ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ᠎ᠤᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠮᠠᠨ᠎ᠤ ᠲᠢᠩᠬᠢᠮ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠥᠰᠦᠯ᠎ᠢ ᠬᠢᠨᠠᠨ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠲᠤᠭᠤᠷᠪᠢᠪᠠ᠃ ᠡᠳᠦᠭᠡ ᠬᠤᠯᠪᠣᠭᠳᠠᠯ ᠪᠥᠬᠦᠶ ᠤᠴᠢᠷ ᠶᠠᠪᠤᠳᠠᠯ᠎ᠢ ᠳᠣᠤᠷᠠᠬᠢ ᠮᠡᠲᠦ ᠲᠠᠶ᠋ᠢᠯᠪᠤᠷᠢᠯᠠᠶᠠ᠄
ᠨᠢᠭᠡ᠂ ᠵᠣᠷᠢᠯᠭ᠎ᠠ
ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠲᠤᠭᠤᠰᠢᠯᠠᠭᠤᠯᠵᠤ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠬᠠᠤᠯᠢ ᠵᠢᠨ ᠬᠣᠷᠢᠳᠤᠭ᠋ᠠᠷ ᠵᠦᠢ᠍ᠯ᠎ᠢ ᠨᠠᠶ᠋ᠢᠳᠠᠪᠤᠷᠢᠵᠢᠭᠤᠯᠤᠨ᠂ ᠨᠡᠭᠡᠭᠡᠨ ᠮᠠᠯᠲᠠᠬᠤ ᠵᠢ ᠬᠢᠵᠠᠭ᠋ᠠᠷᠯᠠᠬᠤ ᠬᠣᠯᠪᠣᠭᠳᠠᠯ ᠪᠦᠬᠦᠢ ᠲᠣᠭᠲᠠᠭ᠋ᠠᠯ᠎ᠢ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠲᠠᠮᠠᠬᠠᠶ ᠬᠡᠢ ᠵᠢᠨ ᠪᠤᠰᠤ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠥᠰᠦᠯ᠎ᠢ ᠬᠢᠨᠠᠨ ᠪᠠᠶ᠋ᠢᠴᠠᠭ᠋ᠠᠬᠤ ᠠᠵᠢᠯ᠎ᠢ ᠵᠢᠷᠤᠮᠵᠢᠭᠤᠯᠤᠨ᠂ ᠨᠡᠭᠡᠭᠡᠨ ᠠᠰᠢᠭᠯᠠᠬᠤ ᠲᠥᠰᠦᠯ᠎ᠢ ᠬᠢᠨᠠᠨ ᠪᠠᠶ᠋ᠢᠴᠠᠭ᠋ᠠᠬᠤ ᠶᠠᠰᠤ ᠴᠢᠨᠠᠷ᠎ᠢ ᠳᠡᠭᠡᠭᠰᠢᠯᠡᠭᠦᠯᠵᠦ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠵᠦᠢ ᠵᠣᠬᠢᠰᠲᠠᠶ ᠠᠰᠢᠭᠯᠠᠬᠤ ᠪᠠ ᠪᠣᠬᠢᠷᠲᠤᠯ ᠦᠭᠡᠶ ᠨᠡᠭᠡᠭᠡᠬᠦ ᠵᠢ ᠠᠬᠢᠭᠤᠯᠬᠤ ᠬᠡᠷᠡᠭᠲᠡᠶ᠃
ᠬᠤᠶᠠᠷ᠂ ᠠᠬᠤᠢ ᠪᠠᠶ᠋ᠢᠳᠠᠯ
ᠣᠶ᠋ᠢᠷ᠎ᠠ ᠵᠢᠨ ᠵᠢᠯ᠎ᠤᠳ᠎ᠲᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ ᠠᠭᠤᠷᠬᠠᠶ ᠵᠢᠨ ᠦᠢ᠍ᠯᠡᠰ᠎ᠤᠨ ᠡᠷᠬᠡ ᠵᠢ ᠰᠢᠯᠵᠢᠭᠦᠯᠦᠨ ᠥᠭᠬᠦ ᠲᠦᠷᠢᠮ᠎ᠤᠨ ᠲᠤᠬᠠᠶ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠥᠭᠡᠷᠡᠴᠢᠯᠡᠯᠲᠡ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠤᠷᠢᠳ ᠬᠤᠵᠢᠳ ᠠᠯᠢ ᠣᠯᠠᠨ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠵᠤ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠦᠷᠭᠦᠯᠵᠢᠯᠡᠨ ᠯᠠᠪᠳᠠᠭᠤᠨ ᠵᠶ᠋ᠠᠷ ᠳᠥᠯᠭᠢᠨ ᠠᠬᠢᠭᠤᠯᠵᠤ᠂ ᠢᠳᠡᠪᠬᠢᠲᠡᠶ ᠦᠷ᠎ᠡ ᠪᠦᠲᠦᠮᠵᠢ ᠤᠯᠪᠠ᠃ 2024 ᠣᠨ᠎ᠤ 7 ᠳ᠋ᠤᠭ᠋ᠠᠷ ᠰᠠᠷ᠎ᠠ᠎ᠳᠤ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ 《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ (ᠰᠢᠲᠠᠮᠠᠬᠠᠶ ᠬᠡᠶ ᠵᠢᠨ ᠪᠤᠰᠤ)᠎ᠢ ᠨᠡᠭᠡᠭᠡᠨ ᠠᠰᠢᠭᠯᠠᠬᠤ ᠲᠥᠰᠦᠯ᠎ᠢ ᠨᠠᠶ᠋ᠢᠷᠠᠭᠤᠯᠤᠨ ᠵᠣᠬᠢᠶᠠᠬᠤ ᠵᠦᠭᠯᠡᠭᠦᠷ》 (ᠪᠠᠶ᠋ᠢᠭ᠋ᠠᠯᠢ ᠵᠢᠨ ᠡᠬᠢ ᠪᠠᠶᠠᠯᠢᠭ ᠠᠯᠪᠠᠨ ᠲᠠᠷᠬᠠᠭ᠋ᠠᠭᠰᠠᠨ [2024] 33 ᠳ᠋ᠤᠭ᠋ᠠᠷ ᠲᠣᠭ᠋ᠠᠲᠤ᠂ ᠳᠣᠷᠣᠭᠰᠢ 《ᠨᠠᠶ᠋ᠢᠷᠠᠭᠤᠯᠤᠨ ᠵᠣᠬᠢᠶᠠᠬᠤ ᠵᠦᠭᠯᠡᠭᠦᠷ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠪᠥᠬᠦ ᠤᠯᠤᠰ᠎ᠤᠨ ᠨᠡᠭᠡᠭᠡᠨ ᠠᠰᠢᠭᠯᠠᠬᠤ ᠲᠥᠰᠦᠯ᠎ᠢ ᠨᠠᠶ᠋ᠢᠷᠠᠭᠤᠯᠤᠨ ᠵᠣᠬᠢᠶᠠᠵᠤ᠂ ᠬᠢᠨᠠᠨ ᠪᠠᠶ᠋ᠢᠴᠠᠭ᠋ᠠᠬᠤ᠎ᠳᠤ ᠰᠢᠨ᠎ᠡ ᠱᠠᠭ᠋ᠠᠷᠳᠠᠯᠭ᠎ᠠ ᠳᠤᠷᠠᠳᠴᠤ᠂ ᠬᠠᠮᠢᠶ᠎ᠠ ᠪᠥᠬᠦᠶ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠰᠢᠲᠠᠮᠠᠬᠠᠶ ᠬᠡᠶ ᠵᠢᠨ ᠠᠭᠤᠷᠬᠠᠶ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠥᠰᠦᠯ᠎ᠢ ᠬᠢᠨᠠᠨ ᠪᠠᠶ᠋ᠢᠴᠠᠭ᠋ᠠᠬᠤ ᠠᠵᠢᠯ᠎ᠢ ᠵᠢᠷᠤᠮᠵᠢᠭᠤᠯᠬᠤ ᠵᠢᠨ ᠲᠥᠯᠥᠭᠡ᠂ ᠮᠠᠨ᠎ᠤ ᠲᠢᠩᠬᠢᠮ 《ᠮᠡᠳᠡᠭᠳᠡᠯ》᠎ᠢ ᠲᠤᠭᠤᠷᠪᠢᠪᠠ᠃
ᠭᠤᠷᠪᠠ᠂ ᠦᠨᠳᠦᠰᠦᠯᠡᠯ
ᠭᠤᠤᠯ ᠪᠣᠯᠬᠤ ᠬᠠᠤᠯᠢ ᠴᠠᠭ᠋ᠠᠵᠠ ᠲᠥᠷᠥ ᠵᠢᠨ ᠪᠣᠳᠣᠯᠭ᠎ᠠ ᠵᠢᠨ ᠦᠨᠳᠦᠰᠦᠯᠡᠯ ᠪᠣᠯ᠄ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠤᠯᠢ》᠂ 《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠮᠠᠯᠲᠠᠬᠤ ᠵᠢ ᠳᠡᠩᠰᠡᠯᠡᠨ ᠬᠠᠮᠢᠶᠠᠷᠬᠤ ᠠᠷᠭ᠎ᠠ》 (ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ 241 ᠳ᠋ᠦ᠍ᠭᠡᠷ ᠲᠣᠭ᠋ᠠᠲᠤ)᠂ 《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠬᠠᠶ᠋ᠢᠨ ᠪᠠᠶ᠋ᠢᠴᠠᠭ᠋ᠠᠵᠤ ᠨᠡᠭᠡᠭᠡᠨ ᠮᠠᠯᠲᠠᠬᠤ ᠵᠢ ᠳᠡᠩᠰᠡᠯᠡᠨ ᠬᠠᠮᠢᠶᠠᠷᠬᠤ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠮᠡᠳᠡᠭᠳᠡᠯ》 (ᠪᠠᠶ᠋ᠢᠭ᠋ᠠᠯᠢ ᠵᠢᠨ ᠡᠬᠢ ᠪᠠᠶᠠᠯᠢᠭ ᠲᠣᠭᠲᠠᠭ᠋ᠠᠯ [2023] 4 ᠳ᠋ᠦ᠍ᠭᠡᠷ ᠲᠣᠭ᠋ᠠᠲᠤ)᠂ 《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠦᠢ᠍ᠯᠡᠰ᠎ᠤᠳ᠎ᠤᠨ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠰᠠᠨᠠᠯ》 (ᠪᠠᠶ᠋ᠢᠭ᠋ᠠᠯᠢ ᠵᠢᠨ ᠡᠬᠢ ᠪᠠᠶᠠᠯᠢᠭ ᠲᠣᠭᠲᠠᠭ᠋ᠠᠯ [2023] 6 ᠳ᠋ᠤᠭ᠋ᠠᠷ ᠲᠣᠭ᠋ᠠᠲᠤ)᠂ 《ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ ᠠᠮᠢ ᠠᠬᠤᠶ ᠵᠢᠨ ᠣᠷᠴᠢᠨ ᠲᠣᠭᠤᠷᠢᠨ᠎ᠤ ᠶᠠᠮᠤᠨ ᠡᠳ᠋᠎ᠤᠨ ᠵᠠᠰᠠᠭ᠎ᠤᠨ ᠶᠠᠮᠤᠨ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠤᠯᠤᠰ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠳᠤᠮᠳᠠᠳᠤ ᠤᠯᠤᠰ᠎ᠤᠨ ᠦᠨᠡᠲᠦ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠵᠦᠪᠯᠡᠯ ᠤᠯᠤᠰ᠎ᠤᠨ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠪᠣᠬᠢᠷᠳᠤᠯ ᠦᠭᠡᠢ ᠠᠭᠤᠷᠬᠠᠢ ᠵᠢᠨ ᠪᠦᠲᠦᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠮᠡᠳᠡᠭᠳᠡᠯ》 (ᠪᠠᠶ᠋ᠢᠭ᠋ᠠᠯᠢ ᠵᠢᠨ ᠡᠬᠢ ᠪᠠᠶᠠᠯᠢᠭ ᠲᠣᠭᠲᠠᠭ᠋ᠠᠯ [2024] 1 ᠳ᠋ᠦ᠍ᠭᠡᠷ ᠲᠣᠭ᠋ᠠᠲᠤ)᠃
ᠳᠥᠷᠪᠡ᠂ ᠭᠤᠤᠯ ᠠᠭᠤᠯᠭ᠎ᠠ
《ᠮᠡᠳᠡᠭᠳᠡᠯ》᠎ᠳᠤ ᠬᠢᠨᠠᠨ ᠪᠠᠶ᠋ᠢᠴᠠᠭ᠋ᠠᠬᠤ ᠡᠷᠬᠡ ᠮᠡᠳᠡᠯ᠂ ᠬᠢᠨᠠᠨ ᠪᠠᠶ᠋ᠢᠴᠠᠭ᠋ᠠᠬᠤ ᠬᠦᠷᠢᠶ᠎ᠡ ᠬᠡᠪᠴᠢᠶ᠎ᠡ᠂ ᠬᠢᠨᠠᠨ ᠪᠠᠶ᠋ᠢᠴᠠᠭ᠋ᠠᠬᠤ ᠴᠠᠭ᠎ᠤᠨ ᠬᠢᠵᠠᠭ᠋ᠠᠷ᠂ ᠬᠢᠨᠠᠨ ᠪᠠᠶ᠋ᠢᠴᠠᠭ᠋ᠠᠬᠤ ᠱᠠᠭ᠋ᠠᠷᠳᠠᠯᠭ᠎ᠠ᠂ ᠪᠤᠰᠤᠳ ᠱᠠᠭ᠋ᠠᠷᠳᠠᠯᠭ᠎ᠠ ᠵᠡᠷᠭᠡ ᠲᠠᠪᠤᠨ ᠬᠡᠰᠡᠭ ᠠᠭᠤᠯᠭ᠎ᠠ᠎ᠪᠠᠷ ᠪᠦᠷᠢᠯᠳᠦᠵᠡᠶ᠃
(ᠨᠢᠭᠡ) ᠬᠢᠨᠠᠨ ᠪᠠᠶ᠋ᠢᠴᠠᠭ᠋ᠠᠬᠤ ᠡᠷᠬᠡ ᠵᠢᠨ ᠬᠡᠪᠴᠢᠶ᠎ᠡ᠃ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ ᠵᠢᠨ ᠰᠢᠯᠵᠢᠭᠦᠯᠦᠨ ᠬᠤᠳᠠᠯᠳᠤᠬᠤ ᠵᠢ ᠳᠠᠩᠰᠠᠯᠠᠨ ᠲᠡᠮᠳᠡᠭᠯᠡᠬᠦ ᠡᠷᠬᠡ ᠮᠡᠳᠡᠯ᠎ᠤᠨ ᠠᠭᠤᠷᠬᠠᠢ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠥᠰᠦᠯ᠎ᠢ ᠬᠢᠨᠠᠨ ᠪᠠᠶ᠋ᠢᠴᠠᠭ᠋ᠠᠬᠤ ᠠᠵᠢᠯ᠎ᠤᠨ ᠭᠤᠣᠯ ᠴᠣᠭᠴᠠ ᠵᠢ ᠲᠣᠳᠣᠷᠬᠠᠶ᠋ᠢᠯᠠᠪᠠ᠃
(ᠬᠤᠶᠠᠷ) ᠬᠢᠨᠠᠨ ᠪᠠᠶ᠋ᠢᠴᠠᠭ᠋ᠠᠬᠤ ᠬᠦᠷᠢᠶ᠎ᠡ ᠬᠡᠪᠴᠢᠶ᠎ᠡ᠃ 4 ᠵᠦᠢ᠍ᠯ᠎ᠤᠨ ᠪᠠᠶ᠋ᠢᠳᠠᠯ᠎ᠨᠢ 《 ᠨᠠᠶ᠋ᠢᠷᠠᠭᠤᠯᠤᠨ ᠵᠣᠬᠢᠶᠠᠬᠤ ᠵᠦᠭᠯᠡᠭᠦᠷ》᠎ᠤᠨ ᠱᠠᠭ᠋ᠠᠷᠳᠠᠯᠭ᠎ᠠ ᠶᠣᠰᠣᠭ᠋ᠠᠷ ᠨᠡᠭᠡᠭᠡᠨ ᠠᠰᠢᠭᠯᠠᠬᠤ ᠲᠥᠰᠥᠯ ᠵᠤᠬᠢᠶᠠᠪᠠ᠃
(ᠭᠤᠷᠪᠠ) ᠬᠢᠨᠠᠨ ᠪᠠᠢ᠌ᠴᠠᠭ᠋ᠠᠬᠤ ᠴᠠᠭ᠎ᠤᠨ ᠬᠢᠵᠠᠭ᠋ᠠᠷ᠃ ᠬᠢᠨᠠᠨ ᠪᠠᠶ᠋ᠢᠴᠠᠭ᠋ᠠᠬᠤ ᠭᠤᠣᠯ ᠴᠣᠭᠴᠠ ᠵᠢᠨ ᠭᠤᠶᠤᠴᠢᠯᠠᠯ᠎ᠢ ᠣᠯᠬᠤ᠎ᠠᠴᠠ ᠬᠢᠨᠠᠨ ᠪᠠᠶ᠋ᠢᠴᠠᠭ᠋ᠠᠬᠤ ᠵᠢ ᠪᠡᠶᠡᠯᠡᠭᠦᠯᠬᠦ᠂ ᠬᠢᠨᠠᠨ ᠪᠠᠶ᠋ᠢᠴᠠᠭ᠋ᠠᠭᠰᠠᠨ ᠦᠷ᠎ᠡ ᠳ᠋ᠦᠩ᠎ᠢ ᠢᠯᠡ ᠨᠡᠶ᠋ᠢᠲᠡᠯᠡᠬᠦ᠂ ᠭᠤᠶᠤᠴᠢᠯᠠᠭᠴᠢ ᠵᠢᠨ ᠵᠠᠰᠠᠪᠤᠷᠢ ᠣᠷᠣᠭᠤᠯᠵᠤ ᠨᠦᠬᠦᠵᠦ ᠮᠡᠳᠡᠭᠦᠯᠬᠦ ᠵᠡᠷᠭᠡ ᠵᠦᠢ᠍ᠯᠡᠰ᠎ᠤᠨ ᠪᠣᠳᠠᠲᠠᠶ ᠴᠠᠭ᠎ᠤᠨ ᠬᠢᠵᠠᠭ᠋ᠠᠷ᠎ᠢ ᠲᠣᠳᠣᠷᠬᠠᠶ᠋ᠢᠯᠠᠬᠤ ᠵᠢᠨ ᠬᠠᠮᠲᠤ ᠬᠢᠨᠠᠨ ᠪᠠᠶ᠋ᠢᠴᠠᠭ᠋ᠠᠭᠰᠠᠨ ᠰᠠᠨᠠᠯ᠎ᠢ ᠢᠯᠡ ᠨᠡᠶ᠋ᠢᠲᠡᠯᠡᠬᠦ᠂ ᠬᠠᠷᠢᠭᠤ ᠲᠤᠰᠬᠠᠬᠤ᠂ ᠵᠠᠰᠠᠪᠤᠷᠢ ᠣᠷᠣᠭᠤᠯᠬᠤ ᠲᠥᠰᠦᠯ ᠵᠡᠷᠭᠡ ᠵᠦᠢ᠍ᠯᠡᠰ᠎ᠢ ᠨᠠᠷᠢᠯᠢᠬ᠍ᠵᠢᠭᠤᠯᠬᠤ ᠱᠠᠭ᠋ᠠᠷᠳᠠᠯᠭ᠎ᠠ ᠭᠠᠷᠭ᠋ᠠᠪᠠ᠃
(ᠲᠦᠷᠪᠡ) ᠬᠢᠨᠠᠨ ᠪᠠᠢ᠌ᠴᠠᠭ᠋ᠠᠬᠤ ᠱᠠᠭ᠋ᠠᠷᠳᠠᠯᠭ᠎ᠠ᠃ ᠭᠤᠶᠤᠴᠢᠯᠠᠭᠴᠢ ᠵᠢᠨ ᠬᠢᠨᠠᠨ ᠪᠠᠶ᠋ᠢᠴᠠᠭ᠋ᠠᠬᠤ᠎ᠳᠤ ᠬᠡᠷᠡᠭᠰᠡᠬᠦ ᠮᠠᠲ᠋ᠧᠷᠢᠶᠠᠯ᠂ ᠨᠡᠭᠡᠭᠡᠨ ᠠᠰᠢᠭᠯᠠᠬᠤ ᠲᠥᠰᠦᠯ᠎ᠢ ᠬᠢᠨᠠᠨ ᠪᠠᠶ᠋ᠢᠴᠠᠭ᠋ᠠᠬᠤ ᠠᠭᠤᠯᠭ᠎ᠠ᠂ ᠬᠢᠨᠠᠨ ᠪᠠᠶ᠋ᠢᠴᠠᠭ᠋ᠠᠬᠤ ᠲᠤᠰᠬᠠᠢ ᠮᠡᠷᠭᠡᠵᠢᠯᠲᠡᠨ᠎ᠤ ᠰᠣᠩᠭᠤᠨ ᠠᠪᠬᠤ ᠵᠠᠷᠴᠢᠮ ᠵᠡᠷᠭᠡ ᠪᠣᠳᠠᠲᠠᠢ ᠱᠠᠭ᠋ᠠᠷᠳᠠᠯᠭ᠎ᠠ ᠵᠢ ᠲᠣᠳᠣᠷᠬᠠᠶ᠋ᠢᠯᠠᠪᠠ᠃
(ᠲᠠᠪᠤ) ᠪᠤᠰᠤᠳ ᠱᠠᠭ᠋ᠠᠷᠳᠠᠯᠭ᠎ᠠ᠃ ᠬᠢᠨᠠᠨ ᠪᠠᠶ᠋ᠢᠴᠠᠭ᠋ᠠᠬᠤ ᠨᠢᠭᠡᠴᠢ ᠵᠢ ᠬᠢᠨᠠᠨ ᠪᠠᠶ᠋ᠢᠴᠠᠭ᠋ᠠᠬᠤ ᠠᠵᠢᠯ᠎ᠤᠨ ᠬᠠᠮᠢᠶ᠎ᠠ ᠪᠥᠬᠦᠶ ᠵᠦᠢ᠍ᠯᠡᠰ᠎ᠢ ᠨᠠᠷᠢᠯᠢᠬ᠍ᠵᠢᠭᠤᠯᠵᠤ᠂ ᠬᠠᠮᠢᠶ᠎ᠠ ᠪᠥᠬᠦᠶ ᠴᠠᠭ᠎ᠤᠨ ᠬᠢᠵᠠᠭ᠋ᠠᠷ᠎ᠤᠨ ᠱᠠᠭ᠋ᠠᠷᠳᠠᠯᠭ᠎ᠠ ᠵᠢ ᠲᠣᠳᠣᠷᠬᠠᠶ᠋ᠢᠯᠠᠬᠤ ᠵᠢᠨ ᠬᠠᠮᠲᠤ ᠠᠶ᠋ᠢᠮᠠᠭ ᠬᠤᠲᠠ᠎ᠳᠤ ᠵᠢᠯᠣᠭᠤᠳᠬᠤ ᠠᠵᠢᠯ ᠥᠷᠨᠢᠭᠦᠯᠬᠦ ᠵᠢ ᠱᠠᠭ᠋ᠠᠷᠳᠠᠪᠠ᠃