ᠦᠷ᠎ᠡ ᠪᠦᠲᠦᠮᠵᠢ᠎ᠶᠢ ᠳᠡᠭᠡᠭᠱᠢᠯᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ ᠥᠪᠥᠷ ᠮᠣᠩᠭᠣᠯ ᠬᠤᠯᠪᠤᠭ᠋ᠠᠯᠠᠨ ᠬᠢᠨᠠᠵᠦ ᠵᠦᠪᠰᠢᠶᠡᠷᠡᠬᠦ᠎ᠶᠢ ᠬᠡᠷᠡᠭᠵᠢᠭᠦᠯᠵᠦ 《ᠲᠦᠭᠵᠢᠷᠡᠯ》 ᠎ᠢ ᠨᠡᠪᠲᠡᠷᠡᠭᠦᠯᠦᠨ᠎ᠡ
2026-01-06

  《12  ᠳ᠋ᠤᠭ᠋ᠠᠷ ᠰᠠᠷ᠎ᠠ᠎ᠶᠢᠨ 10 ᠎ᠤ ᠡᠳᠦᠷ᠂ ᠮᠠᠨ᠎ᠤ ᠺᠣᠮᠫᠠᠨᠢ 〈ᠬᠡᠷᠡᠭᠯᠡᠭᠡᠨ᠎ᠡᠴᠡ ᠭᠠᠷᠤᠭᠰᠠᠨ ᠮᠠᠰᠢᠨᠲᠦ ᠲᠡᠷᠭᠡ᠎ᠶᠢ ᠡᠭᠡᠭᠦᠯᠦᠨ ᠬᠤᠷᠢᠶᠠᠵᠤ ᠰᠠᠯᠭᠠᠨ ᠵᠠᠳᠠᠯᠬᠤ ᠠᠵᠤ ᠠᠬᠤᠢᠯᠠᠯ〉᠎ᠤᠨ ᠱᠢᠨ᠎ᠡ ᠨᠢᠭᠡ ᠡᠭᠡᠯᠵᠢ᠎ᠶᠢᠨ ᠬᠢᠷᠢ ᠬᠡᠮ᠎ᠢ ᠣᠯᠵᠤ᠂ ᠲᠤᠬᠠᠢ᠌ᠯᠠᠭᠰᠠᠨ ᠠᠵᠢᠯ᠎ᠤᠨ ᠪᠥᠬᠦ ᠶᠠᠪᠤᠴᠠ᠎ᠶᠢ ᠰᠦᠯᠵᠢᠶᠡᠨ ᠳᠡᠭᠡᠷᠡᠬᠢ ᠲᠠᠪᠴᠠᠩ᠎ᠢᠶᠠᠷ ᠳᠠᠮᠵᠢᠭᠤᠯᠤᠨ ᠭᠦᠢᠴᠡᠳᠬᠡᠵᠦ᠂ ᠴᠥᠮ ᠠᠵᠢᠯ ᠶᠠᠪᠤᠳᠠᠯ ᠭᠦᠢᠴᠡᠳᠬᠡᠬᠦ ᠲᠢᠩᠬᠢᠮ᠎ᠳᠤ ᠣᠴᠢᠭᠰᠠᠨ ᠥᠬᠡᠢ ᠪᠠᠢ᠌ᠳᠠᠭ᠃ ᠭᠤᠶᠤᠴᠢᠯᠠᠨ ᠮᠡᠳᠡᠭᠦᠯᠬᠦ ᠮᠠᠲᠧᠷᠢᠶᠠᠯ᠎ᠢᠶᠠᠨ ᠲᠤᠱᠢᠶᠠᠭᠰᠠᠨ᠎ᠠᠴᠠ ᠬᠢᠷᠢ ᠬᠡᠮ᠎ᠢ ᠮᠠᠭᠠᠳᠯᠠᠨ ᠲᠣᠭᠲᠠᠭᠠᠬᠤ ᠪᠣᠯᠲᠠᠯ᠎ᠠ ᠵᠥᠪᠬᠡᠨ 10 ᠠᠵᠢᠯᠯᠠᠬᠤ ᠡᠳᠦᠷ ᠬᠡᠷᠡᠭᠯᠡᠵᠦ᠂ ᠥᠩᠭᠡᠷᠡᠭᠰᠡᠨ᠎ᠤ 2 ᠰᠠᠷ᠎ᠠ ᠣᠷᠴᠢᠮ᠎ᠤᠨ ᠬᠢᠨᠠᠨ ᠵᠥᠪᠱᠢᠶᠡᠷᠡᠬᠦ ᠦᠶᠡᠯᠡᠯ᠎ᠲᠠᠢ ᠬᠠᠷᠢᠴᠠᠭᠤᠯᠪᠠᠯ᠂ ᠡᠨᠡ ᠤᠳᠠᠭᠠᠨ᠎ᠤ ᠥᠭᠡᠷᠡᠴᠢᠯᠡᠯᠲᠡ᠎ᠶᠢᠨ 〈ᠬᠤᠷᠳᠤᠴᠠ᠎ᠪᠠᠨ ᠲᠦᠷᠭᠡᠳᠬᠡᠬᠦ〉᠎ᠨᠢ ᠮᠠᠱᠢ ᠢᠯᠡᠷᠬᠡᠢ ᠪᠠᠢ᠌ᠨ᠎ᠠ》 ᠭᠡᠵᠦ ᠥᠪᠦᠷ ᠮᠣᠩᠭᠤᠯ᠎ᠤᠨ ᠲᠢᠶᠠᠨ ᠪᠥᠸᠧ ᠾᠧᠩ ᠱᠧᠩ ᠲᠣᠰᠤᠯᠢᠭ ᠮᠠᠲᠧᠷᠢᠶᠠᠯ ᠡᠵᠡᠩᠨᠡᠨ ᠪᠣᠷᠤᠯᠠᠭᠤᠯᠬᠤ ᠬᠢᠵᠠᠭᠠᠷᠲᠤ ᠺᠣᠮᠫᠠᠨᠢ᠎ᠶᠢᠨ ᠶᠡᠷᠦᠩᠬᠡᠢ ᠳᠠᠭᠠᠭᠠᠮᠠᠯ ᠸᠠᠩ ᠵᠢᠶᠠ ᠲᠧᠩ ᠰᠡᠳᠬᠢᠯ ᠬᠥᠳᠡᠯᠦᠨ ᠬᠡᠯᠡᠪᠡ᠃

  ᠸᠠᠩ ᠵᠢᠶᠠ ᠲᠧᠩ᠎ᠤᠨ ᠳᠤᠷᠠᠳᠤᠭᠰᠠᠨ 《ᠥᠭᠡᠷᠡᠴᠢᠯᠡᠯᠲᠡ》 ᠪᠣᠯ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠤᠨ ᠬᠡᠷᠡᠭᠵᠢᠭᠦᠯᠦᠭᠰᠡᠨ ᠬᠡᠷᠡᠭᠯᠡᠭᠡᠨ᠎ᠡᠴᠡ ᠭᠠᠷᠤᠭᠰᠠᠨ ᠮᠠᠰᠢᠨᠲᠦ ᠲᠡᠷᠭᠡ᠎ᠶᠢ ᠡᠭᠡᠭᠦᠯᠦᠨ ᠬᠤᠷᠢᠶᠠᠵᠤ ᠰᠠᠯᠭᠠᠨ ᠵᠠᠳᠠᠯᠬᠤ ᠠᠵᠤ ᠠᠬᠤᠢᠯᠠᠯ᠎ᠤᠨ ᠬᠢᠷᠢ ᠬᠡᠮ᠎ᠢ ᠮᠠᠭᠠᠳᠯᠠᠨ ᠲᠣᠭᠲᠠᠭᠠᠵᠤ ᠬᠤᠯᠪᠤᠭ᠋ᠠᠯᠠᠨ ᠬᠢᠨᠠᠵᠦ ᠵᠦᠪᠰᠢᠶᠡᠷᠡᠬᠦ ᠠᠵᠢᠯ᠎ᠤᠨ ᠲᠣᠭᠲᠠᠴᠠ ᠪᠣᠯᠤᠨ᠎ᠠ᠃

  《ᠣᠳᠤᠬᠠᠨ᠎ᠳᠤ ᠤᠯᠤᠰ᠎ᠠᠴᠠ ᠮᠠᠱᠢᠨ ᠲᠡᠷᠭᠡ᠎ᠶᠢ ᠬᠠᠭᠤᠴᠢᠨ᠎ᠢᠶᠠᠷ ᠱᠢᠨ᠎ᠡ᠎ᠶᠢ ᠰᠣᠯᠢᠬᠤ᠎ᠶᠢ ᠶᠡᠭᠡ᠎ᠪᠠᠷ ᠠᠬᠢᠭᠤᠯᠵᠤ ᠪᠠᠢ᠌ᠨ᠎ᠠ᠂ ᠬᠢᠨᠠᠨ ᠵᠥᠪᠱᠢᠶᠡᠷᠡᠯ᠎ᠢ ᠲᠦᠷᠭᠡᠳᠬᠡᠬᠦ᠎ᠨᠢ ᠪᠢᠳᠡᠨ᠎ᠤ ᠬᠡᠷᠡᠭᠯᠡᠭᠡᠨ᠎ᠠᠴᠠ ᠭᠠᠷᠤᠭᠰᠠᠨ ᠲᠡᠷᠭᠡ ᠬᠥᠰᠬᠡ᠎ᠶᠢ ᠬᠤᠷᠢᠶᠠᠨ ᠠᠪᠬᠤ᠂ ᠲᠤᠬᠠᠢ᠌ᠯᠠᠭᠰᠠᠨ ᠠᠵᠢᠯ᠎ᠢ ᠵᠠᠳᠠᠯᠤᠨ ᠵᠠᠳᠠᠯᠬᠤ᠎ᠶᠢ ᠨᠠᠩ ᠲᠦᠷᠭᠡᠨ ᠬᠦᠯᠢᠶᠡᠨ ᠠᠪᠴᠤ᠂ ᠲᠥᠷᠦ᠎ᠶᠢᠨ ᠪᠣᠳᠤᠯᠭ᠎ᠠ᠎ᠪᠠᠷ ᠳᠠᠢ᠌ᠴᠢᠯᠠᠬᠤ ᠵᠠᠬ᠎ᠠ ᠳᠡᠯᠭᠡᠭᠦᠷ᠎ᠤᠨ ᠠᠢ᠌ᠵᠠᠮ᠎ᠢ ᠴᠠᠭ ᠲᠤᠬᠠᠢ᠎ᠳᠤᠨᠢ ᠳᠠᠭᠠᠵᠤ ᠳᠡᠢ᠌ᠯᠬᠦ᠎ᠶᠢ ᠬᠠᠷᠠᠭᠤᠯᠵᠤ ᠪᠠᠢ᠌ᠨ᠎ᠠ᠃ ᠢᠯᠠᠩᠭᠤᠶ᠎ᠠ ᠵᠢᠯ᠎ᠤᠨ ᠡᠴᠦᠰ᠎ᠤᠨ ᠲᠤᠬᠠᠢ᠌ᠯᠠᠭᠰᠠᠨ ᠠᠵᠢᠯ᠎ᠤᠨ ᠬᠥᠭᠵᠢᠶᠡᠨᠲᠡᠢ ᠤᠯᠠᠷᠢᠯ᠎ᠠᠴᠠ ᠡᠮᠦᠨ᠎ᠡ ᠬᠢᠷᠢ ᠬᠡᠮ᠎ᠢ ᠳᠠᠬᠢᠨ ᠮᠠᠭᠠᠳᠯᠠᠨ ᠲᠣᠭᠲᠠᠭᠠᠬᠤ᠎ᠶᠢ ᠪᠡᠶᠡᠯᠡᠭᠦᠯᠬᠦ᠎ᠨᠢ ᠪᠢᠳᠡᠨ᠎ᠤ ᠢᠷᠡᠬᠦ ᠵᠢᠯ᠎ᠤᠨ ᠡᠵᠡᠩᠨᠡᠯᠲᠡ᠎ᠪᠠᠨ ᠥᠷᠭᠡᠳᠬᠡᠬᠦ᠎ᠳᠤ ᠮᠠᠱᠢ ᠶᠡᠭᠡ ᠬᠠᠪᠰᠤᠷᠤᠯᠭ᠎ᠠ ᠪᠣᠯᠤᠨ᠎ᠠ》   ᠭᠡᠵᠦ ᠸᠠᠩ ᠵᠢᠶᠠ ᠲᠧᠩ ᠡᠨᠡ᠎ᠬᠦ ᠠᠵᠢᠯ᠎ᠤᠨ ᠲᠣᠭᠲᠠᠴᠠ᠎ᠶᠢᠨ ᠭᠤᠤᠯ ᠦᠷ᠎ᠡ ᠪᠦᠲᠦᠮᠵᠢ᠎ᠶᠢ ᠬᠡᠯᠡᠵᠦ ᠭᠠᠷᠭ᠋ᠠᠪᠠ᠃

  ᠣᠳᠤᠬᠠᠨ᠎ᠳᠤ᠂ ᠥᠪᠦᠷ ᠮᠣᠩᠭᠤᠯ ᠶᠠᠭ ᠲᠥᠷᠦᠯ ᠵᠦᠢᠯ᠎ᠢ ᠬᠢᠨᠠᠨ ᠵᠥᠪᠱᠢᠶᠡᠷᠡᠬᠦ ᠬᠤᠷᠢᠭ᠎ᠠ ᠴᠡᠭ᠎ᠢ ᠱᠢᠢᠳᠪᠦᠷᠢᠯᠡᠬᠦ ᠲᠤᠰᠭᠠᠢ ᠠᠵᠢᠯᠯᠠᠭ᠎ᠠ ᠥᠷᠨᠢᠭᠦᠯᠵᠦ ᠪᠠᠢ᠌ᠨ᠎ᠠ᠃ ᠬᠤᠯᠪᠤᠭ᠋ᠠᠯᠠᠨ ᠬᠢᠨᠠᠵᠦ ᠵᠦᠪᠰᠢᠶᠡᠷᠡᠬᠦ ᠠᠵᠢᠯ ᠪᠣᠯ ᠲᠥᠷᠦᠯ ᠵᠦᠢᠯ᠎ᠢ ᠬᠢᠨᠠᠨ ᠵᠥᠪᠱᠢᠶᠡᠷᠡᠬᠦ ᠬᠤᠷᠢᠭ᠎ᠠ ᠴᠡᠭ᠎ᠤᠨ ᠲᠤᠰᠭᠠᠢ ᠠᠵᠢᠯᠯᠠᠭ᠎ᠠ᠎ᠶᠢ ᠱᠢᠢᠳᠪᠦᠷᠢᠯᠡᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠤᠰᠭᠠᠢ ᠠᠵᠢᠯᠯᠠᠭ᠎ᠠ᠎ᠶᠢᠨ ᠪᠠᠢ᠌ᠷᠢᠯᠠᠭᠤᠯᠤᠯᠲᠠ᠎ᠶᠢ ᠨᠠᠢ᠌ᠳᠠᠪᠤᠷᠢᠵᠢᠭᠤᠯᠬᠤ᠎ᠶᠢᠨ ᠲᠤᠰᠠᠳᠠ᠂ ᠥᠪᠡᠷᠲᠡᠭᠡᠨ ᠵᠠᠰᠠᠬᠤ ᠣᠷᠤᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠨᠢ ᠬᠡᠷᠡᠭᠯᠡᠭᠡᠨ᠎ᠠᠴᠠ ᠭᠠᠷᠤᠭᠰᠠᠨ ᠮᠠᠰᠢᠨᠲᠦ ᠲᠡᠷᠭᠡ᠎ᠶᠢ ᠬᠤᠷᠢᠶᠠᠨ ᠠᠪᠬᠤ ᠠᠵᠤ ᠠᠬᠤᠢ᠌ᠯᠠᠯ᠎ᠤᠨ ᠬᠢᠷᠢ ᠬᠡᠮ᠎ᠢ ᠮᠠᠭᠠᠳᠯᠠᠨ ᠲᠣᠭᠲᠠᠭᠠᠵᠤ ᠬᠢᠨᠠᠨ ᠵᠥᠪᠱᠢᠶᠡᠷᠡᠬᠦ ᠭᠤᠭᠴᠤᠭ᠎ᠠ ᠣᠯᠠᠨ ᠪᠠᠢ᠌ᠬᠤ ᠡᠪᠡᠷᠱᠢᠶᠡᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠬᠤᠯᠪᠤᠭ᠋ᠠᠯᠠᠨ ᠬᠢᠨᠠᠵᠦ ᠵᠦᠪᠰᠢᠶᠡᠷᠡᠬᠦ ᠠᠵᠢᠯ᠎ᠤᠨ ᠲᠣᠭᠲᠠᠴᠠ᠎ᠶᠢ ᠡᠬᠢᠯᠡᠭᠦᠯᠵᠦ᠂ ᠬᠤᠪᠢᠳᠠᠨ ᠬᠠᠮᠢᠶᠠᠷᠴᠤ ᠪᠥᠬᠦᠢ ᠲᠢᠩᠬᠢᠮ᠎ᠤᠨ ᠳᠠᠷᠤᠭ᠎ᠠ᠎ᠶᠢᠨ ᠠᠯᠪᠠᠨ ᠠᠵᠢᠯ᠎ᠤᠨ ᠬᠤᠷᠠᠯ᠂ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢ᠌ᠯᠠᠩ᠎ᠤᠨ ᠬᠤᠷᠠᠯ᠎ᠤᠨ ᠬᠢᠨᠠᠨ ᠵᠥᠪᠯᠡᠬᠦ ᠭᠤᠭᠴᠤᠭ᠎ᠠ᠎ᠶᠢ ᠬᠦᠴᠦᠨ ᠥᠬᠡᠢ ᠪᠣᠯᠭᠠᠵᠤ᠂ ᠠᠢ᠌ᠮᠠᠭ ᠬᠤᠲᠠ᠎ᠶᠢᠨ ᠬᠤᠳᠠᠯᠳᠤᠭᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠨ ᠠᠩᠬ᠎ᠠ ᠬᠢᠨᠠᠬᠤ ᠴᠠᠭ᠎ᠤᠨ ᠬᠢᠵᠠᠭᠠᠷ᠎ᠢ 3 ᠠᠵᠢᠯᠯᠠᠬᠤ ᠡᠳᠦᠷ ᠪᠠᠢ᠌ᠭᠰᠠᠨ᠎ᠠᠴᠠ ᠠᠵᠤ ᠠᠬᠤᠢ᠌ᠯᠠᠯ᠎ᠤᠨ ᠲᠤᠱᠢᠶᠠᠭᠰᠠᠨ ᠨᠥᠬᠦᠴᠡᠯ᠎ᠳᠤ ᠨᠡᠢ᠌ᠴᠡᠬᠦ ᠮᠠᠲᠧᠷᠢᠶᠠᠯ᠎ᠢ ᠭᠥᠯᠢᠶᠡᠨ ᠠᠪᠤᠭᠰᠠᠨ ᠡᠳᠦᠷ᠎ᠠᠴᠠ ᠡᠬᠢᠯᠡᠨ 1 ᠠᠵᠢᠯᠯᠠᠬᠤ ᠡᠳᠦᠷ᠎ᠤᠨ ᠳᠣᠲᠤᠷ᠎ᠠ ᠭᠥᠯᠢᠶᠡᠨ ᠠᠪᠴᠤ ᠱᠢᠢᠳᠪᠦᠷᠢᠯᠡᠬᠦ ᠪᠣᠯᠭᠠᠨ ᠥᠭᠡᠷᠡᠴᠢᠯᠡᠵᠦ᠂ ᠬᠤᠪᠢᠷᠠᠭᠤᠯᠬᠤ ᠪᠠ ᠬᠦᠴᠦᠨ ᠥᠬᠡᠢ ᠪᠣᠯᠭᠠᠬᠤ ᠵᠦᠢᠯᠡᠰ᠎ᠢ ᠭᠦᠢᠴᠡᠳᠬᠡᠬᠦ ᠴᠠᠭ᠎ᠤᠨ ᠬᠢᠵᠠᠭᠠᠷ᠎ᠢ᠎ᠴᠤ 10 ᠠᠵᠢᠯᠯᠠᠬᠤ ᠡᠳᠦᠷ ᠪᠣᠯᠭᠠᠨ ᠪᠠᠭᠠᠰᠭᠠᠵᠤ᠂ ᠬᠢᠨᠠᠨ ᠵᠥᠪᠱᠢᠶᠡᠷᠡᠬᠦ ᠬᠦᠴᠦᠨ᠎ᠲᠠᠢ ᠬᠤᠭᠤᠴᠠᠭ᠎ᠠ᠎ᠶᠢ ᠶᠡᠭᠡ᠎ᠪᠠᠷ ᠳᠡᠭᠡᠭᠱᠢᠯᠡᠭᠦᠯᠪᠡ᠃

  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ᠎ᠢᠶᠠᠷ᠂ ᠬᠤᠯᠪᠤᠭ᠋ᠠᠯᠠᠨ ᠬᠢᠨᠠᠵᠦ ᠵᠦᠪᠰᠢᠶᠡᠷᠡᠬᠦ ᠠᠵᠢᠯ᠎ᠤᠨ ᠲᠣᠭᠲᠠᠴᠠ᠎ᠪᠠᠷ ᠳᠠᠮᠵᠢᠭᠤᠯᠤᠨ ᠠᠵᠤ ᠠᠬᠤᠢᠯᠠᠯ᠎ᠤᠨ ᠬᠦᠷᠲᠡᠮᠵᠢ᠎ᠶᠢᠨ ᠲᠥᠷᠥᠭᠳᠡᠯ ᠪᠠ ᠬᠠᠨᠤᠮᠵᠢ᠎ᠶᠢᠨ ᠬᠡᠮᠵᠢᠶ᠎ᠡ᠎ᠶᠢ ᠦᠨᠡᠨ᠎ᠬᠦ ᠨᠡᠮᠡᠭᠳᠡᠭᠦᠯᠦᠭᠰᠡᠨ ᠪᠥᠭᠡᠳ ᠬᠡᠷᠡᠭᠯᠡᠭᠡᠨ᠎ᠡᠴᠡ ᠭᠠᠷᠤᠭᠰᠠᠨ ᠮᠠᠱᠢᠨ ᠲᠡᠷᠭᠡ᠎ᠶᠢ ᠬᠤᠷᠢᠶᠠᠨ ᠠᠪᠴᠤ ᠵᠠᠳᠠᠯᠬᠤ ᠠᠵᠢᠯ ᠲᠥᠷᠥᠯ᠎ᠦᠨ ᠵᠥᠪᠱᠢᠶᠡᠷᠡᠨ ᠣᠷᠣᠭᠤᠯᠬᠤ ᠪᠠ ᠲᠥᠷᠥᠯ ᠵᠦᠢᠯ᠎ᠢ ᠨᠠᠢᠳᠠᠪᠤᠷᠢᠵᠢᠭᠤᠯᠬᠤ ᠠᠯᠬᠤᠴᠠ᠎ᠶᠢ ᠲᠦᠷᠭᠡᠳᠬᠡᠬᠦ᠎ᠨᠢ ᠮᠠᠱᠢᠨ ᠲᠡᠷᠭᠡᠨ᠎ᠦ ᠪᠦᠬᠦ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ ᠭᠦᠢᠯᠭᠡᠭᠡ᠎ᠶᠢ ᠰᠢᠯᠤᠭᠤᠳᠭᠠᠬᠤ᠂ ᠮᠠᠱᠢᠨ ᠲᠡᠷᠭᠡ᠎ᠶᠢ ᠬᠠᠭᠤᠴᠢᠨ᠎ᠢᠶᠠᠷ ᠱᠢᠨ᠎ᠡ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠬᠤ᠎ᠶᠢ ᠠᠬᠢᠭᠤᠯᠬᠤ᠂ ᠪᠣᠬᠢᠷᠲᠤᠯ ᠦᠭᠡᠢ ᠣᠷᠴᠢᠯ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃

  ᠥᠪᠦᠷ ᠮᠣᠩᠭᠤᠯ᠎ᠳᠤ᠂ ᠬᠤᠳᠠᠯᠳᠤᠭᠠᠨ᠎ᠤ ᠶᠠᠪᠤᠳᠠᠯ᠂ ᠪᠠᠢ᠌ᠭᠠᠯᠢ᠎ᠶᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠤᠳ ᠬᠤᠯᠪᠤᠭ᠋ᠠᠯᠠᠨ ᠬᠢᠨᠠᠵᠦ ᠵᠦᠪᠰᠢᠶᠡᠷᠡᠬᠦ ᠠᠵᠢᠯ᠎ᠤᠨ 《ᠴᠡᠭ》 ᠎ᠢᠶᠠᠷ ᠱᠢᠪᠲᠤᠯᠤᠯᠲᠠ ᠭᠠᠷᠭᠠᠵᠤ᠂ ᠬᠢᠨᠠᠨ ᠵᠥᠪᠱᠢᠶᠡᠷᠡᠬᠦ ᠦᠷ᠎ᠡ ᠪᠦᠲᠦᠮᠵᠢ᠎ᠶᠢᠨ 《ᠬᠡᠪᠴᠢᠶ᠎ᠡ》 ᠎ᠶᠢᠨ ᠲᠠᠯ᠎ᠠ᠎ᠪᠠᠷ ᠳᠡᠭᠡᠭᠱᠢᠯᠡᠬᠦ᠎ᠶᠢ ᠳᠠᠢ᠌ᠴᠢᠯᠠᠪᠠ᠃

  ᠴᠢᠬᠤᠯᠠ ᠶᠡᠬᠡ ᠲᠥᠷᠥᠯ ᠵᠦᠢᠯ ᠪᠣᠯ ᠪᠦᠲᠦᠮᠵᠢᠲᠡᠢ ᠪᠡᠯᠡ ᠣᠷᠣᠭᠤᠯᠤᠯᠲᠠ᠎ᠶᠢ ᠥᠷᠭᠡᠳᠬᠡᠬᠦ᠂ ᠠᠵᠤ ᠠᠬᠤᠢ᠎ᠶᠢᠨ ᠨᠡᠮᠡᠭᠳᠡᠯ᠎ᠢ ᠲᠣᠭᠲᠠᠪᠤᠷᠢᠵᠢᠭᠤᠯᠬᠤ ᠵᠠᠩᠭᠢᠯᠠᠭ᠎ᠠ᠎ᠶᠢᠨ ᠬᠥᠳᠡᠯᠭᠡᠭᠦᠷ ᠮᠥᠨ᠃ ᠡᠨᠡ ᠵᠢᠯ᠎ᠠᠴᠠ ᠨᠠᠭᠠᠱᠢ᠂ ᠥᠪᠡᠷᠲᠡᠭᠡᠨ ᠵᠠᠰᠠᠬᠤ ᠣᠷᠤᠨ᠎ᠤ ᠪᠠᠢ᠌ᠭᠠᠯᠢ᠎ᠶᠢᠨ ᠡᠬᠢ ᠪᠠᠶᠠᠯᠢᠭ᠎ᠤᠨ ᠲᠢᠩᠬᠢᠮ ᠴᠢᠬᠤᠯᠠ ᠶᠡᠭᠡ ᠲᠥᠷᠦᠯ ᠵᠦᠢᠯ᠎ᠳᠤ ᠬᠡᠷᠡᠭᠯᠡᠬᠦ ᠭᠠᠵᠠᠷ᠎ᠤᠨ 《ᠭᠤᠷᠪᠠᠨ ᠱᠠᠲᠦ ᠬᠤᠯᠪᠤᠭ᠋ᠠᠯᠠᠵᠦ ᠬᠢᠨᠠᠨ ᠪᠠᠢ᠌ᠴᠠᠭ᠋ᠠᠬᠤ》᠎ᠶᠢ ᠬᠡᠷᠡᠭᠵᠢᠭᠦᠯᠪᠡ᠃ (ᠣᠷᠤᠨ᠂ ᠬᠤᠲᠠ᠂ ᠬᠤᠱᠢᠭᠤ ᠭᠤᠷᠪᠠᠨ ᠱᠠᠲᠤ) ᠥᠭᠡᠷᠡᠴᠢᠯᠡᠯᠲᠡ᠂ ᠬᠢᠨᠠᠨ ᠵᠥᠪᠱᠢᠶᠡᠷᠡᠬᠦ ᠪᠣᠭᠤᠮᠲᠠ᠎ᠶᠢ ᠲᠠᠢ᠌ᠯᠵᠤ᠂ ᠴᠢᠬᠤᠯᠠ ᠶᠡᠭᠡ ᠲᠥᠷᠦᠯ ᠵᠦᠢᠯ᠎ᠢ ᠡᠷᠲᠡ ᠡᠬᠢᠯᠡᠭᠦᠯᠬᠦ᠂ ᠡᠷᠲᠡ ᠠᠱᠢᠭᠯᠠᠯᠲᠠ᠎ᠳᠤ ᠣᠷᠤᠭᠤᠯᠬᠤ᠂ ᠡᠷᠲᠡ ᠦᠷ᠎ᠡ ᠪᠦᠲᠦᠮᠵᠢ ᠤᠯᠬᠤ᠎ᠶᠢ ᠠᠬᠢᠭᠤᠯᠤᠨ᠎ᠠ᠃

  ᠪᠤᠭᠤᠲᠤ ᠬᠤᠲᠠ᠎ᠶᠢᠨ ᠳᠠᠷᠬᠠᠨ ᠮᠤᠤᠮᠢᠩᠭᠠᠨ ᠬᠤᠯᠪᠤᠭᠠᠲᠤ ᠬᠤᠱᠢᠭᠤᠨ᠎ᠤ ᠱᠧᠨ ᠶᠢᠩ ᠬᠤᠩ ᠬᠤᠤ᠎ᠠᠴᠠ ᠱᠢᠷᠠᠮᠦ᠋ᠷᠡᠨ ᠬᠦᠷᠬᠦ ᠵᠠᠰᠠᠮᠠᠯ ᠵᠠᠮ᠎ᠤᠨ ᠲᠥᠷᠦᠯ ᠵᠦᠢᠯ ᠪᠣᠯ ᠣᠷᠤᠨ ᠪᠦᠰᠡ᠎ᠶᠢᠨ ᠵᠢᠭᠤᠯᠴᠢᠯᠠᠯ᠎ᠤᠨ ᠡᠬᠢ ᠪᠠᠶᠠᠯᠢᠭ᠎ᠢ ᠬᠤᠯᠪᠤᠭᠰᠠᠨ ᠭᠤᠤᠯᠳᠠᠯᠭ᠎ᠠ᠎ᠲᠠᠢ ᠲᠥᠷᠦᠯ ᠵᠦᠢᠯ ᠪᠣᠯᠤᠨ᠎ᠠ᠃ ᠥᠭᠡᠷᠡᠴᠢᠯᠡᠯᠲᠡ ᠬᠢᠬᠦ᠎ᠡᠴᠡ ᠡᠮᠦᠨ᠎ᠡ᠂ ᠢᠢ᠍ᠮᠦᠷᠬᠦ ᠲᠥᠷᠥᠯ ᠵᠦᠢᠯ᠎ᠦᠨ ᠭᠠᠵᠠᠷ ᠬᠡᠷᠡᠭᠯᠡᠬᠦ᠎ᠶᠢ ᠬᠢᠨᠠᠨ ᠵᠥᠪᠱᠢᠶᠡᠷᠡᠬᠦ ᠴᠠᠭ᠎ᠨᠢ ᠨᠡᠯᠢᠶᠡᠳ ᠤᠷᠲᠤ ᠪᠠᠢᠪᠠ᠃ ᠥᠪᠡᠷᠲᠡᠭᠡᠨ ᠵᠠᠰᠠᠬᠤ ᠣᠷᠤᠨ᠎ᠤ ᠪᠠᠢ᠌ᠭᠠᠯᠢ᠎ᠶᠢᠨ ᠡᠬᠢ ᠪᠠᠶᠠᠯᠢᠭ᠎ᠤᠨ ᠲᠢᠩᠬᠢᠮ 《ᠭᠤᠷᠪᠠᠨ ᠱᠠᠲᠦ ᠬᠤᠯᠪᠤᠭ᠋ᠠᠯᠠᠵᠦ ᠬᠢᠨᠠᠨ ᠪᠠᠢ᠌ᠴᠠᠭ᠋ᠠᠬᠤ》 ᠎ᠶᠢ ᠬᠡᠷᠡᠭᠵᠢᠭᠦᠯᠦᠭᠰᠡᠨ᠎ᠤ ᠳᠠᠷᠠᠭ᠎ᠠ᠂ ᠳᠠᠷᠬᠠᠨ ᠮᠤᠤᠮᠢᠩᠭᠠᠨ ᠬᠤᠯᠪᠤᠭᠠᠲᠤ ᠬᠤᠱᠢᠭᠤᠨ᠎ᠤ ᠪᠠᠢ᠌ᠭᠠᠯᠢ᠎ᠶᠢᠨ ᠡᠬᠢ ᠪᠠᠶᠠᠯᠢᠭ᠎ᠤᠨ ᠲᠣᠪᠴᠢᠶ᠎ᠠ ᠮᠡᠳᠡᠭᠦᠯᠦᠭᠰᠡᠨ ᠮᠠᠲᠧᠷᠢᠶᠠᠯ᠎ᠤᠨ ᠨᠢᠭᠡᠳᠦᠭᠡᠷ ᠪᠣᠭᠤᠮᠲᠠ᠎ᠶᠢ ᠴᠢᠩᠭ᠎ᠠ ᠠᠳᠭᠤᠵᠤ᠂ ᠪᠠᠢ᠌ᠭᠠᠯᠢ᠎ᠶᠢᠨ ᠡᠬᠢ ᠪᠠᠶᠠᠯᠢᠭ᠎ᠤᠨ ᠲᠢᠩᠬᠢᠮ ᠬᠢᠭᠡᠳ ᠪᠤᠭᠤᠲᠤ ᠬᠤᠲᠠ᠎ᠶᠢᠨ ᠪᠠᠢ᠌ᠭᠠᠯᠢ᠎ᠶᠢᠨ ᠡᠬᠢ ᠪᠠᠶᠠᠯᠢᠭ᠎ᠤᠨ ᠲᠣᠪᠴᠢᠶ᠎ᠠ ᠵᠡᠷᠭᠡᠪᠡᠷ ᠬᠢᠨᠠᠨ ᠪᠠᠢ᠌ᠴᠠᠭᠠᠵᠤ᠂ ᠬᠢᠨᠠᠨ ᠵᠥᠪᠱᠢᠶᠡᠷᠡᠬᠦ ᠳᠤᠮᠳᠠ ᠢᠯᠡᠷᠡᠭᠰᠡᠨ ᠠᠰᠠᠭᠤᠳᠠᠯ᠎ᠢ ᠴᠠᠭ ᠲᠤᠬᠠᠢ᠎ᠳᠤᠨᠢ ᠨᠡᠪᠲᠡᠷᠡᠯᠴᠡᠵᠦ᠂ ᠬᠠᠮᠵᠢᠯᠴᠠᠨ ᠱᠢᠢᠳᠪᠦᠷᠢᠯᠡᠪᠡ᠃ ᠲᠣᠰ ᠲᠥᠷᠦᠯ ᠵᠦᠢᠯ᠎ᠨᠢ ᠮᠡᠳᠡᠭᠦᠯᠦᠭᠰᠡᠨ ᠵᠦᠢᠯ᠎ᠠᠴᠠ ᠴᠣᠬᠤᠯᠠᠪᠤᠷᠢ ᠬᠦᠷᠲᠡᠯᠡᠬᠢ ᠪᠥᠬᠦ ᠶᠠᠪᠤᠴᠠ᠎ᠶᠢ ᠵᠥᠪᠬᠡᠨ 10 ᠡᠳᠦᠷ ᠬᠡᠷᠡᠭᠯᠡᠵᠦ᠂ ᠲᠥᠷᠦᠯ ᠵᠦᠢᠯ᠎ᠤᠨ ᠡᠷᠲᠡ ᠠᠵᠢᠯ ᠡᠬᠢᠯᠡᠭᠦᠯᠬᠦ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠭᠰᠠᠨ ᠪᠠᠢ᠌ᠨ᠎ᠠ᠃

  ᠡᠨᠡ ᠪᠣᠯ ᠥᠪᠦᠷ ᠮᠣᠩᠭᠤᠯ ᠴᠢᠬᠤᠯᠠ ᠶᠡᠭᠡ ᠲᠥᠷᠦᠯ ᠵᠦᠢᠯ᠎ᠤᠨ ᠪᠥᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠬᠢᠨᠠᠨ ᠵᠥᠪᠱᠢᠶᠡᠷᠡᠬᠦ ᠳᠤᠮᠳᠠ 《ᠭᠤᠷᠪᠠᠨ ᠱᠠᠲᠦ ᠬᠤᠯᠪᠤᠭ᠋ᠠᠯᠠᠵᠦ ᠬᠢᠨᠠᠨ ᠪᠠᠢ᠌ᠴᠠᠭ᠋ᠠᠬᠤ》 ᠥᠭᠡᠷᠡᠴᠢᠯᠡᠯᠲᠡ᠎ᠶᠢ ᠡᠬᠢᠯᠡᠨ ᠬᠡᠷᠡᠭᠯᠡᠵᠦ᠂ ᠴᠢᠬᠤᠯᠠ ᠶᠡᠭᠡ ᠲᠥᠷᠦᠯ ᠵᠦᠢᠯ᠎ᠢ ᠥᠨᠳᠦᠷ ᠪᠦᠲᠦᠮᠵᠢᠲᠡᠢ᠎ᠪᠠᠷ ᠨᠠᠢ᠌ᠳᠠᠪᠤᠷᠢᠵᠢᠭᠤᠯᠬᠤ᠎ᠶᠢ ᠪᠠᠲᠤᠯᠠᠬᠤ᠎ᠶᠢᠨ ᠬᠤᠷᠢᠶᠠᠩᠭᠤᠢ ᠳᠦᠷᠰᠦ ᠪᠣᠯᠤᠨ᠎ᠠ᠃

  ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠪᠠᠢ᠌ᠭᠠᠯᠢ᠎ᠶᠢᠨ ᠡᠬᠢ ᠪᠠᠶᠠᠯᠢᠭ᠎ᠤᠨ ᠲᠢᠩᠬᠢᠮ᠎ᠨᠢ ᠭᠤᠷᠪᠠᠨ ᠱᠠᠲᠦ ᠬᠤᠯᠪᠤᠭ᠋ᠠᠯᠠᠵᠦ ᠬᠢᠨᠠᠨ ᠪᠠᠢ᠌ᠴᠠᠭ᠋ᠠᠬᠤ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠬᠦ ᠠᠵᠢᠯ᠎ᠤᠨ ᠵᠠᠭᠪᠤᠷ᠎ᠢ ᠪᠠᠢ᠌ᠭᠤᠯᠬᠤ᠎ᠪᠠᠷ ᠳᠠᠮᠵᠢᠭᠤᠯᠤᠨ᠂ ᠠᠬᠢᠴᠠ᠎ᠶᠢ ᠴᠠᠭ ᠲᠤᠬᠠᠢ᠎ᠳᠤᠨᠢ ᠮᠥᠷᠳᠡᠵᠦ᠂ ᠲᠦᠭᠵᠢᠷᠡᠯ᠎ᠢ ᠣᠨᠤᠪᠴᠢᠲᠠᠢ ᠢᠯᠭᠠᠨ ᠲᠠᠨᠢᠵᠤ᠂ 《ᠨᠠᠷᠢᠨ ᠲᠠᠩᠰᠠᠴᠢᠯᠠᠭᠰᠠᠨ ᠬᠠᠮᠢᠶᠠᠷᠤᠯᠲᠠ + ᠬᠠᠨᠳᠤᠯᠭᠠᠲᠤ ᠮᠠᠶᠢᠭ᠎ᠤᠨ ᠪᠡᠷᠬᠡ ᠰᠡᠳᠦᠪ᠎ᠢ ᠱᠢᠢᠳᠪᠦᠷᠢᠯᠡᠬᠦ》 ᠎ᠪᠠᠷ ᠭᠠᠷᠳᠠᠴᠠ ᠪᠣᠯᠭᠠᠨ᠂ ᠬᠢᠨᠠᠨ ᠵᠥᠪᠱᠢᠶᠡᠷᠡᠬᠦ ᠬᠤᠷᠢᠭ᠎ᠠ ᠴᠡᠭ᠎ᠤᠨ ᠠᠰᠠᠭᠤᠳᠠᠯ᠎ᠢ ᠥᠨᠳᠦᠷ ᠪᠦᠲᠦᠮᠵᠢᠲᠡᠢ᠎ᠪᠠᠷ ᠱᠢᠢᠳᠪᠦᠷᠢᠯᠡᠬᠦ᠎ᠶᠢ ᠦᠨᠡᠨ᠎ᠬᠦ ᠳᠥᠯᠭᠢᠨ ᠠᠬᠢᠭᠤᠯᠪᠠ᠃ 《ᠭᠤᠷᠪᠠᠨ ᠱᠠᠲᠦ ᠬᠤᠯᠪᠤᠭ᠋ᠠᠯᠠᠵᠦ ᠬᠢᠨᠠᠨ ᠪᠠᠢ᠌ᠴᠠᠭ᠋ᠠᠬᠤ》 ᠲᠣᠭᠲᠠᠴᠠ᠎ᠶᠢ ᠭᠦᠨᠵᠡᠭᠡᠢ᠌ᠷᠡᠭᠦᠯᠦᠨ ᠠᠬᠢᠭᠤᠯᠤᠭᠰᠠᠨ ᠪᠠᠢ᠌ᠳᠠᠯ ᠳᠣᠣᠷ᠎ᠠ᠂ ᠪᠥᠬᠦ ᠣᠷᠤᠨ᠎ᠤ ᠪᠥᠲᠦᠭᠡᠨ ᠪᠠᠢ᠌ᠭᠤᠯᠤᠯᠲᠠ᠎ᠶᠢᠨ ᠲᠥᠷᠦᠯ ᠵᠦᠢᠯ᠎ᠳᠤ ᠬᠡᠷᠡᠭᠯᠡᠬᠦ ᠭᠠᠵᠠᠷ᠎ᠢ ᠬᠢᠨᠠᠨ ᠵᠥᠪᠱᠢᠶᠡᠷᠡᠬᠦ ᠦᠷ᠎ᠡ ᠪᠦᠲᠦᠮᠵᠢ᠎ᠶᠢ ᠢᠯᠡᠳᠲᠡ ᠳᠡᠭᠡᠭᠱᠢᠯᠡᠭᠦᠯᠪᠡ᠃ ᠡᠨᠡ ᠵᠢᠯ᠎ᠤᠨ 1᠎ ᠳ᠋ᠦ᠍ᠭᠡᠷ ᠰᠠᠷ᠎ᠠ ᠎ᠠᠴᠠ 11 ᠳ᠋ᠦ᠍ᠭᠡᠷ ᠰᠠᠷ᠎ᠠ ᠪᠣᠯᠲᠠᠯ᠎ᠠ᠂ ᠪᠥᠬᠦ ᠣᠷᠤᠨ᠎ᠤ ᠪᠥᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠲᠥᠷᠦᠯ ᠵᠦᠢᠯ᠎ᠳᠤ ᠴᠣᠬᠣᠯᠠᠪᠣᠷᠢᠯᠠᠨ ᠬᠠᠷᠢᠭᠤᠯᠤᠭᠰᠠᠨ ᠳᠤᠮᠳᠠᠴᠢ ᠬᠡᠷᠡᠭᠯᠡᠬᠦ ᠴᠠᠭ᠎ᠢ ᠶᠡᠭᠡ᠎ᠪᠠᠷ ᠪᠠᠭᠠᠰᠭᠠᠵᠤ᠂ ᠪᠥᠲᠦᠭᠡᠨ ᠪᠠᠢ᠌ᠭᠤᠯᠤᠯᠲᠠ᠎ᠶᠢᠨ ᠲᠥᠷᠦᠯ ᠵᠦᠢᠯ᠎ᠳᠤ ᠬᠡᠷᠡᠭᠯᠡᠬᠦ ᠭᠠᠵᠠᠷ᠎ᠢ ᠬᠢᠨᠠᠨ ᠵᠥᠪᠱᠢᠶᠡᠷᠡᠵᠦ ᠬᠡᠷᠡᠭᠯᠡᠬᠦ ᠴᠠᠭ᠎ᠢ 52 ᠡᠳᠦᠷ ᠪᠠᠭᠠᠰᠭᠠᠵᠤ᠂ ᠠᠵᠤ ᠠᠬᠤᠢ᠌ᠯᠠᠯ᠎ᠤᠨ ᠴᠠᠭ᠎ᠤᠨ ᠥᠪᠡᠷ᠎ᠤᠨ ᠥᠷᠲᠡᠭ᠎ᠢ ᠪᠦᠲᠦᠮᠵᠢᠲᠡᠢ ᠪᠠᠭᠤᠷᠠᠭᠤᠯᠪᠠ᠃ ᠡᠨᠡ ᠵᠢᠯ ᠪᠦᠬᠦ ᠣᠷᠣᠨ᠎ᠤ ᠭᠠᠵᠠᠷ ᠬᠡᠷᠡᠭᠯᠡᠬᠦ ᠭᠠᠷᠳᠠᠮ᠎ᠢ ᠭᠦᠢᠴᠡᠳᠬᠡᠬᠦ᠎ᠪᠡᠷ ᠭᠤᠶᠤᠴᠢᠯᠠᠭᠰᠠᠨ 1394 ᠴᠢᠬᠤᠯᠠ ᠶᠡᠬᠡ ᠲᠥᠷᠥᠯ ᠵᠦᠢᠯ᠎ᠳᠦ 《ᠲᠦᠷᠭᠡᠨ ᠭᠦᠢᠴᠡᠳᠬᠡᠵᠦ ᠲᠦᠷᠭᠡᠨ ᠵᠥᠪᠱᠢᠶᠡᠷᠡᠬᠦ》 ᠎ᠶᠢ ᠪᠡᠶᠡᠯᠡᠭᠦᠯᠵᠦ᠂ ᠭᠠᠵᠠᠷ ᠬᠡᠷᠡᠭᠯᠡᠬᠦ ᠴᠣᠬᠣᠯᠠᠪᠤᠷᠢ᠎ᠶᠢ ᠬᠤᠭᠤᠴᠠᠭ᠎ᠠ ᠶᠣᠰᠣᠭᠠᠷ ᠪᠦᠬᠦᠨ᠎ᠢ ᠣᠯᠪᠠ᠃

  ᠡᠨᠡ ᠵᠢᠯ᠎ᠠᠴᠠ ᠨᠠᠭᠠᠱᠢ᠂ ᠥᠪᠡᠷᠲᠡᠭᠡᠨ ᠵᠠᠰᠠᠬᠤ ᠣᠷᠤᠨ᠎ᠤ ᠪᠠᠢ᠌ᠭᠠᠯᠢ᠎ᠶᠢᠨ ᠡᠬᠢ ᠪᠠᠶᠠᠯᠢᠭ᠎ᠤᠨ ᠲᠢᠩᠬᠢᠮ 《ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠣᠷᠤᠨ ᠵᠠᠢ᠎ᠶᠢᠨ ᠡᠯᠧᠮᠧᠨ᠋ᠲ᠎ᠢ ᠪᠠᠢ᠌ᠴᠠᠭᠠᠨ ᠯᠠᠪᠯᠠᠬᠤ ᠲᠠᠪᠴᠠᠩ》 ᠪᠠ 《ᠪᠠᠢ᠌ᠭᠠᠯᠢ᠎ᠶᠢᠨ ᠡᠬᠢ ᠪᠠᠶᠠᠯᠢᠭ᠎ᠤᠨ ᠬᠠᠮᠢᠶᠠᠷᠤᠯᠲᠠ᠎ᠶᠢᠨ ᠳ᠋ᠡᠢ᠌ᠲ᠋ᠠ᠎ᠶᠢ ᠣᠯᠠᠨ ᠨᠡᠢ᠌ᠲᠡ᠎ᠠᠴᠠ ᠪᠠᠢ᠌ᠴᠠᠭᠠᠨ ᠯᠠᠪᠯᠠᠬᠤ》 ᠸᠢᠴᠠᠲ᠎ᠤᠨ ᠵᠢᠵᠢᠭ ᠫᠷᠤᠭ᠌ᠷᠠᠮ᠎ᠢ ᠰᠦᠯᠵᠢᠶᠡᠨ᠎ᠳᠤ ᠣᠷᠤᠭᠤᠯᠤᠨ ᠠᠵᠢᠯᠯᠠᠭᠤᠯᠵᠤ᠂ ᠥᠯᠦ ᠬᠥᠳᠡᠯᠬᠦ ᠬᠥᠷᠦᠩᠭᠡ᠎ᠶᠢᠨ ᠡᠷᠬᠡ᠎ᠶᠢᠨ ᠦᠨᠡᠮᠯᠡᠯ᠂ ᠭᠠᠵᠠᠷ ᠱᠢᠷᠤᠢ᠎ᠶᠢᠨ ᠡᠷᠬᠡ᠎ᠶᠢᠨ ᠬᠠᠷᠢᠶᠠᠯᠠᠯ᠎ᠤᠨ ᠭᠡᠷᠡᠴᠢ ᠵᠡᠷᠭᠡ 6 ᠵᠦᠢᠯ᠎ᠤᠨ ᠬᠢᠨᠠᠨ ᠪᠠᠢ᠌ᠴᠠᠭᠠᠬᠤ ᠮᠠᠲᠧᠷᠢᠶᠠᠯ᠎ᠢ ᠪᠠᠭᠠᠰᠭᠠᠵᠤ᠂ ᠳ᠋ᠡᠢ᠌ᠲ᠋ᠠ᠎ᠶᠢᠨ ᠲᠤᠯᠭᠠᠭᠤᠷᠢᠯᠠᠯ᠎ᠢ ᠴᠢᠩᠭᠠᠳᠭᠠᠬᠤ᠂ ᠬᠢᠨᠠᠨ ᠪᠠᠢ᠌ᠴᠠᠭᠠᠬᠤ ᠮᠠᠲᠧᠷᠢᠶᠠᠯ᠎ᠢ ᠴᠣᠮᠬᠠᠳᠭᠠᠬᠤ᠂ ᠬᠢᠨᠠᠨ ᠵᠥᠪᠱᠢᠶᠡᠷᠡᠬᠦ ᠴᠤᠪᠤᠷᠠᠯ᠎ᠢ ᠱᠢᠯᠢᠳᠡᠭᠵᠢᠭᠦᠯᠬᠦ᠂ ᠬᠤᠯᠪᠤᠭᠠᠯᠠᠨ ᠬᠥᠳᠡᠯᠦᠯᠴᠡᠬᠦ ᠲᠣᠭᠲᠠᠴᠠ᠎ᠶᠢ ᠪᠠᠢ᠌ᠭᠤᠯᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠭᠠᠵᠠᠷ ᠬᠡᠷᠡᠭᠯᠡᠬᠦ᠎ᠶᠢ ᠬᠢᠨᠠᠨ ᠵᠥᠪᠱᠢᠶᠡᠷᠡᠬᠦ 《ᠲᠦᠭᠵᠢᠷᠡᠯ》 ᠎ᠢ ᠦᠨᠡᠨ᠎ᠬᠦ ᠨᠡᠪᠲᠡᠷᠡᠭᠦᠯᠵᠦ᠂ ᠪᠥᠬᠦ ᠣᠷᠤᠨ᠎ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠎ᠳᠤ ᠪᠠᠢ᠌ᠭᠠᠯᠢ᠎ᠶᠢᠨ ᠡᠬᠢ ᠪᠠᠶᠠᠯᠢᠭ᠎ᠤᠨ ᠬᠥᠳᠡᠯᠭᠡᠬᠦ ᠬᠦᠴᠦᠨ᠎ᠢ ᠦᠷᠭᠦᠯᠵᠢᠯᠡᠨ ᠨᠡᠮᠡᠷᠢᠯᠡᠨ᠎ᠡ᠃

ᠢᠷᠡᠯᠲᠡ᠄ ᠥᠪᠦᠷ ᠮᠣᠩᠭᠤᠯ᠎ᠤᠨ ᠡᠳᠦᠷ᠎ᠦᠨ ᠰᠣᠨᠢᠨ