ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠲᠤᠭ᠎ᠠ ᠪᠦᠷᠢᠳᠭᠡᠯ᠎ᠤᠨ ᠮᠡᠳᠡᠭᠡ ᠵᠠᠩᠭᠢ
ᠪᠠᠶ᠋ᠢᠭᠤᠯᠭ᠎ᠠ᠎ᠶᠢᠨ ᠡᠭᠦᠷᠭᠡ ᠴᠢᠳᠠᠪᠣᠷᠢ
ᠪᠢᠴᠢᠭ ᠮᠠᠲ᠋ᠧᠷᠢᠶᠠᠯ
ᠲᠦᠷᠦ᠎ᠶᠢᠨ ᠪᠤᠳᠤᠯᠭ᠎ᠠ᠎ᠶᠢᠨ ᠠᠰᠠᠭᠤᠳᠠᠯ᠎ᠤᠨ ᠬᠥᠮᠥᠷᠭᠡ
《ᠭᠠᠵᠠᠷ᠎ᠤᠨ ᠭᠠᠶ ᠭᠠᠮᠰᠢᠭ᠎ᠢ ᠰᠡᠷᠭᠡᠶ᠋ᠢᠯᠡᠨ ᠵᠠᠰᠠᠬᠤ ᠨᠢᠭᠡᠴᠢ ᠵᠢᠨ ᠬᠢᠷᠢ ᠬᠡᠮ᠎ᠤᠨ ᠬᠠᠮᠢᠶᠠᠷᠤᠯᠲᠠ ᠵᠢᠨ ᠠᠷᠭ᠎ᠠ》 (2022 ᠣᠨ᠎ᠤ 10 ᠳ᠋ᠤᠭ᠋ᠠᠷ ᠰᠠᠷ᠎ᠠ ᠵᠢᠨ 27᠎ᠤ ᠡᠳᠦᠷ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠬᠤᠶᠠᠳᠤᠭ᠋ᠠᠷ ᠤᠳᠠᠭ᠋ᠠᠨ᠎ᠤ ᠬᠤᠷᠠᠯ᠎ᠠᠴᠠ ᠪᠠᠲᠤᠯᠠᠪᠠ) ᠵᠢᠨ ᠶᠢᠰᠦᠳᠦᠭᠡᠷ ᠵᠦᠢ᠍ᠯ᠎ᠳᠤ ᠭᠠᠵᠠᠷ᠎ᠤᠨ ᠭᠠᠶ ᠭᠠᠮᠰᠢᠭ᠎ᠤᠨ ᠠᠶᠤᠯᠲᠤ ᠴᠢᠨᠠᠷ᠎ᠢ ᠦᠨᠡᠯᠡᠨ ᠵᠢᠱ᠌ᠢᠬᠦ ᠲᠥᠷᠥᠯ ᠵᠦᠢ᠍ᠯ᠎ᠢ ᠨᠢᠭᠡᠳᠦᠭᠡᠷ ᠳᠡᠰ᠂ ᠬᠤᠶᠠᠳᠤᠭ᠋ᠠᠷ ᠳᠡᠰ ᠬᠤᠶᠠᠷ ᠳᠡᠰ (ᠭᠤᠷᠪᠠᠳᠤᠭ᠋ᠠᠷ ᠳᠡᠰ ᠥᠬᠡᠶ) ᠭᠡᠵᠦ ᠬᠤᠪᠢᠶᠠᠨ᠎ᠠ᠃ 《ᠭᠠᠵᠠᠷ᠎ᠤᠨ ᠭᠠᠶ ᠭᠠᠮᠰᠢᠭ᠎ᠤᠨ ᠠᠶᠤᠯᠲᠤ ᠴᠢᠨᠠᠷ᠎ᠢ ᠦᠨᠡᠯᠡᠨ ᠵᠢᠱ᠌ᠢᠬᠦ ᠵᠢᠷᠤᠮᠵᠢᠯ》 (GB/T40112 — 2021) 4.6.1 ᠵᠤᠷᠪᠤᠰ ᠭᠠᠵᠠᠷ᠎ᠤᠨ ᠭᠠᠶ ᠭᠠᠮᠰᠢᠭ᠎ᠤᠨ ᠠᠶᠤᠯᠲᠤ ᠴᠢᠨᠠᠷ᠎ᠢ ᠦᠨᠡᠯᠡᠨ ᠵᠢᠱ᠌ᠢᠬᠦ ᠵᠢ ᠨᠢᠭᠡᠳᠦᠭᠡᠷ᠂ ᠬᠤᠶᠠᠳᠤᠭ᠋ᠠᠷ᠂ ᠭᠤᠷᠪᠠᠳᠤᠭ᠋ᠠᠷ ᠳᠡᠰ ᠬᠤᠪᠢᠶᠠᠵᠤ᠂ 《ᠬᠢᠷᠢ ᠬᠡᠮ᠎ᠤᠨ ᠬᠠᠮᠢᠶᠠᠷᠤᠯᠲᠠ ᠵᠢᠨ ᠠᠷᠭ᠎ᠠ》᠎ᠲᠠᠢ ᠵᠥᠷᠢᠴᠡᠯᠳᠦᠪᠡ᠃ ᠪᠣᠳᠠᠲᠠᠢ ᠰᠡᠳᠦᠪ᠎ᠢ ᠦᠨᠡᠯᠡᠨ ᠵᠢᠱ᠌ᠢᠬᠦ ᠦᠶ᠎ᠡ᠎ᠳᠤ ᠠᠯᠢ ᠨᠢᠭᠡ᠎ᠪᠠᠷ ᠪᠠᠷᠢᠮᠵᠢᠶ᠎ᠠ ᠪᠣᠯᠭ᠋ᠠᠬᠤ ᠶᠣᠰᠣᠲᠠᠢ ᠪᠤᠢ?
ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠬᠤᠲᠠ ᠪᠠᠯᠭ᠋ᠠᠰᠤ ᠵᠢᠨ ᠳᠣᠣᠷ᠎ᠠ ᠦᠷ᠎ᠡ ᠠᠰᠢᠭ᠎ᠲᠠᠢ ᠬᠡᠷᠡᠭᠯᠡᠬᠦ ᠭᠠᠵᠠᠷ᠎ᠢ ᠬᠡᠷᠡᠭᠯᠡᠭᠰᠡᠨ ᠪᠣᠯ᠂ 《〈ᠳᠣᠣᠷ᠎ᠠ ᠦᠷ᠎ᠡ ᠠᠰᠢᠭ᠎ᠲᠠᠢ ᠬᠡᠷᠡᠭᠯᠡᠬᠦ ᠭᠠᠵᠠᠷ᠎ᠢ ᠳᠠᠬᠢᠨ ᠨᠡᠭᠡᠭᠡᠨ ᠬᠥᠭᠵᠢᠭᠦᠯᠬᠦ ᠵᠢ ᠭᠦᠨᠵᠡᠭᠡᠶ ᠠᠬᠢᠭᠤᠯᠬᠤ ᠲᠤᠬᠠᠶ ᠵᠢᠯᠣᠭᠣᠳᠬᠤ ᠰᠠᠨᠠᠯ (ᠲᠤᠷᠰᠢᠨ ᠬᠡᠷᠡᠭᠵᠢᠭᠦᠯᠬᠦ)〉᠎ᠢ ᠳᠠᠷᠤᠮᠠᠯᠯᠠᠨ ᠲᠠᠷᠬᠠᠭ᠋ᠠᠬᠤ ᠲᠤᠬᠠᠶ ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠶᠠᠮᠤᠨ᠎ᠤ ᠮᠡᠳᠡᠭᠳᠡᠯ》 (ᠤᠯᠤᠰ᠎ᠤᠨ ᠭᠠᠵᠠᠷ ᠰᠢᠷᠣᠶ ᠡᠬᠢ ᠪᠠᠶᠠᠯᠢᠭ᠎ᠤᠨ ᠲᠠᠷᠬᠠᠭ᠋ᠠᠭᠰᠠᠨ [2016] 147 ᠳ᠋ᠤᠭ᠋ᠠᠷ ᠲᠣᠭ᠋ᠠᠲᠤ᠂ ᠳᠤᠷᠤᠭᠰᠢ147 ᠳ᠋ᠤᠭ᠋ᠠᠷ ᠲᠤᠭ᠋ᠠᠳᠦ ᠪᠢᠴᠢᠭ ᠮᠠᠲᠸᠷᠢᠶᠠᠯ ᠭᠡᠵᠦ ᠲᠤᠪᠴᠢᠯᠠᠨ᠎ᠠ)᠎ᠤᠨ ᠬᠣᠯᠪᠣᠭᠳᠠᠯ ᠪᠦᠬᠦᠢ ᠲᠣᠭᠲᠠᠭ᠋ᠠᠯ ᠵᠶ᠋ᠠᠷ ᠦᠷᠭᠦᠯᠵᠢᠯᠡᠨ ᠯᠠᠪᠯᠠᠯᠲᠠ ᠪᠣᠯᠭ᠋ᠠᠨ ᠬᠡᠷᠡᠭᠵᠢᠭᠦᠯᠵᠦ ᠪᠣᠯᠤᠨ᠎ᠠ ᠤᠤ?