ᠬᠢᠨᠠᠨ ᠵᠥᠪᠰᠢᠶᠡᠷᠡᠬᠦ ᠬᠤᠷᠳᠤᠴᠠ ᠵᠢ ᠲᠦᠷᠭᠡᠳᠬᠡᠵᠦ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠰᠢᠨ᠎ᠡ ᠬᠥᠳᠡᠯᠭᠡᠭᠦᠷ᠎ᠢ ᠨᠣᠴᠣᠭ᠋ᠠᠪᠠ
2025-05-07

5.7.jpg


   ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠤᠨ ᠠᠵᠢᠯᠲᠠᠨ ᠠᠵᠤ ᠠᠬᠤᠶ᠋ᠢᠯᠠᠯ᠎ᠳᠤ ᠲᠤᠬᠠᠶ᠋ᠢᠯᠠᠭᠰᠠᠨ ᠠᠵᠢᠯ᠎ᠢ᠎ᠨᠢ ᠭᠦᠢ᠍ᠴᠡᠳᠭᠡᠵᠣ ᠦᠭᠪᠡ

  200 ᠮᠦ᠍ ᠭᠠᠵᠠᠷ ᠡᠵᠡᠯᠡᠨ᠂ ᠵᠢᠯ᠎ᠳᠤ 5.2 ᠲᠦᠮᠡᠨ ᠢᠵᠢ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠴᠠᠬᠢᠯᠭ᠋ᠠᠨ ᠮᠠᠰᠢᠨ᠂ 3.2 ᠲᠦᠮᠡᠨ ᠰᠠᠤᠷᠢ ᠳᠣᠣᠷ᠎ᠠ ᠬᠤᠷᠳᠤᠴᠠ᠎ᠲᠠᠢ ᠲᠣᠭᠲᠠᠮᠠᠯ ᠰᠣᠷᠢᠨᠵᠢᠨ ᠴᠠᠬᠢᠯᠭ᠋ᠠᠨ ᠮᠠᠰᠢᠨ᠂ 1300 ᠰᠠᠤᠷᠢ ᠰᠠᠯᠬᠢᠨ ᠬᠦᠴᠦᠨ᠎ᠤ ᠴᠠᠬᠢᠯᠭ᠋ᠠᠨ ᠭᠠᠷᠭ᠋ᠠᠬᠤ ᠮᠠᠰᠢᠨ᠂ 2 ᠲᠦᠮᠡᠨ ᠲᠣᠨ ᠴᠢᠳᠬᠤᠮᠠᠯ ᠲᠣᠨᠤᠭ᠂ 100MWh ᠡᠨᠧᠷᠭᠢ ᠬᠠᠳᠠᠭ᠋ᠠᠯᠠᠬᠤ ᠰᠢᠰᠲ᠋ᠧᠮ᠎ᠤᠨ ᠬᠤᠷᠠᠮᠠᠯ ᠦᠢ᠍ᠯᠡᠳᠪᠦᠷᠢᠯᠡᠬᠦ ᠴᠢᠳᠠᠪᠤᠷᠢ ᠵᠢ ᠢᠵᠢ ᠪᠦᠷᠢᠳᠦᠭᠦᠯᠵᠦ᠂ ᠡᠶ᠋ᠢᠮᠦ ᠲᠦᠷᠦᠯ ᠵᠦᠢ᠍ᠯ᠎ᠨᠢ ᠠᠵᠢᠯ ᠡᠬᠢᠯᠡᠭᠦᠯᠬᠦ᠎ᠠᠴᠠ ᠠᠪᠤᠭ᠋ᠠᠳ ᠠᠰᠢᠭᠯᠠᠯᠲᠠ᠎ᠳᠤ ᠣᠷᠣᠭᠤᠯᠬᠤ ᠪᠣᠯᠲᠠᠯ᠎ᠠ ᠬᠡᠳᠦᠢ ᠤᠷᠳᠤ ᠬᠤᠭᠤᠴᠠᠭ᠎ᠠ ᠬᠡᠷᠡᠭᠰᠡᠬᠦ   ᠪᠤᠢ? ᠪᠤᠭᠤᠲᠤ᠎ᠳᠤ᠂ ᠬᠠᠷᠢᠭᠤᠯᠲᠠ᠎ᠨᠢ 9 ᠰᠠᠷ᠎ᠠ᠂ ᠳᠠᠷᠤᠢ 270 ᠡᠳᠦᠷ ᠪᠤᠯᠤᠨ᠎ᠠ᠃

   ᠬᠠᠪᠤᠷ᠎ᠤᠨ ᠤᠷᠢᠬᠠᠨ ᠰᠠᠯᠬᠢ ᠲᠠᠯ᠎ᠠ ᠨᠤᠲᠤᠭ᠎ᠤᠨ ᠪᠣᠯᠣᠳ ᠬᠤᠳᠠ ᠵᠢ ᠢᠯᠪᠢᠵᠦ᠂ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠲᠤᠬᠠᠢ ᠵᠢᠨ ᠲᠠᠯᠠᠪᠠᠢ᠎ᠳᠤ ᠬᠦᠷ ᠬᠥᠭᠵᠢᠶᠡᠨ᠎ᠲᠠᠢ ᠪᠠᠢ᠌ᠯ᠎ᠠ᠃ ᠠᠳᠡ 《ᠦᠷ᠎ᠡ ᠠᠰᠢᠭ᠎ᠤᠨ ᠬᠤᠪᠢᠰᠬᠠᠯ᠎ᠤᠨ ᠠᠵᠢᠯᠯᠠᠭ᠎ᠠ》᠎ᠪᠠᠷ ᠭᠤᠣᠯ ᠪᠣᠯᠭ᠋ᠠᠭᠰᠠᠨ ᠨᠢᠭᠡ ᠤᠳᠠᠭ᠋ᠠᠨ᠎ᠤ ᠬᠤᠪᠢᠰᠤᠯᠲᠠ᠎ᠨᠢ ᠶᠠᠭ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ 《ᠬᠤᠷᠳᠤᠴᠠ ᠵᠢ ᠲᠦᠷᠭᠡᠳᠭᠡᠬᠦ》 ᠵᠢ ᠠᠬᠢᠭᠤᠯᠵᠤ᠂ ᠪᠤᠭᠤᠲᠤ ᠬᠤᠲᠠ ᠵᠢᠨ ᠠᠵᠤ ᠠᠬᠤᠶ ᠵᠢᠨ ᠶᠡᠷᠦᠩᠬᠡᠶ ᠬᠡᠮᠵᠢᠶ᠎ᠡ ᠵᠢ 5000 ᠳ᠋ᠦᠩᠰᠢᠭᠤᠷ ᠲᠥᠭᠦᠷᠢᠭ᠎ᠲᠤ ᠬᠦᠷᠭᠡᠬᠦ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ ᠪᠠᠶ᠋ᠢᠨ᠎ᠠ᠃

   ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠬᠤᠷᠳᠤᠴᠠ ᠵᠢ ᠲᠦᠷᠭᠡᠳᠭᠡᠶ᠎ᠡ 《ᠴᠠᠭ᠋ᠠᠰᠤᠨ ᠳᠡᠭᠡᠷᠡᠬᠢ ᠵᠢᠷᠤᠭ ᠲᠥᠯᠥᠪᠯᠡᠭᠡ》᠎ᠠᠴᠠ 《ᠪᠣᠳᠠᠲᠤ ᠦᠵᠡᠮᠵᠢ ᠵᠢᠨ ᠵᠢᠷᠤᠭ》 ᠬᠦᠷᠲᠡᠯ᠎ᠡ

   ᠸᠧ ᠯᠦᠩ ᠴᠠᠬᠢᠯᠭ᠋ᠠᠨ ᠬᠥᠳᠡᠯᠭᠡᠭᠦᠷ (ᠪᠤᠭᠤᠲᠤ)᠎ᠤᠨ ᠲᠣᠭᠲᠠᠮᠠᠯ ᠰᠣᠷᠢᠨᠵᠢᠨ ᠴᠠᠬᠢᠯᠭ᠋ᠠᠨ ᠮᠠᠰᠢᠨ᠎ᠤ ᠠᠵᠤ ᠦᠢ᠍ᠯᠡᠰ᠎ᠤᠨ ᠬᠦᠷᠢᠶᠡᠯᠡᠩ᠎ᠤᠨ 2 ᠳ᠋ᠤᠭ᠋ᠠᠷ ᠨᠣᠮᠧᠷᠲᠤ ᠱᠤᠭᠤᠮ᠎ᠳᠤ ᠬᠦᠷᠬᠦ᠎ᠳᠤ᠂ ᠠᠵᠢᠯᠲᠠᠳ ᠶᠠᠭ ᠲᠤᠷᠰᠢᠨ ᠦᠢ᠍ᠯᠡᠳᠪᠦᠷᠢᠯᠡᠵᠦ ᠪᠠᠢ᠌ᠯ᠎ᠠ — ᠹᠣᠰᠹᠣᠷ ᠬᠦᠴᠢᠯ᠎ᠤᠨ ᠲᠡᠮᠦᠷ ᠯᠢᠲ᠋ᠢ ᠳ᠋ᠢᠶᠠᠨ ᡂᠢ᠎ᠳᠤ ᠰᠢᠩᠭᠡᠨ ᠴᠢᠳᠬᠤᠬᠤ ᠪᠣᠭᠤᠳᠠᠯ ᠬᠢᠵᠦ ᠥᠭᠴᠦ ᠪᠠᠶ᠋ᠢᠨ᠎ᠠ᠃

   ᠨᠢᠭᠡ ᠲᠥᠷᠥᠯ ᠵᠦᠢ᠍ᠯ᠎ᠨᠢ ᠭᠡᠷ᠎ᠡ ᠲᠣᠭᠲᠠᠬᠤ᠎ᠠᠴᠠ ᠠᠰᠢᠭᠯᠠᠯᠲᠠ᠎ᠳᠤ ᠣᠷᠣᠭᠤᠯᠬᠤ ᠬᠦᠷᠲᠡᠯ᠎ᠡ᠂ ᠭᠠᠵᠠᠷ ᠬᠡᠷᠡᠭᠯᠡᠬᠦ ᠲᠥᠯᠥᠪᠵᠢᠭᠦᠯᠭᠡ ᠵᠢᠨ ᠵᠥᠪᠰᠢᠶᠡᠷᠡᠯ᠂ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠵᠥᠪᠰᠢᠶᠡᠷᠡᠯ᠂ ᠪᠠᠷᠢᠯᠭ᠎ᠠ ᠪᠠᠷᠢᠬᠤ ᠵᠥᠪᠰᠢᠶᠡᠷᠡᠯ᠂ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠬᠤ ᠵᠡᠷᠭᠡ 4 ᠱᠠᠲᠤ ᠦᠶ᠎ᠡ ᠵᠢ ᠥᠩᠭᠡᠷᠡᠭᠡᠬᠦ ᠴᠢᠬᠤᠯᠠᠲᠠᠶ ᠪᠠᠶ᠋ᠢᠨ᠎ᠠ᠃ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠬᠤᠷᠳᠤᠴᠠ᠎ᠨᠢ ᠠᠵᠤ ᠠᠬᠤᠶ᠋ᠢᠯᠠᠯ᠎ᠤᠨ ᠪᠡᠯᠡ ᠣᠷᠣᠭᠤᠯᠵᠤ ᠪᠦᠲᠦᠭᠡᠨ ᠪᠠᠶ᠋ᠢᠭᠤᠯᠬᠤ ᠥᠪᠡᠷ᠎ᠤᠨ ᠥᠷᠲᠡᠭ᠎ᠢ ᠨᠥᠯᠥᠭᠡᠯᠡᠵᠦ᠂ ᠨᠠᠩ ᠴᠤ᠌ ᠨᠢᠭᠡ ᠭᠠᠵᠠᠷ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠲᠥᠯᠥᠭᠡᠯᠡᠵᠦ ᠪᠠᠶ᠋ᠢᠳᠠᠭ᠃

   ᠸᠧ ᠯᠦᠩ ᠴᠠᠬᠢᠯᠭ᠋ᠠᠨ ᠬᠥᠳᠡᠯᠭᠡᠭᠦᠷ (ᠪᠤᠭᠤᠲᠤ)᠎ᠤᠨ ᠲᠣᠭᠲᠠᠮᠠᠯ ᠰᠣᠷᠢᠨᠵᠢᠨ ᠴᠠᠬᠢᠯᠭ᠋ᠠᠨ ᠮᠠᠰᠢᠨ᠎ᠤ ᠬᠢᠵᠠᠭ᠋ᠠᠷᠲᠤ ᠺᠣᠮᠫᠠᠨᠢ ᠵᠢᠨ ᠶᠡᠷᠦᠩᠬᠡᠶ ᠳᠠᠭ᠋ᠠᠭ᠋ᠠᠮᠠᠯ᠎ᠤᠨ ᠲᠤᠰᠠᠯᠠᠭᠴᠢ᠂ ᠠᠯᠪᠠᠨ ᠭᠡᠷ᠎ᠤᠨ ᠡᠷᠬᠢᠯᠡᠭᠴᠢ ᠫᠸᠢ ᡁᠢ ᠢᠯᠡᠷᠬᠡᠶ᠋ᠢᠯᠡᠬᠦ᠎ᠳᠡᠭᠡᠨ᠂ ᠸᠧ ᠯᠦᠩ ᠴᠠᠬᠢᠯᠭ᠋ᠠᠨ ᠬᠥᠳᠡᠯᠭᠡᠭᠦᠷ (ᠪᠤᠭᠤᠲᠤ)᠎ᠤᠨ ᠲᠣᠭᠲᠠᠮᠠᠯ ᠰᠣᠷᠢᠨᠵᠢᠨ ᠴᠠᠬᠢᠯᠭ᠋ᠠᠨ ᠮᠠᠰᠢᠨ᠎ᠤ ᠠᠵᠤ ᠦᠢ᠍ᠯᠡᠰ᠎ᠤᠨ ᠬᠦᠷᠢᠶᠡᠯᠡᠩ᠎ᠢ ᠨᠢᠳᠤᠨᠤᠨ᠎ᠤ 5 ᠳ᠋ᠤᠭ᠋ᠠᠷ ᠰᠠᠷ᠎ᠠ ᠵᠢᠨ 20᠎ᠤ ᠡᠳᠦᠷ᠎ᠠᠴᠠ ᠡᠬᠢᠯᠡᠨ ᠪᠠᠶ᠋ᠢᠭᠤᠯᠵᠤ᠂ ᠡᠨᠡ ᠵᠢᠯ᠎ᠤᠨ 2 ᠳ᠋ᠤᠭ᠋ᠠᠷ ᠰᠠᠷ᠎ᠠ ᠵᠢᠨ 15᠎ᠤ ᠡᠳᠦᠷ ᠪᠣᠯᠬᠤ᠎ᠳᠤ ᠪᠥᠬᠦ ᠲᠠᠯ᠎ᠠ᠎ᠪᠠᠷ ᠠᠰᠢᠭᠯᠠᠯᠲᠠ᠎ᠳᠤ ᠣᠷᠣᠭᠤᠯᠬᠤ ᠬᠢᠷᠢ ᠲᠦᠪᠰᠢᠨ᠎ᠢ ᠪᠦᠷᠢᠯᠳᠦᠭᠦᠯᠵᠦ᠂ ᠲᠥᠷᠥᠯ ᠵᠦᠢ᠍ᠯ ᠲᠣᠭᠲᠠᠭ᠋ᠠᠬᠤ᠂ ᠠᠵᠢᠯ ᠡᠬᠢᠯᠡᠭᠦᠯᠬᠦ᠎ᠠᠴᠠ ᠠᠪᠤᠭ᠋ᠠᠳ ᠪᠠᠶ᠋ᠢᠭᠤᠯᠵᠤ ᠳᠠᠭᠤᠰᠬᠠᠨ ᠠᠰᠢᠭᠯᠠᠯᠲᠠ᠎ᠳᠤ ᠣᠷᠣᠭᠤᠯᠬᠤ ᠬᠦᠷᠲᠡᠯ᠎ᠡ᠂ ᠵᠥᠪᠬᠡᠨ 9 ᠰᠠᠷ᠎ᠠ ᠵᠢᠨ ᠴᠠᠭ ᠬᠡᠷᠡᠭᠰᠡᠨ᠎ᠡ᠃

   ᠫᠧᠢ ᡁᠢ ᠵᠢᠨ ᠦᠵᠡᠬᠦ᠎ᠪᠠᠷ᠂ 《ᠲᠦᠷᠭᠡᠨ》 ᠦᠰᠦᠭ᠎ᠨᠢ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠪᠦᠬᠦ ᠶᠠᠪᠤᠴᠠ᠎ᠳᠤ ᠲᠤᠭᠤᠰᠢᠯᠠᠭᠳᠠᠵᠤ ᠪᠠᠶ᠋ᠢᠨ᠎ᠠ᠃ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ 《ᠲᠦᠷᠭᠡᠨ》᠎ᠨᠢ ᠪᠤᠭᠤᠲᠤ ᠬᠤᠲᠠ ᠵᠢᠨ ᠬᠢᠨᠠᠨ ᠵᠥᠪᠰᠢᠶᠡᠷᠡᠬᠦ ᠶᠠᠪᠤᠴᠠ ᠵᠢ ᠰᠢᠯᠢᠳᠡᠭᠵᠢᠭᠦᠯᠬᠦ᠎ᠠᠴᠠ ᠰᠠᠯᠵᠤ ᠴᠢᠳᠠᠬᠤ ᠥᠬᠡᠶ᠂ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠴᠢᠷᠮᠠᠶ᠋ᠢᠯᠭ᠎ᠠ ᠵᠢ ᠦᠷᠭᠦᠯᠵᠢᠯᠡᠨ ᠠᠬᠢᠭᠤᠯᠤᠨ᠎ᠠ᠃

  《ᠪᠤᠭᠤᠲᠤ ᠬᠤᠲᠠ ᠵᠢᠨ ᠵᠠᠰᠠᠭ᠎ᠤᠨ ᠣᠷᠳᠣᠨ ᠪᠣᠯᠤᠨ ᠬᠤᠪᠣᠷ ᠰᠢᠷᠣᠶ ᠵᠢᠨ ᠳᠡᠭᠡᠳᠦ ᠰᠢᠨ᠎ᠡ ᠮᠡᠷᠭᠡᠵᠢᠯ᠎ᠤᠨ ᠣᠷᠣᠨ᠎ᠤ ᠬᠠᠮᠢᠶᠠᠷᠤᠯᠲᠠ ᠵᠢᠨ ᠵᠥᠪᠯᠡᠯ᠎ᠨᠢ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠶᠠᠪᠤᠴᠠ᠎ᠳᠤ ᠪᠥᠬᠦ ᠶᠠᠪᠤᠴᠠ᠎ᠳᠤ 〈ᠳᠡᠯᠭᠡᠭᠦᠷ᠎ᠤᠨ ᠵᠠᠷᠤᠴᠠ〉 ᠮᠠᠶᠢᠭ᠎ᠤᠨ ᠦᠢ᠍ᠯᠡᠴᠢᠯᠡᠭᠡ ᠬᠠᠩᠭ᠋ᠠᠵᠤ᠂ ᠤᠰᠤ ᠴᠠᠬᠢᠯᠭ᠋ᠠᠨ ᠵᠡᠷᠭᠡ ᠬᠦᠴᠦᠨ ᠵᠦᠢ᠍ᠯ᠎ᠤᠨ ᠪᠠᠲᠤᠯᠠᠭ᠎ᠠ ᠪᠠ ᠭᠠᠷᠳᠠᠮ᠎ᠢ ᠬᠢᠨᠠᠨ ᠵᠥᠪᠰᠢᠶᠡᠷᠡᠬᠦ ᠵᠡᠷᠭᠡ ᠲᠠᠯ᠎ᠠ᠎ᠪᠠᠷ ᠴᠥᠮ ᠠᠵᠤ ᠠᠬᠤᠶ᠋ᠢᠯᠠᠯ᠎ᠳᠤ ᠲᠦᠢ᠍ᠯ᠎ᠤᠨ ᠶᠡᠭᠡ ᠲᠥᠬᠦᠮ ᠦᠵᠡᠭᠦᠯᠵᠦ᠂ ᠲᠥᠷᠥᠯ ᠵᠦᠢ᠍ᠯ᠎ᠤᠨ ᠪᠦᠬᠦ᠋ᠢ᠍ᠯᠡ ᠪᠥᠲᠥᠭᠡᠨ ᠪᠠᠶ᠋ᠢᠭᠤᠯᠤᠯᠲᠠ ᠵᠢᠨ ᠦᠶᠡᠯᠡᠯ᠎ᠤᠨ ᠬᠤᠭᠤᠴᠠᠭ᠎ᠠ ᠪᠠ ᠦᠢ᠍ᠯᠡᠳᠪᠦᠷᠢᠯᠡᠯ᠎ᠤᠨ ᠪᠡᠯᠡᠳᠬᠡᠯ ᠠᠵᠢᠯ᠎ᠢ ᠪᠠᠲᠤᠯᠠᠪᠠ᠃ ᠡᠭᠦᠨ᠎ᠤ ᠬᠠᠮᠲᠤ ᠠᠵᠤ ᠠᠬᠤᠶ᠋ᠢᠯᠠᠯ᠎ᠢ ᠢᠳᠡᠪᠬᠢᠲᠡᠶ᠎ᠪᠠᠷ ᠬᠠᠪᠰᠤᠷᠤᠨ ᠵᠣᠴᠢᠨ ᠡᠷᠦᠬᠡ ᠵᠢ ᠡᠷᠢᠵᠦ᠂ ᠸᠧ ᠯᠦᠩ᠎ᠢ ᠵᠢᠩᠬᠢᠨᠢ᠎ᠪᠠᠷ ᠪᠤᠭᠤᠲᠤ᠎ᠳᠤ ᠦᠨᠳᠦᠰᠦᠯᠡᠭᠦᠯᠪᠡ》 ᠭᠡᠵᠡᠢ᠃

  《ᠬᠤᠲᠠ ᠵᠢᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ 〈ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ〉 ᠥᠭᠡᠷᠡᠴᠢᠯᠡᠯᠲᠡ ᠵᠢ ᠠᠬᠢᠭᠤᠯᠬᠤ ᠵᠢ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ᠎ᠢ ᠰᠢᠯᠢᠳᠡᠭᠵᠢᠭᠦᠯᠬᠦ ᠵᠢᠨ ᠴᠢᠬᠤᠯᠠ ᠬᠦᠴᠦᠯᠡᠬᠦ ᠴᠡᠭ ᠪᠣᠯᠭ᠋ᠠᠵᠤ᠂ ᠬᠢᠨᠠᠨ ᠵᠥᠪᠰᠢᠶᠡᠷᠡᠬᠦ ᠶᠠᠪᠤᠴᠠ ᠵᠢ ᠴᠣᠮᠬᠠᠳᠬᠠᠬᠤ᠂ ᠬᠢᠨᠠᠨ ᠵᠥᠪᠰᠢᠶᠡᠷᠡᠬᠦ ᠦᠢ᠍ᠯᠡᠴᠢᠯᠡᠭᠡ ᠵᠢ ᠰᠢᠯᠢᠳᠡᠭᠵᠢᠭᠦᠯᠬᠦ᠎ᠪᠠᠷ ᠳᠠᠮᠵᠢᠭᠤᠯᠤᠨ᠂ ᠬᠢᠨᠠᠨ ᠵᠥᠪᠰᠢᠶᠡᠷᠡᠬᠦ ᠵᠦᠢ᠍ᠯᠡᠰ᠎ᠢ ᠳᠥᠭᠦᠮᠴᠢᠯᠡᠬᠦ ᠪᠠ ᠰᠢᠯᠢᠳᠡᠭᠵᠢᠭᠦᠯᠬᠦ ᠵᠢ ᠶᠡᠬᠡᠪᠡᠷ ᠠᠬᠢᠭᠤᠯᠵᠤ᠂ ᠬᠢᠨᠠᠨ ᠵᠥᠪᠰᠢᠶᠡᠷᠡᠬᠦ ᠴᠠᠭ᠎ᠤᠨ ᠬᠢᠵᠠᠭ᠋ᠠᠷ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠪᠠᠭ᠋ᠠᠰᠬᠠᠪᠠ》᠃ ᠬᠤᠲᠠ ᠵᠢᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠠᠷᠢᠭᠤᠴᠠᠯᠭ᠋ᠠᠲᠠᠨ ᠰᠤᠷᠪᠤᠯᠵᠢᠯᠠᠭᠴᠢ᠎ᠳᠤ ᠬᠡᠯᠡᠬᠦ᠎ᠳᠡᠭᠡᠨ᠂ 《ᠪᠢᠳᠡ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ ᠵᠢᠨ ᠲᠥᠷᠥᠯ ᠵᠦᠢ᠍ᠯ᠎ᠤᠨ ᠰᠠᠨᠠᠭᠤᠯᠭ᠎ᠠ ᠵᠢᠨ ᠪᠢᠴᠢᠭ᠎ᠢ ᠬᠢᠨᠠᠨ ᠵᠥᠪᠰᠢᠶᠡᠷᠡᠬᠦ ᠵᠢ ᠤᠯᠤᠰ᠎ᠠᠴᠠ ᠲᠣᠭᠲᠠᠭ᠋ᠠᠭᠰᠠᠨ 20 ᠠᠵᠢᠯᠯᠠᠬᠤ ᠡᠳᠦᠷ ᠪᠠᠶ᠋ᠢᠭᠰᠠᠨ᠎ᠠᠴᠠ 2 ᠠᠵᠢᠯᠯᠠᠬᠤ ᠡᠳᠦᠷ ᠪᠣᠯᠭ᠋ᠠᠨ ᠪᠠᠭ᠋ᠠᠰᠬᠠᠵᠤ᠂ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ ᠵᠢᠨ ᠲᠥᠷᠥᠯ ᠵᠦᠢ᠍ᠯ᠎ᠤᠨ ᠪᠣᠯᠤᠮᠵᠢᠲᠤ ᠰᠤᠳᠤᠯᠭ᠋ᠠᠨ᠎ᠤ ᠮᠡᠳᠡᠭᠦᠯᠦᠯᠲᠡ ᠵᠢ ᠬᠢᠨᠠᠨ ᠵᠥᠪᠰᠢᠶᠡᠷᠡᠬᠦ᠂ ᠠᠵᠤ ᠠᠬᠤᠶ᠋ᠢᠯᠠᠯ᠎ᠤᠨ ᠪᠠᠯᠠ ᠣᠷᠣᠭᠤᠯᠤᠯᠲᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ᠂ ᠡᠨᠧᠷᠭᠢ ᠠᠷᠪᠢᠯᠠᠬᠤ ᠵᠢ ᠬᠢᠨᠠᠨ ᠪᠠᠶ᠋ᠢᠴᠠᠭ᠋ᠠᠬᠤ ᠴᠠᠭ᠎ᠢ ᠤᠯᠤᠰ᠎ᠠᠴᠠ ᠲᠣᠭᠲᠠᠭ᠋ᠠᠭᠰᠠᠨ 20 ᠠᠵᠢᠯᠯᠠᠬᠤ ᠡᠳᠦᠷ ᠪᠠᠶ᠋ᠢᠭᠰᠠᠨ᠎ᠠᠴᠠ 3 ᠠᠵᠢᠯᠯᠠᠬᠤ ᠡᠳᠦᠷ ᠪᠣᠯᠭ᠋ᠠᠨ ᠪᠠᠭ᠋ᠠᠰᠬᠠᠵᠤ᠂ ᠳᠠᠩᠰᠠᠯᠠᠭᠤᠯᠬᠤ ᠲᠥᠷᠥᠯ᠎ᠤᠨ ᠲᠥᠷᠥᠯ ᠵᠦᠢ᠍ᠯ᠎ᠢ ᠳᠠᠷᠤᠶ ᠲᠦᠷᠭᠡᠨ ᠭᠦᠢ᠍ᠴᠡᠳᠬᠡᠵᠦ᠂ ᠲᠣᠰ ᠡᠳᠦᠷ᠎ᠲᠤᠨᠢ ᠭᠦᠢ᠍ᠴᠡᠳᠬᠡᠵᠦ ᠳᠠᠭᠤᠰᠬᠠᠬᠤ ᠬᠡᠷᠡᠭᠲᠡᠢ᠃ ᠡᠨᠡ ᠵᠢᠯ ᠨᠢᠭᠡᠨᠲᠡ 32 ᠲᠥᠷᠥᠯ ᠵᠦᠢ᠍ᠯ᠎ᠤᠨ ᠬᠢᠨᠠᠨ ᠵᠥᠪᠰᠢᠶᠡᠷᠡᠬᠦ ᠭᠠᠷᠳᠠᠮ᠎ᠢ ᠬᠦᠢ᠍ᠴᠡᠳᠭᠡᠵᠦ ᠳᠠᠭᠤᠰᠬᠠᠨ᠂ ᠲᠥᠷᠥᠯ ᠵᠦᠢ᠍ᠯ᠎ᠢ ᠬᠦᠢ᠍ᠴᠡᠳᠭᠡᠵᠦ ᠳᠠᠭᠤᠰᠬᠠᠭᠰᠠᠨ ᠨᠣᠷᠮ᠎ᠠ᠎ᠨᠢ 100%᠎ᠳᠤ ᠬᠥᠷᠪᠡ》᠃

  《ᠦᠷ᠎ᠡ ᠪᠦᠲᠦᠮᠵᠢ ᠵᠢᠨ ᠬᠤᠪᠢᠰᠬᠠᠯ》᠎ᠤᠨ ᠠᠰᠠᠭᠤᠳᠠᠯ᠎ᠢ ᠰᠢᠢ᠍ᠳᠪᠦᠷᠢᠯᠡᠵᠦ ᠬᠢᠨᠠᠨ ᠵᠥᠪᠰᠢᠶᠡᠷᠡᠬᠦ ᠵᠢ ᠲᠦᠷᠭᠡᠳᠬᠡᠬᠦ᠎ᠠᠴᠠ ᠦᠢ᠍ᠯᠡᠴᠢᠯᠡᠭᠡ ᠵᠢ ᠲᠡᠰ ᠳᠡᠪᠰᠢᠭᠦᠯᠬᠦ ᠬᠦᠷᠲᠡᠯ᠎ᠡ

   ᠶᠡᠷᠦ᠎ᠠᠴᠠ ᠪᠤᠭᠤᠲᠤ ᠪᠣᠯ ᠴᠥᠮ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ 《ᠰᠢᠯᠢᠳᠡᠭ ᠰᠤᠷᠤᠭᠴᠢ》 ᠮᠥᠨ᠂ ᠡᠨᠡ ᠬᠦ᠌ 《ᠲᠠᠨ᠎ᠢ ᠰᠡᠳᠭᠢᠯ ᠬᠠᠨᠤᠮᠵᠢᠲᠠᠢ ᠪᠠᠢ᠌ᠯᠭ᠋ᠠᠬᠤ》᠂ 《ᠲᠠᠨ᠎ᠢ ᠰᠠᠨᠠᠭ᠎ᠠ ᠠᠮᠤᠷ  ᠪᠠᠢ᠌ᠯᠭ᠋ᠠᠬᠤ》 ᠲᠡᠷᠢᠭᠦᠨ᠎ᠤ ᠬᠠᠷᠢᠭᠤᠯᠲᠠ ᠵᠢᠨ ᠬᠠᠭᠤᠳᠠᠰᠤ ᠵᠢ ᠲᠤᠰᠢᠶᠠᠭᠰᠠᠨ ᠶᠤᠮ᠃

   ᠰᠢᠭᠤᠢ᠌ᠲᠦ ᠲᠣᠭᠣᠷᠢᠭ᠎ᠲᠤ 《ᠪᠤᠭᠤᠲᠤ ᠵᠢᠨ ᠵᠦᠩ ᠴᠧ ᠴᠢ ᠶᠸ ᠶᠠᠨ ᠭᠠᠵᠠᠷ᠎ᠤᠨ ᠰᠠᠯᠬᠢᠨ ᠬᠦᠴᠦᠨ᠎ᠤ ᠴᠠᠬᠢᠯᠭ᠋ᠠᠨ᠎ᠤ ᠳᠠᠮᠵᠢᠭᠤᠯᠭ᠎ᠠ ᠵᠢᠨ ᠬᠢᠵᠠᠭ᠋ᠠᠷᠲᠤ ᠺᠣᠮᠫᠠᠨᠢ ᠵᠢᠯ᠎ᠳᠤ 800 ᠰᠠᠭᠤᠷᠢ ᠲᠣᠮᠣ ᠬᠡᠯᠪᠡᠷᠢ ᠵᠢᠨ ᠬᠠᠭᠤᠷᠠᠢ ᠳᠡᠭᠡᠷᠡᠬᠢ ᠰᠠᠯᠬᠢᠨ ᠬᠦᠴᠦᠨ᠎ᠤ ᠴᠠᠬᠢᠯᠭ᠋ᠠᠨ᠎ᠤ ᠬᠡᠳᠦ ᠶᠡᠬᠡ ᠴᠢᠳᠠᠯ᠎ᠤᠨ ᠠᠷᠠᠭ᠋ᠠᠲᠤ ᠬᠦᠷᠳᠦᠨ ᠬᠠᠢ᠌ᠷᠴᠠᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ》᠎ᠢ ᠦᠢ᠍ᠯᠡᠳᠪᠦᠷᠢᠯᠡᠬᠦ ᠶᠠᠪᠤᠳᠠᠯ᠎ᠳᠤ ᠴᠢᠭᠯᠡᠭᠦᠯᠦᠨ᠂ ᠪᠤᠭᠤᠲᠤ ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ ᠵᠢᠨ ᠰᠢᠭᠤᠢ᠌ᠲᠦ ᠬᠤᠪᠢᠶᠠᠷᠢ ᠲᠣᠪᠴᠢᠶ᠎ᠠ᠎ᠨᠢ ᠰᠠᠨᠠᠭ᠋ᠠᠴᠢᠯᠠᠭ᠎ᠠ᠎ᠠᠴᠠ᠎ᠪᠠᠨ ᠡᠮᠦᠨ᠎ᠡ ᠲᠠᠯ᠎ᠠ᠎ᠳᠤ ᠦᠢ᠍ᠯᠡᠴᠢᠯᠡᠵᠦ᠂ ᠤᠷᠢᠳᠴᠢᠯᠠᠨ ᠣᠷᠣᠯᠴᠠᠵᠤ᠂ ᠬᠢᠨᠠᠨ ᠵᠦᠪᠰᠢᠶᠡᠷᠡᠬᠦ 《ᠲᠦᠷᠭᠡᠨ ᠤᠷᠤᠭᠰᠢᠯᠠᠬᠤ ᠳᠠᠷᠤᠪᠴᠢ》 ᠵᠢ ᠳᠠᠷᠤᠭᠰᠠᠨ᠎ᠤ ᠳᠠᠷᠠᠭ᠎ᠠ᠂ ᠲᠡᠷᠡ ᠳᠠᠷᠤᠢ᠎ᠳᠤᠨᠢ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠦᠨᠡᠯᠡᠯᠲᠡ ᠵᠢᠨ ᠮᠡᠳᠡᠭᠦᠯᠦᠯᠲᠡ᠎ᠳᠤ ᠵᠠᠰᠠᠪᠤᠷᠢ ᠣᠷᠣᠭᠤᠯᠬᠤ ᠴᠠᠭ᠎ᠢ ᠴᠢᠷᠮᠠᠢ᠌ᠨ ᠣᠯᠵᠤ᠂ ᠮᠥᠨ ᠴᠦ᠍ ᠠᠵᠤ ᠠᠬᠤᠢ᠌ᠯᠠᠯ᠎ᠤᠨ ᠠᠵᠢᠯ ᠵᠶ᠋ᠠᠨ ᠡᠷᠲᠡᠬᠡᠨ ᠡᠬᠢᠯᠡᠭᠦᠯᠬᠦ᠎ᠳᠤ ᠴᠠᠭ᠎ᠢ ᠠᠮᠵᠢᠨ ᠣᠯᠵᠤ ᠥᠭᠭᠦᠭᠰᠡᠨ ᠪᠠᠢ᠌ᠨ᠎ᠠ᠃

   ᠵᠢᠦ ᠶᠤᠸᠠᠨ ᠲᠣᠭᠤᠷᠢᠭ᠎ᠲᠤ᠂ ᠪᠤᠭᠤᠲᠤ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ ᠵᠢᠨ ᠵᠢᠦ ᠶᠤᠸᠠᠨ ᠲᠣᠭᠤᠷᠢᠭ᠎ᠤᠨ ᠬᠤᠪᠢᠶᠠᠷᠢ ᠲᠣᠪᠴᠢᠶ᠎ᠠ ᠰᠠᠨᠠᠭ᠋ᠠᠴᠢᠯᠠᠭ᠎ᠠ᠎ᠠᠴᠠ᠎ᠪᠠᠨ ᠠᠵᠤ ᠠᠬᠤᠶ᠋ᠢᠯᠠᠯ᠎ᠢ ᠬᠠᠪᠰᠤᠷᠤᠨ ᠬᠤᠲᠠ ᠵᠢᠨ ᠠᠷᠠᠳ᠎ᠤᠨ ᠠᠭ᠋ᠠᠷ᠎ᠤᠨ ᠰᠡᠷᠭᠡᠶ᠋ᠢᠯᠡᠯᠲᠡ ᠵᠢᠨ ᠠᠯᠪᠠᠨ ᠬᠡᠷ᠂ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠲᠠᠢ ᠵᠣᠯᠭ᠋ᠠᠭᠤᠯᠵᠤ᠂ ᠪᠤᠭᠤᠲᠤ ᠬᠤᠲᠠ ᠵᠢᠨ ᠰᠢᠨ᠎ᠡ ᠮᠠᠲ᠋ᠧᠷᠢᠶᠠᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ᠎ᠤᠨ ᠳᠣᠲᠣᠷᠠᠬᠢ ᠥᠪᠥᠷ ᠮᠣᠩᠭᠤᠯ᠎ᠤᠨ ᠷᠦᠨ ᠴᠧᠨ ᠰᠢᠨ᠎ᠡ ᠮᠠᠲ᠋ᠧᠷᠢᠶᠠᠯ᠎ᠤᠨ ᠬᠢᠵᠠᠭ᠋ᠠᠷᠲᠤ ᠺᠣᠮᠫᠠᠨᠢ ᠵᠢᠯ᠎ᠳᠤ 2 ᠳ᠋ᠦᠩᠰᠢᠭᠤᠷ ᠵᠤᠷᠪᠤᠰ ᠣᠯᠠᠨ ᠲᠠᠯᠠᠰᠲᠤ ᠴᠠᠬᠢᠭᠤᠷ᠎ᠤᠨ ᠪᠦᠷᠬᠦᠭᠦᠯ᠎ᠤᠨ ᠪᠣᠭᠤᠳᠠᠯ ᠪᠠᠭᠯᠠᠭ᠎ᠠ ᠵᠢᠨ ᠤᠭᠤᠲᠠ ᠵᠢᠴᠢ 3 ᠲᠦᠮᠡᠨ ᠲᠣᠨ ᠬᠡᠯᠪᠡᠷᠢ᠎ᠪᠠᠨ ᠬᠤᠪᠢᠷᠠᠭᠤᠯᠬᠤ ᠬᠡᠯᠪᠡᠷᠢ ᠵᠢᠨ PP᠂ PE ᠮᠥᠬᠦᠯᠢᠭᠲᠦ ᠰᠢᠨ᠎ᠡ ᠮᠠᠲ᠋ᠧᠷᠢᠶᠠᠯ᠎ᠤᠨ ᠦᠢ᠍ᠯᠡᠳᠪᠦᠷᠢᠯᠡᠯ᠎ᠤᠨ ᠱᠤᠭᠤᠮ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠵᠢᠴᠢ ᠪᠤᠭᠤᠲᠤ ᠵᠢᠨ ᠵᠥᠩ ᠶᠤᠸᠠᠨ ᠠᠮᠢᠳᠤ ᠪᠣᠳᠠᠰ᠎ᠤᠨ ᠰᠠᠭᠤᠷᠢ ᠰᠢᠷᠬᠡᠭ᠎ᠤᠨ ᠲᠥᠷᠥᠯ ᠵᠦᠢ᠍ᠯ᠎ᠨᠢ ᠭᠤᠤᠯᠳᠠᠯᠭ᠎ᠠ᠎ᠲᠠᠢ ᠲᠥᠷᠥᠯ ᠵᠦᠢ᠍ᠯ 《ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠲᠥᠯᠥᠪᠵᠢᠭᠦᠯᠭᠡ ᠵᠢᠨ ᠵᠥᠪᠰᠢᠶᠡᠷᠡᠯ᠎ᠤᠨ ᠦᠨᠡᠮᠯᠡᠯ》᠂ 《ᠪᠥᠲᠥᠭᠡᠨ ᠪᠠᠶ᠋ᠢᠭᠤᠯᠤᠯᠲᠠ ᠵᠢᠨ ᠢᠨᠵᠸᠨ᠋ᠸᠷᠢᠩ᠎ᠤᠨ ᠲᠥᠯᠥᠪᠵᠢᠭᠦᠯᠭᠡ ᠵᠢᠨ ᠵᠥᠪᠰᠢᠶᠡᠷᠡᠯ᠎ᠤᠨ    ᠦᠨᠡᠮᠯᠡᠯ》᠂ 《ᠭᠠᠵᠠᠷ ᠰᠢᠷᠣᠶ ᠵᠢᠨ ᠬᠡᠷᠡᠭᠯᠡᠬᠦ ᠡᠷᠬᠡ ᠵᠢ ᠰᠢᠯᠵᠢᠭᠦᠯᠦᠨ ᠥᠭᠬᠦ ᠭᠡᠷ᠎ᠡ》᠂ 《ᠪᠠᠷᠢᠯᠭ᠎ᠠ ᠵᠢᠨ ᠠᠵᠢᠯ᠎ᠤᠨ ᠵᠥᠪᠰᠢᠶᠡᠷᠡᠯ᠎ᠤᠨ ᠦᠨᠡᠮᠯᠡᠯ》᠂ 《ᠦᠯᠦ ᠬᠦᠳᠡᠯᠬᠦ ᠬᠦᠷᠦᠩᠭᠡ ᠵᠢᠨ ᠡᠷᠬᠡ ᠵᠢᠨ ᠦᠨᠡᠮᠯᠡᠯ》᠂ ᠲᠠᠪᠤᠨ ᠦᠨᠡᠮᠯᠡᠯ᠎ᠢ ᠬᠠᠮᠲᠤᠷᠠᠨ ᠲᠠᠷᠬᠠᠭ᠋ᠠᠬᠤ ᠵᠢ ᠤᠷᠤᠭᠰᠢᠲᠠᠶ ᠪᠡᠶᠡᠯᠡᠭᠦᠯᠪᠡ᠃ 《ᠭᠠᠵᠠᠷ ᠰᠢᠷᠣᠢ ᠵᠢ ᠠᠪᠤᠮᠠᠭᠴᠠ ᠳᠠᠷᠤᠢ ᠠᠵᠢᠯ ᠡᠬᠢᠯᠡᠭᠦᠯᠬᠦ》 ᠵᠢ ᠣᠷᠣᠨ ᠪᠦᠰᠡ ᠵᠢᠨ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢᠨ ᠰᠢᠨ᠎ᠡ ᠬᠡᠪ ᠪᠠᠶ᠋ᠢᠳᠠᠯ ᠪᠣᠯᠭ᠋ᠠᠬᠤ ᠵᠢ ᠵᠡᠷᠭᠡᠪᠡᠷ ᠠᠬᠢᠭᠤᠯᠵᠤ᠂ ᠴᠢᠬᠤᠯᠠ ᠶᠡᠭᠡ ᠲᠦᠷᠦᠯ ᠵᠦᠢ᠍ᠯ᠎ᠢ ᠲᠦᠷᠭᠡᠨ ᠨᠠᠶ᠋ᠢᠳᠠᠪᠤᠷᠢᠵᠢᠭᠤᠯᠤᠨ ᠠᠰᠢᠭᠯᠠᠯᠲᠠ᠎ᠳᠤ ᠣᠷᠣᠭᠤᠯᠬᠤ 《ᠬᠤᠷᠳᠤᠴᠠ᠎ᠪᠠᠨ ᠲᠦᠷᠭᠡᠳᠬᠡᠬᠦ》 ᠳᠠᠷᠤᠪᠴᠢ ᠵᠢ ᠳᠠᠷᠤᠵᠤ᠂ ᠠᠵᠤ ᠠᠬᠤᠶ᠋ᠢᠯᠠᠯ᠎ᠤᠨ ᠡᠷᠲᠡ ᠠᠵᠢᠯ ᠡᠬᠢᠯᠡᠭᠦᠯᠬᠦ᠂ ᠡᠷᠲᠡ ᠠᠰᠢᠭᠯᠠᠯᠲᠠ᠎ᠳᠤ ᠣᠷᠣᠭᠤᠯᠬᠤ᠂ ᠡᠷᠲᠡ ᠠᠰᠢᠭ ᠬᠦᠷᠲᠡᠬᠦ᠎ᠳᠤ ᠬᠦᠴᠦᠨ ᠨᠡᠮᠡᠷᠢᠯᠡᠨ᠎ᠡ᠃

  3 ᠳ᠋ᠤᠭ᠋ᠠᠷ ᠰᠠᠷ᠎ᠠ ᠵᠢᠨ 7᠎ᠤ ᠡᠳᠦᠷ᠎ᠠᠴᠠ ᠡᠬᠢᠯᠡᠨ᠂ ᠬᠤᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠡᠢ᠌ᠲ᠋ᠠ ᠵᠢᠨ ᠬᠠᠮᠢᠶᠠᠷᠤᠯᠲᠠ ᠵᠢᠨ ᠲᠤᠪᠴᠢᠶ᠎ᠠ 《ᠬᠢᠨᠠᠨ ᠵᠥᠪᠰᠢᠶᠡᠷᠡᠬᠦ ᠵᠥᠪᠰᠢᠶᠡᠷᠡᠯ᠎ᠢ ᠠᠪᠴᠤ ᠨᠢᠭᠡᠳᠦᠭᠡᠷ ᠹᠷᠣᠨᠲ᠎ᠲᠤ ᠣᠷᠣᠬᠤ》 ᠲᠤᠰᠬᠠᠶ ᠦᠢ᠍ᠯᠡᠴᠢᠯᠡᠭᠡ ᠵᠢ ᠡᠬᠢᠯᠡᠭᠦᠯᠵᠦ᠂ ᠠᠵᠤ ᠠᠬᠤᠶ᠋ᠢᠯᠠᠯ᠎ᠤᠨ ᠬᠢᠨᠠᠨ ᠵᠥᠪᠰᠢᠶᠡᠷᠡᠬᠦ 《ᠬᠦᠴᠢᠷᠳᠡᠯ》᠎ᠢ ᠰᠢᠢ᠍ᠳᠪᠦᠷᠢᠯᠡᠪᠡ᠃ ᠳᠣᠷᠣᠭᠰᠢ ᠪᠠᠭᠤᠵᠤ ᠦᠢ᠍ᠯᠡᠴᠢᠯᠡᠬᠦ᠂ ᠰᠠᠨᠠᠭ᠋ᠠᠴᠢᠯᠠᠭ᠎ᠠ᠎ᠠᠴᠠ᠎ᠪᠠᠨ ᠤᠷᠤᠭᠰᠢᠯᠠᠬᠤ᠂ ᠲᠤᠭ᠎ᠠ ᠪᠠᠷᠢᠮᠲᠠ᠎ᠪᠠᠷ ᠡᠨᠧᠷᠭᠢ ᠣᠯᠭᠤᠬᠤ᠂ ᠬᠢᠨᠠᠨ ᠬᠠᠮᠢᠶᠠᠷᠴᠤ ᠬᠤᠯᠪᠣᠭ᠋ᠠᠯᠠᠨ ᠬᠥᠳᠡᠯᠦᠯᠴᠡᠬᠦ᠎ᠪᠠᠷ ᠳᠠᠮᠵᠢᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ᠎ᠳᠤ ᠬᠦᠴᠦᠨ ᠨᠡᠮᠡᠷᠢᠯᠡᠪᠡ᠃ ᠬᠤᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠲᠤ᠂ ᠬᠤᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠡᠢ᠌ᠲ᠋ᠠ ᠵᠢᠨ ᠬᠠᠮᠢᠶᠠᠷᠤᠯᠲᠠ ᠵᠢᠨ ᠲᠤᠪᠴᠢᠶ᠎ᠠ ᠴᠠᠭ᠎ᠢ ᠤᠷᠲᠤᠳᠬᠠᠨ ᠭᠦᠢ᠍ᠴᠡᠳᠭᠡᠬᠦ᠂ ᠴᠠᠭ ᠬᠢᠵᠠᠭ᠋ᠠᠷᠯᠠᠨ ᠭᠦᠢ᠍ᠴᠡᠳᠭᠡᠬᠦ᠂ ᠨᠢᠭᠡ ᠯᠡ ᠤᠳᠠᠭ᠎ᠠ᠎ᠳᠤ ᠮᠡᠳᠡᠭᠳᠡᠬᠦ᠂ ᠬᠠᠪᠰᠤᠷᠤᠨ ᠭᠦᠢ᠍ᠴᠡᠳᠭᠡᠬᠦ ᠪᠠ ᠣᠷᠣᠯᠠᠨ ᠭᠦᠢ᠍ᠴᠡᠳᠭᠡᠬᠦ ᠵᠡᠷᠭᠡ ᠦᠢ᠍ᠯᠡᠴᠢᠯᠡᠭᠡᠨ᠎ᠤ ᠵᠠᠭᠪᠤᠷ᠎ᠢ ᠢᠳᠡᠪᠬᠢᠲᠡᠶ ᠬᠡᠷᠡᠭᠵᠢᠭᠦᠯᠵᠦ᠂ 《ᠭᠤᠶᠤᠴᠢᠯᠠᠨ ᠮᠡᠳᠡᠭᠦᠯᠬᠦ — ᠬᠢᠨᠠᠨ ᠬᠠᠷᠭᠤᠭᠤᠯᠬᠤ — ᠬᠢᠨᠠᠨ ᠵᠥᠪᠰᠢᠶᠡᠷᠡᠬᠦ》 ᠪᠥᠬᠦ ᠶᠠᠪᠤᠴᠠ ᠵᠢᠨ ᠦᠢ᠍ᠯᠡᠴᠢᠯᠡᠭᠡ ᠵᠢ ᠪᠦᠷᠢᠯᠳᠦᠭᠦᠯᠵᠦ᠂ ᠬᠢᠨᠠᠨ ᠵᠥᠪᠰᠢᠶᠡᠷᠡᠬᠦ ᠦᠢ᠍ᠯᠡᠴᠢᠯᠡᠭᠡᠨ᠎ᠤ 《ᠭᠤᠭᠴᠤᠭ᠎ᠠ ᠵᠢ ᠪᠠᠭ᠋ᠠᠰᠬᠠᠬᠤ᠂ ᠴᠠᠭ᠎ᠢ ᠪᠠᠭ᠋ᠠᠰᠬᠠᠬᠤ᠂ ᠥᠪᠡᠷ᠎ᠤᠨ ᠥᠷᠲᠡᠭ᠎ᠢ ᠪᠠᠭ᠋ᠠᠰᠬᠠᠬᠤ》 ᠵᠢ ᠦᠨᠡᠨ ᠬᠦ᠌ ᠪᠡᠶᠡᠯᠡᠭᠦᠯᠵᠦ᠂ ᠠᠵᠤ ᠠᠬᠤᠶ᠋ᠢᠯᠠᠯ᠎ᠤᠨ ᠬᠦᠷᠲᠡᠮᠵᠢ ᠵᠢᠨ ᠲᠥᠷᠥᠭᠳᠡᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃

  《ᠲᠤᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ᠂ ᠰᠢᠭᠤᠳ ᠴᠣᠮᠬᠠᠳᠬᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠪᠢᠳᠡ 51 ᠬᠡᠷᠡᠭ ᠶᠠᠪᠤᠳᠠᠯ᠎ᠢ ᠭᠦᠢ᠍ᠴᠡᠳᠬᠡᠬᠦ᠎ᠳᠤ 12 ᠵᠦᠢ᠍ᠯ᠎ᠤᠨ ᠭᠤᠶᠤᠴᠢᠯᠠᠯ᠎ᠤᠨ ᠮᠠᠲ᠋ᠧᠷᠢᠶᠠᠯ᠎ᠢ ᠴᠣᠮᠬᠠᠳᠬᠠᠪᠠ; 52 ᠬᠡᠷᠡᠭ ᠶᠠᠪᠤᠳᠠᠯ᠎ᠢ ᠲᠤᠬᠠᠶ ᠵᠢᠨ ᠭᠠᠵᠠᠷ᠎ᠲᠤᠨᠢ ᠬᠠᠶ᠋ᠢᠨ ᠰᠢᠯᠭ᠋ᠠᠬᠤ ᠭᠤᠭᠴᠤᠭ᠎ᠠ᠂ ᠬᠢᠨᠠᠨ ᠪᠠᠶ᠋ᠢᠴᠠᠭ᠋ᠠᠬᠤ ᠪᠠ ᠬᠢᠨᠠᠨ ᠵᠥᠪᠰᠢᠶᠡᠷᠡᠬᠦ ᠭᠤᠭᠴᠤᠭ᠎ᠠ ᠵᠢ ᠨᠢᠭᠡ ᠭᠤᠭᠴᠤᠭ᠎ᠠ ᠪᠣᠯᠭ᠋ᠠᠨ ᠨᠡᠶ᠋ᠢᠯᠡᠭᠦᠯᠵᠦ᠂ 〈ᠬᠢᠨᠠᠨ ᠬᠠᠷᠭᠤᠭᠤᠯᠬᠤ ᠵᠢ ᠨᠢᠭᠡᠳᠬᠡᠬᠦ〉 ᠵᠢ ᠪᠡᠶᠡᠯᠡᠭᠦᠯᠪᠡ; 87 ᠬᠡᠷᠡᠭ ᠶᠠᠪᠤᠳᠠᠯ᠎ᠢ ᠰᠢᠢ᠍ᠳᠪᠦᠷᠢᠯᠡᠬᠦ ᠴᠠᠭ᠎ᠤᠨ ᠬᠢᠵᠠᠭ᠋ᠠᠷ᠎ᠢ ᠨᠡᠶ᠋ᠢᠲᠡ 2191 ᠠᠵᠢᠯᠯᠠᠬᠤ ᠡᠳᠦᠷ ᠬᠠᠰᠤᠨ ᠪᠠᠭ᠋ᠠᠰᠬᠠᠵᠤ᠂ 26 ᠭᠦᠢ᠍ᠴᠡᠳᠬᠡᠬᠦ ᠵᠦᠢ᠍ᠯ᠎ᠢ ᠳᠠᠷᠤᠶ᠋ᠢᠬᠠᠨ ᠭᠦᠢ᠍ᠴᠡᠳᠭᠡᠬᠦ ᠵᠢ ᠪᠡᠶᠡᠯᠡᠭᠦᠯᠵᠦ᠂ ᠠᠮᠠᠯᠠᠯᠲᠠ ᠵᠢᠨ ᠴᠠᠭ᠎ᠤᠨ ᠬᠢᠵᠠᠭ᠋ᠠᠷ᠎ᠢ ᠬᠠᠤᠯᠢ᠎ᠪᠠᠷ ᠲᠣᠭᠲᠠᠭ᠋ᠠᠭᠰᠠᠨ ᠴᠠᠭ᠎ᠤᠨ ᠬᠢᠵᠠᠭ᠋ᠠᠷ᠎ᠠᠴᠠ 94.35%᠎ᠪᠠᠷ ᠪᠠᠭ᠋ᠠᠰᠬᠠᠵᠠᠢ》᠃ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠪᠠ ᠳ᠋ᠡᠢ᠌ᠲ᠋ᠠ ᠵᠢᠨ ᠬᠠᠮᠢᠶᠠᠷᠤᠯᠲᠠ ᠵᠢᠨ ᠲᠤᠪᠴᠢᠶ᠎ᠠ ᠵᠢᠨ ᠵᠠᠬ᠎ᠠ ᠳᠡᠯᠭᠡᠭᠦᠷ᠎ᠢ ᠵᠦᠪᠰᠢᠶᠡᠷᠡᠨ ᠤᠷᠤᠭᠤᠯᠬᠤ ᠠᠯᠪᠠᠨ ᠭᠡᠷ᠎ᠤᠨ ᠶᠠᠩ ᠬᠠᠢ ᠶᠠᠨ ᠢᠯᠡᠳᠭᠡᠪᠡ᠃

  《ᠥᠩᠭᠡᠷᠡᠭᠰᠡᠨ᠎ᠳᠤ ᠣᠯᠠᠨ ᠤᠳᠠᠭ᠎ᠠ ᠪᠣᠯᠵᠣᠬᠤ᠂ ᠳᠠᠬᠢᠨ ᠳᠠᠪᠲᠠᠨ ᠬᠦᠶᠦᠬᠦ ᠬᠡᠷᠡᠭᠲᠡᠢ᠂ ᠣᠳᠣ ᠭᠡᠷ᠎ᠠᠴᠠ᠎ᠪᠠᠨ ᠭᠠᠷᠬᠤ ᠦᠭᠡᠢ᠎ᠪᠠᠷ ᠬᠢᠵᠦ ᠳᠡᠶ᠋ᠢᠯᠦᠨ᠎ᠡ᠂ ᠦᠷ᠎ᠡ ᠪᠦᠲᠦᠮᠵᠢ᠎ᠨᠢ ᠬᠡᠲᠦᠷᠬᠡᠢ ᠥᠨᠳᠥᠷ ᠪᠣᠯᠵᠠᠢ!》 ᠠᠵᠤ ᠠᠬᠤᠢ᠌ᠯᠠᠯ᠎ᠤᠨ ᠨᠢᠭᠡᠴᠢ ᠵᠢᠨ ᠬᠠᠷᠢᠭᠤᠴᠠᠯᠭ᠋ᠠᠲᠠᠨ ᠵᠠᠯᠭ᠋ᠠᠭ᠎ᠠ᠎ᠪᠠᠷ ᠮᠠᠭᠲᠠᠪᠠ᠃

   ᠬᠠᠪᠤᠷ᠎ᠤᠨ ᠤᠯᠠᠷᠢᠯ᠎ᠳᠤ ᠨᠢᠭᠡ ᠮᠥᠬᠦᠯᠢᠭ ᠨᠠᠷᠢᠮᠤ ᠲᠠᠷᠢᠵᠦ᠂ ᠨᠠᠮᠤᠷ᠎ᠤᠨ ᠬᠤᠷᠢᠶᠠᠯᠲᠠ᠎ᠳᠤ ᠲᠦᠮᠡᠨ ᠮᠥᠬᠦᠯᠢᠭ ᠠᠮᠤ ᠬᠤᠷᠢᠶᠠᠳᠠᠭ᠃ ᠡᠨᠡ ᠵᠢᠯ᠎ᠠᠴᠠ ᠨᠠᠭ᠋ᠠᠰᠢ᠂ ᠪᠤᠭᠤᠲᠤ ᠬᠤᠲᠠ ᠴᠢᠬᠤᠯᠠ ᠶᠡᠭᠡ ᠲᠥᠷᠥᠯ ᠵᠦᠢ᠍ᠯ ᠵᠶ᠋ᠠᠷ ᠰᠠᠭᠤᠷᠢ ᠪᠣᠯᠭ᠋ᠠᠵᠤ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠥᠩᠭᠡᠷᠡᠯᠲᠡ᠎ᠪᠠᠷ ᠤᠳᠤᠷᠢᠳᠤᠮᠵᠢ ᠪᠣᠯᠭ᠋ᠠᠵᠤ᠂ ᠮᠡᠷᠭᠡᠵᠢᠯ᠎ᠤᠨ ᠡᠨᠧᠷᠭᠢ ᠣᠯᠭᠤᠬᠤ᠂ ᠶᠠᠪᠤᠴᠠ ᠵᠢ ᠳᠠᠬᠢᠨ ᠡᠭᠦᠳᠬᠦ ᠪᠠ ᠲᠦᠷᠢᠮ᠎ᠤᠨ ᠰᠢᠨ᠎ᠡ ᠡᠭᠦᠳᠦᠯᠲᠡ᠎ᠪᠠᠷ ᠳᠠᠮᠵᠢᠭᠤᠯᠤᠨ᠂ ᠴᠢᠬᠤᠯᠠ ᠶᠡᠬᠡ ᠲᠦᠷᠦᠯ ᠵᠦᠢ᠍ᠯ᠎ᠢ 《ᠴᠠᠭ᠋ᠠᠰᠤᠨ ᠳᠡᠭᠡᠷ᠎ᠡ》᠎ᠠᠴᠠ 《ᠭᠠᠵᠠᠷ ᠳᠡᠭᠡᠷ᠎ᠡ》 ᠪᠣᠯᠭ᠋ᠠᠬᠤ᠎ᠳᠤ ᠬᠦᠴᠦᠨ ᠨᠡᠮᠡᠷᠢᠯᠡᠪᠡ᠃ ᠬᠤᠪᠣᠷ ᠰᠢᠷᠣᠶ ᠵᠢᠨ ᠦᠢ᠍ᠯᠡᠳᠪᠦᠷᠢ ᠵᠢᠨ ᠲᠠᠰᠤᠭ᠎ᠠᠴᠠ ᠬᠡᠷᠡᠯ ᠴᠡᠨᠡᠭ᠎ᠤᠨ ᠬᠦᠷᠢᠶᠡᠯᠡᠩ ᠬᠦᠷᠲᠡᠯ᠎ᠡ᠂ ᠡᠨᠧᠷᠭᠢ ᠬᠠᠳᠠᠭ᠋ᠠᠯᠠᠬᠤ ᠰᠠᠭᠤᠷᠢᠨ ᠭᠠᠵᠠᠷ᠎ᠠᠴᠠ ᠤᠰᠤᠲᠥ᠋ᠷᠥᠭᠴᠢ ᠵᠢᠨ ᠡᠨᠧᠷᠭᠢ ᠵᠢᠨ ᠬᠤᠭᠤᠯᠠᠶ ᠱᠤᠭᠤᠮ ᠬᠦᠷᠲᠡᠯ᠎ᠡ᠂ ᠲᠥᠷᠥᠯ ᠵᠦᠢ᠍ᠯ ᠨᠢᠭᠡᠪᠦᠷᠢ ᠵᠢᠨ ᠠᠮᠢᠰᠬᠤᠭ᠎ᠠ ᠠᠪᠬᠤ᠎ᠨᠢ ᠴᠥᠮ ᠠᠳᠠᠯᠢ ᠨᠢᠭᠡᠨ ᠢᠲᠡᠭᠡᠯ ᠵᠣᠷᠢᠭ ᠵᠶ᠋ᠠᠨ ᠢᠯᠡᠳᠬᠡᠵᠦ ᠪᠠᠶ᠋ᠢᠨ᠎ᠠ᠄ 《ᠲᠥᠯᠥᠪᠵᠢᠭᠦᠯᠭᠡ ᠵᠢᠨ ᠵᠢᠷᠤᠭ》᠎ᠢ 《ᠪᠠᠷᠢᠯᠭ᠎ᠠ ᠵᠢᠨ ᠵᠢᠷᠤᠭ》 ᠪᠣᠯᠭ᠋ᠠᠵᠤ᠂ 《ᠴᠠᠭ᠎ᠤᠨ ᠬᠦᠰᠦᠨᠦᠭᠲᠦ》 ᠵᠢ 《ᠵᠠᠮ᠎ᠤᠨ ᠬᠡᠮᠵᠢᠭᠦᠷ》 ᠪᠣᠯᠭ᠋ᠠᠵᠤ᠂ ᠨᠢᠭᠡᠨ 《ᠴᠢᠬᠤᠯᠠ ᠶᠡᠭᠡ ᠲᠥᠷᠥᠯ ᠵᠦᠢ᠍ᠯ᠎ᠤᠨ ᠣᠷᠣᠶ᠎ᠨᠢ ᠰᠦᠨᠳᠡᠷᠯᠡᠵᠦ᠂ ᠠᠵᠤ ᠦᠢ᠍ᠯᠡᠰ᠎ᠤᠨ ᠰᠢᠨ᠎ᠡ ᠣᠳᠣᠨ ᠲᠩᠷᠢ ᠭᠠᠵᠠᠷ᠎ᠢ ᠪᠦᠷᠬᠦᠭᠰᠡᠨ》 ᠰᠦᠷᠯᠢᠭ ᠰᠠᠶ᠋ᠢᠬᠠᠨ ᠵᠢᠷᠤᠭ᠎ᠢ ᠠᠭ᠋ᠠᠵᠢᠮ ᠵᠶ᠋ᠠᠷ ᠳᠡᠯᠭᠡᠷᠡᠭᠦᠯᠵᠦ ᠪᠠᠶ᠋ᠢᠨ᠎ᠠ᠃ (ᠦᠰᠦᠭ / ᠰᠤᠷᠪᠤᠯᠵᠢᠯᠠᠭᠴᠢ ᠯᠢ ᠺᠠᠢ ᠵᠢᠨ   ᠵᠢᠷᠤᠭ / ᠰᠤᠷᠪᠤᠯᠵᠢᠯᠠᠭᠴᠢ ᠵᠤ᠌ ᠵᠢᠶᠠ ᠯᠧ)

 

ᠢᠷᠡᠯᠲᠡ᠄ ᠪᠤᠭᠤᠲᠤ ᠵᠢᠨ ᠡᠳᠦᠷ᠎ᠤᠨ ᠰᠣᠨᠢᠨ