ᠥᠪᠥᠷ ᠮᠣᠩᠭᠤᠯ᠎ᠤᠨ ᠵᠡᠭᠦᠨ ᠬᠡᠰᠡᠭ᠎ᠤᠨ ᠠᠩᠬᠠᠳᠠᠭᠴᠢ ᠤᠰᠤ ᠲᠠᠲᠠᠵᠤ ᠡᠨᠧᠷᠭᠢ ᠬᠠᠳᠠᠭ᠋ᠠᠯᠠᠬᠤ ᠲᠥᠷᠥᠯ ᠵᠦᠢ᠍ᠯ ᠳᠠᠬᠢᠨᠲᠠ ᠰᠢᠨ᠎ᠡ ᠠᠬᠢᠴᠠ᠎ᠲᠠᠢ ᠪᠣᠯᠪᠠ
2025-06-05

   ᠣᠢ᠌ᠷ᠎ᠠ᠎ᠳᠤ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠭᠠᠵᠠᠷ ᠣᠷᠣᠨ᠎ᠤ ᠠᠩᠬᠠᠳᠠᠭᠴᠢ ᠤᠰᠤ ᠲᠠᠲᠠᠵᠤ ᠡᠨᠧᠷᠭᠢ ᠬᠠᠳᠠᠭ᠋ᠠᠯᠠᠬᠤ ᠲᠥᠷᠥᠯ ᠵᠦᠢ᠍ᠯ — ᠥᠪᠥᠷ ᠮᠣᠩᠭᠣᠯ᠎ᠤᠨ ᡁᠢ ᠷᠦᠢ ᠤᠰᠤ ᠲᠠᠲᠠᠵᠤ ᠡᠨᠧᠷᠭᠢ ᠬᠠᠳᠠᠭ᠋ᠠᠯᠠᠬᠤ ᠴᠠᠬᠢᠯᠭ᠋ᠠᠨ ᠥᠷᠲᠡᠭᠡᠨ᠎ᠤ ᠢᠨᠵᠧᠨᠧᠷᠢᠩ᠂ ᠤᠰᠤ ᠬᠠᠳᠠᠭ᠋ᠠᠯᠠᠬᠤ ᠱᠠᠲᠤᠨ᠎ᠤ ᠪᠦᠲᠦᠭᠡᠨ ᠪᠠᠢ᠌ᠭᠤᠯᠤᠯᠲᠠ᠎ᠳᠤ ᠭᠠᠵᠠᠷ ᠲᠠᠲᠠᠪᠤᠷᠢᠯᠠᠭᠰᠠᠨ ᠨᠡᠭᠦᠳᠡᠯ ᠠᠷᠠᠳ᠎ᠢ ᠲᠥᠪᠬᠢᠨᠡᠭᠦᠯᠬᠦ ᠠᠵᠢᠯ᠎ᠨᠢ ᠥᠪᠡᠷᠲᠡᠭᠡᠨ ᠵᠠᠰᠠᠬᠤ ᠣᠷᠣᠨ᠎ᠤ ᠡᠴᠦᠰ᠎ᠤᠨ ᠰᠢᠯᠭ᠋ᠠᠯᠲᠠ ᠵᠢ ᠥᠩᠭᠡᠷᠡᠭᠡᠵᠦ᠂ ᠡᠨᠡ᠎ᠨᠢ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠪᠡᠯᠭᠡ ᠲᠡᠮᠳᠡᠭ᠎ᠤᠨ ᠬᠡᠯᠪᠡᠷᠢ ᠵᠢᠨ ᠰᠢᠪᠲᠤᠯᠤᠯᠲᠠ᠎ᠲᠠᠢ ᠪᠣᠯᠤᠭᠰᠠᠨ᠎ᠢ ᠬᠠᠷᠠᠭᠤᠯᠵᠤ᠂ ᠬᠤᠢ᠌ᠨᠠᠬᠢ ᠢᠨᠵᠧᠨᠧᠷᠢᠩ᠎ᠤᠨ ᠤᠰᠤ ᠬᠠᠳᠠᠭ᠋ᠠᠯᠠᠬᠤ᠂ ᠴᠠᠬᠢᠯᠭ᠋ᠠᠨ ᠦᠷᠲᠡᠭᠡᠨ᠎ᠤ 2026 ᠣᠨ᠎ᠳᠤ ᠠᠩᠬᠠᠨ᠎ᠤ ᠮᠠᠰᠢᠨ ᠴᠣᠭᠴᠠᠯᠠᠪᠤᠷᠢ ᠲᠣᠭᠲᠠᠭᠰᠠᠨ ᠬᠤᠭᠤᠴᠠᠭ᠋ᠠᠨ᠎ᠳᠤ ᠠᠰᠢᠭᠯᠠᠯᠲᠠ᠎ᠳᠤ ᠣᠷᠣᠵᠤ ᠴᠠᠬᠢᠯᠭ᠋ᠠᠨ ᠭᠠᠷᠭ᠋ᠠᠬᠤ᠎ᠳᠤ ᠪᠠᠲᠤ ᠪᠡᠬᠢ ᠰᠠᠭᠤᠷᠢ ᠲᠠᠯᠪᠢᠵᠤ ᠥᠭᠴᠡᠢ᠃

   ᠲᠣᠰ ᠤᠳᠠᠭ᠋ᠠᠨ᠎ᠤ ᠰᠢᠯᠭ᠋ᠠᠨ ᠠᠪᠬᠤ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠥᠪᠡᠷᠲᠡᠭᠡᠨ ᠵᠠᠰᠠᠬᠤ ᠣᠷᠣᠨ᠎ᠤ ᠬᠦᠭᠵᠢᠭᠦᠯᠦᠯᠲᠡ ᠪᠠ ᠦᠭᠡᠷᠡᠴᠢᠯᠡᠯᠲᠠ ᠵᠢᠨ ᠵᠦᠪᠯᠡᠯ ᠤᠰᠤᠨ ᠠᠰᠢᠭᠯᠠᠯᠲᠠ ᠵᠢᠨ ᠲᠢᠩᠬᠢᠮ᠎ᠲᠠᠢ ᠬᠤᠯᠪᠤᠭ᠋ᠠᠯᠠᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠨᠧᠷᠭᠢ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ᠂ ᠤᠯᠠᠭ᠋ᠠᠨᠬᠠᠳᠠ ᠬᠤᠲᠠ ᠵᠢᠨ ᠵᠠᠰᠠᠭ᠎ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ  ᠮᠥᠴᠢᠷ᠂ ᠬᠡᠰᠢᠭᠲᠡᠨ ᠬᠤᠰᠢᠭᠤᠨ᠎ᠤ ᠵᠠᠰᠠᠭ᠎ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠦᠪᠦᠷ ᠮᠤᠩᠭᠤᠯ᠎ᠤᠨ ᠤᠯᠠᠭ᠋ᠠᠨᠬᠠᠳᠠ ᠵᠢᠨ ᠤᠰᠤ ᠲᠠᠲᠠᠵᠤ ᠡᠨᠧᠷᠭᠢ ᠬᠠᠳᠠᠭ᠋ᠠᠯᠠᠬᠤ ᠬᠢᠵᠠᠭ᠋ᠠᠷᠲᠤ ᠺᠣᠮᠫᠠᠨᠢ᠂ ᠳᠤᠮᠳᠠᠳᠤ ᠤᠯᠤᠰ᠎ᠤᠨ ᠴᠠᠬᠢᠯᠭ᠋ᠠᠨ ᠬᠦᠴᠦᠨ᠎ᠤ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠪᠡᠭᠡᠵᠢᠩ᠎ᠤᠨ ᠬᠠᠶ᠋ᠢᠨ ᠬᠡᠮᠵᠢᠵᠦ ᠵᠢᠷᠤᠵᠤ ᠲᠥᠯᠥᠪᠯᠡᠬᠦ ᠰᠤᠳᠤᠯᠭ᠋ᠠᠨ᠎ᠤ ᠬᠦᠷᠢᠶᠡᠯᠡᠩ᠎ᠤᠨ ᠬᠢᠵᠠᠭ᠋ᠠᠷᠲᠤ ᠺᠣᠮᠫᠠᠨᠢ᠂ ᠳᠤᠮᠳᠠᠳᠤ ᠤᠯᠤᠰ᠎ᠤᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠵᠥᠪᠯᠡᠯᠭᠡ ᠥᠭᠬᠦ ᠪᠡᠭᠡᠵᠢᠩ᠎ᠤᠨ ᠬᠢᠵᠠᠭ᠋ᠠᠷᠲᠤ ᠺᠣᠮᠫᠠᠨᠢ ᠵᠢᠴᠢ ᠣᠨᠴᠠ ᠤᠷᠢᠭᠰᠠᠨ ᠲᠤᠰᠬᠠᠶ ᠮᠡᠷᠭᠡᠵᠢᠯᠲᠡᠨ ᠵᠶ᠋ᠠᠷ ᠪᠦᠷᠢᠯᠳᠦᠭᠰᠡᠨ ᠰᠢᠯᠭ᠋ᠠᠨ ᠠᠪᠬᠤ ᠵᠥᠪᠯᠡᠯ᠎ᠲᠠᠢ  ᠬᠠᠮᠲᠤᠷᠠᠨ᠂ ᠲᠤᠬᠠᠶ ᠵᠢᠨ ᠭᠠᠵᠠᠷ᠎ᠲᠤᠨᠢ ᠬᠢᠨᠠᠨ ᠪᠠᠶ᠋ᠢᠴᠠᠭ᠋ᠠᠬᠤ᠂ ᠲᠠᠩᠰᠠ ᠡᠪᠬᠡᠮᠡᠯ᠎ᠢ ᠬᠢᠨᠠᠨ ᠦᠵᠡᠬᠦ᠂ ᠲᠤᠰᠬᠠᠶ ᠰᠡᠳᠦᠪ ᠵᠶ᠋ᠠᠷ ᠰᠤᠳᠤᠯᠤᠨ ᠶᠠᠷᠢᠯᠴᠠᠬᠤ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ ᠢᠨᠵᠧᠨᠧᠷᠢᠩ᠎ᠤᠨ ᠤᠰᠤ ᠬᠠᠳᠠᠭ᠋ᠠᠯᠠᠬᠤ ᠱᠠᠲᠤᠨ᠎ᠤ ᠨᠡᠭᠦᠳᠡᠯ ᠠᠷᠠᠳ᠎ᠢ ᠲᠥᠪᠬᠢᠨᠡᠭᠦᠯᠬᠦ ᠡᠭᠦᠷᠭᠡ ᠵᠢ ᠨᠢᠭᠡᠨᠲᠡ ᠪᠥᠬᠦ ᠲᠠᠯ᠎ᠠ᠎ᠪᠠᠷ ᠪᠡᠶᠡᠯᠡᠭᠦᠯᠦᠭᠰᠡᠨ᠎ᠢ ᠨᠤᠲᠠᠯᠠᠪᠠ᠃

   ᠥᠪᠥᠷ ᠮᠣᠩᠭᠤᠯ᠎ᠤᠨ ᡁᠢ ᠷᠦᠢ ᠤᠰᠤ ᠲᠠᠲᠠᠵᠤ ᠡᠨᠧᠷᠭᠢ ᠬᠠᠳᠠᠭ᠋ᠠᠯᠠᠬᠤ ᠴᠠᠬᠢᠯᠭ᠋ᠠᠨ ᠥᠷᠲᠡᠭᠡ᠎ᠨᠢ ᠬᠡᠰᠢᠭᠲᠡᠨ ᠬᠤᠰᠢᠭᠤᠨ᠎ᠤ ᡁᠢ ᠷᠦᠢ ᠪᠠᠯᠭ᠋ᠠᠰᠤᠨ᠎ᠳᠤ ᠪᠠᠶ᠋ᠢᠷᠢᠯᠠᠵᠤ᠂ ᠶᠡᠷᠦᠩᠬᠡᠶ ᠪᠠᠯᠠ ᠣᠷᠣᠭᠤᠯᠤᠯᠲᠠ᠎ᠨᠢ ᠪᠠᠷᠤᠭ 83.08 ᠳ᠋ᠦᠩᠰᠢᠭᠤᠷ ᠲᠥᠭᠦᠷᠢᠭ᠎ᠲᠤ ᠬᠦᠷᠴᠦ᠂ ᠮᠠᠰᠢᠨ ᠴᠣᠭᠴᠠᠯᠠᠪᠤᠷᠢ ᠵᠢᠨ ᠶᠡᠷᠦᠩᠬᠡᠶ ᠪᠠᠭᠲᠠᠭ᠋ᠠᠮᠵᠢ᠎ᠨᠢ 1200 ᠰᠠᠶ᠎ᠠ ᠸᠠᠲ᠂ 4 ᠰᠠᠤᠷᠢ 300 ᠰᠠᠶ᠎ᠠ ᠸᠠᠲ᠎ᠤᠨ ᠰᠥᠷᠭᠡᠦ ᠮᠠᠶᠢᠭ᠎ᠤᠨ ᠮᠠᠰᠢᠨ ᠴᠣᠭᠴᠠᠯᠠᠪᠤᠷᠢ ᠤᠭᠰᠠᠷᠠᠬᠤ᠎ᠪᠠᠷ ᠲᠥᠯᠥᠪᠯᠡᠵᠦ᠂ ᠵᠢᠯ᠎ᠤᠨ ᠴᠠᠬᠢᠯᠭ᠋ᠠᠨ ᠭᠠᠷᠭ᠋ᠠᠬᠤ ᠬᠡᠮᠵᠢᠶ᠎ᠡ ᠵᠢ 20.08 ᠳ᠋ᠦᠩᠰᠢᠭᠤᠷ ᠺᠢᠯᠣᠸᠠᠲ ᠴᠠᠭ᠎ᠲᠤ ᠬᠦᠷᠭᠡᠨ᠎ᠡ᠃ ᠲᠥᠷᠥᠯ ᠵᠦᠢ᠍ᠯ᠎ᠢ 2019 ᠣᠨ᠎ᠤ 8 ᠳ᠋ᠤᠭ᠋ᠠᠷ ᠰᠠᠷ᠎ᠠ᠎ᠳᠤ ᠡᠬᠢᠯᠡᠭᠦᠯᠵᠦ᠂ ᠵᠢᠱ᠌ᠢᠯᠲᠡ᠎ᠪᠠᠷ 2026 ᠣᠨ᠎ᠤ ᠡᠴᠦᠰ᠎ᠲᠤ ᠠᠩᠬᠠᠳᠠᠭᠴᠢ ᠮᠠᠰᠢᠨ ᠴᠣᠭᠴᠠᠯᠠᠪᠤᠷᠢ ᠵᠢ ᠠᠰᠢᠭᠯᠠᠯᠲᠠ᠎ᠳᠤ ᠣᠷᠣᠭᠤᠯᠵᠤ᠂ 2027 ᠣᠨ᠎ᠤ ᠡᠴᠦᠰ᠎ᠲᠤ ᠪᠥᠬᠦ ᠲᠠᠯ᠎ᠠ᠎ᠪᠠᠷ ᠲᠣᠤᠷ᠎ᠲᠤ ᠨᠡᠶ᠋ᠢᠯᠡᠭᠦᠯᠦᠨ ᠴᠠᠬᠢᠯᠭ᠋ᠠᠨ ᠭᠠᠷᠭ᠋ᠠᠬᠤ ᠪᠣᠯᠤᠨ᠎ᠠ᠃ ᠴᠠᠬᠢᠯᠭ᠋ᠠᠨ ᠥᠷᠲᠡᠭᠡ᠎ᠨᠢ ᠠᠰᠢᠭᠯᠠᠯᠲᠠ᠎ᠳᠤ ᠤᠷᠤᠭᠰᠠᠨ᠎ᠤ ᠳᠠᠷᠠᠭ᠎ᠠ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠲᠣᠣᠷ᠎ᠲᠤ ᠣᠷᠭᠢᠯ᠎ᠢ ᠲᠣᠬᠢᠷᠠᠭᠤᠯᠬᠤ᠂ ᠬᠥᠨᠳᠡᠢ ᠵᠢ ᠪᠥᠭᠯᠡᠬᠦ᠂ ᠳᠠᠪᠳᠠᠮᠵᠢ ᠲᠣᠬᠢᠷᠠᠭᠤᠯᠬᠤ᠂ ᠪᠠᠴᠢᠮ ᠪᠡᠯᠡᠳᠬᠡᠯ ᠵᠡᠷᠭᠡ ᠣᠯᠠᠨ ᠲᠠᠯ᠎ᠠ ᠵᠢᠨ ᠴᠢᠳᠠᠮᠵᠢ ᠬᠠᠩᠭ᠋ᠠᠬᠤ ᠪᠣᠯᠣᠨ᠎ᠠ᠃ ᠲᠥᠷᠥᠯ ᠵᠦᠢ᠍ᠯ᠎ᠤᠨ ᠲᠠᠯ᠎ᠠ᠎ᠪᠠᠷ ᠢᠯᠡᠳᠲᠡ ᠠᠮᠢ ᠠᠬᠤᠶ ᠬᠢᠭᠡᠳ ᠠᠵᠤ ᠠᠬᠤᠶ ᠵᠢᠨ ᠦᠷ᠎ᠡ ᠠᠰᠢᠭ᠎ᠲᠠᠢ ᠪᠠᠶ᠋ᠢᠵᠤ᠂ ᠵᠢᠱ᠌ᠢᠯᠲᠡ᠎ᠪᠠᠷ ᠵᠢᠯ ᠪᠦᠷᠢ ᠰᠠᠯᠬᠢᠨ ᠬᠦᠴᠦᠨ᠎ᠤ ᠴᠠᠬᠢᠯᠭ᠋ᠠᠨ᠎ᠤ ᠬᠠᠶᠠᠭᠳᠠᠮᠠᠯ ᠴᠠᠬᠢᠯᠭ᠋ᠠᠨ᠎ᠤ ᠬᠡᠮᠵᠢᠶ᠎ᠡ ᠵᠢ 7.16 ᠳ᠋ᠦᠩᠰᠢᠭᠤᠷ ᠺᠢᠯᠣᠸᠠᠲ ᠴᠠᠭ ᠪᠠᠭ᠋ᠠᠰᠬᠠᠵᠤ᠂ ᠪᠠᠷᠢᠮᠵᠢᠶᠠᠲᠤ ᠨᠡᠭᠦᠷᠡᠰᠦ ᠵᠢ 16.87 ᠲᠦᠮᠡᠨ ᠲᠣᠨ ᠠᠷᠪᠢᠯᠠᠵᠤ᠂ ᠴᠠᠬᠢᠯᠭ᠋ᠠᠨ ᠬᠦᠴᠦᠨ᠎ᠤ ᠰᠢᠰᠲ᠋ᠧᠮ᠎ᠤᠨ ᠠᠵᠢᠯᠯᠠᠭ᠋ᠠᠨ ᠵᠢᠴᠢ ᠰᠢᠲᠠᠭ᠋ᠠᠯᠭ᠎ᠠ ᠵᠢᠨ ᠵᠠᠷᠤᠳᠠᠯ᠎ᠢ 2.2 ᠳ᠋ᠦᠩᠰᠢᠭᠤᠷ ᠲᠥᠭᠦᠷᠢᠭ ᠠᠷᠪᠢᠯᠠᠨ᠎ᠠ᠃  (ᠪᠦᠷᠢᠨ ᠵᠠᠭᠤᠴᠢᠯᠠᠭᠤᠷ᠎ᠤᠨ ᠰᠤᠷᠪᠤᠯᠵᠢᠯᠠᠭᠴᠢ᠄ ᠸᠠᠩ ᠰᠢᠨ ᠴᠣᠣ)

 

ᠢᠷᠡᠯᠲᠡ᠄ ᠤᠯᠠᠭ᠋ᠠᠨᠬᠠᠳᠠ ᠵᠢᠨ ᠬᠠᠮ ᠵᠠᠭᠤᠴᠢᠯᠠᠭᠤᠷ