ᠳᠡᠯᠡᠬᠡᠢ ᠵᠢᠨ ᠪᠥᠮᠪᠥᠷᠴᠡᠭ᠎ᠤᠨ ᠡᠳᠦᠷ᠄ ᠳᠡᠯᠡᠬᠡᠢ ᠵᠢᠨ ᠪᠥᠮᠪᠥᠷᠴᠡᠭ᠎ᠢ ᠬᠠᠢ᠌ᠷᠠᠯᠠᠵᠤ ᠬᠥᠮᠦᠨ ᠪᠠ ᠪᠠᠢ᠌ᠭ᠋ᠠᠯᠢ ᠡᠶ᠎ᠡ ᠵᠣᠬᠢᠴᠠᠯ᠎ᠲᠠᠢ᠎ᠪᠠᠷ ᠬᠠᠮᠲᠤ ᠤᠷᠤᠰᠢᠨ᠎ᠠ
2025-04-23

   ᠥᠨᠥᠳᠦᠷ ᠪᠣᠯ 56 ᠳ᠋ᠤᠭ᠋ᠠᠷ ᠳᠡᠯᠡᠬᠡᠢ ᠵᠢᠨ ᠳᠡᠯᠡᠬᠡᠶ ᠵᠢᠨ ᠪᠥᠮᠪᠥᠷᠴᠡᠭ᠎ᠤᠨ ᠡᠳᠦᠷ᠂ ᠡᠨᠡ ᠵᠢᠯ᠎ᠤᠨ ᠭᠣᠣᠯ ᠰᠡᠳᠦᠪ ᠪᠣᠯ 《ᠳᠡᠯᠡᠬᠡᠶ ᠵᠢᠨ ᠪᠥᠮᠪᠥᠷᠴᠡᠭ᠎ᠢ ᠬᠠᠢ᠌ᠷᠠᠯᠠᠵᠤ᠂ ᠬᠦᠮᠦᠨ ᠬᠢᠭᠡᠳ ᠪᠠᠢ᠌ᠭ᠋ᠠᠯᠢ ᠡᠶ᠎ᠡ ᠵᠣᠬᠢᠴᠠᠯ᠎ᠲᠠᠢ᠎ᠪᠠᠷ ᠬᠠᠮᠲᠤ ᠤᠷᠤᠰᠢᠨ᠎ᠠ》᠃ ᠪᠦᠬᠦ ᠣᠷᠣᠨ᠎ᠤ ᠡᠯ᠎ᠡ ᠭᠠᠵᠠᠷ᠎ᠤᠨ᠎ᠬᠢᠨ ᠣᠯᠠᠨ ᠶᠠᠩᠵᠤ ᠬᠡᠯᠪᠡᠷᠢ ᠵᠢᠨ ᠭᠣᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠠᠮᠢ ᠠᠬᠤᠶ ᠵᠢᠨ ᠪᠣᠯᠪᠠᠰᠤᠨ᠎ᠤ ᠣᠨᠣᠯᠵᠢᠬᠤᠨ᠎ᠢ ᠤᠯᠠᠮᠵᠢᠯᠠᠨ᠎ᠠ᠃

 

4.23-1.png

 

  4 ᠳ᠋ᠦ᠍ᠭᠡᠷ ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠠᠴᠠ ᠭᠤᠤᠯᠯᠠᠨ ᠡᠷᠬᠢᠯᠡᠭᠰᠡᠨ ᠳᠡᠯᠡᠬᠡᠢ ᠵᠢᠨ ᠳᠡᠯᠡᠬᠡᠢ ᠵᠢᠨ ᠪᠥᠮᠪᠥᠷᠴᠡᠭ᠎ᠤᠨ ᠡᠳᠦᠷ᠎ᠤᠨ ᠭᠤᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠬᠥᠬᠡᠬᠤᠲᠠ᠎ᠳᠤ ᠶᠠᠪᠤᠭᠳᠠᠪᠠ᠃ ᠲᠤᠬᠠᠶ ᠵᠢᠨ ᠲᠠᠯᠠᠪᠠᠶ᠎ᠳᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠤᠯᠤᠰ᠎ᠤᠨ ᠪᠠᠶ᠋ᠢᠳᠠᠯ ᠤᠯᠤᠰ᠎ᠤᠨ ᠪᠣᠳᠣᠯᠭ᠎ᠠ᠂ ᠳᠡᠯᠡᠬᠡᠶ ᠵᠢᠨ ᠪᠥᠮᠪᠥᠷᠴᠡᠭ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠮᠡᠳᠡᠯᠭᠡ ᠵᠡᠷᠭᠡ ᠵᠢ ᠤᠬᠠᠭᠤᠯᠵᠤ᠂ ᠣᠯᠠᠨ ᠨᠡᠶ᠋ᠢᠲᠡ ᠵᠢ ᠬᠥᠲᠥᠯᠦᠨ ᠵᠢᠯᠣᠭᠤᠳᠴᠤ ᠪᠠᠶ᠋ᠢᠭ᠋ᠠᠳ 《ᠬᠥᠬᠡᠮᠳᠦᠭ ᠨᠣᠭᠤᠭ᠋ᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ》 ᠭᠡᠬᠦ ᠣᠶ᠋ᠢᠯᠠᠭ᠋ᠠᠭᠳᠠᠬᠤᠨ᠎ᠢ ᠪᠠᠲᠤ ᠪᠠᠬᠢ ᠪᠣᠶ ᠪᠣᠯᠭ᠋ᠠᠨ ᠦᠢ᠍ᠯᠡᠳᠦᠯᠭᠡᠵᠢᠭᠦᠯᠪᠡ᠃ ᠲᠤᠬᠠᠶ ᠵᠢᠨ ᠲᠠᠯᠠᠪᠠᠶ᠎ᠳᠤ ᠪᠠᠰᠠ ᠤᠮᠠᠷᠠᠲᠤ ᠬᠢᠯᠢ ᠵᠢᠨ ᠡᠷᠳᠡᠨᠢ ᠡᠷᠢᠬᠦ — ᠥᠪᠥᠷ ᠮᠣᠩᠭᠤᠯ᠎ᠤᠨ ᠰᠢᠨ᠎ᠡ ᠨᠢᠭᠡ ᠡᠭᠡᠯᠵᠢ ᠵᠢᠨ ᠠᠭᠤᠷᠬᠠᠶ ᠡᠷᠢᠬᠦ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠎ᠠ ᠵᠢᠨ ᠦᠷ᠎ᠡ ᠪᠦᠲᠦᠭᠡᠯ᠎ᠤᠨ ᠦᠵᠡᠭᠦᠯᠭᠡ ᠵᠢ ᠳᠡᠯᠭᠡᠨ ᠦᠵᠡᠭᠦᠯᠵᠦ᠂ ᠳᠡᠯᠡᠬᠡᠶ ᠵᠢᠨ ᠪᠥᠮᠪᠥᠷᠴᠡᠭ᠎ᠤᠨ ᠮᠡᠳᠡᠯᠭᠡ ᠵᠢᠨ ᠱᠠᠩᠨᠠᠯᠲᠤ ᠥᠷᠢᠰᠥᠯᠳᠦᠭᠡᠨ᠎ᠤ ᠵᠠᠩᠭᠢᠯᠠᠭ᠎ᠠ ᠵᠢᠨ ᠭᠤᠭᠴᠤᠭ᠎ᠠ ᠵᠢ ᠲᠣᠬᠢᠷᠠᠭᠤᠯᠪᠠ᠃

 

4.23-2.png

 

   ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠮᠠᠭ᠋ᠠᠯᠠᠬᠤ᠎ᠳᠤ ᠬᠢᠨᠠᠯᠲᠠ ᠲᠠᠯᠪᠢᠬᠤ ᠭᠠᠵᠠᠷ᠎ᠤᠨ ᠳᠠᠷᠤᠭ᠎ᠠ ᠱ᠌ᠢ ᠰᠢᠤᠸᠠᠢ ᠨᠠ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠢ ᠳᠡᠯᠡᠬᠡᠢ ᠵᠢᠨ ᠪᠥᠮᠪᠥᠷᠴᠡᠭ᠎ᠢ ᠬᠠᠮᠠᠭ᠋ᠠᠯᠠᠬᠤ᠂ ᠡᠬᠢ ᠪᠠᠶᠠᠯᠢᠭ᠎ᠢ ᠰᠠᠬᠢᠨ ᠬᠠᠮᠠᠭ᠋ᠠᠯᠠᠬᠤ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠳᠡᠷᠭᠡᠳᠡᠬᠢ ᠪᠠᠭ᠎ᠠ ᠶᠠᠪᠤᠳᠠᠯ᠎ᠠᠴᠠ ᠡᠬᠢᠯᠡᠨ ᠬᠢᠵᠦ᠂ ᠨᠢᠭᠡ ᠳᠤᠰᠤᠯ ᠤᠰᠤ᠂ ᠨᠢᠭᠡ ᠭ᠋ᠷᠠᠳᠦ᠋ᠰ ᠴᠠᠬᠢᠯᠭ᠋ᠠᠨ᠂ ᠨᠢᠭᠡ ᠬᠡᠰᠡᠭ ᠴᠠᠭ᠋ᠠᠰᠤ ᠨᠢᠭᠡᠪᠦᠷᠢ ᠵᠢ ᠠᠷᠪᠢᠯᠠᠵᠤ᠂ ᠮᠠᠨ᠎ᠤ ᠳᠡᠯᠡᠬᠡᠢ ᠵᠢᠨ ᠪᠥᠮᠪᠥᠷᠴᠡᠭ᠎ᠤᠨ ᠭᠡᠷ ᠣᠷᠣᠨ ᠵᠶ᠋ᠠᠨ ᠬᠠᠮᠲᠤ᠎ᠪᠠᠷ ᠰᠠᠶ᠋ᠢᠲᠤᠷ ᠰᠠᠬᠢᠨ ᠬᠠᠮᠠᠭ᠋ᠠᠯᠠᠬᠤ ᠵᠢ ᠤᠷᠢᠶᠠᠯᠠᠪᠠ᠃

 

4.23-3.png

 

  4 ᠳ᠋ᠦ᠍ᠭᠡᠷ ᠰᠠᠷ᠎ᠠ ᠵᠢᠨ 22᠎ᠤᠨ ᠡᠳᠦᠷ᠂ ᠦᠬᠠᠢ ᠬᠤᠳᠠ ᠵᠢᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠤᠯᠪᠣᠭ᠎ᠠ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠨᠡᠶ᠋ᠢᠭᠡᠮᠯᠢᠭ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠭᠤᠣᠯ ᠰᠡᠳᠦᠪᠲᠦ ᠦᠷ᠎ᠡ ᠬᠡᠦᠬᠡᠳ᠎ᠤᠨ ᠠᠵᠢᠯᠯᠠᠭ᠎ᠠ ᠵᠢ ᠡᠷᠬᠢᠯᠡᠵᠦ᠂ 《ᠭᠠᠷ ᠭᠠᠷ ᠵᠶ᠋ᠠᠨ ᠬᠤᠯᠪᠣᠯᠴᠠᠬᠤ》 ᠬᠡᠯᠪᠡᠷᠢ᠎ᠪᠠᠷ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠥᠮᠦᠵᠢᠯ᠎ᠢ ᠭᠡᠷ ᠪᠦᠯᠢ᠎ᠳᠤ ᠬᠦᠷᠲᠡᠯ᠎ᠡ ᠤᠷᠲᠤᠳᠬᠠᠪᠠ᠃ ᠪᠤᠭᠤᠲᠤ ᠬᠣᠲᠠ᠎ᠳᠤ᠂ ᠬᠡᠦᠬᠡᠳ᠎ᠤᠨ ᠴᠡᠴᠡᠷᠯᠢᠭ᠎ᠤᠨ 90 ᠭᠠᠷᠤᠶ ᠪᠠᠭᠰᠢ ᠰᠤᠷᠤᠭᠴᠢᠳ ᠬᠣᠲᠠ ᠵᠢᠨ ᠲᠥᠯᠥᠪᠵᠢᠭᠦᠯᠭᠡ ᠵᠢᠨ ᠦᠵᠡᠰᠬᠦᠯᠡᠩ᠎ᠤᠨ ᠣᠷᠳᠣᠨ᠎ᠳᠤ ᠬᠦᠷᠴᠦ᠂ ᠬᠥᠮᠦᠨ ᠪᠠᠶ᠋ᠢᠭ᠋ᠠᠯᠢ ᠡᠶ᠎ᠡ ᠵᠣᠬᠢᠴᠠᠯ᠎ᠲᠠᠢ ᠣᠷᠣᠰᠢᠬᠤ ᠪᠠᠶ᠋ᠢᠳᠠᠯ᠎ᠢ ᠣᠶ᠋ᠢᠯᠠᠭ᠋ᠠᠵᠠᠶ᠃ ᠣᠷᠴᠣᠨ᠎ᠤ ᠥᠪᠡᠷᠲᠡᠭᠡᠨ ᠵᠠᠰᠠᠬᠤ ᠬᠤᠰᠢᠭᠤᠨ᠎ᠤ ᠳ᠋ᠠ ᠶᠠᠩ ᠱᠤ᠌ ᠬᠤᠶᠠᠳᠤᠭ᠋ᠠᠷ ᠪᠠᠭ᠎ᠠ ᠰᠤᠷᠭ᠋ᠠᠭᠤᠯᠢ᠎ᠳᠤ᠂ ᠭᠡᠷᠡᠯ ᠵᠢᠷᠤᠭ᠂ ᠸᠢᠳᠢᠣ᠋ ᠵᠡᠷᠭᠡ ᠬᠡᠯᠪᠡᠷᠢ᠎ᠪᠠᠷ ᠰᠤᠷᠤᠭᠴᠢᠳ᠎ᠲᠤ ᠣᠶ ᠰᠢᠭᠤᠶ ᠬᠤᠷᠠᠵᠤ ᠪᠠᠭ᠋ᠠᠰᠤᠭᠰᠠᠨ᠂ ᠲᠡᠯᠡᠶ ᠲᠠᠩᠭᠢᠰ᠎ᠤᠨ ᠪᠣᠬᠢᠷᠲᠤᠯ ᠵᠡᠷᠭᠡ ᠳᠡᠯᠡᠬᠡᠶ ᠵᠢᠨ ᠪᠥᠮᠪᠥᠷᠴᠡᠭ᠎ᠤᠨ ᠣᠷᠴᠢᠨ ᠲᠣᠭᠤᠷᠢᠨ᠎ᠤ ᠠᠰᠠᠭᠤᠳᠠᠯ᠎ᠢ ᠳᠡᠯᠭᠡᠨ ᠦᠵᠡᠭᠦᠯᠵᠦ᠂ ᠰᠤᠷᠤᠭᠴᠢᠳ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠪᠣᠳᠠᠲᠤ ᠠᠵᠢᠯᠯᠠᠭ᠎ᠠ᠎ᠪᠠᠷ ᠵᠶ᠋ᠠᠨ ᠳᠡᠯᠡᠬᠡᠶ ᠵᠢᠨ ᠪᠥᠮᠪᠥᠷᠴᠡᠭ᠎ᠢ ᠬᠠᠶ᠋ᠢᠷᠠᠯᠠᠨ ᠬᠠᠮᠠᠭ᠋ᠠᠯᠠᠭᠤᠯᠪᠠ᠃


4.23-4.png


   ᠬᠥᠯᠥᠨ ᠪᠤᠢ᠌ᠷ ᠬᠣᠲᠠ ᠵᠢᠨ ᠣᠷᠴᠣᠨ᠎ᠤ ᠥᠪᠡᠷᠲᠡᠭᠡᠨ ᠵᠠᠰᠠᠬᠤ ᠬᠤᠰᠢᠭᠤᠨ᠎ᠤ ᠳ᠋ᠠ ᠶᠠᠩ ᠱᠤ᠌ ᠬᠣᠶᠠᠳᠤᠭ᠋ᠠᠷ ᠪᠠᠭ᠎ᠠ ᠰᠤᠷᠭ᠋ᠠᠭᠤᠯᠢ ᠵᠢᠨ ᠰᠤᠷᠤᠭᠴᠢ ᠶᠤᠸᠠᠨ ᠰᠢ᠎ᠠᠴᠠ ᠪᠢ ᠮᠠᠰᠢ ᠣᠯᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠮᠡᠳᠡᠯᠭᠡ ᠵᠢ ᠰᠤᠷᠤᠭᠰᠠᠨ ᠶᠤᠮ᠂ ᠰᠡᠭᠦᠯᠡᠷ ᠪᠢ ᠪᠠᠰᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠢᠴᠢᠬᠠᠨ ᠬᠠᠮᠠᠭ᠋ᠠᠯᠠᠭᠴᠢ ᠪᠣᠯᠵᠤ᠂ ᠳᠡᠷᠭᠡᠳᠡᠬᠢ ᠪᠠᠭ᠎ᠠ ᠶᠠᠪᠤᠳᠠᠯ᠎ᠠᠴᠠ ᠡᠬᠢᠯᠡᠨ᠂ ᠳᠡᠯᠡᠬᠡᠢ ᠵᠢᠨ ᠪᠥᠮᠪᠥᠷᠴᠡᠭ᠎ᠢ ᠨᠡᠩ ᠦᠵᠡᠰᠭᠦᠯᠡᠩᠲᠦ ᠰᠠᠢ᠌ᠬᠠᠨ ᠪᠣᠯᠭ᠋ᠠᠨ᠎ᠠ ᠭᠡᠵᠡᠢ᠃

 

ᠢᠷᠡᠯᠲᠡ᠄ ᠦᠪᠤᠷ ᠮᠣᠩᠭᠤᠯ᠎ᠤᠨ ᠷᠡᠳᠢᠤ᠋ ᠲᠧᠯᠸᠢᠰ ᠬᠤᠷᠢᠶ᠎ᠠ ᠵᠢᠨ ᠠᠯᠪᠠᠨ᠎ᠤ ᠰᠣᠨᠢᠨ ᠮᠡᠳᠡᠭᠡᠨ᠎ᠤ ᠬᠡᠷᠡᠭᠯᠡᠭᠴᠢ ᠵᠢᠨ ᠦᠵᠦᠭᠦᠷ