ᠨᠢᠭᠡ᠂ ᠨᠡᠶ᠋ᠢᠲᠡᠯᠡᠭᠰᠡᠨ ᠠᠬᠤᠶ ᠪᠠᠶ᠋ᠢᠳᠠᠯ
《ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ ᠲᠠᠷᠢᠶᠠᠨ ᠭᠠᠵᠠᠷ᠎ᠤᠨ ᠶᠠᠰᠤ ᠴᠢᠨᠠᠷ᠎ᠢ ᠲᠡᠭᠦᠯᠳᠡᠷᠵᠢᠭᠦᠯᠦᠨ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠰᠠᠨᠠᠯ》 (ᠲᠥᠪ ᠠᠯᠪᠠᠨ ᠲᠠᠷᠬᠠᠭ᠋ᠠᠭᠰᠠᠨ [2024] 13 ᠳ᠋ᠤᠭ᠋ᠠᠷ ᠲᠣᠭ᠋ᠠᠲᠤ) ᠪᠠ 《ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ ᠲᠠᠷᠢᠶᠠᠨ ᠭᠠᠵᠠᠷ᠎ᠤᠨ ᠶᠠᠰᠤ ᠴᠢᠨᠠᠷ᠎ᠢ ᠲᠡᠭᠦᠯᠳᠡᠷᠵᠢᠭᠦᠯᠦᠨ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》 (ᠥᠪᠥᠷ ᠨᠠᠮ ᠠᠯᠪᠠᠨ ᠲᠠᠷᠬᠠᠭ᠋ᠠᠭᠰᠠᠨ [2024] 11 ᠳ᠋ᠦ᠍ᠭᠡᠷ ᠲᠣᠭ᠋ᠠᠲᠤ)᠎ᠤᠨ ᠬᠤᠯᠪᠣᠭᠳᠠᠯ ᠪᠥᠬᠦᠶ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ 《ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠬᠠᠮᠢᠶᠠᠷᠤᠯᠲᠠ ᠵᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠲᠠᠷᠢᠶᠠᠯᠠᠩ ᠬᠥᠳᠡᠭᠡ ᠲᠣᠰᠬᠤᠨ᠎ᠤ ᠶᠠᠮᠤᠨ᠎ᠤ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2024] 11 ᠳ᠋ᠦ᠍ᠭᠡᠷ ᠲᠣᠭ᠋ᠠᠲᠤ)᠎ᠤᠨ ᠬᠤᠯᠪᠣᠭᠳᠠᠯ ᠪᠥᠬᠦᠶ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠲᠠᠢ ᠬᠠᠮᠲᠤᠷᠠᠨ 《ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠬᠠᠮᠢᠶᠠᠷᠤᠯᠲᠠ ᠵᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠰᠤᠳᠤᠯᠤᠨ ᠲᠤᠭᠤᠷᠪᠢᠪᠠ᠃
ᠬᠤᠶᠠᠷ᠂ ᠭᠤᠣᠯ ᠠᠭᠤᠯᠭ᠎ᠠ
ᠲᠣᠰ ᠤᠳᠠᠭ᠋ᠠᠨ᠎ᠤ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠥᠭᠡᠷᠡᠴᠢᠯᠡᠯᠲᠡ ᠵᠢᠨ ᠵᠣᠷᠢᠯᠭ᠎ᠠ᠎ᠨᠢ ᠲᠠᠷᠢᠶᠠᠨ ᠭᠠᠵᠠᠷ᠎ᠤᠨ ᠶᠡᠷᠦᠩᠬᠡᠶ ᠬᠡᠮᠵᠢᠶ᠎ᠡ ᠵᠢ ᠬᠥᠳᠡᠯᠦᠩᠭᠦᠶ᠎ᠪᠠᠷ ᠲᠡᠩᠴᠡᠭᠦᠷᠢᠲᠡᠶ ᠪᠠᠶ᠋ᠢᠯᠭ᠋ᠠᠬᠤ᠎ᠪᠠᠷ ᠭᠤᠤᠯ ᠪᠣᠯᠭ᠋ᠠᠭᠰᠠᠨ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠰᠢᠨ᠎ᠡ ᠲᠣᠭᠲᠠᠴᠠ ᠵᠢ ᠪᠠᠶ᠋ᠢᠭᠤᠯᠵᠤ᠂ ᠲᠠᠷᠢᠶᠠᠨ ᠭᠠᠵᠠᠷ᠎ᠤᠨ ᠶᠡᠷᠦᠩᠬᠡᠶ ᠬᠡᠮᠵᠢᠶ᠎ᠡ ᠵᠢ ᠬᠠᠮᠢᠶᠠᠷᠤᠨ ᠡᠵᠡᠮᠳᠡᠬᠦ ᠪᠠ ᠨᠥᠬᠦᠪᠥᠷᠢᠯᠡᠬᠦ᠎ᠪᠠᠷ ᠡᠵᠡᠯᠡᠬᠦ ᠬᠠᠮᠢᠶᠠᠷᠤᠯᠲᠠ ᠵᠢ ᠴᠢᠩᠭ᠋ᠠᠷᠠᠭᠤᠯᠤᠨ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠲᠣᠭᠲᠠᠭᠤᠨ ᠵᠶ᠋ᠠᠷ ᠳᠡᠭᠡᠭᠰᠢᠯᠡᠭᠦᠯᠵᠦ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠪᠠᠲᠤ ᠰᠠᠬᠢᠬᠤ ᠵᠢᠨ ᠲᠥᠯᠥᠭᠡ ᠶᠤᠮ᠃ 《ᠮᠡᠳᠡᠭᠳᠡᠯ》᠎ᠨᠢ ᠭᠤᠣᠯᠳᠠᠭᠤ 5 ᠲᠠᠯ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 18 ᠵᠦᠢ᠍ᠯ᠎ᠤᠨ ᠠᠷᠭ᠎ᠠ ᠬᠡᠮᠵᠢᠶ᠎ᠡ ᠵᠢ ᠳᠤᠷᠠᠳᠪᠠ᠃ ᠭᠤᠤᠯ ᠠᠭᠤᠯᠭ᠎ᠠ᠎ᠳᠤ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠬᠠᠮᠢᠶᠠᠷᠤᠯᠲᠠ ᠵᠢᠨ ᠠᠷᠭ᠎ᠠ ᠮᠠᠶᠢᠭ᠎ᠲᠤ ᠥᠭᠡᠷᠡᠴᠢᠯᠡᠯᠲᠡ ᠬᠢᠬᠦ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠨᠠᠶ᠋ᠢᠳᠠᠪᠤᠷᠢᠵᠢᠭᠤᠯᠬᠤ ᠵᠢ ᠲᠡᠭᠦᠯᠳᠡᠷᠵᠢᠭᠦᠯᠬᠦ᠂ ᠲᠠᠷᠢᠶᠠᠨ ᠭᠠᠵᠠᠷ᠎ᠤᠨ ᠨᠥᠬᠦᠪᠥᠷᠢᠯᠡᠬᠦ ᠭᠦᠢ᠍ᠴᠡᠳᠭᠡᠯ ᠲᠤᠭ᠎ᠠ ᠵᠢ ᠬᠥᠮᠥᠷᠭᠡ᠎ᠳᠤ ᠣᠷᠣᠭᠤᠯᠬᠤ ᠲᠠᠰ ᠳᠠᠷᠠᠭ᠋ᠠᠯᠠᠯ᠎ᠢ ᠵᠢᠷᠤᠮᠵᠢᠭᠤᠯᠬᠤ᠂ ᠲᠠᠷᠢᠶᠠᠨ ᠭᠠᠵᠠᠷ᠎ᠤᠨ ᠭᠦᠢ᠍ᠴᠡᠳᠭᠡᠯ ᠲᠤᠭ᠎ᠠ ᠵᠢᠨ ᠲᠣᠬᠢᠷᠠᠭᠤᠯᠤᠯᠲᠠ ᠵᠢ ᠴᠢᠩᠭ᠎ᠠ ᠨᠥᠬᠦᠪᠥᠷᠢᠯᠡᠬᠦ᠂ ᠬᠢᠨᠠᠯᠲᠠ ᠲᠠᠯᠪᠢᠵᠤ ᠬᠠᠮᠢᠶᠠᠷᠴᠤ ᠬᠠᠮᠠᠭ᠋ᠠᠯᠠᠬᠤ ᠵᠢ ᠴᠢᠩᠭ᠋ᠠᠳᠬᠠᠬᠤ ᠵᠢᠴᠢ ᠲᠥᠷᠥ ᠵᠢᠨ ᠪᠣᠳᠣᠯᠭ᠎ᠠ ᠵᠢᠨ ᠵᠣᠯᠭ᠋ᠠᠯᠴᠠᠭ᠎ᠠ ᠵᠢ ᠴᠢᠩᠭ᠋ᠠᠳᠬᠠᠬᠤ ᠵᠡᠷᠭᠡ ᠪᠠᠭᠲᠠᠨ᠎ᠠ᠃
ᠨᠢᠭᠡ᠎ᠳᠤ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠬᠠᠮᠢᠶᠠᠷᠤᠯᠲᠠ ᠵᠢᠨ ᠠᠷᠭ᠎ᠠ ᠮᠠᠶᠢᠭ᠎ᠲᠤ ᠥᠭᠡᠷᠡᠴᠢᠯᠡᠯᠲᠡ ᠬᠢᠪᠡ᠃ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠬᠠᠮᠢᠶᠠᠷᠤᠯᠲᠠ ᠵᠢᠨ ᠬᠡᠪᠴᠢᠶ᠎ᠡ᠂ ᠲᠠᠷᠢᠶᠠᠨ ᠭᠠᠵᠠᠷ᠎ᠤᠨ ᠢᠷᠡᠯᠲᠡ ᠵᠢ ᠨᠥᠬᠦᠪᠥᠷᠢᠯᠡᠬᠦ ᠪᠠ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠡᠯ᠎ᠡ ᠲᠥᠷᠥᠯ᠎ᠤᠨ ᠦᠢ᠍ᠯᠡ ᠠᠵᠢᠯᠯᠠᠭ᠎ᠠ᠎ᠳᠤ ᠲᠠᠷᠢᠶᠠᠨ ᠭᠠᠵᠠᠷ᠎ᠤᠨ ᠭᠤᠤᠯ ᠴᠣᠭᠴᠠ ᠵᠢ ᠨᠥᠬᠦᠪᠥᠷᠢᠯᠡᠬᠦ ᠬᠠᠷᠢᠭᠤᠴᠠᠯᠭ᠎ᠠ ᠵᠢ ᠲᠣᠳᠣᠷᠬᠠᠶ᠋ᠢᠯᠠᠪᠠ᠃ ᠥᠭᠡᠷᠡᠴᠢᠯᠡᠯᠲᠡ ᠬᠢᠭᠰᠡᠨ᠎ᠤ ᠳᠠᠷᠠᠭ᠎ᠠ᠂ ᠲᠠᠷᠢᠶᠠᠯᠠᠩ᠎ᠤᠨ ᠪᠤᠰᠤ ᠪᠦᠲᠦᠭᠡᠨ ᠪᠠᠶ᠋ᠢᠭᠤᠯᠤᠯᠲᠠ᠂ ᠲᠠᠷᠢᠶᠠᠯᠠᠩ᠎ᠤᠨ ᠪᠦᠲᠦᠴᠡ ᠵᠢᠨ ᠲᠣᠬᠢᠷᠠᠭᠤᠯᠤᠯᠲᠠ᠂ ᠣᠶ᠋ᠢᠵᠢᠭᠤᠯᠵᠤ ᠡᠪᠡᠰᠦ ᠲᠠᠷᠢᠬᠤ ᠵᠡᠷᠭᠡ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠡᠯ᠎ᠡ ᠲᠥᠷᠥᠯ᠎ᠤᠨ ᠦᠢ᠍ᠯᠡ ᠠᠵᠢᠯᠯᠠᠭ᠎ᠠ ᠵᠢ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠬᠠᠮᠢᠶᠠᠷᠤᠯᠲᠠ᠎ᠳᠤ ᠨᠢᠭᠡᠳᠦᠯᠲᠡᠶ ᠣᠷᠣᠭᠤᠯᠤᠨ᠎ᠠ᠃ ᠲᠠᠷᠢᠶᠠᠨ ᠭᠠᠵᠠᠷ᠎ᠢ ᠨᠥᠬᠦᠪᠥᠷᠢᠯᠡᠨ ᠴᠢᠨᠠᠷ ᠰᠠᠶ᠋ᠢᠲᠠᠶ ᠲᠠᠷᠢᠶᠠᠨ ᠭᠠᠵᠠᠷ᠎ᠢ ᠰᠡᠷᠭᠦᠭᠡᠬᠦ᠎ᠪᠠᠷ ᠭᠤᠤᠯ ᠪᠣᠯᠭ᠋ᠠᠬᠤ᠂ ᠰᠢᠨ᠎ᠡ᠎ᠪᠠᠷ ᠬᠠᠭ᠋ᠠᠯᠪᠤᠷᠢᠯᠠᠭᠰᠠᠨ ᠲᠠᠷᠢᠶᠠᠨ ᠭᠠᠵᠠᠷ ᠵᠶ᠋ᠠᠷ ᠬᠠᠪᠰᠤᠷᠤᠮᠵᠢ ᠪᠣᠯᠭ᠋ᠠᠬᠤ ᠵᠠᠷᠴᠢᠮ᠎ᠢ ᠪᠠᠷᠢᠮᠲᠠᠯᠠᠵᠤ᠂ ᠤᠯᠤᠰ᠎ᠤᠨ ᠭᠠᠵᠠᠷ ᠰᠢᠷᠣᠶ ᠵᠢᠨ ᠪᠠᠶ᠋ᠢᠴᠠᠭ᠋ᠠᠯᠲᠠ ᠵᠢᠨ ᠦᠷ᠎ᠡ ᠪᠦᠲᠦᠭᠡᠯ᠎ᠤᠨ ᠳᠣᠲᠣᠷᠠᠬᠢ ᠡᠯ᠎ᠡ ᠲᠥᠷᠥᠯ᠎ᠤᠨ ᠲᠠᠷᠢᠶᠠᠨ ᠭᠠᠵᠠᠷ᠎ᠤᠨ ᠪᠤᠰᠤ ᠭᠠᠵᠠᠷ᠎ᠤᠨ ᠲᠥᠷᠥᠯ᠎ᠢ ᠨᠥᠬᠦᠪᠥᠷᠢᠯᠡᠵᠦ᠂ ᠲᠠᠷᠢᠶᠠᠨ ᠭᠠᠵᠠᠷ᠎ᠢ ᠲᠣᠭᠲᠠᠭᠤᠨ ᠪᠣᠯᠭ᠋ᠠᠭᠰᠠᠨ᠎ᠤ ᠳᠠᠷᠠᠭ᠎ᠠ ᠴᠥᠮ ᠲᠠᠷᠢᠶᠠᠨ ᠭᠠᠵᠠᠷ᠎ᠤᠨ ᠢᠷᠡᠯᠲᠡ ᠵᠢ ᠨᠥᠬᠦᠪᠥᠷᠢᠯᠡᠵᠦ ᠪᠣᠯᠤᠨ᠎ᠠ᠃
ᠬᠤᠶᠠᠷ᠎ᠲᠤ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠨᠠᠶ᠋ᠢᠳᠠᠪᠤᠷᠢᠵᠢᠭᠤᠯᠬᠤ ᠲᠣᠭᠲᠠᠴᠠ ᠵᠢ ᠲᠡᠭᠦᠯᠳᠡᠷᠵᠢᠭᠦᠯᠪᠡ᠃ ᠨᠥᠬᠦᠵᠦ ᠡᠵᠡᠯᠡᠬᠦ ᠪᠠ ᠬᠢᠵᠠᠭ᠋ᠠᠷᠯᠠᠬᠤ ᠵᠢ ᠴᠢᠩᠭ᠋ᠠᠷᠠᠭᠤᠯᠤᠨ᠂ ᠳᠠᠷᠠᠭ᠎ᠠ ᠵᠢᠯ᠎ᠤᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠬᠡᠪᠴᠢᠶ᠎ᠡ ᠵᠢ ᠣᠳᠣᠬᠢ ᠪᠠᠶ᠋ᠢᠳᠠᠯ᠎ᠳᠠᠬᠢ ᠲᠠᠷᠢᠶᠠᠨ ᠭᠠᠵᠠᠷ᠎ᠤᠨ ᠴᠡᠪᠡᠷ ᠨᠡᠮᠡᠭᠳᠡᠯ᠎ᠢ ᠲᠣᠭᠲᠠᠭᠤᠨ ᠵᠶ᠋ᠠᠷ ᠠᠰᠢᠭᠯᠠᠬᠤᠯᠤᠭᠠ ᠬᠤᠯᠪᠣᠭᠳᠠᠭᠤᠯᠬᠤ ᠬᠢᠵᠠᠭ᠋ᠠᠷᠯᠠᠬᠤ ᠲᠣᠭᠲᠠᠴᠠ ᠵᠢ ᠪᠠᠶ᠋ᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠰᠢᠰᠲ᠋ᠧᠮ᠎ᠢ ᠡᠬᠢᠯᠡᠨ ᠬᠡᠷᠡᠭᠯᠡᠵᠦ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠮᠡᠳᠡᠭᠡ ᠵᠠᠩᠭᠢ ᠵᠢᠨ ᠬᠢᠨᠠᠯᠲᠠ ᠬᠠᠮᠢᠶᠠᠷᠤᠯᠲᠠ ᠵᠢ ᠪᠥᠬᠦ ᠲᠠᠯ᠎ᠠ᠎ᠪᠠᠷ ᠬᠡᠷᠡᠭᠵᠢᠭᠦᠯᠵᠦ᠂ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ᠂ ᠨᠥᠬᠦᠪᠦᠷᠢᠯᠡᠬᠦ ᠪᠠᠶ᠋ᠢᠳᠠᠯ᠎ᠢ ᠬᠥᠳᠡᠯᠦᠩᠭᠦᠶ᠎ᠪᠠᠷ ᠡᠵᠡᠮᠰᠢᠵᠦ᠂ ᠣᠨ᠎ᠤ ᠲᠠᠷᠢᠶᠠᠨ ᠭᠠᠵᠠᠷ᠎ᠤᠨ ᠶᠡᠷᠦᠩᠬᠡᠶ ᠬᠡᠮᠵᠢᠶ᠎ᠡ ᠵᠢ ᠬᠥᠳᠡᠯᠦᠩᠭᠦᠶ᠎ᠪᠠᠷ ᠲᠡᠩᠴᠡᠭᠦᠷᠢᠰᠢᠭᠦᠯᠬᠦ᠂ ᠶᠠᠰᠤ ᠴᠢᠨᠠᠷ᠎ᠢ ᠪᠠᠭᠤᠷᠠᠭᠤᠯᠬᠤ ᠥᠬᠡᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
ᠭᠤᠷᠪᠠ᠎ᠳᠤ᠂ ᠲᠠᠷᠢᠶᠠᠨ ᠭᠠᠵᠠᠷ᠎ᠢ ᠨᠥᠬᠦᠪᠦᠷᠢᠯᠡᠬᠦ ᠭᠦᠢ᠍ᠴᠡᠳᠬᠡᠯ ᠲᠤᠭ᠎ᠠ ᠵᠢᠨ ᠬᠥᠮᠥᠷᠭᠡ᠎ᠳᠤ ᠣᠷᠣᠭᠤᠯᠬᠤ ᠲᠠᠰ ᠳᠠᠷᠠᠭ᠋ᠠᠯᠠᠯ᠎ᠢ ᠵᠢᠷᠤᠮᠵᠢᠭᠤᠯᠪᠠ᠃ ᠡᠯ᠎ᠡ ᠭᠠᠵᠠᠷ ᠣᠷᠣᠨ᠎ᠤ ᠲᠣᠭᠲᠠᠭᠤᠨ ᠲᠠᠷᠢᠶᠠᠨ ᠭᠠᠵᠠᠷ᠎ᠤᠨ ᠴᠡᠪᠡᠷ ᠨᠡᠮᠡᠭᠳᠡᠯ᠎ᠤᠨ ᠬᠡᠮᠵᠢᠶ᠎ᠡ ᠵᠢ ᠨᠥᠬᠦᠪᠥᠷᠢᠯᠡᠵᠦ ᠲᠠᠷᠢᠶᠠᠨ ᠭᠠᠵᠠᠷ᠎ᠤᠨ ᠨᠥᠭᠡᠴᠡ ᠵᠢᠨ ᠬᠥᠮᠥᠷᠭᠡ ᠵᠢᠨ ᠬᠥᠮᠥᠷᠭᠡ᠎ᠳᠤ ᠣᠷᠣᠭᠤᠯᠬᠤ ᠳᠡᠭᠡᠳᠦ ᠬᠢᠵᠠᠭ᠋ᠠᠷ ᠪᠣᠯᠭ᠋ᠠᠬᠤ ᠵᠢ ᠲᠣᠳᠣᠷᠬᠠᠶ᠋ᠢᠯᠠᠵᠤ᠂ ᠪᠦᠯᠦᠭ ᠤᠳᠠᠭ᠎ᠠ ᠬᠤᠪᠢᠶᠠᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠬᠥᠳᠡᠯᠦᠩᠭᠦᠶ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠳᠤ ᠮᠡᠳᠡᠭᠦᠯᠦᠨ ᠳᠠᠩᠰᠠᠯᠠᠭᠤᠯᠵᠤ ᠬᠢᠨᠠᠨ ᠬᠠᠷᠭᠤᠭᠤᠯᠵᠤ ᠬᠥᠮᠥᠷᠭᠡ᠎ᠳᠤ ᠣᠷᠣᠭᠤᠯᠬᠤ ᠵᠢ ᠲᠣᠳᠣᠷᠬᠠᠶ᠋ᠢᠯᠠᠪᠠ᠃ ᠡᠭᠦᠨ᠎ᠳᠤ᠂ ᠲᠠᠷᠢᠶᠠᠯᠠᠩ᠎ᠤᠨ ᠪᠤᠰᠤ ᠪᠦᠲᠦᠭᠡᠨ ᠪᠠᠶ᠋ᠢᠭᠤᠯᠤᠯᠲᠠ ᠵᠢᠨ ᠡᠵᠡᠯᠡᠨ ᠬᠡᠷᠡᠭᠯᠡᠬᠦ ᠶᠠᠪᠤᠳᠠᠯ᠎ᠳᠤ ᠨᠡᠩ ᠥᠨᠳᠥᠷ ᠱᠠᠭ᠋ᠠᠷᠳᠠᠯᠭ᠎ᠠ ᠳᠤᠷᠠᠳᠴᠤ᠂ ᠤᠤᠭ᠋ᠠᠯ ᠰᠠᠶ᠋ᠢᠨ᠂ ᠲᠥᠪᠯᠡᠷᠡᠨ ᠵᠠᠯᠭ᠋ᠠᠯᠳᠤᠭᠰᠠᠨ᠂ ᠲᠠᠷᠢᠶᠠᠨ ᠭᠠᠵᠠᠷ᠎ᠤᠨ ᠶᠠᠰᠤ ᠴᠢᠨᠠᠷ᠎ᠨᠢ ᠱᠠᠭ᠋ᠠᠷᠳᠠᠯᠭ᠎ᠠ᠎ᠳᠤ ᠬᠦᠷᠦᠭᠰᠡᠨ ᠤᠰᠤᠯᠠᠯᠲᠠ ᠵᠢᠨ ᠭᠠᠵᠠᠷ ᠪᠤᠶᠤ ᠤᠰᠤᠨ ᠲᠠᠷᠢᠶ᠎ᠠ ᠵᠢ ᠲᠠᠷᠢᠶᠠᠯᠠᠩ᠎ᠤᠨ ᠪᠤᠰᠤ ᠪᠦᠲᠦᠭᠡᠨ ᠪᠠᠶ᠋ᠢᠭᠤᠯᠤᠯᠲᠠ ᠵᠢᠨ ᠨᠥᠬᠥᠪᠥᠷᠢᠯᠡᠭᠰᠡᠨ ᠲᠠᠷᠢᠶᠠᠨ ᠭᠠᠵᠠᠷ᠎ᠤᠨ ᠨᠥᠭᠡᠴᠡ ᠵᠢᠨ ᠬᠥᠮᠥᠷᠭᠡ᠎ᠳᠤ ᠣᠷᠣᠭᠤᠯᠵᠤ᠂ ᠲᠠᠷᠢᠶᠠᠯᠠᠩ᠎ᠤᠨ ᠪᠤᠰᠤ ᠪᠦᠲᠦᠭᠡᠨ ᠪᠠᠶ᠋ᠢᠭᠤᠯᠤᠯᠲᠠ ᠵᠢᠨ ᠡᠵᠡᠯᠡᠨ ᠬᠡᠷᠡᠭᠯᠡᠬᠦ᠎ᠳᠤ ᠬᠡᠷᠡᠭᠯᠡᠵᠦ ᠪᠣᠯᠤᠨ᠎ᠠ᠃ ᠡᠯ᠎ᠡ ᠲᠥᠷᠥᠯ᠎ᠤᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠠᠵᠢᠯᠯᠠᠭ᠎ᠠ ᠵᠢ ᠥᠪᠡᠷᠲᠡᠭᠡᠨ ᠵᠠᠰᠠᠬᠤ ᠣᠷᠣᠨ᠎ᠠᠴᠠ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠬᠥᠳᠡᠯᠦᠩᠭᠦᠶ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠳᠤ ᠬᠢᠨᠠᠨ ᠬᠦᠴᠦᠨ ᠥᠬᠡᠶ ᠪᠣᠯᠭ᠋ᠠᠨ᠎ᠠ ᠭᠡᠵᠦ ᠲᠣᠭᠲᠠᠭ᠋ᠠᠵᠠᠶ᠃
ᠳᠥᠷᠪᠡ᠎ᠳᠤ᠂ ᠲᠠᠷᠢᠶᠠᠨ ᠭᠠᠵᠠᠷ᠎ᠢ ᠨᠥᠬᠦᠪᠥᠷᠢᠯᠡᠬᠦ ᠭᠦᠢ᠍ᠴᠡᠳᠬᠡᠯ ᠲᠤᠭ᠎ᠠ ᠵᠢ ᠲᠣᠬᠢᠷᠠᠭᠤᠯᠬᠤ ᠵᠢ ᠴᠢᠭᠳᠡᠯᠡᠪᠡ᠃ ᠲᠠᠷᠢᠶᠠᠨ ᠭᠠᠵᠠᠷ᠎ᠢ ᠨᠥᠬᠦᠪᠦᠷᠢᠯᠡᠬᠦ ᠭᠦᠢ᠍ᠴᠡᠳᠬᠡᠯ ᠲᠤᠭ᠎ᠠ ᠵᠢ ᠲᠣᠬᠢᠷᠠᠭᠤᠯᠬᠤ ᠵᠠᠷᠴᠢᠮ᠂ ᠭᠦᠢ᠍ᠴᠡᠳᠬᠡᠯ ᠲᠤᠭ᠎ᠠ ᠵᠢ ᠲᠣᠬᠢᠷᠠᠭᠤᠯᠤᠨ ᠬᠠᠮᠢᠶᠠᠷᠬᠤ ᠪᠠ ᠭᠦᠢ᠍ᠴᠡᠳᠬᠡᠯ ᠲᠤᠭ᠎ᠠ ᠵᠢ ᠲᠣᠬᠢᠷᠠᠭᠤᠯᠬᠤ ᠳᠡᠰ ᠳᠠᠷᠠᠭ᠋ᠠᠯᠠᠯ᠎ᠳᠤ ᠴᠢᠭᠯᠡᠭᠦᠯᠦᠨ ᠲᠣᠳᠣᠷᠬᠠᠢ ᠲᠣᠭᠲᠠᠭ᠋ᠠᠯ ᠭᠠᠷᠭ᠋ᠠᠪᠠ᠃ ᠨᠥᠬᠦᠪᠥᠷᠢ ᠲᠠᠷᠢᠶᠠᠨ ᠭᠠᠵᠠᠷ᠎ᠤᠨ ᠭᠦᠢ᠍ᠴᠡᠳᠬᠡᠯ ᠲᠤᠭ᠎ᠠ ᠵᠢ ᠲᠣᠬᠢᠷᠠᠭᠤᠯᠬᠤ᠎ᠳᠠᠭᠠᠨ ᠬᠤᠰᠢᠭᠤ ᠰᠢᠶᠠᠨ (ᠬᠤᠲᠠ᠂ ᠲᠣᠭᠤᠷᠢᠭ) ᠠᠯᠤᠰᠯᠠᠭᠰᠠᠨ ᠵᠶ᠋ᠠᠷ ᠭᠤᠤᠯ ᠪᠣᠯᠭ᠋ᠠᠬᠤ᠂ ᠥᠪᠡᠷᠲᠡᠭᠡᠨ ᠵᠠᠰᠠᠬᠤ ᠣᠷᠣᠨ᠎ᠠᠴᠠ ᠲᠣᠬᠢᠷᠠᠭᠤᠯᠬᠤ᠎ᠪᠠᠷ ᠬᠠᠪᠰᠤᠷᠤᠮᠵᠢ ᠪᠣᠯᠭ᠋ᠠᠭᠰᠠᠨ ᠨᠥᠬᠦᠪᠥᠷᠢ ᠲᠠᠷᠢᠶᠠᠨ ᠭᠠᠵᠠᠷ᠎ᠢ ᠨᠠᠶ᠋ᠢᠳᠠᠪᠤᠷᠢᠵᠢᠭᠤᠯᠬᠤ ᠵᠠᠷᠴᠢᠮ᠎ᠢ ᠪᠠᠷᠢᠮᠲᠠᠯᠠᠬᠤ ᠵᠢᠨ ᠬᠠᠮᠲᠤ ᠲᠠᠷᠢᠶᠠᠨ ᠭᠠᠵᠠᠷ᠎ᠤᠨ ᠡᠬᠢ ᠪᠠᠶᠠᠯᠢᠭ᠎ᠢ ᠨᠥᠬᠦᠪᠦᠷᠢᠯᠡᠬᠦ ᠲᠠᠯ᠎ᠠ᠎ᠪᠠᠷ ᠬᠦᠷᠦᠯᠴᠡᠬᠦ ᠦᠭᠡᠢ ᠪᠠᠶ᠋ᠢᠬᠤ ᠵᠢ ᠲᠣᠳᠣᠷᠬᠠᠶ᠋ᠢᠯᠠᠵᠤ᠂ ᠦᠨᠡᠨ ᠬᠦ᠌ ᠬᠤᠰᠢᠭᠤ ᠰᠢᠶᠠᠨ (ᠬᠤᠲᠠ᠂ ᠲᠣᠭᠤᠷᠢᠭ) ᠠᠯᠤᠰᠯᠠᠭᠰᠠᠨ᠂ ᠠᠶ᠋ᠢᠮᠠᠭ ᠬᠤᠲᠠ ᠠᠯᠤᠰᠯᠠᠨ ᠲᠣᠬᠢᠷᠠᠭᠤᠯᠵᠤ ᠨᠥᠬᠦᠪᠥᠷᠢᠯᠡᠬᠦ ᠲᠥᠷᠥᠯ ᠵᠦᠢ᠍ᠯ᠎ᠤᠨ ᠵᠡᠷᠭᠡ ᠳᠡᠰ᠎ᠢ ᠲᠣᠳᠣᠷᠬᠠᠶ᠋ᠢᠯᠠᠪᠠ᠃ ᠲᠠᠷᠢᠶᠠᠨ ᠭᠠᠵᠠᠷ᠎ᠢ ᠨᠥᠬᠦᠪᠦᠷᠢᠯᠡᠬᠦ ᠭᠦᠢ᠍ᠴᠡᠳᠬᠡᠯ ᠲᠤᠭ᠎ᠠ ᠵᠢ ᠲᠣᠬᠢᠷᠠᠭᠤᠯᠬᠤ ᠵᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠦᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠬᠥᠳᠡᠯᠦᠩᠭᠦᠶ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠳᠤ ᠨᠢᠭᠡᠳᠦᠯᠲᠡᠶ ᠣᠷᠣᠭᠤᠯᠤᠨ ᠬᠠᠮᠢᠶᠠᠷᠬᠤ ᠵᠢ ᠴᠢᠬᠤᠯᠠᠴᠢᠯᠠᠵᠤ᠂ ᠢᠯᠡ ᠲᠣᠳᠣ ᠵᠢᠷᠤᠮᠵᠢᠭᠤᠯᠤᠨ ᠲᠣᠬᠢᠷᠠᠭᠤᠯᠬᠤ ᠵᠢ ᠬᠡᠷᠡᠭᠵᠢᠭᠦᠯᠦᠨ᠂ ᠲᠠᠷᠢᠶᠠᠨ ᠭᠠᠵᠠᠷ᠎ᠤᠨ ᠭᠦᠢ᠍ᠴᠡᠳᠬᠡᠯ ᠲᠤᠭ᠎ᠠ ᠵᠢ ᠨᠥᠬᠦᠪᠦᠷᠢᠯᠡᠬᠦ ᠭᠤᠣᠯ ᠴᠣᠭᠴᠠ ᠵᠢ ᠡᠷᠬᠡᠪᠰᠢ ᠬᠤᠰᠢᠭᠤ ᠰᠢᠶᠠᠨ (ᠬᠤᠲᠠ᠂ ᠲᠣᠭᠤᠷᠢᠭ)᠎ᠤ ᠠᠷᠠᠳ᠎ᠤᠨ ᠵᠠᠰᠠᠭ᠎ᠤᠨ ᠣᠷᠳᠣᠨ ᠪᠣᠯᠭ᠋ᠠᠬᠤ ᠬᠡᠷᠡᠭᠲᠡᠶ᠃
ᠲᠠᠪᠤ᠎ᠳᠤ᠂ ᠬᠢᠨᠠᠯᠲᠠ ᠲᠠᠯᠪᠢᠵᠤ ᠬᠠᠮᠢᠶᠠᠷᠴᠤ ᠬᠠᠮᠠᠭ᠋ᠠᠯᠠᠬᠤ ᠵᠢᠴᠢ ᠲᠥᠷᠥ ᠵᠢᠨ ᠪᠣᠳᠣᠯᠭ᠎ᠠ ᠵᠢ ᠵᠣᠯᠭ᠋ᠠᠭᠤᠯᠬᠤ ᠵᠢ ᠴᠢᠩᠭ᠋ᠠᠳᠬᠠᠪᠠ᠃ ᠡᠯ᠎ᠡ ᠭᠠᠵᠠᠷ᠎ᠤᠨ᠎ᠬᠢᠨ ᠨᠥᠬᠦᠪᠥᠷᠢ ᠲᠠᠷᠢᠶᠠᠨ ᠭᠠᠵᠠᠷ᠎ᠤᠨ ᠶᠠᠰᠤ ᠴᠢᠨᠠᠷ᠎ᠢ ᠰᠢᠯᠭ᠋ᠠᠨ ᠠᠪᠬᠤ᠂ ᠳᠠᠬᠢᠨ ᠦᠨᠡᠯᠡᠬᠦ ᠵᠡᠷᠭᠡ ᠶᠠᠰᠤ ᠴᠢᠨᠠᠷ᠎ᠤᠨ ᠬᠠᠮᠢᠶᠠᠷᠤᠯᠲᠠ᠂ ᠪᠥᠲᠥᠭᠡᠨ ᠪᠠᠶ᠋ᠢᠭᠤᠯᠤᠯᠲᠠ ᠪᠠ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠴᠤ ᠬᠠᠮᠠᠭ᠋ᠠᠯᠠᠬᠤ ᠪᠠᠯᠠ ᠮᠥᠩᠭᠦ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠪᠠᠲᠤᠯᠠᠵᠤ᠂ ᠲᠠᠷᠢᠶᠠᠨ ᠭᠠᠵᠠᠷ᠎ᠤᠨ ᠠᠰᠢᠭᠯᠠᠯᠲᠠ ᠵᠢᠨ ᠪᠠᠶ᠋ᠢᠳᠠᠯ᠎ᠢ ᠦᠷᠭᠦᠯᠵᠢᠯᠡᠨ ᠬᠢᠨᠠᠨ ᠬᠡᠮᠵᠢᠵᠦ᠂ ᠲᠠᠷᠢᠶᠠᠨ ᠭᠠᠵᠠᠷ᠎ᠤᠨ ᠬᠡᠷᠡᠭᠴᠡᠭᠡ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠨᠥᠬᠦᠪᠥᠷᠢ ᠲᠠᠷᠢᠶᠠᠨ ᠭᠠᠵᠠᠷ᠎ᠤᠨ ᠣᠷᠳᠣ ᠬᠤᠭᠤᠴᠠᠭ᠎ᠠ᠎ᠪᠠᠷ ᠲᠣᠭᠲᠠᠭᠤᠨ ᠵᠶ᠋ᠠᠷ ᠠᠰᠢᠭᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠡᠭᠦᠨ᠎ᠤ ᠬᠠᠮᠲᠤ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠰᠢᠨ᠎ᠡ ᠬᠠᠮᠢᠶᠠᠷᠤᠯᠲᠠ ᠵᠢᠨ ᠠᠷᠭ᠎ᠠ ᠮᠠᠶᠢᠭ᠎ᠢ ᠬᠡᠷᠡᠭᠵᠢᠭᠦᠯᠦᠭᠰᠡᠨ᠎ᠤ ᠳᠠᠷᠠᠭ᠎ᠠ᠂ ᠲᠠᠷᠢᠶᠠᠨ ᠭᠠᠵᠠᠷ᠎ᠢ ᠨᠥᠬᠦᠪᠥᠷᠢᠯᠡᠬᠦ ᠭᠦᠢ᠍ᠴᠡᠳᠭᠡᠯ ᠲᠤᠭ᠎ᠠ ᠵᠢ ᠳ᠋ᠦᠩᠨᠡᠨ ᠬᠤᠪᠢᠷᠠᠭᠤᠯᠬᠤ ᠪᠠ ᠲᠠᠷᠢᠶᠠᠨ ᠭᠠᠵᠠᠷ᠎ᠢ ᠨᠥᠬᠦᠪᠥᠷᠢᠯᠡᠬᠦ ᠲᠥᠷᠥ ᠵᠢᠨ ᠪᠣᠳᠣᠯᠭ᠎ᠠ ᠵᠢᠨ ᠵᠣᠯᠭ᠋ᠠᠯᠴᠠᠭ᠎ᠠ ᠵᠢ ᠰᠠᠶ᠋ᠢᠲᠤᠷ ᠬᠢᠵᠦ᠂ ᠥᠭᠡᠷᠡᠴᠢᠯᠡᠯᠲᠡ ᠵᠢᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠵᠢ ᠦᠨᠡᠨ ᠬᠦ᠌ ᠪᠠᠲᠤᠯᠠᠪᠠ᠃
ᠭᠤᠷᠪᠠ᠂ ᠥᠭᠡᠷᠡᠴᠢᠯᠡᠯᠲᠡ ᠬᠢᠭᠰᠡᠨ᠎ᠤ ᠳᠠᠷᠠᠭ᠋ᠠᠬᠢ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠠᠵᠢᠯ᠎ᠤᠨ ᠲᠤᠬᠠᠶ ᠬᠡᠳᠦᠨ ᠲᠠᠯ᠎ᠠ ᠵᠢᠨ ᠲᠠᠨᠢᠯᠲᠠ
ᠨᠢᠭᠡ᠎ᠳᠤ᠂ ᠲᠠᠷᠢᠶᠠᠨ ᠭᠠᠵᠠᠷ᠎ᠤᠨ ᠶᠡᠷᠦᠩᠬᠡᠶ ᠬᠡᠮᠵᠢᠶ᠎ᠡ ᠵᠢᠨ 《ᠬᠥᠳᠡᠯᠦᠩᠭᠦᠶ ᠲᠡᠩᠴᠡᠭᠦᠷᠢᠲᠡᠶ ᠪᠠᠶ᠋ᠢᠬᠤ》 ᠵᠢ ᠳᠣᠪᠤᠶ᠋ᠢᠯᠭ᠋ᠠᠪᠠ᠃ 《ᠮᠡᠳᠡᠭᠳᠡᠯ》᠎ᠳᠤ ᠲᠠᠷᠢᠶᠠᠨ ᠭᠠᠵᠠᠷ᠎ᠢ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠪᠣᠯᠭ᠋ᠠᠨ ᠬᠤᠪᠢᠷᠠᠭᠤᠯᠬᠤ᠎ᠳᠤ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠵᠢ ᠨᠠᠶ᠋ᠢᠳᠠᠪᠤᠷᠢᠵᠢᠭᠤᠯᠬᠤ᠂ ᠲᠠᠷᠢᠶᠠᠨ ᠭᠠᠵᠠᠷ᠎ᠢ ᠪᠤᠰᠤᠳ ᠲᠠᠷᠢᠶᠠᠯᠠᠩ᠎ᠳᠤ ᠬᠡᠷᠡᠭᠯᠡᠬᠦ ᠭᠠᠵᠠᠷ ᠪᠣᠯᠭ᠋ᠠᠨ ᠬᠤᠪᠢᠷᠠᠭᠤᠯᠬᠤ ᠵᠢ ᠨᠠᠶ᠋ᠢᠳᠠᠪᠤᠷᠢᠵᠢᠭᠤᠯᠬᠤ ᠬᠠᠮᠢᠶᠠᠷᠤᠯᠲᠠ ᠵᠢᠨ ᠲᠣᠭᠲᠠᠴᠠ ᠵᠢ ᠰᠠᠶ᠋ᠢᠵᠢᠷᠠᠭᠤᠯᠵᠤ᠂ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠵᠢ ᠴᠢᠩᠭ᠎ᠠ ᠬᠠᠮᠢᠶᠠᠷᠤᠨ ᠡᠵᠡᠮᠳᠡᠵᠦ᠂ ᠲᠠᠷᠢᠶᠠᠨ ᠭᠠᠵᠠᠷ᠎ᠢ ᠭᠦᠢ᠍ᠴᠡᠳ ᠨᠥᠬᠦᠪᠥᠷᠢᠯᠡᠵᠦ ᠰᠢᠯᠢᠳᠡᠭ᠎ᠢ᠎ᠨᠢ ᠨᠥᠬᠦᠪᠥᠷᠢᠯᠡᠵᠦ᠂ ᠡᠯ᠎ᠡ ᠲᠥᠷᠥᠯ᠎ᠤᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠦᠢ᠍ᠯᠡ ᠠᠵᠢᠯᠯᠠᠭ᠎ᠠ᠎ᠠᠴᠠ ᠪᠣᠯᠵᠣ ᠲᠠᠷᠢᠶᠠᠨ ᠭᠠᠵᠠᠷ᠎ᠢ ᠪᠠᠭ᠋ᠠᠰᠬᠠᠭᠰᠠᠨ ᠪᠠᠶ᠋ᠢᠪᠠᠯ᠂ ᠴᠥᠮ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ᠎ᠤᠨ ᠲᠤᠭ᠎ᠠ ᠬᠡᠮᠵᠢᠶ᠎ᠡ᠎ᠲᠠᠢ ᠲᠡᠩᠴᠡᠭᠦᠦ ᠪᠠ ᠶᠠᠰᠤ ᠴᠢᠨᠠᠷ ᠵᠶ᠋ᠠᠷ ᠲᠡᠩᠴᠡᠭᠦᠦ ᠲᠠᠷᠢᠶᠠᠨ ᠭᠠᠵᠠᠷ᠎ᠢ ᠨᠥᠬᠦᠪᠥᠷᠢᠯᠡᠵᠦ᠂ ᠣᠨ᠎ᠤ ᠲᠠᠷᠢᠶᠠᠨ ᠭᠠᠵᠠᠷ᠎ᠤᠨ ᠶᠡᠷᠦᠩᠬᠡᠶ ᠬᠡᠮᠵᠢᠶᠡᠨ᠎ᠤ ᠬᠥᠳᠡᠯᠦᠩᠭᠦᠶ ᠲᠡᠩᠴᠡᠭᠦᠷᠢᠲᠡᠶ ᠪᠠᠶ᠋ᠢᠬᠤ ᠵᠢ ᠦᠨᠡᠨ ᠬᠦ᠌ ᠪᠠᠲᠤᠯᠠᠵᠤ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠴᠢᠩᠭ᠎ᠠ ᠰᠠᠬᠢᠬᠤ ᠬᠡᠷᠡᠭᠲᠡᠶ ᠭᠡᠵᠦ ᠳᠤᠷᠠᠳᠤᠨ ᠭᠠᠷᠭ᠋ᠠᠪᠠ᠃
ᠬᠤᠶᠠᠷ᠎ᠲᠤ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ 《ᠲᠤᠭ᠎ᠠ ᠬᠡᠮᠵᠢᠶ᠎ᠡ ᠶᠠᠰᠤ ᠴᠢᠨᠠᠷ᠎ᠢ ᠵᠡᠷᠭᠡ᠎ᠪᠠᠷ ᠴᠢᠬᠤᠯᠠᠴᠢᠯᠠᠬᠤ》 ᠵᠢ ᠳᠣᠪᠤᠶ᠋ᠢᠯᠭ᠋ᠠᠪᠠ᠃ 《ᠮᠡᠳᠡᠭᠳᠡᠯ》᠎ᠳᠤ ᠲᠠᠷᠢᠶᠠᠨ ᠭᠠᠵᠠᠷ᠎ᠤᠨ ᠶᠠᠰᠤ ᠴᠢᠨᠠᠷ᠎ᠤᠨ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠵᠤ᠂ ᠡᠯ᠎ᠡ ᠱᠠᠲᠤᠨ᠎ᠤ ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠮᠥᠴᠢᠷ᠎ᠤᠳ ᠠᠳᠠᠯᠢ ᠱᠠᠲᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠲᠠᠷᠢᠶᠠᠨ ᠭᠠᠵᠠᠷ᠎ᠢ ᠨᠥᠬᠦᠪᠥᠷᠢᠯᠡᠬᠦ ᠶᠠᠰᠤ ᠴᠢᠨᠠᠷ᠎ᠤᠨ ᠦᠨᠡᠯᠡᠯᠲᠡ ᠵᠢᠨ ᠬᠤᠯᠪᠣᠭ᠋ᠠᠯᠠᠨ ᠰᠢᠯᠭ᠋ᠠᠨ ᠠᠪᠬᠤ ᠲᠣᠭᠲᠠᠴᠠ ᠵᠢ ᠪᠠᠶ᠋ᠢᠭᠤᠯᠵᠤ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠰᠢᠯᠭ᠋ᠠᠨ ᠠᠪᠬᠤ᠂ ᠪᠣᠷᠳᠣᠬᠤ ᠵᠢ ᠬᠠᠮᠢᠶᠠᠷᠤᠨ ᠬᠠᠮᠠᠭ᠋ᠠᠯᠠᠬᠤ ᠪᠠ ᠳᠠᠬᠢᠨ ᠦᠨᠡᠯᠡᠬᠦ ᠲᠦᠷᠢᠮ᠎ᠢ ᠪᠦᠷᠢᠨᠰᠢᠬᠦᠯᠵᠦ᠂ ᠬᠠᠲᠠᠭᠤ ᠬᠢᠵᠠᠭ᠋ᠠᠷᠯᠠᠯ᠎ᠢ ᠴᠢᠩᠭ᠋ᠠᠷᠠᠭᠤᠯᠬᠤ ᠬᠡᠷᠡᠭᠲᠡᠶ ᠭᠡᠵᠦ ᠱᠠᠭ᠋ᠠᠷᠳᠠᠪᠠ᠃ ᠲᠠᠷᠢᠶᠠᠯᠠᠩ᠎ᠤᠨ ᠪᠤᠰᠤ ᠪᠦᠲᠦᠭᠡᠨ ᠪᠠᠶ᠋ᠢᠭᠤᠯᠤᠯᠲᠠ ᠵᠢᠨ ᠨᠥᠬᠦᠪᠥᠷᠢ ᠲᠠᠷᠢᠶᠠᠨ ᠭᠠᠵᠠᠷ᠎ᠤᠨ ᠬᠠᠮᠢᠶᠠᠷᠤᠯᠲᠠ ᠵᠢ ᠴᠢᠩᠳᠠᠯᠠᠵᠤ᠂ ᠤᠰᠤ ᠰᠠᠶ᠋ᠢᠲᠠᠶ᠂ ᠲᠥᠪᠯᠡᠷᠡᠨ ᠵᠠᠯᠭ᠋ᠠᠯᠳᠤᠭᠰᠠᠨ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠱᠠᠭ᠋ᠠᠷᠳᠠᠯᠭ᠎ᠠ᠎ᠳᠤ ᠬᠦᠷᠦᠭᠰᠡᠨ ᠤᠰᠤᠯᠠᠯᠲᠠ ᠵᠢᠨ ᠭᠠᠵᠠᠷ ᠪᠤᠶᠤ ᠤᠰᠤᠨ ᠲᠠᠷᠢᠶ᠎ᠠ ᠵᠢ ᠲᠠᠷᠢᠶᠠᠯᠠᠩ᠎ᠤᠨ ᠪᠤᠰᠤ ᠪᠦᠲᠦᠭᠡᠨ ᠪᠠᠶ᠋ᠢᠭᠤᠯᠤᠯᠲᠠ ᠵᠢᠨ ᠨᠥᠬᠦᠪᠥᠷᠢ ᠲᠠᠷᠢᠶᠠᠨ ᠭᠠᠵᠠᠷ᠎ᠤᠨ ᠨᠥᠭᠡᠴᠡᠯᠡᠬᠦ ᠬᠥᠮᠥᠷᠭᠡ᠎ᠳᠤ ᠣᠷᠣᠭᠤᠯᠵᠤ᠂ ᠲᠠᠷᠢᠶᠠᠯᠠᠩ᠎ᠤᠨ ᠪᠤᠰᠤ ᠪᠦᠲᠦᠭᠡᠨ ᠪᠠᠶ᠋ᠢᠭᠤᠯᠤᠯᠲᠠ ᠵᠢᠨ ᠡᠵᠡᠯᠡᠨ ᠬᠡᠷᠡᠭᠯᠡᠬᠦ᠎ᠳᠤ ᠬᠡᠷᠡᠭᠯᠡᠵᠦ᠂ ᠲᠠᠷᠢᠶᠠᠨ ᠭᠠᠵᠠᠷ᠎ᠤᠨ ᠨᠥᠬᠦᠪᠥᠷᠢ ᠥᠭᠬᠦ ᠲᠤᠭ᠎ᠠ ᠬᠡᠮᠵᠢᠶ᠎ᠡ᠂ ᠶᠠᠰᠤ ᠴᠢᠨᠠᠷ᠎ᠤᠨ ᠬᠤᠣᠰ ᠪᠣᠳᠠᠲᠠᠶ᠋ᠢᠵᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃
ᠭᠤᠷᠪᠠ᠎ᠳᠤ᠂ ᠬᠠᠮᠢᠶᠠᠷᠤᠯᠲᠠ ᠵᠢᠨ ᠲᠣᠭᠲᠠᠴᠠ ᠨᠡᠩ 《ᠨᠢᠭᠲᠠ ᠴᠢᠩᠭ᠎ᠠ ᠵᠢᠷᠤᠮᠵᠢᠯ》᠎ᠲᠠᠢ ᠪᠣᠯᠪᠠ᠃ 《ᠮᠡᠳᠡᠭᠳᠡᠯ》᠎ᠨᠢ 《ᠡᠵᠡᠯᠡᠨ ᠬᠡᠷᠡᠭᠯᠡᠬᠦ ᠬᠡᠪᠴᠢᠶ᠎ᠡ ᠵᠢ ᠴᠢᠩᠭ᠎ᠠ ᠬᠢᠵᠠᠭ᠋ᠠᠷᠯᠠᠬᠤ》 ᠪᠠ 《ᠪᠦᠲᠦᠮᠵᠢᠲᠡᠶ ᠨᠥᠬᠦᠪᠥᠷᠢᠯᠡᠬᠦ ᠵᠢ ᠦᠨᠡᠨ ᠬᠦ᠌ ᠪᠠᠲᠤᠯᠠᠬᠤ》 ᠬᠤᠶᠠᠷ ᠲᠠᠯ᠎ᠠ ᠵᠢᠨ ᠲᠣᠭᠤᠷᠢᠨ᠎ᠳᠤ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠬᠠᠮᠢᠶᠠᠷᠤᠯᠲᠠ ᠵᠢᠨ ᠲᠣᠭᠲᠠᠴᠠ ᠵᠢ ᠴᠢᠩᠭ᠎ᠠ ᠵᠢᠷᠤᠮᠵᠢᠭᠤᠯᠵᠤ᠂ ᠤᠤᠯ᠎ᠤᠨ 《ᠪᠠᠭ᠎ᠠ ᠡᠵᠡᠯᠡᠭᠰᠡᠨ ᠨᠥᠬᠦᠪᠥᠷᠢ》 ᠵᠢ 《ᠶᠡᠭᠡ᠎ᠪᠠᠷ ᠡᠵᠡᠯᠡᠨ ᠨᠥᠬᠦᠪᠥᠷᠢᠯᠡᠬᠦ》 ᠪᠣᠯᠭ᠋ᠠᠨ ᠬᠤᠪᠢᠷᠠᠭᠤᠯᠵᠤ᠂ ᠲᠠᠷᠠᠭ᠋ᠠᠴᠢ ᠵᠢᠨ ᠵᠢᠯ᠎ᠤᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠬᠡᠪᠴᠢᠶ᠎ᠡ ᠵᠢ ᠣᠳᠣᠬᠢ ᠪᠠᠶ᠋ᠢᠳᠠᠯ᠎ᠲᠠᠢ ᠲᠠᠷᠢᠶᠠᠨ ᠭᠠᠵᠠᠷ᠎ᠢ ᠲᠣᠭᠲᠠᠭᠤᠨ ᠵᠶ᠋ᠠᠷ ᠠᠰᠢᠭᠯᠠᠬᠤ ᠬᠡᠮᠵᠢᠶ᠎ᠡ᠎ᠲᠠᠢ ᠬᠤᠯᠪᠣᠭᠳᠠᠭᠤᠯᠬᠤ ᠬᠢᠵᠠᠭ᠋ᠠᠷᠯᠠᠬᠤ ᠲᠣᠭᠲᠠᠴᠠ ᠵᠢ ᠪᠠᠶ᠋ᠢᠭᠤᠯᠵᠤ᠂ ᠨᠥᠬᠦᠵᠦ ᠡᠵᠡᠯᠡᠬᠦ ᠪᠠ ᠡᠵᠡᠯᠡᠬᠦ ᠬᠢᠵᠠᠭ᠋ᠠᠷᠯᠠᠯ᠎ᠢ ᠴᠢᠩᠭ᠋ᠠᠳᠬᠠᠪᠠ᠃ ᠡᠭᠦᠨ᠎ᠤ ᠬᠠᠮᠲᠤ᠂ ᠤᠤᠯ᠎ᠤᠨ ᠵᠥᠪᠬᠡᠨ ᠰᠢᠨ᠎ᠡ᠎ᠪᠠᠷ ᠬᠠᠭ᠋ᠠᠯᠪᠤᠷᠢᠯᠠᠭᠰᠠᠨ ᠲᠠᠷᠢᠶᠠᠨ ᠭᠠᠵᠠᠷ᠎ᠤᠨ ᠨᠥᠬᠦᠪᠥᠷᠢ ᠲᠠᠷᠢᠶᠠᠨ ᠭᠠᠵᠠᠷ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ 《ᠴᠢᠨᠠᠷ ᠰᠠᠶ᠋ᠢᠲᠠᠶ ᠲᠠᠷᠢᠶᠠᠨ ᠭᠠᠵᠠᠷ᠎ᠢ ᠰᠡᠷᠭᠦᠭᠡᠬᠦ᠎ᠪᠠᠷ ᠭᠤᠤᠯ ᠪᠣᠯᠭ᠋ᠠᠵᠤ᠂ ᠰᠢᠨ᠎ᠡ᠎ᠪᠠᠷ ᠬᠠᠭ᠋ᠠᠯᠪᠤᠷᠢᠯᠠᠭᠰᠠᠨ ᠲᠠᠷᠢᠶᠠᠨ ᠭᠠᠵᠠᠷ ᠵᠶ᠋ᠠᠷ ᠬᠠᠪᠰᠤᠷᠤᠮᠵᠢ ᠪᠣᠯᠭ᠋ᠠᠬᠤ》 ᠵᠠᠷᠴᠢᠮ ᠪᠣᠯᠭ᠋ᠠᠨ ᠳᠣᠭᠢᠷᠠᠭᠤᠯᠵᠤ᠂ ᠤᠯᠤᠰ᠎ᠤᠨ ᠭᠠᠵᠠᠷ ᠰᠢᠷᠣᠶ ᠵᠢᠨ ᠪᠠᠶ᠋ᠢᠴᠠᠭ᠋ᠠᠯᠲᠠ ᠵᠢᠨ ᠦᠷ᠎ᠡ ᠪᠦᠲᠦᠭᠡᠯ᠎ᠤᠨ ᠳᠣᠲᠣᠷᠠᠬᠢ ᠡᠯ᠎ᠡ ᠲᠥᠷᠥᠯ᠎ᠤᠨ ᠲᠠᠷᠢᠶᠠᠨ ᠭᠠᠵᠠᠷ᠎ᠤᠨ ᠪᠤᠰᠤ ᠭᠠᠵᠠᠷ᠎ᠤᠨ ᠲᠥᠷᠥᠯ᠎ᠢ ᠲᠣᠭᠲᠠᠭᠤᠨ ᠲᠠᠷᠢᠶᠠᠨ ᠭᠠᠵᠠᠷ ᠪᠣᠯᠭ᠋ᠠᠭᠰᠠᠨ᠎ᠤ ᠳᠠᠷᠠᠭ᠎ᠠ ᠴᠥᠮ ᠲᠠᠷᠢᠶᠠᠨ ᠭᠠᠵᠠᠷ᠎ᠤᠨ ᠢᠷᠡᠯᠲᠡ ᠵᠢ ᠨᠥᠬᠦᠪᠥᠷᠢᠯᠡᠵᠦ ᠪᠣᠯᠤᠨ᠎ᠠ᠃ ᠡᠭᠦᠨ᠎ᠠᠴᠠ ᠭᠠᠳᠠᠨ᠎ᠠ᠂ 《ᠮᠡᠳᠡᠭᠳᠡᠯ》᠎ᠳᠤ ᠲᠠᠷᠢᠶᠠᠨ ᠭᠠᠵᠠᠷ᠎ᠢ ᠨᠥᠬᠦᠪᠦᠷᠢᠯᠡᠬᠦ ᠭᠦᠢ᠍ᠴᠡᠳᠬᠡᠯ ᠲᠤᠭ᠎ᠠ ᠵᠢ ᠲᠣᠬᠢᠷᠠᠭᠤᠯᠬᠤ᠎ᠳᠤ ᠴᠢᠩᠭ᠎ᠠ ᠱᠠᠭ᠋ᠠᠷᠳᠠᠯᠭ᠎ᠠ ᠳᠤᠷᠠᠳᠴᠤ᠂ ᠲᠠᠷᠢᠶᠠᠨ ᠭᠠᠵᠠᠷ᠎ᠤᠨ ᠡᠬᠢ ᠪᠠᠶᠠᠯᠢᠭ᠎ᠢ ᠨᠥᠬᠦᠪᠦᠷᠢᠯᠡᠬᠦ᠎ᠪᠠᠷ ᠬᠦᠷᠦᠯᠴᠡᠬᠦ ᠦᠭᠡᠢ᠎ᠠᠴᠠ ᠪᠣᠯᠵᠤ ᠦᠨᠡᠨ ᠬᠦ᠌ ᠲᠣᠬᠢᠷᠠᠭᠤᠯᠤᠨ ᠨᠥᠬᠦᠪᠦᠷᠢᠯᠡᠬᠦ ᠴᠢᠬᠤᠯᠠᠲᠠᠢ ᠭᠡᠵᠦ ᠲᠣᠳᠣᠷᠬᠠᠶ᠋ᠢᠯᠠᠭᠰᠠᠨ ᠪᠠᠶ᠋ᠢᠪᠠᠯ᠂ ᠬᠤᠰᠢᠭᠤ ᠰᠢᠶᠠᠨ (ᠬᠤᠲᠠ᠂ ᠲᠣᠭᠤᠷᠢᠭ) ᠠᠯᠤᠰᠯᠠᠨ ᠲᠣᠬᠢᠷᠠᠭᠤᠯᠬᠤ ᠵᠠᠷᠴᠢᠮ ᠳᠡᠭᠡᠷ᠎ᠡ᠎ᠪᠠᠨ ᠠᠶ᠋ᠢᠮᠠᠭ ᠬᠤᠲᠠ ᠵᠢᠨ ᠱᠠᠲᠤᠨ᠎ᠠᠴᠠ ᠳᠡᠭᠡᠭᠰᠢᠬᠢ ᠭᠤᠣᠯᠳᠠᠯᠭ᠎ᠠ᠎ᠲᠠᠢ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠪᠣᠯᠭ᠋ᠠᠨ᠎ᠠ᠂ ᠠᠶ᠋ᠢᠮᠠᠭ ᠬᠤᠲᠠ ᠠᠯᠤᠰᠯᠠᠨ ᠲᠣᠬᠢᠷᠠᠭᠤᠯᠬᠤ ᠵᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠠᠴᠠ ᠳᠡᠭᠡᠭᠰᠢᠬᠢ ᠭᠤᠣᠯᠳᠠᠯᠭ᠎ᠠ᠎ᠲᠠᠢ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ ᠪᠣᠯᠭ᠋ᠠᠪᠠ᠃
ᠳᠥᠷᠪᠡ᠎ᠳᠤ᠂ ᠠᠵᠢᠯ᠎ᠤᠨ ᠶᠠᠪᠤᠴᠠ᠎ᠨᠢ 《ᠠᠵᠢᠯᠯᠠᠭᠤᠯᠬᠤ ᠴᠢᠨᠠᠷ ᠵᠶ᠋ᠠᠷ ᠴᠢᠩᠭ᠎ᠠ》 ᠪᠠᠶ᠋ᠢᠬᠤ ᠵᠢ ᠴᠢᠷᠮᠠᠶ᠋ᠢᠪᠠ᠃ 《ᠮᠡᠳᠡᠭᠳᠡᠯ》᠎ᠨᠢ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠤᠯᠤᠰ᠎ᠤᠨ ᠲᠣᠳᠣᠷᠬᠠᠶ ᠠᠵᠢᠯ᠎ᠤᠨ ᠱᠠᠭ᠋ᠠᠷᠳᠠᠯᠭ᠎ᠠ ᠪᠠ ᠲᠠᠰ ᠳᠠᠷᠠᠭ᠋ᠠᠯᠠᠯ᠎ᠢ ᠪᠥᠬᠦ ᠲᠠᠯ᠎ᠠ᠎ᠪᠠᠷ ᠨᠠᠷᠢᠯᠢᠬ᠍ᠵᠢᠭᠤᠯᠬᠤ ᠲᠣᠭᠲᠠᠭ᠋ᠠᠯ᠎ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠨ ᠭᠠᠵᠠᠷ᠎ᠢ ᠡᠵᠡᠯᠡᠬᠦ ᠪᠠ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠬᠥᠳᠡᠯᠦᠩᠭᠦᠶ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠢ ᠪᠠᠶ᠋ᠢᠭᠤᠯᠬᠤ᠎ᠪᠠᠷ ᠭᠠᠷᠳᠠᠴᠠ ᠪᠣᠯᠭ᠋ᠠᠵᠤ᠂ ᠲᠠᠷᠢᠶᠠᠨ ᠭᠠᠵᠠᠷ᠎ᠤᠨ ᠭᠦᠢ᠍ᠴᠡᠳᠬᠡᠯ ᠲᠤᠭ᠎ᠠ ᠵᠢ ᠬᠠᠷᠭᠤᠭᠤᠯᠤᠨ ᠲᠣᠭᠲᠠᠭ᠋ᠠᠵᠤ ᠬᠥᠮᠥᠷᠭᠡ᠎ᠳᠤ ᠣᠷᠣᠭᠤᠯᠬᠤ ᠵᠢᠴᠢ ᠳᠣᠭᠢᠷᠠᠭᠤᠯᠤᠨ ᠬᠡᠷᠡᠭᠯᠡᠬᠦ ᠵᠡᠷᠭᠡ ᠡᠯ᠎ᠡ ᠵᠦᠢ᠍ᠯ᠎ᠤᠨ ᠪᠣᠳᠠᠲᠠᠶ ᠠᠵᠢᠯ᠎ᠤᠨ ᠲᠠᠰ ᠳᠠᠷᠠᠭ᠋ᠠᠯᠠᠯ ᠪᠠ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠡᠯ᠎ᠡ ᠵᠦᠢ᠍ᠯ᠎ᠤᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠬᠡᠷᠡᠭᠵᠢᠭᠦᠯᠬᠦ ᠶᠠᠪᠤᠴᠠ᠎ᠳᠤ ᠪᠣᠳᠠᠲᠠᠶ ᠵᠢ ᠡᠷᠬᠢᠮᠯᠡᠭᠰᠡᠨ ᠪᠥᠭᠡᠳ ᠲᠤᠰᠠᠲᠠᠶ᠂ ᠠᠵᠢᠯᠯᠠᠭᠤᠯᠬᠤ ᠴᠢᠨᠠᠷ ᠵᠶ᠋ᠠᠷ ᠴᠢᠩᠭ᠎ᠠ ᠪᠠᠶ᠋ᠢᠬᠤ ᠵᠢ ᠴᠢᠷᠮᠠᠶ᠋ᠢᠨ ᠪᠠᠲᠤᠯᠠᠪᠠ᠃