ᠥᠪᠥᠷ ᠮᠣᠩᠭᠤᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠄ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠤᠷᠭ᠋ᠠᠨ ᠬᠥᠮᠦᠵᠢᠯ᠎ᠨᠢ 《ᠤᠷᠢᠶ᠎ᠠ》᠎ᠠᠴᠠ 《ᠠᠵᠢᠯᠯᠠᠭ᠎ᠠ》 ᠲᠡᠢ᠌ᠰᠢ ᠤᠷᠤᠭᠰᠢᠯᠠᠭᠰᠠᠨ ᠥᠪᠥᠷ ᠮᠣᠩᠭᠤᠯ᠎ᠤᠨ ᠦᠢ᠍ᠯᠡᠳᠦᠯᠭᠡ
2025-04-15

   ᠣᠶ᠋ᠢᠷ᠎ᠠ᠎ᠳᠤ᠂ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠮᠦᠽᠧᠶ᠎ᠨᠢ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠥᠮᠦᠵᠢᠯ ᠵᠶ᠋ᠠᠷ ᠬᠤᠪᠣᠷ ᠴᠤᠬᠠᠭ ᠠᠮᠢᠳᠤ ᠪᠣᠳᠠᠰ᠎ᠤᠨ ᠳᠦᠷᠰᠦ ᠵᠢ ᠰᠠᠬᠢᠨ ᠬᠠᠮᠠᠭ᠋ᠠᠯᠠᠵᠤ᠂ 《ᠬᠤᠪᠣᠷ ᠴᠤᠬᠠᠭ ᠠᠮᠢᠲᠠᠨ · ᠲᠦᠮᠡᠨ ᠪᠣᠳᠠᠰ ᠴᠡᠴᠡᠭᠯᠡᠨ ᠬᠥᠭᠵᠢᠬᠦ》 ᠭᠤᠣᠯ ᠰᠡᠳᠦᠪᠲᠦ ᠰᠢᠷᠢᠰ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠪᠡ᠃ ᠡᠲᠡᠭᠡᠷ ᠠᠵᠢᠯᠯᠠᠭ᠎ᠠ᠎ᠨᠢ ᠶᠡᠭᠡ ᠬᠡᠮᠵᠢᠶᠡᠨ᠎ᠤ ᠣᠯᠠᠨ ᠨᠡᠶ᠋ᠢᠲᠡ ᠵᠢᠨ ᠣᠷᠣᠯᠴᠠᠬᠤ ᠵᠢ ᠲᠠᠲᠠᠭᠰᠠᠨ ᠵᠶ᠋ᠠᠷ ᠪᠠᠷᠠᠬᠤ ᠥᠬᠡᠶ᠂ ᠨᠠᠩ ᠠᠮᠢᠳᠤᠯᠢᠭ ᠰᠣᠨᠢᠷᠬᠠᠯᠲᠠᠶ ᠬᠡᠯᠪᠡᠷᠢ᠎ᠪᠠᠷ ᠬᠤᠪᠣᠷ ᠴᠤᠬᠠᠭ ᠠᠮᠢᠲᠠᠨ᠎ᠢ ᠬᠠᠮᠠᠭ᠋ᠠᠯᠠᠬᠤ ᠴᠢᠬᠤᠯᠠ ᠣᠶ᠋ᠢᠯᠠᠭ᠋ᠠᠭᠳᠠᠬᠤᠨ᠎ᠢ ᠳᠠᠮᠵᠢᠭᠤᠯᠵᠤ᠂ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠥᠮᠦᠵᠢᠯ᠎ᠤᠨ ᠬᠦᠷᠢᠶᠡᠨ᠎ᠳᠠᠬᠢ ᠢᠳᠡᠪᠬᠢᠲᠡᠶ ᠰᠦᠪᠡᠭᠴᠢᠯᠡᠯᠲᠡ ᠪᠠ ᠢᠯᠡᠳᠲᠡ ᠦᠷ᠎ᠡ ᠪᠦᠲᠦᠮᠵᠢ ᠵᠢ ᠢᠯᠡᠷᠡᠭᠦᠯᠪᠡ᠃

   ᠣᠯᠠᠨ ᠶᠠᠩᠵᠤ ᠵᠢᠨ ᠠᠵᠢᠯᠯᠠᠭ᠎ᠠ᠎ᠨᠢ ᠬᠤᠪᠣᠷ ᠴᠤᠬᠠᠭ ᠠᠮᠢᠲᠠᠨ᠎ᠢ ᠬᠠᠮᠠᠭ᠋ᠠᠯᠠᠬᠤ ᠣᠶ᠋ᠢᠯᠠᠭ᠋ᠠᠭᠳᠠᠬᠤᠨ᠎ᠢ ᠬᠥᠮᠦᠰ᠎ᠤᠨ ᠰᠡᠳᠬᠢᠯ᠎ᠳᠤ ᠬᠠᠳᠠᠩᠰᠢᠭᠤᠯᠪᠠ

  《ᠰᠢᠤᠸᠠᠢ ᠪᠤᠤ ᠵᠢᠨ ᠪᠠᠷᠲᠠᠭ᠎ᠠ ᠲᠤᠭᠤᠯᠤᠭᠰᠠᠨ᠎ᠨᠢ》 ᠥᠪᠡᠷᠮᠢᠴᠡ ᠣᠨᠴᠠᠯᠢᠭ᠎ᠲᠠᠢ ᠴᠠᠭ᠋ᠠᠨ ᠢᠷᠪᠢᠰ᠎ᠤᠨ ᠦᠵᠡᠭᠦᠯᠭᠡ ᠵᠢᠨ ᠠᠬᠤᠢ ᠲᠠᠯᠠᠪᠠᠶ᠎ᠳᠤ᠂ ᠬᠠᠷᠢᠯᠴᠠᠨ ᠲᠠᠶ᠋ᠢᠯᠪᠤᠷᠢᠯᠠᠯᠲᠠ ᠬᠢᠬᠦ ᠪᠠ ᠵᠢᠪᠦᠭᠦᠯᠬᠦ ᠬᠡᠯᠪᠡᠷᠢ᠎ᠪᠠᠷ ᠣᠯᠠᠨ ᠨᠡᠶ᠋ᠢᠲᠡ᠎ᠪᠠᠷ ᠵᠶ᠋ᠠᠨ ᠴᠠᠭ᠋ᠠᠨ ᠢᠷᠪᠢᠰ ᠭᠡᠬᠦ ᠡᠨᠡ ᠬᠦ᠌ ᠮᠥᠬᠦᠬᠦ ᠰᠢᠬᠠᠭᠰᠠᠨ ᠠᠮᠢᠳᠤ ᠪᠣᠳᠠᠰ᠎ᠤᠨ ᠳᠦᠷᠰᠦ ᠵᠢ ᠭᠦᠨᠵᠡᠭᠡᠶ ᠣᠶ᠋ᠢᠯᠠᠭ᠋ᠠᠪᠠ᠃ ᠦᠵᠡᠭᠦᠯᠭᠡ᠎ᠨᠢ ᠬᠠᠭ᠋ᠠᠰ ᠡᠳᠦᠷ ᠪᠣᠯᠵᠤ ᠵᠠᠭᠤ ᠭᠠᠷᠤᠢ ᠬᠣᠲᠠ ᠵᠢᠨ ᠠᠷᠠᠳ ᠪᠣᠯᠤᠨ ᠰᠤᠷᠤᠭᠴᠢᠳ ᠲᠣᠭᠣᠷᠢᠨ ᠦᠵᠡᠵᠡᠢ᠃ ᠨᠢᠭᠡᠨ ᠬᠡᠷ᠎ᠤᠨ ᠠᠬᠠᠮᠠᠳ᠄ 《ᠡᠶ᠋ᠢᠮᠦᠷᠬᠦᠤ ᠦᠵᠡᠭᠦᠯᠭᠡ᠎ᠪᠠᠷ ᠳᠡᠮᠵᠢᠨ᠂ ᠬᠡᠤᠬᠡᠳ ᠮᠡᠳᠡᠯᠭᠡ ᠰᠤᠷᠤᠭᠰᠠᠨ ᠵᠶ᠋ᠠᠷ ᠪᠠᠷᠠᠬᠤ ᠥᠬᠡᠶ᠂ ᠨᠠᠩ ᠴᠢᠬᠤᠯᠠ᠎ᠨᠢ ᠠᠮᠢᠲᠠᠨ᠎ᠢ ᠬᠠᠮᠠᠭ᠋ᠠᠯᠠᠬᠤ ᠤᠬᠠᠮᠰᠠᠷ᠎ᠢ ᠬᠥᠮᠦᠵᠢᠭᠦᠯᠳᠡᠭ》 ᠭᠡᠵᠦ ᠪᠠᠶ᠋ᠢᠯ᠎ᠠ᠃

   ᠠᠪᠤᠷᠠᠨ ᠲᠤᠰᠠᠯᠠᠭᠳᠠᠭᠰᠠᠨ ᠰᠢᠷᠬᠠᠲᠤᠭᠰᠠᠨ ᠤᠭᠤᠯᠢ ᠵᠢᠨ ᠠᠵᠢᠯᠯᠠᠭ᠎ᠠ᠎ᠳᠤ ᠣᠷᠣᠯᠴᠠᠭᠰᠠᠳ᠎ᠲᠤ ᠠᠮᠢᠲᠠᠨ᠎ᠤ ᠬᠠᠮᠠᠭ᠋ᠠᠯᠠᠯᠲᠠ ᠵᠢᠨ ᠬᠠᠯᠠᠭᠤᠨ ᠳᠤᠯᠠᠭ᠋ᠠᠨ᠎ᠢ ᠮᠡᠳᠡᠷᠡᠭᠦᠯᠬᠦ ᠪᠤᠯᠤᠨ᠎ᠠ᠃ ᠠᠵᠢᠯᠯᠠᠭ᠎ᠠ ᠵᠢᠨ ᠬᠤᠭᠤᠴᠠᠭ᠋ᠠᠨ᠎ᠳᠤ᠂ ᠳᠠᠯᠠᠨ ᠬᠠᠷ᠎ᠠ ᠠᠭᠤᠯᠠ ᠵᠢᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠨᠡᠶ᠋ᠢᠭᠡᠮᠯᠢᠭ᠎ᠤᠨ ᠠᠵᠢᠯᠲᠠᠳ ᠠᠪᠤᠷᠠᠨ ᠲᠤᠰᠠᠯᠠᠬᠤ ᠥᠩᠭᠡᠷᠡᠯᠲᠡ᠎ᠪᠠᠨ ᠬᠤᠪᠢᠶᠠᠯᠴᠠᠵᠤ᠂ ᠬᠡᠦᠬᠡᠳ᠎ᠤᠳ ᠣᠭᠣᠯᠢ ᠵᠢᠨ ᠠᠮᠢ ᠠᠬᠤᠢ ᠵᠢᠨ ᠦᠨ᠎ᠡ ᠥᠷᠲᠡᠭ᠎ᠢ ᠣᠢ᠌ᠯᠠᠭ᠋ᠠᠭᠰᠠᠨ ᠵᠶ᠋ᠠᠷ ᠪᠠᠷᠠᠬᠤ ᠦᠭᠡᠢ᠂ ᠪᠠᠰᠠ ᠰᠦᠯᠵᠢᠶᠡᠨ ᠳᠡᠭᠡᠷ᠎ᠡ ᠬᠠᠷᠢᠯᠴᠠᠨ ᠬᠥᠳᠡᠯᠦᠯᠴᠡᠬᠦ ᠭᠤᠭᠴᠤᠭ᠎ᠠ᠎ᠪᠠᠷ ᠳᠠᠮᠵᠢᠭᠤᠯᠤᠨ ᠲᠡᠭᠦᠨ᠎ᠳᠤ ᠨᠡᠷ᠎ᠡ ᠦᠭᠴᠦ᠂ ᠠᠮᠢᠲᠠᠨ᠎ᠢ ᠬᠠᠮᠠᠭ᠋ᠠᠯᠠᠬᠤ ᠬᠠᠷᠢᠭᠤᠴᠠᠯᠭ᠋ᠠᠲᠤ ᠰᠡᠳᠬᠢᠯᠭᠡ᠎ᠪᠠᠨ ᠴᠢᠩᠭ᠋ᠠᠳᠬᠠᠪᠠ᠃ ᠬᠠᠮᠤᠭ ᠡᠴᠦᠰ᠎ᠲᠤ᠂ ᠡᠨᠡ ᠬᠦ᠌ ᠰᠢᠷᠬᠠᠲᠤᠭᠰᠠᠨ ᠣᠭᠣᠯᠢ ᠵᠢ 《ᠱᠸᠩ ᠱᠸᠩ》 ᠭᠡᠵᠦ ᠨᠡᠷᠡᠯᠡᠭᠰᠡᠨ᠎ᠨᠢ ᠦᠶ᠎ᠡ ᠵᠢᠨ ᠦᠶ᠎ᠡ᠎ᠳᠡᠭᠡᠨ ᠣᠷᠣᠰᠢᠨ ᠲᠣᠭᠲᠠᠨᠢᠬᠤ ᠵᠢ ᠪᠡᠯᠭᠡᠳᠡᠭᠰᠡᠨ ᠶᠤᠮ᠃

   ᠬᠥᠬᠡᠬᠤᠲᠠ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠨᠡᠶ᠋ᠢᠭᠡᠮᠯᠢᠭ᠎ᠤᠨ ᠭᠦᠢ᠍ᠴᠡᠳᠬᠡᠭᠴᠢ ᠳᠠᠷᠤᠭ᠎ᠠ ᠭᠤᠤ ᠨᠠᠨ᠎ᠠᠴᠠ ᠲᠠᠨᠢᠯᠴᠠᠭᠤᠯᠬᠤ᠎ᠳᠠᠭᠠᠨ᠄ 《ᠡᠨᠡ ᠬᠦ᠌ ᠤᠭᠤᠯᠢ ᠵᠢ ᠤᠯᠵᠦ ᠮᠡᠳᠡᠬᠦ᠎ᠳᠤ᠂ ᠲᠡᠭᠦᠨ᠎ᠤ ᠨᠢᠭᠡ ᠵᠢᠭᠦᠷ᠎ᠨᠢ ᠨᠢᠭᠡᠨᠲᠡ ᠬᠤᠭᠤᠷᠠᠵᠤ᠂ ᠠᠪᠤᠷᠠᠨ ᠲᠤᠰᠠᠯᠠᠭᠰᠠᠨ᠎ᠤ ᠳᠠᠷᠠᠭ᠎ᠠ ᠪᠢᠳᠡ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠮᠦᠽᠧᠶ᠎ᠲᠠᠢ ᠬᠠᠮᠲᠤᠷᠠᠨ ᠲᠣᠰ ᠤᠳᠠᠭ᠋ᠠᠨ᠎ᠤ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ᠂ ᠨᠠᠩ ᠣᠯᠠᠨ ᠬᠥᠮᠦᠨ ᠬᠤᠪᠣᠷ ᠴᠤᠬᠠᠭ ᠠᠮᠢᠲᠠᠨ᠎ᠤ ᠬᠠᠮᠠᠭ᠋ᠠᠯᠠᠯᠲᠠ ᠵᠢ ᠠᠩᠬᠠᠷᠬᠤ ᠵᠢ ᠰᠠᠨᠠᠭ᠋ᠠᠴᠢᠯᠠᠵᠠᠢ》 ᠭᠡᠪᠡ᠃

   ᠰᠢᠨᠵᠢᠯᠡᠬᠦ ᠤᠬᠠᠭ᠋ᠠᠨ᠎ᠤ ᠲᠦᠭᠡᠮᠡᠯᠵᠢᠭᠦᠯᠦᠯᠲᠡ ᠵᠢᠨ ᠬᠦᠮᠦᠵᠢᠯ ᠢᠯᠡᠳᠲᠡ ᠦᠷ᠎ᠡ ᠪᠦᠲᠦᠮᠵᠢ ᠣᠯᠪᠠ

   ᠣᠶ᠋ᠢᠷ᠎ᠠ ᠵᠢᠨ ᠵᠢᠯ᠎ᠤᠨ ᠲᠤᠷᠰᠢ᠂ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠮᠦᠽᠧᠶ ᠵᠢᠨ ᠡᠨᠡ ᠬᠦ᠌ ᠲᠠᠪᠴᠠᠩ ᠵᠶ᠋ᠠᠷ ᠳᠠᠮᠵᠢᠭᠤᠯᠤᠨ᠂ ᠪᠠᠶ᠋ᠢᠭ᠋ᠠᠯᠢ ᠵᠢᠨ ᠰᠤᠷᠭ᠋ᠠᠨ ᠬᠥᠮᠦᠵᠢᠯ᠎ᠢ ᠲᠦᠭᠡᠮᠡᠯᠵᠢᠭᠦᠯᠬᠦ ᠪᠠ ᠭᠦᠨᠵᠡᠭᠡᠶ᠋ᠢᠷᠡᠭᠦᠯᠬᠦ ᠵᠢ ᠦᠷᠭᠦᠯᠵᠢᠯᠡᠨ ᠠᠬᠢᠭᠤᠯᠪᠠ᠃ 2018 ᠣᠨ᠎ᠳᠤ ᠡᠭᠦᠳᠡ᠎ᠪᠠᠨ ᠨᠡᠭᠡᠭᠡᠭᠰᠡᠨ᠎ᠠᠴᠠ ᠨᠠᠭ᠋ᠠᠰᠢ᠂ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠮᠦᠽᠧᠶ ᠨᠢᠭᠡᠨᠲᠡ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢᠳ᠎ᠲᠤ ᠬᠠᠨᠳᠤᠭᠤᠯᠤᠭᠰᠠᠨ ᠨᠡᠶ᠋ᠢᠲᠡ ᠵᠢᠨ ᠠᠰᠠᠷᠠᠮᠵᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠢᠴᠢᠶᠡᠯ᠎ᠨᠢ ᠨᠡᠶ᠋ᠢᠲᠡ 16 ᠲᠦᠮᠡᠨ ᠬᠥᠮᠦᠨ ᠤᠳᠠᠭ᠎ᠠ ᠵᠢ ᠳᠠᠪᠠᠵᠤ᠂ ᠲᠤᠰᠬᠠᠶ ᠰᠡᠳᠦᠪᠲᠦ ᠦᠵᠡᠭᠦᠯᠭᠡ᠂ ᠪᠠᠶ᠋ᠢᠭ᠋ᠠᠯᠢ ᠵᠢᠨ ᠬᠢᠴᠢᠶᠡᠯ᠎ᠤᠨ ᠲᠠᠩᠬᠢᠮ᠂ ᠨᠡᠶ᠋ᠢᠲᠡ ᠵᠢᠨ ᠠᠰᠠᠷᠠᠮᠵᠢ ᠵᠢᠨ ᠰᠤᠳᠤᠯᠭ᠋ᠠᠨ᠂ ᠣᠷᠳᠣᠨ ᠪᠠ ᠰᠤᠷᠭ᠋ᠠᠭᠤᠯᠢ ᠵᠢᠨ ᠬᠠᠮᠲᠤᠷᠠᠯᠴᠠᠭ᠎ᠠ ᠵᠡᠷᠭᠡ ᠰᠢᠷᠢᠰ ᠰᠢᠨ᠎ᠡ ᠵᠢ ᠡᠭᠦᠳᠬᠦ ᠬᠡᠯᠪᠡᠷᠢ᠎ᠪᠠᠷ ᠳᠠᠮᠵᠢᠭᠤᠯᠤᠨ᠂ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠥᠮᠦᠵᠢᠯ᠎ᠢ ᠤᠷᠢᠶ᠎ᠠ᠎ᠠᠴᠠ ᠠᠵᠢᠯᠯᠠᠭ᠎ᠠ ᠪᠣᠯᠭ᠋ᠠᠨ ᠬᠤᠪᠢᠷᠠᠭᠤᠯᠵᠤ᠂ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠪᠥᠬᠦ ᠲᠠᠯ᠎ᠠ ᠵᠢᠨ᠂ ᠣᠯᠠᠨ ᠲᠠᠰ ᠳᠠᠪᠬᠤᠷᠭ᠎ᠠ ᠵᠢᠨ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠪᠠᠶ᠋ᠢᠭᠤᠯᠪᠠ᠃

   ᠵᠢᠱ᠌ᠢᠶᠡᠯᠡᠪᠡᠯ᠂ 《ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ ᠡᠯᠡᠰᠦ》 ᠰᠢᠷᠢᠰ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯᠯᠠᠭ᠎ᠠ ᠵᠢ ᠥᠪᠥᠷ ᠮᠣᠩᠭᠤᠯ᠎ᠤᠨ ᠲᠥᠯᠥᠭᠡᠯᠡᠬᠦ ᠴᠢᠨᠠᠷᠲᠠᠶ ᠮᠤᠨᠢ ᠠᠭᠤᠯᠠ ᠨᠢᠷᠤᠭᠤ᠂ ᠬᠥᠯᠥᠨ ᠪᠤᠶ᠋ᠢᠷ᠎ᠤᠨ ᠲᠠᠯ᠎ᠠ ᠨᠤᠲᠤᠭ᠂ ᠤᠯᠠᠭ᠋ᠠᠨᠰᠤᠬᠠᠢ᠂ ᠭᠤᠷᠪᠠᠨ ᠤᠮᠠᠷᠠᠲᠤ ᠵᠢᠨ ᠬᠠᠯᠬᠠᠪᠴᠢ ᠣᠶ᠂ ᠤᠮᠠᠷᠠᠲᠤ ᠵᠢᠨ ᠲᠠᠷᠢᠶᠠᠨ ᠭᠠᠵᠠᠷ᠂ ᠬᠥᠯᠥᠨ ᠨᠠᠭᠤᠷ ᠵᠡᠷᠭᠡ ᠦᠵᠡᠮᠵᠢ ᠵᠢ ᠰᠣᠩᠭᠤᠨ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠵᠤ᠂ ᠰᠤᠷᠤᠭᠴᠢᠳ᠎ᠲᠤ ᠵᠢᠪᠦᠮᠡᠯ ᠮᠠᠶᠢᠭ᠎ᠤᠨ ᠪᠠᠶ᠋ᠢᠭ᠋ᠠᠯᠢ ᠵᠢᠨ ᠰᠤᠷᠤᠯᠴᠠᠬᠤ ᠣᠷᠣᠨ ᠵᠠᠶ ᠵᠢ ᠪᠣᠶ ᠪᠣᠯᠭ᠋ᠠᠵᠤ ᠥᠭᠭᠦᠨ᠎ᠡ᠃

   ᠡᠭᠦᠨ᠎ᠠᠴᠠ ᠭᠠᠳᠠᠨ᠎ᠠ᠂ 《ᠥᠪᠥᠷ ᠮᠣᠩᠭᠤᠯ᠎ᠤᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠰᠢᠷᠢᠰ》 ᠦᠵᠡᠰᠬᠦᠯᠡᠩ᠂ ᠣᠯᠠᠨ ᠨᠡᠶ᠋ᠢᠲᠡ ᠵᠢ 《ᠤᠷᠳᠤᠨ᠎ᠠᠴᠠ ᠰᠠᠯᠬᠤ ᠦᠭᠡᠢ》 — ᠣᠯᠠᠨ ᠶᠠᠩᠵᠤ ᠵᠢᠨ ᠤᠷᠭᠤᠮᠠᠯ᠎ᠤᠨ ᠲᠥᠷᠥᠯ᠎ᠢ ᠣᠯᠠᠨ ᠶᠠᠩᠵᠤ ᠵᠢᠨ ᠪᠣᠯᠭ᠋ᠠᠪᠠ; 《ᠲᠡᠯᠡᠶ ᠵᠢᠨ ᠵᠠᠬ᠎ᠠ ᠪᠣᠯ ᠲᠠᠯ᠎ᠠ ᠨᠤᠲᠤᠭ》᠂ 《ᠠᠶᠠᠨ ᠵᠠᠮ — ᠲᠠᠯ᠎ᠠ ᠨᠤᠲᠤᠭ᠎ᠠᠴᠠ ᠳᠠᠯᠠᠢ ᠬᠦᠷᠲᠡᠯ᠎ᠡ》 ᠬᠤᠤᠰ ᠴᠢᠭᠯᠡᠯ ᠵᠶ᠋ᠠᠷ ᠱᠠᠩᠬᠠᠢ ᠥᠪᠥᠷ ᠮᠣᠩᠭᠤᠯ ᠰᠤᠳᠤᠯᠤᠨ ᠰᠤᠷᠤᠯᠴᠠᠬᠤ᠂ ᠱᠠᠩᠬᠠᠶ ᠪᠣᠯᠤᠨ ᠥᠪᠥᠷ ᠮᠣᠩᠭᠤᠯ᠎ᠤᠨ ᠪᠠᠭ᠋ᠠᠴᠤᠳ᠎ᠤᠨ ᠬᠤᠭᠤᠷᠣᠨᠳᠣᠬᠢ ᠰᠤᠳᠤᠯᠤᠨ ᠰᠤᠷᠤᠯᠴᠠᠬᠤ ᠵᠢᠭᠤᠯᠴᠢᠯᠠᠯ᠎ᠢ ᠡᠬᠢᠯᠡᠭᠦᠯᠪᠡ᠃

  2024 ᠣᠨ᠎ᠳᠤ᠂ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠮᠦᠽᠧᠶ ᠵᠢᠨ ᠪᠥᠬᠦ ᠵᠢᠯ᠎ᠳᠤ ᠲᠣᠭᠤᠷᠢᠨ ᠦᠵᠡᠭᠰᠡᠨ ᠬᠥᠮᠦᠨ᠎ᠤ ᠲᠤᠭ᠎ᠠ᠎ᠨᠢ 97.69 ᠲᠦᠮᠡᠨ ᠬᠥᠮᠦᠨ ᠤᠳᠠᠭ᠎ᠠ᠎ᠳᠤ ᠬᠦᠷᠴᠦ᠂ ᠡᠯ᠎ᠡ ᠲᠥᠷᠥᠯ᠎ᠤᠨ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠥᠮᠦᠵᠢᠯ᠎ᠤᠨ ᠠᠵᠢᠯᠯᠠᠭ᠎ᠠ 3 ᠲᠦᠮᠡ ᠰᠢᠬᠠᠮ ᠬᠥᠮᠦᠨ᠎ᠳᠤ ᠠᠰᠢᠭ ᠬᠦᠷᠲᠡᠭᠡᠪᠡ᠃

   ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠰᠤᠷᠭ᠋ᠠᠨ ᠬᠦᠮᠦᠵᠢᠯ᠎ᠤᠨ ᠳᠠᠬᠢᠨ ᠳᠡᠰ ᠳᠡᠪᠰᠢᠬᠦ ᠵᠢ ᠠᠬᠢᠭᠤᠯᠪᠠ

   ᠥᠪᠥᠷ ᠮᠣᠩᠭᠤᠯ᠎ᠤᠨ ᠪᠠᠶ᠋ᠢᠭ᠋ᠠᠯᠢ ᠵᠢᠨ ᠮᠦᠽᠧᠶ ᠵᠢᠨ ᠠᠵᠢᠯᠲᠠᠨ᠎ᠤ ᠲᠠᠨᠢᠯᠴᠠᠭᠤᠯᠤᠭᠰᠠᠨ ᠵᠶ᠋ᠠᠷ᠂ 2025 ᠣᠨ᠎ᠳᠤ ᠮᠦᠽᠧᠶ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠥᠮᠦᠵᠢᠯ᠎ᠤᠨ ᠰᠢᠨ᠎ᠡ ᠵᠢ ᠡᠭᠦᠳᠬᠦ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠠᠵᠢᠯᠲᠠᠨ᠎ᠤ ᠬᠠᠮᠢᠶᠠᠷᠤᠯᠲᠠ᠂ ᠠᠭᠤᠯᠭ᠎ᠠ ᠵᠢᠨ ᠬᠠᠩᠭ᠋ᠠᠯᠭ᠎ᠠ᠂ ᠬᠦᠯᠢᠶᠡᠨ ᠠᠪᠤᠭᠴᠢᠳ᠎ᠢ  ᠥᠷᠭᠡᠳᠬᠡᠬᠦ᠂ ᠰᠤᠳᠤᠯᠤᠨ ᠰᠤᠷᠤᠯᠴᠠᠵᠤ ᠲᠡᠰ ᠳᠡᠪᠰᠢᠭᠦᠯᠬᠦ ᠵᠡᠷᠭᠡ ᠲᠠᠯ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠬᠢᠴᠢᠶᠡᠯ᠎ᠢ ᠥᠷᠭᠡᠳᠬᠡᠨ᠎ᠡ᠃

  《ᠥᠪᠥᠷ ᠮᠣᠩᠭᠤᠯ᠎ᠤᠨ ᠪᠠᠷᠠᠭᠤᠨ ᠣᠷᠣᠨ᠎ᠤ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠰᠢᠨᠵᠢᠯᠡᠬᠦ ᠤᠬᠠᠭ᠋ᠠᠨ᠎ᠤ ᠲᠦᠭᠡᠮᠡᠯᠵᠢᠭᠦᠯᠦᠯᠲᠡ ᠵᠢᠨ ᠬᠦᠷᠢᠶᠡᠯᠡᠩ》᠎ᠤᠨ ᠦᠵᠡᠭᠦᠯᠭᠡ ᠵᠢᠨ ᠲᠣᠭᠤᠷᠢᠭ᠎ᠢ ᠰᠢᠨᠡᠳᠬᠡᠵᠦ᠂ 《  ᠨᠤᠴᠤᠭ᠋ᠠᠨ᠎ᠠ》᠂ 《ᠬᠠᠭ᠋ᠠᠰ ᠡᠳᠦᠷ᠎ᠤᠨ ᠴᠡᠴᠡᠭ》 《ᠮᠢᠨᠳᠠᠰᠤᠨ  ᠦᠷᠭᠡᠰᠦ》 ᠵᠡᠷᠭᠡ ᠥᠪᠥᠷ ᠮᠣᠩᠭᠤᠯ᠎ᠤᠨ ᠲᠥᠯᠥᠭᠡᠯᠡᠬᠦ ᠴᠢᠨᠠᠷᠲᠠᠶ ᠨᠡᠷᠡᠲᠦ ᠳᠦᠷᠰᠦ ᠵᠢᠨ ᠣᠯᠠᠨ ᠨᠡᠶ᠋ᠢᠲᠡ ᠵᠢᠨ ᠬᠠᠷᠠᠭ᠋ᠠᠨ᠎ᠳᠤ ᠤᠷᠤᠭᠤᠯᠬᠤ᠎ᠪᠠᠷ ᠲᠥᠯᠥᠪᠯᠡᠵᠦ ᠪᠣᠶ; ᠰᠣᠳᠣᠨ ᠰᠤᠳᠤᠯᠭ᠋ᠠᠨ᠎ᠤ ᠵᠠᠮ ᠱᠤᠭᠤᠮ᠎ᠢ ᠨᠡᠭᠡᠭᠡᠨ ᠬᠥᠭᠵᠢᠭᠦᠯᠵᠦ᠂ 《ᠰᠤᠳᠤᠯᠤᠨ ᠰᠤᠷᠤᠯᠴᠠᠬᠤ ᠵᠢᠭᠤᠯᠴᠢᠯᠠᠬᠤ》᠎ᠠᠴᠠ 《ᠰᠤᠳᠤᠯᠤᠨ ᠰᠤᠷᠤᠯᠴᠠᠬᠤ ᠰᠢᠯᠢᠳᠡᠭ》 ᠲᠡᠢ᠌ᠰᠢ ᠳᠡᠰ ᠳᠡᠪᠰᠢᠭᠦᠯᠬᠦ ᠵᠢ ᠠᠬᠢᠭᠤᠯᠵᠤ᠂ ᠲᠤᠬᠠᠶ ᠵᠢᠨ ᠭᠠᠵᠠᠷ᠎ᠲᠤᠨᠢ ᠰᠢᠨᠵᠢᠯᠡᠨ ᠪᠠᠶ᠋ᠢᠴᠠᠭ᠋ᠠᠬᠤ ᠪᠠ ᠰᠢᠨᠵᠢᠯᠡᠬᠦ ᠤᠬᠠᠭ᠋ᠠᠨᠴᠢ ᠦᠢ᠍ᠯᠡᠳᠦᠯᠭᠡ᠎ᠪᠠᠷ ᠳᠠᠮᠵᠢᠭᠤᠯᠤᠨ᠂ ᠰᠤᠷᠤᠭᠴᠢᠳ᠎ᠤᠨ ᠠᠮᠢ ᠠᠬᠤᠶ ᠵᠢ ᠬᠠᠮᠠᠭ᠋ᠠᠯᠠᠬᠤ ᠦᠵᠡᠯ ᠤᠬᠠᠮᠰᠠᠷ᠎ᠢ ᠨᠡᠮᠡᠭᠳᠡᠭᠦᠯᠦᠨ᠎ᠡ; 《ᠪᠢᠴᠢᠬᠠᠨ ᠲᠠᠶ᠋ᠢᠯᠪᠤᠷᠢᠯᠠᠭᠴᠢ》 ᠵᠢᠨ 《ᠪᠣᠳᠠᠲᠤ ᠪᠠᠶ᠋ᠢᠯᠳᠤᠭ᠋ᠠᠨ᠎ᠤ ᠰᠣᠷᠢᠯᠲᠠ》᠂ 《ᠣᠷᠣᠯᠴᠠᠬᠤ ᠵᠢ ᠴᠢᠬᠤᠯᠠᠴᠢᠯᠠᠬᠤ》᠂ 《ᠦᠢ᠍ᠯᠡᠳᠦᠯᠭᠡ ᠵᠢ ᠴᠢᠩᠭ᠋ᠠᠳᠬᠠᠬᠤ》 ᠵᠢᠨ ᠬᠠᠮᠲᠤ᠂ 《ᠪᠢᠴᠢᠬᠠᠨ ᠲᠠᠶ᠋ᠢᠯᠪᠤᠷᠢᠯᠠᠭᠴᠢ》 ᠵᠢᠨ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯᠯᠠᠭ᠎ᠠ᠎ᠳᠠᠬᠢ ᠴᠢᠳᠠᠮᠵᠢ ᠵᠢ ᠪᠠᠳᠠᠷᠠᠭᠤᠯᠬᠤ ᠵᠢ ᠰᠦᠪᠡᠭᠴᠢᠯᠡᠵᠦ᠂ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠮᠦᠽᠧᠶ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠦᠢ᠍ᠯᠡᠴᠢᠯᠡᠭᠡᠨ᠎ᠤ ᠡᠩᠨᠡᠭᠡ ᠵᠢ ᠪᠠᠶᠠᠯᠢᠭᠵᠢᠭᠤᠯᠬᠤ ᠪᠠ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠨ᠎ᠡ ᠁

   ᠠᠯᠢ ᠣᠯᠠᠨ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠪᠠ ᠯᠠᠪᠳᠠᠭᠤᠨ ᠪᠠᠲᠤᠲᠠᠶ ᠠᠵᠢᠯᠯᠠᠭ᠎ᠠ᠎ᠪᠠᠷ ᠳᠠᠮᠵᠢᠭᠤᠯᠤᠨ᠂ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠣᠲᠣ ᠶᠠᠭ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠥᠮᠦᠵᠢᠯ᠎ᠢ ᠲᠠᠯᠠᠪᠤᠷ ᠤᠷᠳᠤᠨ᠎ᠠᠴᠠ ᠠᠮᠢᠳᠤᠷᠠᠯ ᠲᠡᠶ᠋ᠢᠰᠢ ᠬᠤᠪᠢᠷᠠᠭᠤᠯᠵᠤ᠂ ᠣᠶ᠋ᠢᠯᠠᠭ᠋ᠠᠭᠳᠠᠬᠤᠨ᠎ᠢ ᠪᠥᠬᠦ ᠠᠷᠠᠳ᠎ᠤᠨ ᠠᠵᠢᠯᠯᠠᠭ᠎ᠠ ᠪᠣᠯᠭ᠋ᠠᠨ ᠬᠤᠪᠢᠷᠠᠭᠤᠯᠵᠤ ᠪᠠᠶ᠋ᠢᠨ᠎ᠠ᠃ ᠬᠤᠪᠣᠷ ᠴᠤᠬᠠᠭ ᠠᠮᠢᠲᠠᠨ᠎ᠢ ᠬᠠᠮᠠᠭ᠋ᠠᠯᠠᠬᠤ ᠡᠳᠦᠷ᠎ᠤᠨ ᠣᠨᠴᠠᠯᠢᠭᠲᠤ ᠠᠵᠢᠯᠯᠠᠭ᠎ᠠ᠎ᠠᠴᠠ ᠪᠦᠬᠦ ᠵᠢᠯ᠎ᠳᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠢᠴᠢᠶᠡᠯ᠎ᠢ ᠦᠷᠭᠦᠯᠵᠢᠯᠡᠨ ᠠᠬᠢᠭᠤᠯᠬᠤ ᠬᠦᠷᠲᠡᠯ᠎ᠡ᠂ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠥᠮᠦᠵᠢᠯ ᠶᠠᠭ ᠬᠥᠮᠦᠨ ᠪᠠ ᠪᠠᠶ᠋ᠢᠭ᠋ᠠᠯᠢ ᠵᠢ ᠬᠤᠯᠪᠣᠬᠤ ᠬᠥᠭᠦᠷᠭᠡ ᠪᠣᠯᠵᠤ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ᠎ᠳᠤ ᠨᠡᠩ ᠤᠯᠠᠨ ᠬᠦᠴᠦᠨ ᠴᠢᠳᠠᠯ ᠵᠶ᠋ᠠᠨ ᠡᠷᠭᠦᠵᠦ ᠪᠠᠶ᠋ᠢᠨ᠎ᠠ᠃ (ᠿᠧᠨ ᠳ᠋ᠦᠩ ᠶᠤᠸᠡᠢ)

 

ᠢᠷᠡᠯᠲᠡ᠄ ᠰᠢᠨᠬᠤᠸᠠ ᠰᠦᠯᠵᠢᠶ᠎ᠡ