ᠤᠮᠠᠷᠠᠲᠤ ᠬᠢᠯᠢ ᠵᠢᠨ ᠪᠠᠶ᠋ᠢᠭ᠋ᠠᠯᠢ ᠵᠢᠨ ᠬᠢᠴᠢᠶᠡᠯ᠎ᠤᠨ ᠲᠠᠩᠬᠢᠮ᠎ᠢ ᠪᠡᠭᠡᠵᠢᠩ᠎ᠳᠤ 《ᠨᠡᠪᠲᠡᠷᠡᠭᠦᠯᠵᠦ》 ᠪᠤᠢ
2025-03-21

   2 ᠳ᠋ᠤᠭ᠋ᠠᠷ ᠰᠠᠷ᠎ᠠ ᠵᠢᠨ 19᠎ᠤ ᠡᠳᠦᠷ᠂ ᠬᠥᠬᠡᠬᠤᠲᠠ᠎ᠠᠴᠠ ᠪᠡᠭᠡᠵᠢᠩ ᠵᠦᠭ ᠮᠣᠷᠳᠠᠭᠰᠠᠨ G2462 ᠤᠳᠠᠭ᠎ᠠ ᠵᠢᠨ ᠳᠡᠭᠡᠳᠦ ᠬᠤᠷᠳᠤ ᠵᠢᠨ ᠲᠡᠮᠦᠷ ᠵᠠᠮ ᠳᠡᠭᠡᠷ᠎ᠡ᠂ 《ᠤᠮᠠᠷᠠᠲᠤ ᠬᠢᠯᠢ ᠵᠢᠨ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠵᠦ ᠪᠡᠭᠡᠵᠢᠩ᠎ᠳᠤ ᠣᠷᠣᠬᠤ》 ᠬᠢᠴᠢᠶᠡᠯ᠎ᠤᠨ ᠲᠠᠩᠬᠢᠮ ᠶᠠᠭ ᠶᠠᠪᠤᠭᠳᠠᠵᠤ ᠪᠠᠶ᠋ᠢᠨ᠎ᠠ᠃ ᠰᠢᠨᠬᠤᠸᠠ ᠰᠦᠯᠵᠢᠶ᠎ᠡ   ᠰᠢᠤᠢ ᠬᠤᠩ ᠮᠧᠶ ᠰᠡᠭᠦᠳᠡᠷᠯᠡᠪᠡ

   ᠰᠢᠨᠬᠤᠸᠠ ᠰᠦᠯᠵᠢᠶ᠎ᠡ ᠵᠢᠨ ᠬᠥᠬᠡᠬᠣᠲᠠ ᠵᠢᠨ 2 ᠳ᠋ᠤᠭ᠋ᠠᠷ ᠰᠠᠷ᠎ᠠ ᠵᠢᠨ 20᠎ᠤ ᠡᠳᠦᠷ᠎ᠤᠨ ᠴᠠᠬᠢᠯᠭ᠋ᠠᠨ ᠮᠡᠳᠡᠭᠡ (ᠰᠢᠤᠢ ᠬᠣᠩ ᠮᠧᠢ) ᠳᠡᠭᠡᠳᠦ ᠬᠤᠷᠳᠤ ᠵᠢᠨ ᠲᠡᠮᠦᠷ ᠵᠠᠮ᠎ᠤᠨ ᠲᠡᠷᠭᠡ 《ᠰᠢᠯᠵᠢᠮᠡᠯ ᠮᠦᠽᠧᠢ》 ᠪᠣᠯᠵᠤ᠂ ᠬᠤᠳᠠᠯᠳᠤᠭ᠋ᠠᠨ᠎ᠤ ᠲᠠᠯᠠᠪᠤᠷ᠎ᠤᠨ ᠳᠤᠮᠳᠠ ᠲᠢᠩᠬᠢᠮ᠎ᠳᠤ ᠲᠡᠦᠬᠡᠨ᠎ᠠᠴᠠ ᠡᠮᠦᠨᠡᠬᠢ ᠠᠪᠤᠷᠭᠤ ᠯᠣᠣ᠎ᠲᠠᠢ ᠤᠴᠠᠷᠠᠬᠤ᠎ᠳᠤ᠂ ᠮᠢᠩᠭ᠋ᠠᠨ ᠭᠠᠵᠠᠷ᠎ᠢ ᠠᠯᠤᠰᠯᠠᠭᠰᠠᠨ ᠠᠶᠠᠨᠳᠠᠭ᠋ᠠᠨ᠎ᠤ ᠶᠠᠷᠢᠯᠴᠠᠭ᠎ᠠ ᠪᠡᠭᠡᠵᠢᠩ᠎ᠳᠤ ᠶᠠᠪᠤᠭᠳᠠᠪᠠ᠃ 2 ᠳ᠋ᠤᠭ᠋ᠠᠷ ᠰᠠᠷ᠎ᠠ ᠵᠢᠨ 19᠎ᠤ ᠡᠳᠦᠷ᠂ ᠥᠪᠥᠷ ᠮᠣᠩᠭᠣᠯ᠎ᠤᠨ ᠪᠠᠢ᠌ᠭ᠋ᠠᠯᠢ ᠵᠢᠨ ᠮᠦᠽᠧᠢ ᠲᠠᠯ᠎ᠠ ᠨᠤᠲᠤᠭ᠎ᠤᠨ ᠠᠷᠠᠳ ᠲᠦᠮᠡᠨ᠎ᠢ ᠳᠠᠭ᠋ᠠᠭᠤᠯᠤᠨ 《ᠬᠦᠷᠢᠶᠡᠨ᠎ᠠᠴᠠ ᠭᠠᠷᠴᠤ》᠂ ᠪᠡᠭᠡᠵᠢᠩ᠎ᠤᠨ ᠥᠨᠳᠥᠷ ᠬᠤᠷᠳᠤᠴᠠᠲᠤ ᠲᠡᠮᠦᠷ ᠵᠠᠮ ᠪᠣᠯᠤᠨ ᠬᠤᠳᠠᠯᠳᠤᠭ᠋ᠠᠨ᠎ᠤ ᠲᠣᠭᠣᠷᠢᠭ᠎ᠲᠤ ᠰᠢᠨ᠎ᠡ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠠᠯᠬᠢᠨ ᠪᠣᠯᠵᠠᠢ᠃

   ᠬᠥᠬᠡᠬᠤᠲᠠ᠎ᠠᠴᠠ ᠪᠡᠭᠡᠵᠢᠩ᠎ᠤᠨ G2462 ᠳ᠋ᠤᠭ᠋ᠠᠷ ᠤᠳᠠᠭ᠎ᠠ ᠵᠢᠨ ᠳᠡᠭᠡᠳᠦ ᠬᠤᠷᠳᠤ ᠵᠢᠨ ᠲᠡᠮᠦᠷ ᠵᠠᠮ ᠳᠡᠭᠡᠷ᠎ᠡ ᠠᠶᠠᠯᠠᠵᠤ᠂ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠮᠦᠽᠧᠶ ᠵᠢᠨ ᠲᠠᠶ᠋ᠢᠯᠪᠤᠷᠢᠯᠠᠭᠴᠢ ᠪᠠ 《ᠪᠢᠴᠢᠬᠠᠨ ᠲᠠᠶ᠋ᠢᠯᠪᠤᠷᠢᠯᠠᠭᠴᠢ》 ᠠᠶᠠᠨᠴᠢᠳ᠎ᠲᠤ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠮᠦᠽᠧᠶ ᠵᠢ ᠲᠠᠨᠢᠯᠴᠠᠭᠤᠯᠵᠤ᠂ ᠪᠠᠯᠭ᠋ᠠᠰᠤᠨ᠎ᠤ ᠣᠷᠳᠣᠨ᠎ᠤ ᠡᠷᠳᠡᠨᠢ — ᠪᠦᠷᠢᠨ ᠲᠡᠭᠦᠯᠳᠡᠷ ᠪᠠᠶᠠᠨᠨᠠᠭᠤᠷ ᠯᠤᠤ ᠵᠢᠴᠢ ᠬᠠᠶ᠋ᠢᠯᠤᠭᠤᠷ ᠵᠣᠩᠰᠢ᠂ ᠮᠣᠩᠭᠤᠯ ᠬᠡᠭᠡᠷ᠎ᠡ ᠵᠢᠨ ᠡᠯᠵᠢᠭᠡ᠂ ᠴᠠᠰᠤᠲᠤ ᠢᠷᠪᠢᠰ ᠵᠡᠷᠭᠡ ᠮᠦᠽᠧᠶ᠎ᠳᠤ ᠬᠠᠳᠠᠭ᠋ᠠᠯᠠᠵᠤ ᠪᠠᠶ᠋ᠢᠭ᠎ᠠ ᠲᠥᠯᠥᠭᠡᠯᠡᠬᠦ ᠴᠢᠨᠠᠷᠲᠠᠶ ᠬᠡᠪ ᠵᠠᠭᠪᠤᠷ᠎ᠢ ᠲᠠᠶ᠋ᠢᠯᠪᠤᠷᠢᠯᠠᠵᠤ᠂ ᠵᠣᠬᠢᠶᠠᠨ ᠪᠠᠢ᠌ᠭᠤᠯᠤᠯᠲᠠ ᠵᠢᠨ 《ᠬᠠᠷᠢᠯᠴᠠᠨ ᠦᠢ᠍ᠯᠡᠳᠦᠯᠴᠡᠬᠦ ᠠᠰᠠᠭᠤᠯᠲᠠ ᠬᠠᠷᠢᠭᠤᠯᠲᠠ》᠂ 《ᠤᠷᠠᠨ ᠭᠠᠷ ᠵᠶ᠋ᠠᠷ ᠵᠦᠰᠦᠨ ᠪᠠᠶᠠᠰᠬᠠᠬᠤ》᠂ 《ᠵᠢᠷᠤᠭ᠎ᠢ ᠦᠵᠡᠵᠦ ᠪᠠᠢ᠌ᠭ᠋ᠠᠯᠢ ᠵᠢ ᠶᠠᠷᠢᠬᠤ》 ᠵᠡᠷᠭᠡ ᠬᠠᠷᠢᠯᠴᠠᠨ ᠦᠢ᠍ᠯᠡᠳᠦᠯᠴᠡᠬᠦ ᠠᠵᠢᠯᠯᠠᠭ᠎ᠠ ᠵᠢ ᠵᠣᠬᠢᠶᠠᠨ ᠪᠠᠢ᠌ᠭᠤᠯᠵᠤ᠂ ᠠᠶᠠᠨᠴᠢᠳ᠎ᠲᠤ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠦᠢ᠍ᠮᠣ ᠪᠠᠶ᠋ᠢᠳᠠᠯ ᠪᠠ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠮᠦᠽᠧᠶ ᠵᠢ ᠭᠦᠨᠵᠡᠭᠡᠶ ᠣᠶ᠋ᠢᠯᠠᠭ᠋ᠠᠭᠤᠯᠪᠠ᠃

   ᠪᠡᠭᠡᠵᠢᠩ᠎ᠤᠨ ᠺᠠᠢ ᠳ᠋ᠸ MALL ᠬᠤᠳᠠᠯᠳᠤᠭ᠋ᠠᠨ᠎ᠤ ᠲᠠᠯᠠᠪᠠᠢ᠎ᠳᠤ᠂ ᠥᠪᠥᠷ ᠮᠣᠩᠭᠣᠯ᠎ᠤᠨ ᠪᠠᠢ᠌ᠭ᠋ᠠᠯᠢ ᠵᠢᠨ ᠮᠦᠽᠧᠢ᠎ᠳᠤ ᠲᠦᠷ ᠴᠠᠭ᠎ᠤᠨ ᠳᠡᠯᠭᠡᠨ ᠦᠵᠡᠭᠦᠯᠬᠦ ᠲᠣᠭᠣᠷᠢᠭ ᠭᠠᠷᠭ᠋ᠠᠵᠤ᠂ ᠥᠪᠥᠷ ᠮᠣᠩᠭᠣᠯ᠎ᠤᠨ ᠪᠠᠢ᠌ᠭ᠋ᠠᠯᠢ ᠵᠢᠨ ᠮᠦᠽᠧᠢ ᠵᠢᠨ ᠰᠣᠶᠣᠯ᠎ᠤᠨ ᠡᠭᠦᠳᠦᠯᠲᠡ ᠵᠢᠨ ᠪᠦᠲᠦᠭᠡᠭᠳᠡᠬᠦᠨ᠎ᠢ ᠳᠡᠯᠭᠡᠨ ᠦᠵᠡᠭᠦᠯᠵᠦ᠂ 《ᠲᠡᠭᠦᠰ ᠰᠠᠢ᠌ᠬᠠᠨ ᠪᠠᠶᠠᠨᠨᠠᠭᠤᠷ ᠯᠤᠤ》᠎ᠨᠢ ᠪᠡᠭᠡᠵᠢᠩ ᠬᠣᠲᠠ ᠵᠢᠨ ᠠᠷᠠᠳ᠎ᠤᠨ ᠨᠢᠳᠦᠨ ᠡᠮᠦᠨ᠎ᠡ ᠢᠯᠡᠷᠡᠪᠡ᠃ 《ᠬᠠᠷᠢᠯᠴᠠᠨ ᠦᠢ᠍ᠯᠡᠳᠦᠯᠴᠡᠬᠦ ᠠᠰᠠᠭᠤᠯᠲᠠ ᠬᠠᠷᠢᠭᠤᠯᠲᠠ》᠂ 《ᠰᠣᠶᠣᠯ᠎ᠤᠨ ᠰᠢᠨ᠎ᠡ ᠡᠭᠦᠳᠦᠯᠲᠡ ᠵᠢ ᠠᠩᠬᠠᠷᠬᠤ》 ᠵᠡᠷᠭᠡ ᠬᠠᠷᠢᠯᠴᠠᠨ ᠬᠥᠳᠡᠯᠦᠯᠴᠡᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ᠂ ᠮᠠᠰᠢ ᠣᠯᠠᠨ ᠬᠤᠲᠠ ᠵᠢᠨ ᠠᠷᠠᠳ᠎ᠤᠨ ᠠᠩᠬᠠᠷᠤᠯ᠎ᠢ ᠲᠠᠲᠠᠪᠠ᠃

   ᠣᠶ᠋ᠢᠷ᠎ᠠ ᠵᠢᠨ ᠵᠢᠯ᠎ᠤᠳ᠎ᠲᠤ᠂ 《ᠮᠦᠽᠧᠶ ᠵᠢᠨ ᠬᠠᠯᠠᠭᠤᠷᠠᠯ》 ᠦᠷᠭᠦᠯᠵᠢᠯᠡᠨ ᠳᠡᠭᠡᠭᠰᠢᠯᠡᠬᠦ ᠵᠢ ᠳᠠᠭ᠋ᠠᠯᠳᠤᠨ᠂ ᠮᠦᠽᠧᠶ ᠲᠣᠭᠤᠷᠢᠬᠤ᠎ᠨᠢ ᠨᠢᠭᠡᠨᠲᠡ ᠣᠯᠠᠨ ᠲᠦᠮᠡᠨ᠎ᠤ ᠪᠠᠭ᠍ᠠᠷᠬᠠᠬᠤ ᠠᠮᠢᠳᠤᠷᠠᠯ᠎ᠤᠨ ᠠᠷᠭ᠎ᠠ ᠮᠠᠶᠢᠭ ᠪᠣᠯᠤᠭᠰᠠᠨ ᠪᠠᠶ᠋ᠢᠨ᠎ᠠ᠃ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠮᠦᠽᠧᠶ᠎ᠨᠢ ᠳᠡᠯᠭᠡᠨ ᠦᠵᠡᠭᠦᠯᠬᠦ ᠠᠭᠤᠯᠭ᠎ᠠ᠎ᠪᠠᠨ ᠲᠠᠰᠤᠷᠠᠯᠲᠠ ᠦᠭᠡᠢ ᠪᠠᠶᠠᠯᠢᠭᠵᠢᠭᠤᠯᠵᠤ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠥᠮᠦᠵᠢᠯ᠎ᠤᠨ ᠵᠠᠭᠪᠤᠷ᠎ᠤᠨ ᠰᠢᠨ᠎ᠡ ᠵᠢ ᠡᠭᠦᠳᠬᠦ ᠵᠢᠨ ᠬᠠᠮᠲᠤ 《ᠮᠦᠽᠧᠶ》᠎ᠠᠴᠠ ᠭᠠᠷᠴᠤ᠂ ᠮᠦᠽᠧᠶ ᠵᠢᠨ ᠣᠯᠠᠨ ᠡᠰᠢᠲᠦ ᠬᠥᠭᠵᠢᠯᠲᠡ ᠵᠢᠨ ᠰᠢᠨ᠎ᠡ ᠪᠠᠶ᠋ᠢᠷᠢᠰᠢᠯ᠎ᠢ ᠬᠠᠶ᠋ᠢᠨ ᠰᠦᠪᠡᠭᠴᠢᠯᠡᠪᠡ᠃


3.21-2.png


  2 ᠳ᠋ᠤᠭ᠋ᠠᠷ ᠰᠠᠷ᠎ᠠ ᠵᠢᠨ 19᠎ᠤ ᠡᠳᠦᠷ᠂ G2462 ᠤᠳᠠᠭ᠎ᠠ ᠵᠢᠨ ᠳᠡᠭᠡᠳᠦ ᠬᠤᠷᠲᠦ ᠵᠢᠨ ᠲᠡᠮᠦᠷ ᠵᠠᠮ ᠳᠡᠭᠡᠷ᠎ᠡ 《ᠤᠮᠠᠷᠠᠲᠤ ᠬᠢᠯᠢ ᠵᠢᠨ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠵᠦ ᠪᠡᠭᠡᠵᠢᠩ᠎ᠳᠤ ᠣᠷᠣᠬᠤ》 ᠠᠵᠢᠯᠯᠠᠭ᠎ᠠ ᠳᠤᠮᠳᠠ᠂ ᠲᠠᠶ᠋ᠢᠯᠪᠤᠷᠢᠯᠠᠭᠴᠢ ᠶᠠᠭ ᠰᠠᠶ᠋ᠢᠬᠠᠨ ᠪᠠᠶᠠᠨᠨᠠᠭᠤᠷ᠎ᠢ ᠲᠠᠨᠢᠯᠴᠠᠭᠤᠯᠵᠤ ᠪᠠᠶ᠋ᠢᠨ᠎ᠠ᠃ ᠰᠢᠨᠬᠤᠸᠠ ᠰᠦᠯᠵᠢᠶ᠎ᠡ   ᠰᠢᠤᠢ ᠬᠤᠩ ᠮᠧᠶ ᠰᠡᠭᠦᠳᠡᠷᠯᠡᠪᠡ


3.21-3.png


  2 ᠳ᠋ᠤᠭ᠋ᠠᠷ ᠰᠠᠷ᠎ᠠ ᠵᠢᠨ 19᠎ᠤ ᠡᠳᠦᠷ᠂ G2462 ᠤᠳᠠᠭ᠎ᠠ ᠵᠢᠨ ᠳᠡᠭᠡᠳᠦ ᠬᠤᠷᠲᠦ ᠵᠢᠨ ᠲᠡᠮᠦᠷ ᠵᠠᠮ ᠳᠡᠭᠡᠷ᠎ᠡ᠂ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠮᠦᠽᠧᠶ ᠵᠢᠨ 《ᠪᠢᠴᠢᠬᠠᠨ ᠲᠠᠶ᠋ᠢᠯᠪᠤᠷᠢᠯᠠᠭᠴᠢ》 ᠶᠠᠭ ᠠᠶᠠᠨᠴᠢᠳ᠎ᠲᠠᠢ ᠬᠠᠷᠢᠯᠴᠠᠵᠤ ᠪᠠᠶ᠋ᠢᠨ᠎ᠠ᠃ ᠰᠢᠨᠬᠤᠸᠠ ᠰᠦᠯᠵᠢᠶ᠎ᠡ ᠰᠢᠤᠢ ᠬᠤᠩ ᠮᠧᠶ ᠰᠡᠭᠦᠳᠡᠷᠯᠡᠪᠡ


3.21-4.png


  2 ᠳ᠋ᠤᠭ᠋ᠠᠷ ᠰᠠᠷ᠎ᠠ ᠵᠢᠨ 19᠎ᠤ ᠡᠳᠦᠷ᠂ G2462 ᠤᠳᠠᠭ᠎ᠠ ᠵᠢᠨ ᠳᠡᠭᠡᠳᠦ ᠬᠤᠷᠲᠦ ᠵᠢᠨ ᠲᠡᠮᠦᠷ ᠵᠠᠮ ᠳᠡᠭᠡᠷ᠎ᠡ᠂ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠮᠦᠽᠧᠶ ᠵᠢᠨ ᠲᠠᠶ᠋ᠢᠯᠪᠤᠷᠢᠯᠠᠭᠴᠢ ᠡᠪᠡᠳᠴᠢᠲᠡᠨ᠎ᠳᠤ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠮᠡᠳᠡᠯᠭᠡ ᠵᠢ ᠲᠠᠶ᠋ᠢᠯᠪᠤᠷᠢᠯᠠᠨ ᠥᠭᠴᠦ ᠪᠠᠶ᠋ᠢᠨ᠎ᠠ᠃ ᠰᠢᠨᠬᠤᠸᠠ ᠰᠦᠯᠵᠢᠶ᠎ᠡ ᠰᠢᠤᠢ ᠬᠤᠩ ᠮᠧᠶ ᠰᠡᠭᠦᠳᠡᠷᠯᠡᠪᠡ


3.21-5.png


  2 ᠳ᠋ᠤᠭ᠋ᠠᠷ ᠰᠠᠷ᠎ᠠ ᠵᠢᠨ 19᠎ᠤ ᠡᠳᠦᠷ᠂ ᠠᠶᠠᠨᠴᠢᠳ ᠶᠠᠭ G2462 ᠤᠳᠠᠭ᠎ᠠ ᠵᠢᠨ ᠳᠡᠭᠡᠳᠦ ᠬᠤᠷᠲᠦ ᠵᠢᠨ ᠲᠡᠮᠦᠷ ᠵᠠᠮ ᠳᠡᠭᠡᠷ᠎ᠡ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠢᠴᠢᠶᠡᠯ᠎ᠤᠨ ᠲᠠᠩᠬᠢᠮ᠎ᠳᠤ ᠤᠷ᠎ᠠ ᠠᠪᠢᠶᠠᠰ ᠵᠶ᠋ᠠᠨ ᠠᠳᠠᠯᠢᠳᠬᠠᠨ ᠨᠠᠶ᠋ᠢᠷᠠᠭᠤᠯᠬᠤ ᠠᠵᠢᠯᠯᠠᠭ᠎ᠠ᠎ᠳᠤ ᠣᠷᠣᠯᠴᠠᠵᠤ ᠪᠠᠶ᠋ᠢᠨ᠎ᠠ᠃ ᠰᠢᠨᠬᠤᠸᠠ ᠰᠦᠯᠵᠢᠶ᠎ᠡ ᠰᠢᠤᠢ ᠬᠤᠩ ᠮᠧᠶ ᠰᠡᠭᠦᠳᠡᠷᠯᠡᠪᠡ


3.21-6.png


  2 ᠳ᠋ᠤᠭ᠋ᠠᠷ ᠰᠠᠷ᠎ᠠ ᠵᠢᠨ 19᠎ᠤ ᠡᠳᠦᠷ᠂ ᠥᠪᠥᠷ ᠮᠣᠩᠭᠣᠯ᠎ᠤᠨ ᠪᠠᠢ᠌ᠭ᠋ᠠᠯᠢ ᠵᠢᠨ ᠮᠦᠽᠧᠢ᠎ᠠᠴᠠ ᠢᠷᠡᠭᠰᠡᠨ 《ᠪᠢᠴᠢᠬᠠᠨ ᠲᠠᠢ᠌ᠯᠪᠤᠷᠢᠯᠠᠭᠴᠢ》 ᠪᠡᠭᠡᠵᠢᠩ᠎ᠤᠨ ᠺᠠᠢ ᠳ᠋ᠸ MALL ᠬᠤᠳᠠᠯᠳᠤᠭ᠋ᠠᠨ᠎ᠤ ᠲᠠᠯᠠᠪᠠᠢ᠎ᠳᠤ 《ᠲᠡᠭᠦᠰ ᠰᠠᠢ᠌ᠬᠠᠨ ᠪᠠᠶᠠᠨᠨᠠᠭᠤᠷ ᠯᠤᠤ》᠎ᠤ ᠨᠣᠣᠯᠣᠭᠤᠷ᠎ᠤᠨ ᠰᠣᠶᠣᠯ᠎ᠤᠨ ᠡᠭᠦᠳᠦᠯᠲᠡ ᠵᠢ ᠳᠡᠯᠭᠡᠨ ᠦᠵᠡᠭᠦᠯᠪᠡ᠃ ᠰᠢᠨᠬᠤᠸᠠ ᠰᠦᠯᠵᠢᠶ᠎ᠠ ᠰᠢᠤᠢ ᠬᠤᠩ ᠮᠧᠶ ᠰᠡᠭᠦᠳᠡᠷᠯᠡᠪᠡ


3.21-7.png


  2 ᠳ᠋ᠤᠭ᠋ᠠᠷ ᠰᠠᠷ᠎ᠠ ᠵᠢᠨ 19᠎ᠤ ᠡᠳᠦᠷ᠂ ᠨᠢᠭᠡᠨ ᠪᠡᠭᠡᠵᠢᠩ ᠬᠤᠳᠠ ᠵᠢᠨ ᠠᠷᠠᠳ ᠪᠡᠭᠡᠵᠢᠩ᠎ᠤᠨ ᠺᠠᠢ ᠳ᠋ᠧ MALL ᠬᠤᠳᠠᠯᠳᠤᠭ᠋ᠠᠨ᠎ᠤ ᠲᠠᠯᠠᠪᠤᠷ᠎ᠲᠤ ᠬᠠᠷᠢᠯᠴᠠᠨ ᠬᠥᠳᠡᠯᠦᠯᠴᠡᠬᠦ᠎ᠳᠤ ᠣᠷᠣᠯᠴᠠᠪᠠ᠃ ᠰᠢᠨᠬᠤᠸᠠ ᠰᠦᠯᠵᠢᠶ᠎ᠡ ᠰᠢᠤᠢ ᠬᠤᠩ ᠮᠧᠶ ᠰᠡᠭᠦᠳᠡᠷᠯᠡᠪᠡ

 

ᠢᠷᠡᠯᠲᠡ᠄ ᠰᠢᠨᠬᠤᠸᠠ ᠰᠦᠯᠵᠢᠶ᠎ᠡ