ᠰᠢᠨ᠎ᠡ ᠠᠶᠠᠨ᠎ᠳᠠᠭᠠᠨ ᠤᠮᠤᠭ ᠵᠣᠷᠢᠭ ᠵᠶ᠋ᠠᠨ ᠬᠥᠪᠴᠢᠯᠡᠵᠦ ᠪᠣᠳᠠᠲᠠᠢ ᠠᠵᠢᠯᠯᠠᠵᠤ ᠰᠢᠨ᠎ᠡ ᠬᠠᠭᠤᠳᠠᠰᠤ ᠵᠢ ᠪᠢᠴᠢᠭᠯᠡᠶ᠎ᠡ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠦᠭᠦᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯᠳᠤᠭ᠋ᠠᠨ ᠬᠠᠯᠠᠭᠤᠨ ᠲᠤᠰᠬᠠᠯ ᠭᠠᠷᠪᠠ
2024-12-30

  2024 ᠣᠨ᠎ᠤ 12 ᠳ᠋ᠤᠭ᠋ᠠᠷ ᠰᠠᠷ᠎ᠠ ᠵᠢᠨ 25᠎ᠤ ᠡᠳᠦᠷ᠎ᠠᠴᠠ 26᠎ᠤ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠤᠷᠢᠶ᠎ᠠ ᠵᠢᠨ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ᠎ᠤ ᠠᠵᠤ ᠠᠬᠤᠶ ᠵᠢᠨ ᠠᠵᠢᠯ᠎ᠤᠨ ᠬᠤᠷᠠᠯ ᠬᠥᠬᠡᠬᠤᠲᠠ᠎ᠳᠤ ᠬᠤᠷᠠᠯᠳᠤᠪᠠ᠃ ᠬᠤᠷᠠᠯ᠎ᠠᠴᠠ 2024 ᠣᠨ᠎ᠤ ᠠᠵᠢᠯ ᠵᠶ᠋ᠠᠨ ᠳ᠋ᠦᠩᠨᠡᠵᠦ᠂ 2025 ᠣᠨ᠎ᠤ ᠠᠵᠢᠯ ᠵᠶ᠋ᠠᠨ ᠪᠠᠶ᠋ᠢᠷᠢᠯᠠᠭᠤᠯᠪᠠ᠃ 2025 ᠣᠨ᠎ᠳᠤ 《ᠵᠢᠷᠭᠤᠭ᠋ᠠᠨ ᠠᠵᠢᠯᠯᠠᠭ᠎ᠠ》 ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠳᠤ ᠬᠤᠶᠠᠷ ᠶᠡᠭᠡ ᠶᠠᠪᠤᠳᠠᠯ᠎ᠢ ᠰᠠᠶ᠋ᠢᠲᠤᠷ ᠪᠡᠶᠡᠯᠡᠭᠦᠯᠵᠦ᠂ 《ᠰᠢᠨ᠎ᠡ ᠵᠠᠮ᠎ᠢ ᠨᠡᠭᠡᠭᠡᠵᠦ ᠳᠤᠮᠳᠠᠳᠤ ᠲᠦᠪᠰᠢᠨ᠎ᠳᠤ ᠳᠠᠪᠰᠢᠬᠤ》 ᠬᠠᠷᠠᠯᠲᠠ ᠵᠢ ᠪᠡᠶᠡᠯᠡᠭᠦᠯᠬᠦ᠎ᠳᠤ ᠱᠤᠭᠤᠮ ᠪᠠ ᠴᠢᠭᠯᠡᠯ᠎ᠢ ᠲᠣᠳᠣᠷᠬᠠᠢ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃

   ᠠᠮᠵᠢᠯᠲᠠ ᠪᠦᠲᠦᠮᠵᠢ ᠵᠢ ᠬᠢᠯᠪᠠᠷᠬᠠᠨ ᠵᠶ᠋ᠠᠷ ᠣᠯᠤᠭᠰᠠᠨ ᠪᠢᠰᠢ᠂ ᠬᠥᠮᠦᠰ᠎ᠤᠨ ᠰᠡᠳᠬᠢᠯ᠎ᠢ ᠬᠥᠭᠵᠢᠭᠡᠵᠦ᠂ ᠬᠠᠷᠠᠯᠲᠠ ᠲᠣᠳᠣᠷᠬᠠᠶ᠂ ᠪᠣᠳᠠᠲᠠᠶ ᠵᠢ ᠡᠷᠬᠢᠮᠯᠡᠵᠦ᠂ ᠬᠥᠮᠦᠰ᠎ᠢ ᠤᠷᠮᠠᠰᠢᠭᠤᠯᠤᠨ ᠤᠷᠤᠭᠰᠢᠯᠠᠭᠤᠯᠤᠨ᠎ᠠ᠃ ᠬᠤᠷᠠᠯ᠎ᠳᠤ ᠣᠷᠣᠯᠴᠠᠭᠰᠠᠳ ᠢᠯᠡᠷᠬᠡᠢ᠌ᠯᠡᠬᠦ᠎ᠳᠤ᠎ᠪᠠᠨ᠂ ᠶᠡᠷᠦᠩᠬᠡᠶ ᠱᠦᠵᠢ ᠰᠢ ᠵᠢᠨ ᠫᠢᠩ᠎ᠤᠨ ᠵᠢᠭ᠋ᠠᠭᠰᠠᠨ ᠴᠢᠭᠯᠡᠯ ᠵᠶ᠋ᠠᠷ ᠡᠷᠡᠰ ᠭᠤᠶ᠋ᠢᠪᠢᠰᠢ ᠥᠬᠡᠶ ᠪᠣᠳᠠᠲᠠᠶ ᠠᠵᠢᠯᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠭᠤᠤᠯ ᠰᠢᠵᠢᠮ᠎ᠢ ᠥᠭᠡᠷᠡᠴᠢᠯᠡᠯᠲᠡ ᠬᠥᠭᠵᠢᠯᠲᠡ ᠵᠢᠨ ᠡᠯ᠎ᠡ ᠲᠠᠯ᠎ᠠ᠎ᠳᠤ ᠲᠤᠭᠤᠰᠢᠯᠠᠭᠤᠯᠵᠤ᠂ 《ᠲᠠᠪᠤᠨ ᠶᠡᠭᠡ ᠡᠭᠦᠷᠭᠡ》 ᠵᠢ ᠦᠷᠭᠦᠯᠵᠢᠯᠡᠨ ᠠᠬᠢᠭᠤᠯᠵᠤ᠂ 《ᠵᠢᠷᠭᠤᠭ᠋ᠠᠨ ᠢᠨᠵᠧᠨᠧᠷᠢᠩ》᠎ᠢ ᠦᠷᠭᠦᠯᠵᠢᠯᠡᠨ ᠬᠡᠷᠡᠭᠵᠢᠭᠦᠯᠵᠦ᠂ 《ᠵᠢᠷᠭᠤᠭ᠋ᠠᠨ ᠠᠵᠢᠯᠯᠠᠭ᠎ᠠ》 ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠨ᠎ᠡ ᠬᠡᠵᠡᠢ᠃

   ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠬᠥᠭᠵᠢᠯᠲᠡ ᠵᠢ ᠠᠬᠢᠭᠤᠯᠤᠨ᠎ᠠ

  《ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠬᠦ᠎ᠠᠴᠠ 〈ᠵᠢᠷᠭᠤᠭ᠋ᠠᠨ  ᠢᠨᠵᠧᠨᠧᠷᠢᠩ〉᠎ᠢ ᠦᠷᠭᠦᠯᠵᠢᠯᠡᠨ ᠠᠬᠢᠭᠤᠯᠵᠤ᠂ 〈ᠵᠢᠷᠭᠤᠭ᠋ᠠᠨ ᠠᠵᠢᠯᠯᠠᠭ᠎ᠠ〉 ᠵᠢ ᠵᠣᠬᠢᠶᠠᠨ ᠪᠠᠶ᠋ᠢᠭᠤᠯᠤᠨ ᠥᠷᠨᠢᠭᠦᠯᠬᠦ ᠬᠦᠷᠲᠡᠯ᠎ᠡ᠂ ᠴᠥᠮ ᠮᠠᠨ᠎ᠤ ᠣᠷᠣᠨ᠎ᠳᠤ ᠲᠠᠲᠠᠬᠤ ᠴᠢᠨᠠᠷᠲᠠᠢ᠂ ᠰᠠᠭᠤᠷᠢ ᠴᠢᠨᠠᠷᠲᠠᠢ᠂ ᠵᠠᠩᠭᠢᠯᠠᠭ᠎ᠠ ᠵᠢᠨ ᠴᠢᠨᠠᠷᠲᠠᠢ ᠠᠵᠢᠯ᠎ᠤᠨ ᠲᠥᠪᠯᠡᠷᠡᠩᠭᠦᠢ ᠪᠣᠭᠤᠮᠲᠠ ᠰᠢᠪᠲᠤᠯᠬᠤ ᠪᠣᠯᠤᠨ᠎ᠠ᠂ ᠳᠣᠲᠣᠭ᠋ᠠᠳᠤ ᠯᠣᠭᠢᠭ᠎ᠢ ᠢᠮᠠᠭᠲᠠ ᠲᠤᠭᠤᠰᠢᠯᠠᠭᠤᠯᠤᠭᠰᠠᠭ᠋ᠠᠷ ᠢᠷᠡᠵᠠᠢ᠃ ᠬᠤᠷᠠᠯ᠎ᠠᠴᠠ ᠢᠷᠡᠬᠦ ᠵᠢᠯ᠎ᠤᠨ ᠠᠵᠤ ᠠᠬᠤᠢ ᠵᠢᠨ ᠠᠵᠢᠯ᠎ᠤᠨ ᠭᠤᠣᠯᠳᠠᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠮᠠᠨ᠎ᠤ ᠠᠵᠢᠯ᠎ᠤᠨ ᠬᠠᠨᠳᠤᠯᠭ᠋ᠠᠲᠤ ᠴᠢᠨᠠᠷ᠎ᠢ ᠴᠢᠩᠭ᠋ᠠᠳᠬᠠᠵᠤ᠂ ᠪᠣᠳᠠᠲᠤ ᠦᠷ᠎ᠡ ᠪᠦᠲᠦᠮᠵᠢ ᠵᠢ ᠴᠢᠬᠤᠯᠠᠴᠢᠯᠠᠬᠤ᠂ ᠪᠣᠳᠠᠲᠠᠢ ᠠᠵᠢᠯᠯᠠᠬᠤ ᠵᠢ ᠴᠢᠩᠭ᠋ᠠᠳᠬᠠᠬᠤ᠂ ᠪᠣᠳᠠᠲᠤ ᠠᠮᠵᠢᠯᠲᠠ ᠵᠢ ᠡᠷᠬᠢᠮᠯᠡᠬᠦ ᠱᠠᠭ᠋ᠠᠷᠳᠠᠯᠭ᠎ᠠ ᠵᠢ ᠢᠯᠡᠷᠡᠭᠦᠯᠵᠦ᠂ ᠬᠦᠴᠦᠷᠬᠡᠭ ᠶᠡᠭᠡ ᠬᠥᠭᠵᠢᠯᠲᠡ ᠵᠢᠨ ᠢᠲᠡᠭᠡᠯ᠎ᠢ ᠢᠯᠡᠷᠡᠭᠦᠯᠪᠡ》 ᠭᠡᠵᠡᠢ᠃ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠡᠷᠬᠢᠯᠡᠭᠴᠢ ᠭᠦᠩ ᠮᠢᠩ ᠵᠦ᠍ ᠬᠡᠯᠡᠪᠡ᠃

   ᠭᠦᠩ ᠮᠢᠩ ᠵᠦ᠍᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠰᠢᠰᠲ᠋ᠧᠮ᠎ᠤᠨ᠎ᠬᠢᠨ ᠬᠤᠷᠠᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠨ᠎ᠠ᠃ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠲᠠᠯ᠎ᠠ᠎ᠪᠠᠷ᠂ 《ᠲᠠᠪᠤᠨ ᠶᠡᠭᠡ ᠡᠭᠦᠷᠭᠡ》 ᠵᠢ ᠦᠷᠭᠦᠯᠵᠢᠯᠡᠨ ᠠᠬᠢᠭᠤᠯᠵᠤ᠂ 《ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠢᠨᠵᠧᠨᠧᠷᠢᠩ》᠎ᠢ ᠦᠷᠭᠦᠯᠵᠢᠯᠡᠨ ᠰᠠᠶ᠋ᠢᠲᠤᠷ ᠬᠡᠷᠡᠭᠵᠢᠭᠦᠯᠦᠨ᠎ᠡ᠃ 《ᠵᠢᠷᠭᠤᠭ᠋ᠠᠨ ᠠᠵᠢᠯᠯᠠᠭ᠎ᠠ》 ᠵᠢ ᠰᠠᠶ᠋ᠢᠲᠤᠷ ᠥᠷᠨᠢᠭᠦᠯᠬᠦ ᠲᠠᠯ᠎ᠠ᠎ᠪᠠᠷ᠂ ᠴᠢᠬᠤᠯᠠ ᠶᠡᠭᠡ ᠲᠦᠷᠦᠯ ᠵᠦᠢ᠍ᠯ᠎ᠢ ᠲᠥᠯᠥᠪᠵᠢᠭᠦᠯᠬᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ᠂ ᠠᠷᠠᠳ᠎ᠤᠨ ᠠᠮᠢᠳᠤᠷᠠᠯ ᠨᠡᠶ᠋ᠢᠭᠡᠮ᠎ᠤᠨ ᠦᠢ᠍ᠯᠡᠰ᠂ ᠠᠵᠤ ᠦᠢ᠍ᠯᠡᠰ᠎ᠤᠨ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠬᠦ᠂ ᠦᠨᠳᠦᠰᠦᠨ ᠤᠯᠠᠨ ᠨᠡᠶ᠋ᠢᠲᠡ ᠵᠢᠨ ᠦᠢ᠍ᠯᠡᠴᠢᠯᠡᠭᠡ ᠵᠡᠷᠭᠡ ᠠᠵᠢᠯ᠎ᠤᠨ ᠶᠠᠰᠤ ᠴᠢᠨᠠᠷ ᠪᠣᠯᠤᠨ ᠲᠦᠪᠰᠢᠨ᠎ᠢ ᠬᠦᠴᠦᠯᠡᠨ ᠳᠡᠭᠡᠭᠰᠢᠯᠡᠭᠦᠯᠦᠨ᠎ᠡ᠃ ᠡᠭᠦᠷᠭᠡ ᠴᠢᠳᠠᠪᠤᠷᠢ᠎ᠳᠤ ᠰᠠᠭᠤᠷᠢᠯᠠᠨ ᠬᠥᠭᠵᠢᠯᠲᠡ ᠵᠢ ᠠᠳᠬᠤᠬᠤ ᠲᠠᠯ᠎ᠠ᠎ᠪᠠᠷ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ᠂ ᠪᠡᠯᠡ ᠮᠥᠩᠭᠦ ᠤᠯᠬᠤ᠂ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠂ ᠬᠡᠷᠡᠭᠯᠡᠭᠡ ᠵᠢ ᠬᠥᠭᠵᠢᠭᠡᠬᠦ ᠵᠡᠷᠭᠡ ᠠᠵᠢᠯ᠎ᠳᠤ ᠰᠢᠨ᠎ᠡ ᠰᠢᠪᠲᠤᠯᠤᠯᠲᠠ᠎ᠲᠠᠢ ᠪᠣᠯᠬᠤ ᠵᠢ ᠠᠬᠢᠭᠤᠯᠤᠨ᠎ᠠ᠃

  2024 ᠣᠨ᠎ᠳᠤ᠂ ᠪᠦᠬᠦ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠢᠯᠡᠳᠲᠡ ᠠᠮᠵᠢᠯᠲᠠ ᠣᠯᠵᠤ᠂ 《ᠲᠠᠪᠤᠨ ᠶᠡᠭᠡ ᠡᠭᠦᠷᠭᠡ》 ᠵᠢᠨ ᠣᠨ᠎ᠤ ᠭᠤᠣᠯᠳᠠᠯᠭ᠎ᠠ᠎ᠲᠠᠢ ᠠᠵᠢᠯ᠎ᠢ ᠪᠦᠬᠦᠨ᠎ᠢ ᠪᠡᠶᠡᠯᠡᠭᠦᠯᠵᠦ᠂ 《ᠵᠢᠷᠭᠤᠭ᠋ᠠᠨ ᠢᠨᠵᠧᠨᠧᠷᠢᠩ》᠎ᠨᠢ ᠨᠢᠭᠡ ᠪᠦᠯᠦᠭ ᠪᠡᠯᠭᠡ ᠲᠡᠮᠳᠡᠭ᠎ᠤᠨ ᠴᠢᠨᠠᠷᠲᠠᠢ ᠦᠷ᠎ᠡ ᠪᠦᠲᠦᠭᠡᠯ᠎ᠢ ᠪᠦᠷᠢᠯᠳᠦᠭᠦᠯᠪᠡ᠃ ᠡᠭᠦᠨ᠎ᠳᠤ᠂ 《ᠤᠮᠠᠷᠠᠲᠦ ᠵᠢᠨ ᠭᠤᠷᠪᠠᠨ ᠣᠷᠣᠨ》 ᠎ᠤ ᠢᠨᠵᠧᠨᠧᠷᠢᠩ᠎ᠤᠨ ᠭᠤᠷᠪᠠᠨ ᠶᠡᠭᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ ᠴᠢᠬᠤᠯᠠ ᠶᠡᠭᠡ ᠦᠷ᠎ᠡ ᠪᠦᠲᠦᠭᠡᠯ ᠣᠯᠵᠤ᠂ ᠡᠳᠦᠷ ᠪᠦᠷᠢ ᠳᠤᠮᠳᠠᠴᠢ᠎ᠪᠠᠷ 6 ᠲᠦᠮᠡᠨ ᠮᠥ᠍ ᠡᠯᠡᠰᠦ ᠵᠢ ᠵᠠᠰᠠᠵᠤ᠂ ᠪᠥᠬᠦ ᠵᠢᠯ᠎ᠳᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠠᠵᠢᠯ᠎ᠢ 1954 ᠲᠦᠮᠡᠨ ᠮᠥ᠍ ᠪᠡᠶᠡᠯᠡᠭᠦᠯᠪᠡ; ᠨᠢᠭᠡ ᠴᠤᠭᠴᠠᠵᠢᠭᠤᠯᠬᠤ ᠢᠨᠵᠧᠨᠧᠷᠢᠩ᠎ᠳᠤ ᠰᠠᠯᠬᠢᠨ ᠬᠦᠴᠦᠨ᠎ᠤ ᠴᠠᠬᠢᠯᠭ᠋ᠠᠨ ᠭᠡᠷᠡᠯ ᠴᠡᠨᠡᠭ᠎ᠤᠨ ᠮᠠᠰᠢᠨ ᠴᠣᠭᠴᠠᠯᠠᠪᠤᠷᠢ 2727 ᠲᠦᠮᠡᠨ ᠺᠢᠯᠣᠸᠠᠲ᠂ ᠢᠵᠢ ᠪᠦᠷᠢᠳᠦᠭᠦᠯᠦᠨ 238 ᠲᠦᠮᠡᠨ ᠮᠥ᠍ ᠵᠢ ᠡᠯᠡᠰᠦ ᠵᠢ ᠵᠠᠰᠠᠪᠠ᠃

  《2025 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠡᠪᠡᠰᠦ ᠪᠡᠯᠴᠢᠭᠡᠷ᠎ᠤᠨ ᠲᠣᠪᠴᠢᠶ᠎ᠠ᠎ᠠᠴᠠ 〈ᠲᠠᠪᠤᠨ ᠶᠡᠭᠡ ᠡᠭᠦᠷᠭᠡ〉᠂ 〈ᠵᠢᠷᠭᠤᠭ᠋ᠠᠨ ᠢᠨᠵᠧᠨᠧᠷᠢᠩ〉᠂ 〈ᠵᠢᠷᠭᠤᠭ᠋ᠠᠨ ᠠᠵᠢᠯᠯᠠᠭ᠎ᠠ〉》᠎ᠪᠠᠷ ᠬᠥᠲᠥᠯᠦᠨ ᠳᠠᠭ᠋ᠠᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠦᠨᠡᠨ ᠪᠣᠳᠠᠲᠠᠶ᠎ᠪᠠᠷ ᠠᠵᠢᠯᠯᠠᠵᠤ᠂ ᠤᠮᠠᠷᠠᠲᠤ ᠬᠢᠯᠢ ᠵᠢᠨ ᠲᠦᠮᠡᠨ ᠭᠠᠵᠠᠷ᠎ᠤᠨ ᠨᠣᠮᠢᠨ ᠨᠣᠭᠤᠭ᠋ᠠᠨ ᠣᠷᠳᠣ ᠴᠠᠭ᠋ᠠᠨ ᠬᠡᠷᠡᠮ᠎ᠢ ᠨᠠᠩ ᠪᠠᠲᠤ ᠴᠣᠭᠴᠠᠯᠠᠵᠤ᠂ ᠨᠠᠩ ᠦᠵᠡᠰᠬᠦᠯᠡᠩᠲᠦ ᠰᠠᠶ᠋ᠢᠬᠠᠨ ᠪᠣᠯᠭ᠋ᠠᠨ ᠪᠥᠲᠥᠭᠡᠨ ᠪᠠᠶ᠋ᠢᠭᠤᠯᠬᠤ᠎ᠪᠠᠷ ᠴᠢᠷᠮᠠᠶ᠋ᠢᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠮᠠ ᠴᠢᠶᠠᠩ ᠬᠡᠯᠡᠪᠡ᠃ ᠨᠢᠭᠡ᠎ᠳᠤ᠂ 《ᠤᠮᠠᠷᠠᠲᠦ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠪᠡ᠃ ᠦᠷᠭᠦᠯᠵᠢᠯᠡᠨ ᠭᠤᠣᠯ ᠰᠢᠪᠲᠤᠯᠤᠯᠲᠠ᠂ ᠲᠣᠯᠣᠭ᠋ᠠᠶ᠋ᠢᠯᠠᠭᠴᠢ ᠪᠣᠯᠵᠤ᠂ ᠨᠢᠭᠡ ᠴᠣᠭᠴᠠᠵᠢᠭᠰᠠᠨ ᠢᠨᠵᠧᠨᠧᠷᠢᠩ᠎ᠢ ᠭᠦᠨᠵᠡᠭᠡᠶ ᠲᠦᠯᠬᠢᠨ ᠠᠬᠢᠭᠤᠯᠵᠤ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢ 1500 ᠲᠦᠮᠡᠨ ᠺᠢᠯᠣᠸᠠᠲ᠂ ᠢᠵᠢ ᠪᠦᠷᠢᠳᠦᠭᠦᠯᠦᠨ 140 ᠲᠦᠮᠡᠨ ᠮᠦ᠍ ᠡᠯᠡᠰᠦ ᠵᠢ ᠵᠠᠰᠠᠨ᠎ᠠ; 《ᠤᠮᠠᠷᠠᠲᠦ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠭᠤᠣᠯᠳᠠᠯᠭ᠎ᠠ᠎ᠲᠠᠢ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠴᠢᠨᠠᠷ ᠰᠠᠶ᠋ᠢᠲᠠᠶ ᠰᠠᠶ᠋ᠢᠲᠤᠷ ᠬᠡᠷᠡᠭᠵᠢᠭᠦᠯᠵᠦ᠂ ᠪᠦᠬᠦ ᠵᠢᠯ᠎ᠳᠤ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠵᠢ 2000 ᠲᠦᠮᠡᠨ ᠮᠦ᠍᠎ᠠᠴᠠ ᠳᠡᠭᠡᠭᠰᠢ ᠪᠡᠶᠡᠯᠡᠭᠦᠯᠦᠨ᠎ᠡ᠃ ᠬᠤᠶᠠᠷ᠎ᠲᠤ᠂ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠬᠠᠮᠠᠭ᠋ᠠᠯᠠᠬᠤ ᠳᠠᠶ᠋ᠢᠯᠠᠯᠳᠤᠭ᠋ᠠᠨ᠎ᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠨ᠎ᠠ᠃ ᠤᠯᠤᠰ᠎ᠤᠨ ᠦᠮᠴᠢᠯᠡᠯᠲᠦ ᠣᠢ ᠰᠢᠭᠤᠢ ᠵᠢᠨ ᠲᠠᠯᠠᠪᠠᠢ ᠵᠢᠨ 292 ᠵᠢᠭᠰᠠᠭ᠋ᠠᠯ᠎ᠤᠨ ᠭᠠᠵᠠᠷ᠎ᠤᠨ ᠦᠢ᠍ᠯᠡᠳᠦᠯ᠎ᠢ  ᠪᠠᠳᠠᠷᠠᠭᠤᠯᠵᠤ᠂ 《ᠤᠮᠠᠷᠠᠲᠦ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠢ ᠤᠯᠤᠰ᠎ᠤᠨ ᠦᠮᠴᠢᠯᠡᠯᠲᠦ ᠣᠢ ᠰᠢᠭᠤᠢ ᠵᠢᠨ ᠲᠠᠯᠠᠪᠠᠢ᠎ᠠᠴᠠ ᠣᠷᠣᠯᠠᠨ ᠬᠠᠮᠢᠶᠠᠷᠴᠤ᠂ ᠨᠢᠭᠡ ᠬᠡᠰᠡᠭ᠎ᠢ ᠪᠠᠢ᠌ᠭᠤᠯᠵᠤ᠂ ᠨᠢᠭᠡ ᠬᠡᠰᠡᠭ᠎ᠢ ᠨᠤᠭᠤᠭ᠋ᠠᠨ ᠪᠣᠯᠭ᠋ᠠᠬᠤ ᠵᠢ ᠦᠨᠡᠨ ᠬᠦ᠌ ᠪᠠᠲᠤᠯᠠᠨ᠎ᠠ᠃ ᠨᠤᠲᠤᠭ ᠪᠡᠯᠴᠢᠭᠡᠷ᠎ᠤᠨ ᠮᠠᠯ ᠠᠵᠤ ᠠᠬᠤᠢ ᠵᠢᠨ ᠠᠰᠠᠭᠤᠳᠠᠯ᠎ᠢ ᠬᠦᠴᠦ ᠣᠷᠣᠭᠤᠯᠤᠨ ᠰᠢᠢ᠍ᠳᠪᠦᠷᠢᠯᠡᠵᠦ᠂ ᠤᠢ ᠰᠢᠭᠤᠢ ᠨᠤᠲᠤᠭ ᠪᠡᠯᠴᠢᠭᠡᠷ᠎ᠢ ᠰᠦᠢ᠍ᠳᠭᠡᠬᠦ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠬᠢᠯᠪᠡᠷ ᠪᠤᠰᠤ᠎ᠪᠠᠷ ᠣᠯᠤᠭᠰᠠᠨ ᠠᠮᠢ ᠠᠬᠤᠢ ᠵᠢᠨ ᠪᠦᠳᠦᠭᠡᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠢ ᠦᠨᠡᠨ ᠬᠦ᠌ ᠰᠠᠶ᠋ᠢᠲᠤᠷ ᠰᠠᠬᠢᠨ ᠬᠠᠮᠠᠭ᠋ᠠᠯᠠᠬᠤ ᠬᠡᠷᠡᠭᠲᠡᠢ᠃ ᠭᠤᠷᠪᠠ᠎ᠳᠤ᠂ ᠠᠮᠢ ᠠᠬᠤᠢ ᠵᠢᠨ ᠦᠷᠳᠡᠭ᠎ᠢ ᠬᠤᠪᠢᠷᠠᠭᠤᠯᠬᠤ ᠳᠠᠶ᠋ᠢᠯᠠᠯᠳᠤᠭ᠋ᠠᠨ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠨ᠎ᠡ᠃ ᠣᠶ ᠰᠢᠭᠤᠶ ᠨᠤᠲᠤᠭ ᠪᠡᠯᠴᠢᠭᠡᠷ᠎ᠤᠨ ᠠᠵᠤ ᠦᠢ᠍ᠯᠡᠰ᠎ᠢ ᠪᠤᠵᠠᠭ᠋ᠠᠶ᠋ᠢᠷᠠᠭᠤᠯᠬᠤ᠂ ᠣᠶ ᠰᠢᠭᠤᠶ ᠡᠪᠡᠰᠦ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢᠨ ᠬᠤᠷᠠᠮᠠᠯ᠎ᠢ ᠬᠦᠴᠦᠷᠬᠡᠭᠵᠢᠭᠦᠯᠬᠦ᠂ ᠣᠶ ᠰᠢᠭᠤᠶ ᠡᠪᠡᠰᠦ ᠪᠡᠯᠴᠢᠭᠡᠷ᠎ᠤᠨ ᠥᠭᠡᠷᠡᠴᠢᠯᠡᠯᠲᠡ ᠵᠢ ᠠᠮᠢᠳᠤᠯᠢᠭ ᠬᠢᠬᠦ ᠳᠡᠭᠡᠷ᠎ᠡ ᠬᠦᠴᠦ ᠲᠠᠯᠪᠢᠵᠤ᠂ ᠨᠠᠩ ᠣᠯᠠᠨ ᠠᠮᠢ ᠠᠬᠤᠶ ᠵᠢᠨ ᠡᠳ᠋ ᠪᠠᠶᠠᠯᠢᠭ᠎ᠢ ᠠᠵᠤ ᠠᠬᠤᠶ ᠵᠢᠨ ᠡᠳ᠋ ᠪᠠᠶᠠᠯᠢᠭ ᠪᠣᠯᠭ᠋ᠠᠨ ᠬᠤᠪᠢᠷᠠᠭᠤᠯᠬᠤ᠎ᠪᠠᠷ ᠴᠢᠷᠮᠠᠶ᠋ᠢᠵᠤ᠂ ᠥᠪᠥᠷ ᠮᠣᠩᠭᠤᠯ᠎ᠤᠨ ᠣᠨᠴᠠᠯᠢᠭ᠎ᠲᠠᠢ ᠣᠶ ᠰᠢᠭᠤᠶ ᠡᠪᠡᠰᠦ ᠪᠡᠯᠴᠢᠭᠡᠷ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠵᠠᠮ᠎ᠢ ᠰᠦᠪᠡᠭᠴᠢᠯᠡᠨ ᠨᠡᠭᠡᠭᠡᠬᠦ ᠬᠡᠷᠡᠭᠲᠡᠢ᠃

   ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠣᠣ ᠳ᠋ᠠ ᠶᠦᠩ ᠢᠯᠡᠷᠬᠡᠶ᠋ᠢᠯᠡᠬᠦ᠎ᠳᠡᠭᠡᠨ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠲᠣᠰ ᠤᠳᠠᠭ᠋ᠠᠨ᠎ᠤ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠤᠶ᠋ᠢᠯᠠᠭ᠋ᠠᠨ ᠣᠨᠣᠪᠴᠢᠲᠠᠶ ᠡᠵᠡᠮᠰᠢᠵᠦ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠵᠦ᠂ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠢ ᠬᠠᠮᠠᠭ᠋ᠠᠯᠠᠨ ᠠᠰᠢᠭᠯᠠᠬᠤ ᠪᠠ ᠬᠠᠮᠢᠶᠠᠷᠬᠤ ᠬᠢᠷᠢ ᠲᠦᠪᠰᠢᠨ᠎ᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠂ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠲᠥᠯᠥᠪᠵᠢᠭᠦᠯᠭᠡ ᠵᠢ  ᠲᠡᠭᠦᠯᠳᠡᠷᠵᠢᠭᠦᠯᠵᠦ᠂ 《ᠭᠤᠷᠪᠠᠨ ᠣᠷᠣᠨ ᠭᠤᠷᠪᠠᠨ ᠱᠤᠭᠤᠮ》᠎ᠤᠨ ᠬᠠᠮᠢᠶᠠᠷᠤᠨ ᠡᠵᠡᠮᠳᠡᠬᠦ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠪᠠ; 1.7 ᠳ᠋ᠦᠩᠰᠢᠭᠤᠷ ᠮᠥ᠍ ᠲᠠᠷᠢᠶᠠᠨ ᠭᠠᠵᠠᠷ᠎ᠤᠨ ᠤᠯᠠᠭ᠋ᠠᠨ ᠱᠤᠭᠤᠮ᠎ᠢ ᠴᠢᠩᠭ᠎ᠠ ᠰᠠᠬᠢᠵᠤ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠦᠨᠡᠨ ᠬᠦ᠌ ᠪᠠᠲᠤᠯᠠᠪᠠ; ᠭᠠᠵᠠᠷ ᠬᠡᠷᠡᠭᠯᠡᠬᠦ᠂ ᠠᠭᠤᠷᠬᠠᠢ ᠬᠡᠷᠡᠭᠯᠡᠬᠦ ᠵᠢ ᠬᠢᠨᠠᠨ ᠵᠥᠪᠰᠢᠶᠡᠷᠡᠬᠦ ᠶᠠᠪᠤᠴᠠ ᠵᠢ  ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠡᠯᠧᠮᠧᠨ᠋ᠲ᠎ᠤᠨ ᠪᠠᠲᠤᠯᠠᠭ᠎ᠠ ᠵᠢᠨ ᠴᠢᠳᠠᠪᠤᠷᠢ ᠵᠢ ᠲᠠᠰᠤᠷᠠᠯᠲᠠ ᠦᠭᠡᠢ ᠴᠢᠩᠭ᠋ᠠᠷᠠᠭᠤᠯᠵᠤ᠂ 2025 ᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠠᠷᠠᠯᠲᠠ ᠵᠢ ᠪᠡᠶᠡᠯᠡᠭᠦᠯᠬᠦ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ ᠭᠡᠵᠡᠶ᠃

   ᠪᠦᠬᠦ ᠬᠦᠴᠦᠨ ᠵᠶ᠋ᠠᠷ ᠵᠶ᠋ᠠᠨ ᠨᠠᠶ᠋ᠢᠳᠠᠪᠤᠷᠢᠵᠢᠭᠤᠯᠤᠯᠲᠠ ᠵᠢ ᠠᠳᠬᠤᠨ᠎ᠠ

  《ᠵᠢᠷᠭᠤᠭ᠋ᠠᠨ ᠠᠵᠢᠯᠯᠠᠭ᠎ᠠ》 ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠣᠳᠣᠬᠠᠨ᠎ᠤ ᠪᠠᠶ᠋ᠢᠳᠠᠯ᠎ᠢ ᠭᠦᠨᠵᠡᠭᠡᠢ ᠵᠠᠳᠠᠯᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠠᠷᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠳᠤᠷᠠᠳᠤᠭᠰᠠᠨ ᠡᠭᠦᠷᠭᠡ ᠪᠣᠯᠤᠨ᠎ᠠ᠂ ᠲᠦᠢ᠍ᠯ᠎ᠤᠨ ᠬᠠᠨᠳᠤᠯᠭ᠋ᠠᠲᠤ ᠴᠢᠨᠠᠷ ᠪᠠ ᠬᠡᠷᠡᠭᠵᠢᠭᠦᠯᠵᠦ ᠪᠣᠯᠬᠤᠶ᠋ᠢᠴᠠ ᠴᠢᠨᠠᠷ᠎ᠲᠠᠢ    ᠪᠠᠶ᠋ᠢᠵᠤ᠂ ᠬᠦᠴᠦᠨ ᠵᠶ᠋ᠠᠨ ᠲᠥᠪᠯᠡᠷᠡᠭᠦᠯᠦᠨ ᠶᠡᠭᠡ ᠶᠠᠪᠤᠳᠠᠯ᠎ᠢ ᠪᠦᠲᠦᠭᠡᠬᠦ᠂ ᠬᠦᠴᠢᠷ ᠶᠠᠪᠤᠳᠠᠯ᠎ᠢ ᠰᠢᠢ᠍ᠳᠪᠦᠷᠢᠯᠡᠬᠦ᠂ ᠵᠠᠩᠭᠢᠯᠠᠭ᠎ᠠ ᠵᠢᠨ ᠶᠠᠪᠤᠳᠠᠯ᠎ᠢ ᠰᠢᠢ᠍ᠳᠪᠦᠷᠢᠯᠡᠬᠦ ᠢᠯᠡ ᠲᠣᠳᠣ ᠤᠳᠤᠷᠢᠳᠤᠮᠵᠢ ᠵᠢ ᠬᠠᠷᠠᠭᠤᠯᠵᠠᠢ᠃

   ᠵᠢᠷᠤᠭ ᠲᠥᠰᠦᠪ᠎ᠢ ᠨᠢᠭᠡᠨᠲᠡ ᠵᠢᠷᠤᠭᠯᠠᠵᠤ᠂ ᠵᠠᠩᠭᠢᠯᠠᠭ᠎ᠠ᠎ᠨᠢ ᠨᠠᠶ᠋ᠢᠳᠠᠪᠤᠷᠢᠵᠢᠭᠤᠯᠬᠤ᠎ᠳᠤ ᠪᠠᠶ᠋ᠢᠨ᠎ᠠ᠃

  《ᠤᠰᠤ ᠳᠤᠲᠠᠭᠳᠠᠬᠤ ᠪᠣᠯ ᠥᠪᠥᠷ ᠮᠣᠩᠭᠣᠯ᠎ᠤᠨ ᠦᠨᠳᠦᠰᠦᠨ ᠣᠷᠣᠨ᠎ᠤ ᠪᠠᠢ᠌ᠳᠠᠯ ᠪᠣᠯᠣᠨ᠎ᠠ᠂ ᠤᠰᠤᠨ᠎ᠤ ᠪᠠᠢ᠌ᠳᠠᠯ᠂ ᠤᠰᠤᠨ᠎ᠤ ᠡᠬᠢ ᠪᠠᠶᠠᠯᠢᠭ᠎ᠤᠨ ᠠᠰᠢᠭᠯᠠᠯᠲᠠ ᠵᠢᠨ ᠦᠷ᠎ᠡ ᠪᠦᠲᠦᠮᠵᠢ ᠬᠡᠳᠦᠢ ᠥᠨᠳᠥᠷ ᠪᠣᠯ ᠥᠪᠥᠷ ᠮᠣᠩᠭᠣᠯ᠎ᠤᠨ ᠬᠥᠭᠵᠢᠯᠲᠡ ᠵᠢᠨ ᠣᠷᠣᠨ ᠵᠠᠢ ᠲᠡᠳᠦᠢ ᠶᠡᠬᠡ ᠪᠣᠯᠣᠨ᠎ᠠ᠃ 〈ᠵᠢᠷᠭᠤᠭ᠋ᠠᠨ ᠠᠵᠢᠯᠯᠠᠭ᠎ᠠ〉 ᠵᠢᠨ ᠨᠢᠭᠡ ᠪᠣᠯᠤᠭᠰᠠᠨ᠎ᠤ ᠬᠤᠪᠢ᠎ᠳᠤ᠂ ᠤᠰᠤ ᠠᠷᠪᠢᠯᠠᠬᠤ ᠠᠵᠢᠯᠯᠠᠭ᠎ᠠ ᠵᠢ ᠨᠠᠶ᠋ᠢᠳᠠᠪᠤᠷᠢᠵᠢᠭᠤᠯᠬᠤ᠎ᠨᠢ ᠭᠤᠣᠯᠳᠠᠭᠤ ᠭᠤᠷᠪᠠᠨ ᠲᠠᠯ᠎ᠠ᠎ᠠᠴᠠ ᠭᠠᠷᠳᠠᠨ᠎ᠠ᠄ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠵᠦ᠂ ᠤᠰᠤ ᠠᠷᠪᠢᠯᠠᠬᠤ ᠤᠰᠤᠯᠠᠯᠲᠠ ᠵᠢ ᠰᠠᠶ᠋ᠢᠲᠤᠷ ᠠᠳᠬᠤᠨ᠎ᠠ; ᠠᠵᠤ ᠦᠢ᠍ᠯᠡᠳᠪᠦᠷᠢ ᠵᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠵᠢ ᠰᠠᠶ᠋ᠢᠲᠤᠷ ᠠᠳᠬᠤᠵᠤ᠂ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢ  ᠲᠦᠷᠭᠡᠳᠬᠡᠨ᠎ᠡ; ᠬᠤᠲᠠ ᠪᠠᠯᠭ᠋ᠠᠰᠤᠨ᠎ᠤ ᠤᠰᠤ ᠠᠷᠪᠢᠯᠠᠵᠤ ᠬᠤᠬᠢᠷᠠᠯ᠎ᠢ ᠪᠠᠭᠤᠷᠠᠭᠤᠯᠵᠤ᠂ ᠤᠰᠤ ᠠᠷᠪᠢᠯᠠᠬᠤ ᠤᠬᠠᠮᠰᠠᠷ᠎ᠢ ᠳᠡᠭᠡᠭᠰᠢᠯᠡᠭᠦᠯᠬᠦ ᠬᠡᠷᠡᠭᠲᠡᠢ》᠃ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠬᠡᠯᠡᠪᠡ᠃

   ᠱᠧᠩ ᠰᠢᠶᠣᠣ ᠶᠢᠤ᠂ ᠤᠰᠤ ᠠᠷᠪᠢᠯᠠᠬᠤ ᠵᠢᠨ ᠵᠠᠩᠭᠢᠯᠠᠭ᠎ᠠ ᠵᠢ ᠰᠠᠶ᠋ᠢᠲᠤᠷ ᠠᠳᠬᠤᠬᠤ᠎ᠨᠢ ᠬᠥᠲᠥᠯᠥᠨ ᠵᠢᠯᠣᠭᠤᠳᠬᠤ ᠴᠢᠨᠠᠷᠲᠠᠶ᠂ ᠬᠢᠵᠠᠭ᠋ᠠᠷᠯᠠᠬᠤ ᠴᠢᠨᠠᠷᠲᠠᠶ᠂ ᠤᠷᠮᠠᠰᠢᠭᠤᠯᠬᠤ ᠴᠢᠨᠠᠷᠲᠠᠶ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠠᠪᠬᠤ ᠶᠠᠪᠤᠳᠠᠯ ᠪᠣᠯᠤᠨ᠎ᠠ᠂ ᠵᠢᠱ᠌ᠢᠶᠡᠯᠡᠪᠡᠯ ᠲᠠᠷᠢᠶᠠᠯᠠᠩ᠎ᠤᠨ ᠤᠰᠤ ᠠᠷᠪᠢᠯᠠᠬᠤ ᠲᠠᠯ᠎ᠠ᠎ᠪᠠᠷ᠂ ᠰᠢᠨᠵᠢᠯᠡᠬᠦ ᠤᠬᠠᠭ᠋ᠠᠨᠴᠢ᠎ᠪᠠᠷ ᠤᠰᠤᠯᠠᠯᠲᠠ ᠵᠢᠨ ᠳᠦᠷᠢᠮ᠎ᠤᠨ ᠰᠢᠰᠲ᠋ᠧᠮᠵᠢ᠂ ᠤᠰᠤ ᠬᠡᠷᠡᠭᠯᠡᠬᠦ ᠬᠡᠮᠵᠢᠯᠲᠡ ᠵᠢᠨ ᠬᠢᠨᠠᠨ ᠬᠡᠮᠵᠢᠬᠦ ᠰᠢᠰᠲ᠋ᠧᠮᠵᠢ᠂ ᠲᠠᠷᠢᠶᠠᠯᠠᠩ᠎ᠤᠨ ᠤᠰᠤᠨ᠎ᠤ ᠦᠨ᠎ᠡ ᠵᠢᠨ ᠲᠥᠷᠥ ᠵᠢᠨ ᠪᠣᠳᠣᠯᠭ᠎ᠠ ᠵᠢᠨ ᠰᠢᠰᠲ᠋ᠧᠮᠵᠢ᠂ ᠤᠰᠤ ᠠᠷᠪᠢᠯᠠᠬᠤ ᠵᠠᠬ᠎ᠠ ᠳᠡᠯᠭᠡᠭᠦᠷ᠎ᠤᠨ ᠳᠦᠷᠢᠮ᠎ᠤᠨ  ᠰᠢᠰᠲ᠋ᠧᠮᠵᠢ᠂ ᠤᠰᠤ ᠠᠷᠪᠢᠯᠠᠬᠤ ᠮᠡᠷᠭᠡᠵᠢᠯ ᠵᠢᠴᠢ ᠦᠢ᠍ᠯᠡᠴᠢᠯᠡᠭᠡᠨ᠎ᠤ ᠰᠢᠰᠲ᠋ᠧᠮᠵᠢ ᠵᠢ ᠪᠠᠶ᠋ᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ᠎ᠢ ᠰᠠᠶ᠋ᠢᠲᠤᠷ ᠬᠡᠷᠡᠭᠯᠡᠵᠦ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠲᠤᠪᠤᠶ᠋ᠢᠯᠭ᠋ᠠᠬᠤ ᠬᠡᠷᠡᠭᠲᠡᠶ᠃ 2025 ᠣᠨ᠎ᠳᠤ ᠪᠥᠬᠦ ᠣᠷᠣᠨ᠎ᠳᠤ ᠤᠰᠤ ᠠᠷᠪᠢᠯᠠᠬᠤ ᠵᠢ 2.7 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠰᠢᠨ᠎ᠡ᠎ᠪᠠᠷ ᠨᠡᠮᠡᠭᠳᠡᠭᠦᠯᠵᠦ᠂ ᠲᠠᠷᠢᠶᠠᠯᠠᠩ᠎ᠤᠨ ᠤᠰᠤᠯᠠᠯᠲᠠ ᠵᠢᠨ ᠤᠰᠤᠨ᠎ᠤ ᠪᠦᠲᠦᠮᠵᠢᠲᠡᠶ ᠠᠰᠢᠭᠯᠠᠯᠲᠠ ᠵᠢᠨ ᠢᠯᠡᠳᠬᠡᠮᠵᠢ ᠵᠢ 0.59᠎ᠳᠤ ᠬᠦᠷᠦᠭᠦᠯᠵᠦ᠂ ᠪᠥᠬᠦ ᠤᠯᠤᠰ᠎ᠤᠨ ᠳᠤᠮᠳᠠ ᠳᠡᠭᠡᠳᠦ ᠤᠷᠤᠰᠬᠠᠯ᠎ᠤᠨ ᠬᠢᠷᠢ ᠲᠦᠪᠰᠢᠨ᠎ᠳᠤ ᠬᠦᠷᠦᠭᠦᠯᠦᠨ᠎ᠡ᠃

   ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠭᠤᠤ ᠱ᠌ᠢ ᠴᠢᠨ ᠢᠯᠡᠷᠬᠡᠶ᠋ᠢᠯᠡᠬᠦ᠎ᠳᠡᠭᠡᠨ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠋ᠠᠨ᠎ᠤ ᠲᠢᠩᠬᠢᠮ ᠠᠵᠢᠯ᠎ᠤᠨ ᠳᠤᠮᠳᠠ᠎ᠪᠠᠨ 《ᠵᠢᠷᠭᠤᠭ᠋ᠠᠨ ᠠᠵᠢᠯᠯᠠᠭ᠎ᠠ》 ᠵᠢ ᠨᠠᠷᠢᠯᠢᠬ᠍ᠵᠢᠭᠤᠯᠤᠨ ᠪᠣᠳᠠᠲᠠᠶ᠋ᠢᠵᠢᠭᠤᠯᠬᠤ ᠵᠢᠨ ᠬᠠᠮᠲᠤ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠬᠦᠴᠦᠯᠡᠨ ᠠᠬᠢᠭᠤᠯᠤᠨ᠎ᠠ ᠭᠡᠵᠡᠶ᠃ ᠨᠢᠭᠡ᠎ᠳᠤ᠂ ᠵᠠᠮ ᠬᠠᠷᠢᠯᠴᠠᠭ᠋ᠠᠨ᠎ᠤ ᠰᠠᠭᠤᠷᠢ ᠲᠥᠬᠦᠭᠡᠷᠦᠮᠵᠢ ᠵᠢᠨ ᠴᠢᠬᠤᠯᠠ ᠶᠡᠭᠡ ᠲᠦᠷᠦᠯ ᠵᠦᠢ᠍ᠯ᠎ᠢ ᠰᠠᠶ᠋ᠢᠲᠤᠷ ᠲᠥᠯᠥᠪᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠵᠡᠭᠦᠨ ᠳᠤᠮᠳᠠ ᠪᠠᠷᠠᠭᠤᠨ ᠣᠷᠣᠨ᠎ᠤ ᠳᠡᠭᠡᠳᠦ ᠬᠤᠷᠳᠤ ᠵᠢᠨ ᠲᠡᠮᠦᠷ ᠵᠠᠮ᠎ᠤᠨ ᠨᠡᠪᠲᠡᠷᠡᠯ ᠵᠠᠮ ᠬᠢᠭᠡᠳ ᠵᠡᠭᠦᠨ ᠬᠤᠢ᠌ᠲᠦ ᠣᠷᠣᠨ᠂ ᠪᠠᠷᠠᠭᠤᠨ ᠬᠤᠢ᠌ᠲᠦ ᠣᠷᠣᠨ᠎ᠤ ᠪᠠᠷᠠᠭ᠋ᠠᠨ᠎ᠤ ᠭᠦᠢ᠍ᠯᠭᠡᠭᠡᠨ᠎ᠤ ᠰᠢᠭᠤᠳ ᠨᠡᠪᠲᠡᠷᠡᠬᠦ ᠵᠠᠮ᠎ᠢ ᠨᠡᠪᠲᠡᠷᠡᠭᠦᠯᠬᠦ ᠬᠡᠷᠡᠭᠲᠡᠶ᠃ ᠤᠯᠤᠰ᠎ᠤᠨ ᠲᠦᠷᠦ ᠵᠢᠨ ᠪᠤᠳᠤᠯᠭ᠎ᠠ ᠵᠢᠨ ᠤᠳᠤᠷᠢᠳᠤᠮᠵᠢ ᠵᠢ ᠣᠨᠣᠪᠴᠢᠲᠠᠢ ᠡᠵᠡᠮᠳᠡᠵᠦ᠂ ᠵᠡᠭᠦᠨ ᠪᠠᠷᠠᠭᠤᠨ ᠣᠷᠣᠨ᠎ᠤ ᠶᠡᠭᠡ ᠵᠠᠮ᠎ᠤᠨ ᠲᠦᠷᠢᠮ ᠲᠣᠭᠲᠠᠭ᠋ᠠᠯ᠎ᠢ ᠲᠣᠭᠲᠠᠭ᠋ᠠᠵᠤ᠂ ᠬᠥᠮᠥᠷᠭᠡ᠎ᠳᠤ ᠣᠷᠣᠭᠤᠯᠵᠤ᠂ ᠡᠬᠢᠯᠡᠭᠦᠯᠬᠦ᠎ᠪᠠᠷ ᠴᠢᠷᠮᠠᠶ᠋ᠢᠨ᠎ᠠ᠃ ᠡᠭᠦᠨ᠎ᠤ ᠬᠠᠮᠲᠤ ᠬᠥᠬᠡᠬᠤᠲᠠ ᠪᠤᠭᠤᠲᠤ ᠣᠷᠳᠣᠰ᠎ᠤᠨ ᠨᠢᠭᠡ ᠴᠠᠭ᠎ᠤᠨ ᠠᠵᠢᠯ᠎ᠳᠤ ᠭᠠᠷᠬᠤ ᠬᠦᠷᠢᠶ᠎ᠡ᠂ ᠬᠢᠯᠢ ᠠᠯᠤᠰᠯᠠᠭᠰᠠᠨ ᠲᠡᠮᠦᠷ ᠵᠠᠮ᠎ᠢ ᠬᠤᠯᠪᠣᠬᠤ ᠢᠨᠵᠧᠨᠧᠷᠢᠩ᠂ ᠪᠣᠭᠤᠮᠲᠠ ᠪᠠ ᠵᠠᠩᠭᠢᠯᠠᠭ᠎ᠠ ᠵᠢᠨ ᠬᠤᠲᠠ ᠵᠢᠨ ᠭᠠᠷᠠᠮ᠎ᠳᠤ ᠰᠢᠭᠤᠳ ᠬᠦᠷᠬᠦ ᠢᠨᠵᠧᠨᠧᠷᠢᠩ ᠵᠡᠷᠭᠡ ᠵᠢ ᠰᠦᠪᠡᠭᠴᠢᠯᠡᠪᠡ᠃ ᠬᠤᠶᠠᠷ᠎ᠲᠤ᠂ ᠣᠳᠣᠬᠢᠴᠢᠯᠠᠭᠰᠠᠨ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠳᠠᠭ᠋ᠠᠭᠤᠯᠤᠭᠴᠢ ᠠᠵᠤ ᠠᠬᠤᠶ᠋ᠢᠯᠠᠯ᠎ᠢ ᠪᠤᠶ᠋ᠢᠵᠢᠭᠤᠯᠬᠤ᠎ᠪᠠᠷ ᠭᠠᠷᠳᠠᠴᠠ ᠪᠣᠯᠭ᠋ᠠᠵᠤ᠂ ᠪᠥᠬᠦ ᠨᠡᠶ᠋ᠢᠭᠡᠮ᠎ᠤᠨ ᠪᠠᠷᠠᠭ᠋ᠠᠨ᠎ᠤ ᠭᠦᠢ᠍ᠯᠭᠡᠭᠡᠨ᠎ᠤ ᠥᠪᠡᠷ᠎ᠤᠨ ᠥᠷᠲᠡᠭ᠎ᠢ ᠪᠦᠲᠦᠮᠵᠢᠲᠡᠶ ᠪᠠᠭᠤᠷᠠᠭᠤᠯᠵᠤ᠂ ᠠᠵᠤ ᠠᠬᠤᠶ᠋ᠢᠯᠠᠯ᠎ᠢ ᠳᠡᠮᠵᠢᠬᠦ ᠠᠵᠢᠯᠯᠠᠭ᠎ᠠ ᠵᠢ ᠨᠠᠶ᠋ᠢᠳᠠᠪᠤᠷᠢᠵᠢᠭᠤᠯᠤᠨ᠎ᠠ᠃ 《ᠬᠤᠤᠰ ᠡᠷᠢᠬᠦ》᠎ᠪᠠᠷ ᠳᠠᠮᠵᠢᠭᠤᠯᠤᠨ᠂ ᠲᠤᠬᠠᠶ᠋ᠢᠯᠠᠪᠠᠯ ᠪᠠᠷᠠᠭ᠋ᠠᠨ᠎ᠤ ᠢᠷᠡᠯᠲᠡ ᠵᠢᠨ ᠠᠵᠤ ᠠᠬᠤᠶ᠋ᠢᠯᠠᠯ᠎ᠳᠤ ᠥᠪᠡᠷ᠎ᠤᠨ ᠥᠷᠲᠡᠭ ᠳᠣᠤᠷ᠎ᠠ᠂ ᠦᠷ᠎ᠡ ᠪᠦᠲᠦᠮᠵᠢ ᠥᠨᠳᠥᠷ᠂ ᠭᠠᠳᠠᠭᠰᠢᠯᠠᠭᠤᠯᠤᠯᠲᠠ ᠪᠠᠭ᠎ᠠ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠳᠠᠭ᠋ᠠᠭᠤᠯᠤᠭᠴᠢ ᠠᠵᠤ ᠠᠬᠤᠶ᠋ᠢᠯᠠᠯ᠎ᠢ ᠡᠷᠢᠵᠦ᠂ ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠠᠵᠤ ᠠᠬᠤᠶ᠋ᠢᠯᠠᠯ᠎ᠳᠤ ᠲᠣᠭᠲᠠᠭᠤᠨ᠂ ᠢᠲᠡᠭᠡᠯ ᠬᠦᠨᠳᠦ᠎ᠪᠠᠷ ᠰᠠᠶ᠋ᠢᠨ ᠪᠠᠷᠠᠭ᠋ᠠᠨ᠎ᠤ ᠢᠷᠡᠯᠲᠡ ᠵᠢᠨ ᠠᠵᠤ ᠠᠬᠤᠶ᠋ᠢᠯᠠᠯ᠎ᠢ ᠡᠷᠢᠵᠦ᠂ ᠠᠰᠢᠭ ᠲᠤᠰᠠ ᠵᠢᠨ ᠬᠤᠶᠠᠷ ᠲᠠᠯ᠎ᠠ᠎ᠪᠠᠷ ᠵᠶ᠋ᠠᠨ ᠠᠰᠢᠭ ᠭᠥᠷᠳᠡᠬᠦ᠂ ᠥᠪᠡᠷ᠎ᠤᠨ ᠥᠷᠲᠡᠭ᠎ᠢ ᠵᠡᠷᠭᠡ᠎ᠪᠠᠷ ᠪᠠᠭᠤᠷᠠᠭᠤᠯᠬᠤ ᠵᠢ ᠪᠡᠶᠡᠯᠡᠭᠦᠯᠦᠨ᠎ᠡ᠃ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠮᠥᠵᠢᠭᠦᠯᠬᠦ᠎ᠪᠠᠷ ᠳᠠᠮᠵᠢᠭᠤᠯᠤᠨ᠂ ᠵᠢᠯᠣᠭᠤᠴᠢ ᠦᠭᠡᠢ᠂ ᠴᠢᠩᠭᠡᠯᠢᠭ᠎ᠤᠨ ᠬᠡᠰᠡᠭᠴᠢᠯᠡᠭᠰᠡᠨ ᠲᠡᠭᠡᠭᠡᠪᠦᠷᠢ ᠵᠢ ᠬᠥᠭᠵᠢᠭᠦᠯᠵᠦ᠂ 《ᠡᠬᠡ ᠬᠠᠭᠤᠷᠠᠶ ᠵᠢᠨ ᠭᠠᠷᠠᠮ + ᠴᠢᠩᠭᠡᠯᠢᠭ + ᠰᠢᠨ᠎ᠡ ᠡᠨᠧᠷᠭᠢ ᠵᠢᠨ ᠬᠦᠨᠳᠦ ᠠᠴᠢᠶᠠᠨ᠎ᠤ ᠮᠠᠰᠢᠨ ᠲᠡᠷᠭᠡ》 ᠵᠢᠨ ᠲᠡᠭᠡᠭᠡᠪᠦᠷᠢ ᠵᠢᠨ ᠵᠠᠭᠪᠤᠷ᠎ᠢ ᠳᠡᠯᠭᠡᠷᠡᠭᠦᠯᠦᠨ᠂ ᠵᠠᠮ ᠲᠡᠭᠡᠭᠡᠪᠦᠷᠢ ᠵᠢᠨ ᠥᠪᠡᠷ᠎ᠤᠨ ᠦᠷᠳᠡᠭ᠎ᠢ ᠪᠠᠭᠤᠷᠠᠭᠤᠯᠵᠤ᠂ ᠥᠪᠡᠷᠲᠡᠭᠡᠨ ᠵᠠᠰᠠᠬᠤ ᠣᠷᠣᠨ᠎ᠳᠤ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠵᠦ᠂ ᠰᠢᠨ᠎ᠡ ᠵᠠᠮ᠎ᠢ ᠨᠡᠭᠡᠭᠡᠵᠦ ᠳᠤᠮᠳᠠ ᠲᠦᠪᠰᠢᠨ᠎ᠳᠤ ᠳᠠᠪᠰᠢᠬᠤ᠎ᠳᠤ ᠵᠠᠮ ᠬᠠᠷᠢᠯᠴᠠᠭ᠋ᠠᠨ᠎ᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ᠃

   ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠵᠢᠨ ᠨᠠᠮ᠎ᠤᠨ ᠬᠤᠷᠢᠶ᠎ᠠ ᠵᠢᠨ ᠱᠦᠵᠢ᠂ ᠲᠣᠪᠴᠢᠶᠠᠨ ᠳᠠᠷᠤᠭ᠎ᠠ ᠯᠢ ᠵᠢᠶᠦ᠋ᠨ ᠱᠧᠩ ᠢᠯᠡᠷᠬᠡᠶ᠋ᠢᠯᠡᠬᠦ᠎ᠳᠡᠭᠡᠨ᠂ 2025 ᠣᠨ᠎ᠳᠤ ᠤᠯᠤᠰ᠎ᠤᠨ ᠭᠠᠶ᠋ᠢᠯᠢ ᠵᠢᠨ ᠶᠠᠪᠤᠳᠠᠯ᠎ᠤᠨ ᠶᠡᠷᠦᠩᠬᠡᠶ ᠲᠣᠪᠴᠢᠶ᠎ᠠ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠎ᠨᠢ ᠭᠠᠶ᠋ᠢᠯᠢ ᠲᠠᠲᠠᠪᠤᠷᠢᠯᠠᠵᠤ ᠬᠠᠮᠢᠶᠠᠷᠬᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ 《ᠭᠠᠶ᠋ᠢᠯᠢ ᠵᠢᠨ ᠢᠷᠡᠯᠲᠡ ᠵᠢ ᠬᠠᠮᠢᠶᠠᠷᠬᠤ᠂ ᠭᠠᠶ᠋ᠢᠯᠢ ᠵᠢᠨ ᠢᠷᠡᠯᠲᠡ ᠵᠢ ᠪᠤᠶ᠋ᠢᠵᠢᠭᠤᠯᠬᠤ》 ᠵᠢᠨ ᠰᠠᠶ᠋ᠢᠨ ᠲᠣᠭᠲᠠᠴᠠ ᠵᠢ ᠠᠯᠬᠤᠮ ᠠᠯᠬᠤᠮ ᠵᠶ᠋ᠠᠷ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠠᠮ ᠵᠶ᠋ᠠᠷ ᠵᠠᠮᠨᠠᠬᠤ᠎ᠳᠤ ᠪᠠᠲᠤ ᠪᠠᠬᠢ ᠡᠳ᠋᠎ᠤᠨ ᠬᠦᠴᠦᠨ᠎ᠤ ᠪᠠᠲᠤᠯᠠᠭ᠎ᠠ ᠬᠠᠩᠭ᠋ᠠᠨ᠎ᠠ ᠭᠡᠵᠡᠢ᠃ ᠤᠰᠤᠨ᠎ᠤ ᠡᠬᠢ ᠪᠠᠶᠠᠯᠢᠭ᠎ᠤᠨ ᠭᠠᠶ᠋ᠢᠯᠢ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠪᠦᠬᠦ ᠲᠠᠯ᠎ᠠ᠎ᠪᠠᠷ ᠶᠠᠪᠤᠭᠤᠯᠵᠤ᠂ ᠲᠥᠬᠥᠷ ᠠᠷᠭ᠎ᠠ ᠬᠡᠮᠵᠢᠶ᠎ᠡ ᠪᠣᠯᠤᠨ ᠲᠠᠲᠠᠪᠤᠷᠢᠯᠠᠨ ᠬᠠᠮᠢᠶᠠᠷᠬᠤ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ᠃ ᠠᠷᠠᠳ᠎ᠲᠤ ᠲᠥᠬᠦᠮ ᠦᠵᠡᠭᠦᠯᠬᠦ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ 《ᠥᠨᠳᠥᠷ ᠦᠷ᠎ᠡ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ᠎ᠢ ᠭᠦᠢ᠍ᠴᠡᠳᠭᠡᠬᠦ》 ᠵᠢ ᠬᠦᠴᠦ᠎ᠪᠠᠨ ᠲᠥᠪᠯᠡᠷᠡᠭᠦᠯᠦᠨ ᠠᠬᠢᠭᠤᠯᠵᠤ᠂ 《ᠠᠷᠠᠳ᠎ᠲᠤ ᠲᠥᠬᠦᠮ ᠦᠵᠡᠭᠦᠯᠬᠦ ᠭᠠᠶ᠋ᠢᠯᠢ ᠵᠢᠨ ᠶᠠᠪᠤᠳᠠᠯ ᠭᠦᠢ᠍ᠴᠡᠳᠭᠡᠬᠦ ᠤᠷᠢᠬᠠᠨ ᠰᠠᠯᠬᠢᠨ᠎ᠤ ᠠᠵᠢᠯᠯᠠᠭ᠎ᠠ》 ᠵᠢᠨ ᠨᠠᠷᠠᠲᠤ ᠲᠥᠷᠥᠯ ᠲᠡᠮᠳᠡᠭᠲᠦ ᠵᠢ ᠦᠷᠭᠦᠯᠵᠢᠯᠡᠨ ᠪᠣᠶ ᠪᠣᠯᠭ᠋ᠠᠵᠤ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠠᠵᠤ ᠠᠬᠤᠶ᠋ᠢᠯᠠᠯ᠎ᠢ ᠲᠤᠰᠠᠯᠠᠬᠤ ᠠᠵᠢᠯᠯᠠᠭ᠎ᠠ ᠵᠢ ᠠᠬᠢᠭᠤᠯᠵᠤ᠂ ᠭᠠᠶ᠋ᠢᠯᠢ ᠰᠦᠢ᠍ᠳᠬᠡᠯ᠎ᠤᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠷᠢᠯᠢᠭ ᠣᠨᠣᠴᠠᠲᠠᠶ᠎ᠪᠠᠷ ᠬᠦᠷᠭᠡᠪᠡ᠃ ᠠᠶᠤᠯ ᠲᠦᠭᠰᠢᠭᠦᠷᠢ ᠵᠢ ᠰᠡᠷᠭᠡᠶ᠋ᠢᠯᠡᠬᠦ ᠳᠡᠭᠡᠷ᠎ᠡ ᠬᠦᠴᠦ ᠲᠠᠯᠪᠢᠵᠤ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠬᠦ ᠠᠵᠢᠯᠯᠠᠭ᠎ᠠ ᠵᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠵᠤ᠂ ᠬᠥᠳᠡᠯᠦᠩᠭᠦᠶ 《ᠢᠲᠡᠭᠡᠮᠵᠢ + ᠲᠦᠭᠰᠢᠭᠦᠷᠢ》᠎ᠪᠠᠷ ᠰᠠᠭᠤᠷᠢ ᠪᠣᠯᠭ᠋ᠠᠭᠰᠠᠨ ᠬᠢᠨᠠᠨ ᠬᠠᠮᠢᠶᠠᠷᠬᠤ ᠲᠣᠭᠲᠠᠴᠠ ᠵᠢ ᠦᠷᠭᠦᠯᠵᠢᠯᠡᠨ ᠪᠠᠶ᠋ᠢᠭᠤᠯᠤᠨ ᠲᠡᠭᠦᠯᠳᠡᠷᠵᠢᠭᠦᠯᠵᠦ᠂ ᠬᠠᠤᠯᠢ ᠵᠢ ᠰᠠᠬᠢᠵᠤ ᠡᠵᠡᠩᠨᠡᠵᠦ ᠪᠠᠶ᠋ᠢᠭ᠎ᠠ ᠠᠵᠤ ᠠᠬᠤᠶ᠋ᠢᠯᠠᠯ᠎ᠳᠤ ᠬᠠᠷᠰᠢᠯᠠᠬᠤ᠎ᠠᠴᠠ ᠵᠠᠶ᠋ᠢᠯᠠᠰᠬᠢᠵᠦ᠂ ᠭᠠᠶ᠋ᠢᠯᠢ᠎ᠳᠤ ᠬᠤᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠴᠦ᠂ ᠠᠵᠤ ᠠᠬᠤᠶ ᠵᠢᠨ ᠠᠵᠢᠯᠯᠠᠭ᠋ᠠᠨ᠎ᠤ ᠡᠮᠬᠢ ᠳᠢᠭᠯᠢᠮ ᠪᠠ ᠤᠯᠤᠰ᠎ᠤᠨ ᠭᠠᠶ᠋ᠢᠯᠢ ᠲᠠᠲᠠᠪᠤᠷᠢ ᠵᠢᠨ ᠠᠮᠤᠷ ᠲᠦᠪᠰᠢᠨ᠎ᠢ ᠪᠦᠲᠦᠮᠵᠢᠲᠡᠶ ᠬᠠᠮᠠᠭ᠋ᠠᠯᠠᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠦᠢ᠍ᠯᠡᠴᠢᠯᠡᠵᠦ ᠰᠢᠨ᠎ᠡ ᠠᠬᠢᠴᠠ᠎ᠲᠠᠢ ᠪᠣᠯᠪᠠ᠃ (ᠲᠠᠯ᠎ᠠ ᠨᠤᠲᠤᠭ᠎ᠤᠨ ᠡᠭᠦᠯᠡ · ᠥᠪᠥᠷ ᠮᠣᠩᠭᠤᠯ᠎ᠤᠨ ᠰᠣᠨᠢᠨ ᠮᠡᠳᠡᠭᠡᠨ᠎ᠤ ᠰᠦᠯᠵᠢᠶ᠎ᠡ ᠵᠢᠨ ᠰᠤᠷᠪᠤᠯᠵᠢᠯᠠᠭᠴᠢ ᠡᠾᠦ᠋ᠸᠧ ᠰᠢᠶᠤᠤ ᠴᠢᠩ᠂ ᠯᠢ ᠶᠦᠩ ᠲᠤᠤ᠂ ᠭᠤᠤ ᠾᠦᠢ)

 

ᠢᠷᠡᠯᠲᠡ᠄ ᠥᠪᠥᠷ ᠮᠣᠩᠭᠤᠯ᠎ᠤᠨ ᠰᠣᠨᠢᠨ ᠮᠡᠳᠡᠭᠡ ᠵᠢᠨ ᠰᠦᠯᠵᠢᠶ᠎ᠡ — 《ᠥᠪᠥᠷ ᠮᠣᠩᠭᠤᠯ᠎ᠤᠨ ᠡᠳᠦᠷ᠎ᠤᠨ ᠰᠣᠨᠢᠨ》