8 ᠳ᠋ᠤᠭ᠋ᠠᠷ ᠰᠠᠷ᠎ᠠ᠎ᠳᠤ᠂ ᠪᠤᠭᠤᠲᠤ᠎ᠶ᠋ᠢᠨ ᠪᠠᠶᠬᠠᠤᠪᠤᠭ᠎ᠠ ᠠᠭᠤᠷᠬᠠᠢ᠎ᠶ᠋ᠢᠨ ᠣᠷᠣᠨ᠎ᠤ ᠰᠠᠯᠬᠢ ᠱᠢᠨ᠎ᠡ᠎ᠪᠠᠷ ᠵᠠᠢᠯᠠᠭ᠍ᠰᠠᠨ ᠴᠢᠴᠠᠷᠭᠠᠨ᠎ᠠ᠎ᠶ᠋ᠢᠨ ᠴᠢᠬᠢ᠎ᠪᠠᠷ ᠦᠩᠭᠡᠷᠡᠨ᠂ ᠣᠶᠤᠨᠲᠤ ᠰᠦᠷᠴᠢᠯᠲᠡ᠎ᠶᠢᠨ ᠰᠢᠰᠲᠧᠮ ᠠᠭᠤᠷᠬᠠᠢ᠎ᠶᠢᠨ ᠪᠠᠯ ᠳᠡᠭᠡᠷ᠎ᠡ ᠨᠢᠮᠭᠡᠨ ᠤᠰᠤᠨ ᠮᠠᠨᠠᠨ ᠨᠡᠬᠡᠵᠦ ᠭᠠᠷᠭᠠᠵᠠᠢ ᠃ 8 ᠳ᠋ᠤᠭ᠋ᠠᠷ ᠰᠠᠷ᠎ᠠ᠎ᠶ᠋ᠢᠨ 19 ᠤ ᠡᠳᠦᠷ᠂ ᠰᠤᠷᠪᠤᠯᠵᠢᠯᠠᠭ᠍ᠴᠢ ᠠᠬᠤᠢ ᠲᠠᠯᠠᠪᠠᠢ᠎ᠠᠴᠠ᠂ ᠳᠡᠮᠡᠢ ᠬᠣᠯᠠ ᠦᠭᠡᠢ ᠭᠠᠵᠠᠷ᠎ᠲᠤ ᠂ ᠠᠭᠤᠷᠬᠠᠢ᠎ᠶᠢᠨ ᠨᠦᠬᠡᠨᠦ ᠭᠦᠨ᠎ᠳᠡᠬᠢ ᠴᠠᠬᠢᠯᠭᠠᠨ ᠤᠳᠬᠤᠭᠤᠷ ᠲᠡᠷᠭᠡ᠎ᠶᠢ ᠨᠠᠷᠢᠯᠢᠭ᠋ ᠣᠨᠣᠴᠠᠲᠠᠢ᠎ᠪᠠᠷ ᠠᠵᠢᠯᠯᠠᠭᠤᠯᠵᠤ ᠂ ᠴᠠᠷᠭᠠᠰᠤ᠎ᠶᠢᠨ ᠡᠪᠡᠰᠦ᠎ᠶᠢ ᠰᠡᠯᠪᠢᠨ ᠵᠠᠰᠠᠭᠰᠠᠨ᠎ᠤ ᠳᠠᠷᠠᠭᠠᠬᠢ ᠬᠠᠵᠠᠭᠤ᠎ᠶᠢᠨ ᠪᠠᠯ ᠳᠡᠭᠡᠷ᠎ᠡ ᠵᠠᠯᠭᠠᠭ᠎ᠠ᠎ᠪᠠᠷ ᠨᠣᠭᠣᠭᠠᠨ ᠳᠠᠪᠠᠯᠭᠠᠨ᠎ᠲᠠᠢ ᠪᠣᠯᠭᠠᠪᠠ ᠃

ᠪᠠᠶᠠᠨ᠌ᠣ᠋ᠪᠣᠭ᠎ᠠ ᠠᠭᠤᠷᠬᠠᠢ᠎ᠶ᠋ᠢᠨ ᠣᠷᠣᠨ᠎ᠤ ᠭᠠᠵᠠᠷ ᠱᠢᠨᠵᠢᠯᠡᠭᠡᠨ᠎ᠤ ᠣᠷᠴᠢᠨ ᠲᠣᠭᠤᠷᠢᠨ᠎ᠢ ᠵᠠᠰᠠᠬᠤ ᠲᠥᠷᠥᠯ ᠵᠦᠢᠯ᠎ᠤᠨ ᠲᠣᠭᠤᠷᠢᠭ᠃
ᠥᠪᠥᠷ ᠮᠣᠩᠭᠤᠯ᠎ᠤᠨ ᠠᠭᠤᠷᠬᠠᠢ᠎ᠶ᠋ᠢᠨ ᠬᠡᠯᠪᠡᠷᠢ᠎ᠶ᠋ᠢᠨ ᠬᠤᠪᠢᠷᠠᠯᠲᠠ ᠪᠣᠯ ᠨᠢᠭᠡ ᠤᠳᠠᠭᠠᠨ᠎ᠤ ᠬᠢᠳᠤᠭᠠᠨ ᠢᠷ᠎ᠢ ᠳᠣᠲᠣᠭ᠍ᠰᠢ ᠬᠠᠨᠳᠤᠭᠤᠯᠤᠬ᠍ᠰᠠᠨ ᠬᠤᠪᠢᠰᠭᠠᠯ ᠪᠣᠯᠤᠨ᠎ᠠ᠃ ᠤᠯᠤᠰ᠎ᠤᠨ ᠡᠨᠧᠷᠭᠢ ᠪᠣᠯᠤᠨ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ 《ᠰᠠᠭᠤᠷᠢ ᠴᠢᠯᠠᠭᠤ》 ᠪᠣᠯᠤᠭ᠍ᠰᠠᠨ᠎ᠤ ᠬᠤᠪᠢ᠎ᠳᠤ᠂ ᠠᠳᠡᠬᠢ ᠠᠭᠤᠷᠬᠠᠢ᠎ᠶ᠋ᠢᠨ ᠭᠠᠷᠤᠯᠲᠠ᠎ᠶ᠋ᠢᠨ ᠲᠦᠷᠦᠯ ᠵᠦᠢᠯ ᠡᠯᠪᠡᠭ᠂ ᠠᠭᠤᠷᠬᠠᠢ᠎ᠶ᠋ᠢᠨ ᠲᠤᠭ᠎ᠠ ᠤᠯᠠᠨ ᠪᠠᠢᠵᠤ᠂ ᠬᠠᠮᠤᠭ᠎ᠤᠨ ᠠᠷᠪᠢᠨ᠎ᠳᠠᠭᠠᠨ ᠬᠡᠳᠦᠨ ᠮᠢᠩᠭᠠᠨ ᠴᠠᠭ ᠬᠦᠷᠴᠦ᠍᠂ ᠲᠥᠯᠥᠪᠯᠡᠭᠡᠲᠦ ᠠᠵᠤ ᠠᠬᠤᠢ᠎ᠶ᠋ᠢᠨ ᠦᠶ᠎ᠡ᠎ᠶ᠋ᠢᠨ ᠪᠦᠳᠦᠭᠦᠯᠢᠭ ᠨᠡᠭᠡᠭᠡᠨ ᠬᠥᠭ᠌ᠵᠢᠭᠦᠯᠦᠯᠲᠡ ᠴᠤ᠌ ᠠᠮᠢ ᠠᠬᠤᠢ᠎ᠶ᠋ᠢᠨ ᠬᠠᠭᠤᠴᠢᠨ ᠣᠷᠣᠮ ᠦᠯᠡᠳᠡᠭᠡᠭ᠌ᠰᠡᠨ ᠪᠠᠢᠨ᠎ᠠ᠃ ᠣᠳᠣᠬᠠᠨ᠎ᠳᠤ᠂ 398 ᠰᠠᠭᠤᠷᠢ ᠪᠣᠬᠢᠷᠲᠤᠯ ᠥᠬᠡᠶ ᠠᠭᠤᠷᠬᠠᠶ᠎ᠳᠤ ᠣᠳᠣᠨ ᠮᠡᠴᠢᠳ ᠲᠦᠭᠡᠵᠦ᠍᠂ ᠲᠤᠭ᠎ᠠ ᠬᠡᠮᠵᠢᠶ᠎ᠡ᠎ᠨᠢ ᠪᠥᠬᠦ᠌ ᠤᠯᠤᠰ᠎ᠤᠨ ᠡᠮᠦᠨ᠎ᠡ ᠡᠩᠨᠡᠭᠡᠨ᠎ᠳᠤ ᠣᠷᠣᠪᠠ᠃ ᠪᠤᠭᠤᠲᠤ᠎ᠶᠢᠨ ᠪᠣᠯᠣᠳ ᠲᠡᠮᠦᠷ᠎ᠦᠨ ᠺᠣᠮᠫᠠᠨᠢ᠎ᠶᠢᠨ ᠪᠠᠶᠠᠨ᠌ᠣ᠋ᠪᠣᠭ᠎ᠠ ᠲᠡᠮᠦᠷ᠎ᠦᠨ ᠠᠭᠤᠷᠬᠠᠢ᠎ᠶᠢᠨ ᠰᠢᠷᠣᠢ᠎ᠶᠢ ᠨᠤᠷᠠᠭᠠᠵᠤ ᠰᠢᠨ᠎ᠡ ᠴᠢᠬᠢ ᠪᠣᠢᠵᠢᠭᠤᠯᠬᠤ᠎ᠠᠴᠠ ᠪᠤᠤ ᠱᠠᠨ᠎ᠤ ᠠᠭᠤᠷᠬᠠᠢ᠎ᠶᠢᠨ ᠦᠢᠯᠡᠰ᠎ᠦᠨ ᠪᠢᠲᠡᠭᠦᠮᠵᠢᠯᠡᠭᠰᠡᠨ ᠦᠢᠯᠡᠳᠪᠦᠷᠢ᠎ᠶᠢᠨ ᠲᠠᠰᠤᠭᠲᠠᠬᠢ ᠲᠣᠭᠣᠰᠣ᠌᠎ᠶᠢ ᠬᠢᠨᠠᠨ ᠬᠡᠮᠵᠢᠬᠦ ᠪᠠᠭᠠᠵᠢ ᠭᠢᠯᠠᠯᠵᠠᠬᠤ ᠬᠦᠷᠲᠡᠯ᠎ᠡ᠂ ᠪᠣᠬᠢᠷᠲᠤᠯ ᠦᠭᠡᠢ ᠬᠤᠪᠢᠰᠤᠯᠲᠠ ᠨᠢᠭᠡᠨᠲᠡ ᠠᠭᠤᠷᠬᠠᠢ ᠮᠠᠯᠲᠠᠬᠤ ᠬᠢᠯᠭᠠᠰᠤᠨ ᠰᠤᠳᠠᠯ᠎ᠳᠤ ᠨᠡᠪᠴᠢᠵᠡᠢ᠃

ᠪᠤᠭᠤᠲᠤ᠎ᠶᠢᠨ ᠪᠣᠯᠣᠳ ᠲᠡᠮᠦᠷᠦ᠋ᠨ ᠪᠦᠯᠦᠭ᠌ᠯᠡᠯᠦ᠋ᠨ ᠠᠭᠤᠷᠬᠠᠢ᠎ᠶᠢᠨ ᠵᠠᠰᠠᠯᠲᠠ᠎ᠶᠢᠨ ᠲᠥᠷᠥᠯ ᠵᠦᠢᠯ᠃
ᠬᠡᠯᠪᠡᠷᠢ᠎ᠪᠡᠨ ᠬᠤᠪᠢᠷᠠᠭᠤᠯᠬᠤ᠎ᠶᠢᠨ ᠬᠥᠳᠡᠯᠭᠡᠭᠦᠷ ᠪᠣᠯ ᠳᠦᠷᠢᠮ᠎ᠦᠨ ᠰᠢᠨ᠎ᠡ᠎ᠶᠢ ᠡᠭᠦᠳᠬᠦ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠦᠴᠦᠨ ᠣᠯᠭᠣᠬᠤ ᠶᠠᠪᠤᠳᠠᠯ ᠪᠣᠯᠣᠨ᠎ᠠ᠃ ᠥᠪᠥᠷ ᠮᠣᠩᠭᠤᠯ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠬᠤ ᠲᠤᠬᠠᠶ ᠮᠡᠳᠡᠭ᠌ᠳᠡᠯ ᠨᠡᠢᠲᠡᠯᠡᠵᠦ᠍᠂ ᠵᠠᠰᠠᠭ᠎ᠤᠨ ᠣᠷᠳᠣᠨ᠎ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠠᠵᠤ ᠠᠬᠤᠢᠯᠠᠯ ᠭᠤᠤᠯᠯᠠᠨ ᠪᠠᠢᠭᠤᠯᠬᠤ᠂ ᠨᠡᠢᠭᠡᠮ᠎ᠠᠴᠠ ᠬᠢᠨᠠᠯᠲᠠ ᠲᠠᠯᠪᠢᠬᠤ ᠪᠣᠬᠢᠷᠲᠤᠯ ᠥᠬᠡᠶ ᠠᠭᠤᠷᠬᠠᠶ᠎ᠶ᠋ᠢᠨ ᠦᠢᠯᠡᠰ᠎ᠤᠨ ᠬᠥᠭ᠌ᠵᠢᠯᠲᠡ᠎ᠶ᠋ᠢᠨ ᠲᠣᠭ᠍ᠲᠠᠴᠠ᠎ᠶ᠋ᠢ ᠲᠣᠳᠣᠷᠬᠠᠶ ᠲᠣᠭ᠍ᠲᠠᠭᠠᠵᠤ᠂ ᠥᠪᠡᠷᠲᠡᠭᠡᠨ ᠵᠠᠰᠠᠬᠤ ᠣᠷᠣᠨ᠎ᠤ 13 ᠰᠠᠯᠠᠭ᠎ᠠ ᠮᠥᠴᠢᠷ ᠬᠤᠯᠪᠣᠭᠠᠯᠠᠨ 《ᠪᠣᠬᠢᠷᠲᠤᠯ ᠥᠬᠡᠶ ᠠᠭᠤᠷᠬᠠᠶ᠎ᠶ᠋ᠢ ᠳᠡᠮᠵᠢᠬᠦ᠌ ᠠᠷᠭ᠎ᠠ ᠬᠡᠮᠵᠢᠶ᠎ᠡ》 ᠶ᠋ᠢ ᠬᠠᠮᠲᠤᠷᠠᠨ ᠪᠠᠢᠭᠤᠯᠵᠤ᠂ 9 ᠰᠠᠯᠠᠭ᠎ᠠ ᠮᠥᠴᠢᠷ ᠬᠠᠮᠵᠢᠯᠴᠠᠨ ᠵᠢᠵᠢᠭ ᠬᠡᠯᠪᠡᠷᠢ᠎ᠶ᠋ᠢᠨ ᠠᠭᠤᠷᠬᠠᠶ᠎ᠶ᠋ᠢ ᠪᠣᠬᠢᠷᠲᠤᠯ ᠥᠬᠡᠶ ᠠᠭᠤᠷᠬᠠᠶ᠎ᠶ᠋ᠢᠨ ᠬᠠᠮᠢᠶᠠᠷᠤᠯᠲᠠ᠎ᠪᠠᠷ ᠯᠠᠪᠯᠠᠯᠲᠠ ᠪᠣᠯᠭᠠᠵᠤ᠂ ᠶᠢᠰᠦᠨ ᠶᠡᠭᠡ ᠠᠵᠢᠯ ᠲᠥᠷᠥᠯ᠎ᠤᠨ ᠣᠷᠣᠨ ᠨᠤᠲᠤᠭ᠎ᠤᠨ ᠪᠠᠷᠢᠮᠵᠢᠶ᠎ᠠ᠎ᠪᠠᠷ ᠯᠠᠪᠯᠠᠯᠲᠠ ᠪᠣᠯᠭᠠᠨ ᠨᠠᠷᠢᠯᠢᠭ ᠣᠨᠣᠴᠠᠲᠠᠶ᠎ᠪᠠᠷ ᠨᠠᠢᠳᠠᠪᠤᠷᠢᠵᠢᠭᠤᠯᠪᠠ᠃ ᠲᠥᠷᠥ᠎ᠶ᠋ᠢᠨ ᠪᠣᠳᠣᠯᠭ᠎ᠠ᠎ᠶ᠋ᠢᠨ ᠪᠠᠭᠠᠵᠢ᠎ᠶ᠋ᠢᠨ ᠬᠠᠢᠷᠴᠠᠭ ᠱᠠᠲᠤ ᠱᠠᠲᠤ᠎ᠪᠠᠷ ᠨᠡᠭᠡᠭᠡᠪᠡ᠄ ᠮᠥᠩᠭᠦᠨ ᠭᠦᠶ᠋ᠯᠭᠡᠭᠡᠨ᠎ᠤ ᠱᠢᠨ᠎ᠡ ᠡᠭᠦᠳᠦᠯᠲᠡ᠎ᠪᠠᠷ 《ᠪᠣᠬᠢᠷᠲᠤᠯ ᠥᠬᠡᠶ ᠠᠭᠤᠷᠬᠠᠶ᠎ᠶ᠋ᠢ ᠵᠠᠰᠠᠬᠤ ᠵᠢᠭᠡᠯᠡᠯᠭᠡ》 ᠶ᠋ᠢ ᠭᠠᠷᠭᠠᠵᠤ᠂ ᠡᠬᠢ ᠪᠠᠶᠠᠯᠢᠭ᠂ ᠡᠨᠧᠷᠭᠢ ᠠᠷᠪᠢᠯᠠᠬᠤ᠂ ᠣᠷᠴᠢᠨ ᠠᠬᠤᠶ᠎ᠶ᠋ᠢ ᠬᠠᠮᠠᠭᠠᠯᠠᠬᠤ ᠵᠡᠷᠭᠡ ᠭᠠᠢᠯᠢ᠎ᠶ᠋ᠢᠨ ᠶᠠᠪᠤᠳᠠᠯ᠎ᠤᠨ ᠭᠠᠢᠯᠢ᠎ᠶ᠋ᠢ ᠬᠠᠰᠤᠵᠤ ᠬᠡᠯᠲᠦᠷᠢᠭᠦᠯᠬᠦ᠌᠎ᠨᠢ ᠠᠵᠤ ᠠᠬᠤᠢᠯᠠᠯ᠎ᠤᠨ ᠤᠷᠤᠭ᠍ᠰᠢᠯᠠᠬᠤ᠎ᠳᠤ ᠬᠦᠴᠦᠨ ᠨᠡᠮᠡᠷᠢᠯᠡᠵᠦ᠍᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠪᠠᠯᠠ ᠮᠥᠩᠭᠦ᠎ᠶ᠋ᠢ ᠪᠣᠬᠢᠷᠲᠤᠯ ᠥᠬᠡᠶ ᠨᠡᠭᠡᠭᠡᠨ ᠮᠠᠯᠲᠠᠬᠤ ᠮᠡᠷᠭᠡᠵᠢᠯ᠎ᠤᠨ ᠡᠪᠡᠷᠱᠢᠶᠡᠯ᠎ᠢ ᠱᠢᠭᠤᠳ ᠵᠢᠭᠠᠵᠤ ᠪᠠᠢᠨ᠎ᠠ᠃ ᠤᠯᠠᠭᠠᠨᠬᠠᠳᠠ᠎ᠶ᠋ᠢᠨ ᠵᠶ᠋ᠢ ᠯᠦᠩ ᠠᠭᠤᠷᠬᠠᠢ᠎ᠶ᠋ᠢᠨ ᠦᠢᠯᠡᠰ 6400 ᠲᠦᠮᠡᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠡᠯᠡ ᠣᠷᠣᠭᠤᠯᠤᠯᠲᠠ᠎ᠪᠠᠷ ᠬᠤᠳᠳᠤᠭ ᠲᠤ ᠤᠰᠤ ᠨᠡᠮᠡᠬᠦ 40% ᠶ᠋ᠢ ᠪᠡᠶᠡᠯᠡᠭᠦᠯᠵᠦ᠍᠂ ᠪᠤᠭᠤᠲᠤ᠎ᠶ᠋ᠢᠨ ᠪᠤᠯᠤᠳ ᠲᠡᠮᠤᠷ᠎ᠤᠨ ᠺᠣᠮᠫᠠᠨᠢ᠎ᠶ᠋ᠢᠨ ᠪᠠᠶᠬᠠᠣᠪᠤᠭ᠎ᠠ ᠲᠡᠮᠦᠷ᠎ᠤᠨ ᠠᠭᠤᠷᠬᠠᠢ᠎ᠶ᠋ᠢᠨ ᠴᠢᠯᠠᠭᠤᠨ ᠴᠠᠪᠠᠤ᠎ᠶ᠋ᠢᠨ ᠲᠡᠭᠡᠭᠡᠪᠦᠷᠢ᠎ᠶ᠋ᠢᠨ ᠱᠢᠰᠲ᠋ᠧᠮ ᠵᠢᠯ᠎ᠳᠤ 294 ᠲᠦᠮᠡᠨ ᠲᠣᠨ ᠡᠬᠢ ᠪᠠᠶᠠᠯᠢᠭ ᠡᠭᠡᠭᠦᠯᠦᠨ ᠠᠪᠴᠢᠷᠠᠪᠠ — ᠪᠣᠬᠢᠷᠲᠤᠯ ᠦᠭᠡᠢ ᠳᠠᠩᠰᠠ ᠬᠢᠭᠡᠳ ᠠᠵᠤ ᠠᠬᠤᠢ᠎ᠶ᠋ᠢᠨ ᠳᠠᠩᠰᠠ ᠠᠳᠡ ᠳᠠᠪᠬᠤᠴᠠᠵᠤ᠂ ᠦᠷ᠎ᠡ ᠠᠱᠢᠭ᠎ᠢ ᠨᠡᠮᠡᠭ᠌ᠳᠡᠭᠦᠯᠪᠡ᠃

35 ᠮᠧᠲᠷ ᠥᠨᠳᠥᠷ ᠰᠢᠷᠣᠢ ᠭᠠᠳᠠᠭᠰᠢᠯᠠᠭᠤᠯᠬᠤ ᠲᠠᠯᠠᠪᠠᠶ᠎ᠳᠤ ᠨᠣᠭᠣᠭᠠᠨ ᠳᠣᠯᠭᠢᠶᠠᠨ ᠳᠣᠯᠭᠢᠶᠠᠯᠠᠨ᠎ᠠ ᠃
ᠭᠡᠲᠡᠯ᠎ᠡ ᠪᠤᠬᠢᠷᠳᠤᠯ ᠦᠭᠡᠢ ᠵᠠᠮ ᠨᠢ ᠱᠢᠯᠤᠭᠤᠨ ᠪᠢᠰᠢ᠃ ᠬᠡᠳᠦᠢᠪᠡᠷ ᠪᠣᠬᠢᠷᠲᠤᠯ ᠦᠭᠡᠶ ᠠᠭᠤᠷᠬᠠᠶ᠎ᠶ᠋ᠢᠨ ᠨᠡᠷᠡᠰ ᠠᠯᠬᠤᠮ ᠠᠯᠬᠤᠮ᠎ᠢᠶᠠᠷ ᠨᠡᠮᠡᠭ᠌ᠳᠡᠵᠦ᠍ ᠪᠠᠢᠭ᠎ᠠ ᠪᠣᠯᠪᠠᠴᠤ᠌ ᠦᠢᠯᠡᠳᠪᠦᠷᠢᠯᠡᠵᠦ᠍ ᠪᠠᠢᠭ᠎ᠠ ᠠᠭᠤᠷᠬᠠᠶ᠎ᠶ᠋ᠢᠨ ᠪᠦᠬᠦᠯᠢ ᠴᠣᠭ᠍ᠴᠠ᠎ᠪᠠᠷ ᠬᠡᠯᠪᠡᠷᠢ᠎ᠪᠡᠨ ᠬᠤᠪᠢᠷᠠᠭᠤᠯᠬᠤ ᠠᠯᠬᠤᠴᠠ ᠬᠠᠷᠠᠬᠠᠨ ᠪᠦᠷᠢᠮᠦᠰᠦᠨ ᠳᠠᠭᠠᠵᠤ ᠠᠮᠵᠢᠭ᠎ᠠ ᠦᠭᠡᠶ ᠪᠠᠢᠵᠤ᠂ ᠲᠣᠮᠣ ᠳᠤᠮᠳᠠ ᠬᠡᠯᠪᠡᠷᠢ᠎ᠶ᠋ᠢᠨ ᠠᠭᠤᠷᠬᠠᠶ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠬᠠᠷᠠᠯᠲᠠ ᠬᠣᠯᠠ ᠳᠠᠭᠠᠵᠤ ᠠᠮᠵᠢᠭ᠎ᠠ ᠦᠭᠡᠶ ᠪᠠᠢᠨ᠎ᠠ᠃ ᠥᠷᠢ ᠥᠭ᠌ᠴᠡᠭᠡ ᠪᠠ ᠬᠥᠳᠡᠯᠦᠩᠭᠦᠢ ᠬᠢᠨᠠᠨ ᠬᠠᠮᠢᠶᠠᠷᠤᠯᠲᠠ᠎ᠶᠢᠨ ᠳᠠᠷᠤᠯᠲᠠ ᠰᠡᠭᠦᠳᠡᠷ ᠮᠡᠲᠦ ᠳᠠᠭᠠᠵᠤ ᠂ ᠨᠢᠭᠡᠨᠲᠡ ᠪᠠᠢᠭ᠎ᠠ ᠬᠥᠮᠦᠰ ᠦᠷᠭᠦᠯᠵᠢᠯᠡᠨ ᠪᠡᠯᠡ ᠣᠷᠣᠭᠤᠯᠵᠤ ᠴᠢᠳᠠᠭ᠍ᠰᠠᠨ ᠦᠭᠡᠢ᠎ᠡᠴᠡ ᠪᠣᠯᠵᠤ ᠨᠡᠷᠡᠰᠦ᠋ᠨ ᠵᠢᠭ᠍ᠰᠠᠭᠠᠯᠲᠠᠠ᠋ᠴᠠ ᠤᠬᠤᠷᠢᠨ ᠭᠠᠷᠴᠠᠢ᠃ ᠡᠬᠢ ᠪᠠᠶᠠᠯᠢᠭ᠎ᠤ᠋ᠨ ᠲᠣᠮᠣ ᠣᠷᠣᠨ᠎ᠤ᠋ ᠬᠡᠯᠪᠡᠷᠢ᠎ᠶᠢᠨ ᠬᠤᠪᠢᠷᠠᠭᠤᠯᠤᠯᠲᠠ ᠮᠥᠨ ᠯᠡ ᠭᠦᠨ ᠤᠰᠤᠨ᠎ᠤ᠋ ᠣᠷᠣᠨ᠎ᠳ᠋ᠤ ᠪᠠᠢᠨ᠎ᠠ᠃

ᠲᠣᠭᠣᠷᠢᠨ ᠦᠵᠡᠭᠴᠢᠳ ᠠᠭᠤᠷᠬᠠᠢ᠎ᠶᠢᠨ ᠲᠥᠷᠥᠯ ᠵᠦᠢᠯ᠎ᠦᠨ ᠵᠠᠰᠠᠯᠲᠠ᠎ᠶᠢᠨ ᠲᠣᠭᠣᠷᠢᠭ᠋᠎ᠲᠤ ᠵᠤᠭᠠᠴᠠᠵᠤ ᠪᠠᠢ᠌ᠨ᠎ᠠ ᠃
《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠠᠭᠤᠷᠬᠠᠶ᠎ᠶ᠋ᠢᠨ ᠠᠮᠢ ᠠᠬᠤᠶ᠎ᠶ᠋ᠢ ᠰᠡᠷᠭᠦᠭᠡᠭ᠌ᠰᠡᠨ ᠲᠠᠯᠠᠪᠠᠶ 980 ᠲᠡᠭ᠌ᠰᠢ ᠳᠥᠷᠪᠡᠯᠵᠢᠨ ᠺᠢᠯᠣᠮᠧᠲᠷ᠎ᠲᠤ ᠬᠦᠷᠴᠦ᠍᠂ ᠲᠡᠤᠬᠡᠨ᠎ᠠᠴᠠ ᠦᠯᠡᠳᠡᠭ᠌ᠳᠡᠵᠦ᠍ ᠢᠷᠡᠭ᠌ᠰᠡᠨ ᠬᠠᠶᠠᠭ᠍ᠳᠠᠮᠠᠯ ᠠᠭᠤᠷᠬᠠᠶ᠎ᠶ᠋ᠢ ᠵᠠᠰᠠᠬᠤ ᠡᠭᠦᠷᠭᠡ᠎ᠪᠠᠨ ᠳᠠᠪᠠᠭᠤᠯᠤᠨ ᠪᠡᠶᠡᠯᠡᠭᠦᠯᠪᠡ᠃ ᠨᠠᠩ ᠭᠦᠨ ᠳᠠᠪᠬᠤᠷᠭ᠍ᠠ ᠶᠢᠨ ᠬᠤᠪᠢᠰᠤᠯᠲᠠ ᠨᠢ ᠯᠤᠭᠢᠭ᠎ᠦᠨ ᠳᠠᠬᠢᠨ ᠪᠦᠲᠦᠴᠡ ᠳ᠋ᠦ᠍ ᠪᠠᠢᠨ᠌ᠠ᠃ ᠱᠢᠨ᠎ᠡ 《ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠤᠯᠢ》 ᠨᠢ ᠪᠣᠬᠢᠷᠲᠤᠯ ᠥᠬᠡᠶ ᠠᠭᠤᠷᠬᠠᠶ᠎ᠶ᠋ᠢ ᠬᠠᠤᠯᠢ ᠴᠠᠭᠠᠵᠠ᠎ᠳᠤ ᠪᠢᠴᠢᠨ ᠣᠷᠣᠭᠤᠯᠵᠤ᠂ ᠨᠡᠭᠦᠷᠡᠰᠦᠨ᠎ᠤ ᠪᠤᠰᠤ ᠠᠭᠤᠷᠬᠠᠶ᠎ᠶ᠋ᠢ ᠡᠮᠬᠢᠯᠡᠨ ᠨᠡᠢᠯᠡᠭᠦᠯᠵᠦ᠍ ᠤᠬᠤᠷᠢᠨ ᠭᠠᠷᠬᠤ ᠳᠠᠢᠯᠠᠯᠳᠤᠭᠠᠨ ᠦᠬᠠᠶ ᠵᠡᠷᠭᠡ ᠭᠠᠵᠠᠷ᠎ᠲᠤ ᠳᠠᠭᠤᠷᠢᠰᠭᠤ ᠪᠣᠯᠵᠣ᠂ 《ᠵᠢᠵᠢᠭ ᠲᠠᠷᠠᠬᠠᠶ ᠪᠤᠲᠠᠷᠬᠠᠢ》 ᠪᠠᠢᠭ᠍ᠰᠠᠨ᠎ᠠᠴᠠ 《ᠶᠡᠭᠡ ᠡᠷᠴᠢᠮᠯᠢᠭ》 ᠲᠡᠢᠰᠢ ᠱᠢᠯᠵᠢᠭ᠌ᠰᠡᠨ ᠠᠵᠤ ᠦᠶ᠋ᠯᠡᠰ᠎ᠤᠨ ᠬᠤᠪᠢᠰᠭᠠᠯ ᠨᠢᠭᠡᠨᠲᠡ ᠡᠬᠢᠯᠡᠪᠡ᠃

ᠨᠣᠭᠣᠭᠠᠷᠠᠨ ᠨᠣᠭᠣᠭᠠᠷᠠᠭᠰᠠᠨ ᠠᠭᠤᠷᠬᠠᠢ᠎ᠶᠢᠨ ᠬᠥᠲᠥᠯ ᠃
ᠪᠠᠶᠠᠨ᠌ᠣ᠋ᠪᠣᠭ᠎ᠠ ᠵᠢᠨ ᠠᠭᠤᠷᠬᠠᠢ᠎ᠶᠢᠨ ᠨᠦᠭᠡᠨᠦ ᠬᠠᠵᠠᠭᠤ᠎ᠳᠤ ᠵᠣᠭᠰᠣᠬᠤᠶᠠ᠂ ᠨᠢᠳᠦᠨ ᠬᠠᠷᠠᠴᠠ ᠬᠦᠷᠦᠭᠰᠡᠡ ᠭᠠᠵᠠᠷ᠎ᠲᠤ᠂ ᠶᠦᠷᠬᠦᠭ ᠪᠣᠯᠣᠨ ᠴᠠᠷᠭᠠᠰᠤ᠎ᠶᠢ ᠬᠣᠯᠢᠯᠳᠤᠭᠤᠯᠤᠨ ᠳᠠᠷᠢᠭ᠍ᠰᠠᠨ ᠡᠪᠡᠰᠦᠨ ᠳᠠᠪᠠᠯᠭᠠᠨ ᠨᠢ ᠬᠥᠮᠥᠨ ᠦᠭᠡᠢ ᠤᠳᠬᠤᠭᠤᠷ ᠲᠡᠷᠭᠡ ᠯᠦ᠍ᠭᠡ ᠭᠠᠢᠬᠠᠮᠰᠢᠭ᠍ᠲᠤ ᠰᠠᠢᠬᠠᠨ ᠦᠵᠡᠮᠵᠢ᠎ᠶᠢ ᠪᠦᠷᠢᠯᠳᠦᠭᠦᠯᠵᠡᠢ᠃ 《2028 ᠣᠨ ᠪᠣᠯᠬᠤ᠎ᠳᠤ᠂ 90% ᠶ᠋ᠢᠨ ᠲᠣᠮᠣ ᠬᠡᠯᠪᠡᠷᠢ᠎ᠶ᠋ᠢᠨ ᠠᠭᠤᠷᠬᠠᠶ᠂ 80% ᠶ᠋ᠢᠨ ᠳᠤᠮᠳᠠ ᠬᠡᠯᠪᠡᠷᠢ᠎ᠶ᠋ᠢᠨ ᠠᠭᠤᠷᠬᠠᠶ᠎ᠳᠤ ᠪᠣᠬᠢᠷᠲᠤᠯ ᠥᠬᠡᠶ ᠠᠭᠤᠷᠬᠠᠶ᠎ᠶ᠋ᠢ ᠪᠥᠲᠥᠭᠡᠨ ᠪᠠᠢᠭᠤᠯᠤᠨ᠎ᠠ》᠃ ᠥᠪᠥᠷ ᠮᠣᠩᠭᠣᠯ ᠤᠨ ᠡᠷᠡᠰ ᠵᠣᠷᠢᠭ ᠪᠣᠯ᠂ ᠶᠡᠷᠦᠩᠬᠡᠢ ᠱᠦᠵᠢ ᠱ᠋ᠢ ᠵᠢᠨ ᠫᠢᠩᠦ᠋ᠨ ᠠᠮᠢ ᠠᠬᠤᠢ᠎ᠶᠢᠨ ᠠᠮᠤᠷ ᠲᠦᠪᠰᠢᠨᠦ᠌ ᠬᠠᠯᠬᠠᠪᠴᠢ᠎ᠶᠢ ᠪᠦᠲᠦᠭᠡᠨ ᠪᠠᠢᠭᠤᠯᠬᠤ ᠨᠠᠢᠳᠠᠯᠭ᠎ᠠ᠎ᠶᠢᠨ ᠬᠠᠷᠢᠭᠤ ᠲᠤᠰᠭᠠᠯ ᠪᠣᠯᠬᠤ ᠪᠥᠭᠡᠳ ᠨᠡᠩ ᠴᠤ᠌ ᠤᠷᠤᠰᠢᠨ ᠲᠣᠭ᠍ᠲᠠᠨᠢᠬᠤ ᠠᠷᠭ᠎ᠠ ᠮᠠᠶᠢᠭ᠎ᠤ᠋ᠨ ᠲᠤᠬᠠᠢ ᠨᠢᠭᠡ ᠤᠳᠠᠭᠠᠨ᠎ᠤ᠋ ᠪᠢᠰᠢᠯᠭ᠋ᠠᠯ ᠪᠣᠯᠤᠨ᠎ᠠ — ᠲᠡᠮᠦᠷ ᠭᠠᠷ ᠨᠢ ᠵᠥᠪᠬᠡᠨ ᠡᠬᠢ ᠪᠠᠶᠠᠯᠢᠭ᠋᠎ᠢ ᠣᠯᠬᠤ᠎ᠶᠢᠨ ᠲᠥᠯᠥᠭᠡ ᠪᠢᠰᠢ᠂ ᠠᠭᠤᠷᠬᠠᠢ᠎ᠶᠢᠨ ᠰᠢᠨᠵᠢᠯᠡᠭᠡᠨ᠎ᠦ ᠨᠡᠢᠭᠡᠮᠯᠢᠭ ᠨᠢ ᠲᠠᠯ᠎ᠠ ᠨᠤᠲᠤᠭ᠎ᠲᠠᠢ ᠬᠠᠮᠲᠤ ᠣᠷᠣᠰᠢᠬᠤ᠎ᠶᠢᠨ ᠲᠥᠯᠥᠭᠡ᠂ ᠤᠮᠠᠷᠠᠲᠤ ᠬᠢᠯᠢ᠎ᠶᠢᠨ ᠡᠬᠡ ᠭᠠᠵᠠᠷ᠎ᠲᠤ ᠶᠠᠭ ᠪᠣᠬᠢᠷᠲᠤᠯ ᠦᠭᠡᠢ ᠬᠥᠭᠵᠢᠯᠲᠡ᠎ᠶᠢᠨ ᠬᠤᠪᠢᠰᠤᠩᠭᠤᠢ ᠠᠷᠭ᠎ᠠ᠎ᠶᠢ ᠴᠢᠷᠮᠠᠢᠨ ᠪᠢᠴᠢᠭᠯᠡᠵᠦ ᠪᠠᠢᠨ᠎ᠠ ᠃

ᠲᠦᠷᠦᠯ ᠵᠦᠢᠯ᠎ᠦᠨ ᠲᠣᠭᠣᠷᠢᠭ᠋᠎ᠲᠠᠬᠢ ᠨᠠᠭᠤᠷ ᠪᠦᠷᠢᠳᠦ᠎ᠳᠦ ᠬᠤᠨ ᠭᠠᠯᠠᠭᠤ ᠵᠤᠭᠠᠴᠠᠨ᠎ᠠ᠃
ᠪᠠᠶᠠᠨ᠌ᠣ᠋ᠪᠣᠭ᠎ᠠ᠎ᠶ᠋ᠢᠨ ᠠᠭᠤᠷᠬᠠᠢ᠎ᠶ᠋ᠢᠨ ᠨᠦᠬᠡ᠎ᠶ᠋ᠢᠨ ᠭᠦᠨᠳᠤ ᠴᠠᠬᠢᠯᠭᠠᠨ ᠤᠳᠭᠤᠭᠤᠷ᠎ᠤᠨ ᠲᠡᠷᠭᠡ ᠮᠥᠨ ᠯᠡ ᠶᠠᠳᠠᠷᠠᠬᠤ᠎ᠶ᠋ᠢ ᠮᠡᠳᠡᠬᠦ᠌ ᠦᠭᠡᠢ ᠲᠡᠭᠡᠭᠡᠵᠦ ᠪᠠᠢ᠌ᠯ᠎ᠠ᠃ ᠭᠠᠵᠠᠷ᠎ᠤᠨ ᠲᠦᠪᠰᠢᠨ ᠳᠡᠭᠡᠷ᠎ᠡ ᠂ ᠰᠢᠨ᠎ᠡ᠎ᠪᠡᠷ ᠪᠣᠶ ᠪᠣᠯᠤᠭᠰᠠᠨ ᠴᠢᠴᠠᠷᠭᠠᠨ᠎ᠠ᠎ᠶᠢᠨ ᠴᠢᠬᠢ ᠨᠢ ᠶᠠᠭ ᠰᠠᠢᠬᠠᠨ ᠦᠨᠳᠦᠰᠦ᠎ᠶᠢᠨ ᠰᠢᠰᠲᠧᠮ᠎ᠢ ᠬᠥᠷᠥᠰᠥᠨ᠎ᠳᠦ ᠬᠠᠳᠬᠤᠨ ᠣᠷᠣᠭᠤᠯᠵᠤ᠂ ᠡᠨᠡ ᠬᠡᠰᠡᠭ ᠭᠠᠵᠠᠷ ᠰᠢᠷᠣᠢ᠎ᠶᠢᠨ ᠴᠠᠢᠪᠤᠷ ᠰᠢᠷ᠎ᠠ᠎ᠠᠴᠠ ᠨᠣᠭᠣᠭᠠᠨ ᠥᠩᠭᠡ ᠵᠦᠭ ᠴᠢᠭᠯᠡᠭᠰᠡᠨ ᠵᠠᠢ᠎ᠶᠢ ᠲᠣᠪ ᠳᠤᠭᠤᠢ ᠬᠡᠮᠵᠢᠵᠦ ᠪᠠᠢᠯ᠎ᠠ ᠃
ᠥᠪᠥᠷ ᠮᠣᠩᠭᠤᠯ᠎ᠤᠨ ᠡᠳᠦᠷ᠎ᠤᠨ ᠰᠣᠨᠢᠨ• ᠲᠠᠯ᠎ᠠ ᠨᠤᠲᠤᠭ᠎ᠤᠨ ᠡᠭᠦᠯᠡ᠎ᠶᠢᠨ ᠰᠤᠷᠪᠤᠯᠵᠢᠯᠠᠬ᠍ᠴᠢ᠄ ᠼᠠᠢ ᠳ᠋ᠦᠩ ᠮᠧᠶ
ᠰᠤᠨᠢᠨ ᠮᠡᠳᠡᠭᠡᠨ᠎ᠤ ᠨᠠᠢᠷᠠᠭᠤᠯᠤᠭ᠍ᠴᠢ᠄ ᠶᠠᠩ ᠬᠤᠩ ᠮᠸᠢ