ᠪᠣᠬᠢᠷᠲᠤᠯ ᠦᠭᠡᠶ ᠠᠭᠤᠷᠬᠠᠶ᠎ᠶ᠋ᠢᠨ ᠪᠦᠲᠦᠭᠡᠨ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭ᠌ᠳᠡᠯ
2025-06-19

ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭ᠍ᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠎ᠳᠤ᠄

  ᠰᠢ᠎ᠶ᠋ᠢᠨ ᠫᠢᠩ᠎ᠤᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠪᠥᠬᠦ᠌ ᠲᠠᠯ᠎ᠠ᠎ᠪᠠᠷ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠤᠭᠤᠮ᠎ᠤᠨ ᠲᠣᠭᠤᠷᠢᠨ᠎ᠳᠤ᠂ ᠡᠬᠢ ᠪᠠᠶᠠᠯᠢᠭ᠎ᠤᠨ ᠬᠡᠯᠪᠡᠷᠢ᠎ᠶ᠋ᠢᠨ ᠭᠠᠵᠠᠷ ᠣᠷᠣᠨ᠎ᠤ ᠬᠡᠯᠪᠡᠷᠢ᠎ᠪᠠᠨ ᠬᠤᠪᠢᠷᠠᠭᠤᠯᠤᠨ ᠬᠥᠭ᠌ᠵᠢᠬᠦ᠌ ᠱᠢᠨ᠎ᠡ ᠠᠷᠭ᠎ᠠ ᠵᠠᠮ᠎ᠢ ᠬᠠᠢᠨ ᠰᠦᠪᠡᠭ᠌ᠴᠢᠯᠡᠵᠦ᠍᠂ ᠵᠠᠰᠠᠭ᠎ᠤᠨ ᠣᠷᠳᠣᠨ᠎ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ ᠠᠵᠤ ᠠᠬᠤᠢᠯᠠᠯ ᠭᠤᠤᠯᠯᠠᠨ ᠪᠠᠢᠭᠤᠯᠬᠤ᠂ ᠨᠡᠢᠭᠡᠮ᠎ᠠᠴᠠ ᠬᠢᠨᠠᠯᠲᠠ ᠲᠠᠯᠪᠢᠬᠤ ᠪᠣᠬᠢᠷᠲᠤᠯ ᠥᠬᠡᠶ ᠠᠭᠤᠷᠬᠠᠶ᠎ᠶ᠋ᠢᠨ ᠦᠢᠯᠡᠰ᠎ᠤᠨ ᠬᠥᠭ᠌ᠵᠢᠯᠲᠡ᠎ᠶ᠋ᠢᠨ ᠲᠣᠭ᠍ᠲᠠᠴᠠ᠎ᠶ᠋ᠢ ᠪᠠᠢᠭᠤᠯᠬᠤ᠎ᠪᠠᠷ ᠳᠠᠮᠵᠢᠭᠤᠯᠤᠨ᠂ ᠠᠭᠤᠷᠬᠠᠶ᠎ᠶ᠋ᠢᠨ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠬᠤ᠎ᠶ᠋ᠢᠨ ᠲᠤᠰᠠᠳᠠ᠂ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ ᠵᠡᠷᠭᠡ ᠲᠤᠯᠤᠭᠠᠨ ᠶᠠᠮᠤᠨ ᠵᠥᠪᠯᠡᠯ᠎ᠤᠨ 《ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠬᠤ ᠲᠤᠬᠠᠶ ᠮᠡᠳᠡᠭ᠌ᠳᠡᠯ》 ( ᠪᠠᠢᠭᠠᠯᠢ᠎ᠶ᠋ᠢᠨ ᠡᠬᠢ ᠪᠠᠶᠠᠯᠢᠭ ᠲᠣᠭ᠍ᠲᠠᠭᠠᠯ 〔 2024〕 1 ᠳ᠋ᠦ᠍ᠭᠡᠷ ᠲᠣᠭᠠᠲᠤ ) ᠪᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠥᠲᠥᠭᠡᠨ ᠪᠠᠢᠭᠤᠯᠬᠤ᠎ᠶ᠋ᠢ ᠠᠬᠢᠭᠤᠯᠬᠤ ᠲᠦᠷᠢᠮ》 ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠱᠢᠨᠵᠢᠯᠡᠭᠡᠨ᠎ᠤ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠲᠦᠷᠢᠮ》 ᠎ᠤᠨ ᠬᠤᠯᠪᠣᠭ᠍ᠳᠠᠯ ᠪᠥᠬᠦᠶ ᠱᠠᠭᠠᠷᠳᠠᠯᠭ᠎ᠠ ᠪᠠ ᠲᠣᠭ᠍ᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠢᠶᠠᠷ ᠵᠥᠪᠱᠢᠶᠡᠷᠡᠭᠦᠯᠦᠭᠡᠳ᠂ ᠡᠳᠦᠭᠡ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠬᠤ ᠬᠤᠯᠪᠣᠭ᠍ᠳᠠᠯ ᠪᠥᠬᠦᠶ ᠵᠦᠢᠯᠡᠰ᠎ᠢ ᠳᠣᠤᠷᠠᠬᠢ ᠮᠡᠲᠦ ᠮᠡᠳᠡᠭ᠌ᠳᠡᠪᠡ᠃

  ᠨᠢᠭᠡ᠂ ᠪᠣᠬᠢᠷᠲᠤᠯ ᠦᠭᠡᠶ ᠠᠭᠤᠷᠬᠠᠶ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠡᠭᠦᠷᠭᠡ ᠬᠠᠷᠠᠯᠲᠠ᠎ᠶ᠋ᠢ ᠲᠤᠳᠤᠷᠬᠠᠢ᠌ᠯᠠᠨ᠎ᠠ

  2028 ᠣᠨ᠎ᠤ ᠰᠡᠭᠦᠯᠴᠢ ᠪᠣᠯᠬᠤ᠎ᠳᠤ᠂ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠠᠵᠢᠯ᠎ᠤᠨ ᠲᠣᠭ᠍ᠲᠠᠴᠠ᠎ᠶ᠋ᠢ ᠨᠠᠩ ᠲᠡᠭᠦᠯᠳᠡᠷᠵᠢᠭᠦᠯᠵᠦ᠍᠂ ᠦᠨᠡᠮᠯᠡᠯ᠎ᠲᠠᠢ ᠦᠢᠯᠡᠳᠪᠦᠷᠢᠯᠡᠯ᠎ᠤᠨ 90% ᠎ᠶ᠋ᠢᠨ ᠲᠣᠮᠣ ᠬᠡᠯᠪᠡᠷᠢ᠎ᠶ᠋ᠢᠨ ᠠᠭᠤᠷᠬᠠᠶ᠂ 80% ᠎ᠶᠢᠨ ᠳᠤᠮᠳᠠ ᠬᠡᠯᠪᠡᠷᠢ᠎ᠶ᠋ᠢᠨ ᠠᠭᠤᠷᠬᠠᠶ᠎ᠶ᠋ᠢ ᠪᠣᠬᠢᠷᠲᠤᠯ ᠥᠬᠡᠶ ᠠᠭᠤᠷᠬᠠᠶ᠎ᠶ᠋ᠢᠨ ᠪᠠᠷᠢᠮᠵᠢᠶ᠎ᠠ᠎ᠶ᠋ᠢᠨ ᠱᠠᠭᠠᠷᠳᠠᠯᠭ᠎ᠠ᠎ᠳᠤ ᠬᠦᠷᠦᠭᠦᠯᠵᠦ᠍᠂ ᠦᠨᠡᠮᠯᠡᠯ᠎ᠲᠠᠢ ᠦᠢᠯᠡᠳᠪᠦᠷᠢᠯᠡᠵᠦ᠍ ᠪᠠᠢᠭ᠎ᠠ ᠵᠢᠵᠢᠭ ᠬᠡᠯᠪᠡᠷᠢ᠎ᠶ᠋ᠢᠨ ᠠᠭᠤᠷᠬᠠᠶ ᠪᠠ ᠦᠯᠡᠳᠡᠭ᠌ᠳᠡᠵᠦ᠍ ᠪᠠᠢᠭ᠎ᠠ ᠬᠠᠳᠠᠭᠠᠯᠠᠭ᠍ᠳᠠᠴᠠ᠎ᠶ᠋ᠢᠨ ᠮᠠᠯᠲᠠᠵᠤ ᠪᠣᠯᠬᠤ ᠵᠢᠯ ᠬᠤᠭᠤᠴᠠᠭ᠎ᠠ᠎ᠨᠢ 3 ᠵᠢᠯ ᠬᠦᠷᠬᠦ᠌ ᠥᠬᠡᠶ ᠦᠢᠯᠡᠳᠪᠦᠷᠢᠯᠡᠵᠦ᠍ ᠪᠠᠢᠭ᠎ᠠ ᠠᠭᠤᠷᠬᠠᠶ᠎ᠶ᠋ᠢ ᠪᠣᠬᠢᠷᠲᠤᠯ ᠥᠬᠡᠶ ᠠᠭᠤᠷᠬᠠᠶ᠎ᠶ᠋ᠢᠨ ᠪᠠᠷᠢᠮᠵᠢᠶ᠎ᠠ᠎ᠪᠠᠷ ᠯᠠᠪᠯᠠᠯᠲᠠ ᠪᠣᠯᠭᠠᠨ ᠬᠠᠮᠢᠶᠠᠷᠬᠤ ᠬᠡᠷᠡᠭ᠌ᠲᠡᠶ᠃

  ᠬᠤᠶᠡᠷ᠂ ᠪᠤᠬᠢᠷᠳᠣᠯ ᠦᠭᠡᠢ ᠠᠭᠤᠷᠬᠠᠢ᠎ᠶ᠋ᠢᠨ ᠪᠦᠳᠦᠭᠡᠨ ᠪᠠᠢᠭᠤᠯᠥᠯᠳᠡ᠎ᠶ᠋ᠢ ᠶᠡᠭᠡᠪᠡᠷ ᠠᠬᠢᠭᠤᠯᠥᠨ᠎ᠠ 

  ( ᠨᠢᠭᠡ ) ᠪᠣᠬᠢᠷᠲᠤᠯ ᠥᠬᠡᠶ ᠠᠭᠤᠷᠬᠠᠶ᠎ᠶ᠋ᠢᠨ ᠪᠠᠷᠢᠮᠵᠢᠶ᠎ᠠ ᠪᠠ ᠦᠨᠡᠯᠡᠬᠦ᠌ ᠭᠦᠢᠴᠡᠳᠭᠡᠯ ᠲᠤᠭ᠎ᠠ᠎ᠶ᠋ᠢ ᠪᠠᠢᠭᠤᠯᠤᠨ ᠪᠦᠷᠢᠨᠱᠢᠭᠦᠯᠦᠨ᠎ᠡ᠃ ᠦᠪᠡᠷᠳᠡᠭᠡᠨ ᠵᠠᠰᠠᠬᠤ ᠤᠷᠤᠨ᠎ᠤ ᠪᠤᠳᠠᠳᠠᠢ᠎ᠲᠠᠢ ᠤᠶᠠᠯᠳᠤᠭᠤᠯᠤᠨ᠂ ᠤᠷᠤᠨ ᠪᠠᠢᠷᠢ᠎ᠶ᠋ᠢᠨ ᠨᠦᠬᠦᠴᠡᠯ᠂ ᠠᠭᠤᠷᠬᠠᠢ᠎ᠶ᠋ᠢᠨ ᠲᠦᠷᠦᠯ᠂ ᠬᠡᠪᠴᠢᠶ᠎ᠡ᠂ ᠨᠡᠭᠡᠭᠡᠨ ᠮᠠᠯᠲᠠᠬᠤ ᠠᠷᠭ᠎ᠠ ᠮᠠᠶᠢᠭ ᠵᠡᠷᠭᠡ ᠬᠦᠴᠦᠨ ᠵᠦᠢᠯ᠎ᠢ ᠶᠡᠷᠦᠩᠬᠡᠢᠯᠡᠨ ᠪᠤᠳᠤᠯᠬᠢᠯᠠᠵᠤ᠂ ᠦᠪᠡᠷᠳᠡᠭᠡᠨ ᠵᠠᠰᠠᠬᠤ ᠤᠷᠤᠨ᠎ᠤ ᠪᠤᠬᠢᠷᠳᠤᠯ ᠦᠭᠡᠢ ᠠᠭᠤᠷᠬᠠᠢ᠎ᠶ᠋ᠢᠨ ᠪᠦᠳᠦᠭᠡᠨ ᠪᠠᠢᠭᠤᠯᠤᠯᠳᠠ᠎ᠶ᠋ᠢᠨ ᠤᠷᠤᠨ ᠨᠤᠳᠤᠭ᠎ᠤᠨ ᠪᠠᠷᠢᠮᠵᠢᠶ᠎ᠠ ᠪᠠ ᠦᠨᠡᠯᠡᠬᠦ᠌ ᠭᠦᠢᠴᠡᠳᠭᠡᠯ ᠲᠤᠭ᠎ᠠ᠎ᠶ᠋ᠢ ᠲᠤᠭ᠍ᠳᠠᠭᠠᠨ᠎ᠠ ( ᠳᠠᠭᠠᠯᠳᠤᠭᠤᠯᠤᠯ 1 ᠎ᠳᠤ ᠨᠠᠷᠢᠨ ᠦᠵᠡᠭᠡᠷᠡᠢ )᠃ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠦᠨᠡᠯᠡᠬᠦ᠌ ᠭᠦᠢᠴᠡᠳᠭᠡᠯ ᠲᠤᠭ᠎ᠠ᠎ᠶ᠋ᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭ᠍ᠲᠠᠭᠠᠯ᠂ ᠮᠡᠷᠭᠡᠵᠢᠯ᠎ᠤᠨ ᠪᠠᠷᠢᠮᠵᠢᠶ᠎ᠠ᠎ᠶ᠋ᠢᠨ ᠬᠤᠪᠢᠷᠠᠯᠲᠠ ᠵᠢᠴᠢ ᠪᠣᠳᠠᠲᠠᠶ ᠪᠠᠢᠳᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠵᠣᠬᠢᠴᠠᠭᠤᠯᠬᠤ ᠲᠣᠭ᠍ᠲᠠᠴᠠ᠎ᠶ᠋ᠢᠨ ᠠᠯᠪᠠᠨ ᠬᠡᠷ᠎ᠠᠴᠠ ᠴᠠᠭ᠎ᠲᠤᠨᠢ ᠲᠣᠬᠢᠷᠠᠭᠤᠯᠤᠨ᠎ᠠ᠃

   ( ᠬᠤᠶᠠᠷ ) ᠪᠣᠬᠢᠷᠲᠤᠯ ᠦᠭᠡᠶ ᠠᠭᠤᠷᠬᠠᠶ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠣᠨ᠎ᠤ ᠬᠠᠷᠠᠯᠲᠠ᠎ᠶ᠋ᠢᠨ ᠡᠭᠦᠷᠭᠡ᠎ᠶ᠋ᠢ ᠲᠣᠭ᠍ᠲᠠᠭᠠᠨ᠎ᠠ᠃ ᠡᠯ᠎ᠡ ᠠᠢᠮᠠᠭ᠎ᠤᠨ ᠵᠠᠬᠢᠷᠭ᠎ᠠ᠂ ᠬᠤᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠨᠢ ᠣᠷᠣᠨ ᠪᠦᠰᠡ᠎ᠶ᠋ᠢᠨ ᠪᠠᠢᠭᠠᠯᠢ᠎ᠶ᠋ᠢᠨ ᠭᠠᠵᠠᠷ ᠵᠦᠢ᠂ ᠠᠭᠤᠷᠬᠠᠢ᠎ᠶ᠋ᠢᠨ ᠲᠦᠷᠦᠯ᠂ ᠨᠡᠭᠡᠭᠡᠨ ᠮᠠᠯᠲᠠᠬᠤ ᠬᠡᠪᠴᠢᠶ᠎ᠡ ᠵᠡᠷᠭᠡ ᠪᠣᠳᠠᠲᠤ ᠪᠠᠢᠳᠠᠯ᠎ᠲᠠᠢ ᠤᠶᠠᠯᠳᠤᠭᠤᠯᠤᠨ᠂ ᠲᠤᠰ ᠭᠠᠵᠠᠷ ᠣᠷᠣᠨ᠎ᠤ ᠪᠤᠬᠢᠷᠳᠤᠯ ᠦᠭᠡᠢ ᠠᠭᠤᠷᠬᠠᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠬᠠᠷᠠᠯᠲᠠᠲᠤ ᠡᠭᠦᠷᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠵᠦᠢ ᠵᠣᠬᠢᠰᠲᠠᠢ ᠰᠤᠳᠤᠯᠤᠨ ᠲᠣᠭ᠍ᠲᠠᠭᠠᠵᠤ᠂ ᠭᠡᠷ᠎ᠡ᠎ᠶ᠋ᠢᠨ ᠬᠠᠮᠢᠶᠠᠷᠤᠯᠲᠠ᠎ᠶ᠋ᠢᠨ ᠳᠦᠷᠢᠮ ᠶᠣᠰᠣᠭᠠᠷ ᠠᠭᠤᠷᠬᠠᠶ ᠮᠠᠯᠲᠠᠬᠤ ᠡᠷᠬᠡᠲᠦ ᠬᠥᠮᠦᠨ᠎ᠲᠠᠢ ᠭᠡᠷ᠎ᠡ ᠲᠣᠭ᠍ᠲᠠᠵᠤ᠂ ᠪᠣᠬᠢᠷᠲᠤᠯ ᠦᠭᠡᠢ ᠠᠭᠤᠷᠬᠠᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠡᠭᠦᠷᠭᠡ᠂ ᠠᠬᠢᠴᠠ᠂ ᠴᠠᠭ᠎ᠤᠨ ᠬᠢᠵᠠᠭᠠᠷ᠂ ᠱᠠᠭᠠᠷᠳᠠᠯᠭ᠎ᠠ ᠵᠢᠴᠢ ᠭᠡᠷ᠎ᠡ᠎ᠶ᠋ᠢ ᠵᠥᠷᠢᠴᠡᠭ᠌ᠰᠡᠨ ᠬᠠᠷᠢᠭᠤᠴᠠᠯᠭ᠎ᠠ᠎ᠶ᠋ᠢ ᠲᠣᠳᠣᠷᠬᠠᠢᠯᠠᠵᠤ᠂ ᠱᠢᠨ᠎ᠡ᠎ᠪᠠᠷ ᠪᠠᠢᠭᠤᠯᠤᠭ᠍ᠰᠠᠨ ᠪᠠ ᠲᠣᠮᠣ ᠳᠤᠮᠳᠠ ᠬᠡᠯᠪᠡᠷᠢ᠎ᠶ᠋ᠢᠨ ᠦᠢᠯᠡᠳᠪᠦᠷᠢᠯᠡᠵᠦ᠍ ᠪᠠᠢᠭ᠎ᠠ ᠠᠭᠤᠷᠬᠠᠢ᠎ᠳᠤ ᠪᠣᠬᠢᠷᠲᠤᠯ ᠦᠭᠡᠢ ᠠᠭᠤᠷᠬᠠᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠥᠷᠨᠢᠭᠦᠯᠬᠦ᠌᠎ᠶ᠋ᠢ ᠲᠦᠯᠬᠢᠨ ᠠᠬᠢᠭᠤᠯᠤᠨ᠎ᠠ᠂ ᠡᠭᠦᠨ᠎ᠳᠤ᠂ ᠱᠢᠨ᠎ᠡ᠎ᠪᠠᠷ ᠪᠠᠢᠭᠤᠯᠤᠭ᠍ᠰᠠᠨ ᠠᠭᠤᠷᠬᠠᠶ᠎ᠶ᠋ᠢ ᠵᠢᠩᠬᠢᠨᠢ᠎ᠪᠠᠷ ᠠᠱᠢᠭ᠍ᠯᠠᠯᠲᠠ᠎ᠳᠤ ᠣᠷᠣᠭᠤᠯᠤᠭ᠍ᠰᠠᠨ᠎ᠤ ᠳᠠᠷᠠᠭ᠎ᠠ 1 - 2 ᠵᠢᠯ᠎ᠤᠨ ᠳᠣᠲᠣᠷ᠎ᠠ ᠪᠣᠬᠢᠷᠲᠤᠯ ᠦᠭᠡᠢ ᠠᠭᠤᠷᠬᠠᠶ᠎ᠶ᠋ᠢ ᠦᠨᠡᠯᠡᠨ ᠵᠢᠱ᠌ᠢᠵᠦ᠍ ᠬᠢᠨᠠᠨ ᠪᠠᠢᠴᠠᠭᠠᠬᠤ᠎ᠶ᠋ᠢ ᠦᠩᠭᠡᠷᠡᠭᠡᠬᠦ᠌ ᠬᠡᠷᠡᠭ᠌ᠲᠡᠢ᠃

   ( ᠭᠤᠷᠪᠠ ) ᠪᠣᠬᠢᠷᠲᠤᠯ ᠥᠬᠡᠶ ᠠᠭᠤᠷᠬᠠᠶ᠎ᠶ᠋ᠢ ᠭᠤᠶᠤᠴᠢᠯᠠᠨ ᠮᠡᠳᠡᠭᠦᠯᠵᠦ᠍ ᠱᠢᠯᠭᠠᠷᠠᠭᠤᠯᠬᠤ ᠴᠤᠪᠤᠷᠠᠯ᠎ᠢ ᠴᠢᠩᠳᠠᠯᠠᠨ᠎ᠠ᠃ ᠠᠭᠤᠷᠬᠠᠢ᠎ᠶ᠋ᠢᠨ ᠠᠵᠤ ᠠᠬᠤᠢᠯᠠᠯ ᠪᠣᠬᠢᠷᠳᠤᠯ ᠦᠭᠡᠢ ᠠᠭᠤᠷᠬᠠᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠡᠭᠦᠷᠭᠡ᠎ᠪᠠᠨ ᠪᠡᠶᠡᠯᠡᠭᠦᠯᠦᠭᠡᠳ ᠦᠨᠡᠯᠡᠨ ᠵᠢᠱ᠌ᠢᠬᠦ᠌᠎ᠨᠢ ᠪᠠᠷᠢᠮᠵᠢᠶ᠎ᠠ᠎ᠶ᠋ᠢᠨ ᠱᠠᠭᠠᠷᠳᠠᠯᠭ᠎ᠠ᠎ᠳᠤ ᠬᠦᠷᠦᠭ᠌ᠰᠡᠨ ᠪᠠᠢᠪᠠᠯ᠂ ᠠᠭᠤᠷᠬᠠᠢ᠎ᠶ᠋ᠢᠨ ᠪᠠᠢᠭ᠎ᠠ ᠭᠠᠵᠠᠷ ᠣᠷᠣᠨ᠎ᠤ ᠠᠢᠮᠠᠭ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠳᠤ ᠦᠨᠡᠯᠡᠨ ᠵᠢᠱ᠌ᠢᠭ᠌ᠰᠡᠨ ᠮᠡᠳᠡᠭᠦᠯᠦᠯᠲᠡ᠎ᠪᠠᠨ ᠲᠤᠱᠢᠶᠠᠵᠤ ᠪᠣᠬᠢᠷᠳᠤᠯ ᠦᠭᠡᠢ ᠠᠭᠤᠷᠬᠠᠢ᠎ᠶ᠋ᠢ ᠮᠡᠳᠡᠭᠦᠯᠬᠦ᠌ ᠬᠡᠷᠡᠭ᠌ᠲᠡᠢ᠂ ᠠᠢᠮᠠᠭ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠠᠴᠠ ᠬᠤᠯᠪᠣᠭ᠍ᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ᠂ ᠪᠣᠬᠢᠷᠳᠤᠯ ᠦᠭᠡᠢ ᠠᠭᠤᠷᠬᠠᠢ᠎ᠶ᠋ᠢᠨ ᠮᠡᠳᠡᠭᠦᠯᠦᠭ᠌ᠰᠡᠨ ᠮᠠᠲ᠋ᠧᠷᠢᠶᠠᠯ᠎ᠢ ᠬᠠᠷᠭᠤᠭᠤᠯᠤᠨ ᠪᠠᠢᠴᠠᠭᠠᠬᠤ ᠪᠠ ᠲᠤᠬᠠᠢ᠎ᠶ᠋ᠢᠨ ᠭᠠᠵᠠᠷ᠎ᠲᠤᠨᠢ ᠬᠠᠷᠭᠤᠭᠤᠯᠤᠨ ᠪᠠᠢᠴᠠᠭᠠᠬᠤ᠎ᠶ᠋ᠢ ᠵᠣᠬᠢᠶᠠᠨ ᠪᠠᠢᠭᠤᠯᠵᠤ᠂ ᠬᠢᠨᠠᠨ ᠬᠠᠷᠭᠤᠭᠤᠯᠤᠭᠠᠳ ᠪᠠᠲᠤᠯᠠᠭ᠍ᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠳᠤ ᠮᠡᠳᠡᠭᠦᠯᠬᠦ᠌ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠨᠢ ᠭᠤᠷᠪᠠᠳᠠᠬᠢ ᠡᠲᠡᠭᠡᠳ᠎ᠤᠨ ᠦᠨᠡᠯᠡᠨ ᠵᠢᠱ᠌ᠢᠬᠦ᠌ ᠪᠠᠢᠭᠤᠯᠤᠮᠵᠢ᠎ᠳᠤ ᠨᠠᠢᠳᠠᠵᠤ ᠲᠤᠬᠠᠶ᠎ᠶ᠋ᠢᠨ ᠭᠠᠵᠠᠷ᠎ᠲᠤᠨᠢ ᠦᠨᠡᠯᠡᠨ ᠵᠢᠱ᠌ᠢᠯᠲᠡ ᠬᠢᠯᠭᠡᠵᠦ᠍᠂ ᠬᠤᠯᠪᠣᠭ᠍ᠳᠠᠯ ᠪᠦᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠰᠤᠭᠤᠴᠢᠨ ᠪᠠᠢᠴᠠᠭᠠᠬᠤ᠂ ᠢᠯᠡ ᠨᠡᠢᠲᠡᠯᠡᠬᠦ᠌ ᠠᠵᠢᠯ᠎ᠢ ᠥᠷᠨᠢᠭᠦᠯᠵᠦ᠍᠂ ᠰᠤᠭᠤᠴᠢᠨ ᠪᠠᠢᠴᠠᠭᠠᠬᠤ᠎ᠪᠠᠷ ᠳᠠᠮᠵᠢᠭ᠍ᠰᠠᠨ ᠪᠥᠭᠡᠳ ᠨᠡᠢᠲᠡ᠎ᠳᠤ ᠵᠠᠷᠯᠠᠭ᠍ᠰᠠᠨ ᠣᠨᠳᠣᠤ ᠰᠠᠨᠠᠯ ᠥᠬᠡᠶ ᠠᠭᠤᠷᠬᠠᠶ᠎ᠶ᠋ᠢ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ᠎ᠶ᠋ᠢᠨ ᠨᠡᠷᠡᠰ᠎ᠤᠨ ᠵᠢᠭ᠍ᠰᠠᠭᠠᠯᠲᠠ᠎ᠳᠤ ᠣᠷᠣᠭᠤᠯᠤᠨ ᠬᠠᠮᠢᠶᠠᠷᠬᠤ᠎ᠶ᠋ᠢᠨ ᠬᠠᠮᠲᠤ ᠨᠡᠢᠭᠡᠮ᠎ᠳᠤ ᠵᠠᠷᠯᠠᠨ ᠨᠡᠢᠲᠡᠯᠡᠨ᠎ᠡ᠃ ᠪᠣᠬᠢᠷᠲᠤᠯ ᠥᠬᠡᠶ ᠠᠭᠤᠷᠬᠠᠶ᠎ᠶ᠋ᠢᠨ ᠨᠡᠷᠡᠰ᠎ᠲᠤ ᠣᠷᠣᠭᠤᠯᠤᠭ᠍ᠰᠠᠨ ᠠᠭᠤᠷᠬᠠᠶ᠎ᠳᠤ ᠬᠥᠳᠡᠯᠦᠩᠭᠦᠶ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ᠎ᠶ᠋ᠢᠨ ᠭᠤᠶᠤᠴᠢᠯᠠᠨ ᠮᠡᠳᠡᠭᠦᠯᠵᠦ᠍ ᠦᠨᠡᠯᠡᠨ ᠵᠢᠱ᠌ᠢᠵᠦ᠍ ᠱᠢᠯᠢᠨ ᠰᠣᠩᠭᠤᠬᠤ ᠵᠢᠴᠢ ᠬᠥᠳᠡᠯᠦᠩᠭᠦᠶ ᠬᠠᠮᠢᠶᠠᠷᠤᠯᠲᠠ᠎ᠶ᠋ᠢᠨ ᠱᠠᠭᠠᠷᠳᠠᠯᠭ᠎ᠠ》 ( ᠳᠠᠭᠠᠯᠳᠤᠭᠤᠯᠤᠯ 2 ᠎ᠲᠤ ᠨᠠᠷᠢᠨ ᠦᠵᠡᠭᠡᠷᠡᠢ ) ᠎ᠳᠤ ᠲᠣᠭ᠍ᠲᠠᠭᠠᠭ᠍ᠰᠠᠨ ᠪᠠᠢᠳᠠᠯ ᠭᠠᠷᠪᠠᠯ᠂ ᠲᠣᠳᠣᠷᠬᠠᠢᠯᠠᠬᠤ᠂ ᠬᠤᠭᠤᠴᠠᠭ᠎ᠠ ᠬᠢᠵᠠᠭᠠᠷᠯᠠᠨ ᠴᠡᠭ᠌ᠴᠡᠯᠡᠨ ᠰᠠᠢᠵᠢᠷᠠᠭᠤᠯᠬᠤ᠂ ᠨᠡᠷᠡᠰ᠎ᠤᠨ ᠵᠢᠭ᠍ᠰᠠᠭᠠᠯᠲᠠ᠎ᠶ᠋ᠢ ᠱᠢᠯᠵᠢᠭᠦᠯᠦᠨ ᠭᠠᠷᠭᠠᠬᠤ ᠵᠡᠷᠭᠡ ᠠᠷᠭ᠎ᠠ ᠬᠡᠮᠵᠢᠶ᠎ᠡ᠎ᠶ᠋ᠢ ᠠᠪᠴᠤ᠌ ᠴᠠᠭ ᠲᠤᠬᠠᠶ᠎ᠳᠤᠨᠢ ᠱᠢᠢᠳᠪᠦᠷᠢᠯᠡᠨ᠎ᠡ᠃

   ( ᠲᠦᠷᠪᠡ ) ᠭᠤᠷᠪᠠᠳᠡᠬᠢ ᠡᠲᠡᠭᠡᠳ᠎ᠤᠨ ᠦᠨᠡᠯᠡᠨ ᠵᠢᠱ᠌ᠢᠬᠦ᠌ ᠬᠠᠮᠢᠶᠠᠷᠤᠯᠲᠠ᠎ᠶ᠋ᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠨᠢ ᠬᠠᠮᠢᠶ᠎ᠠ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ᠂ ᠭᠤᠷᠪᠠᠳᠠᠬᠢ ᠡᠲᠡᠭᠡᠳ᠎ᠤᠨ ᠦᠨᠡᠯᠡᠨ ᠵᠢᠱ᠌ᠢᠬᠦ᠌ ᠠᠵᠢᠯ᠎ᠤᠨ ᠵᠢᠷᠤᠮᠵᠢᠭ᠍ᠰᠠᠨ ᠬᠠᠮᠢᠶᠠᠷᠤᠯᠲᠠ᠎ᠶ᠋ᠢ ᠴᠢᠩᠭᠠᠳᠭᠠᠨ᠎ᠠ᠃ ᠭᠤᠷᠪᠠᠳᠠᠬᠢ ᠡᠲᠡᠭᠡᠳ᠎ᠤᠨ ᠦᠨᠡᠯᠡᠨ ᠵᠢᠱ᠌ᠢᠬᠦ᠌ ᠪᠠᠢᠭᠤᠯᠤᠮᠵᠢ᠎ᠨᠢ ᠠᠵᠢᠯ᠎ᠤᠨ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ ᠦᠨᠡᠯᠡᠨ ᠵᠢᠱ᠌ᠢᠬᠦ᠌ ᠠᠵᠢᠯ᠎ᠢ ᠥᠷᠨᠢᠭᠦᠯᠵᠦ᠍᠂ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠪᠠᠷᠢᠮᠵᠢᠶ᠎ᠠ ᠵᠢᠴᠢ ᠦᠨᠡᠯᠡᠬᠦ᠌ ᠭᠦᠢᠴᠡᠳᠭᠡᠯ ᠲᠤᠭ᠎ᠠ᠎ᠲᠠᠢ ᠬᠠᠷᠢᠴᠠᠭᠤᠯᠤᠨ᠂ ᠭᠤᠷᠪᠠᠳᠠᠬᠢ ᠡᠲᠡᠭᠡᠳ᠎ᠤᠨ ᠦᠨᠡᠯᠡᠨ ᠵᠢᠱ᠌ᠢᠭ᠌ᠰᠡᠨ ᠮᠡᠳᠡᠭᠦᠯᠦᠯᠲᠡ᠎ᠶ᠋ᠢ ᠨᠠᠢᠷᠠᠭᠤᠯᠤᠨ ᠵᠣᠬᠢᠶᠠᠬᠤ᠎ᠶ᠋ᠢᠨ ᠬᠠᠮᠲᠤ ᠬᠢᠨᠠᠨ ᠪᠠᠢᠴᠠᠭᠠᠭ᠍ᠰᠠᠨ ᠲᠡᠮᠳᠡᠭ᠌ᠯᠡᠯ ᠵᠢᠴᠢ ᠳᠦᠷᠰᠦ ᠱᠢᠩᠭᠡᠭᠡᠯᠲᠡ᠎ᠶ᠋ᠢᠨ ᠮᠠᠲ᠋ᠧᠷᠢᠶᠠᠯ᠎ᠢ ᠳᠠᠭᠠᠯᠳᠤᠭᠤᠯᠵᠤ᠂ ᠠᠭᠤᠷᠬᠠᠶ᠎ᠶ᠋ᠢᠨ ᠠᠵᠤ ᠠᠬᠤᠢᠯᠠᠯ᠎ᠠᠴᠠ ᠦᠨᠡᠯᠡᠨ ᠵᠢᠱ᠌ᠢᠬᠦ᠌ ᠵᠠᠷᠤᠳᠠᠯ ᠬᠤᠷᠢᠶᠠᠬᠤ᠎ᠶ᠋ᠢ ᠴᠢᠩᠭ᠎ᠠ ᠴᠠᠭᠠᠵᠠᠯᠠᠵᠤ᠂ ᠦᠨᠡᠨ ᠪᠣᠳᠠᠲᠤ ᠴᠢᠨᠠᠷ᠎ᠤᠨ ᠠᠮᠠᠯᠠᠯᠲᠠ᠎ᠳᠤ ᠭᠠᠷ᠎ᠤᠨ ᠥᠰᠥᠭ ᠵᠢᠷᠤᠵᠤ᠂ ᠦᠷ᠎ᠡ ᠳ᠋ᠦᠩ᠎ᠤᠨ ᠡᠷᠬᠡ ᠲᠡᠭ᠌ᠰᠢ᠂ ᠲᠥᠪ ᠭᠤᠤᠯᠴᠢ ᠪᠠᠢᠬᠤ᠎ᠶ᠋ᠢ ᠦᠨᠡᠨᠬᠦ᠌ ᠪᠠᠲᠤᠯᠠᠬᠤ ᠬᠡᠷᠡᠭ᠌ᠲᠡᠶ᠃ ᠬᠢᠨᠠᠨ ᠬᠠᠷᠭᠤᠭᠤᠯᠬᠤ᠎ᠪᠠᠷ ᠳᠠᠮᠵᠢᠭᠠᠳ ᠡᠭᠦᠷᠭᠡᠯᠡᠵᠦ᠍ ᠪᠠᠢᠭ᠎ᠠ ᠦᠨᠡᠯᠡᠨ ᠵᠢᠱ᠌ᠢᠬᠦ᠌ ᠠᠵᠢᠯ᠎ᠢᠶᠠᠨ ᠱᠢᠯᠵᠢᠭᠦᠯᠦᠨ ᠥᠭ᠌ᠬᠦ ᠪᠤᠶᠤ ᠭᠠᠳᠠᠭ᠍ᠰᠢ ᠳᠠᠭᠠᠭᠠᠴᠢᠯᠠᠭᠤᠯᠬᠤ᠂ ᠠᠭᠤᠷᠬᠠᠶ᠎ᠶ᠋ᠢᠨ ᠠᠵᠤ ᠠᠬᠤᠢᠯᠠᠯ᠎ᠤᠨ ᠨᠢᠭᠤᠴᠠ᠎ᠶ᠋ᠢ ᠵᠠᠳᠠᠷᠠᠭᠤᠯᠬᠤ᠂ ᠰᠥᠯᠪᠡᠭᠡᠯᠳᠦᠭ᠌ᠰᠡᠨ ᠠᠵᠤ ᠠᠬᠤᠢᠯᠠᠯ᠎ᠤᠨ ᠬᠤᠳᠠᠯ ᠬᠡᠯᠡᠵᠦ᠍ ᠬᠠᠭᠤᠷᠮᠠᠭ᠍ᠯᠠᠨ ᠵᠣᠬᠢᠶᠠᠬᠤ᠂ ᠦᠨᠡᠯᠡᠨ ᠵᠢᠱ᠌ᠢᠭ᠌ᠰᠡᠨ ᠦᠷ᠎ᠡ ᠳ᠋ᠦᠩ᠎ᠨᠢ ᠬᠤᠳᠠᠯ ᠬᠠᠭᠤᠷᠮᠠᠭ ᠵᠡᠷᠭᠡ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ ᠣᠷᠣᠱᠢᠵᠤ ᠪᠠᠢᠭ᠎ᠠ ᠭᠤᠷᠪᠠᠳᠠᠬᠢ ᠡᠲᠡᠭᠡᠳ᠎ᠤᠨ ᠦᠨᠡᠯᠡᠨ ᠵᠢᠱ᠌ᠢᠬᠦ᠌ ᠪᠠᠢᠭᠤᠯᠤᠮᠵᠢ ᠪᠠ ᠦᠨᠡᠯᠡᠨ ᠵᠢᠱ᠌ᠢᠭ᠌ᠰᠡᠨ ᠬᠥᠮᠦᠰ᠎ᠢ ᠵᠠᠷᠯᠠᠨ ᠮᠡᠳᠡᠭ᠌ᠳᠡᠵᠦ᠍᠂ 3 ᠵᠢᠯ᠎ᠤᠨ ᠳᠣᠲᠣᠷ᠎ᠠ ᠲᠡᠭᠦᠨ᠎ᠤ ᠪᠣᠬᠢᠷᠲᠤᠯ ᠥᠬᠡᠶ ᠠᠭᠤᠷᠬᠠᠶ᠎ᠶ᠋ᠢᠨ ᠦᠨᠡᠯᠡᠨ ᠵᠢᠱ᠌ᠢᠬᠦ᠌ ᠦᠢᠯᠡᠴᠢᠯᠡᠭᠡ᠎ᠶ᠋ᠢ ᠳᠠᠬᠢᠵᠦ ᠦᠨᠡᠮᠰᠢᠬᠦ ᠦᠭᠡᠢ᠃

  ( ᠲᠠᠪᠤ ) ᠠᠭᠤᠷᠬᠠᠶ᠎ᠶ᠋ᠢᠨ ᠠᠵᠤ ᠠᠬᠤᠢᠯᠠᠯ᠎ᠤᠨ ᠪᠣᠬᠢᠷᠲᠤᠯ ᠥᠬᠡᠶ ᠠᠭᠤᠷᠬᠠᠶ᠎ᠶ᠋ᠢ ᠪᠥᠲᠥᠭᠡᠨ ᠪᠠᠢᠭᠤᠯᠬᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠤᠨ᠎ᠠ᠃ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ ᠠᠵᠢᠯ᠎ᠢ ᠬᠠᠤᠯᠢ ᠶᠣᠰᠣᠭᠠᠷ ᠡᠷᠬᠢᠯᠡᠵᠦ᠍ ᠪᠠᠢᠭ᠎ᠠ ᠠᠭᠤᠷᠬᠠᠶ᠎ᠶ᠋ᠢᠨ ᠠᠵᠤ ᠠᠬᠤᠢᠯᠠᠯ ᠪᠣᠯ ᠪᠣᠬᠢᠷᠲᠤᠯ ᠥᠬᠡᠶ ᠠᠭᠤᠷᠬᠠᠶ᠎ᠶ᠋ᠢ ᠡᠭᠦᠳᠦᠨ ᠪᠠᠢᠭᠤᠯᠬᠤ ᠬᠠᠷᠢᠭᠤᠴᠠᠯᠭ᠎ᠠ᠎ᠶ᠋ᠢᠨ ᠭᠤᠤᠯ ᠴᠣᠭ᠍ᠴᠠ ᠮᠥᠨ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠪᠠᠷᠢᠮᠵᠢᠶ᠎ᠠ ᠶᠣᠰᠣᠭᠠᠷ᠂ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠨᠡᠭᠡᠭᠡᠨ ᠮᠠᠯᠲᠠᠬᠤ᠂ ᠠᠩᠬ᠎ᠠ ᠠᠯᠬᠤᠮ᠎ᠤᠨ ᠵᠢᠷᠤᠭ ᠲᠥᠯᠥᠪᠯᠡᠭᠡ᠂ ᠠᠭᠤᠷᠬᠠᠶ᠎ᠶ᠋ᠢᠨ ᠣᠷᠣᠨ᠎ᠤ ᠠᠮᠢ ᠠᠬᠤᠶ᠎ᠶ᠋ᠢ ᠰᠡᠷᠭᠦᠭᠡᠬᠦ᠂ ᠣᠷᠴᠢᠨ ᠲᠣᠭᠤᠷᠢᠨ᠎ᠢ ᠬᠠᠮᠠᠭᠠᠯᠠᠬᠤ᠂  ᠤᠰᠤ ᠬᠦᠷᠦᠰᠦ ᠶ᠋ᠢ ᠬᠠᠮᠠᠭᠠᠯᠠᠬᠤ᠂ ᠤᠷᠭᠤᠮᠠᠯ᠎ᠤᠨ ᠪᠦᠷᠬᠦᠴᠡ᠎ᠶ᠋ᠢ ᠰᠡᠷᠭᠦᠭᠡᠬᠦ᠂ ᠠᠶᠤᠯ ᠥᠬᠡᠶ ᠦᠢᠯᠡᠳᠪᠦᠷᠢᠯᠡᠬᠦ᠌ ᠵᠡᠷᠭᠡ ᠲᠥᠰᠦᠯ᠎ᠤᠨ ᠵᠢᠷᠤᠭ ᠲᠥᠯᠥᠪᠯᠡᠭᠡ᠎ᠶ᠋ᠢ ᠴᠢᠩᠭ᠎ᠠ ᠬᠡᠷᠡᠭ᠌ᠵᠢᠭᠦᠯᠵᠦ᠍᠂ ᠠᠭᠤᠷᠬᠠᠶ᠎ᠶ᠋ᠢᠨ ᠣᠷᠣᠨ ᠵᠢᠴᠢ ᠡᠷᠬᠢᠨ ᠲᠣᠭᠤᠷᠢᠨ᠎ᠤ ᠠᠮᠢ ᠠᠬᠤᠶ᠎ᠶ᠋ᠢᠨ ᠣᠷᠴᠢᠨ ᠲᠣᠭᠤᠷᠢᠨ᠎ᠤ ᠬᠠᠷᠱᠢᠯᠠᠯ᠎ᠢ ᠡᠵᠡᠮᠳᠡᠵᠦ᠍ ᠪᠣᠯᠬᠤ ᠬᠡᠪᠴᠢᠶᠡᠨ ᠳᠣᠲᠣᠷ᠎ᠠ ᠢᠳᠡᠪᠬᠢᠲᠡᠶ᠎ᠪᠠᠷ ᠠᠭᠤᠷᠬᠠᠶ᠎ᠶ᠋ᠢᠨ ᠣᠷᠣᠨ᠎ᠤ ᠣᠷᠴᠢᠨ ᠲᠣᠭᠤᠷᠢᠨ᠎ᠢ ᠠᠮᠢ ᠠᠬᠤᠢᠵᠢᠭᠤᠯᠬᠤ᠂ ᠨᠡᠭᠡᠭᠡᠨ ᠮᠠᠯᠲᠠᠬᠤ ᠠᠷᠭ᠎ᠠ ᠮᠠᠶᠢᠭ᠎ᠢ ᠱᠢᠨᠵᠢᠯᠡᠬᠦ᠌ ᠤᠬᠠᠭᠠᠨᠴᠢᠯᠠᠬᠤ᠂ ᠡᠬᠢ ᠪᠠᠶᠠᠯᠢᠭ᠎ᠤᠨ ᠠᠱᠢᠭ᠍ᠯᠠᠯᠲᠠ᠎ᠶ᠋ᠢ ᠥᠨᠳᠥᠷ ᠦᠷ᠎ᠡ ᠪᠦᠲᠦᠮᠵᠢᠲᠡᠶ ᠪᠣᠯᠭᠠᠬᠤ᠂ ᠠᠵᠤ ᠠᠬᠤᠢᠯᠠᠯ᠎ᠤᠨ ᠬᠠᠮᠢᠶᠠᠷᠤᠯᠲᠠ᠎ᠶ᠋ᠢ ᠵᠢᠷᠤᠮᠵᠢᠭᠤᠯᠬᠤ᠂ ᠠᠭᠤᠷᠬᠠᠶ᠎ᠶ᠋ᠢᠨ ᠣᠷᠣᠨ᠎ᠤ ᠨᠡᠢᠭᠡᠮ ᠲᠣᠭᠤᠷᠢᠭ ᠪᠠ ᠡᠶ᠎ᠡ ᠵᠣᠬᠢᠴᠠᠯ᠎ᠲᠠᠢ ᠪᠣᠬᠢᠷᠲᠤᠯ ᠥᠬᠡᠶ ᠠᠭᠤᠷᠬᠠᠶ᠎ᠶ᠋ᠢ ᠢᠳᠡᠪᠬᠢᠲᠡᠶ᠎ᠪᠠᠷ ᠪᠥᠲᠥᠭᠡᠨ ᠪᠠᠢᠭᠤᠯᠬᠤ ᠬᠡᠷᠡᠭ᠌ᠲᠡᠶ᠃ ᠨᠢᠭᠡᠨᠲᠡ ᠪᠣᠬᠢᠷᠲᠤᠯ ᠥᠬᠡᠶ ᠠᠭᠤᠷᠬᠠᠶ᠎ᠶ᠋ᠢᠨ ᠨᠡᠷᠡᠰ᠎ᠤᠨ ᠵᠢᠭ᠍ᠰᠠᠭᠠᠯᠲᠠ᠎ᠳᠤ ᠣᠷᠣᠭᠤᠯᠤᠭ᠍ᠰᠠᠨ ᠠᠭᠤᠷᠬᠠᠶ᠎ᠳᠤ ᠱᠢᠨ᠎ᠡ ᠦᠨᠡᠯᠡᠯᠲᠡ᠎ᠶ᠋ᠢᠨ ᠭᠦᠢᠴᠡᠳᠭᠡᠯ ᠲᠤᠭ᠎ᠠ᠎ᠲᠠᠢ ᠬᠠᠷᠢᠴᠠᠭᠤᠯᠤᠨ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠦᠷᠭᠦᠯᠵᠢᠯᠡᠨ ᠪᠠᠬᠢᠵᠢᠭᠦᠯᠬᠦ᠌ ᠬᠡᠷᠡᠭ᠌ᠲᠡᠶ᠃

  ( ᠵᠢᠷᠭᠤᠭ᠎ᠠ ) ᠤᠯᠤᠰ᠎ᠤᠨ ᠲᠡᠰ᠎ᠤᠨ ᠪᠣᠬᠢᠷᠲᠤᠯ ᠦᠭᠡᠢ ᠠᠭᠤᠷᠬᠠᠢ᠎ᠶ᠋ᠢ ᠱᠢᠯᠢᠳᠡᠭ᠎ᠢ᠎ᠨᠢ ᠰᠣᠩᠭᠤᠨ ᠲᠠᠨᠢᠯᠴᠠᠭᠤᠯᠤᠨ᠎ᠠ᠃ ᠤᠯᠤᠰ᠎ᠤᠨ ᠳᠡᠰ᠎ᠤᠨ ᠪᠣᠬᠢᠷᠳᠤᠯ ᠦᠭᠡᠢ ᠠᠭᠤᠷᠬᠠᠢ᠎ᠶ᠋ᠢ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠪᠣᠬᠢᠷᠳᠤᠯ ᠦᠭᠡᠢ ᠠᠭᠤᠷᠬᠠᠢ᠎ᠶ᠋ᠢᠨ ᠭᠠᠵᠠᠷ᠎ᠠᠴᠠ ᠱᠢᠯᠢᠳᠡᠭ᠎ᠢ᠎ᠨᠢ ᠰᠤᠩᠭᠤᠨ ᠲᠠᠨᠢᠯᠴᠠᠭᠤᠯᠵᠤ᠂ ᠠᠭᠤᠷᠬᠠᠢ᠎ᠶ᠋ᠢᠨ ᠡᠬᠢ ᠪᠠᠶᠠᠯᠢᠭ᠎ᠢ ᠨᠡᠭᠡᠭᠡᠨ ᠬᠥᠭ᠌ᠵᠢᠭᠦᠯᠵᠦ᠍ ᠠᠱᠢᠭ᠍ᠯᠠᠬᠤ ᠬᠢᠷᠢ ᠲᠦᠪᠱᠢᠨ᠎ᠤ ᠲᠡᠷᠢᠭᠦᠨ᠎ᠤ ᠠᠭᠤᠷᠬᠠᠢ᠎ᠶ᠋ᠢ ᠤᠷᠢᠳ᠎ᠢᠶᠠᠷ ᠲᠠᠨᠢᠯᠴᠠᠭᠤᠯᠵᠤ 《ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠠᠷᠪᠢᠯᠠᠬᠤ ᠪᠠ ᠶᠡᠷᠦᠩᠬᠡᠢᠯᠡᠨ ᠠᠱᠢᠭ᠍ᠯᠠᠬᠤ ᠲᠡᠷᠢᠭᠦᠨ᠎ᠤ ᠬᠡᠷᠡᠭ᠌ᠯᠡᠭᠡᠨ᠎ᠤ ᠮᠡᠷᠭᠡᠵᠢᠯ᠎ᠤᠨ ᠭᠠᠷᠴᠠᠭ》 ᠎ᠲᠠᠬᠢ ᠭᠠᠷ ᠤᠷᠠᠯᠠᠯ᠎ᠤᠨ ᠮᠡᠷᠭᠡᠵᠢᠯ ᠪᠤᠶᠤ ᠲᠣᠨᠤᠭ ᠲᠦᠬᠦᠭᠡᠷᠦᠮᠵᠢ᠎ᠶ᠋ᠢ ᠰᠤᠳᠤᠯᠤᠨ ᠨᠡᠭᠡᠭᠡᠵᠦ᠍ ᠬᠡᠷᠡᠭ᠌ᠯᠡᠭ᠌ᠰᠡᠨ ᠠᠭᠤᠷᠬᠠᠢ ᠵᠢᠴᠢ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠪᠦᠬᠦ᠌ ᠲᠠᠯ᠎ᠠ᠎ᠪᠠᠷ ᠠᠷᠪᠢᠯᠠᠭ᠍ᠰᠠᠨ᠂ ᠥᠨᠳᠥᠷ ᠪᠦᠲᠦᠮᠵᠢᠲᠡᠢ ᠠᠱᠢᠭ᠍ᠯᠠᠭ᠍ᠰᠠᠨ ᠪᠠ ᠠᠮᠢ ᠠᠬᠤᠢ᠎ᠶ᠋ᠢ ᠰᠡᠷᠭᠦᠭᠡᠨ ᠵᠠᠰᠠᠬᠤ᠎ᠳᠤ ᠨᠡᠯᠢᠶᠡᠳ ᠶᠡᠭᠡ ᠬᠤᠪᠢ ᠨᠡᠮᠡᠷᠢ ᠦᠵᠡᠭᠦᠯᠦᠭ᠌ᠰᠡᠨ ᠠᠭᠤᠷᠬᠠᠢ᠎ᠶ᠋ᠢ ᠤᠯᠤᠰ᠎ᠤᠨ ᠳᠡᠰ᠎ᠤᠨ ᠪᠣᠬᠢᠷᠳᠤᠯ ᠦᠭᠡᠢ ᠠᠭᠤᠷᠬᠠᠢ᠎ᠪᠠᠷ ᠭᠤᠶᠤᠴᠢᠯᠠᠨ ᠮᠡᠳᠡᠭᠦᠯᠵᠦ᠍᠂ ᠱᠢᠯᠢᠨ ᠰᠣᠩᠭᠤᠬᠤ ᠠᠵᠢᠯ᠎ᠢ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠬᠤᠯᠪᠣᠭ᠍ᠳᠠᠯ ᠪᠦᠬᠦᠢ ᠪᠢᠴᠢᠭ ᠮᠠᠲ᠋ᠧᠷᠢᠶᠠᠯ᠎ᠤᠨ ᠱᠠᠭᠠᠷᠳᠠᠯᠭ᠎ᠠ᠎ᠶ᠋ᠢ ᠦᠨᠳᠦᠰᠦᠯᠡᠨ ᠵᠣᠬᠢᠶᠠᠨ ᠪᠠᠢᠭᠤᠯᠵᠤ ᠦᠷᠨᠢᠭᠦᠯᠦᠨ᠎ᠡ᠃

  ( ᠳᠤᠯᠤᠭ᠎ᠠ ) ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢᠨ ᠡᠷᠴᠢᠮ᠎ᠢᠶᠡᠨ ᠴᠢᠩᠭᠠᠷᠠᠭᠤᠯᠤᠨ᠎ᠠ ᠃ ᠪᠣᠬᠢᠷᠲᠤᠯ ᠥᠬᠡᠶ ᠠᠭᠤᠷᠬᠠᠶ ᠪᠤᠶᠤ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠳᠤ ᠦᠢᠯᠡᠴᠢᠯᠡᠬᠦ᠌ ᠲᠥᠷᠥᠯ ᠵᠦᠢᠯ᠎ᠢ ᠤᠯᠤᠰ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠲᠥᠷᠥᠯ ᠵᠦᠢᠯ᠎ᠤᠨ ᠨᠠᠷᠢᠨ ᠬᠠᠭᠤᠳᠠᠰᠤ᠎ᠳᠤ ᠣᠷᠣᠭᠤᠯᠬᠤ᠎ᠶ᠋ᠢ ᠵᠣᠷᠢᠭ᠍ᠵᠢᠭᠤᠯᠵᠤ᠂ ᠭᠠᠵᠠᠷ ᠱᠢᠷᠣᠶ ᠠᠱᠢᠭ᠍ᠯᠠᠬᠤ ᠲᠥᠯᠥᠪᠯᠡᠭᠡ᠎ᠶ᠋ᠢᠨ ᠭᠦᠢᠴᠡᠳᠭᠡᠯ ᠲᠤᠭ᠎ᠠ᠎ᠶ᠋ᠢ ᠳᠣᠭᠢᠷᠠᠭᠤᠯᠬᠤ ᠲᠠᠯ᠎ᠠ᠎ᠪᠠᠷ ᠬᠠᠤᠯᠢ ᠲᠣᠭ᠍ᠲᠠᠭᠠᠯ ᠶᠣᠰᠣᠭᠠᠷ ᠳᠡᠮᠵᠢᠨ᠎ᠡ᠃ ᠪᠣᠬᠢᠷᠲᠤᠯ ᠦᠭᠡᠶ ᠠᠭᠤᠷᠬᠠᠶ᠎ᠶ᠋ᠢ ᠰᠤᠯᠠᠯᠠᠵᠤ ᠪᠤᠴᠠᠭᠠᠭ᠍ᠰᠠᠨ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠭᠦᠢ᠍ᠴᠳᠭᠡᠯ ᠲᠣᠭ᠎ᠠ᠎ᠶ᠋ᠢ ᠠᠳᠠᠯᠢ ᠨᠢᠭᠡᠨ ᠬᠠᠤᠯᠢ᠎ᠶ᠋ᠢᠨ ᠡᠷᠬᠡᠲᠡᠨ᠎ᠦ ᠠᠵᠤ ᠠᠬᠤᠢᠯᠠᠯ᠎ᠤᠨ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ ᠳᠣᠲᠣᠷᠠᠬᠢ ᠱᠢᠨ᠎ᠡ᠎ᠪᠡᠷ ᠠᠭᠤᠷᠬᠠᠶ ᠮᠠᠯᠲᠠᠬᠤ ᠠᠵᠢᠯᠯᠠᠭ᠎ᠠ᠎ᠳᠤ ᠠᠳᠠᠯᠢ ᠭᠠᠵᠠᠷ᠎ᠤᠨ ᠲᠥᠷᠥᠯ᠎ᠦᠨ ᠲᠠᠷᠢᠶᠠᠯᠠᠩ᠎ᠳᠤ ᠬᠡᠷᠡᠭ᠌ᠯᠡᠬᠦ᠌ ᠭᠠᠵᠠᠷ᠎ᠲᠤ ᠬᠡᠷᠡᠭ᠌ᠯᠡᠬᠦ᠌᠎ᠶ᠋ᠢ ᠵᠥᠪᠱᠢᠶᠡᠷᠡᠬᠦ᠌ ᠬᠡᠷᠡᠭ᠌ᠲᠡᠶ᠃ ᠥᠪᠡᠰᠦᠪᠡᠨ ᠬᠡᠷᠡᠭ᠌ᠯᠡᠬᠦ᠌᠎ᠶ᠋ᠢ ᠬᠠᠩᠭᠠᠭ᠍ᠰᠠᠨ ᠰᠠᠭᠤᠷᠢᠨ ᠳᠡᠭᠡᠷ᠎ᠡ᠂ ᠠᠷᠪᠢᠯᠠᠭ᠍ᠰᠠᠨ ᠭᠠᠵᠠᠷ ᠬᠡᠷᠡᠭ᠌ᠯᠡᠬᠦ᠌ ᠭᠦᠢ᠍ᠴᠡᠳᠭᠡᠯ ᠲᠣᠭ᠎ᠠ᠎ᠶ᠋ᠢ ᠡᠩ ᠲᠡᠷᠢᠭᠦᠨ᠎ᠳᠦ ᠳᠡᠮᠵᠢᠵᠦ᠍ ᠪᠠᠢᠭᠠᠳ ᠱᠢᠶᠠᠨ᠎ᠤ ᠬᠡᠪᠴᠢᠶ᠎ᠡ ᠠᠯᠤᠰᠯᠠᠨ ᠠᠷᠠᠯᠵᠢᠶᠠᠯᠠᠬᠤ᠎ᠶ᠋ᠢ ᠬᠡᠷᠡᠭ᠌ᠵᠢᠭᠦᠯᠬᠦ᠌ ᠬᠡᠷᠡᠭ᠌ᠲᠡᠶ᠃ ᠤᠯᠤᠰ᠎ᠤᠨ ᠲᠠᠰ᠎ᠤᠨ ᠪᠣᠬᠢᠷᠲᠤᠯ ᠥᠬᠡᠶ ᠠᠭᠤᠷᠬᠠᠶ᠂ ᠲᠡᠷᠢᠭᠦᠨ᠎ᠤ ᠨᠡᠭᠡᠭᠡᠨ ᠮᠠᠯᠲᠠᠬᠤ ᠱᠢᠯᠢᠬᠦ᠌ ᠮᠡᠷᠭᠡᠵᠢᠯ᠎ᠤᠨ ᠠᠭᠤᠷᠬᠠᠶ ᠪᠠ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ ᠬᠢᠷᠢ ᠲᠦᠪᠱᠢᠨ᠎ᠤ ᠲᠡᠷᠢᠭᠦᠨ᠎ᠤ ᠠᠭᠤᠷᠬᠠᠶ᠎ᠶ᠋ᠢ ᠬᠡᠷᠡᠭ᠌ᠯᠡᠵᠦ᠍᠂ 《ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠵᠦᠢᠯᠡᠰ᠎ᠤᠳ᠎ᠤᠨ ᠲᠤᠬᠠᠶ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠰᠠᠨᠠᠯ》 ( ᠪᠠᠢᠭᠠᠯᠢ᠎ᠶ᠋ᠢᠨ ᠡᠬᠢ ᠪᠠᠶᠠᠯᠢᠭ ᠲᠣᠭ᠍ᠲᠠᠭᠠᠯ 〔 2023〕 6 ᠳ᠋ᠤᠭᠠᠷ ᠲᠣᠭᠠᠲᠤ ) ᠎ᠤᠨ ᠲᠣᠭ᠍ᠲᠠᠭᠠᠯ᠎ᠳᠤ ᠨᠡᠢᠴᠡᠭ᠌ᠰᠡᠨ ᠪᠠᠢᠪᠠᠯ᠂ ᠤᠷᠢᠳᠠᠪᠠᠷ ᠬᠡᠯᠡᠯᠴᠡᠭᠡᠷ᠎ᠤᠨ ᠠᠷᠭ᠎ᠠ ᠮᠠᠶᠢᠭ᠎ᠢᠶᠠᠷ ᠡᠷᠬᠢᠨ ᠲᠣᠭᠤᠷᠢᠨ᠂ ᠵᠢᠵᠢᠭ ᠰᠠᠵᠢᠭ ᠡᠬᠢ ᠪᠠᠶᠠᠯᠢᠭ᠎ᠤᠨ ᠠᠭᠤᠷᠬᠠᠶ ᠡᠷᠢᠬᠦ ᠡᠷᠬᠡ ᠪᠠ ᠠᠭᠤᠷᠬᠠᠶ ᠮᠠᠯᠲᠠᠬᠤ ᠡᠷᠬᠡ᠎ᠶ᠋ᠢ ᠣᠯᠵᠤ ᠪᠣᠯᠤᠨ᠎ᠠ᠃ ᠤᠯᠤᠰ᠎ᠤᠨ ᠲᠡᠰ᠎ᠤᠨ ᠪᠤᠬᠢᠷᠳᠤᠯ ᠦᠭᠡᠢ ᠠᠭᠤᠷᠬᠠᠢ᠎ᠶ᠋ᠢ ᠡᠷᠬᠢᠯᠡᠵᠤ᠂ ᠨᠡᠭᠡᠭᠡᠨ ᠮᠠᠯᠲᠠᠵᠤ ᠰᠤᠩᠭᠤᠵᠤ ᠬᠠᠢᠯᠤᠭᠤᠯᠬᠤ ᠲᠡᠷᠢᠭᠦᠨ᠎ᠤ ᠮᠡᠷᠭᠡᠵᠢᠯ᠎ᠤᠨ ᠠᠭᠤᠷᠬᠠᠢ ᠪᠠ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ ᠬᠢᠷᠢ ᠲᠦᠪᠱᠢᠨ᠎ᠲᠠᠢ ᠲᠡᠷᠢᠭᠦᠨ᠎ᠤ ᠠᠭᠤᠷᠬᠠᠢ ᠨᠡᠭᠡᠭᠡᠨ ᠮᠠᠯᠲᠠᠬᠤ ᠲᠦᠰᠦᠯ᠎ᠢ ᠬᠢᠨᠠᠨ ᠪᠠᠢᠴᠠᠭᠠᠬᠤ᠂ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠳᠠᠭᠠᠯᠠᠭ᠍ᠳᠠᠴᠠ᠎ᠶ᠋ᠢ ᠬᠢᠨᠠᠨ ᠲᠣᠭ᠍ᠲᠠᠭᠠᠵᠤ ᠪᠦᠷᠢᠳᠭᠡᠨ ᠳᠠᠩᠰᠠᠯᠠᠬᠤ ᠵᠦᠢᠯᠡᠰ᠎ᠢ ᠭᠦᠢᠴᠡᠳᠭᠡᠬᠦ᠌᠎ᠳᠡᠭᠡᠨ᠂ ᠲᠤᠳᠠᠭᠤ ᠬᠦᠯᠢᠶᠡᠨ ᠠᠪᠴᠤ᠌ ᠬᠢᠨᠠᠨ ᠪᠠᠢᠴᠠᠭᠠᠵᠤ ᠪᠣᠯᠣᠨ᠎ᠠ᠃  《ᠤᠯᠤᠰ᠎ᠤᠨ ᠭᠤᠤᠯᠳᠠᠯᠭ᠎ᠠ᠎ᠲᠠᠢ ᠳᠡᠮᠵᠢᠵᠦ᠍ ᠪᠠᠢᠭ᠎ᠠ ᠳᠡᠭᠡᠳᠦ ᠱᠢᠨ᠎ᠡ ᠮᠡᠷᠭᠡᠵᠢᠯ᠎ᠤᠨ ᠬᠦᠷᠢᠶ᠎ᠡ ᠴᠠᠷᠠᠭ᠎ᠠ》 ᠎ᠶ᠋ᠢᠨ ᠬᠡᠪᠴᠢᠶᠡᠨ ᠳᠣᠲᠣᠷ᠎ᠠ᠂ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠮᠡᠷᠭᠡᠵᠢᠯ᠎ᠤᠨ ᠰᠤᠳᠤᠯᠤᠨ ᠨᠡᠭᠡᠭᠡᠬᠦ᠌ ᠵᠢᠴᠢ ᠦᠷ᠎ᠡ ᠪᠦᠲᠦᠭᠡᠯ᠎ᠢ ᠤᠯᠠᠷᠢᠭᠤᠯᠬᠤ᠎ᠶ᠋ᠢ ᠦᠷᠭᠦᠯᠵᠢᠯᠡᠨ ᠬᠢᠵᠦ᠍ ᠪᠠᠢᠭ᠎ᠠ ᠠᠵᠤ ᠠᠬᠤᠢᠯᠠᠯ᠎ᠨᠢ᠂ ᠳᠡᠭᠡᠳᠦ ᠱᠢᠨ᠎ᠡ ᠮᠡᠷᠭᠡᠵᠢᠯ᠎ᠤᠨ ᠠᠵᠤ ᠠᠬᠤᠢᠯᠠᠯ᠎ᠤᠨ ᠭᠠᠢᠯᠢ ᠲᠠᠲᠠᠪᠤᠷᠢ᠎ᠶ᠋ᠢᠨ ᠬᠠᠷᠠᠭᠠᠯᠵᠠᠯ᠎ᠤᠨ ᠨᠥᠬᠦᠴᠡᠯ᠎ᠳᠤ ᠨᠡᠢᠴᠡᠭ᠌ᠰᠡᠨ ᠪᠠᠢᠪᠠᠯ᠂ ᠠᠵᠤ ᠠᠬᠤᠢᠯᠠᠯ᠎ᠤᠨ ᠠᠱᠢᠭ ᠣᠷᠣᠯᠭ᠎ᠠ᠎ᠶ᠋ᠢᠨ ᠭᠠᠢᠯᠢ᠎ᠶ᠋ᠢ ᠬᠠᠤᠯᠢ ᠶᠣᠰᠣᠭᠠᠷ 15% ᠎ᠪᠠᠷ ᠬᠠᠰᠤᠵᠤ ᠲᠠᠲᠠᠪᠤᠷᠢᠯᠠᠨ᠎ᠠ᠃

  ᠭᠤᠷᠪᠠ᠂ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ

  ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ᠎ᠶ᠋ᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ᠎ᠤ ᠲᠢᠩᠬᠢᠮ᠂ ᠤᠰᠤᠨ ᠠᠱᠢᠭ᠍ᠯᠠᠯᠲᠠ᠎ᠶ᠋ᠢᠨ ᠲᠢᠩᠬᠢᠮ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠂ ᠡᠨᠧᠷᠭᠢ᠎ᠶ᠋ᠢᠨ ᠲᠣᠪᠴᠢᠶ᠎ᠠ᠂ ᠣᠶ ᠱᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠳ᠋ᠠᠢ᠌ᠲ᠋ᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠂ ᠠᠭᠤᠷᠬᠠᠶ᠎ᠶ᠋ᠢᠨ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠪᠠ ᠥᠪᠥᠷ ᠮᠣᠩᠭᠤᠯ᠎ᠤᠨ ᠮᠥᠩᠭᠦᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠂ ᠥᠪᠥᠷ ᠮᠣᠩᠭᠤᠯ᠎ᠤᠨ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ᠎ᠠᠴᠠ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠵᠣᠬᠢᠴᠠᠭᠤᠯᠬᠤ ᠲᠣᠭ᠍ᠲᠠᠴᠠ ( ᠳᠣᠷᠣᠭ᠍ᠰᠢ ᠵᠣᠬᠢᠴᠠᠭᠤᠯᠬᠤ ᠲᠣᠭ᠍ᠲᠠᠴᠠ ᠭᠡᠵᠦ᠍ ᠲᠣᠪᠴᠢᠯᠠᠨ᠎ᠠ ) ᠎ᠶ᠋ᠢ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ᠎ᠶ᠋ᠢ ᠳᠡᠮᠵᠢᠬᠦ᠌ ᠲᠥᠷᠥ᠎ᠶ᠋ᠢᠨ ᠪᠣᠳᠣᠯᠭ᠎ᠠ᠂ ᠪᠣᠬᠢᠷᠲᠤᠯ ᠥᠬᠡᠶ ᠠᠭᠤᠷᠬᠠᠶ᠎ᠶ᠋ᠢᠨ ᠲᠤᠰᠭᠠᠶ ᠮᠡᠷᠭᠡᠵᠢᠯᠲᠡᠨ᠎ᠤ ᠬᠥᠮᠥᠷᠭᠡ᠎ᠶ᠋ᠢᠨ ᠬᠠᠮᠢᠶᠠᠷᠤᠯᠲᠠ᠎ᠶ᠋ᠢᠨ ᠠᠷᠭ᠎ᠠ᠂ ᠪᠣᠬᠢᠷᠲᠤᠯ ᠥᠬᠡᠶ ᠠᠭᠤᠷᠬᠠᠶ᠎ᠶ᠋ᠢᠨ ᠣᠨ᠎ᠤ ᠠᠵᠢᠯ᠎ᠤᠨ ᠬᠠᠷᠠᠯᠲᠠ᠂ ᠨᠡᠷᠡᠰ᠎ᠤᠨ ᠵᠢᠭ᠍ᠰᠠᠭᠠᠯᠲᠠ᠎ᠶ᠋ᠢ ᠱᠢᠯᠵᠢᠭᠦᠯᠦᠨ ᠣᠷᠣᠭᠤᠯᠵᠤ ᠱᠢᠯᠵᠢᠭᠦᠯᠦᠨ ᠭᠠᠷᠭᠠᠬᠤ ᠵᠡᠷᠭᠡ ᠴᠢᠬᠤᠯᠠ ᠶᠡᠭᠡ ᠵᠦᠢᠯᠡᠰ ᠪᠠ ᠴᠢᠬᠤᠯᠠ ᠶᠡᠭᠡ ᠠᠰᠠᠭᠤᠳᠠᠯ᠎ᠢ ᠰᠤᠳᠤᠯᠤᠨ ᠬᠢᠨᠠᠨ ᠵᠦᠪᠯᠡᠬᠦ᠌᠎ᠶ᠋ᠢ ᠬᠠᠷᠢᠭᠤᠴᠠᠨ᠎ᠠ᠃ ᠵᠣᠬᠢᠴᠠᠭᠤᠯᠬᠤ ᠲᠣᠭ᠍ᠲᠠᠴᠠ᠎ᠶ᠋ᠢᠨ ᠠᠯᠪᠠᠨ ᠬᠡᠷ᠎ᠢ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠳᠤ ᠳᠣᠭᠢᠷᠠᠭᠤᠯᠵᠤ᠂ ᠵᠣᠬᠢᠴᠠᠭᠤᠯᠬᠤ ᠲᠣᠭ᠍ᠲᠠᠴᠠ᠎ᠶ᠋ᠢᠨ ᠠᠵᠢᠯ᠎ᠤᠨ ᠬᠤᠷᠠᠯ᠎ᠢ ᠲᠦᠷᠦᠭᠦᠯᠡᠨ ᠵᠣᠬᠢᠶᠠᠨ ᠪᠠᠢᠭᠤᠯᠤᠨ ᠬᠤᠷᠠᠯᠳᠤᠭᠤᠯᠬᠤ᠎ᠶ᠋ᠢ ᠬᠠᠷᠢᠭᠤᠴᠠᠵᠤ᠂ ᠬᠤᠯᠪᠣᠭ᠍ᠳᠠᠯ ᠪᠥᠬᠦᠶ ᠭᠡᠰᠢᠭᠦᠨ ᠨᠢᠭᠡᠴᠢ᠎ᠶ᠋ᠢ ᠵᠣᠬᠢᠶᠠᠨ ᠪᠠᠢᠭᠤᠯᠤᠨ ᠪᠣᠬᠢᠷᠲᠤᠯ ᠥᠬᠡᠶ ᠠᠭᠤᠷᠬᠠᠶ᠎ᠶ᠋ᠢᠨ ᠭᠤᠶᠤᠴᠢᠯᠠᠨ ᠮᠡᠳᠡᠭᠦᠯᠦᠭ᠌ᠰᠡᠨ ᠮᠠᠲ᠋ᠧᠷᠢᠶᠠᠯ᠎ᠢ ᠬᠠᠷᠭᠤᠭᠤᠯᠤᠨ ᠪᠠᠢᠴᠠᠭᠠᠬᠤ᠂ ᠲᠤᠬᠠᠶ᠎ᠶ᠋ᠢᠨ ᠭᠠᠵᠠᠷ᠎ᠲᠤᠨᠢ ᠰᠤᠭᠤᠴᠢᠨ ᠪᠠᠢᠴᠠᠭᠠᠬᠤ᠂ ᠪᠣᠬᠢᠷᠲᠤᠯ ᠥᠬᠡᠶ ᠠᠭᠤᠷᠬᠠᠶ᠎ᠶ᠋ᠢᠨ ᠨᠡᠷᠡᠰ᠎ᠤᠨ ᠡᠳᠦᠷ ᠲᠤᠲᠤᠮ᠎ᠤᠨ ᠬᠠᠮᠢᠶᠠᠷᠤᠯᠲᠠ᠂ ᠠᠯᠪᠠᠨ ᠵᠠᠷ ᠨᠡᠢᠲᠡᠯᠡᠬᠦ᠌ ᠵᠡᠷᠭᠡ ᠠᠵᠢᠯ᠎ᠢ ᠥᠷᠨᠢᠭᠦᠯᠦᠨ᠎ᠡ᠃

  ᠳᠥᠷᠪᠡ᠂ ᠠᠵᠢᠯ᠎ᠤᠨ ᠱᠠᠭᠠᠷᠳᠠᠯᠭ᠎ᠠ

  ᠬᠤᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠬᠢᠨᠠᠨ ᠵᠢᠯᠣᠭᠤᠳᠭᠤ ᠡᠷᠴᠢᠮ᠎ᠢᠶᠠᠨ ᠴᠢᠩᠭᠠᠷᠠᠭᠤᠯᠵᠤ᠂ ᠪᠤᠬᠢᠷᠳᠤᠯ ᠦᠭᠡᠢ ᠠᠭᠤᠷᠬᠠᠢ᠎ᠶ᠋ᠢ ᠡᠭᠦᠳᠦᠨ ᠪᠠᠢᠭᠤᠯᠬᠤ᠎ᠶ᠋ᠢ ᠬᠠᠷᠠᠬᠠᠨ ᠦᠷᠨᠢᠭᠦᠯᠦᠭᠡᠳᠦᠢ ᠲᠤᠮᠤ ᠪᠠ ᠳᠤᠮᠳᠠ ᠬᠡᠯᠪᠡᠷᠢ᠎ᠶ᠋ᠢᠨ ᠦᠢᠯᠡᠳᠪᠦᠷᠢᠯᠡᠵᠦ᠍ ᠪᠠᠢᠭ᠎ᠠ ᠠᠭᠤᠷᠬᠠᠢ᠎ᠳᠤ ᠪᠤᠬᠢᠷᠳᠤᠯ ᠦᠭᠡᠢ ᠠᠭᠤᠷᠬᠠᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠲᠦᠷᠭᠡᠬᠡᠨ ᠦᠷᠨᠢᠭᠦᠯᠬᠦ᠌᠎ᠪᠠᠷ ᠱᠢᠮᠳᠠᠭᠤᠯᠬᠤ ᠬᠡᠷᠡᠭ᠌ᠲᠡᠢ᠃ 《ᠬᠡᠨ ᠬᠢᠨᠠᠨ ᠵᠥᠪᠱᠢᠶᠡᠷᠡᠪᠡᠯ᠂ ᠬᠡᠨ ᠬᠠᠷᠢᠭᠤᠴᠠᠬᠤ》᠂ 《ᠬᠡᠨ ᠭᠤᠣᠯᠴᠢᠯᠠᠨ ᠬᠠᠮᠢᠶᠠᠷᠪᠠᠯ᠂ ᠬᠡᠨ ᠬᠢᠨᠠᠨ ᠬᠠᠮᠢᠶᠠᠷᠬᠤ》 ᠵᠠᠷᠴᠢᠮ ᠶᠣᠰᠣᠭᠠᠷ᠂ ᠡᠯ᠎ᠡ ᠱᠠᠲᠤᠨ᠎ᠤ ᠬᠤᠯᠪᠣᠭ᠍ᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ (ᠳᠠᠭᠠᠯᠳᠤᠭᠤᠯᠤᠯ 3 ᠎ᠳᠤ ᠨᠠᠷᠢᠨ ᠦᠵᠡᠭᠡᠷᠡᠢ) ᠎ᠢ ᠦᠨᠳᠦᠰᠦᠯᠡᠨ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠠᠵᠢᠯ᠎ᠢ ᠬᠢᠨᠠᠨ ᠵᠢᠯᠣᠭᠤᠳᠭᠤ ᠬᠡᠷᠡᠭ᠌ᠲᠡᠶ; ᠣᠲᠣ᠎ᠶ᠋ᠢᠨ ᠪᠠᠢᠭ᠎ᠠ ᠪᠣᠬᠢᠷᠲᠤᠯ ᠥᠬᠡᠶ ᠠᠭᠤᠷᠬᠠᠶ᠎ᠶ᠋ᠢᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ 《 ᠬᠣᠣᠰ ᠲᠤᠬᠢᠶᠠᠯᠳᠤᠮᠵᠢ ᠨᠢᠭᠡ ᠢᠯᠡ 》  ᠎ᠶᠢᠨ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠤᠨ᠂ ᠵᠢᠯ ᠪᠦᠷᠢ ᠬᠠᠷᠢᠴᠠᠯ ᠶᠣᠰᠣᠭᠠᠷ ᠬᠥᠮᠥᠷᠭᠡ᠎ᠳᠤ ᠪᠠᠢᠭ᠎ᠠ ᠪᠣᠬᠢᠷᠲᠤᠯ ᠥᠬᠡᠶ ᠠᠭᠤᠷᠬᠠᠶ᠎ᠳᠤ ᠲᠠᠱᠢᠷᠠᠮ ᠳᠠᠭᠠᠤ ᠰᠤᠭᠤᠴᠢᠨ ᠪᠠᠢᠴᠠᠭᠠᠬᠤ ᠠᠵᠢᠯ᠎ᠢ ᠰᠠᠢᠲᠤᠷ ᠬᠢᠬᠦ᠌ ᠬᠡᠷᠡᠭ᠌ᠲᠡᠶ; ᠪᠣᠬᠢᠷᠲᠤᠯ ᠥᠬᠡᠶ ᠠᠭᠤᠷᠬᠠᠶ᠎ᠶ᠋ᠢᠨ ᠠᠩᠬᠠᠨ᠎ᠤ ᠬᠢᠨᠠᠯᠲᠠ᠂ ᠦᠨᠡᠯᠡᠨ ᠵᠢᠱ᠌ᠢᠯᠲᠡ᠂ ᠬᠠᠷᠭᠤᠭᠤᠯᠤᠨ ᠪᠠᠢᠴᠠᠭᠠᠬᠤ ᠪᠠ ᠡᠳᠦᠷ ᠲᠤᠲᠤᠮ᠎ᠤᠨ ᠬᠥᠳᠡᠯᠦᠩᠭᠦᠶ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠢ ᠬᠦᠴᠦ᠍᠎ᠪᠠᠨ ᠬᠠᠮᠲᠤᠳᠭᠠᠨ ᠰᠠᠢᠲᠤᠷ ᠬᠢᠵᠦ᠍᠂ ᠬᠠᠮᠢᠶ᠎ᠠ ᠪᠥᠬᠦᠶ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠨᠡᠪᠲᠡᠷᠡᠭᠦᠯᠬᠦ᠌ ᠬᠡᠷᠡᠭ᠌ᠲᠡᠶ᠃ ᠣᠷᠣᠱᠢᠵᠤ ᠪᠠᠢᠭ᠎ᠠ ᠠᠰᠠᠭᠤᠳᠠᠯ᠎ᠳᠤ ᠲᠣᠭ᠍ᠲᠠᠭ᠍ᠰᠠᠨ ᠬᠤᠭᠤᠴᠠᠭ᠎ᠠ ᠶᠣᠰᠣᠭᠠᠷ ᠴᠡᠭ᠌ᠴᠡᠯᠡᠨ ᠰᠠᠢᠵᠢᠷᠠᠭᠤᠯᠬᠤ᠎ᠶ᠋ᠢ ᠪᠡᠶᠡᠯᠡᠭᠦᠯᠦᠭ᠌ᠰᠡᠨ ᠥᠬᠡᠶ ᠪᠣᠬᠢᠷᠲᠤᠯ ᠥᠬᠡᠶ ᠠᠭᠤᠷᠬᠠᠶ᠎ᠶ᠋ᠢ ᠠᠢᠮᠠᠭ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠠᠴᠠ ᠬᠤᠯᠪᠣᠭ᠍ᠳᠠᠯ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠬᠢᠨᠠᠨ ᠬᠠᠷᠭᠤᠭᠤᠯᠵᠤ ᠨᠤᠲᠠᠯᠠᠭ᠍ᠰᠠᠨ᠎ᠤ ᠳᠠᠷᠠᠭ᠎ᠠ ᠪᠣᠬᠢᠷᠲᠤᠯ ᠥᠬᠡᠶ ᠠᠭᠤᠷᠬᠠᠶ᠎ᠶ᠋ᠢᠨ ᠨᠡᠷᠡᠰ᠎ᠤᠨ ᠵᠢᠭ᠍ᠰᠠᠭᠠᠯᠲᠠ᠎ᠶ᠋ᠢ ᠱᠢᠯᠵᠢᠭᠦᠯᠦᠨ ᠭᠠᠷᠭᠠᠬᠤ᠎ᠪᠠᠷ ᠭᠤᠶᠤᠴᠢᠯᠠᠨ᠎ᠠ᠃

  ᠲᠣᠰ ᠮᠡᠳᠡᠭ᠌ᠳᠡᠯ᠎ᠢ ᠳᠠᠷᠤᠮᠠᠯᠯᠠᠨ ᠲᠠᠷᠬᠠᠭᠠᠭ᠍ᠰᠠᠨ ᠡᠳᠦᠷ᠎ᠠᠴᠠ ᠡᠬᠢᠯᠡᠨ ᠬᠡᠷᠡᠭ᠌ᠵᠢᠭᠦᠯᠵᠦ᠍᠂ ᠬᠦᠴᠦᠨ᠎ᠲᠠᠢ ᠬᠤᠭᠤᠴᠠᠭ᠎ᠠ᠎ᠨᠢ ᠲᠠᠪᠤᠨ ᠵᠢᠯ ᠪᠣᠯᠤᠨ᠎ᠠ᠃ 《 ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭ᠌ᠳᠡᠯ 》 ( ᠥᠪᠥᠷ ᠵᠠᠰᠠᠭ ᠠᠯᠪᠠᠨ ᠲᠠᠷᠬᠠᠭᠠᠭ᠍ᠰᠠᠨ 〔2024〕 13 ᠳ᠋ᠤᠭᠠᠷ ᠲᠣᠭᠠᠲᠤ) ᠎ᠢ ᠬᠠᠮᠲᠤ᠎ᠳᠤᠨᠢ ᠬᠦᠴᠦᠨ ᠥᠬᠡᠶ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠡᠭᠦᠨ᠎ᠠᠴᠠ ᠡᠮᠦᠨᠡᠬᠢ ᠪᠤᠰᠤᠳ ᠲᠣᠭ᠍ᠲᠠᠭᠠᠯ᠎ᠨᠢ ᠲᠣᠰ ᠮᠡᠳᠡᠭ᠌ᠳᠡᠯ᠎ᠲᠠᠢ ᠨᠢᠭᠡᠳᠦᠯ ᠥᠬᠡᠶ ᠪᠠᠢᠪᠠᠯ᠂ ᠲᠣᠰ ᠮᠡᠳᠡᠭ᠌ᠳᠡᠯ᠎ᠤᠨ ᠲᠣᠭ᠍ᠲᠠᠭᠠᠯ ᠶᠣᠰᠣᠭᠠᠷ ᠬᠡᠷᠡᠭ᠌ᠵᠢᠭᠦᠯᠦᠨ᠎ᠡ᠃

  ᠳᠠᠭᠠᠯᠳᠤᠭᠤᠯᠤᠯ᠄ 1. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠦᠨᠡᠯᠡᠬᠦ᠌ ᠭᠦᠢᠴᠡᠳᠭᠡᠯ ᠲᠤᠭ᠎ᠠ

  2. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ᠎ᠶ᠋ᠢᠨ ᠭᠤᠶᠤᠴᠢᠯᠠᠨ ᠮᠡᠳᠡᠭᠦᠯᠵᠦ᠍ ᠦᠨᠡᠯᠡᠨ ᠵᠢᠱ᠌ᠢᠬᠦ᠌ ᠱᠢᠯᠢᠨ ᠰᠣᠩᠭᠤᠬᠤ ᠵᠢᠴᠢ ᠬᠥᠳᠡᠯᠦᠩᠭᠦᠶ ᠬᠠᠮᠢᠶᠠᠷᠤᠯᠲᠠ᠎ᠶ᠋ᠢᠨ ᠱᠠᠭᠠᠷᠳᠠᠯᠭ᠎ᠠ

  3. ᠡᠯ᠎ᠡ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠤᠳ ᠪᠣᠬᠢᠷᠲᠤᠯ ᠦᠭᠡᠶ ᠠᠭᠤᠷᠬᠠᠶ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠡᠭᠦᠷᠭᠡ ᠬᠠᠷᠢᠭᠤᠴᠠᠯᠭ᠎ᠠ᠎ᠶ᠋ᠢᠨ ᠬᠤᠪᠢᠶᠠᠷᠢᠯᠠᠯ᠎ᠢ ᠠᠬᠢᠭᠤᠯᠬᠤ

  

2025 ᠣᠨ᠎ᠤ 6 ᠳ᠋ᠤᠭᠠᠷ ᠰᠠᠷ᠎ᠠ᠎ᠶ᠋ᠢᠨ 11 ᠎ᠤ ᠡᠳᠦᠷ

 

  ( ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ )

    

  ᠳᠠᠭᠠᠯᠳᠤᠭᠤᠯᠤᠯ᠎ᠢ ᠪᠠᠭᠤᠯᠭᠠᠬᠤ᠄

  1. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠦᠨᠡᠯᠡᠯᠲᠡ᠎ᠶ᠋ᠢᠨ ᠭᠦᠶ᠋ᠴᠡᠳᠭᠡᠯ ᠲᠤᠭ᠎ᠠ .pdf

 

  2. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ᠎ᠶ᠋ᠢᠨ ᠭᠤᠶᠤᠴᠢᠯᠠᠨ ᠮᠡᠳᠡᠭᠦᠯᠵᠦ᠍ ᠦᠨᠡᠯᠡᠨ ᠵᠢᠱ᠌ᠢᠬᠦ᠌ ᠱᠢᠯᠢᠨ ᠰᠣᠩᠭᠤᠬᠤ ᠵᠢᠴᠢ ᠬᠥᠳᠡᠯᠦᠩᠭᠦᠶ ᠬᠠᠮᠢᠶᠠᠷᠤᠯᠲᠠ᠎ᠶ᠋ᠢᠨ ᠱᠠᠭᠠᠷᠳᠠᠯᠭ᠎ᠠ .docx

 

  3. ᠡᠯ᠎ᠡ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠤᠳ ᠪᠣᠬᠢᠷᠲᠤᠯ ᠦᠭᠡᠶ ᠠᠭᠤᠷᠬᠠᠶ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠡᠭᠦᠷᠭᠡ ᠬᠠᠷᠢᠭᠤᠴᠠᠯᠭ᠎ᠠ᠎ᠶ᠋ᠢᠨ ᠬᠤᠪᠢᠶᠠᠷᠢᠯᠠᠯ᠎ᠢ ᠠᠬᠢᠭᠤᠯᠬᠤ .docx

 

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ