ᠥᠪᠥᠷ ᠮᠣᠩᠭᠤᠯ᠎ᠤᠨ ᠰᠢᠨ᠎ᠡ ᠨᠢᠭᠡᠨ ᠡᠭᠡᠯᠵᠢ ᠵᠢᠨ ᠠᠭᠤᠷᠬᠠᠶ ᠡᠷᠢᠬᠦ ᠰᠢᠪᠲᠤᠯᠤᠯᠲᠠ ᠵᠢᠨ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ᠎ᠨᠢ ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠭᠡᠯ ᠤᠯᠪᠠ
2025-03-06

3.6.jpg


   ᠲᠤᠰ ᠰᠣᠨᠢᠨ ᠬᠥᠬᠡᠬᠤᠲᠠ ᠵᠢᠨ 3 ᠳ᠋ᠤᠭ᠋ᠠᠷ ᠰᠠᠷ᠎ᠠ ᠵᠢᠨ 3᠎ᠤ ᠡᠳᠦᠷ᠎ᠤᠨ ᠴᠠᠭᠢᠯᠭ᠋ᠠᠨ ᠮᠡᠳᠡᠭᠡ  ᠰᠤᠷᠪᠤᠯᠵᠢᠯᠠᠭᠴᠢ ᠭᠤᠤ ᠫᠢᠩ᠂ ᠸᠠᠩ ᠰᠢᠶᠤᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ᠎ᠤᠨ ᠣᠶ᠋ᠢᠷ᠎ᠠ᠎ᠳᠤ ᠬᠤᠷᠠᠯᠳᠤᠭᠤᠯᠤᠭᠰᠠᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠠᠴᠠ ᠣᠶ᠋ᠢᠯᠠᠭ᠋ᠠᠭᠰᠠᠨ ᠵᠶ᠋ᠠᠷ᠂ 2024 ᠣᠨ᠎ᠳᠤ ᠥᠪᠥᠷ ᠮᠣᠩᠭᠤᠯ ᠲᠥᠪ᠂ ᠣᠷᠣᠨ ᠨᠤᠲᠤᠭ ᠪᠠ ᠬᠤᠳᠠᠯᠳᠤᠭ᠋ᠠᠨ᠎ᠤ ᠴᠢᠨᠠᠷᠲᠠᠶ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠣᠷᠣᠭᠤᠯᠤᠯᠲᠠ᠎ᠨᠢ 16 ᠳ᠋ᠦᠩᠰᠢᠭᠤᠷ ᠲᠥᠭᠦᠷᠢᠭ᠎ᠢ ᠳᠠᠪᠠᠵᠤ᠂ ᠲᠥᠪ ᠪᠠ ᠣᠷᠣᠨ ᠨᠤᠲᠤᠭ᠎ᠤᠨ ᠠᠵᠤ ᠠᠬᠤᠶ᠋ᠢᠯᠠᠯ᠎ᠤᠨ ᠬᠠᠮᠵᠢᠯᠴᠠᠭ᠎ᠠ ᠳᠣᠤᠷ᠎ᠠ᠂ ᠰᠢᠨ᠎ᠡ ᠨᠢᠭᠡ ᠡᠭᠡᠯᠵᠢ ᠵᠢᠨ ᠠᠭᠤᠷᠬᠠᠶ ᠡᠷᠢᠬᠦ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ᠎ᠨᠢ ᠱᠠᠲᠤ ᠦᠶ᠎ᠡ ᠵᠢᠨ ᠴᠢᠨᠠᠷᠲᠠᠶ ᠦᠷ᠎ᠡ ᠪᠦᠲᠦᠭᠡᠯ ᠤᠯᠪᠠ᠃  ᠡᠭᠦᠨ᠎ᠳᠤ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠮᠡᠭᠳᠡᠭᠦᠯᠬᠦ ᠠᠵᠢᠯ ᠳᠠᠬᠢᠨ ᠰᠢᠯᠢᠳᠡᠭ ᠠᠮᠵᠢᠯᠲᠠ ᠪᠦᠲᠦᠮᠵᠢ ᠣᠯᠵᠤ᠂  ᠰᠢᠨ᠎ᠡ᠎ᠪᠠᠷ ᠨᠡᠮᠡᠭᠳᠡᠭᠰᠡᠨ  ᠲᠡᠮᠦᠷ᠎ᠤᠨ ᠬᠦᠳᠡᠷ᠎ᠤᠨ  ᠡᠬᠢ ᠪᠠᠶᠠᠯᠢᠭ 5.91 ᠳ᠋ᠦᠩᠰᠢᠭᠤᠷ ᠲᠣᠨ᠂ ᠰᠢᠨ᠎ᠡ᠎ᠪᠠᠷ ᠨᠡᠮᠡᠭᠳᠡᠭᠰᠡᠨ ᠠᠯᠲᠠᠨ᠎ᠤ ᠡᠬᠢ ᠪᠠᠶᠠᠯᠢᠭ 80.6 ᠲᠣᠨ᠂ ᠰᠢᠨ᠎ᠡ᠎ᠪᠠᠷ ᠨᠡᠮᠡᠭᠳᠡᠭᠰᠡᠨ ᠮᠤᠯᠢᠪᠳᠧᠨ᠎ᠤ ᠡᠬᠢ ᠪᠠᠶᠠᠯᠢᠭ 5.24 ᠲᠦᠮᠡᠨ ᠲᠣᠨ᠂ ᠰᠢᠨ᠎ᠡ᠎ᠪᠠᠷ ᠨᠡᠮᠡᠭᠳᠡᠭᠰᠡᠨ ᠬᠠᠶ᠋ᠢᠯᠤᠭᠤᠷ ᠵᠣᠩᠰᠢ ᠵᠢᠨ ᠡᠬᠢ ᠪᠠᠶᠠᠯᠢᠭ 1189.13 ᠲᠦᠮᠡᠨ ᠲᠣᠨ ᠪᠣᠯᠤᠨ᠎ᠠ᠃ ᠳᠠᠪᠠᠭᠤᠯᠢᠭ ᠴᠢᠨᠠᠷᠲᠠᠶ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠨᠡᠮᠡᠭᠳᠡᠯ ᠪᠠᠶ᠋ᠢᠳᠠᠯ ᠰᠠᠶ᠋ᠢᠨ ᠪᠠᠶ᠋ᠢᠵᠤ᠂ ᠰᠢᠨ᠎ᠡ᠎ᠪᠠᠷ ᠨᠡᠮᠡᠭᠳᠡᠭᠰᠡᠨ ᠨᠡᠭᠦᠷᠡᠰᠦᠨ᠎ᠤ ᠡᠬᠢ ᠪᠠᠶᠠᠯᠢᠭ 127.59 ᠳ᠋ᠦᠩᠰᠢᠭᠤᠷ ᠲᠣᠨ᠂ ᠰᠢᠨ᠎ᠡ᠎ᠪᠠᠷ ᠨᠡᠮᠡᠭᠳᠡᠭᠰᠡᠨ ᠮᠦᠩᠭᠦᠨ᠎ᠤ ᠡᠬᠢ ᠪᠠᠶᠠᠯᠢᠭ 513.27 ᠲᠣᠨ᠂ ᠰᠢᠨ᠎ᠡ᠎ᠪᠠᠷ ᠨᠡᠮᠡᠭᠳᠡᠭᠰᠡᠨ ᠬᠠᠷ᠎ᠠ ᠲᠤᠭᠤᠯᠭ᠎ᠠ ᠵᠢᠨ ᠡᠬᠢ ᠪᠠᠶᠠᠯᠢᠭ 22.21 ᠲᠦᠮᠡᠨ ᠲᠣᠨ᠂ ᠰᠢᠨ᠎ᠡ᠎ᠪᠠᠷ ᠨᠡᠮᠡᠭᠳᠡᠭᠰᠡᠨ ᠴᠠᠶ᠋ᠢᠷ᠎ᠤᠨ ᠡᠬᠢ ᠪᠠᠶᠠᠯᠢᠭ 70.71 ᠲᠦᠮᠡᠨ ᠲᠣᠨ᠂ ᠰᠢᠨ᠎ᠡ᠎ᠪᠠᠷ ᠨᠡᠮᠡᠭᠳᠡᠭᠰᠡᠨ ᠢᠨᠳᠢ ᠵᠢᠨ ᠡᠬᠢ ᠪᠠᠶᠠᠯᠢᠭ 397 ᠲᠣᠨ᠂ ᠰᠢᠨ᠎ᠡ᠎ᠪᠠᠷ ᠨᠡᠮᠡᠭᠳᠡᠭᠰᠡᠨ ᠲᠠᠮᠠᠭ᠎ᠠ ᠵᠢᠨ ᠴᠢᠯᠠᠭᠤ ᠵᠢᠨ ᠡᠬᠢ ᠪᠠᠶᠠᠯᠢᠭ 177.2 ᠲᠦᠮᠡᠨ ᠲᠣᠨ᠂ ᠰᠢᠨ᠎ᠡ᠎ᠪᠠᠷ ᠨᠡᠮᠡᠭᠳᠡᠭᠰᠡᠨ ᠴᠠᠰᠤᠨ ᠴᠠᠭ᠋ᠠᠨ ᠬᠤᠵᠢᠷ᠎ᠤᠨ ᠡᠬᠢ ᠪᠠᠶᠠᠯᠢᠭ 218.8 ᠲᠦᠮᠡᠨ ᠲᠣᠨ ᠪᠣᠯᠣᠨ᠎ᠠ᠃

   ᠥᠪᠥᠷ ᠮᠣᠩᠭᠤᠯ ᠠᠭᠤᠷᠬᠠᠶ ᠡᠷᠢᠬᠦ ᠲᠤᠰᠬᠠᠶ ᠠᠵᠢᠯ᠎ᠢ ᠵᠡᠷᠭᠡᠪᠡᠷ ᠥᠷᠨᠢᠭᠦᠯᠵᠦ᠂ ᠪᠤᠭᠤᠲᠤ ᠵᠢᠨ ᠪᠠᠶᠬᠠᠣᠪᠤᠭ᠎ᠠ ᠵᠢᠨ ᠭᠠᠵᠠᠷ ᠣᠷᠣᠨ᠎ᠳᠤ ᠠᠩᠬ᠎ᠠ ᠠᠯᠬᠤᠮ ᠲᠡᠮᠦᠷ᠂ ᠨᠢᠤᠪᠢ᠂ ᠬᠤᠪᠣᠷ ᠰᠢᠷᠣᠶ᠂ ᠠᠯᠳᠠ᠂ ᠬᠠᠶ᠋ᠢᠯᠤᠭᠤᠷ ᠵᠣᠩᠰᠢ ᠵᠡᠷᠭᠡ 19 ᠭᠠᠵᠠᠷ᠎ᠲᠤ ᠬᠦᠳᠡᠷ ᠡᠷᠢᠬᠦ ᠫᠠᠢ ᠵᠢᠨ ᠣᠷᠣᠨ᠎ᠢ ᠬᠢᠨᠠᠨ ᠲᠣᠭᠲᠠᠭ᠋ᠠᠵᠤ᠂ ᠲᠡᠮᠦᠷ᠂ ᠨᠢᠦᠪᠢ᠂ ᠬᠣᠪᠣᠷ ᠰᠢᠷᠣᠢ ᠵᠢ ᠡᠯᠪᠡᠭ ᠠᠬᠤᠭᠤᠯᠤᠭᠰᠠᠨ ᠪᠠᠶᠠᠨ᠋ᠣ᠋ᠪᠣᠭ᠎ᠠ ᠵᠢᠨ ᠡᠮᠦᠨᠡᠲᠦ ᠠᠭᠤᠷᠬᠠᠢ ᠵᠢᠨ ᠪᠦᠰᠡ ᠵᠢ ᠰᠢᠨ᠎ᠡ᠎ᠪᠠᠷ ᠢᠯᠡᠷᠡᠭᠦᠯᠵᠦ᠂ ᠬᠦᠳᠡᠷ᠎ᠤᠨ ᠬᠡᠪᠲᠡᠰᠢ ᠵᠢᠨ ᠬᠡᠪᠴᠢᠶ᠎ᠡ᠎ᠨᠢ ᠬᠡᠳᠦ ᠲᠣᠮᠣ ᠬᠡᠯᠪᠡᠷᠢ᠎ᠳᠤ ᠬᠦᠷᠬᠦ ᠵᠢ ᠤᠷᠢᠳᠴᠢᠯᠠᠨ ᠵᠢᠱ᠌ᠢᠪᠡ; ᠠᠯᠠᠱ᠌ᠠ ᠵᠢᠨ ᠬᠤᠢ᠌ᠲᠦ ᠠᠭᠤᠯᠠᠨ ᠣᠷᠣᠨ᠎ᠳᠤ ᠠᠭᠤᠷᠬᠠᠶ ᠡᠷᠢᠬᠦ ᠳᠠᠯᠳᠠ ᠬᠦᠴᠦᠨ᠎ᠤ ᠣᠷᠣᠨ᠎ᠢ 10 ᠵᠢ ᠬᠦᠷᠢᠶᠡᠯᠡᠨ ᠲᠤᠭᠲᠠᠭ᠋ᠠᠵᠤ᠂ 6 ᠠᠯᠲᠠᠨ᠎ᠤ ᠠᠭᠤᠷᠬᠠᠶ ᠵᠢᠨ ᠭᠠᠷᠤᠯᠲᠠ ᠵᠢᠨ ᠭᠠᠵᠠᠷ᠂ 2 ᠸᠣᠯᠹᠷᠠᠮ᠎ᠤᠨ ᠠᠭᠤᠷᠬᠠᠶ ᠵᠢᠨ ᠭᠠᠷᠤᠯᠲᠠ ᠵᠢᠨ ᠭᠠᠵᠠᠷ᠂ 1  ᠮᠤᠯᠢᠪᠳᠧᠨ᠎ᠤ ᠠᠭᠤᠷᠬᠠᠶ ᠵᠢᠨ ᠭᠠᠷᠤᠯᠲᠠ ᠵᠢᠨ ᠭᠠᠵᠠᠷ ᠪᠠ 1 ᠲᠤᠭᠤᠯᠭ᠎ᠠ ᠴᠠᠶ᠋ᠢᠷ᠎ᠤᠨ ᠠᠭᠤᠷᠬᠠᠶ ᠵᠢᠨ ᠭᠠᠷᠤᠯᠲᠠ ᠵᠢᠨ ᠭᠠᠵᠠᠷ ᠪᠠᠭᠲᠠᠨ᠎ᠠ᠃

  2025 ᠣᠨ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ ᠦᠷᠭᠦᠯᠵᠢᠯᠡᠨ 7.5 ᠳ᠋ᠦᠩᠰᠢᠭᠤᠷ ᠲᠥᠭᠦᠷᠢᠭ᠎ᠤᠨ ᠲᠤᠰᠬᠠᠶ ᠪᠠᠯᠠ ᠮᠥᠩᠭᠦ ᠣᠷᠣᠭᠤᠯᠵᠤ᠂ ᠰᠢᠨ᠎ᠡ ᠨᠢᠭᠡ ᠡᠭᠡᠯᠵᠢ ᠵᠢᠨ ᠠᠭᠤᠷᠬᠠᠶ ᠡᠷᠢᠬᠦ ᠰᠢᠪᠲᠤᠯᠤᠯᠲᠠ ᠵᠢᠨ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ᠎ᠳᠤ ᠬᠡᠷᠡᠭᠯᠡᠵᠦ᠂ ᠭᠠᠵᠠᠷ ᠰᠢᠨᠵᠢᠯᠡᠭᠡᠨ᠎ᠤ ᠬᠠᠶ᠋ᠢᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠢ ᠨᠡᠶ᠋ᠢᠲᠡ 342 ᠪᠠᠶ᠋ᠢᠷᠢᠯᠠᠭᠤᠯᠪᠠ᠃ ᠡᠭᠦᠨ᠎ᠳᠤ 106 ᠲᠥᠷᠥᠯ ᠵᠦᠢ᠍ᠯ᠎ᠢ ᠰᠢᠨ᠎ᠡ᠎ᠪᠠᠷ ᠨᠡᠭᠡᠭᠡᠵᠦ᠂ 236 ᠲᠥᠷᠥᠯ ᠵᠦᠢ᠍ᠯ᠎ᠢ ᠦᠷᠭᠦᠯᠵᠢᠯᠡᠨ ᠬᠢᠵᠦ᠂ ᠡᠭᠦᠨ᠎ᠳᠤ ᠠᠭᠤᠷᠬᠠᠶ ᠵᠢᠨ ᠭᠠᠷᠤᠯᠲᠠ ᠵᠢ ᠬᠠᠶ᠋ᠢᠨ ᠪᠠᠶ᠋ᠢᠴᠠᠭ᠋ᠠᠬᠤ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠭᠤᠷᠬᠠᠶ ᠵᠢᠨ ᠭᠠᠷᠤᠯᠲᠠ ᠵᠢ ᠪᠠᠶ᠋ᠢᠴᠠᠭ᠋ᠠᠬᠤ᠂ ᠣᠷᠣᠨ ᠬᠡᠰᠡᠭ᠎ᠤᠨ ᠰᠢᠯᠢᠳᠡᠭ᠎ᠢ᠎ᠨᠢ ᠰᠣᠩᠭᠣᠨ ᠪᠠᠶ᠋ᠢᠴᠠᠭ᠋ᠠᠵᠤ ᠦᠨᠡᠯᠡᠬᠦ᠂ ᠲᠣᠰᠣ ᠬᠡᠢ ᠬᠢᠭᠡᠳ ᠨᠡᠭᠦᠷᠡᠰᠦᠨ ᠳᠠᠪᠬᠤᠷᠭ᠎ᠠ ᠵᠢᠨ ᠬᠡᠢ ᠵᠢᠨ ᠡᠬᠢ ᠪᠠᠶᠠᠯᠢᠭ᠎ᠢ ᠪᠠᠶ᠋ᠢᠴᠠᠭ᠋ᠠᠨ ᠦᠨᠡᠯᠡᠬᠦ ᠵᠢᠴᠢ ᠶᠡᠷᠦᠩᠬᠡᠶ᠋ᠢᠯᠡᠨ ᠰᠤᠳᠤᠯᠬᠤ ᠲᠥᠷᠥᠯ ᠵᠦᠢ᠍ᠯ ᠪᠠᠭᠲᠠᠨ᠎ᠠ᠃

 

ᠢᠷᠡᠯᠲᠡ᠄ ᠭᠤᠸᠠᠩ ᠮᠢᠩ ᠡᠳᠦᠷ᠎ᠤᠨ ᠰᠣᠨᠢᠨ