰᠠ ᠯᠢᠲ᠋ᠢ᠂ ᠬᠣᠪᠣᠷ ᠰᠢᠷᠣᠶ ᠵᠡᠷᠭᠡ ᠪᠠᠶ᠋ᠢᠯᠳᠤᠬᠤ ᠪᠣᠳᠣᠯᠭ᠎ᠠ ᠵᠢᠨ ᠰᠢᠨ᠎ᠡ᠎ᠪᠠᠷ ᠬᠥᠭᠵᠢᠭᠰᠡᠨ ᠠᠭᠤᠷᠬᠠᠶ ᠵᠢᠨ ᠭᠠᠷᠤᠯᠲᠠ ᠪᠠᠰᠠ ᠪᠠᠶ᠋ᠢᠨ᠎ᠠ᠃
《ᠵᠡᠰ᠎ᠤᠨ ᠠᠭᠤᠷᠬᠠᠢ ᠪᠣᠯ ᠠᠵᠤ ᠦᠢ᠍ᠯᠡᠳᠪᠦᠷᠢ ᠵᠢᠨ ᠬᠠᠮᠤᠭ᠎ᠤᠨ ᠴᠢᠬᠤᠯᠠ 〈ᠠᠮᠤ ᠪᠤᠳᠠᠭ᠎ᠠ 〉 ᠮᠥᠨ᠃ ᠰᠢᠨ᠎ᠡ ᠨᠢᠭᠡᠨ ᠡᠭᠡᠯᠵᠢ ᠵᠢᠨ ᠠᠭᠤᠷᠬᠠᠢ ᠡᠷᠢᠬᠦ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ ᠵᠢ ᠡᠪᠳᠡᠵᠦ᠂ ᠪᠥᠬᠥ ᠤᠯᠤᠰ᠎ᠲᠤ 3000 ᠭᠠᠷᠤᠢ ᠲᠦᠮᠡᠨ ᠲᠣᠨ ᠵᠡᠰᠢ ᠰᠢᠨ᠎ᠡ᠎ᠪᠠᠷ ᠨᠡᠮᠡᠭᠳᠡᠭᠦᠯᠵᠦ᠂ ᠡᠨᠡ᠎ᠨᠢ ᠥᠩᠭᠡᠷᠡᠭᠰᠡᠨ᠎ᠤ 10 ᠵᠢᠯ᠎ᠤᠨ ᠬᠤᠭᠤᠴᠠᠭ᠋ᠠᠨ᠎ᠤ ᠨᠡᠢ᠌ᠯᠡᠪᠦᠷᠢ᠎ᠲᠠᠢ ᠲᠡᠩᠴᠡᠨ᠎ᠡ》 ᠭᠡᠵᠦ ᠲᠠᠩ ᠵᠢᠤᠢ ᠰᠢᠩ ᠬᠡᠯᠡᠪᠡ᠃
ᠡᠭᠦᠨ᠎ᠠᠴᠠ ᠭᠠᠳᠠᠨ᠎ᠠ᠂ ᠯᠢᠲ᠋ᠢ᠂ ᠽᠢᠷᠭᠦᠨ᠂ ᠬᠠᠹᠨᠢ᠂ ᠡᠾᠸᠯᠢ᠂ ᠬᠤᠪᠣᠷ ᠰᠢᠷᠣᠶ ᠵᠡᠷᠭᠡ ᠪᠠᠶ᠋ᠢᠯᠳᠤᠬᠤ ᠪᠣᠳᠣᠯᠭ᠎ᠠ ᠵᠢᠨ ᠰᠢᠨ᠎ᠡ᠎ᠪᠠᠷ ᠬᠥᠭᠵᠢᠭᠰᠡᠨ ᠠᠭᠤᠷᠬᠠᠶ ᠵᠢᠨ ᠭᠠᠷᠤᠯᠲᠠ ᠵᠢᠨ ᠬᠠᠶ᠋ᠢᠨ ᠪᠠᠶ᠋ᠢᠴᠠᠭ᠋ᠠᠯᠲᠠ ᠵᠢᠨ ᠴᠢᠬᠤᠯᠠ ᠶᠡᠭᠡ ᠰᠢᠪᠲᠤᠯᠤᠯᠲᠠ᠎ᠨᠢ ᠮᠠᠨ᠎ᠤ ᠤᠯᠤᠰ᠎ᠤᠨ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠠᠨᠰᠠᠷ᠎ᠤᠨ ᠠᠶᠠᠯᠠᠯ ᠵᠡᠷᠭᠡ ᠰᠢᠨ᠎ᠡ᠎ᠪᠠᠷ ᠬᠥᠭᠵᠢᠭᠰᠡᠨ ᠠᠵᠢᠯ ᠲᠥᠷᠥᠯ᠎ᠤᠨ ᠠᠵᠤ ᠦᠢ᠍ᠯᠡᠰ᠎ᠤᠨ ᠬᠡᠯᠬᠢᠶ᠎ᠡ᠂ ᠬᠠᠩᠭ᠋ᠠᠯᠭ᠎ᠠ ᠵᠢᠨ ᠬᠡᠯᠬᠢᠶ᠎ᠡ ᠵᠢᠨ ᠠᠮᠤᠷ ᠲᠦᠪᠰᠢᠨ᠎ᠳᠤ ᠡᠬᠢ ᠪᠠᠶᠠᠯᠢᠭ᠎ᠤᠨ ᠬᠦᠴᠦᠲᠡᠶ ᠪᠠᠲᠤᠯᠠᠭ᠎ᠠ ᠬᠠᠩᠭ᠋ᠠᠪᠠ᠃
《ᠰᠧᠴᠤᠸᠠᠨ᠎ᠤ ᠵᠢᠶᠠ ᠵᠢᠢ ᠺᠠᠠ᠎ᠠᠴᠠ ᠰᠢᠨᠵᠢᠶᠠᠩ᠎ᠤᠨ ᠠ ᠡᠯ ᠵᠢᠨ ᠬᠦᠷᠬᠦ᠎ᠳᠤ᠂ ᠪᠢᠳᠡ 3000 ᠺᠢᠯᠣᠮᠧᠲᠷ ᠤᠷᠲᠤ ᠯᠢᠲ᠋ᠢ ᠠᠭᠤᠷᠬᠠᠶ ᠵᠢᠨ ᠪᠦᠰᠡ ᠵᠢ ᠪᠠᠶ᠋ᠢᠭᠤᠯᠵᠤ᠂ ᠡᠬᠢ ᠪᠠᠶᠠᠯᠢᠭ᠎ᠤᠨ ᠬᠡᠮᠵᠢᠶ᠎ᠡ᠎ᠨᠢ 2000 ᠲᠦᠮᠡᠨ ᠲᠣᠨ᠎ᠠᠴᠠ 3000 ᠲᠦᠮᠡᠨ ᠲᠣᠨ ᠬᠦᠷᠲᠡᠯ᠎ᠡ᠂ ᠮᠠᠨ᠎ᠤ ᠯᠢᠲ᠋ᠢ ᠵᠢᠨ ᠦᠨ᠎ᠡ ᠬᠠᠩᠰᠢ ᠵᠢ ᠥᠷᠥᠨᠡᠳᠠᠬᠢᠨ᠎ᠤ ᠠᠭᠤᠷᠬᠠᠢ ᠵᠢᠨ ᠦᠢ᠍ᠯᠡᠰ᠎ᠤᠨ ᠺᠣᠮᠫᠠᠨᠢ ᠵᠢᠨ ᠡᠷᠬᠡᠰᠢᠶᠡᠯ᠎ᠳᠤ ᠣᠷᠣᠭᠤᠯᠬᠤ ᠦᠭᠡᠶ ᠪᠠᠶ᠋ᠢᠬᠤ ᠵᠢ ᠪᠠᠲᠤᠯᠠᠵᠤ ᠳᠡᠶ᠋ᠢᠯᠦᠨ᠎ᠡ》 ᠭᠡᠵᠦ ᠲᠠᠩ ᠵᠢᠤᠢ ᠰᠢᠩ ᠬᠡᠯᠡᠪᠡ᠃
ᠡᠨᠧᠷᠭᠢ ᠠᠭᠤᠷᠬᠠᠶ ᠵᠢᠨ ᠭᠠᠷᠤᠯᠲᠠ ᠵᠢᠨ ᠲᠠᠯ᠎ᠠ᠎ᠪᠠᠷ᠂ ᠮᠠᠨ᠎ᠤ ᠤᠯᠤᠰ ᠣᠷᠳᠣᠰ᠎ᠤᠨ ᠬᠤᠲᠣᠭᠤᠷ᠎ᠲᠤ 3 ᠮᠢᠩᠭ᠋ᠠᠨ ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠤᠨ ᠭᠦᠨ ᠳᠠᠪᠬᠤᠷᠭ᠎ᠠ ᠵᠢᠨ ᠨᠡᠭᠦᠷᠡᠰᠦᠨ ᠳᠠᠪᠬᠤᠷᠭ᠎ᠠ᠎ᠳᠤ ᠶᠡᠭᠡ ᠬᠡᠢ ᠵᠢᠨ 3 ᠠᠭᠤᠷᠬᠠᠶ ᠵᠢ ᠬᠠᠶ᠋ᠢᠨ ᠲᠣᠳᠣᠯᠠᠵᠤ᠂ ᠭᠠᠵᠠᠷ ᠰᠢᠨᠵᠢᠯᠡᠭᠡᠨ᠎ᠤ ᠬᠠᠳᠠᠭ᠋ᠠᠯᠠᠭᠳᠠᠴᠠ᠎ᠨᠢ 5000 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠢ ᠳᠠᠪᠠᠪᠠ; ᠪᠦᠬᠦ ᠪᠥᠮᠪᠥᠷᠴᠡᠭ᠎ᠤᠨ ᠠᠩᠬᠠᠳᠠᠭᠴᠢ ᠭᠦᠨ ᠤᠰᠤ᠎ᠠᠴᠠ ᠬᠡᠳᠦ ᠭᠦᠢ᠍ᠬᠡᠨ ᠳᠠᠪᠬᠤᠷᠭ᠎ᠠ ᠵᠢᠨ ᠲᠣᠮᠣ ᠬᠡᠯᠪᠡᠷᠢ ᠵᠢᠨ ᠬᠡᠢ ᠵᠢᠨ ᠠᠭᠤᠷᠬᠠᠶ ᠵᠢ ᠢᠯᠡᠷᠡᠭᠦᠯᠵᠦ᠂ ᠪᠠᠶ᠋ᠢᠭ᠋ᠠᠯᠢ ᠵᠢᠨ ᠰᠢᠲᠠᠮᠠᠬᠠᠶ ᠬᠡᠢ ᠵᠢ ᠬᠠᠶ᠋ᠢᠨ ᠲᠣᠳᠣᠯᠠᠬᠤ ᠭᠠᠵᠠᠷ ᠰᠢᠨᠵᠢᠯᠡᠭᠡᠨ᠎ᠤ ᠬᠠᠳᠠᠭ᠋ᠠᠯᠠᠭᠳᠠᠴᠠ᠎ᠨᠢ 1000 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠢ ᠳᠠᠪᠠᠵᠤ᠂ ᠮᠠᠨ᠎ᠤ ᠤᠯᠤᠰ᠎ᠤᠨ ᠴᠡᠪᠡᠷ ᠡᠨᠧᠷᠭᠢ᠎ᠪᠠᠷ ᠥᠪᠡᠷ᠎ᠢ᠎ᠪᠠᠨ ᠬᠠᠩᠭ᠋ᠠᠬᠤ ᠴᠢᠳᠠᠪᠤᠷᠢ ᠢᠯᠡᠳᠲᠡ ᠳᠡᠭᠡᠭᠰᠢᠯᠡᠪᠡ᠃
2011 ᠣᠨ᠎ᠠᠴᠠ 2020 ᠣᠨ ᠪᠣᠯᠲᠠᠯ᠎ᠠ᠂ ᠮᠠᠨ᠎ᠤ ᠤᠯᠤᠰ ᠠᠭᠤᠷᠬᠠᠶ ᠡᠷᠢᠬᠦ ᠰᠢᠪᠲᠤᠯᠤᠯᠲᠠ ᠵᠢᠨ ᠠᠵᠢᠯᠯᠠᠭ᠎ᠠ ᠵᠢ ᠡᠬᠢᠯᠡᠭᠦᠯᠵᠡᠶ᠃ ᠬᠠᠮᠢᠶ᠎ᠠ ᠪᠦᠬᠦᠢ ᠲᠤᠭ᠎ᠠ ᠪᠠᠷᠢᠮᠲᠠ ᠵᠢᠨ ᠪᠦᠷᠢᠳᠬᠡᠯ᠎ᠢ ᠦᠨᠳᠦᠰᠦᠯᠡᠪᠡᠯ᠂ ᠡᠨᠡ ᠬᠦ᠌ ᠡᠭᠡᠯᠵᠢ ᠵᠢᠨ ᠠᠭᠤᠷᠬᠠᠢ ᠡᠷᠢᠬᠦ ᠠᠵᠢᠯᠯᠠᠭ᠎ᠠ ᠵᠢ ᠰᠢᠪᠲᠤᠯᠵᠤ᠂ ᠴᠢᠯᠠᠭᠤᠨ ᠲᠣᠰᠣ᠂ ᠪᠠᠶ᠋ᠢᠭ᠋ᠠᠯᠢ ᠵᠢᠨ ᠰᠢᠲᠠᠮᠠᠬᠠᠶ ᠬᠡᠢ ᠵᠢᠨ ᠰᠢᠨ᠎ᠡ᠎ᠪᠠᠷ ᠨᠡᠮᠡᠭᠳᠡᠭᠰᠡᠨ ᠡᠬᠢ ᠪᠠᠶᠠᠯᠢᠭ᠎ᠤᠨ ᠬᠡᠮᠵᠢᠶ᠎ᠡ ᠲᠣᠰ ᠲᠣᠰ 101 ᠳ᠋ᠦᠩᠰᠢᠭᠤᠷ ᠲᠣᠨ᠂ 6.85 ᠲᠦᠮᠡᠨ ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠪᠠᠶ᠋ᠢᠵᠤ᠂ 17 ᠳ᠋ᠦᠩᠰᠢᠭᠤᠷ ᠲᠣᠨ᠎ᠤ ᠲᠠᠰ᠎ᠤᠨ ᠲᠣᠮᠣ ᠴᠢᠯᠠᠭᠤᠨ ᠲᠣᠰᠣᠨ᠎ᠤ ᠠᠭᠤᠷᠬᠠᠶ ᠪᠠ 21 ᠮᠢᠩᠭ᠋ᠠᠨ ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ᠎ᠤᠨ ᠲᠠᠰ᠎ᠤᠨ ᠠᠭ᠋ᠠᠷ ᠮᠠᠨᠳᠠᠯ᠎ᠤᠨ ᠠᠭᠤᠷᠬᠠᠶ ᠵᠢ ᠢᠯᠡᠷᠡᠭᠦᠯᠪᠡ; ᠰᠢᠨ᠎ᠡ᠎ᠪᠠᠷ ᠨᠡᠮᠡᠭᠳᠡᠭᠰᠡᠨ ᠨᠡᠭᠦᠷᠡᠰᠦᠨ᠎ᠤ ᠡᠬᠢ ᠪᠠᠶᠠᠯᠢᠭ᠎ᠤᠨ ᠬᠡᠮᠵᠢᠶ᠎ᠡ 5268 ᠳ᠋ᠦᠩᠰᠢᠭᠤᠷ ᠲᠣᠨ᠂ ᠨᠢᠺᠧᠯ ᠡᠬᠢ ᠪᠠᠶᠠᠯᠢᠭ᠎ᠤᠨ ᠬᠡᠮᠵᠢᠶ᠎ᠡ 349 ᠲᠦᠮᠡᠨ ᠲᠣᠨ ᠪᠠᠶ᠋ᠢᠵᠤ᠂ ᠴᠢᠯᠠᠭᠤᠨ ᠲᠣᠰᠣᠨ᠎ᠤ ᠪᠤᠰᠤ ᠠᠭᠤᠷᠬᠠᠢ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠢ 32 ᠰᠢᠨ᠎ᠡ᠎ᠪᠠᠷ ᠪᠣᠶ ᠪᠣᠯᠭ᠋ᠠᠪᠠ᠃
ᠬᠡᠳᠦᠶ᠋ᠢᠪᠡᠷ ᠳᠡᠭᠡᠷ᠎ᠡ ᠨᠢᠭᠡ ᠡᠭᠡᠯᠵᠢ ᠵᠢᠨ ᠠᠭᠤᠷᠬᠠᠶ ᠡᠷᠢᠬᠦ ᠰᠢᠪᠲᠤᠯᠤᠯᠲᠠ ᠵᠢᠨ ᠠᠵᠢᠯᠯᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠤᠭᠰᠠᠨ ᠪᠣᠯᠪᠠᠴᠤ ᠵᠠᠷᠢᠮ ᠴᠢᠬᠤᠯᠠ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠭᠠᠳᠠᠭ᠋ᠠᠳᠤ᠎ᠳᠤ ᠲᠦᠰᠢᠭᠯᠡᠬᠦ ᠬᠡᠮᠵᠢᠶ᠎ᠡ ᠨᠡᠯᠢᠶᠡᠳ ᠥᠨᠳᠥᠷ ᠪᠠᠶ᠋ᠢᠨ᠎ᠠ᠃ ᠡᠭᠦᠨ᠎ᠳᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ ᠬᠠᠮᠢᠶ᠎ᠠ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ᠂ ᠰᠢᠨ᠎ᠡ ᠨᠢᠭᠡ ᠡᠭᠡᠯᠵᠢ ᠵᠢᠨ ᠠᠭᠤᠷᠬᠠᠶ ᠡᠷᠢᠬᠦ ᠰᠢᠪᠲᠤᠯᠤᠯᠲᠠ ᠵᠢᠨ ᠠᠵᠢᠯᠯᠠᠭ᠎ᠠ ᠵᠢ ᠬᠠᠮᠲᠤ᠎ᠪᠠᠷ ᠵᠣᠬᠢᠶᠠᠨ ᠪᠠᠶ᠋ᠢᠭᠤᠯᠤᠨ ᠬᠡᠷᠡᠭᠵᠢᠭᠦᠯᠦᠭᠰᠡᠨ᠎ᠨᠢ ᠮᠠᠨ᠎ᠤ ᠤᠯᠤᠰ᠎ᠤᠨ ᠡᠨᠧᠷᠭᠢ ᠵᠢᠨ ᠡᠬᠢ ᠪᠠᠶᠠᠯᠢᠭ᠎ᠤᠨ ᠪᠡᠶ᠎ᠡ᠎ᠪᠠᠨ ᠳᠠᠭ᠋ᠠᠭ᠋ᠠᠵᠤ ᠬᠠᠩᠭ᠋ᠠᠬᠤ ᠴᠢᠳᠠᠪᠤᠷᠢ ᠵᠢ ᠴᠢᠩᠭ᠋ᠠᠳᠬᠠᠵᠤ᠂ ᠤᠯᠤᠰ᠎ᠤᠨ ᠠᠵᠤ ᠠᠬᠤᠶ ᠵᠢᠨ ᠠᠮᠤᠷ ᠲᠦᠪᠰᠢᠨ ᠪᠠ ᠪᠠᠶ᠋ᠢᠯᠳᠤᠬᠤ ᠪᠣᠳᠣᠯᠭ᠎ᠠ ᠵᠢᠨ ᠬᠡᠷᠡᠭᠴᠡᠭᠡ ᠵᠢ ᠪᠠᠲᠤᠯᠠᠵᠤ ᠪᠣᠯᠤᠨ᠎ᠠ᠃
ᠰᠢᠨ᠎ᠡ ᠨᠢᠭᠡᠨ ᠡᠭᠡᠯᠵᠢ ᠵᠢᠨ ᠠᠭᠤᠷᠬᠠᠶ ᠡᠷᠢᠬᠦ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ ᠵᠢ ᠰᠢᠪᠲᠤᠯᠤᠭᠰᠠᠨ᠎ᠠᠴᠠ ᠨᠠᠭ᠋ᠠᠰᠢ᠂ ᠡᠯ᠎ᠡ ᠭᠠᠵᠠᠷ᠎ᠤᠳ ᠶᠡᠬᠡ ᠬᠡᠮᠵᠢᠶᠡᠨ᠎ᠤ ᠬᠣᠪᠣᠷ ᠴᠤᠬᠠᠭ ᠪᠠ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠪᠤᠶ ᠪᠣᠯᠤᠭᠰᠠᠨ ᠠᠵᠤ ᠦᠢ᠍ᠯᠡᠰ᠎ᠤᠨ ᠠᠭᠤᠷᠬᠠᠶ ᠵᠢᠨ ᠭᠠᠷᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠣᠤᠯᠳᠠᠯᠭ᠎ᠠ᠎ᠲᠠᠢ ᠬᠦᠳᠡᠷ᠎ᠤᠨ ᠬᠡᠪᠲᠡᠰᠢ ᠪᠣᠯᠤᠭᠰᠠᠨ ᠣᠷᠣᠨ ᠪᠦᠰᠡ ᠪᠣᠯᠤᠨ ᠲᠣᠰᠣ ᠠᠭᠤᠯᠤᠭᠰᠠᠨ ᠴᠢᠬᠤᠯᠠ ᠬᠣᠲᠣᠭᠣᠷ ᠪᠠᠶ᠋ᠢᠬᠤ ᠲᠣᠭᠣᠷᠢᠨ᠎ᠳᠤ ᠠᠭᠤᠷᠬᠠᠶ ᠡᠷᠢᠬᠦ ᠴᠢᠬᠤᠯᠠ ᠶᠡᠬᠡ ᠰᠢᠪᠲᠤᠯᠤᠯᠲᠠ ᠵᠢ ᠪᠡᠶᠡᠯᠡᠭᠦᠯᠵᠦ᠂ ᠪᠠᠷᠠᠭᠤᠨ ᠬᠡᠰᠡᠭ᠎ᠤᠨ ᠭᠠᠵᠠᠷ ᠣᠷᠣᠨ᠎ᠳᠤ ᠨᠢᠭᠡ ᠪᠦᠯᠦᠭ ᠡᠨᠧᠷᠭᠢ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ ᠰᠢᠨ᠎ᠡ᠎ᠪᠠᠷ ᠨᠡᠮᠡᠭᠳᠡᠵᠦ᠂ ᠳᠤᠮᠳᠠ ᠪᠠ ᠵᠡᠭᠦᠨ ᠬᠡᠰᠡᠭ᠎ᠤᠨ ᠬᠠᠭᠤᠴᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠤᠨ ᠡᠬᠢ ᠪᠠᠶᠠᠯᠢᠭ᠎ᠤᠨ ᠰᠠᠭᠤᠷᠢ ᠤᠯᠠᠮ ᠨᠢᠭᠡ ᠠᠯᠬᠤᠮ ᠪᠡᠬᠢᠵᠢᠪᠡ᠃
ᠨᠡᠭᠡᠭᠡᠨ ᠮᠠᠯᠲᠠᠵᠤ ᠪᠣᠯᠬᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠬᠡᠷᠬᠢᠨ ᠡᠷᠢᠵᠦ ᠣᠯᠬᠤ ᠪᠤᠢ?
ᠡᠩ ᠲᠡᠷᠢᠭᠦᠨ᠎ᠳᠤ᠂ ᠳᠠᠯᠳᠠ ᠬᠦᠴᠦᠨ᠎ᠲᠠᠢ ᠠᠭᠤᠷᠬᠠᠢ ᠵᠢᠨ ᠣᠷᠣᠨ᠎ᠢ ᠡᠷᠢᠬᠦ ᠵᠢ ᠲᠣᠭᠲᠠᠭ᠋ᠠᠵᠤ᠂ ᠪᠠᠷᠠᠭᠤᠨ ᠬᠡᠰᠡᠭ᠎ᠤᠨ ᠭᠠᠵᠠᠷ ᠣᠷᠣᠨ᠎ᠨᠢ ᠳᠠᠭ᠋ᠠᠭᠤᠯᠢ ᠣᠳᠣ ᠪᠤᠶᠤ ᠠᠭ᠋ᠠᠷ᠎ᠤᠨ ᠬᠠᠶ᠋ᠢᠨ ᠬᠡᠮᠵᠢᠯᠲᠡ ᠵᠢᠨ ᠮᠠᠲ᠋ᠧᠷᠢᠶᠠᠯ ᠪᠠ ᠵᠢᠷᠤᠭ ᠳᠦᠷᠰᠦ ᠵᠢ ᠠᠰᠢᠭᠯᠠᠨ ᠶᠡᠭᠡ ᠬᠡᠪᠴᠢᠶᠡᠨ᠎ᠤ ᠭᠠᠵᠠᠷ᠎ᠤᠨ ᠭᠠᠳᠠᠷᠭᠤ ᠵᠢᠨ ᠠᠵᠢᠭᠯᠠᠯᠲᠠ ᠬᠢᠵᠦ᠂ ᠣᠷᠣᠰᠢᠵᠤ ᠮᠡᠳᠡᠬᠦ ᠠᠭᠤᠷᠬᠠᠶ᠋ᠢᠵᠢᠯ᠎ᠤᠨ ᠪᠠᠶ᠋ᠢᠳᠠᠯ᠎ᠢ ᠡᠷᠢᠵᠦ ᠣᠯᠤᠨ᠎ᠠ; ᠵᠡᠭᠦᠨ ᠬᠡᠰᠡᠭ ᠵᠡᠷᠭᠡ ᠤᠷᠭᠤᠮᠠᠯ᠎ᠤᠨ ᠬᠤᠴᠢᠯᠭ᠎ᠠ ᠪᠤᠶ᠋ᠢᠵᠢᠯᠲᠠ ᠵᠢᠨ ᠭᠠᠵᠠᠷ ᠣᠷᠣᠨ᠎ᠳᠤ ᠬᠠᠷᠢᠨ ᠶᠡᠭᠡ ᠬᠡᠪᠴᠢᠶᠡᠨ᠎ᠤ ᠥᠯᠢᠭᠡᠷ ᠡᠳ᠋᠎ᠢ ᠴᠤᠭᠯᠠᠭᠤᠯᠬᠤ ᠴᠢᠬᠤᠯᠠᠲᠠᠢ ᠪᠠᠶ᠋ᠢᠵᠤ᠂ ᠲᠤᠷᠰᠢᠯᠲᠠ ᠵᠢᠨ ᠲᠠᠰᠤᠭ᠎ᠤᠨ ᠬᠢᠮᠢ ᠵᠢᠨ ᠵᠠᠳᠠᠯᠤᠯᠲᠠ᠎ᠪᠠᠷ ᠳᠠᠮᠵᠢᠭᠤᠯᠤᠨ ᠬᠡᠷᠡᠭᠴᠡᠭᠡ᠎ᠲᠠᠢ ᠡᠯᠧᠮᠧᠨ᠋ᠲ ᠵᠶ᠋ᠠᠷ ᠬᠠᠮᠤᠭ᠎ᠤᠨ ᠥᠨᠳᠥᠷ ᠣᠷᠣᠨ᠎ᠢ ᠣᠯᠵᠤ ᠮᠡᠳᠡᠨ᠎ᠡ᠃ ᠳᠠᠯᠳᠠ ᠬᠦᠴᠦᠨ᠎ᠲᠠᠢ ᠬᠦᠳᠡᠷ᠎ᠤᠨ ᠬᠡᠪᠲᠡᠰᠢ ᠪᠠᠶ᠋ᠢᠬᠤ ᠵᠢ ᠣᠯᠵᠤ ᠮᠡᠳᠡᠪᠡᠯ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ ᠲᠤᠬᠠᠢ ᠵᠢᠨ ᠭᠠᠵᠠᠷ ᠲᠤᠨᠢ ᠪᠠᠶ᠋ᠢᠴᠠᠭ᠋ᠠᠯᠲᠠ ᠬᠢᠬᠦ ᠪᠠ ᠦᠯᠢᠭᠡᠷ ᠠᠪᠬᠤ — ᠰᠣᠩᠭᠤᠨ ᠲᠣᠭᠲᠠᠭ᠋ᠠᠭᠰᠠᠨ ᠭᠤᠣᠯᠳᠠᠯᠭ᠎ᠠ᠎ᠲᠠᠢ ᠣᠷᠣᠨ ᠪᠦᠰᠡ ᠵᠢᠨ ᠳᠣᠲᠣᠷ᠎ᠠ ᠴᠢᠯᠠᠭᠤᠯᠢᠭ᠎ᠤᠨ ᠭᠤᠣᠯ ᠦᠯᠢᠭᠡᠷ ᠬᠡᠪ ᠴᠤᠭᠯᠠᠭᠤᠯᠤᠨ ᠲᠤᠷᠰᠢᠯᠲᠠ ᠵᠢᠨ ᠲᠠᠰᠤᠭ᠎ᠤᠨ ᠰᠢᠯᠭ᠋ᠠᠨ ᠪᠠᠶ᠋ᠢᠴᠠᠭ᠋ᠠᠯᠲᠠ ᠬᠢᠵᠦ᠂ ᠨᠡᠩ ᠨᠠᠷᠢᠯᠢᠭ ᠬᠦᠳᠡᠷ᠎ᠤᠨ ᠵᠠᠭᠪᠤᠷ᠎ᠢ ᠪᠠᠢ᠌ᠭᠤᠯᠤᠨ᠎ᠠ᠃ ᠠᠭᠤᠷᠬᠠᠶ ᠵᠢᠨ ᠦᠢ᠍ᠯᠡᠰ᠎ᠤᠨ ᠺᠣᠮᠫᠠᠨᠢ ᠠᠭᠤᠷᠬᠠᠶ ᠬᠠᠶ᠋ᠢᠬᠤ ᠡᠷᠬᠡ ᠵᠢ ᠣᠯᠤᠭᠰᠠᠨ᠎ᠤ ᠳᠠᠷᠠᠭ᠎ᠠ᠂ ᠣᠯᠵᠤ ᠮᠡᠳᠡᠭᠰᠡᠨ ᠬᠦᠳᠡᠷ᠎ᠤᠨ ᠬᠡᠪᠲᠡᠰᠢ᠎ᠳᠤ ᠥᠪᠡᠷ᠎ᠤᠨ ᠥᠷᠲᠡᠭ᠎ᠤᠨ ᠦᠷ᠎ᠡ ᠠᠰᠢᠭ᠎ᠤᠨ ᠵᠠᠳᠠᠯᠤᠯᠲᠠ᠂ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠲᠥᠰᠦᠭᠡᠯᠡᠯᠲᠡ ᠵᠡᠷᠭᠡ ᠵᠢ ᠪᠠᠭᠲᠠᠭ᠋ᠠᠭᠰᠠᠨ ᠨᠡᠩ ᠣᠨᠣᠪᠴᠢᠲᠠᠶ ᠬᠠᠶ᠋ᠢᠨ ᠪᠠᠶ᠋ᠢᠴᠠᠭ᠋ᠠᠬᠤ ᠪᠠ ᠠᠵᠤ ᠠᠬᠤᠶ ᠵᠢᠨ ᠦᠨᠡᠯᠡᠯᠲᠡ ᠬᠢᠬᠦ ᠪᠣᠯᠤᠨ᠎ᠠ᠃ ᠨᠡᠭᠡᠭᠡᠨ ᠮᠠᠯᠲᠠᠬᠤ᠎ᠠᠴᠠ ᠡᠮᠦᠨ᠎ᠡ ᠡᠷᠬᠡᠪᠰᠢ ᠪᠦᠬᠦ ᠲᠠᠯ᠎ᠠ ᠵᠢᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠨ ᠵᠢᠱ᠌ᠢᠯᠲᠡ ᠵᠢ ᠪᠡᠶᠡᠯᠡᠭᠦᠯᠬᠦ ᠵᠢᠨ ᠬᠠᠮᠲᠤ ᠠᠭᠤᠷᠬᠠᠶ ᠮᠠᠯᠲᠠᠬᠤ ᠡᠷᠬᠡ ᠵᠢ ᠣᠯᠤᠭᠰᠠᠨ᠎ᠤ ᠳᠠᠷᠠᠭ᠎ᠠ ᠨᠡᠭᠡᠭᠡᠯᠲᠡ ᠬᠢᠬᠦ ᠬᠡᠷᠡᠭᠲᠡᠶ᠃
ᠲᠠᠩ ᠵᠢᠤᠢ ᠰᠢᠩ᠎ᠤᠨ ᠲᠠᠨᠢᠯᠴᠠᠭᠤᠯᠤᠭᠰᠠᠨ ᠵᠶ᠋ᠠᠷ᠂ ᠨᠢᠭᠡ ᠬᠦᠳᠡᠷ᠎ᠤᠨ ᠬᠡᠪᠲᠡᠰᠢ ᠬᠠᠮᠤᠭ᠎ᠤᠨ ᠰᠠᠭᠤᠷᠢ ᠭᠠᠵᠠᠷ ᠰᠢᠨᠵᠢᠯᠡᠭᠡᠨ᠎ᠤ ᠪᠠᠶ᠋ᠢᠴᠠᠭ᠋ᠠᠯᠲᠠ᠎ᠠᠴᠠ ᠬᠠᠮᠤᠭ ᠰᠡᠭᠦᠯ᠎ᠳᠤ ᠨᠡᠭᠡᠭᠡᠨ ᠮᠠᠯᠲᠠᠬᠤ ᠬᠦᠷᠲᠡᠯ᠎ᠡ᠂ ᠪᠠᠷᠤᠭ 10 ᠵᠢᠯ᠎ᠠᠴᠠ 15 ᠵᠢᠯ᠎ᠤᠨ ᠴᠠᠭ ᠬᠡᠷᠡᠭᠰᠡᠨ᠎ᠡ᠃ 《ᠮᠠᠰᠢ ᠣᠯᠠᠨ ᠭᠠᠵᠠᠷ ᠣᠷᠣᠨ᠎ᠳᠤ ᠨᠢᠭᠡ ᠦᠶ᠎ᠡ ᠬᠥᠮᠦᠨ᠂ ᠬᠤᠶᠠᠷ ᠦᠶ᠎ᠡ ᠵᠢᠨ ᠬᠥᠮᠦᠨ ᠴᠢᠨᠠᠭᠰᠢᠯᠠᠪᠠᠯ ᠭᠤᠷᠪᠠᠨ ᠦᠶ᠎ᠡ ᠵᠢᠨ ᠬᠥᠮᠦᠨ᠎ᠤ ᠴᠢᠷᠮᠠᠶ᠋ᠢᠯᠭ᠎ᠠ ᠵᠢ ᠥᠩᠭᠡᠷᠡᠭᠦᠯᠪᠡᠯ ᠰᠠᠶᠢ ᠠᠭᠤᠷᠬᠠᠶ ᠵᠢ ᠡᠷᠢᠨ ᠭᠠᠷᠭ᠋ᠠᠵᠤ᠂ ᠬᠠᠮᠤᠭ ᠰᠡᠭᠦᠯ᠎ᠳᠤ ᠠᠵᠤ ᠠᠬᠤᠶ᠋ᠢᠯᠠᠯ᠎ᠳᠤ ᠨᠡᠭᠡᠭᠡᠨ ᠬᠥᠭᠵᠢᠭᠦᠯᠵᠦ ᠪᠣᠯᠤᠨ᠎ᠠ》 ᠭᠡᠵᠡᠢ᠃
ᠬᠡᠳᠦᠨ ᠠᠷᠪᠠᠨ ᠵᠢᠯ᠎ᠤᠨ ᠦᠷᠭᠦᠯᠵᠢᠯᠡᠭᠰᠡᠨ ᠮᠡᠷᠭᠡᠵᠢᠯ᠎ᠤᠨ ᠪᠣᠭᠤᠮᠲᠠ ᠰᠢᠪᠲᠤᠯᠬᠤ᠎ᠪᠠᠷ ᠳᠠᠮᠵᠢᠭ᠋ᠠᠳ᠂ ᠮᠠᠨ᠎ᠤ ᠤᠯᠤᠰ᠎ᠤᠨ ᠳᠡᠯᠡᠬᠡᠶ ᠵᠢᠨ ᠪᠥᠮᠪᠥᠷᠴᠡᠭ᠎ᠤᠨ ᠹᠢᠽᠢᠺ᠎ᠤᠨ ᠬᠠᠶ᠋ᠢᠨ ᠪᠠᠶ᠋ᠢᠴᠠᠭ᠋ᠠᠯᠲᠠ ᠵᠢᠨ ᠮᠡᠷᠭᠡᠵᠢᠯ ᠪᠠ ᠲᠣᠨᠤᠭ ᠲᠥᠬᠦᠭᠡᠷᠦᠮᠵᠢ ᠵᠢᠨ ᠰᠤᠳᠤᠯᠤᠨ ᠨᠡᠭᠡᠭᠡᠯᠲᠡ᠎ᠨᠢ ᠤᠯᠤᠰ᠎ᠤᠨ ᠭᠠᠳᠠᠭ᠋ᠠᠳᠤ ᠵᠢᠨ ᠪᠢᠲᠡᠭᠦᠮᠵᠢᠯᠡᠯ ᠪᠠ ᠭᠠᠭᠴᠠᠭ᠋ᠠᠷ ᠡᠵᠡᠮᠰᠢᠯ᠎ᠢ ᠳᠠᠪᠠᠵᠤ᠂ ᠠᠯᠢ ᠣᠯᠠᠨ ᠪᠡᠶ᠎ᠡ᠎ᠪᠠᠨ ᠳᠠᠭ᠋ᠠᠭ᠋ᠠᠭᠰᠠᠨ ᠲᠣᠨᠤᠭ ᠲᠥᠬᠦᠭᠡᠷᠦᠮᠵᠢ ᠵᠢ ᠰᠤᠳᠤᠯᠤᠨ ᠨᠡᠭᠡᠭᠡᠵᠦ᠂ ᠪᠥᠬᠦ ᠣᠷᠣᠨ ᠪᠦᠰᠡ᠂ ᠣᠯᠠᠨ ᠪᠠᠷᠢᠮᠵᠢᠶ᠎ᠠ᠂ ᠳᠡᠭᠡᠳᠦ ᠨᠠᠷᠢᠯᠢᠭ ᠶᠡᠷᠦᠩᠬᠡᠶ᠋ᠢᠯᠡᠭᠰᠡᠨ ᠬᠠᠶ᠋ᠢᠨ ᠪᠠᠶ᠋ᠢᠴᠠᠭ᠋ᠠᠬᠤ ᠴᠢᠳᠠᠪᠤᠷᠢ ᠵᠢ ᠠᠩᠬ᠎ᠠ ᠠᠯᠬᠤᠮ ᠪᠦᠷᠢᠯᠳᠦᠭᠦᠯᠪᠡ᠃ ᠢᠯᠠᠩᠭᠤᠶ᠎ᠠ ᠪᠠᠭ᠎ᠠ ᠬᠡᠯᠪᠡᠷᠢ ᠵᠢᠨ ᠬᠥᠩᠭᠡᠨ ᠬᠡᠯᠪᠡᠷᠢ ᠵᠢᠨ ᠲᠥᠬᠦᠭᠡᠷᠦᠮᠵᠢ ᠵᠢ ᠨᠥᠬᠦᠴᠡᠯ ᠪᠡᠷᠬᠡ ᠬᠠᠲᠠᠭᠤᠵᠢᠯᠲᠠᠶ ᠭᠠᠵᠠᠷ ᠣᠷᠣᠨ᠎ᠳᠤ ᠣᠨᠣᠪᠴᠢᠲᠠᠶ ᠬᠠᠶ᠋ᠢᠨ ᠰᠢᠨᠵᠢᠯᠡᠯᠲᠡ ᠬᠢᠵᠦ᠂ ᠥᠩᠭᠡᠷᠡᠭᠰᠡᠨ᠎ᠳᠤ ᠥᠨᠳᠥᠷ ᠳᠠᠯᠠᠶ ᠵᠢᠨ ᠲᠦᠪᠰᠢᠨ᠎ᠠᠴᠠ ᠳᠡᠭᠡᠭᠰᠢ ᠭᠠᠵᠠᠷ ᠣᠷᠣᠨ᠎ᠳᠤ 《ᠬᠥᠮᠦᠨ᠎ᠨᠢ ᠳᠡᠭᠡᠭᠰᠢ ᠭᠠᠷᠴᠦ ᠳᠡᠢ᠌ᠯᠬᠦ ᠦᠭᠡᠢ ᠪᠣᠯ᠂ ᠲᠣᠨᠤᠭ ᠲᠥᠬᠦᠭᠡᠷᠦᠮᠵᠢ᠎ᠨᠢ ᠪᠠᠰᠠ ᠳᠡᠭᠡᠭᠰᠢ ᠭᠠᠷᠴᠦ ᠳᠡᠢ᠌ᠯᠬᠦ ᠦᠭᠡᠢ》 ᠪᠠᠶ᠋ᠢᠭᠰᠠᠨ ᠬᠦᠴᠢᠷ ᠠᠰᠠᠭᠤᠳᠠᠯ᠎ᠢ ᠰᠢᠢ᠍ᠳᠪᠦᠷᠢᠯᠡᠪᠡ᠃
ᠡᠭᠦᠨ᠎ᠠᠴᠠ ᠭᠠᠳᠠᠨ᠎ᠠ᠂ ᠮᠠᠨ᠎ᠤ ᠤᠯᠤᠰ ᠠᠯᠤᠰ ᠰᠡᠷᠡᠯ᠎ᠤᠨ ᠮᠡᠷᠭᠡᠵᠢᠯ᠂ ᠳᠠᠭ᠋ᠠᠭᠤᠯᠢ ᠣᠳᠣᠨ᠎ᠤ ᠬᠢᠨᠠᠨ ᠬᠡᠮᠵᠢᠯᠲᠡ ᠪᠠ ᠲᠣᠮᠣ ᠳ᠋ᠠᠶ᠋ᠢᠲ᠋ᠠ ᠵᠢᠨ ᠬᠡᠷᠡᠭᠯᠡᠭᠡᠨ᠎ᠤ ᠲᠠᠯ᠎ᠠ᠎ᠪᠠᠷ᠎ᠬᠢ ᠢᠯᠡᠳᠲᠡ ᠠᠬᠢᠴᠠ᠎ᠲᠠᠢ᠂ ᠡᠬᠢ ᠪᠠᠶᠠᠯᠢᠭ ᠵᠶ᠋ᠠᠷ ᠠᠭᠤᠷᠬᠠᠢ ᠡᠷᠢᠬᠦ᠎ᠳᠤ ᠴᠢᠩᠭ᠎ᠠ ᠬᠦᠴᠦᠲᠡᠶ ᠲᠤᠭ᠎ᠠ ᠪᠠᠷᠢᠮᠲᠠ ᠵᠢᠨ ᠲᠤᠯᠭ᠋ᠠᠭᠤᠷᠢᠯᠠᠯ ᠬᠠᠩᠭ᠋ᠠᠭᠰᠠᠨ ᠪᠠᠶ᠋ᠢᠨ᠎ᠠ᠃