ᠥᠪᠥᠷ ᠮᠣᠩᠭᠤᠯ᠎ᠤᠨ ᠪᠠᠶ᠋ᠢᠭ᠋ᠠᠯᠢ ᠵᠢᠨ ᠮᠦᠽᠧᠶ ᠤᠯᠠᠨ ᠨᠡᠢ᠍ᠢ᠍ᠳᠡ ᠬᠢᠭᠡᠳ ᠪᠠᠢ᠌ᠭ᠋ᠠᠯᠢ ᠵᠢᠨ ᠵᠠᠯᠭ᠋ᠠᠯᠲᠠ ᠵᠢᠨ ᠨᠢᠭᠤᠴᠠ ᠲᠡᠮᠳᠡᠭ ᠵᠢᠨ ᠤᠨᠢᠰᠦ ᠵᠢ ᠲᠠᠢ᠌ᠯᠤᠨ᠎ᠠ
2025-05-21

   ᠡᠨᠡ ᠵᠢᠯ᠎ᠤᠨ 5 ᠳ᠋ᠤᠭ᠋ᠠᠷ ᠰᠠᠷ᠎ᠠ ᠵᠢᠨ 18᠎ᠤ ᠡᠳᠦᠷ ᠪᠣᠯ 49 ᠳ᠋ᠦ᠍ᠭᠡᠷ 《ᠣᠯᠠᠨ ᠤᠯᠤᠰ᠎ᠤᠨ ᠮᠦᠽᠧᠶ ᠵᠢᠨ   ᠡᠳᠦᠷ》 ᠪᠠᠶ᠋ᠢᠵᠤ᠂ ᠭᠤᠤᠯ ᠰᠡᠳᠦᠪ᠎ᠨᠢ 《ᠲᠦᠷᠭᠡᠨ ᠬᠤᠪᠢᠷᠠᠯᠲᠠ᠎ᠲᠠᠢ ᠨᠡᠢ᠌ᠭᠡᠮ᠎ᠳᠠᠬᠢ ᠮᠦᠽᠧᠢ ᠵᠢᠨ ᠢᠷᠡᠭᠡᠳᠦᠢ》 ᠪᠣᠯᠤᠨ᠎ᠠ᠃ ᠲᠤᠰ ᠡᠳᠦᠷ᠂ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠮᠦᠽᠧᠶ ᠭᠤᠤᠯ ᠰᠡᠳᠦᠪ᠎ᠤᠨ ᠲᠣᠭᠤᠷᠢᠨ᠎ᠳᠤ ᠬᠤᠲᠠ ᠵᠢᠨ ᠠᠮᠢᠳᠤᠷᠠᠯ᠎ᠤᠨ ᠭᠤᠸ᠎ᠠ ᠰᠠᠶ᠋ᠢᠬᠠᠨ᠎ᠤ ᠣᠶ᠋ᠢᠯᠠᠭ᠋ᠠᠯᠲᠠ᠂ ᠪᠠᠶ᠋ᠢᠭ᠋ᠠᠯᠢ ᠵᠢᠨ ᠠᠮᠢ ᠠᠬᠤᠶ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠪᠠᠶᠠᠷ᠎ᠤᠨ ᠭᠤᠤᠯ ᠰᠡᠳᠦᠪᠲᠦ ᠦᠵᠡᠭᠦᠯᠭᠡ᠂ 《ᠬᠠᠶ᠋ᠢᠷ᠎ᠠ ᠵᠢ ᠰᠣᠨᠢᠷᠬᠠᠨ ᠰᠢᠳᠢ ᠵᠢ ᠤᠯᠠᠮᠵᠢᠯᠠᠨ ᠪᠠᠶᠠᠰᠬᠠᠬᠤ — ᠮᠦᠽᠧᠢ᠎ᠳᠤ ᠬᠠᠳᠠᠭ᠋ᠠᠯᠠᠵᠤ ᠪᠠᠢ᠌ᠭ᠎ᠠ ᠦᠵᠡᠮᠦᠷᠢ ᠵᠢᠨ ᠴᠢᠯᠠᠭᠤᠨ᠎ᠤ ᠴᠢᠭᠤᠯᠭ᠋ᠠᠨ》 ᠣᠨᠴᠠ ᠦᠵᠡᠭᠦᠯᠭᠡ ᠵᠡᠷᠭᠡ ᠰᠢᠷᠢᠰ ᠠᠵᠢᠯᠯᠠᠭ᠎ᠠ ᠵᠢ ᠥᠷᠨᠢᠭᠦᠯᠪᠡ᠃

   ᠠᠵᠢᠯᠯᠠᠭ᠎ᠠ᠎ᠨᠢ ᠮᠠᠰᠢ ᠣᠯᠠᠨ ᠬᠤᠲᠠ ᠵᠢᠨ ᠠᠷᠠᠳ ᠪᠣᠯᠤᠨ ᠵᠤᠭ᠋ᠠᠴᠠᠭᠰᠠᠳ᠎ᠢ ᠲᠠᠲᠠᠵᠤ ᠪᠠᠢ᠌ᠯ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠦᠵᠡᠰᠬᠦᠯᠡᠩ᠂ ᠬᠠᠷᠢᠯᠴᠠᠨ ᠦᠢ᠍ᠯᠡᠳᠦᠯᠴᠡᠵᠦ ᠪᠡᠶᠡᠴᠢᠯᠡᠨ ᠣᠶ᠋ᠢᠯᠠᠭ᠋ᠠᠬᠤ ᠭᠤᠭᠴᠤᠭ᠎ᠠ᠎ᠪᠠᠷ ᠳᠠᠮᠵᠢᠭᠤᠯᠤᠨ᠂ ᠮᠦᠽᠧᠶ ᠬᠢᠭᠡᠳ ᠣᠯᠠᠨ ᠨᠡᠶ᠋ᠢᠲᠡ ᠵᠢᠨ ᠨᠡᠪᠲᠡᠷᠡᠯᠴᠡᠨ ᠦᠢ᠍ᠯᠡᠳᠦᠯᠴᠡᠬᠦ ᠬᠥᠭᠦᠷᠭᠡ ᠵᠢ ᠪᠠᠶ᠋ᠢᠭᠤᠯᠵᠤ᠂ ᠣᠯᠠᠨ ᠨᠡᠶ᠋ᠢᠲᠡ ᠵᠢᠨ ᠮᠦᠽᠧᠶ ᠵᠢᠨ ᠲᠤᠬᠠᠶ ᠣᠶ᠋ᠢᠯᠠᠭ᠋ᠠᠯᠴᠠᠭ᠎ᠠ ᠪᠠ ᠮᠡᠳᠡᠷᠡᠮᠵᠢ ᠵᠢ ᠭᠦᠨᠵᠡᠭᠡᠶ᠋ᠢᠷᠡᠭᠦᠯᠦᠨ᠂ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠮᠦᠽᠧᠶ ᠵᠢᠨ ᠰᠣᠶᠣᠯ᠎ᠤᠨ ᠤᠯᠠᠮᠵᠢᠯᠠᠯ ᠪᠠ ᠰᠢᠨ᠎ᠡ ᠵᠢ ᠡᠭᠦᠳᠦᠨ ᠬᠥᠭᠵᠢᠬᠦ ᠳᠤᠮᠳᠠᠬᠢ ᠡᠭᠦᠷᠭᠡ ᠬᠠᠷᠢᠭᠤᠴᠠᠯᠭ᠎ᠠ ᠵᠢ ᠭᠦᠢ᠍ᠴᠡᠳ ᠢᠯᠡᠷᠡᠭᠦᠯᠪᠡ᠃

   ᠥᠪᠥᠷ ᠮᠣᠩᠭᠣᠯ ᠪᠣᠯ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠡᠬᠢ ᠪᠠᠶᠠᠯᠢᠭ᠎ᠤᠨ ᠲᠣᠮᠣ ᠣᠷᠣᠨ ᠪᠣᠯᠤᠨ᠎ᠠ᠃ ᠣᠶ᠋ᠢᠷ᠎ᠠ ᠵᠢᠨ ᠵᠢᠯ᠎ᠤᠳ᠎ᠲᠤ᠂ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠮᠦᠽᠧᠶ᠎ᠨᠢ ᠡᠷᠲᠡᠨ᠎ᠤ ᠠᠮᠢᠳᠤ ᠪᠣᠳᠠᠰ᠎ᠤᠨ ᠬᠠᠮᠠᠭ᠋ᠠᠯᠠᠯᠲᠠ ᠪᠠ ᠰᠤᠳᠤᠯᠭ᠋ᠠᠨ᠎ᠤ ᠡᠭᠦᠷᠭᠡ ᠴᠢᠳᠠᠪᠤᠷᠢ᠎ᠪᠠᠨ ᠲᠠᠰᠤᠷᠠᠯᠲᠠ ᠦᠭᠡᠢ ᠴᠢᠩᠭ᠋ᠠᠷᠠᠭᠤᠯᠵᠤ᠂ ᠤᠷᠢᠳ ᠬᠤᠵᠢᠳ ᠤᠯᠠᠭ᠋ᠠᠨᠬᠠᠳᠠ ᠬᠤᠲᠠ ᠵᠢᠨ ᠡᠮᠦᠨ᠎ᠡ ᠪᠡᠶ᠎ᠡ᠂ ᠬᠥᠯᠥᠨ ᠪᠤᠶ᠋ᠢᠷ ᠬᠤᠲᠠ ᠵᠢᠨ ᠮᠣᠷᠢᠨᠳᠠᠪᠠᠭ᠎ᠠ ᠭᠠᠵᠠᠷ ᠣᠷᠣᠨ᠂ ᠣᠷᠳᠣᠰ ᠬᠤᠲᠠ ᠵᠢᠨ ᠴᠢᠪᠠ ᠭᠠᠵᠠᠷ ᠣᠷᠣᠨ᠂ ᠪᠠᠶᠠᠨᠨᠠᠭᠤᠷ ᠬᠤᠲᠠ ᠵᠢᠨ ᠪᠠᠶᠠᠨᠮᠠᠨᠳᠤᠬᠤ ᠭᠠᠵᠠᠷ ᠣᠷᠣᠨ᠂ ᠠᠯᠠᠱ᠌ᠠ ᠠᠶ᠋ᠢᠮᠠᠭ᠎ᠤᠨ ᠳᠡᠯ ᠠᠭᠤᠯᠠ ᠪᠠ ᠵᠢᠷᠠᠲᠠᠶ ᠭᠠᠵᠠᠷ ᠣᠷᠣᠨ᠂ ᠤᠯᠠᠭ᠋ᠠᠨᠴᠠᠪ ᠬᠤᠲᠠ ᠵᠢᠨ ᠳ᠋ᠠ ᠬᠤᠩ ᠱᠠᠨ ᠭᠠᠵᠠᠷ ᠣᠷᠣᠨ ᠵᠢᠴᠢ ᠦᠬᠠᠶ ᠬᠤᠲᠠ ᠵᠢᠨ ᠤᠳᠠ ᠣᠷᠣᠨ᠎ᠳᠤ ᠠᠷᠪᠠᠨ ᠬᠡᠳᠦᠨ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠪᠠᠶ᠋ᠢᠴᠠᠭ᠋ᠠᠯᠲᠠ ᠪᠠ ᠬᠠᠮᠠᠭ᠋ᠠᠯᠠᠯᠲᠠ ᠵᠢᠨ ᠲᠥᠷᠥᠯ ᠵᠦᠢ᠍ᠯ᠎ᠢ ᠥᠷᠨᠢᠭᠦᠯᠵᠦ᠂ ᠪᠥᠬᠦ ᠣᠷᠣᠨ᠎ᠤ ᠴᠢᠯᠠᠭᠤᠵᠢᠮᠠᠯ᠎ᠤᠨ ᠡᠬᠢ ᠪᠠᠶᠠᠯᠢᠭ᠎ᠤᠨ ᠪᠠᠶ᠋ᠢᠳᠠᠯ᠎ᠢ ᠡᠵᠡᠮᠰᠢᠬᠦ᠂ ᠤᠭ ᠭᠠᠵᠠᠷ᠎ᠤᠨ ᠬᠠᠮᠠᠭ᠋ᠠᠯᠠᠯᠲᠠ ᠵᠢ ᠠᠬᠢᠭᠤᠯᠬᠤ᠎ᠳᠤ ᠬᠦᠴᠦᠲᠡᠶ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠭᠰᠠᠨ ᠪᠠᠶ᠋ᠢᠨ᠎ᠠ᠃ ᠳᠤᠮᠳᠠᠳᠦ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠡᠷᠲᠡᠨ᠎ᠤ ᠰᠡᠭᠡᠷᠲᠡᠨ ᠠᠮᠢᠲᠠᠨ ᠪᠣᠯᠤᠨ ᠡᠷᠲᠡᠨ᠎ᠤ ᠬᠦᠮᠦᠨ ᠲᠥᠷᠥᠯᠬᠢᠲᠡᠨ᠎ᠤ ᠰᠤᠳᠤᠯᠭ᠋ᠠᠨ᠎ᠤ ᠭᠠᠵᠠᠷ ᠵᠡᠷᠭᠡ ᠰᠤᠳᠤᠯᠭ᠋ᠠᠨ᠎ᠤ ᠪᠠᠶ᠋ᠢᠭᠤᠯᠤᠮᠵᠢ᠎ᠲᠠᠢ ᠬᠠᠮᠲᠤᠷᠠᠨ ᠠᠵᠢᠯᠯᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠯᠢ ᠤᠯᠡᠠ ᠦᠷ᠎ᠡ ᠪᠦᠲᠦᠭᠡᠯ᠎ᠢ ᠣᠯᠵᠠᠢ᠃ ᠡᠭᠦᠨ᠎ᠳᠤ᠂ 《ᠵᠧᠦ ᠣᠪᠣᠭᠲᠤ ᠵᠢᠨ ᠣᠶ᠋ᠢᠷ᠎ᠠ ᠵᠢᠨ ᠪᠠᠭ᠋ᠠᠨ᠎ᠠ ᠵᠢᠨ ᠰᠢᠳᠦᠳᠦ ᠠᠷᠢᠶᠠᠲᠠᠨ》᠎ᠤ ᠬᠠᠮᠢᠶ᠎ᠠ ᠪᠦᠬᠦᠢ ᠰᠤᠳᠤᠯᠭ᠋ᠠᠨ᠎ᠨᠢ ᠬᠥᠬᠦᠭᠴᠢ ᠠᠮᠢᠲᠠᠨ᠎ᠤ ᠳᠤᠮᠳᠠ ᠴᠢᠬᠢᠨ᠎ᠤ ᠤᠯᠠᠷᠢᠭᠤᠯᠤᠯᠲᠠ᠎ᠳᠤ ᠭᠡᠷᠡᠴᠢ ᠪᠠᠷᠢᠮᠲᠠ ᠵᠢᠨ ᠬᠡᠯᠬᠢᠶ᠎ᠡ ᠬᠠᠩᠭ᠋ᠠᠪᠠ; ᠠᠪᠤᠷᠭᠤ ᠭᠦᠷᠪᠡᠯ᠎ᠤᠨ ᠰᠢᠨ᠎ᠡ ᠲᠥᠷᠥᠯ ᠵᠦᠢ᠍ᠯ᠎ᠤᠨ 《ᠵᠠᠭᠤᠨ ᠵᠢᠯ᠎ᠤᠨ ᠤᠷᠠᠨ ᠬᠠᠵᠢᠨ ᠯᠤᠤ》 ᠵᠢᠨ ᠢᠯᠡᠷᠡᠭᠦᠯᠦᠯᠲᠡ᠎ᠨᠢ ᠠᠪᠤᠷᠭᠤ ᠭᠦᠷᠪᠡᠯ᠎ᠤᠨ ᠠᠮᠢ ᠠᠬᠤᠢ ᠵᠢᠨ ᠬᠡᠪᠰᠢᠯ᠎ᠢ ᠣᠶ᠋ᠢᠯᠠᠭ᠋ᠠᠬᠤ᠎ᠳᠤ ᠰᠢᠨ᠎ᠡ ᠦᠨᠡᠮᠯᠡᠯ ᠬᠠᠩᠭ᠋ᠠᠵᠤ᠂ ᠮᠥᠨ ᠴᠦ᠍ ᠬᠤᠯᠠᠭᠤᠨ ᠬᠤᠯᠠᠭ᠋ᠠᠶ᠋ᠢᠯᠠᠭᠰᠠᠨ ᠥᠨᠳᠡᠭᠡᠨ ᠯᠤᠤ ᠵᠢᠨ ᠲᠥᠷᠥᠯ᠎ᠤᠨ ᠣᠯᠠᠨ ᠶᠠᠩᠵᠤᠲᠤ ᠴᠢᠨᠠᠷ ᠪᠠ ᠬᠤᠪᠢᠰᠤᠯᠲᠠ ᠵᠢᠨ ᠶᠠᠪᠤᠴᠠ ᠵᠢ ᠰᠤᠳᠤᠯᠬᠤ᠎ᠳᠤ ᠴᠢᠬᠤᠯᠠ ᠦᠨᠳᠦᠰᠦᠯᠡᠯ ᠬᠠᠩᠭ᠋ᠠᠭᠰᠠᠨ ᠪᠠᠶ᠋ᠢᠨ᠎ᠠ᠃

   ᠡᠭᠦᠨ᠎ᠠᠴᠠ ᠭᠠᠳᠠᠨ᠎ᠠ᠂ ᠥᠪᠥᠷ ᠮᠣᠩᠭᠤᠯ᠎ᠤᠨ ᠪᠠᠶ᠋ᠢᠭ᠋ᠠᠯᠢ ᠵᠢᠨ ᠮᠦᠽᠧᠶ᠎ᠨᠢ ᠣᠷᠳᠣᠨ᠎ᠤ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠤᠷᠢᠳ ᠬᠤᠵᠢᠳ ᠳᠤᠮᠳᠠᠳᠤ ᠤᠯᠤᠰ᠎ᠤᠨ ᠭᠠᠵᠠᠷ ᠰᠢᠨᠵᠢᠯᠡᠭᠡᠨ᠎ᠤ ᠮᠦᠽᠧᠶ᠂ ᠳᠤᠮᠳᠠᠳᠤ ᠤᠯᠤᠰ (ᠬᠠᠶ᠋ᠢᠨᠠᠨ)᠎ᠤᠨ ᠡᠮᠦᠨᠡᠲᠦ ᠲᠠᠩᠭᠢᠰ᠎ᠤᠨ ᠮᠦᠽᠧᠶ᠂ ᠴᠦᠩᠴᠢᠩ᠎ᠤᠨ ᠪᠠᠶ᠋ᠢᠭ᠋ᠠᠯᠢ ᠵᠢᠨ ᠮᠦᠽᠧᠶ ᠵᠡᠷᠭᠡ ᠨᠢᠭᠡᠴᠢ᠎ᠲᠠᠢ ᠬᠠᠮᠲᠤᠷᠠᠨ 《ᠦᠵᠡᠰᠬᠦᠯᠡᠩᠲᠦ ᠰᠠᠶ᠋ᠢᠬᠠᠨ ᠤᠮᠠᠷᠠᠲᠤ ᠬᠢᠯᠢ ᠨᠣᠭᠤᠭ᠋ᠠᠷᠠᠨ ᠠᠶᠠᠯᠠᠭᠰᠠᠨ — ᠥᠪᠥᠷ ᠮᠣᠩᠭᠤᠯ᠎ᠤᠨ ᠪᠣᠬᠢᠷᠲᠤᠯ ᠦᠭᠡᠢ ᠠᠭᠤᠷᠬᠠᠢ ᠵᠢᠨ ᠣᠨᠴᠠ ᠦᠵᠡᠭᠦᠯᠭᠡ》᠂ 《ᠲᠠᠯ᠎ᠠ ᠨᠤᠲᠤᠭ᠎ᠲᠤ ᠢᠷᠡᠵᠦ  〈ᠳᠠᠯᠠᠢ᠎ᠳᠤ ᠭᠠᠷᠬᠤ〉 — ᠳᠤᠮᠳᠠᠳᠤ ᠤᠯᠤᠰ᠎ᠤᠨ ᠡᠮᠦᠨᠡᠲᠦ ᠲᠠᠩᠭᠢᠰ᠎ᠤᠨ ᠲᠥᠷᠥᠯ᠎ᠤᠨ ᠣᠨᠴᠠ ᠦᠵᠡᠭᠦᠯᠭᠡ》᠂ 《ᠮᠠᠯᠤᠷ ᠥᠳᠡᠭᠡ ᠵᠢᠨ ᠴᠠᠭ ᠦᠶ᠎ᠡ — ᠬᠠᠷ᠎ᠠ ᠴᠠᠭ᠋ᠠᠨ ᠵᠢᠩ ᠯᠢᠩ᠎ᠲᠠᠢ ᠤᠴᠠᠷᠠᠬᠤ》 ᠵᠡᠷᠭᠡ ᠣᠯᠠᠨ ᠦᠵᠡᠭᠦᠯᠭᠡ ᠵᠢᠨ ᠠᠵᠢᠯᠯᠠᠭ᠎ᠠ ᠥᠷᠨᠢᠭᠦᠯᠪᠡ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ