ᠲᠤᠰ ᠰᠣᠨᠢᠨ᠎ᠤ 7 ᠳ᠋ᠤᠭᠠᠷ ᠰᠠᠷ᠎ᠠ᠎ᠶ᠋ᠢᠨ 5 ᠤ ᠡᠳᠦᠷ᠎ᠤᠨ ᠮᠡᠳᠡᠭᠡ (ᠰᠤᠷᠪᠤᠯᠵᠢᠯᠠᠭ᠍ᠴᠢ ᠠᠨᠢᠷ) ᠰᠤᠷᠪᠤᠯᠵᠢᠯᠠᠭ᠍ᠴᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠠᠴᠠ ᠣᠢᠯᠠᠭᠠᠭ᠍ᠰᠠᠨ᠎ᠢᠶᠠᠷ᠂ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠤᠯᠢ (ᠵᠠᠰᠠᠪᠤᠷᠢ ᠣᠷᠣᠭᠤᠯᠤᠭ᠍ᠰᠠᠨ ᠲᠥᠰᠦᠯ) 》 ᠶ᠋ᠢ 2025 ᠣᠨ᠎ᠤ 7 ᠳ᠋ᠤᠭᠠᠷ ᠰᠠᠷ᠎ᠠ᠎ᠶ᠋ᠢᠨ 1 ᠤ ᠡᠳᠦᠷ᠎ᠠᠴᠠ ᠡᠬᠢᠯᠡᠵᠦ᠍ ᠬᠡᠷᠡᠭ᠌ᠵᠢᠭᠦᠯᠦᠨ᠎ᠡ᠃ ᠥᠪᠥᠷ ᠮᠣᠩᠭᠤᠯ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ ᠵᠢᠴᠢ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠭᠠᠵᠠᠷ ᠪᠣᠯᠤᠭ᠍ᠰᠠᠨ᠎ᠤ ᠬᠤᠪᠢ᠎ᠳᠤ᠂ ᠣᠢᠷ᠎ᠠ᠎ᠶ᠋ᠢᠨ ᠵᠢᠯ᠎ᠳᠤ ᠤᠯᠤᠰ᠎ᠤᠨ ᠶᠡᠷᠦᠩᠬᠡᠶ ᠠᠮᠤᠷ ᠲᠦᠪᠱᠢᠨ᠎ᠤ ᠦᠵᠡᠯᠲᠡ᠎ᠶ᠋ᠢ ᠡᠷᠡᠰ ᠭᠤᠢᠪᠢᠰᠢ ᠥᠬᠡᠶ ᠲᠤᠭᠤᠱᠢᠯᠠᠭᠤᠯᠵᠤ᠂ ᠠᠭᠤᠷᠬᠠᠶ᠎ᠶ᠋ᠢᠨ ᠦᠢᠯᠡᠰ᠎ᠤᠨ ᠬᠥᠭ᠌ᠵᠢᠯᠲᠡ ᠪᠠ ᠠᠮᠢ ᠠᠬᠤᠶ᠎ᠶ᠋ᠢᠨ ᠰᠡᠷᠭᠦᠭᠡᠯᠲᠡ᠎ᠶ᠋ᠢ ᠨᠢᠭᠡᠳᠦᠯᠲᠡᠶ ᠲᠥᠯᠥᠪᠯᠡᠨ᠂ ᠱᠢᠨ᠎ᠡ ᠨᠢᠭᠡ ᠡᠭᠡᠯᠵᠢ᠎ᠶ᠋ᠢᠨ ᠠᠭᠤᠷᠬᠠᠶ᠎ᠶ᠋ᠢ ᠡᠷᠢᠬᠦ᠌ ᠱᠢᠪᠲᠤᠯᠤᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠠᠵᠢᠯᠯᠠᠭ᠎ᠠ᠎ᠶ᠋ᠢ ᠶᠡᠭᠡ᠎ᠪᠠᠷ ᠠᠬᠢᠭᠤᠯᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠬᠦᠷᠢᠶᠡᠨ᠎ᠳᠠᠬᠢ ᠠᠶᠤᠯ ᠦᠭᠡᠢ ᠦᠢᠯᠡᠳᠪᠦᠷᠢᠯᠡᠯ᠎ᠢ ᠴᠢᠩᠭᠠᠳᠭᠠᠨ᠂ ᠤᠯᠤᠰ᠎ᠤᠨ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠠᠮᠤᠷ ᠲᠦᠪᠱᠢᠨ᠎ᠢ ᠪᠠᠲᠤᠯᠠᠪᠠ᠃
ᠥᠪᠥᠷ ᠮᠣᠩᠭᠤᠯ᠎ᠤᠨ ᠭᠠᠵᠠᠷ᠎ᠤᠨ ᠳᠠᠪᠬᠤᠷᠭ᠎ᠠ᠎ᠶ᠋ᠢᠨ ᠪᠤᠢᠵᠢᠯᠲᠠ ᠪᠦᠷᠢᠨ ᠭᠦᠢᠴᠡᠳ ᠪᠠᠢᠵᠤ᠂ ᠶᠡᠭᠡ ᠬᠢᠩᠭᠠᠨ ᠳᠠᠪᠠᠭ᠎ᠠ᠎ᠶ᠋ᠢᠨ ᠡᠷᠦᠳᠡᠰᠦ᠎ᠶ᠋ᠢᠨ ᠪᠦᠰᠡ᠂ ᠬᠤᠢᠲᠤ ᠠᠭᠤᠯᠠ᠎ᠶ᠋ᠢᠨ ᠡᠷᠦᠳᠡᠰᠦ᠎ᠶ᠋ᠢᠨ ᠪᠦᠰᠡ ᠵᠡᠷᠭᠡ ᠣᠯᠠᠨ ᠠᠭᠤᠷᠬᠠᠢ᠎ᠶ᠋ᠢᠨ ᠪᠦᠷᠢᠯᠳᠦᠭ᠌ᠰᠡᠨ ᠣᠷᠣᠨ᠎ᠤ ᠪᠦᠰᠡᠲᠠᠢ᠂ ᠡᠬᠢ ᠪᠠᠶᠠᠯᠢᠭ᠎ᠤᠨ ᠳᠠᠪᠠᠭᠤᠯᠢᠭ ᠨᠢ ᠢᠯᠡᠷᠬᠡᠢ ᠪᠠᠢᠳᠠᠭ᠃ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ ᠭᠠᠵᠠᠷ ᠱᠢᠨᠵᠢᠯᠡᠭᠡᠨ᠎ᠤ ᠬᠠᠢᠨ ᠪᠠᠢᠴᠠᠭᠠᠯᠲᠠ᠎ᠶ᠋ᠢᠨ ᠲᠠᠯ᠎ᠠ᠎ᠪᠠᠷ ᠨᠡᠢᠲᠡ 26.1 ᠳ᠋ᠦᠩᠱᠢᠭᠤᠷ ᠲᠥᠭᠦᠷᠢᠭ᠎ᠤᠨ ᠪᠡᠯᠡ ᠣᠷᠣᠭᠤᠯᠵᠤ᠂ ᠲᠡᠮᠦᠷ᠂ ᠨᠢᠤᠪᠢ᠂ ᠬᠤᠪᠣᠷ ᠱᠢᠷᠣᠶ ᠠᠭᠤᠯᠤᠭ᠍ᠳᠠᠵᠤ ᠪᠠᠢᠭ᠎ᠠ ᠪᠠᠶᠬᠠᠤᠪᠤᠭ᠎ᠠ᠎ᠶ᠋ᠢᠨ ᠠᠭᠤᠷᠬᠠᠶ᠎ᠶ᠋ᠢᠨ ᠪᠦᠰᠡ ᠵᠡᠷᠭᠡ ᠶᠡᠭᠡ ᠬᠡᠮᠵᠢᠶᠡᠨ᠎ᠤ ᠠᠭᠤᠷᠬᠠᠶ᠎ᠶ᠋ᠢᠨ ᠡᠬᠢ ᠪᠠᠶᠠᠯᠢᠭ᠎ᠢ ᠪᠠᠢᠴᠠᠭᠠᠨ ᠳᠣᠲᠣᠯᠠᠪᠠ᠃ 2021 ᠣᠨ᠎ᠠᠴᠠ 2024 ᠣᠨ ᠪᠣᠯᠲᠠᠯ᠎ᠠ᠂ ᠥᠪᠥᠷ ᠮᠣᠩᠭᠤᠯ ᠨᠡᠢᠲᠡ 26.55 ᠳ᠋ᠦᠩᠱᠢᠭᠤᠷ ᠲᠥᠭᠦᠷᠢᠭ᠎ᠤᠨ ᠨᠡᠢᠭᠡᠮ᠎ᠤᠨ ᠪᠠᠯᠠ ᠮᠥᠩᠭᠦ᠎ᠶ᠋ᠢ ᠳᠠᠢᠴᠢᠯᠠᠨ ᠭᠠᠵᠠᠷ ᠱᠢᠨᠵᠢᠯᠡᠭᠡᠨ᠎ᠤ ᠬᠠᠢᠨ ᠪᠠᠢᠴᠠᠭᠠᠯᠲᠠ᠎ᠶ᠋ᠢᠨ ᠠᠵᠢᠯ᠎ᠳᠤ ᠣᠷᠣᠯᠴᠠᠭᠤᠯᠵᠤ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠳᠠᠭᠠᠯᠠᠭ᠍ᠳᠠᠴᠠ ᠲᠦᠷᠭᠡᠨ ᠨᠡᠮᠡᠭ᠌ᠳᠡᠬᠦ᠌᠎ᠶ᠋ᠢ ᠪᠡᠶᠡᠯᠡᠭᠦᠯᠪᠡ᠂ ᠵᠢᠱ᠌ᠢᠶᠡᠯᠡᠪᠡᠯ ᠲᠡᠮᠦᠷ᠎ᠤᠨ ᠬᠦᠳᠡᠷ᠎ᠤᠨ ᠱᠢᠨ᠎ᠡ᠎ᠪᠠᠷ ᠨᠡᠮᠡᠭ᠌ᠳᠡᠭ᠌ᠰᠡᠨ ᠡᠬᠢ ᠪᠠᠶᠠᠯᠢᠭ 7.18 ᠳ᠋ᠦᠩᠱᠢᠭᠤᠷ ᠲᠣᠨ᠂ ᠠᠯᠲᠠ᠎ᠶ᠋ᠢᠨ ᠱᠢᠨ᠎ᠡ᠎ᠪᠠᠷ ᠨᠡᠮᠡᠭ᠌ᠳᠡᠭ᠌ᠰᠡᠨ ᠡᠬᠢ ᠪᠠᠶᠠᠯᠢᠭ 364 ᠲᠣᠨ᠂ ᠮᠣᠯᠢᠪᠳᠧᠨᠤ ᠱᠢᠨ᠎ᠡ᠎ᠪᠠᠷ ᠨᠡᠮᠡᠭ᠌ᠳᠡᠭ᠌ᠰᠡᠨ ᠡᠬᠢ ᠪᠠᠶᠠᠯᠢᠭ 114.27 ᠲᠦᠮᠡᠨ ᠲᠣᠨ ᠪᠣᠯᠤᠨ᠎ᠠ᠃ ᠣᠳᠣᠬᠠᠨ᠎ᠳᠤ᠂ ᠪᠦᠬᠦ᠌ ᠣᠷᠣᠨ᠎ᠤ ᠡᠬᠢ ᠪᠠᠶᠠᠯᠢᠭ᠎ᠤᠨ ᠬᠠᠳᠠᠭᠠᠯᠠᠭ᠍ᠳᠠᠴᠠ᠎ᠶ᠋ᠢ ᠪᠠᠢᠴᠠᠭᠠᠨ ᠲᠣᠳᠣᠯᠠᠭ᠍ᠰᠠᠨ ᠠᠭᠤᠷᠬᠠᠶ᠎ᠶ᠋ᠢᠨ ᠭᠠᠷᠤᠯᠲᠠ 149 ᠵᠦᠢᠯ ᠪᠣᠶ᠂ ᠡᠭᠦᠨ᠎ᠳᠤ ᠨᠡᠭᠦᠷᠡᠰᠦ᠂ ᠬᠠᠷ᠎ᠠ ᠲᠤᠭᠤᠯᠭ᠎ᠠ᠂ ᠴᠠᠢᠷ᠂ ᠮᠥᠩᠭᠦ᠌᠂ ᠬᠤᠪᠣᠷ ᠱᠢᠷᠣᠶ ᠵᠡᠷᠭᠡ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠡᠮᠵᠢᠶ᠎ᠡ ᠪᠥᠬᠦ᠌ ᠤᠯᠤᠰ᠎ᠤᠨ ᠲᠡᠷᠢᠭᠦᠨ᠎ᠳᠤ ᠣᠷᠣᠪᠠ᠃
ᠱᠢᠨ᠎ᠡ ᠨᠢᠭᠡ ᠡᠭᠡᠯᠵᠢ᠎ᠶ᠋ᠢᠨ ᠠᠭᠤᠷᠬᠠᠶ ᠡᠷᠢᠬᠦ᠌ ᠱᠢᠪᠲᠤᠯᠤᠯᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠠᠵᠢᠯᠯᠠᠭ᠎ᠠ᠎ᠶ᠋ᠢᠨ ᠭᠦᠨᠵᠡᠭᠡᠶ ᠠᠭᠢᠬᠤ᠎ᠶ᠋ᠢ ᠳᠠᠭᠠᠯᠳᠤᠨ᠂ ᠥᠪᠥᠷ ᠮᠣᠩᠭᠤᠯ᠎ᠤᠨ ᠴᠢᠬᠤᠯᠠ ᠡᠨᠧᠷᠭᠢ ᠪᠠ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠨᠥᠭᠡᠴᠡ ᠭᠠᠷᠤᠯᠲᠠ᠎ᠶ᠋ᠢ ᠨᠡᠮᠡᠭ᠌ᠳᠡᠭᠦᠯᠵᠦ᠍᠂ ᠬᠠᠩᠭᠠᠯᠭ᠎ᠠ᠎ᠶ᠋ᠢ ᠪᠠᠲᠤᠯᠠᠬᠤ ᠴᠢᠳᠠᠪᠤᠷᠢ ᠴᠤ᠌ ᠲᠠᠰᠤᠷᠠᠯᠲᠠ ᠥᠬᠡᠶ ᠳᠡᠭᠡᠭ᠌ᠰᠢᠯᠡᠪᠡ᠃ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠠᠴᠠ ᠨᠠᠭᠠᠰᠢ᠂ ᠥᠪᠥᠷ ᠮᠣᠩᠭᠤᠯ᠎ᠤᠨ ᠨᠡᠭᠦᠷᠡᠰᠦᠨ᠎ᠤ ᠡᠬᠢ ᠪᠠᠶᠠᠯᠢᠭ ᠱᠢᠨ᠎ᠡ᠎ᠪᠠᠷ 257.92 ᠳ᠋ᠦᠩᠱᠢᠭᠤᠷ ᠲᠣᠨ ᠨᠡᠮᠡᠭ᠌ᠳᠡᠵᠦ᠍᠂ ᠪᠥᠬᠦ᠌ ᠤᠯᠤᠰ᠎ᠤᠨ ᠭᠤᠷᠪᠠᠨ᠎ᠤ ᠬᠤᠶᠠᠷ᠎ᠠᠴᠠ ᠳᠡᠭᠡᠭ᠌ᠰᠢᠬᠢ ᠮᠤᠵᠢ᠎ᠶ᠋ᠢᠨ ᠨᠡᠭᠦᠷᠡᠰᠦᠨ᠎ᠤ ᠬᠠᠩᠭᠠᠯᠭ᠎ᠠ᠎ᠶ᠋ᠢ ᠪᠠᠲᠤᠯᠠᠪᠠ᠃ ᠡᠭᠦᠨ᠎ᠠᠴᠠ ᠭᠠᠳᠠᠨ᠎ᠠ᠂ ᠨᠡᠭᠦᠷᠡᠰᠦᠨ ᠳᠠᠪᠬᠤᠷᠭ᠎ᠠ᠎ᠶ᠋ᠢᠨ ᠬᠡᠢ᠎ᠪᠠᠷ ᠨᠥᠬᠦᠪᠥᠷᠢᠯᠡᠬᠦ᠌ ᠴᠢᠨᠠᠷᠲᠠᠶ ᠡᠨᠧᠷᠭᠢ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠥᠷᠲᠡᠭ ᠡᠳᠦᠷ ᠢᠷᠡᠬᠦᠶ᠎ᠡ ᠲᠣᠪᠤᠢᠮ᠎ᠠ ᠪᠣᠯᠵᠤ ᠪᠠᠢᠨ᠎ᠠ᠃ ᠱᠢᠯᠢ᠎ᠶ᠋ᠢᠨ ᠭᠤᠤᠯ ᠠᠢᠮᠠᠭ᠎ᠤᠨ ᠱᠧᠩ ᠯᠢ ᠨᠡᠭᠦᠷᠡᠰᠦᠨ᠎ᠤ ᠠᠢ ᠰᠠᠪᠠ᠎ᠶ᠋ᠢᠨ ᠵᠡᠭᠦᠨ ᠨᠢᠭᠡᠳᠦᠭᠡᠷ ᠣᠷᠣᠨ᠎ᠳᠤ ᠨᠡᠭᠦᠷᠡᠰᠦᠨ ᠳᠠᠪᠬᠤᠷᠭ᠎ᠠ᠎ᠶ᠋ᠢᠨ ᠬᠡᠢ᠎ᠶ᠋ᠢᠨ ᠡᠬᠢ ᠪᠠᠶᠠᠯᠢᠭ᠎ᠢ 12.64 ᠳ᠋ᠦᠩᠱᠢᠭᠤᠷ ᠪᠣᠰᠤᠭ᠎ᠠ ᠳᠥᠷᠪᠡᠯᠵᠢᠨ ᠮᠧᠲᠷ ᠱᠢᠨ᠎ᠡ᠎ᠪᠠᠷ ᠨᠡᠮᠡᠭ᠌ᠳᠡᠭᠦᠯᠦᠭ᠌ᠰᠡᠨ᠎ᠨᠢ ᠥᠪᠥᠷ ᠮᠣᠩᠭᠤᠯ᠎ᠤᠨ ᠨᠡᠭᠦᠷᠡᠰᠦᠨ ᠳᠠᠪᠬᠤᠷᠭ᠎ᠠ᠎ᠶ᠋ᠢᠨ ᠬᠡᠢ᠎ᠶ᠋ᠢ ᠬᠠᠢᠨ ᠱᠢᠨᠵᠢᠯᠡᠵᠦ᠍ ᠨᠡᠭᠡᠭᠡᠨ ᠬᠥᠭ᠌ᠵᠢᠭᠦᠯᠬᠦ᠌ ᠠᠵᠢᠯ ᠱᠢᠨ᠎ᠡ ᠱᠠᠲᠤᠨ᠎ᠳᠤ ᠤᠷᠤᠭ᠍ᠰᠠᠨ᠎ᠢ ᠬᠠᠷᠠᠭᠤᠯᠵᠤ ᠪᠠᠢᠨ᠎ᠠ᠃
ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠤ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠯ᠎ᠳᠤ ᠥᠪᠥᠷ ᠮᠣᠩᠭᠤᠯ ᠪᠣᠯ ᠵᠡᠭᠦᠨ ᠬᠤᠢᠲᠤ᠎ᠶ᠋ᠢᠨ ᠤᠢ ᠱᠢᠭᠤᠢ᠎ᠶ᠋ᠢᠨ ᠪᠦᠰᠡ ᠪᠣᠯᠤᠨ ᠤᠮᠠᠷᠠᠲᠤ᠎ᠶ᠋ᠢᠨ ᠡᠯᠡᠰᠦ᠎ᠶ᠋ᠢ ᠰᠡᠷᠭᠡᠢᠯᠡᠬᠦ᠌ ᠪᠦᠰᠡ᠎ᠶ᠋ᠢᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠠᠴᠠ ᠨᠠᠭᠠᠰᠢ᠂ ᠥᠪᠥᠷ ᠮᠣᠩᠭᠤᠯ ᠠᠮᠵᠢᠯᠲᠠ᠎ᠲᠠᠢ᠎ᠪᠠᠷ ᠭᠤᠶᠤᠴᠢᠯᠠᠨ ᠮᠡᠳᠡᠭᠦᠯᠦᠭ᠌ᠰᠡᠨ ᠪᠥᠭᠡᠳ 3 ᠲᠡᠦᠬᠡ᠎ᠶ᠋ᠢᠨ ᠦᠯᠡᠳᠡᠭ᠌ᠳᠡᠯ ᠬᠠᠶᠠᠭ᠍ᠳᠠᠮᠠᠯ ᠠᠭᠤᠷᠬᠠᠢ᠎ᠶ᠋ᠢᠨ ᠵᠢᠱ᠌ᠢᠶ᠎ᠡ ᠦᠵᠡᠭᠦᠯᠬᠦ᠌ ᠢᠨᠵᠧᠨᠧᠷᠢᠩ᠎ᠢ ᠡᠬᠢᠯᠡᠨ ᠬᠡᠷᠡᠭ᠌ᠵᠢᠭᠦᠯᠵᠦ᠍᠂ ᠲᠡᠦᠬᠡᠨ᠎ᠠᠴᠠ ᠦᠯᠡᠳᠡᠭ᠌ᠳᠡᠵᠦ᠍ ᠢᠷᠡᠭ᠌ᠰᠡᠨ ᠠᠭᠤᠷᠬᠠᠢ᠎ᠶ᠋ᠢᠨ ᠲᠤᠯᠪᠤ᠎ᠲᠦ ᠵᠢᠷᠤᠭ᠎ᠤᠨ ᠲᠠᠯᠠᠪᠠᠢ᠎ᠶ᠋ᠢ 47.19 ᠲᠡᠭ᠌ᠰᠢ ᠳᠥᠷᠪᠡᠯᠵᠢᠨ ᠺᠢᠯᠣᠮᠧᠲᠷ ᠵᠠᠰᠠᠪᠠ; ᠰᠢᠨ᠎ᠡ ᠳᠠᠩᠰᠠ᠎ᠶᠢ ᠳᠠᠬᠢᠨ ᠥᠷᠢᠲᠦᠬᠦ ᠦᠭᠡᠢ᠂ ᠬᠠᠭᠤᠴᠢᠨ ᠳᠠᠩᠰᠠ᠎ᠶᠢ ᠲᠦᠷᠭᠡᠨ ᠪᠤᠴᠠᠭᠠᠵᠤ᠂ 84 ᠲᠥᠷᠥᠯ ᠵᠦᠢᠯ᠎ᠢ ᠲᠣᠬᠢᠷᠠᠭᠤᠯᠤᠨ ᠣᠷᠣᠨ ᠨᠤᠲᠤᠭ᠎ᠤᠨ ᠲᠡᠦᠬᠡᠨ᠎ᠠᠴᠠ ᠦᠯᠡᠳᠡᠭ᠌ᠳᠡᠵᠦ᠍ ᠢᠷᠡᠭ᠌ᠰᠡᠨ ᠠᠭᠤᠷᠬᠠᠢ᠎ᠶ᠋ᠢᠨ ᠠᠮᠢ ᠠᠬᠤᠢ᠎ᠶ᠋ᠢ ᠵᠠᠰᠠᠨ ᠰᠡᠷᠭᠦᠭᠡᠬᠦ᠌᠎ᠶ᠋ᠢ ᠳᠡᠮᠵᠢᠪᠡ᠃ ᠠᠭᠤᠷᠬᠠᠶ᠎ᠶ᠋ᠢᠨ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠬᠥᠭ᠌ᠵᠢᠬᠦ᠌᠎ᠶ᠋ᠢ ᠲᠦᠷᠭᠡᠳᠭᠡᠨ ᠠᠬᠢᠭᠤᠯᠵᠤ᠂ ᠣᠲᠣ ᠪᠣᠯᠲᠠᠯ᠎ᠠ᠂ ᠥᠪᠥᠷ ᠮᠣᠩᠭᠤᠯ ᠨᠢᠭᠡᠨᠲᠡ 398 ᠪᠣᠬᠢᠷᠲᠤᠯ ᠥᠬᠡᠶ ᠠᠭᠤᠷᠬᠠᠶ᠎ᠶ᠋ᠢ ᠪᠠᠢᠭᠤᠯᠪᠠ᠃
ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠬᠠᠢᠨ ᠪᠠᠢᠴᠠᠭᠠᠵᠤ ᠨᠡᠭᠡᠭᠡᠨ ᠠᠱᠢᠭ᠍ᠯᠠᠬᠤ᠎ᠨᠢ ᠤᠯᠤᠰ᠎ᠤᠨ ᠠᠵᠤ ᠠᠬᠤᠶ ᠠᠷᠠᠳ᠎ᠤᠨ ᠠᠮᠢᠳᠤᠷᠠᠯ ᠪᠠ ᠤᠯᠤᠰ᠎ᠤᠨ ᠠᠮᠤᠷ ᠲᠦᠪᠱᠢᠨ᠎ᠲᠠᠢ ᠬᠤᠯᠪᠣᠭ᠍ᠳᠠᠨ᠎ᠠ᠃ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠤᠯᠢ (ᠵᠠᠰᠠᠪᠤᠷᠢ ᠣᠷᠣᠭᠤᠯᠤᠭ᠍ᠰᠠᠨ ᠲᠥᠰᠦᠯ) 》 ᠨᠢ ᠪᠦᠬᠦ᠌ ᠲᠠᠯ᠎ᠠ᠎ᠶ᠋ᠢᠨ ᠱᠢᠰᠲ᠋ᠧᠮ᠎ᠲᠠᠢ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠱᠢᠰᠲ᠋ᠧᠮ᠎ᠢ ᠬᠠᠤᠯᠢ ᠴᠠᠭᠠᠵᠠ᠎ᠶ᠋ᠢᠨ ᠲᠠᠯ᠎ᠠ᠎ᠠᠴᠠ ᠪᠠᠢᠭᠤᠯᠵᠤ᠂ ᠦᠨᠡᠨ᠎ᠳᠤ᠎ᠪᠠᠨ ᠠᠭᠤᠷᠬᠠᠢ᠎ᠶ᠋ᠢᠨ ᠦᠢᠯᠡᠰ᠎ᠤᠨ ᠪᠣᠬᠢᠷᠲᠤᠯ ᠦᠭᠡᠢ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠴᠢᠬᠤᠯᠠ ᠠᠴᠢ ᠬᠤᠯᠪᠣᠭ᠍ᠳᠠᠯ᠎ᠲᠠᠢ ᠶᠤᠮ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠬᠤᠯᠪᠣᠭ᠍ᠳᠠᠯ ᠪᠥᠬᠦᠶ ᠬᠠᠷᠢᠭᠤᠴᠠᠯᠭᠠᠲᠠᠨ᠎ᠤ ᠲᠠᠨᠢᠯᠴᠠᠭᠤᠯᠤᠭ᠍ᠰᠠᠨ᠎ᠢᠶᠠᠷ᠂ ᠥᠪᠥᠷ ᠮᠣᠩᠭᠤᠯ ᠡᠭᠦᠨ᠎ᠢᠶᠠᠷ ᠠᠵᠠ ᠲᠣᠬᠢᠶᠠᠯ ᠪᠣᠯᠭᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤᠨ ᠰᠠᠭᠤᠷᠢ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠲᠥᠯᠥᠪᠵᠢᠭᠦᠯᠭᠡ ᠪᠠ ᠱᠢᠨ᠎ᠡ ᠨᠢᠭᠡ ᠡᠭᠡᠯᠵᠢ᠎ᠶ᠋ᠢᠨ ᠠᠭᠤᠷᠬᠠᠶ ᠡᠷᠢᠬᠦ᠌ ᠪᠠᠢᠯᠳᠤᠬᠤ ᠪᠣᠳᠣᠯᠭ᠎ᠠ᠎ᠶ᠋ᠢᠨ ᠠᠵᠢᠯᠯᠠᠭ᠎ᠠ᠎ᠶ᠋ᠢᠨ ᠪᠠᠢᠷᠢᠯᠠᠭᠤᠯᠤᠯᠲᠠ ᠰᠤᠳᠤᠯᠭᠠᠨ᠎ᠢ ᠦᠷᠭᠦᠯᠵᠢᠯᠡᠨ ᠭᠦᠨᠵᠡᠭᠡᠶ ᠥᠷᠨᠢᠭᠦᠯᠵᠦ᠍᠂ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠩᠭᠠᠯᠭ᠎ᠠ ᠬᠡᠷᠡᠭ᠌ᠴᠡᠭᠡ᠎ᠶ᠋ᠢᠨ ᠪᠠᠢᠳᠠᠯ ᠪᠠ ᠠᠵᠤ ᠦᠢᠯᠡᠳᠪᠦᠷᠢ᠎ᠶ᠋ᠢᠨ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠱᠢᠰᠲ᠋ᠧᠮ᠎ᠲᠠᠢ ᠵᠠᠳᠠᠯᠵᠤ᠂ ᠶᠡᠭᠡ ᠬᠡᠮᠵᠢᠶᠡᠨ᠎ᠤ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠭᠠᠷᠤᠯᠲᠠ᠂ ᠪᠠᠴᠢᠮ ᠳᠤᠲᠠᠭ᠍ᠳᠠᠵᠤ ᠪᠠᠢᠭ᠎ᠠ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠭᠠᠷᠤᠯᠲᠠ᠂ ᠱᠢᠨ᠎ᠡ᠎ᠪᠠᠷ ᠬᠥᠭ᠌ᠵᠢᠭ᠌ᠰᠡᠨ ᠠᠵᠤ ᠦᠢᠯᠡᠰ᠎ᠤᠨ ᠪᠠᠴᠢᠮ ᠬᠡᠷᠡᠭ᠌ᠴᠡᠭᠡ᠎ᠲᠠᠢ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠭᠠᠷᠤᠯᠲᠠ ᠵᠢᠴᠢ ᠣᠷᠣᠨ ᠨᠤᠲᠤᠭ᠎ᠤᠨ ᠳᠠᠪᠠᠭᠤᠯᠢᠭ ᠴᠢᠨᠠᠷᠲᠠᠶ ᠠᠭᠤᠷᠬᠠᠶ᠎ᠶ᠋ᠢᠨ ᠭᠠᠷᠤᠯᠲᠠ᠎ᠶ᠋ᠢᠨ ᠬᠠᠢᠨ ᠪᠠᠢᠴᠠᠭᠠᠬᠤ ᠠᠵᠢᠯ᠎ᠢ ᠴᠢᠩᠭᠠᠳᠭᠠᠵᠤ᠂ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠳᠠᠭᠠᠯᠠᠮᠵᠢ᠎ᠶ᠋ᠢ ᠨᠡᠮᠡᠭ᠌ᠳᠡᠭᠦᠯᠦᠨ ᠭᠠᠷᠤᠯᠲᠠ᠎ᠶ᠋ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠠᠭᠤᠷᠬᠠᠶ᠎ᠶ᠋ᠢᠨ ᠠᠮᠢ ᠠᠬᠤᠶ᠎ᠶ᠋ᠢ ᠵᠠᠰᠠᠨ ᠰᠡᠷᠭᠦᠭᠡᠬᠦ᠌᠎ᠶ᠋ᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠴᠢᠩᠭ᠎ᠠ ᠭᠦᠢᠴᠡᠳᠭᠡᠵᠦ᠍᠂ ᠤᠯᠤᠰ᠎ᠤᠨ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠴᠢᠬᠤᠯᠠ ᠰᠠᠭᠤᠷᠢᠨ᠎ᠢ ᠪᠥᠲᠥᠭᠡᠨ ᠪᠠᠢᠭᠤᠯᠬᠤ᠎ᠳᠤ ᠲᠤᠯᠭᠠᠭᠤᠷᠢᠯᠠᠯ᠎ᠤᠨ ᠪᠠᠲᠤᠯᠠᠭ᠎ᠠ ᠬᠠᠩᠭᠠᠨ᠎ᠠ᠃